ᠢᠯᠡ ᠵᠠᠰᠠᠭ   -   ᠪᠢᠴᠢᠭ ᠮᠠᠲ᠋ᠧᠷᠢᠶᠠᠯ

ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ 2024 ᠣᠨ᠎ᠤ ᠪᠠᠶᠠᠨᠨᠠᠭᠤᠷ ᠬᠤᠲᠠ ᠵᠢᠨ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ ᠵᠢ ᠪᠠᠭᠤᠯᠭ᠋ᠠᠬᠤ ᠲᠤᠬᠠᠶ ᠮᠡᠳᠡᠭᠳᠡᠯ

ᠨᠡᠶ᠋ᠢᠲᠡᠯᠡᠭᠰᠡᠨ ᠴᠠᠭ᠄   2024-07-29

ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠬᠢᠯᠢ ᠵᠢᠨ ᠪᠣᠭᠤᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ᠎ᠤᠨ ᠬᠠᠮᠢᠶᠠᠷᠤᠯᠲᠠ (ᠪᠡᠯᠡᠳᠬᠡᠬᠦ) ᠵᠢᠨ ᠵᠥᠪᠯᠡᠯ᠂ ᠬᠤᠲᠠ ᠵᠢᠨ ᠰᠢᠭᠤᠳ ᠬᠠᠷᠢᠶ᠎ᠠ
ᠡᠯ᠎ᠡ ᠰᠠᠯᠠᠭ᠎ᠠ ᠮᠥᠴᠢᠷ᠂ ᠬᠤᠲᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
     《2024 ᠣᠨ᠎ᠤ ᠪᠠᠶᠠᠨᠨᠠᠭᠤᠷ ᠬᠤᠲᠠ ᠵᠢᠨ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ》 ᠵᠢ ᠬᠤᠲᠠ ᠵᠢᠨ ᠲᠠᠪᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ᠎ᠠᠴᠠ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠣᠲᠣ ᠳᠣᠷᠣᠭᠰᠢ ᠪᠠᠭᠤᠶ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭ᠋ᠠᠷᠠᠢ᠃
                        ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ
                                        2024 ᠣᠨ᠎ᠤ 3 ᠰᠠᠷ᠎ᠠ ᠵᠢᠨ 22᠎ᠤᠨ ᠡᠳᠦᠷ
     (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠪᠡ)


     2024 ᠣᠨ᠎ᠤ ᠪᠠᠶᠠᠨᠨᠠᠭᠤᠷ ᠬᠤᠲᠠ ᠵᠢᠨ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ


     2024᠎ᠤᠨ ᠪᠣᠯ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 75 ᠵᠢᠯ᠎ᠤᠨ ᠤᠢ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠬᠡᠷᠡᠭᠵᠢᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠤᠨ᠎ᠠ᠂ ᠬᠤᠳᠠ ᠵᠢᠨ ᠨᠠᠮ᠎ᠤᠨ ᠬᠤᠷᠢᠶᠠᠨ᠎ᠤ ᠲᠠᠪᠤᠳᠤᠭ᠋ᠠᠷ ᠬᠤᠭᠤᠴᠠᠭ᠋ᠠᠨ᠎ᠤ ᠵᠢᠷᠭᠤᠳᠤᠭ᠋ᠠᠷ ᠪᠦᠬᠦᠳᠡ ᠬᠤᠷᠠᠯ ᠵᠢᠴᠢ ᠪᠦᠬᠦ ᠬᠤᠳᠠ ᠵᠢᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠠᠵᠤ ᠠᠬᠤᠢ ᠨᠡᠶ᠋ᠢᠭᠡᠮ᠎ᠤᠨ ᠡᠯ᠎ᠡ ᠲᠠᠯ᠎ᠠ ᠵᠢᠨ ᠠᠵᠢᠯ᠎ᠢ ᠰᠠᠶ᠋ᠢᠲᠤᠷ ᠬᠢᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠬᠤᠶᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ᠂ ᠪᠠᠶᠠᠨᠨᠠᠭᠤᠷ ᠵᠶ᠋ᠠᠷ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠪᠠᠶ᠋ᠢᠭᠤᠯᠤᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠤᠣᠯ ᠰᠢᠵᠢᠮ ᠪᠣᠯᠭ᠋ᠠᠵᠤ᠂ 《ᠵᠢᠷᠭᠤᠭ᠋ᠠᠨ ᠶᠡᠭᠡ ᠶᠠᠪᠤᠳᠠᠯ》᠎ᠢ ᠰᠠᠶ᠋ᠢᠲᠤᠷ ᠬᠢᠵᠦ᠂ 《ᠲᠠᠪᠤᠨ ᠳᠡᠭᠡᠳᠦ ᠲᠠᠪᠤᠨ ᠲᠣᠭᠤᠷᠢᠭ》᠎ᠢ ᠪᠦᠳᠦᠭᠡᠨ ᠪᠠᠶ᠋ᠢᠭᠤᠯᠵᠤ᠂ ᠠᠵᠤ ᠠᠬᠤᠢ ᠵᠢᠨ ᠶᠠᠰᠤ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠵᠢ ᠨᠡᠯᠢᠶᠡᠳ ᠲᠦᠷᠭᠡᠨ ᠨᠡᠮᠡᠭᠳᠡᠭᠦᠯᠬᠦ ᠵᠢ ᠠᠬᠢᠭᠤᠯᠵᠤ᠂ ᠪᠠᠶᠠᠨᠨᠠᠭᠤᠷ᠎ᠤᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ᠃
     2024 ᠣᠨ᠎ᠳᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠤᠤᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠢ 6%᠎ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠢ 8%᠎ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢ 15%᠎ᠠᠴᠠ ᠳᠡᠭᠡᠭᠰᠢ ᠨᠡᠮᠡᠭᠳᠡᠭᠦᠯᠵᠦ᠂ ᠡᠩ᠎ᠤᠨ ᠣᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠲᠥᠰᠦᠪ᠎ᠤᠨ ᠣᠷᠣᠯᠭ᠎ᠠ ᠵᠢ 5.5%᠎ᠠᠴᠠ ᠳᠡᠭᠡᠭᠰᠢ ᠨᠡᠮᠡᠭᠳᠡᠭᠦᠯᠵᠦ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠵᠢ 5%᠎ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢ ᠲᠣᠰ ᠲᠣᠰ 6% ᠪᠠ 8% ᠣᠷᠴᠢᠮ ᠨᠡᠮᠡᠭᠳᠡᠭᠦᠯᠵᠦ᠂ ᠬᠤᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ ᠵᠢ 5% ᠵᠢᠨ ᠳᠣᠲᠣᠷ᠎ᠠ ᠬᠢᠵᠠᠭ᠋ᠠᠷᠯᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠎ᠳᠤ ᠥᠪᠡᠷᠲᠡᠭᠡᠨ ᠵᠠᠰᠠᠬᠤ ᠣᠷᠣᠨ᠎ᠠᠴᠠ ᠪᠠᠭᠤᠯᠭ᠋ᠠᠭᠰᠠᠨ ᠬᠠᠷᠠᠯᠲᠠ ᠵᠢᠨ ᠡᠭᠦᠷᠭᠡ ᠵᠢ ᠪᠡᠶᠡᠯᠡᠭᠦᠯᠦᠨ᠎ᠡ᠃
     ᠨᠢᠭᠡ᠂ ᠠᠵᠤ ᠦᠢ᠍ᠯᠡᠰ᠎ᠢ ᠰᠢᠯᠢᠳᠡᠭᠵᠢᠭᠦᠯᠦᠨ ᠳᠡᠰ ᠳᠡᠪᠰᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠭᠡᠨ ᠪᠠᠶ᠋ᠢᠭᠤᠯᠬᠤ ᠬᠡᠷᠡᠭᠲᠡᠢ
      (ᠨᠢᠭᠡ) ᠠᠮᠢ ᠠᠬᠤᠶ ᠵᠢᠨ ᠲᠠᠷᠢᠶᠠᠯᠠᠩ ᠮᠠᠯ ᠠᠵᠤ ᠠᠬᠤᠶ ᠵᠢ ᠶᠡᠬᠡᠪᠡᠷ ᠬᠥᠭᠵᠢᠭᠦᠯᠦᠨ᠎ᠡ᠃ 《ᠭᠠᠵᠠᠷ᠂ ᠤᠰᠤ᠂ ᠲᠠᠷᠢᠶ᠎ᠠ᠂ ᠠᠮᠤ ᠪᠤᠳᠠᠭ᠎ᠠ᠂ ᠮᠢᠬ᠎ᠠ᠂ ᠰᠦ》 ᠵᠢᠨ ᠪᠠᠲᠤᠯᠠᠭ᠎ᠠ ᠵᠢᠨ ᠴᠢᠳᠠᠪᠤᠷᠢ ᠪᠣᠯᠤᠨ ᠬᠠᠩᠭ᠋ᠠᠯᠭ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠶ᠃ ᠲᠠᠷᠢᠶᠠᠯᠠᠩ᠎ᠤᠨ ᠬᠥᠭᠵᠢᠯᠲᠡ ᠵᠢᠨ ᠰᠠᠭᠤᠷᠢ ᠵᠢ ᠦᠷᠭᠦᠯᠵᠢᠯᠡᠨ ᠪᠠᠬᠢᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ 185 ᠲᠦᠮᠡᠨ ᠮᠦ᠍ ᠬᠡᠷᠡᠭᠵᠢᠭᠦᠯᠵᠦ᠂ ᠬᠤᠵᠢᠷᠯᠢᠭ ᠭᠠᠵᠠᠷ᠎ᠢ ᠶᠡᠷᠦᠩᠬᠡᠶ᠋ᠢᠯᠡᠨ ᠵᠠᠰᠠᠬᠤ 50.2 ᠲᠦᠮᠡᠨ ᠮᠦ᠍᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠦᠲᠦᠮᠵᠢᠲᠡᠶ ᠬᠠᠩᠭ᠋ᠠᠯᠭ᠎ᠠ ᠵᠢ ᠪᠥᠬᠦ ᠬᠦᠴᠦᠨ ᠵᠶ᠋ᠠᠷ ᠵᠶ᠋ᠠᠨ ᠪᠠᠲᠤᠯᠠᠵᠤ᠂ ᠤᠷᠠᠳ᠎ᠤᠨ ᠡᠮᠦᠨᠡᠲᠦ ᠬᠤᠰᠢᠭᠤ᠂ ᠯᠢᠨ ᠾᠧ ᠲᠣᠭᠤᠷᠢᠭ᠎ᠤᠨ ᠤᠯᠤᠰ᠎ᠤᠨ ᠡᠷᠳᠡᠨᠢ ᠰᠢᠰᠢ ᠵᠢᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠵᠢᠱ᠌ᠢᠶ᠎ᠡ ᠦᠵᠡᠭᠦᠯᠬᠦ ᠰᠢᠶᠠᠨ᠎ᠢ ᠡᠭᠦᠳᠦᠨ ᠪᠠᠶ᠋ᠢᠭᠤᠯᠬᠤ ᠵᠢ ᠳᠥᠯᠭᠢᠨ ᠠᠬᠢᠭᠤᠯᠵᠤ᠂ 4 ᠡᠷᠳᠡᠨᠢ ᠰᠢᠰᠢ ᠵᠢᠨ 《ᠲᠣᠨ ᠠᠮᠤ ᠪᠤᠳᠠᠭ᠋ᠠᠨ᠎ᠤ ᠲᠠᠷᠢᠶ᠎ᠠ》 ᠪᠠ 2 ᠪᠣᠭᠤᠳᠠᠶ ᠵᠢᠨ 《ᠮᠢᠩᠭ᠋ᠠᠨ ᠵᠢᠩ᠎ᠤᠨ ᠲᠠᠷᠢᠶ᠎ᠠ》 ᠵᠢᠨ ᠪᠦᠬᠦ᠋ᠢ᠍ᠯᠡ ᠪᠠᠶ᠋ᠢᠭᠤᠯᠤᠮᠵᠢ ᠵᠢᠨ ᠰᠢᠶᠠᠨ᠎ᠢ ᠡᠭᠦᠳᠦᠨ ᠪᠠᠶ᠋ᠢᠭᠤᠯᠵᠤ᠂ ᠠᠮᠤ ᠪᠤᠳᠠᠭ᠎ᠠ ᠳᠠᠷᠢᠬᠤ ᠲᠠᠯᠠᠪᠠᠶ ᠵᠢ 548 ᠲᠦᠮᠡᠨ ᠮᠥ᠍᠎ᠳᠤ ᠲᠣᠭᠲᠠᠪᠤᠷᠢᠵᠢᠭᠤᠯᠪᠠ᠃ ᠮᠠᠯ᠎ᠤᠨ ᠲᠤᠭ᠎ᠠ ᠲᠣᠯᠤᠭ᠋ᠠᠢ 2400 ᠲᠦᠮᠡ᠎ᠳᠤ ᠲᠣᠭᠲᠠᠪᠤᠷᠢᠵᠢᠪᠠ) ᠮᠢᠬᠠᠨ᠎ᠤ ᠭᠠᠷᠤᠯᠲᠠ ᠵᠢ 50 ᠮᠢᠩᠭ᠋ᠠᠨ ᠲᠣᠨ᠎ᠠᠴᠠ ᠳᠡᠭᠡᠭᠰᠢ᠎ᠳᠤ ᠬᠦᠷᠦᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠵᠢᠨ ᠶᠡᠷᠦᠩᠬᠡᠶ᠋ᠢᠯᠡᠭᠰᠡᠨ ᠦᠷ᠎ᠡ ᠠᠰᠢᠭ᠎ᠢ ᠬᠦᠴᠦᠯᠡᠨ ᠳᠡᠭᠡᠭᠰᠢᠯᠡᠭᠦᠯᠵᠦ᠂ ᠪᠡᠯᠡᠳᠬᠡᠮᠵᠢᠲᠦ ᠲᠠᠷᠢᠶᠠᠯᠠᠩ᠎ᠢ 5.5 ᠲᠦᠮᠡᠨ ᠮᠦ᠍᠎ᠠᠴᠠ ᠳᠡᠭᠡᠭᠰᠢ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠵᠦ᠂ ᠲᠠᠷᠢᠶᠠᠯᠠᠩ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠲᠠᠯᠠᠪᠠᠢ ᠵᠢ 560 ᠲᠦᠮᠡᠨ ᠮᠦ᠍᠎ᠳᠤ ᠬᠦᠷᠭᠡᠪᠡ᠃ ᠪᠣᠬᠢᠷᠲᠤᠯ ᠥᠬᠡᠶ ᠣᠷᠭ᠋ᠠᠨᠢᠭ ᠪᠦᠲᠦᠭᠡᠭᠳᠡᠬᠦᠨ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ᠎ᠤᠨ ᠪᠦᠲᠦᠭᠡᠭᠳᠡᠬᠦᠨ ᠪᠠ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠵᠠᠷ ᠵᠦᠶ ᠵᠢᠨ ᠲᠡᠮᠳᠡᠭᠲᠦ ᠪᠦᠲᠦᠭᠡᠭᠳᠡᠬᠦᠨ᠎ᠢ 30᠂ 10 ᠪᠠ 2᠎ᠠᠴᠠ ᠳᠡᠭᠡᠭᠰᠢ ᠨᠡᠮᠡᠭᠳᠡᠭᠦᠯᠵᠦ᠂ 《ᠲᠡᠭᠷᠢ ᠵᠢᠨ ᠬᠡᠰᠢᠭᠲᠦ ᠪᠣᠷᠣᠲᠣᠬᠤᠶ》 ᠵᠢᠨ ᠨᠠᠷᠠᠲᠤ ᠲᠡᠮᠳᠡᠭᠲᠦ ᠵᠢᠨ ᠥᠷᠲᠡᠭ᠎ᠢ 300 ᠳ᠋ᠦᠩᠰᠢᠭᠤᠷ ᠲᠥᠭᠦᠷᠢᠭ ᠳᠠᠪᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠵᠢᠨ 《ᠵᠠᠯᠭ᠋ᠠᠭ᠎ᠠ ᠵᠠᠯᠭ᠋ᠠᠬᠤ》 ᠵᠢ ᠲᠦᠷᠭᠡᠳᠬᠡᠨ ᠠᠬᠢᠭᠤᠯᠵᠤ᠂ 《ᠱᠠᠮᠪᠠ ᠵᠢᠨ ᠠᠮᠲᠠ》 ᠢᠳᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠢ ᠪᠥᠲᠥᠭᠡᠨ ᠪᠠᠶ᠋ᠢᠭᠤᠯᠵᠤ᠂ ᠤᠷᠢᠳᠴᠢᠯᠠᠨ ᠬᠢᠭᠰᠡᠨ ᠨᠣᠭᠤᠭ᠎ᠠ ᠵᠡᠷᠭᠡ ᠨᠠᠷᠢᠯᠢᠭ ᠡᠳ᠋ᠰᠢᠭᠦᠯᠬᠦ ᠠᠵᠤ ᠦᠢ᠍ᠯᠡᠰ᠎ᠢ ᠢᠳᠡᠪᠬᠢᠲᠡᠶ ᠬᠥᠭᠵᠢᠭᠦᠯᠵᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠵᠢ 78%᠎ᠠᠴᠠ ᠳᠡᠭᠡᠭᠰᠢ᠎ᠳᠤ ᠬᠦᠷᠦᠭᠦᠯᠦᠨ᠎ᠡ᠃ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠶᠤᠯ ᠦᠭᠡᠶ ᠵᠢᠨ ᠵᠢᠱ᠌ᠢᠶ᠎ᠡ ᠦᠵᠡᠭᠦᠯᠬᠦ ᠬᠤᠲᠠ ᠵᠢ ᠢᠳᠡᠪᠬᠢᠲᠡᠶ᠎ᠪᠠᠷ ᠡᠭᠦᠳᠦᠨ ᠪᠠᠶ᠋ᠢᠭᠤᠯᠬᠤ ᠬᠡᠷᠡᠭᠲᠡᠶ᠃
     (ᠬᠤᠶᠠᠷ) ᠰᠢᠨ᠎ᠡ ᠮᠠᠶᠢᠭ᠎ᠤᠨ ᠠᠵᠤ ᠦᠢ᠍ᠯᠡᠳᠪᠦᠷᠢᠵᠢᠯᠲᠡ ᠵᠢᠨ ᠬᠥᠭᠵᠢᠯᠲᠡ ᠵᠢ ᠠᠬᠢᠭᠤᠯᠤᠨ᠎ᠠ᠃ ᠠᠵᠤ ᠦᠢ᠍ᠯᠡᠳᠪᠦᠷᠢ ᠵᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠠᠵᠠ ᠲᠣᠬᠢᠶᠠᠯ᠎ᠢ ᠵᠠᠪᠳᠤᠨ ᠠᠳᠬᠤᠵᠤ᠂ ᠳᠤᠲᠠᠭᠤᠳᠠᠯ ᠵᠶ᠋ᠠᠨ ᠲᠦᠷᠭᠡᠨ ᠨᠥᠬᠦᠪᠥᠷᠢᠯᠡᠵᠦ᠂ ᠳᠠᠪᠠᠭᠤᠯᠢᠭ ᠵᠶ᠋ᠠᠨ ᠪᠠᠬᠢᠵᠢᠭᠦᠯᠵᠦ᠂ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠬᠦᠴᠦᠯᠡᠨ ᠠᠬᠢᠭᠤᠯᠵᠤ᠂ 《ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ》᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 10%᠎ᠠᠴᠠ ᠳᠡᠭᠡᠭᠰᠢ ᠨᠡᠮᠡᠭᠳᠡᠪᠡ᠃ ᠤᠯᠠᠮᠵᠢᠯᠠᠯᠲᠤ ᠳᠠᠪᠠᠭᠤᠯᠢᠭ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠬᠦ ᠵᠢ ᠲᠦᠷᠭᠡᠳᠬᠡᠵᠦ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠡᠳ᠋ᠰᠢᠭᠦᠯᠬᠦ ᠵᠢ ᠨᠠᠷᠢᠯᠢᠭ ᠬᠢᠵᠦ᠂ ᠰᠢᠨ᠎ᠡ ᠬᠡᠯᠪᠡᠷᠢ ᠵᠢᠨ ᠲᠡᠮᠦᠷᠯᠢᠭ ᠬᠠᠶ᠋ᠢᠯᠤᠭᠤᠯᠬᠤ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠢ ᠭᠦᠨᠵᠡᠭᠡᠶ᠋ᠢᠷᠡᠭᠦᠯᠵᠦ᠂ ᠫᠠᠩ ᠨᠦᠩ ᠰᠡᠯᠡᠭᠦᠴᠡᠯ᠎ᠤᠨ ᠢᠳᠡᠭᠡᠨ᠂ ᠠᠨ ᠶᠢᠦ ᠵᠢᠨ 20 ᠲᠦᠮᠡᠨ ᠲᠣᠨ ᠲᠡᠵᠢᠭᠡᠯ ᠪᠣᠷᠳᠤᠭ᠎ᠠ᠂ ᠮᠧᠶ ᠵᠢᠨ ᠲᠡᠮᠦᠷ᠎ᠤᠨ ᠬᠠᠶ᠋ᠢᠯᠤᠰᠢ᠂ ᠾᠧᠢ ᠮᠤᠤ 10 ᠲᠦᠮᠡᠨ ᠲᠣᠨ LNG ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠷᠦᠨ ᠬᠤᠢ ᠰᠢᠷ᠎ᠠ ᠪᠤᠷᠴᠠᠭ᠎ᠤᠨ ᠲᠣᠰᠣ᠂ ᠤᠯᠤᠰ᠎ᠤᠨ ᠡᠨᠧᠷᠭᠢ ᠵᠢᠨ ᠬᠡᠤᠷᠰᠢᠭᠦᠯᠬᠦ ᠵᠢᠴᠢ ᠶᠡᠷᠦᠩᠬᠡᠶ᠋ᠢᠯᠡᠨ ᠠᠰᠢᠭᠯᠠᠬᠤ᠂ ᠾᠧᠢ ᠮᠤᠤ ᠬᠤᠶᠠᠳᠤᠭ᠋ᠠᠷ ᠬᠤᠭᠤᠴᠠᠭ᠋ᠠᠨ᠎ᠤ ᠬᠤᠶᠠᠳᠤᠭ᠋ᠠᠷ ᠱᠤᠭᠤᠮ᠎ᠤᠨ ᠬᠡᠦᠷᠰᠢᠭᠦᠯᠬᠦ ᠵᠡᠷᠭᠡ ᠲᠥᠷᠥᠯ ᠵᠦᠢ᠍ᠯ᠎ᠤᠨ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ ᠵᠢ ᠠᠬᠢᠭᠤᠯᠤᠨ᠎ᠠ᠃ 《ᠭᠤᠷᠪᠠᠨ ᠬᠤᠨᠢ》 ᠵᠢᠨ ᠠᠵᠤ ᠦᠢ᠍ᠯᠡᠰ᠎ᠢ ᠬᠦᠭᠵᠢᠭᠦᠯᠦᠨ᠂ ᠨᠣᠣᠰᠣ ᠨᠣᠣᠯᠣᠭᠤᠷ᠎ᠢ ᠬᠤᠪᠢᠶᠠᠷᠢᠯᠠᠨ ᠰᠠᠮᠨᠠᠬᠤ ᠠᠵᠤ ᠦᠢ᠍ᠯᠡᠰ᠎ᠤᠨ ᠬᠦᠷᠢᠶᠡᠯᠡᠩ᠂ ᠨᠣᠣᠰᠣ ᠨᠣᠣᠯᠣᠭᠤᠷ᠎ᠤᠨ ᠪᠦᠲᠦᠭᠡᠭᠳᠡᠬᠦᠨ᠎ᠤ ᠠᠵᠤ ᠦᠢ᠍ᠯᠡᠰ᠎ᠤᠨ ᠬᠦᠷᠢᠶᠡᠯᠡᠩ᠂ ᠢᠮᠠᠭ᠋ᠠᠨ ᠠᠷᠠᠰᠣ ᠡᠳ᠋ᠰᠢᠭᠦᠯᠬᠦ ᠲᠥᠪ᠎ᠢ ᠪᠠᠶ᠋ᠢᠭᠤᠯᠤᠨ᠎ᠠ᠃ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠢ ᠬᠦᠴᠦᠷᠬᠡᠭᠵᠢᠭᠦᠯᠵᠦ᠂ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠢ ᠪᠤᠵᠠᠭ᠋ᠠᠶ᠋ᠢᠷᠠᠭᠤᠯᠵᠤ᠂ ᠲᠣᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠢ ᠰᠢᠯᠢᠳᠡᠭᠵᠢᠭᠦᠯᠵᠦ᠂ ᠬᠤᠯᠪᠣᠭ᠋ᠠᠨ᠎ᠤ ᠡᠮ ᠦᠢ᠍ᠯᠡᠳᠬᠦ ᠰᠢᠪᠲᠦᠷᠲᠦ ᠪᠤᠨ᠋ᠽᠢᠯ᠎ᠤᠨ ᠪᠠᠷᠠᠭᠤᠨ ᠣᠶ᠂ ᠬᠤᠯᠪᠣᠭ᠋ᠠᠨ᠎ᠤ ᠬᠥᠬᠡ ᠬᠥᠭᠡᠰᠦᠨ ᠡᠳ᠋᠎ᠤᠨ ᠨᠠᠳ᠋ᠷᠢ ᠵᠢ ᠪᠠᠺᠲ᠋ᠧᠷᠢ ᠥᠬᠡᠶ ᠲᠦᠭᠦᠬᠡᠶ ᠮᠠᠲ᠋ᠧᠷᠢᠶᠠᠯ᠎ᠤᠨ ᠡᠮ᠎ᠤᠨ ᠬᠤᠶᠠᠳᠤᠭ᠋ᠠᠷ ᠬᠤᠭᠤᠴᠠᠭ᠎ᠠ᠂ ᠭᠤᠷᠪᠠ ᠨᠢᠭᠡ ᠵᠢᠨ ᠲᠡᠭ ᠨᠡᠭᠦᠷᠡᠰᠦᠲᠥ᠋ᠷᠥᠭᠴᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠨᠢᠭᠡᠳᠦᠭᠡᠷ ᠬᠤᠭᠤᠴᠠᠭ᠎ᠠ᠂ ᠯᠦᠩ ᠲᠧᠩ ᠬᠡᠷᠡᠯ ᠢᠯᠴᠢ᠎ᠪᠠᠷ ᠡᠨᠧᠷᠭᠢ ᠬᠠᠳᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠯᠡᠩ᠂ ᠵᠢᠨ ᠹᠧᠩ ᠰᠠᠯᠬᠢᠨ ᠬᠦᠴᠦᠨ᠎ᠤ ᠴᠠᠬᠢᠯᠭ᠋ᠠᠨ᠎ᠤ ᠰᠤᠪᠤᠷᠭ᠋ᠠᠨ ᠲᠦᠩᠰᠡ ᠦᠢ᠍ᠯᠡᠳᠬᠦ ᠵᠡᠷᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠪᠤᠭᠤᠳᠠᠶ ᠵᠢᠨ ᠦᠷᠭᠡᠷᠢᠭ᠎ᠤᠨ ᠠᠮᠢᠳᠤ ᠪᠣᠳᠠᠰ᠎ᠤᠨ ᠪᠤᠭᠤᠳᠠᠢ ᠥᠨᠴᠥᠭ᠎ᠤᠨ ᠭᠤᠨᠠᠨ ᠠᠯᠺᠤᠤᠯ᠂ ᠭᠤᠸᠠᠩ ᠳ᠋ᠠ ᠯᠢᠶᠠᠨ ᠹᠧᠩ ᠴᠠᠩ ᠬᠡᠯᠬᠢᠶᠡᠲᠦ ᠬᠤᠶᠠᠷ ᠡᠰᠢᠲᠦ ᠬᠦᠴᠢᠯ᠂ ᠪᠦᠦ ᠺᠦᠨ ᠨᠡᠭᠦᠷᠡᠰᠦᠲᠥ᠋ᠷᠥᠭᠴᠢ ᠵᠢᠨ ᠴᠠᠬᠢᠭᠤᠷ᠎ᠤᠨ ᠰᠠᠭᠤᠷᠢ ᠰᠢᠨ᠎ᠡ ᠮᠠᠲ᠋ᠧᠷᠢᠶᠠᠯ᠂ ᠶᠤᠸᠠᠨ ᠭᠤᠸᠠᠩ ᠨᠧᠩ ᠬᠡᠷᠡᠯ ᠴᠡᠨᠡᠭ᠎ᠤᠨ ᠬᠡᠷ᠎ᠤᠨ ᠦᠢ᠍ᠯᠡᠳᠬᠦ ᠰᠠᠭᠤᠷᠢᠨ ᠭᠠᠵᠠᠷ᠂ ᠬᠤᠸᠠ ᠮᠢᠨ ᠰᠢᠨ᠎ᠡ ᠡᠨᠧᠷᠭᠢ ᠵᠢᠨ ᠬᠤᠭᠤᠯᠠᠶ ᠵᠢᠨ ᠬᠡᠷᠡᠯ ᠴᠡᠨᠡᠭ᠎ᠤᠨ ᠠᠵᠤ ᠦᠢ᠍ᠯᠡᠰ᠎ᠤᠨ ᠰᠠᠭᠤᠷᠢᠨ ᠭᠠᠵᠠᠷ᠂ ᠬᠤᠸᠠ ᠳ᠋ᠢᠶᠠᠨ ᠬᠡᠷᠡᠯ ᠴᠡᠨᠡᠭ᠎ᠤᠨ ᠲᠤᠯᠭ᠋ᠠᠭᠤᠷᠢ ᠵᠢ ᠦᠢ᠍ᠯᠡᠳᠬᠦ ᠴᠢᠳᠠᠪᠤᠷᠢ ᠵᠡᠷᠭᠡ ᠵᠢ 400 ᠲᠦᠮᠡᠨ ᠺᠢᠯᠣᠸᠠᠲ᠎ᠲᠤ ᠬᠦᠷᠭᠡᠪᠡ᠃ ᠢᠷᠡᠭᠡᠳᠦᠢ ᠵᠢᠨ ᠠᠵᠤ ᠦᠢ᠍ᠯᠡᠰ᠎ᠢ ᠤᠷᠢᠳᠴᠢᠯᠠᠨ ᠪᠠᠶ᠋ᠢᠷᠢᠰᠢᠭᠤᠯᠵᠤ᠂ ᠪᠠᠯ ᠴᠢᠯᠠᠭᠤᠨ ᠠᠯᠺᠧᠨ᠂ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠠᠵᠤ ᠦᠢ᠍ᠯᠡᠰ᠎ᠢ ᠪᠤᠶ᠋ᠢᠵᠢᠭᠤᠯᠤᠨ ᠬᠥᠭᠵᠢᠭᠦᠯᠵᠦ᠂ ᠶᠡᠭᠡ ᠬᠠᠶ᠋ᠢᠷᠰᠤᠲᠤ ᠬᠠᠪᠲᠠᠰᠤ ᠵᠢᠨ ᠪᠠᠶ᠋ᠢᠭ᠋ᠠᠯᠢ ᠵᠢᠨ ᠲᠠᠯᠠᠰᠲᠤ ᠪᠠᠯ ᠴᠢᠯᠠᠭᠤᠨ᠎ᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠵᠢ ᠲᠦᠷᠭᠡᠳᠬᠡᠵᠦ᠂ ᠨᠡᠶ᠋ᠢᠯᠡᠮᠡᠯ ᠠᠮᠢᠳᠤ ᠪᠣᠳᠠᠰ᠎ᠤᠨ ᠮᠡᠷᠭᠡᠵᠢᠯ᠎ᠤᠨ ᠬᠡᠷᠡᠭᠯᠡᠯᠲᠡ ᠵᠢ ᠬᠤᠪᠢᠷᠠᠭᠤᠯᠬᠤ ᠵᠢ ᠠᠬᠢᠭᠤᠯᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠤᠶ᠋ᠢᠵᠢᠭᠤᠯᠤᠨ᠎ᠠ᠃ 《ᠭᠤᠷᠪᠠᠨᠵᠢᠯᠳᠡ》 ᠵᠢ ᠦᠭᠡᠷᠡᠴᠢᠯᠡᠬᠦ ᠠᠬᠢᠴᠠ ᠵᠢ ᠳᠦᠷᠭᠡᠳᠭᠡᠵᠦ᠂ ᠦᠪᠡᠷᠳᠡᠭᠡᠨ ᠵᠠᠰᠠᠬᠤ ᠣᠷᠣᠨ᠎ᠤ ᠳᠡᠰ᠎ᠠᠴᠠ ᠳᠡᠭᠡᠭᠰᠢᠬᠢ ᠲᠣᠰᠬᠠᠢ ᠨᠠᠷᠢᠯᠢᠭ ᠣᠨᠴᠠ ᠰᠢᠨ᠎ᠡ ᠠᠵᠦ ᠠᠬᠤᠶ᠋ᠢᠯᠠᠯ ᠪᠠ ᠰᠢᠨ᠎ᠡ ᠵᠢ ᠡᠬᠦᠳᠬᠦ ᠭᠡᠯᠪᠡᠷᠢ ᠵᠢᠨ ᠲᠣᠮᠳᠡ ᠵᠢᠵᠢᠭ ᠠᠵᠦ ᠠᠬᠤᠶ᠋ᠢᠯᠠᠯ᠎ᠢ 20᠎ᠠᠴᠠ ᠳᠡᠭᠡᠭᠰᠢ ᠰᠢᠨ᠎ᠡ᠎ᠪᠠᠷ ᠨᠡᠮᠡᠭᠳᠡᠬᠦᠯᠵᠦ᠂ ᠲᠣᠭ᠋ᠠᠵᠢᠭᠤᠯᠥᠨ ᠭᠡᠯᠪᠡᠷᠢ᠎ᠪᠠᠨ ᠬᠤᠪᠢᠷᠡᠭᠤᠯᠬᠤ ᠳᠥᠷᠦᠯ ᠵᠦᠢ᠍ᠯ᠎ᠢ 10᠎ᠠᠴᠠ ᠳᠡᠭᠡᠭᠰᠢ ᠰᠢᠨ᠎ᠡ᠎ᠪᠠᠷ ᠪᠠᠶ᠋ᠢᠭᠤᠯᠵᠦ᠂ ᠪᠣᠬᠢᠷᠳᠦᠯ ᠦᠭᠡᠢ ᠦᠢ᠍ᠯᠡᠳᠬᠦ ᠵᠢᠨ ᠵᠢᠱ᠌ᠢᠶ᠎ᠡ ᠦᠵᠡᠬᠦᠯᠬᠦ ᠨᠢᠭᠡᠴᠡ ᠵᠢ 10᠎ᠠᠴᠠ ᠳᠡᠭᠡᠭᠰᠢ ᠰᠢᠨ᠎ᠡ᠎ᠪᠠᠷ ᠡᠬᠦᠳᠣᠨ᠎ᠠ᠃
      (ᠭᠤᠷᠪᠠ) ᠦᠢ᠍ᠯᠡᠴᠢᠯᠡᠭᠡᠨ᠎ᠤ ᠦᠢ᠍ᠯᠡᠰ᠎ᠤᠨ ᠴᠡᠴᠡᠭᠯᠡᠨ ᠬᠥᠭᠵᠢᠬᠦ ᠵᠢ ᠠᠬᠢᠭᠤᠯᠤᠨ᠎ᠠ᠃ ᠦᠢ᠍ᠯᠡᠴᠢᠯᠡᠭᠡᠨ᠎ᠤ ᠦᠢ᠍ᠯᠡᠰ ᠬᠢᠭᠡᠳ ᠣᠳᠣ ᠦᠶ᠎ᠡ ᠵᠢᠨ ᠦᠢ᠍ᠯᠡᠳᠬᠦ ᠦᠢ᠍ᠯᠡᠰ᠂ ᠣᠳᠣ ᠦᠶ᠎ᠡ ᠵᠢᠨ ᠳᠡᠷᠢᠶᠡᠯᠡᠩ ᠮᠠᠯ ᠠᠵᠦ ᠠᠬᠤᠢ ᠵᠢᠨ ᠠᠭᠤᠰᠣᠯᠴᠠᠨ ᠬᠦᠭᠵᠢᠬᠦ ᠵᠢ ᠠᠬᠢᠭᠤᠯᠵᠦ᠂ ᠨᠡᠩ ᠣᠯᠡᠨ ᠰᠢᠨ᠎ᠡ ᠠᠵᠦ ᠠᠬᠤᠢ ᠵᠢᠨ ᠨᠡᠮᠡᠭᠳᠡᠯ᠎ᠤᠨ ᠴᠡᠭ᠎ᠢ ᠪᠤᠶ᠋ᠢᠵᠢᠭᠤᠯᠥᠨ᠎ᠠ᠃ 《ᠨᠡᠪᠲᠡᠷᠡᠬᠦ ᠵᠠᠮ᠎ᠤᠨ ᠬᠦᠢ᠍ᠰᠦ ᠰᠦᠯᠵᠢᠶ᠎ᠡ》 ᠵᠢᠨ ᠣᠳᠣ ᠦᠶ᠎ᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠰᠢᠰᠲ᠋ᠧᠮᠵᠢ ᠵᠢ ᠪᠠᠶ᠋ᠢᠭᠤᠯᠤᠨ᠎ᠠ᠃ ᠵᠥᠩ ᠴᠢᠩ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠣᠶᠤᠨᠴᠢ ᠬᠦᠢ᠍ᠲᠡᠨ ᠬᠡᠯᠬᠢᠶᠡᠲᠦ ᠶᠡᠷᠦᠩᠬᠡᠶ᠋ᠢᠯᠡᠭᠰᠡᠨ ᠴᠣᠭᠴᠠ᠂ ᠤᠷᠠᠳ᠎ᠤᠨ ᠳᠤᠮᠳᠠᠳᠤ ᠬᠤᠰᠢᠭᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ᠂ ᠲᠡᠮᠦᠷ ᠵᠠᠮ᠎ᠤᠨ ᠨᠡᠭᠦᠷᠡᠰᠦᠨ᠎ᠤ ᠪᠠᠷᠠᠭ᠋ᠠᠨ᠎ᠤ ᠭᠦᠢ᠍ᠯᠭᠡᠭᠡᠨ᠎ᠤ ᠠᠵᠤ ᠦᠢ᠍ᠯᠡᠰ᠎ᠤᠨ ᠬᠦᠷᠢᠶᠡᠯᠡᠩ ᠵᠡᠷᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢ ᠪᠡᠯᠡᠳᠬᠡᠮᠵᠢ ᠵᠢᠨ ᠲᠣᠤᠷ ᠰᠦᠯᠵᠢᠶ᠎ᠡ ᠵᠢ ᠲᠡᠭᠦᠯᠳᠡᠷᠵᠢᠭᠦᠯᠦᠨ᠂ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠵᠢᠭᠤᠯᠴᠢᠯᠠᠯ᠎ᠤᠨ ᠠᠵᠤ ᠦᠢ᠍ᠯᠡᠰᠵᠢᠭᠰᠡᠨ ᠬᠥᠭᠵᠢᠯᠲᠡ ᠵᠢ ᠠᠬᠢᠭᠤᠯᠵᠤ᠂ ᠪᠣᠷᠣᠲᠣᠬᠤᠢ ᠵᠢᠨ ᠠᠷᠠᠳ᠎ᠤᠨ ᠵᠠᠩ ᠦᠢ᠍ᠯᠡ ᠵᠢᠨ ᠰᠣᠶᠣᠯ᠎ᠤᠨ ᠰᠠᠭᠤᠭᠳᠠᠯ ᠪᠡᠶᠡᠴᠢᠯᠡᠨ ᠣᠶ᠋ᠢᠯᠠᠭ᠋ᠠᠬᠤ ᠭᠠᠵᠠᠷ ᠵᠡᠷᠭᠡ ᠲᠦᠷᠦᠯ ᠵᠦᠢ᠍ᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠪᠦᠳᠦᠭᠡᠨ ᠪᠠᠶ᠋ᠢᠭᠤᠯᠬᠤ ᠵᠢ ᠠᠬᠢᠭᠤᠯᠵᠤ᠂ 7 ᠥᠪᠡᠷ ᠵᠶ᠋ᠠᠨ ᠲᠡᠷᠭᠡ ᠵᠢᠯᠣᠭᠤᠳᠤᠨ ᠵᠤᠭ᠋ᠠᠴᠠᠬᠤ ᠲᠡᠷᠢᠭᠦᠨ ᠰᠣᠩᠭᠤᠯᠲᠠ ᠵᠢᠨ ᠭᠠᠵᠠᠷ᠂ 7 ᠬᠡᠭᠡᠷ᠎ᠡ ᠪᠠᠭᠤᠳᠠᠯᠯᠠᠬᠤ ᠭᠠᠵᠠᠷ᠎ᠤᠨ ᠰᠠᠶ᠋ᠢᠨ ᠰᠣᠩᠭᠤᠯᠲᠠ ᠵᠢᠨ ᠭᠠᠵᠠᠷ᠂ 2 ᠠᠮᠠᠷᠠᠯᠲᠠ ᠵᠢᠨ ᠵᠤᠭ᠋ᠠᠴᠠᠯ᠎ᠤᠨ ᠵᠠᠪᠠᠯ ᠰᠣᠩᠭᠤᠬᠤ ᠭᠠᠵᠠᠷ᠂ 2 ᠠᠮᠠᠷᠠᠯᠲᠠ ᠵᠢᠨ ᠵᠤᠭ᠋ᠠᠴᠠᠯ᠎ᠤᠨ ᠰᠢᠯᠢᠳᠡᠭ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠵᠤ᠂ 《ᠮᠤᠨᠢ ᠠᠭᠤᠯᠠ ᠵᠢ ᠭᠡᠲᠦᠯᠵᠦ᠂ ᠵᠤᠤ ᠵᠢᠶᠦ᠋ᠨ ᠰᠠᠶ᠋ᠢᠨ᠎ᠠᠴᠠ ᠭᠠᠷᠬᠤ》 ᠵᠡᠷᠭᠡ ᠰᠣᠳᠣᠨ ᠵᠤᠭ᠋ᠠᠴᠠᠯ᠎ᠤᠨ ᠵᠠᠮ ᠱᠤᠭᠤᠮ᠎ᠢ ᠭᠠᠷᠭ᠋ᠠᠵᠤ᠂ 《ᠪᠠᠶᠠᠨᠨᠠᠭᠤᠷ᠎ᠤᠨ ᠪᠡᠯᠡᠭ》᠎ᠤᠨ ᠤᠨᠴᠠᠯᠢᠬᠳᠤ ᠰᠣᠶᠣᠯ ᠵᠤᠭ᠋ᠠᠴᠠᠯ᠎ᠤᠨ ᠪᠦᠲᠦᠭᠡᠭᠳᠡᠬᠦᠨ᠎ᠢ ᠪᠠᠶᠠᠯᠢᠭᠵᠢᠭᠤᠯᠵᠤ᠂ ᠤᠳᠤᠨ ᠲᠡᠰ᠎ᠤᠨ ᠪᠠᠭᠤᠳᠠᠯ᠂ ᠵᠤᠭ᠋ᠠᠴᠠᠯ᠎ᠤᠨ ᠠᠷᠠᠳ᠎ᠤᠨ ᠣᠷᠣᠨ ᠰᠠᠭᠤᠴᠠ ᠵᠢᠨ ᠲᠡᠰ ᠳᠡᠪᠰᠢᠬᠦ ᠵᠢ ᠲᠦᠷᠭᠡᠳᠬᠡᠵᠦ᠂ ᠵᠤᠭ᠋ᠠᠴᠠᠯ᠎ᠤᠨ ᠶᠡᠷᠦᠩᠬᠡᠢ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 11%᠎ᠪᠠᠷ ᠨᠡᠮᠡᠭᠳᠡᠪᠡ᠃ ᠣᠲᠣ ᠦᠶ᠎ᠡ ᠵᠢᠨ ᠮᠥᠩᠭᠦᠨ ᠭᠦᠢ᠍ᠯᠭᠡᠭᠡᠨ᠎ᠤ ᠦᠢ᠍ᠯᠡᠰ᠎ᠢ ᠶᠡᠭᠡ᠎ᠪᠠᠷ ᠬᠥᠭᠵᠢᠭᠦᠯᠵᠦ᠂ ᠵᠠᠰᠠᠭ᠎ᠤᠨ ᠣᠷᠳᠣᠨ ᠮᠥᠩᠭᠦᠨ ᠭᠦᠢ᠍ᠯᠭᠡᠭᠡ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠭ᠎ᠠ ᠵᠢ ᠵᠣᠯᠭ᠋ᠠᠭᠤᠯᠬᠤ ᠵᠢ ᠪᠠᠶ᠋ᠢᠩᠭᠤᠵᠢᠭᠤᠯᠤᠨ ᠨᠠᠷᠢᠯᠢᠭ ᠣᠨᠣᠴᠠᠲᠠᠶ᠎ᠪᠠᠷ ᠥᠷᠨᠢᠭᠦᠯᠵᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠵᠢᠭᠡᠯᠡᠯᠭᠡ ᠵᠢᠨ ᠦᠯᠡᠳᠡᠪᠦᠷᠢ ᠲᠤᠭ᠎ᠠ ᠵᠢ 1300 ᠳ᠋ᠦᠩᠰᠢᠭᠤᠷ ᠲᠥᠭᠦᠷᠢᠭ᠎ᠲᠤ ᠬᠦᠷᠦᠭᠦᠯᠵᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠮᠥᠩᠭᠦᠨ ᠭᠦᠢ᠍ᠯᠭᠡᠭᠡᠨ᠎ᠤ ᠦᠢ᠍ᠯᠡᠳᠬᠦᠨ ᠪᠠ ᠦᠢ᠍ᠯᠡᠴᠢᠯᠡᠭᠡ᠎ᠳᠤ ᠰᠢᠨ᠎ᠡ ᠵᠢ ᠡᠭᠦᠳᠬᠦ ᠵᠢ ᠬᠥᠲᠥᠯᠦᠨ ᠵᠢᠯᠣᠭᠤᠳᠴᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ᠂ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠠᠵᠤ ᠠᠬᠤᠶ᠋ᠢᠯᠠᠯ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠂ ᠪᠠᠭᠤᠷᠠᠶ ᠭᠤᠭᠴᠤᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠪᠠᠯᠠ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠨ᠎ᠠ᠃ ᠵᠠᠬ᠎ᠠ ᠳᠡᠯᠭᠡᠭᠦᠷ᠎ᠲᠤ ᠭᠠᠷᠬᠤ ᠠᠵᠤ ᠠᠬᠤᠶ᠋ᠢᠯᠠᠯ᠎ᠢ ᠪᠤᠶ᠋ᠢᠵᠢᠭᠤᠯᠵᠤ ᠬᠠᠪᠰᠤᠷᠤᠨ ᠵᠢᠯᠣᠭᠤᠳᠬᠤ᠎ᠪᠠᠨ ᠴᠢᠩᠬᠠᠳᠬᠠᠵᠤ᠂ ᠠᠵᠤ ᠠᠬᠤᠶ᠋ᠢᠯᠠᠯ᠎ᠤᠨ ᠫᠠᠶ᠋ᠢᠰᠠ ᠡᠯᠭᠦᠨ ᠵᠠᠬ᠎ᠠ ᠳᠡᠯᠭᠡᠭᠦᠷ᠎ᠲᠤ ᠭᠠᠷᠬᠤ ᠠᠬᠢᠴᠠ ᠵᠢ ᠲᠦᠷᠭᠡᠳᠬᠡᠨ ᠠᠬᠢᠭᠤᠯᠬᠤ ᠬᠡᠷᠡᠭᠲᠡᠶ᠃
     ᠬᠤᠶᠠᠷ᠂ ᠪᠡᠯᠡ ᠣᠷᠣᠭᠤᠯᠤᠯᠲᠠ ᠵᠢᠨ ᠬᠡᠷᠡᠭᠯᠡᠭᠡ ᠵᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠲᠦᠮᠵᠢᠲᠡᠶ ᠬᠡᠷᠡᠭᠴᠡᠭᠡ ᠱᠠᠭ᠋ᠠᠷᠳᠠᠯᠭ᠎ᠠ ᠵᠢ ᠬᠦᠴᠦᠯᠡᠨ ᠥᠷᠭᠡᠳᠬᠡᠨ᠎ᠡ
     (ᠨᠢᠭᠡ) ᠪᠦᠲᠦᠮᠵᠢᠲᠡᠶ ᠪᠡᠯᠡ ᠣᠷᠣᠭᠤᠯᠤᠯᠲᠠ ᠵᠢ ᠢᠳᠡᠪᠬᠢᠲᠡᠶ ᠥᠷᠭᠡᠳᠬᠡᠨ᠎ᠡ᠃ ᠠᠯᠢ ᠣᠯᠠᠨ ᠥᠨᠳᠥᠷ ᠪᠦᠲᠦᠮᠵᠢᠲᠡᠶ ᠠᠬᠢᠭᠤᠯᠬᠤ ᠲᠣᠭᠲᠠᠴᠠ ᠵᠢ ᠭᠦᠢ᠍ᠴᠡᠳ ᠰᠠᠶ᠋ᠢᠲᠤᠷ ᠬᠡᠷᠡᠭᠯᠡᠵᠦ᠂ 172 ᠵᠦᠢ᠍ᠯ᠎ᠤᠨ ᠴᠢᠬᠤᠯᠠ ᠶᠡᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠵᠤ᠂ ᠲᠥᠯᠥᠪᠵᠢᠭᠦᠯᠭᠡ ᠵᠢᠨ ᠭᠠᠵᠠᠷ ᠰᠣᠩᠭᠤᠬᠤ᠂ ᠭᠠᠵᠠᠷ ᠰᠢᠷᠣᠶ ᠬᠡᠷᠡᠭᠯᠡᠬᠦ ᠵᠢ ᠮᠡᠳᠡᠭᠦᠯᠦᠨ ᠵᠥᠪᠰᠢᠶᠡᠷᠡᠭᠦᠯᠬᠦ᠂ ᠭᠠᠵᠠᠷ ᠰᠢᠷᠣᠶ ᠲᠠᠲᠠᠪᠤᠷᠢᠯᠠᠨ ᠨᠤᠷᠠᠭ᠋ᠠᠵᠤ ᠨᠡᠭᠦᠯᠭᠡᠬᠦ᠂ ᠡᠨᠧᠷᠭᠢ ᠵᠢᠨ ᠦᠨᠡᠯᠡᠯᠲᠡ ᠵᠢᠨ ᠣᠷᠴᠢᠨ ᠲᠣᠭᠤᠷᠢᠨ᠎ᠤ ᠦᠨᠡᠯᠡᠯᠲᠡ᠂ ᠪᠠᠷᠢᠯᠭ᠎ᠠ ᠪᠠᠷᠢᠬᠤ ᠵᠢ ᠵᠥᠪᠰᠢᠶᠡᠷᠡᠬᠦ ᠪᠠ ᠲᠥᠬᠦᠭᠡᠷᠦᠮᠵᠢ ᠵᠢ ᠢᠵᠢ ᠪᠥᠷᠢᠳᠦᠭᠦᠯᠬᠦ ᠵᠡᠷᠭᠡ ᠬᠦᠴᠦᠨ ᠵᠦᠢ᠍ᠯ᠎ᠤᠨ ᠪᠠᠲᠤᠯᠠᠭ᠎ᠠ ᠵᠢ ᠵᠡᠷᠭᠡ᠎ᠪᠠᠷ ᠮᠥᠷᠳᠡᠨ ᠳᠠᠭ᠋ᠠᠬᠤ ᠵᠢ ᠠᠬᠢᠭᠤᠯᠵᠤ᠂ ᠣᠨ᠎ᠤ ᠪᠠᠯᠠ ᠣᠷᠣᠭᠤᠯᠤᠯᠲᠠ ᠵᠢ 450 ᠳ᠋ᠦᠩᠰᠢᠭᠤᠷ ᠲᠥᠭᠦᠷᠢᠭ᠎ᠠᠴᠠ ᠳᠡᠭᠡᠭᠰᠢ ᠪᠡᠶᠡᠯᠡᠭᠦᠯᠬᠦ ᠵᠢ ᠦᠨᠡᠨᠬᠦ ᠪᠠᠲᠤᠯᠠᠪᠠ᠃ ᠲᠥᠷᠥᠯ ᠵᠦᠢ᠍ᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ ᠰᠠᠨᠠᠯ᠂ ᠬᠠᠲᠤᠨ ᠭᠤᠤᠯ᠎ᠤᠨ 《ᠲᠣᠬᠤᠢ》 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠵᠡᠷᠭᠡ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠭᠤᠷᠢ ᠲᠥᠬᠦᠭᠡᠷᠦᠮᠵᠢ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠬᠤ᠂ ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠣᠯᠠᠨ ᠨᠡᠶ᠋ᠢᠲᠡ ᠵᠢᠨ ᠦᠢ᠍ᠯᠡᠴᠢᠯᠡᠭᠡ᠂ ᠪᠣᠭᠤᠮᠲᠠ ᠵᠢᠨ ᠠᠵᠤ ᠠᠬᠤᠶ ᠵᠡᠷᠭᠡ ᠠᠵᠢᠯ ᠲᠥᠷᠥᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠨᠢᠭᠡ ᠪᠦᠯᠦᠭ ᠴᠢᠬᠤᠯᠠ ᠶᠡᠭᠡ ᠲᠥᠷᠥᠯ ᠵᠦᠢ᠍ᠯ᠎ᠢ ᠲᠥᠰᠦᠪᠯᠡᠨ ᠨᠥᠭᠡᠴᠡᠯᠡᠨ᠎ᠡ᠃ ᠲᠥᠪ᠎ᠤᠨ ᠲᠥᠰᠦᠪ᠎ᠤᠨ ᠳᠣᠲᠣᠷᠠᠬᠢ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ᠂ ᠳᠤᠮᠳᠠ ᠪᠠ ᠤᠷᠲᠤ ᠬᠤᠭᠤᠴᠠᠭ᠋ᠠᠨ᠎ᠤ ᠣᠨᠴᠠᠭ᠋ᠠᠢ ᠤᠯᠤᠰ᠎ᠤᠨ ᠵᠢᠭᠡᠯᠡᠯᠭᠡ ᠵᠡᠷᠭᠡ ᠵᠢᠨ ᠪᠡᠯᠡ ᠮᠥᠩᠭᠦ ᠵᠢᠨ ᠳᠡᠮᠵᠢᠯᠭᠡ ᠵᠢ ᠢᠳᠡᠪᠬᠢᠯᠡᠨ ᠣᠯᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ ᠬᠡᠷᠡᠭᠲᠡᠶ᠃ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠦᠷᠦᠩᠭᠡ ᠵᠢᠨ ᠬᠠᠮᠲᠤᠷᠠᠯᠴᠠᠭ᠋ᠠᠨ᠎ᠤ ᠰᠢᠨ᠎ᠡ ᠲᠣᠭᠲᠠᠴᠠ ᠵᠢ ᠲᠦᠷᠭᠡᠪᠴᠢᠯᠡᠨ ᠨᠠᠶ᠋ᠢᠳᠠᠪᠤᠷᠢᠵᠢᠭᠤᠯᠵᠤ᠂ ᠨᠡᠩ ᠤᠯᠠᠨ ᠠᠷᠠᠳ᠎ᠤᠨ ᠬᠦᠷᠦᠩᠭᠡ ᠵᠢᠨ ᠴᠢᠬᠤᠯᠠ ᠶᠡᠭᠡ ᠢᠨᠵᠧᠨᠧᠷᠢᠩ᠎ᠤᠨ ᠲᠦᠷᠦᠯ ᠵᠦᠢ᠍ᠯ ᠪᠠ ᠳᠤᠲᠠᠭᠤᠳᠠᠯ᠎ᠢ ᠨᠥᠬᠦᠪᠥᠷᠢᠯᠡᠬᠦ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠵᠣᠷᠢᠭᠵᠢᠭᠤᠯᠤᠨ᠎ᠠ᠃ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ 《ᠭᠠᠳᠠᠭᠰᠢ ᠭᠠᠷᠬᠤ᠂ ᠤᠷᠢᠵᠤ ᠣᠷᠣᠭᠤᠯᠬᠤ》 ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠂ ᠣᠯᠠᠨ ᠠᠷᠭ᠎ᠠ ᠵᠠᠮ ᠵᠶ᠋ᠠᠷ ᠬᠤᠳᠠᠯᠳᠤᠭ᠋ᠠᠴᠢᠨ ᠤᠷᠢᠵᠤ ᠲᠠᠨᠢᠯᠴᠠᠭᠤᠯᠬᠤ ᠠᠵᠢᠯ᠎ᠢ ᠥᠷᠨᠢᠭᠦᠯᠵᠦ᠂ ᠬᠡᠯᠬᠢᠶ᠎ᠡ ᠵᠢ ᠤᠷᠲᠤᠳᠬᠠᠬᠤ᠂ ᠬᠡᠯᠬᠢᠶ᠎ᠡ ᠵᠢ ᠨᠥᠬᠦᠪᠥᠷᠢᠯᠡᠬᠦ᠂ ᠬᠡᠯᠬᠢᠶ᠎ᠡ ᠵᠢ ᠴᠢᠩᠭ᠋ᠠᠳᠬᠠᠬᠤ ᠵᠠᠩᠭᠢᠯᠠᠭ᠎ᠠ ᠵᠢᠨ ᠭᠤᠭᠴᠤᠭ᠎ᠠ᠂ ᠳᠡᠭᠡᠳᠦ ᠳᠣᠤᠷᠠᠳᠤ ᠤᠷᠤᠰᠬᠠᠯ᠎ᠤᠨ ᠢᠵᠢ ᠪᠥᠷᠢᠳᠦᠭᠦᠯᠬᠦ ᠠᠵᠤ ᠠᠬᠤᠶ᠋ᠢᠯᠠᠯ᠎ᠢ ᠶᠡᠬᠡᠪᠡᠷ ᠣᠷᠣᠭᠤᠯᠤᠨ ᠠᠪᠴᠢᠷᠠᠵᠤ᠂ ᠭᠤᠤᠯᠳᠠᠭᠤ ᠰᠢᠨ᠎ᠡ ᠡᠨᠧᠷᠭᠢ ᠵᠢᠨ ᠡᠨᠧᠷᠭᠢ ᠬᠠᠳᠠᠭ᠋ᠠᠯᠠᠬᠤ ᠳ᠋ᠢᠶᠠᠨ ᡂᠢ᠂ ᠰᠠᠯᠬᠢᠨ ᠬᠦᠴᠦᠨ᠎ᠤ ᠴᠠᠬᠢᠯᠭ᠋ᠠᠨ᠎ᠤ ᠴᠠᠬᠢᠯᠭ᠋ᠠᠨ ᠮᠠᠰᠢᠨ᠂ ᠭᠤᠤᠯ ᠮᠠᠰᠢᠨ᠂ ᠭᠤᠤᠯᠯᠠᠬᠤ ᠦᠢ᠍ᠯᠡᠳᠬᠦᠨ᠎ᠤ ᠴᠢᠳᠬᠤᠮᠠᠯ ᠲᠣᠨᠤᠭ ᠪᠠ ᠴᠡᠷᠢᠭ᠎ᠤᠨ ᠠᠯᠪᠠ᠎ᠠᠴᠠ ᠪᠠᠭᠤᠭᠰᠠᠨ ᠰᠠᠯᠬᠢᠨ ᠬᠦᠴᠦᠨ᠎ᠤ ᠴᠠᠬᠢᠯᠭ᠋ᠠᠨ ᠬᠡᠷᠡᠯ ᠴᠡᠨᠡᠭ᠎ᠢ ᠡᠷᠭᠢᠯᠳᠦᠭᠦᠯᠦᠨ ᠠᠰᠢᠭᠯᠠᠬᠤ ᠵᠡᠷᠭᠡ ᠲᠠᠯ᠎ᠠ᠎ᠪᠠᠷ ᠨᠢᠭᠡ ᠪᠦᠯᠦᠭ ᠠᠵᠤ ᠦᠢ᠍ᠯᠡᠰ᠎ᠢ ᠣᠷᠣᠭᠤᠯᠤᠨ ᠠᠪᠴᠢᠷᠠᠨ᠎ᠠ᠃ ᠬᠥᠬᠡᠭᠴᠢᠨ ᠲᠠᠯ᠎ᠠ ᠵᠢᠨ ᠰᠡᠳᠬᠢᠬᠦᠶ᠂ ᠰᠢᠨ᠎ᠡ ᠵᠢ ᠡᠭᠦᠳᠬᠦ ᠤᠬᠠᠮᠰᠠᠷ᠂ ᠰᠢᠰᠲ᠋ᠧᠮᠲᠦ ᠦᠵᠡᠯᠲᠡ ᠵᠢ ᠪᠠᠲᠤ ᠪᠠᠬᠢ ᠪᠤᠢ ᠪᠣᠯᠭ᠋ᠠᠵᠤ᠂ ᠵᠣᠯᠭ᠋ᠠᠭᠤᠯᠤᠨ ᠵᠥᠪᠳᠡᠯᠴᠡᠬᠦ᠂ ᠲᠥᠷᠥᠯ ᠵᠦᠢ᠍ᠯ᠎ᠤᠨ ᠭᠡᠷ᠎ᠡ ᠲᠣᠭᠲᠠᠬᠤ᠂ ᠪᠣᠳᠠᠲᠠᠶ᠋ᠢᠵᠢᠭᠤᠯᠤᠨ ᠪᠦᠲᠦᠭᠡᠨ ᠪᠠᠶ᠋ᠢᠭᠤᠯᠬᠤ᠂ ᠠᠰᠢᠭᠯᠠᠯᠲᠠ᠎ᠳᠤ ᠣᠷᠣᠭᠤᠯᠤᠨ ᠡᠵᠡᠩᠨᠡᠬᠦ ᠵᠡᠷᠭᠡ ᠪᠦᠬᠦ ᠶᠠᠪᠤᠴᠠ᠎ᠳᠤ ᠮᠥᠷᠳᠡᠨ ᠦᠢ᠍ᠯᠡᠴᠢᠯᠡᠬᠦ ᠠᠵᠢᠯ᠎ᠢ ᠬᠢᠨᠠᠮᠠᠭ᠋ᠠᠶ ᠰᠠᠶ᠋ᠢᠲᠤᠷ ᠬᠢᠵᠦ᠂ ᠪᠡᠯᠡ ᠮᠥᠩᠭᠦ ᠵᠢ 20%᠎ᠠᠴᠠ ᠳᠡᠭᠡᠭᠰᠢ ᠨᠡᠮᠡᠭᠳᠡᠭᠦᠯᠬᠦ᠎ᠪᠠᠷ ᠴᠢᠷᠮᠠᠶ᠋ᠢᠵᠤ᠂ ᠭᠠᠳᠠᠭ᠋ᠠᠳᠤ ᠪᠡᠯᠡ ᠵᠢ ᠪᠣᠳᠠᠲᠠᠶ ᠠᠰᠢᠭᠯᠠᠬᠤ᠎ᠳᠤ 6%᠎ᠪᠠᠷ ᠨᠡᠮᠡᠭᠳᠡᠭᠦᠯᠦᠨ᠎ᠡ᠃
      (ᠬᠤᠶᠠᠷ) ᠶᠡᠷᠦᠩᠬᠡᠶ᠋ᠢᠯᠡᠭᠰᠡᠨ ᠠᠷᠭ᠎ᠠ ᠪᠣᠳᠣᠯᠭ᠎ᠠ ᠠᠪᠴᠤ ᠬᠡᠷᠡᠭᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠵᠤ᠃ ᠬᠡᠷᠡᠭᠯᠡᠭᠡ ᠵᠢ ᠠᠬᠢᠭᠤᠯᠬᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠬᠡᠷᠡᠭᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠪᠥᠬᠦ ᠲᠠᠯ᠎ᠠ᠎ᠪᠠᠷ ᠠᠬᠢᠭᠤᠯᠤᠨ᠎ᠠ᠃ 《ᠰᠠᠶ᠋ᠢᠨ ᠰᠠᠶ᠋ᠢᠬᠠᠨ ᠠᠮᠢᠳᠤᠷᠠᠯ᠎ᠢ ᠡᠳ᠋ᠯᠡᠵᠦ · ᠪᠠᠶᠠᠨᠨᠠᠭᠤᠷ᠎ᠲᠤ ᠬᠤᠳᠠᠯᠳᠤᠨ ᠠᠪᠤᠨ᠎ᠠ》 ᠭᠤᠣᠯ ᠰᠡᠳᠦᠪᠲᠦ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠬᠡᠷᠡᠭᠯᠡᠭᠡᠨ᠎ᠤ ᠲᠡᠮᠳᠡᠭᠲᠦ ᠲᠠᠷᠬᠠᠭ᠋ᠠᠬᠤ᠂ ᠬᠠᠷᠠᠭ᠋ᠠᠯᠵᠠᠯ ᠦᠵᠡᠭᠦᠯᠵᠦ ᠠᠰᠢᠭ ᠣᠯᠭᠤᠬᠤ ᠵᠡᠷᠭᠡ ᠠᠷᠭ᠎ᠠ ᠬᠡᠮᠵᠢᠶ᠎ᠡ ᠵᠢ ᠨᠡᠩ ᠶᠡᠭᠡ ᠡᠷᠴᠢᠮ ᠵᠶ᠋ᠠᠷ ᠬᠡᠷᠡᠭᠵᠢᠭᠦᠯᠵᠦ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠪᠣᠬᠢᠷᠲᠤᠯ ᠦᠭᠡᠢ ᠣᠶᠤᠨᠴᠢ ᠭᠡᠷ᠎ᠤᠨ ᠴᠠᠬᠢᠯᠭ᠋ᠠᠨ ᠬᠡᠷᠡᠭᠰᠡᠯ᠂ ᠣᠶᠤᠨᠲᠤ ᠭᠠᠷ ᠤᠲᠠᠰᠤ᠂ ᠡᠮᠦᠰᠴᠦ ᠵᠡᠭᠦᠵᠦ ᠪᠣᠯᠬᠤ ᠲᠥᠬᠦᠭᠡᠷᠦᠮᠵᠢ ᠵᠡᠷᠭᠡ ᠶᠡᠭᠡ ᠬᠡᠮᠵᠢᠶᠡᠨ᠎ᠤ ᠬᠡᠷᠡᠭᠯᠡᠭᠡ ᠵᠢ ᠪᠦᠬᠦ ᠲᠠᠯ᠎ᠠ᠎ᠪᠠᠷ ᠠᠬᠢᠭᠤᠯᠤᠨ᠎ᠠ᠃ ᠨᠠᠰᠤᠲᠠᠨ᠎ᠢ ᠠᠰᠠᠷᠠᠵᠤ ᠬᠡᠦᠬᠡᠳ ᠰᠠᠭ᠋ᠠᠲᠠᠭᠤᠯᠬᠤ᠂ ᠰᠤᠷᠭ᠋ᠠᠨ ᠬᠥᠮᠦᠵᠢᠯ ᠡᠮ ᠡᠮᠨᠡᠯᠭᠡ᠂ ᠰᠣᠶᠣᠯ ᠪᠡᠶ᠎ᠡ ᠵᠢᠨ ᠲᠠᠮᠢᠷ ᠵᠡᠷᠭᠡ ᠦᠢ᠍ᠯᠡᠴᠢᠯᠡᠭᠡᠨ᠎ᠤ ᠬᠡᠷᠡᠭᠯᠡᠭᠡ ᠵᠢ ᠦᠷᠭᠦᠯᠵᠢᠯᠡᠨ ᠠᠬᠢᠭᠤᠯᠤᠨ᠎ᠠ᠃ ᠯᠢᠨ ᠾᠧ ᠲᠣᠭᠤᠷᠢᠭ᠂ ᠦᠶᠤᠸᠠᠨ ᠰᠢᠶᠠᠨ᠂ ᠬᠠᠩᠭᠢᠨ ᠬᠤᠶ᠋ᠢᠲᠤ ᠬᠤᠰᠢᠭᠤᠨ᠎ᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠰᠢᠰᠲ᠋ᠧᠮᠵᠢ ᠵᠢᠨ ᠲᠤᠷᠰᠢᠯᠲᠠ ᠵᠢᠨ ᠰᠢᠶᠠᠨ᠎ᠤ ᠪᠥᠲᠥᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠭᠦᠢ᠍ᠯᠭᠡᠭᠡᠨ᠎ᠤ ᠬᠠᠩᠭ᠋ᠠᠯᠭ᠎ᠠ ᠵᠢ ᠪᠠᠲᠤᠯᠠᠬᠤ ᠰᠢᠰᠲ᠋ᠧᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠢᠳᠡᠪᠬᠢᠲᠡᠶ᠎ᠪᠠᠷ ᠭᠤᠶᠤᠴᠢᠯᠠᠨ ᠮᠡᠳᠡᠭᠦᠯᠦᠨ᠎ᠡ᠃ ᠨᠡᠶ᠋ᠢᠭᠡᠮ ᠲᠣᠭᠤᠷᠢᠭ᠎ᠤᠨ ᠰᠢᠨ᠎ᠡ ᠬᠡᠯᠪᠡᠷᠢ ᠵᠢᠨ ᠵᠢᠵᠢᠭᠯᠡᠨ ᠬᠤᠳᠠᠯᠳᠤᠬᠤ᠂ ᠣᠶᠤᠨᠴᠢ ᠢᠳᠡᠭᠡᠨ ᠤᠮᠳᠠᠭ᠋ᠠᠨ᠂ 《ᠢᠨᠲ᠋ᠧᠷ ᠰᠦᠯᠵᠢᠶ᠎ᠡ》 ᠵᠡᠷᠭᠡ ᠬᠡᠷᠡᠭᠯᠡᠭᠡᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠶᠡᠬᠡᠪᠡᠷ ᠬᠥᠭᠵᠢᠭᠦᠯᠵᠦ᠂ ᠲᠦᠷᠦᠭᠦᠦ ᠳᠡᠯᠭᠡᠭᠦᠷ᠎ᠤᠨ ᠠᠵᠤ ᠠᠬᠤᠶ ᠪᠠ ᠰᠥᠨᠢ ᠵᠢᠨ ᠠᠵᠤ ᠠᠬᠤᠶ ᠵᠢ ᠵᠣᠷᠢᠭᠵᠢᠭᠤᠯᠤᠨ ᠬᠥᠭᠵᠢᠭᠦᠯᠦᠨ᠎ᠡ᠃ ᠳᠠᠪᠠᠭᠤᠯᠢᠭ ᠠᠵᠤ ᠦᠢ᠍ᠯᠡᠰ᠂ ᠣᠨᠴᠠᠯᠢᠭᠲᠤ ᠪᠦᠲᠦᠭᠡᠭᠳᠡᠬᠦᠨ᠎ᠢ ᠡᠯᠧᠺᠳ᠋ᠷᠤᠨᠴᠢᠯᠠᠭᠰᠠᠨ ᠥᠭᠡᠷᠡᠴᠢᠯᠡᠯᠲᠡ ᠵᠢ ᠶᠡᠬᠡᠪᠡᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠡᠯᠧᠺᠳ᠋ᠷᠣᠨ ᠬᠤᠳᠠᠯᠳᠤᠭ᠋ᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠢᠳᠡᠪᠬᠢᠲᠡᠶ ᠡᠭᠦᠳᠦᠨ ᠪᠠᠶ᠋ᠢᠭᠤᠯᠤᠨ᠎ᠠ᠃
     (ᠭᠤᠷᠪᠠ) ᠴᠢᠬᠤᠯᠠ ᠶᠡᠭᠡ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠤᠨ᠎ᠠ᠃ 5G ᠵᠢᠨ ᠰᠠᠭᠤᠷᠢ ᠥᠷᠲᠡᠭᠡ 1000 ᠰᠠᠭᠤᠷᠢ᠎ᠠᠴᠠ ᠳᠡᠭᠡᠭᠰᠢ᠂ ᠨᠡᠶ᠋ᠢᠲᠡ ᠵᠢᠨ ᠬᠡᠷᠡᠭᠯᠡᠭᠡᠨ᠎ᠤ ᠴᠠᠬᠢᠯᠭ᠋ᠠᠨ ᠴᠡᠨᠡᠭᠯᠡᠬᠦ ᠪᠠᠭ᠋ᠠᠨ᠎ᠠ 300᠎ᠠᠴᠠ ᠳᠡᠭᠡᠭᠰᠢ ᠪᠠᠶ᠋ᠢᠬᠤ ᠬᠡᠷᠡᠭᠳᠡᠢ᠃ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠎ᠤᠨ ᠪᠦᠳᠦᠭᠡᠨ ᠪᠠᠶ᠋ᠢᠭᠤᠯᠤᠯᠲᠠ ᠵᠢ ᠡᠮᠬᠢ ᠵᠢᠷᠤᠮ᠎ᠲᠠᠢ ᠠᠬᠢᠭᠤᠯᠵᠤ᠂ ᠲᠦᠷᠭᠡᠨ᠎ᠤ ᠲᠡᠮᠦᠷ ᠵᠠᠮ᠎ᠤᠨ ᠰᠠᠭᠤᠷᠢ ᠵᠢ ᠲᠠᠯᠪᠢᠬᠤ ᠪᠠ ᠬᠥᠭᠦᠷᠭᠡ ᠲᠠᠯᠪᠢᠬᠤ ᠪᠠᠷᠢᠯᠭ᠎ᠠ ᠵᠢ ᠪᠡᠶᠡᠯᠡᠭᠦᠯᠦᠨ᠎ᠡ᠃ G0616 ᠭᠠᠭᠴᠠᠮᠤᠳᠤ᠎ᠠᠴᠠ ᠬᠠᠯᠢᠭᠤᠲᠤ ᠬᠦᠷᠬᠦ ᠬᠡᠰᠡᠭ᠂ ᠤᠯᠤᠰ᠎ᠤᠨ ᠵᠠᠮ᠎ᠤᠨ 110 ᠵᠡᠭᠡᠷᠡᠲᠦ ᠮᠣᠳᠣ᠎ᠠᠴᠠ ᠳ᠋ᠧᠩᠺᠸᠦ ᠬᠦᠷᠬᠦ ᠬᠡᠰᠡᠭ᠂ ᠤᠯᠤᠰ᠎ᠤᠨ ᠵᠠᠮ᠎ᠤᠨ 110 ᠳ᠋ᠧᠩᠺᠸᠦ ᠭᠤᠣᠯ᠎ᠤᠨ ᠬᠠᠲᠤᠨ ᠭᠤᠣᠯ᠎ᠤᠨ ᠶᠡᠭᠡ ᠬᠦᠭᠦᠷᠭᠡ ᠵᠡᠷᠭᠡ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠳᠤᠮᠳᠠᠳᠤ ᠮᠣᠩᠭᠤᠯ᠎ᠤᠨ ᠬᠢᠯᠢ ᠠᠯᠤᠰᠯᠠᠭᠰᠠᠨ ᠲᠡᠮᠦᠷ ᠵᠠᠮ᠂ ᠯᠢᠨ ᠾᠧ ᠲᠡᠮᠦᠷ ᠵᠠᠮ᠎ᠤᠨ ᠴᠢᠳᠠᠮᠵᠢ ᠵᠢ ᠥᠷᠭᠡᠳᠬᠡᠨ ᠥᠭᠡᠷᠡᠴᠢᠯᠡᠬᠦ᠂ ᠵᠢᠨᠴᠢᠤᠸᠠᠨ ᠡᠮᠦᠨᠡᠲᠦ ᠵᠢᠨ ᠨᠡᠭᠦᠷᠡᠰᠦᠨ᠎ᠤ ᠲᠡᠮᠦᠷ ᠵᠠᠮ᠎ᠤᠨ ᠲᠤᠰᠬᠠᠢ ᠱᠤᠭᠤᠮ᠂ ᠪᠠᠶᠠᠨᠬᠤᠸᠠ ᠲᠡᠮᠦᠷ ᠵᠠᠮ᠎ᠤᠨ ᠲᠤᠰᠬᠠᠢ ᠱᠤᠭᠤᠮ᠂ G0616 ᠮᠤᠨᠠ ᠠᠭᠤᠯᠠ᠎ᠠᠴᠠ ᠬᠠᠯᠢᠭᠤᠲᠤ ᠬᠦᠷᠬᠦ ᠬᠡᠰᠡᠭ᠂ ᠤᠯᠤᠰ᠎ᠤᠨ ᠵᠠᠮ᠎ᠤᠨ 110 ᠬᠠᠪᠢ ᠭᠤᠳᠤᠮᠵᠢ᠎ᠠᠴᠠ ᠲᠢᠶᠠᠨ ᠵᠢᠢ᠎ᠲᠠᠢ ᠬᠡᠰᠡᠭ᠂ ᠤᠯᠤᠰ᠎ᠤᠨ ᠵᠠᠮ᠎ᠤᠨ 242 ᠯᠢᠨᠾᠧ ᠵᠢᠨ ᠬᠢᠯᠢ ᠳᠠᠪᠠᠭ᠍ᠤ ᠬᠡᠰᠡᠭ ᠵᠡᠷᠭᠡ ᠲᠦᠷᠦᠯ ᠵᠦᠢ᠍ᠯ᠎ᠤᠨ ᠠᠵᠢᠯ ᠡᠬᠢᠯᠡᠭᠦᠯᠬᠦ ᠵᠢ ᠠᠬᠢᠭᠤᠯᠤᠨ᠎ᠠ᠃ ᠬᠤᠲᠠ ᠪᠠᠯᠭ᠋ᠠᠰᠤ ᠵᠢᠨ ᠵᠠᠮ᠂ ᠭᠠᠵᠠᠷ ᠳᠣᠣᠷᠠᠬᠢ ᠬᠤᠭᠤᠯᠠᠢ ᠲᠣᠣᠷ ᠵᠡᠷᠭᠡ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠦᠭᠡᠷᠡᠴᠢᠯᠡᠯᠲᠡ ᠵᠢᠨ ᠡᠷᠴᠢᠮ᠎ᠢ ᠴᠢᠩᠭ᠋ᠠᠷᠠᠭᠤᠯᠤᠨ᠎ᠠ᠃ 5257 ᠢᠵᠢ 《ᠠᠰᠠᠷ᠎ᠢ ᠪᠠᠲᠤᠯᠠᠵᠥ ᠲᠤᠰᠢᠶᠠᠬᠤ》 ᠡᠭᠦᠷᠭᠡ ᠵᠢ ᠪᠡᠶᠡᠯᠡᠭᠦᠯᠵᠦ᠂ 54 ᠬᠠᠭᠤᠴᠢᠨ ᠰᠠᠭᠤᠭ᠋ᠠᠯᠢ ᠲᠣᠭᠤᠷᠢᠭ᠎ᠢ ᠥᠭᠡᠷᠡᠴᠢᠯᠡᠨ ᠵᠠᠰᠠᠵᠥ᠂ 36 ᠨᠠᠮ ᠵᠢᠮ ᠣᠷᠣᠨ ᠰᠠᠭᠤᠴᠠ ᠵᠢᠨ ᠲᠣᠭᠤᠷᠢᠭ᠎ᠢ ᠡᠭᠦᠳᠦᠨ ᠪᠠᠶ᠋ᠢᠭᠤᠯᠪᠠ᠃ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠤᠭ ᠨᠣᠪᠰᠢ ᠪᠠ ᠪᠣᠬᠢᠷ ᠤᠰᠤ ᠵᠢ ᠲᠥᠪᠯᠡᠷᠡᠭᠦᠯᠦᠨ ᠵᠠᠰᠠᠬᠤ 《135》 ᠵᠢᠨ ᠠᠵᠢᠯᠯᠠᠭ᠎ᠠ ᠵᠢ ᠬᠡᠷᠡᠭᠵᠢᠭᠦᠯᠵᠦ᠂ ᠡᠪᠦᠯ᠎ᠤᠨ ᠤᠯᠠᠷᠢᠯ᠎ᠳᠤ 9 ᠲᠦᠮᠡᠨ ᠡᠷᠦᠬᠡ ᠵᠢᠨ ᠴᠡᠪᠡᠷ ᠳᠤᠯᠠᠭ᠋ᠠᠯᠠᠭ᠎ᠠ ᠵᠢᠨ ᠥᠭᠡᠷᠡᠴᠢᠯᠡᠯᠲᠡ ᠵᠢ ᠪᠡᠶᠡᠯᠡᠭᠦᠯᠵᠦ᠂ 457 ᠨᠤᠷᠠᠬᠤ ᠠᠶᠤᠯᠲᠠᠶ ᠬᠡᠷ ᠪᠠᠶ᠋ᠢᠰᠢᠩ᠎ᠢ ᠥᠭᠡᠷᠡᠴᠢᠯᠡᠨ ᠵᠠᠰᠠᠵᠤ᠂ ᠦᠵᠡᠰᠬᠦᠯᠡᠩᠲᠦ ᠰᠠᠶ᠋ᠢᠬᠠᠨ ᠣᠷᠣᠰᠢᠨ ᠰᠠᠭᠤᠬᠤ᠎ᠳᠤ ᠲᠣᠬᠢᠷᠠᠮᠵᠢᠲᠠᠶ 100 ᠠᠶ᠋ᠢᠯ ᠲᠣᠰᠬᠤᠨ᠎ᠢ ᠪᠠᠶ᠋ᠢᠭᠤᠯᠵᠤ᠂ 900 ᠺᠢᠯᠣᠮᠧᠳ᠋ᠷ ᠬᠥᠳᠡᠭᠡ ᠲᠣᠰᠬᠤᠨ᠎ᠤ ᠵᠠᠰᠠᠮᠠᠯ ᠵᠠᠮ᠎ᠢ ᠥᠭᠡᠷᠡᠴᠢᠯᠡᠨ ᠰᠠᠶ᠋ᠢᠵᠢᠷᠠᠭᠤᠯᠪᠠ᠃
     ᠭᠤᠷᠪᠠ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠰᠢᠪᠲᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠨᠠᠷ ᠰᠠᠶ᠋ᠢᠲᠠᠶ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ
     (ᠨᠢᠭᠡ) ᠰᠢᠨ᠎ᠡ ᠵᠢ ᠡᠭᠦᠳᠬᠦ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠦᠨ᠎ᠡ᠃ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠡᠨᠧᠷᠭᠢ ᠣᠯᠭᠤᠬᠤ ᠵᠢ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠬᠤ ᠠᠵᠢᠯᠯᠠᠭ᠎ᠠ ᠵᠢ ᠬᠡᠷᠡᠭᠵᠢᠭᠦᠯᠵᠦ᠂ 《ᠲᠠᠪᠤᠨ ᠠᠷᠪᠠ》 ᠵᠢᠨ ᠭᠤᠣᠯᠳᠠᠯᠭ᠎ᠠ᠎ᠲᠠᠢ ᠡᠭᠦᠷᠭᠡ ᠵᠢᠨ ᠲᠣᠭᠤᠷᠢᠨ᠎ᠳᠤ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ ᠵᠢᠨ ᠪᠠᠶᠠᠨᠨᠠᠭᠤᠷ᠎ᠤᠨ ᠰᠤᠳᠤᠯᠭ᠋ᠠᠨ᠎ᠤ ᠬᠦᠷᠢᠶᠡᠯᠡᠩ ᠵᠡᠷᠭᠡ ᠰᠢᠨ᠎ᠡ ᠵᠢ ᠡᠭᠦᠳᠬᠦ ᠲᠠᠪᠴᠠᠩ᠎ᠤᠨ ᠦᠢ᠍ᠯᠡᠳᠦᠯ᠎ᠢ ᠪᠠᠳᠠᠷᠠᠭᠤᠯᠵᠤ᠂ ᠬᠠᠲᠠᠭᠤ ᠪᠤᠭᠤᠳᠠᠢ᠂ ᠬᠠᠲᠤᠨ ᠭᠤᠣᠯ᠎ᠤᠨ ᠤᠰᠤ ᠵᠢ ᠲᠠᠲᠠᠵᠤ ᠳᠤᠰᠤᠯᠭ᠋ᠠᠨ ᠤᠰᠤᠯᠠᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠵᠢᠮᠢᠰ ᠨᠣᠭᠤᠭ᠎ᠠ ᠵᠢ ᠥᠨᠳᠥᠷ ᠪᠦᠲᠦᠮᠵᠢᠲᠡᠶ᠎ᠪᠠᠷ ᠳᠠᠷᠢᠬᠤ᠂ ᠠᠯᠠᠰᠢᠨ ᠬᠤᠨᠢ ᠵᠢ ᠥᠨᠳᠥᠷ ᠪᠦᠲᠦᠮᠵᠢᠲᠡᠶ᠎ᠪᠠᠷ ᠲᠡᠵᠢᠭᠡᠨ ᠦᠷᠡᠵᠢᠭᠦᠯᠬᠦ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ ᠲᠡᠭ ᠰᠢᠪᠲᠤᠯᠤᠯᠲᠠ ᠵᠢ ᠪᠡᠶᠡᠯᠡᠭᠦᠯᠵᠦ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ 100 ᠵᠢ ᠳᠠᠪᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠪᠠᠭ᠎ᠠ ᠠᠵᠤ ᠠᠬᠤᠶ᠋ᠢᠯᠠᠯ 120 ᠵᠢ ᠳᠠᠪᠠᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠰᠢᠪᠲᠤᠯᠤᠯᠲᠠ ᠵᠢᠨ ᠠᠵᠢᠯᠯᠠᠭ᠎ᠠ ᠵᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠡᠷᠭᠡᠵᠢᠯ᠎ᠢ ᠰᠢᠯᠵᠢᠭᠦᠯᠬᠦ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ 1 ᠰᠢᠨ᠎ᠡ᠎ᠪᠠᠷ ᠨᠡᠮᠡᠭᠳᠡᠭᠦᠯᠵᠦ᠂ ᠮᠡᠷᠭᠡᠵᠢᠯ᠎ᠤᠨ ᠠᠷᠠᠯᠵᠢᠶᠠᠨ᠎ᠤ ᠲᠤᠭ᠎ᠠ ᠬᠡᠮᠵᠢᠶ᠎ᠡ ᠪᠠ ᠠᠷᠠᠯᠵᠢᠶᠠᠨ᠎ᠤ ᠲᠤᠭ᠎ᠠ ᠬᠡᠮᠵᠢᠶ᠎ᠡ ᠵᠢ 20%᠎ᠠᠴᠠ ᠳᠡᠭᠡᠭᠰᠢ ᠨᠡᠮᠡᠭᠳᠡᠭᠦᠯᠦᠨ᠎ᠡ᠃
      (ᠬᠤᠶᠠᠷ) ᠭᠤᠣᠯᠳᠠᠯᠭ᠎ᠠ᠎ᠲᠠᠢ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ 4.0 ᠲᠥᠰᠦᠯ᠎ᠢ ᠲᠣᠭᠲᠠᠭ᠋ᠠᠨ ᠨᠡᠶ᠋ᠢᠲᠡᠯᠡᠵᠦ᠂ ᠪᠦᠬᠦ ᠨᠡᠶ᠋ᠢᠭᠡᠮ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠠᠬᠢᠭᠤᠯᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠡᠯᠧᠺᠳ᠋ᠷᠣᠨ ᠦᠨᠡᠮᠯᠡᠯ᠎ᠤᠨ ᠬᠡᠷᠡᠭᠯᠡᠭᠡᠨ᠎ᠤ ᠬᠡᠪᠴᠢᠶ᠎ᠡ ᠵᠢ ᠥᠷᠭᠡᠳᠬᠡᠨ᠂ ᠨᠠᠩ ᠣᠯᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ 《ᠦᠨᠡᠮᠯᠡᠯ᠎ᠠᠴᠠ ᠬᠡᠯᠲᠦᠷᠢᠭᠦᠯᠵᠦ ᠭᠦᠢ᠍ᠴᠡᠳᠬᠡᠬᠦ》 ᠵᠢ ᠪᠡᠶᠡᠯᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠣᠷᠣᠨ ᠪᠦᠰᠡ ᠠᠯᠤᠰᠯᠠᠨ ᠨᠡᠶ᠋ᠢᠳᠡᠮ ᠭᠦᠢ᠍ᠴᠡᠳᠬᠡᠬᠦ》 ᠴᠢᠨᠠᠷ ᠴᠢᠨᠰᠠᠭ᠎ᠠ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ 《ᠪᠠᠷᠢᠮᠵᠢᠶᠠᠲᠤ ᠭᠠᠵᠠᠷ》᠎ᠤᠨ ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠵᠤ᠂ ᠡᠯ᠎ᠡ ᠲᠥᠷᠥᠯ᠎ᠤᠨ ᠨᠡᠭᠡᠭᠡᠯᠲᠡ ᠵᠢᠨ ᠣᠷᠣᠨ᠎ᠤ ᠳᠣᠲᠣᠷ᠎ᠠ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ ᠪᠦᠬᠦᠨ᠎ᠢ 《ᠪᠠᠷᠢᠮᠵᠢᠶᠠᠲᠤ ᠭᠠᠵᠠᠷ》᠎ᠤᠨ ᠵᠠᠭᠪᠤᠷ ᠵᠶ᠋ᠠᠷ ᠬᠠᠩᠭ᠋ᠠᠬᠤ ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ᠎ᠤ ᠥᠭᠡᠷᠡᠴᠢᠯᠡᠯᠲᠡ ᠵᠢ ᠬᠦᠴᠦᠯᠡᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠭᠠᠵᠠᠷ ᠰᠢᠷᠣᠶ ᠳᠠᠭ᠋ᠠᠭ᠋ᠠᠴᠢᠯᠠᠨ ᠡᠵᠡᠩᠨᠡᠬᠦ ᠡᠷᠬᠡ ᠵᠢ ᠪᠦᠬᠦᠨ᠎ᠢ ᠦᠯᠦ ᠬᠥᠳᠡᠯᠬᠦ ᠬᠥᠷᠥᠩᠭᠡ ᠵᠢ ᠨᠢᠭᠡᠳᠦᠯᠲᠡᠶ ᠳᠠᠩᠰᠠᠯᠠᠨ ᠲᠡᠮᠳᠡᠭᠯᠡᠬᠦ᠎ᠳᠤ ᠣᠷᠣᠭᠤᠯᠬᠤ ᠬᠡᠷᠡᠭᠲᠡᠶ᠃ ᠤᠯᠤᠰ᠎ᠤᠨ ᠥᠮᠴᠢᠯᠡᠯᠲᠦ ᠠᠵᠤ ᠠᠬᠤᠶ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ ᠰᠠᠶ᠋ᠢᠵᠢᠷᠠᠭᠤᠯᠵᠤ᠂ ᠤᠯᠤᠰ᠎ᠤᠨ ᠥᠮᠴᠢᠯᠡᠯᠲᠦ ᠬᠥᠷᠥᠩᠭᠡ ᠵᠢᠨ ᠪᠠᠶ᠋ᠢᠷᠢᠰᠢᠭᠤᠯᠤᠯ᠎ᠢ ᠰᠢᠯᠢᠳᠡᠭᠵᠢᠭᠦᠯᠬᠦ ᠪᠠ ᠪᠦᠲᠦᠴᠡ ᠵᠢᠨ ᠲᠣᠬᠢᠷᠠᠭᠤᠯᠤᠯᠲᠠ ᠵᠢ ᠦᠷᠭᠦᠯᠵᠢᠯᠡᠨ ᠲᠦᠯᠬᠢᠨ ᠠᠬᠢᠭᠤᠯᠵᠤ᠂ ᠡᠵᠡᠩᠨᠡᠯᠲᠡ ᠵᠢᠨ ᠣᠷᠣᠯᠭ᠎ᠠ ᠵᠢ 50%᠎ᠠᠴᠠ ᠳᠡᠭᠡᠭᠰᠢ ᠨᠡᠮᠡᠭᠳᠡᠭᠦᠯᠦᠨ᠎ᠡ᠃
     (ᠭᠤᠷᠪᠠ) ᠨᠡᠭᠡᠭᠡᠯᠲᠡ ᠬᠢᠵᠦ ᠬᠠᠮᠲᠤᠷᠠᠯᠴᠠᠬᠤ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠦᠨ᠎ᠡ᠃ ᠤᠯᠠᠨ ᠤᠯᠤᠰ᠎ᠤᠨ ᠲᠤᠮᠤ ᠵᠠᠬ᠎ᠠ ᠳᠡᠯᠭᠡᠭᠦᠷ᠎ᠲᠠᠢ ᠢᠳᠡᠪᠬᠢᠲᠡᠢ ᠠᠭᠤᠰᠤᠯᠴᠠᠵᠤ᠂ 《ᠨᠢᠭᠡ ᠪᠦᠰᠡ ᠨᠢᠭᠡ ᠵᠠᠮ》᠂ ᠳᠤᠮᠳᠠᠳᠤ ᠮᠣᠩᠭᠤᠯ ᠣᠷᠣᠰ᠎ᠤᠨ ᠠᠵᠤ ᠠᠬᠤᠢ ᠵᠢᠨ ᠬᠤᠩᠬᠢᠯ᠎ᠤᠨ ᠪᠦᠳᠦᠭᠡᠨ ᠪᠠᠶ᠋ᠢᠭᠤᠯᠤᠯᠲᠠ᠎ᠳᠤ ᠭᠦᠨᠵᠡᠭᠡᠢ ᠣᠷᠣᠯᠴᠠᠨ᠎ᠠ᠃ ᠭᠠᠭᠴᠠᠮᠤᠳᠤ ᠬᠢᠯᠢ ᠵᠢᠨ ᠪᠣᠭᠤᠮᠲᠠ᠎ᠪᠠᠷ ᠥᠩᠭᠡᠷᠡᠬᠦ ᠪᠠᠷᠠᠭ᠎ᠠ ᠥᠩᠭᠡᠷᠡᠬᠦ ᠴᠢᠳᠠᠪᠤᠷᠢ ᠵᠢ ᠳᠡᠭᠡᠭᠰᠢᠯᠡᠭᠦᠯᠵᠦ᠂ ᠭᠠᠭᠴᠠᠮᠣᠳᠣ ᠬᠢᠯᠢ ᠵᠢᠨ ᠪᠣᠭᠤᠮᠲᠠ ᠵᠢᠨ ᠶᠡᠭᠡ ᠬᠥᠭᠦᠷᠭᠡ ᠵᠡᠷᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠬᠢᠯᠢ᠎ᠠᠴᠠ ᠭᠠᠷᠬᠤ ᠲᠡᠷᠭᠡ ᠬᠥᠰᠬᠡ ᠵᠢᠨ ᠦᠢ᠍ᠯᠡᠴᠢᠯᠡᠭᠡᠨ᠎ᠤ ᠲᠣᠭᠤᠷᠢᠭ (ᠬᠤᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ ᠵᠢᠨ ᠲᠣᠪᠴᠢᠶ᠎ᠠ) ᠨᠡᠭᠦᠷᠡᠰᠦᠨ᠎ᠤ ᠠᠷᠠᠯᠵᠢᠶᠠᠨ᠎ᠤ ᠲᠥᠪ᠂ ᠮᠣᠩᠭᠤᠯ ᠨᠡᠭᠦᠷᠡᠰᠦᠨ᠎ᠤ ᠵᠢᠭ᠋ᠠᠯᠲᠠ ᠲᠤᠭ᠎ᠠ ᠵᠢᠨ ᠲᠠᠪᠴᠠᠩ ᠵᠡᠷᠭᠡ ᠲᠥᠷᠥᠯ ᠵᠦᠢ᠍ᠯ᠎ᠤᠨ ᠠᠵᠢᠯ ᠡᠬᠢᠯᠡᠵᠦ᠂ ᠪᠣᠭᠤᠮᠲᠠ᠎ᠪᠠᠷ ᠥᠩᠭᠡᠷᠡᠬᠦ ᠪᠠᠷᠠᠭ᠋ᠠᠨ᠎ᠤ ᠬᠡᠮᠵᠢᠶ᠎ᠡ᠎ᠨᠢ ᠪᠦᠬᠦ ᠤᠯᠤᠰ᠎ᠤᠨ ᠬᠠᠭᠤᠷᠠᠶ ᠵᠠᠮ᠎ᠤᠨ ᠪᠣᠭᠤᠮᠲᠠ ᠵᠢ ᠦᠷᠭᠦᠯᠵᠢᠯᠡᠨ ᠳᠠᠭ᠋ᠠᠭᠤᠯᠤᠨ ᠭᠦᠶᠦᠪᠡ᠃ ᠰᠢᠨ᠎ᠡ ᠨᠢᠭᠡ ᠡᠭᠡᠯᠵᠢ ᠵᠢᠨ ᠭᠠᠳᠠᠭ᠋ᠠᠳᠤ ᠠᠷᠠᠯᠵᠢᠶᠠᠨ᠎ᠤ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠰᠠᠭᠤᠷᠢᠨ ᠭᠠᠵᠠᠷ᠎ᠢ ᠪᠤᠶ᠋ᠢᠵᠢᠭᠤᠯᠤᠨ ᠪᠦᠲᠦᠭᠡᠨ ᠪᠠᠶ᠋ᠢᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠣᠭᠴᠠᠵᠢᠭᠤᠯᠬᠤ ᠲᠤᠷᠰᠢᠯᠲᠠ ᠵᠢᠨ ᠰᠠᠭᠤᠷᠢᠨ ᠭᠠᠵᠠᠷ 2᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠣᠯᠠᠨ ᠨᠡᠶ᠋ᠢᠲᠡ ᠵᠢᠨ ᠭᠠᠳᠠᠭ᠋ᠠᠳᠤ ᠵᠢᠨ ᠬᠥᠮᠥᠷᠭᠡ 2᠎ᠢ ᠰᠢᠨ᠎ᠡ᠎ᠪᠠᠷ ᠨᠡᠮᠡᠭᠳᠡᠭᠦᠯᠵᠦ᠂ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠪᠣᠯᠤᠨ ᠮᠣᠩᠭᠤᠯ ᠤᠯᠤᠰ᠎ᠲᠤ ᠭᠠᠷᠭ᠋ᠠᠬᠤ ᠵᠢᠮᠢᠰ ᠨᠣᠭᠤᠭ᠎ᠠ ᠵᠢ ᠬᠡᠪᠰᠢᠭᠦᠯᠦᠨ ᠠᠵᠢᠯᠯᠠᠭᠤᠯᠬᠤ ᠵᠢ ᠠᠬᠢᠭᠤᠯᠵᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠠᠷᠠᠯᠵᠢᠶᠠᠨ᠎ᠤ ᠬᠡᠮᠵᠢᠶ᠎ᠡ ᠵᠢ 13%᠎ᠪᠠᠷ ᠨᠡᠮᠡᠭᠳᠡᠭᠦᠯᠬᠦ᠎ᠪᠠᠷ ᠴᠢᠷᠮᠠᠶ᠋ᠢᠨ᠎ᠠ᠃ ᠤᠯᠤᠰ᠎ᠤᠨ ᠳᠣᠲᠣᠭ᠋ᠠᠳᠤ ᠵᠢᠨ ᠲᠤᠮᠤ ᠵᠠᠬ᠎ᠠ ᠳᠡᠯᠭᠡᠭᠦᠷ᠎ᠲᠤ ᠭᠦᠨᠵᠡᠭᠡᠢ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠭᠡ ᠪᠤᠯᠤᠩ᠎ᠤᠨ ᠣᠷᠣᠨ ᠵᠡᠷᠭᠡ ᠭᠠᠵᠠᠷ ᠣᠷᠣᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠥᠭᠵᠢᠭᠰᠡᠨ ᠭᠠᠵᠠᠷ ᠣᠷᠣᠨ᠎ᠤ ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠢ ᠬᠦᠯᠢᠶᠡᠨ ᠠᠪᠴᠤ᠂ ᠠᠵᠤ ᠦᠢ᠍ᠯᠡᠰ᠎ᠤᠨ ᠬᠠᠷᠢᠯᠴᠠᠨ ᠨᠥᠬᠦᠪᠥᠷᠢᠯᠡᠬᠦ ᠬᠠᠮᠲᠤᠷᠠᠯᠴᠠᠭ᠎ᠠ ᠵᠢ ᠥᠷᠨᠢᠭᠦᠯᠵᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠵᠢ ᠴᠢᠷᠮᠠᠶ᠋ᠢᠨ ᠪᠡᠶᠡᠯᠡᠭᠦᠯᠦᠨ᠎ᠡ᠃
     ᠳᠥᠷᠪᠡ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ
     (ᠨᠢᠭᠡ) ᠣᠷᠴᠢᠨ ᠲᠣᠭᠤᠷᠢᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠯᠠᠪᠳᠠᠭᠤᠨ ᠪᠠᠲᠤᠲᠠᠢ ᠠᠬᠢᠭᠤᠯᠪᠠ᠃ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ᠂ ᠤᠯᠤᠰ᠎ᠤᠨ ᠠᠮᠢ ᠠᠬᠤᠶ ᠵᠢᠨ ᠣᠷᠴᠢᠨ ᠲᠣᠭᠤᠷᠢᠨ᠎ᠤ ᠰᠡᠷᠡᠮᠵᠢᠯᠡᠭᠦᠯᠬᠦ ᠺᠠᠷᠲ᠎ᠤᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠪᠡᠶᠡᠯᠡᠭᠦᠯᠦᠨ᠎ᠡ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠨ᠎ᠡ᠃ ᠪᠣᠯᠣᠳ ᠲᠡᠮᠦᠷ᠂ ᠬᠡᠤᠷᠰᠢᠭᠦᠯᠬᠦ ᠵᠡᠷᠭᠡ ᠠᠵᠢᠯ ᠲᠥᠷᠥᠯ᠎ᠤᠨ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠵᠤ᠂ ᠠᠭ᠋ᠠᠷ᠎ᠤᠨ ᠶᠠᠰᠤ ᠴᠢᠨᠠᠷ᠎ᠤᠨ ᠰᠢᠯᠢᠳᠡᠭ ᠨᠣᠷᠮ᠎ᠠ ᠵᠢ 87.1%᠎ᠠᠴᠠ ᠳᠡᠭᠡᠭᠰᠢ᠎ᠳᠤ ᠬᠦᠷᠦᠭᠦᠯᠦᠨ᠎ᠡ᠃ ᠤᠰᠤᠨ᠎ᠳᠤ ᠬᠤᠯᠪᠣᠭᠳᠠᠬᠤ ᠭᠤᠤᠯᠳᠠᠯᠭ᠎ᠠ᠎ᠲᠠᠢ ᠠᠵᠤ ᠠᠬᠤᠶ᠋ᠢᠯᠠᠯ ᠪᠠ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠲᠣᠭᠲᠠᠭᠤᠨ ᠵᠶ᠋ᠠᠷ ᠪᠠᠷᠢᠮᠵᠢᠶᠠᠨ᠎ᠳᠤ ᠬᠦᠷᠦᠭᠦᠯᠦᠨ ᠭᠠᠳᠠᠭᠰᠢᠯᠠᠭᠤᠯᠬᠤ ᠵᠢ ᠦᠨᠡᠨᠬᠦ ᠪᠠᠲᠤᠯᠠᠵᠤ᠂ ᠬᠠᠲᠤᠨ ᠭᠤᠤᠯ᠂ ᠶᠡᠷᠦᠩᠬᠡᠶ ᠤᠰᠤ ᠵᠠᠯᠠᠬᠤ ᠭᠤᠤᠯ ᠰᠤᠪᠠᠭ᠂ ᠤᠯᠠᠭ᠋ᠠᠨᠰᠤᠬᠠᠢ ᠵᠢᠨ ᠪᠣᠬᠢᠷᠲᠤᠯ ᠭᠠᠳᠠᠭᠰᠢᠯᠠᠭᠤᠯᠬᠤ ᠠᠮᠠ ᠵᠢ ᠴᠡᠭᠴᠡᠯᠡᠨ ᠵᠠᠰᠠᠬᠤ ᠡᠭᠦᠷᠭᠡ ᠵᠢᠨ 70%᠎ᠠᠴᠠ ᠳᠡᠭᠡᠭᠰᠢᠬᠢ ᠵᠢ ᠪᠡᠶᠡᠯᠡᠭᠦᠯᠵᠦ᠂ ᠭᠠᠵᠠᠷ᠎ᠤᠨ ᠭᠠᠳᠠᠷᠭᠤ ᠵᠢᠨ ᠤᠰᠤᠨ᠎ᠤ ᠴᠢᠨᠠᠷ᠎ᠢ Ⅲ ᠲᠥᠷᠥᠯ᠎ᠤᠨ ᠤᠰᠤᠨ ᠴᠣᠭᠴᠠ ᠵᠢᠨ ᠬᠠᠷᠢᠴᠠᠯ᠎ᠢ 25%᠎ᠠᠴᠠ ᠳᠡᠭᠡᠭᠰᠢ᠎ᠳᠤ ᠬᠦᠷᠦᠭᠦᠯᠬᠦ ᠪᠤᠶᠤ ᠰᠠᠶ᠋ᠢᠨ ᠪᠠᠶ᠋ᠢᠯᠭ᠋ᠠᠨ᠎ᠠ᠃ ᠬᠦᠨᠳᠦ ᠲᠡᠮᠦᠷᠯᠢᠭ᠎ᠲᠤ ᠬᠤᠯᠪᠣᠭᠳᠠᠭᠰᠠᠨ ᠠᠵᠤ ᠠᠬᠤᠶ᠋ᠢᠯᠠᠯ ᠪᠣᠯᠤᠨ ᠦᠯᠡᠳᠡᠭᠳᠡᠯ ᠬᠦᠳᠡᠷ᠎ᠤᠨ ᠬᠥᠮᠥᠷᠭᠡ ᠵᠢᠨ ᠣᠷᠴᠢᠨ ᠲᠣᠭᠤᠷᠢᠨ᠎ᠤ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠬᠤ ᠵᠢ ᠦᠷᠭᠦᠯᠵᠢᠯᠡᠨ ᠥᠷᠨᠢᠭᠦᠯᠵᠦ᠂ ᠪᠣᠬᠢᠷᠲᠤᠭᠰᠠᠨ ᠲᠠᠷᠢᠶᠠᠨ ᠭᠠᠵᠠᠷ᠎ᠢ ᠠᠮᠤᠷ ᠲᠦᠪᠰᠢᠨ ᠵᠶ᠋ᠠᠷ ᠠᠰᠢᠭᠯᠠᠬᠤ ᠬᠢᠷᠢ ᠬᠡᠮᠵᠢᠶ᠎ᠡ ᠵᠢ ᠪᠠᠬᠢᠵᠢᠭᠦᠯᠦᠨ ᠳᠡᠭᠡᠭᠰᠢᠯᠡᠭᠦᠯᠵᠦ᠂ ᠭᠤᠤᠯᠳᠠᠯᠭ᠎ᠠ᠎ᠲᠠᠢ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠠᠮᠤᠷ ᠲᠦᠪᠰᠢᠨ ᠵᠶ᠋ᠠᠷ ᠠᠰᠢᠭᠯᠠᠬᠤ ᠵᠢ ᠪᠦᠲᠦᠮᠵᠢᠲᠡᠶ ᠪᠠᠲᠤᠯᠠᠬᠤ ᠵᠢ ᠦᠨᠡᠨᠬᠦ ᠪᠠᠲᠤᠯᠠᠨ᠎ᠠ᠃
      (ᠬᠤᠶᠠᠷ) ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠪᠥᠬᠦ ᠲᠠᠯ᠎ᠠ᠎ᠪᠠᠷ ᠠᠬᠢᠭᠤᠯᠤᠨ᠎ᠠ᠃ ᠡᠨᠧᠷᠭᠢ ᠵᠢᠨ ᠬᠡᠷᠡᠭᠯᠡᠭᠡᠨ᠎ᠤ ᠶᠡᠷᠦᠩᠬᠡᠶ ᠬᠡᠮᠵᠢᠶ᠎ᠡ ᠪᠠ ᠬᠦᠴᠦᠯᠡᠴᠡ ᠵᠢᠨ ᠲᠣᠬᠢᠷᠠᠭᠤᠯᠤᠯᠲᠠ ᠵᠢ ᠦᠷᠭᠦᠯᠵᠢᠯᠡᠨ ᠡᠷᠡᠰ ᠬᠤᠷᠢᠭᠯᠠᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠶᠡᠷᠦᠩᠬᠡᠶ ᠬᠡᠮᠵᠢᠶ᠎ᠡ ᠪᠠ ᠬᠦᠴᠦᠯᠡᠴᠡ ᠵᠢᠨ 《ᠬᠤᠶᠠᠷ᠎ᠢ ᠬᠢᠵᠠᠭ᠋ᠠᠷᠯᠠᠬᠤ》 ᠲᠦᠷᠢᠮ ᠲᠡᠰᠢ ᠠᠯᠬᠤᠮ ᠠᠯᠬᠤᠮ ᠵᠶ᠋ᠠᠷ ᠰᠢᠯᠵᠢᠪᠡ᠃ ᠡᠯᠡᠰᠦ ᠮᠠᠩᠬ᠎ᠠ ᠵᠢ ᠰᠡᠷᠭᠡᠶ᠋ᠢᠯᠡᠨ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠴᠡᠨᠡᠭ᠎ᠤᠨ ᠨᠢᠭᠡ ᠴᠣᠭᠴᠠᠵᠢᠬᠤ ᠵᠢ ᠲᠦᠯᠬᠢᠨ ᠠᠬᠢᠭᠤᠯᠵᠤ᠂ ᠤᠯᠠᠭ᠋ᠠᠨᠪᠤᠬ᠎ᠠ ᠵᠢᠨ ᠡᠯᠡᠰᠦᠨ ᠴᠥᠯ᠎ᠤᠨ ᠵᠡᠭᠦᠨ ᠬᠤᠶ᠋ᠢᠲᠤ ᠬᠡᠰᠡᠭ᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠬᠤᠰᠢᠭᠤᠴᠢ ᠢᠨᠵᠧᠨᠧᠷᠢᠩ᠎ᠤᠨ 200 ᠲᠦᠮᠡᠨ ᠺᠢᠯᠣᠸᠠᠲ᠎ᠤᠨ ᠭᠡᠷᠡᠯ ᠴᠡᠨᠡᠭ᠂ ᠮᠧᠩ ᠨᠧᠩ 460 ᠲᠦᠮᠡᠨ ᠺᠢᠯᠣᠸᠠᠲ᠎ᠤᠨ ᠪᠠᠲᠤᠯᠠᠭ᠎ᠠ ᠵᠢᠨ ᠴᠢᠨᠠᠷᠲᠠᠶ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠴᠡᠨᠡᠭ᠂ ᠵᠢᠨᠨᠢᠤ ᠨᠡᠭᠦᠷᠡᠰᠦ ᠴᠠᠬᠢᠯᠭ᠋ᠠᠨ᠎ᠤ 14 ᠲᠦᠮᠡᠨ ᠺᠢᠯᠣᠸᠠᠲ᠎ᠤᠨ ᠢᠯᠴᠢ ᠵᠢᠨ ᠴᠠᠬᠢᠯᠭ᠋ᠠᠨ᠎ᠤ ᠠᠮᠢᠳᠤᠯᠢᠭ ᠥᠭᠡᠷᠡᠴᠢᠯᠡᠯᠲᠡ ᠵᠡᠷᠭᠡ ᠲᠥᠷᠥᠯ ᠵᠦᠢ᠍ᠯ᠎ᠢ ᠪᠠᠶ᠋ᠢᠭᠤᠯᠤᠨ ᠳᠠᠭᠤᠰᠬᠠᠵᠤ ᠲᠣᠤᠷ᠎ᠲᠤ ᠨᠡᠶ᠋ᠢᠯᠡᠭᠦᠯᠬᠦ ᠵᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ 683.8 ᠲᠦᠮᠡᠨ ᠺᠢᠯᠣᠸᠠᠲ ᠰᠢᠨ᠎ᠡ᠎ᠪᠠᠷ ᠨᠡᠮᠡᠭᠳᠡᠭᠦᠯᠬᠦ᠎ᠪᠠᠷ ᠴᠢᠷᠮᠠᠶ᠋ᠢᠵᠤ᠂ ᠰᠢᠨ᠎ᠡ ᠡᠨᠧᠷᠭᠢ ᠵᠢᠨ ᠳᠠᠬᠢᠨ ᠵᠶ᠋ᠠᠷ ᠨᠡᠮᠡᠭᠳᠡᠭᠦᠯᠬᠦ ᠬᠠᠷᠠᠯᠲᠠ ᠡᠭᠦᠷᠭᠡ ᠵᠢ ᠤᠷᠢᠳᠴᠢᠯᠠᠨ ᠪᠡᠶᠡᠯᠡᠭᠦᠯᠦᠨ᠎ᠡ᠃᠎ᠲᠠᠢ ᠶᠠᠩ ᠭᠧᠦ ᠵᠢᠨ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡ᠂ ᠰᠦᠵᠢ ᠵᠢᠨ ᠡᠯᠡᠰᠦᠷᠬᠡᠭ ᠭᠠᠵᠠᠷ᠎ᠤᠨ 200 ᠲᠦᠮᠡᠨ ᠺᠢᠯᠣᠸᠠᠲ᠎ᠤᠨ ᠭᠡᠷᠡᠯ ᠴᠡᠨᠡᠭ ᠵᠶ᠋ᠠᠷ ᠡᠯᠡᠰᠦ ᠵᠢ ᠵᠠᠰᠠᠬᠤ ᠵᠡᠷᠭᠡ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ ᠵᠢ ᠠᠬᠢᠭᠤᠯᠤᠨ᠎ᠠ᠃ ᠰᠢᠨ᠎ᠡ ᠡᠨᠧᠷᠭᠢ ᠵᠢᠨ ᠬᠡᠷᠡᠭᠯᠡᠭᠡᠨ᠎ᠤ ᠪᠠᠶ᠋ᠢᠳᠠᠯ᠎ᠢ ᠥᠷᠭᠡᠳᠬᠡᠵᠦ᠂ ᠨᠢᠭᠡ ᠪᠦᠯᠦᠭ ᠡᠬᠢ ᠰᠤᠷᠪᠤᠯᠵᠢ ᠵᠢ ᠴᠠᠬᠢᠯᠭ᠋ᠠᠨ ᠲᠣᠣᠷᠵᠢᠭᠤᠯᠤᠨ ᠨᠥᠭᠡᠴᠡᠯᠡᠬᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠪᠣᠬᠢᠷᠲᠤᠯ ᠦᠭᠡᠢ ᠴᠠᠬᠢᠯᠭ᠋ᠠᠨ ᠬᠠᠩᠭ᠋ᠠᠬᠤ ᠵᠡᠷᠭᠡ ᠵᠠᠬ᠎ᠠ ᠳᠡᠯᠭᠡᠭᠦᠷᠴᠢᠯᠡᠨ ᠰᠢᠩᠭᠡᠭᠡᠬᠦ ᠰᠢᠨ᠎ᠡ ᠡᠨᠧᠷᠭᠢ ᠵᠢᠨ ᠲᠦᠷᠦᠯ ᠵᠦᠢ᠍ᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠤᠰ ᠭᠠᠵᠠᠷ᠎ᠤᠨ ᠰᠢᠩᠭᠡᠭᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠣᠷᠴᠢᠯ ᠠᠵᠤ ᠠᠬᠤᠶ ᠵᠢ ᠶᠡᠬᠡᠪᠡᠷ ᠬᠥᠭᠵᠢᠭᠦᠯᠵᠦ᠂ ᠬᠠᠶᠠᠭᠳᠠᠮᠠᠯ ᠪᠣᠳᠠᠰ᠎ᠢ ᠡᠷᠭᠢᠯᠳᠦᠭᠦᠯᠦᠨ ᠠᠰᠢᠭᠯᠠᠬᠤ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠵᠤ᠂ ᠪᠤᠭᠤᠲᠤ ᠵᠢᠨ ᠪᠣᠯᠣᠳ ᠲᠡᠮᠦᠷ᠎ᠤᠨ ᠴᠢᠩ ᠬᠤᠸᠠ ᠤᠰᠤ ᠵᠢ ᠶᠡᠷᠦᠩᠬᠡᠶ᠋ᠢᠯᠡᠨ ᠠᠰᠢᠭᠯᠠᠬᠤ᠂ ᠠᠵᠤ ᠦᠢ᠍ᠯᠡᠳᠪᠦᠷᠢ ᠵᠢᠨ ᠬᠠᠲᠠᠭᠤ ᠠᠶᠤᠯᠲᠠᠢ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠡᠷᠭᠢᠯᠳᠦᠭᠦᠯᠬᠦ ᠠᠵᠤ ᠦᠢ᠍ᠯᠡᠰ (ᠨᠢᠭᠡᠳᠦᠭᠡᠷ ᠬᠤᠭᠤᠴᠠᠭ᠎ᠠ)) ᠽᠢ ᠵᠢᠨ ᠠᠭᠤᠷᠬᠠᠢ ᠵᠢᠨ ᠦᠢ᠍ᠯᠡᠰ᠎ᠤᠨ ᠰᠡᠶ᠋ᠢᠷᠡᠭ ᠤᠰᠤ ᠵᠢ ᠭᠠᠳᠠᠭᠰᠢᠯᠠᠭᠤᠯᠬᠤ ᠦᠭᠡᠢ ᠵᠡᠷᠭᠡ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃
     (ᠭᠤᠷᠪᠠ) ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠦᠷᠭᠦᠯᠵᠢᠯᠡᠨ ᠠᠬᠢᠭᠤᠯᠤᠨ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠬ᠍ᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ᠎ᠢ ᠳᠡᠭᠡᠭᠰᠢᠯᠡᠭᠦᠯᠦᠨ᠎ᠡ᠃ ᠬᠠᠲᠤᠨ ᠭᠤᠣᠯ᠎ᠤᠨ 《ᠲᠣᠬᠤᠢ》 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ 《ᠳ᠋ᠧᠩᠺᠸᠤ ᠵᠢᠨ ᠵᠠᠭᠪᠤᠷ》 ᠎ᠢ ᠳ᠋ᠦᠩᠨᠡᠨ ᠳᠡᠯᠭᠡᠷᠡᠭᠦᠯᠵᠦ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠥᠪᠵᠢᠭᠦᠯᠭᠡ ᠵᠢᠨ ᠲᠦᠷᠦᠯ ᠵᠦᠢ᠍ᠯ᠎ᠢ ᠡᠬᠢᠯᠡᠭᠦᠯᠦᠨ ᠬᠡᠷᠡᠭᠵᠢᠭᠦᠯᠵᠦ᠂ ᠪᠠᠷᠠᠭᠤᠨ ᠣᠷᠣᠨ᠎ᠤ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ᠂ ᠮᠤᠨᠢ ᠠᠭᠤᠯᠠ ᠵᠢᠨ ᠠᠷᠤ ᠬᠤᠷᠮᠣᠢ ᠵᠢᠨ ᠠᠮᠢ ᠠᠬᠤᠢ ᠵᠢ ᠶᠡᠷᠦᠩᠬᠡᠶ᠋ᠢᠯᠡᠨ ᠵᠠᠰᠠᠬᠤ ᠵᠡᠷᠭᠡ ᠭᠤᠣᠯᠳᠠᠯᠭ᠎ᠠ᠎ᠲᠠᠢ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠲᠠᠯᠠᠪᠠᠢ ᠵᠢ 200 ᠲᠦᠮᠡᠨ ᠮᠦ᠍᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠵᠠᠰᠠᠭᠰᠠᠨ ᠦᠷ᠎ᠡ ᠪᠦᠲᠦᠭᠡᠯ᠎ᠢ 100 ᠲᠦᠮᠡᠨ ᠮᠦ᠍᠎ᠠᠴᠠ ᠳᠡᠭᠡᠭᠰᠢ ᠪᠠᠬᠢᠵᠢᠭᠦᠯᠵᠦ᠂ ᠰᠢᠨᠬᠤᠸᠠ ᠤᠢ ᠰᠢᠭᠤᠢ ᠵᠢᠨ ᠲᠠᠯᠠᠪᠠᠢ ᠵᠢᠨ ᠪᠦᠬᠦ ᠤᠯᠤᠰ᠎ᠤᠨ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠲᠤᠷᠰᠢᠯᠲᠠ ᠵᠢᠨ ᠤᠢ ᠰᠢᠭᠤᠢ ᠵᠢᠨ ᠲᠠᠯᠠᠪᠠᠢ ᠲᠡᠰᠢ ᠤᠷᠤᠭᠰᠢᠯᠠᠬᠤ ᠵᠢ ᠠᠬᠢᠭᠤᠯᠤᠨ᠎ᠠ᠃ ᠲᠠᠷᠢᠶᠠᠯᠠᠩ᠎ᠤᠨ ᠤᠰᠤ ᠠᠷᠪᠢᠯᠠᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠵᠦ᠂ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠤ ᠵᠠᠰᠠᠯᠲᠠ ᠵᠢ ᠴᠢᠩᠭ᠋ᠠᠳᠬᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ᠂ ᠠᠶ᠋ᠢᠮᠠᠭ ᠬᠤᠲᠠ ᠵᠢᠨ ᠬᠤᠭᠤᠷᠣᠨᠳᠣᠬᠢ ᠤᠰᠤᠨ᠎ᠤ ᠡᠷᠬᠡ ᠵᠢ ᠰᠢᠯᠵᠢᠭᠦᠯᠦᠨ ᠥᠭᠬᠦ ᠬᠤᠶᠠᠳᠤᠭ᠋ᠠᠷ ᠬᠤᠭᠤᠴᠠᠭ᠎ᠠ ᠵᠡᠷᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠬᠡᠷᠡᠭᠵᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠯᠠᠪᠠᠶ ᠵᠢ 100 ᠲᠦᠮᠡᠨ ᠮᠥ᠍᠂ ᠲᠠᠷᠢᠶᠠᠯᠠᠩ᠎ᠤᠨ ᠤᠰᠤ ᠠᠷᠪᠢᠯᠠᠬᠤ ᠲᠠᠯᠠᠪᠠᠢ ᠵᠢ 1.46 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠃ ᠤᠯᠠᠭ᠋ᠠᠨᠰᠤᠬᠠᠢ ᠵᠢᠨ ᠬᠠᠮᠢᠶᠠᠷᠤᠯᠲᠠ ᠵᠢᠨ ᠪᠠᠶ᠋ᠢᠭᠤᠯᠤᠯ᠎ᠢ ᠰᠢᠯᠢᠳᠡᠭᠵᠢᠭᠦᠯᠵᠦ᠂ ᠵᠠᠰᠠᠯᠲᠠ ᠵᠢᠨ ᠮᠡᠷᠭᠡᠵᠢᠯ᠎ᠤᠨ ᠰᠤᠳᠤᠯᠭ᠋ᠠᠨ᠎ᠤ ᠪᠣᠭᠤᠮᠲᠠ ᠰᠢᠪᠲᠤᠯᠬᠤ ᠠᠵᠢᠯ᠎ᠢ ᠭᠦᠨᠵᠡᠭᠡᠢ ᠥᠷᠨᠢᠭᠦᠯᠵᠦ᠂ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠤᠯᠠᠭ᠋ᠠᠨᠰᠤᠬᠠᠢ ᠵᠢᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠵᠠᠰᠠᠯᠲᠠ ᠵᠢᠨ ᠲᠥᠯᠥᠪᠵᠢᠭᠦᠯᠭᠡ》 ᠵᠢᠨ ᠲᠥᠷᠥᠯ ᠵᠦᠢ᠍ᠯ᠎ᠳᠤ 3 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃ ᠬᠠᠲᠤᠨ ᠭᠤᠤᠯ᠎ᠤᠨ ᠦᠶᠡᠷ᠎ᠢ ᠰᠡᠷᠭᠡᠶ᠋ᠢᠯᠡᠬᠦ ᠭᠤᠷᠪᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠲᠦᠷᠭᠡᠳᠬᠡᠨ ᠠᠬᠢᠭᠤᠯᠵᠤ᠂ ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠬᠤ ᠠᠵᠢᠯ᠎ᠢ 140 ᠲᠡᠭᠰᠢ ᠳᠥᠷᠪᠡᠯᠵᠢᠨ ᠺᠢᠯᠣᠮᠧᠳ᠋ᠷ ᠬᠡᠷᠡᠭᠵᠢᠭᠦᠯᠦᠨ᠎ᠡ᠃ ᠬᠢᠮᠢ ᠵᠢᠨ ᠪᠣᠷᠳᠣᠭᠤᠷ᠂ ᠲᠠᠷᠢᠶᠠᠨ ᠡᠮ᠎ᠤᠨ ᠠᠰᠢᠭᠯᠠᠯᠲᠠ ᠵᠢᠨ ᠨᠣᠷᠮ᠎ᠠ ᠴᠥᠮ 42.5%᠎ᠳᠤ ᠬᠦᠷᠴᠦ᠂ ᠰᠦᠯᠢᠶᠣᠣ ᠪᠦᠷᠬᠦᠪᠴᠢ ᠵᠢᠨ ᠡᠭᠡᠭᠦᠯᠦᠨ ᠬᠤᠷᠢᠶᠠᠬᠤ ᠨᠣᠷᠮ᠎ᠠ ᠵᠢ 85%᠎ᠠᠴᠠ ᠳᠡᠭᠡᠭᠰᠢ᠎ᠳᠤ ᠲᠣᠭᠲᠠᠪᠤᠷᠢᠵᠢᠭᠤᠯᠵᠤ᠂ ᠡᠰᠢ ᠰᠦᠷᠡᠯ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠤᠨ ᠶᠡᠷᠦᠩᠬᠡᠶ᠋ᠢᠯᠡᠨ ᠠᠰᠢᠭᠯᠠᠬᠤ ᠨᠣᠷᠮ᠎ᠠ ᠵᠢ 91% ᠪᠠ 92%᠎ᠠᠴᠠ ᠳᠡᠭᠡᠭᠰᠢ᠎ᠳᠤ ᠲᠣᠭᠲᠠᠪᠤᠷᠢᠵᠢᠭᠤᠯᠤᠨ᠎ᠠ᠃
     ᠲᠠᠪᠤ᠂ ᠣᠯᠠᠨ ᠲᠦᠮᠡᠨ᠎ᠤ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠰᠠᠶ᠋ᠢᠵᠢᠷᠠᠭᠤᠯᠬᠤ ᠵᠢ ᠦᠷᠭᠦᠯᠵᠢᠯᠡᠨ ᠠᠬᠢᠭᠤᠯᠤᠨ᠎ᠠ
     (ᠨᠢᠭᠡ) ᠠᠵᠢᠯ ᠣᠯᠭᠤᠬᠤ ᠠᠵᠢᠯ᠎ᠤᠨ ᠪᠠᠶ᠋ᠢᠷᠢ ᠵᠢ ᠲᠣᠭᠲᠠᠭᠤᠨ ᠵᠶ᠋ᠠᠷ ᠥᠷᠭᠡᠳᠬᠡᠨ᠎ᠡ᠃ ᠭᠤᠣᠯᠳᠠᠯᠭ᠎ᠠ᠎ᠲᠠᠢ ᠬᠦᠮᠦᠰ᠎ᠤᠨ ᠠᠵᠢᠯ ᠣᠯᠭᠤᠯᠲᠠ ᠵᠢ ᠳᠡᠮᠵᠢᠬᠦ ᠰᠢᠰᠲ᠋ᠧᠮᠵᠢ ᠵᠢ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ ᠵᠡᠷᠭᠡ ᠬᠠᠮᠲᠤᠯᠢᠭ᠎ᠤᠨ ᠠᠵᠢᠯ ᠣᠯᠭᠤᠯᠲᠠ ᠵᠢ ᠭᠤᠣᠯᠳᠠᠯᠭ᠎ᠠ᠎ᠲᠠᠢ ᠰᠠᠶ᠋ᠢᠲᠤᠷ ᠠᠳᠬᠤᠵᠤ᠂ ᠶᠠᠳᠠᠭᠤ᠎ᠠᠴᠠ ᠠᠩᠭᠢᠵᠢᠷᠠᠭᠰᠠᠨ ᠭᠡᠷ ᠪᠦᠯᠢ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠭᠡᠷ ᠪᠦᠯᠢ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ᠂ ᠵᠡᠮᠳᠡᠭᠴᠦᠳ ᠵᠡᠷᠭᠡ ᠬᠦᠴᠢᠷᠳᠡᠯᠲᠡᠢ ᠬᠥᠮᠦᠰ᠎ᠤᠨ ᠠᠵᠢᠯ ᠣᠯᠵᠤ ᠦᠨᠳᠦᠰᠦᠨ ᠵᠦᠢ᠍ᠯ᠎ᠢ ᠪᠠᠲᠤᠯᠠᠨ ᠲᠡᠳᠬᠦᠬᠦ ᠵᠢ ᠴᠢᠩᠭ᠋ᠠᠳᠬᠠᠨ᠎ᠠ᠃ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠤᠯᠲᠠ ᠵᠢ ᠳᠠᠶ᠋ᠢᠴᠢᠯᠠᠬᠤ ᠵᠢ ᠠᠬᠢᠭᠤᠯᠵᠤ᠂ ᠰᠢᠨ᠎ᠡ ᠨᠢᠭᠡ ᠡᠭᠡᠯᠵᠢ ᠵᠢᠨ 《ᠠᠳᠠᠯ ᠦᠢ᠍ᠯᠡᠰ ᠴᠣᠭᠴᠠᠯᠠᠬᠤ ᠥᠪᠥᠷ ᠮᠣᠩᠭᠤᠯ》 ᠵᠶ᠋ᠠᠷ ᠭᠠᠷᠳᠠᠴᠠ ᠪᠣᠯᠭ᠋ᠠᠨ᠂ ᠠᠳᠠᠯ ᠦᠢ᠍ᠯᠡᠰ ᠴᠣᠭᠴᠠᠯᠠᠬᠤ ᠬᠦᠷᠢᠶᠡᠯᠡᠩ (ᠪᠤᠶ᠋ᠢᠵᠢᠭᠤᠯᠬᠤ ᠰᠠᠭᠤᠷᠢᠨ ᠭᠠᠵᠠᠷ)᠎ᠢ ᠴᠢᠩᠭ᠋ᠠᠳᠬᠠᠨ᠎ᠠ᠃) ᠪᠦᠲᠦᠭᠡᠨ ᠪᠠᠶ᠋ᠢᠭᠤᠯᠤᠯᠲᠠ᠃ ᠠᠵᠢᠯ ᠣᠯᠭᠤᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠦᠨ᠂ ᠠᠵᠢᠯ ᠣᠯᠭᠤᠬᠤ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠥᠷᠭᠡᠳᠬᠡᠬᠦ ᠢᠨᠵᠧᠨᠧᠷᠢᠩ᠎ᠢ ᠬᠡᠷᠡᠭᠵᠢᠭᠦᠯᠵᠦ᠂ ᠬᠤᠲᠠ ᠪᠠᠯᠭ᠋ᠠᠰᠤᠨ᠎ᠳᠤ 7000 ᠬᠥᠮᠦᠨ᠎ᠳᠤ ᠰᠢᠨ᠎ᠡ᠎ᠪᠠᠷ ᠠᠵᠢᠯ ᠣᠯᠭᠤᠵᠤ᠂ ᠲᠠᠷᠢᠶᠠᠯᠠᠬᠤ ᠮᠠᠯᠵᠢᠬᠤ ᠣᠷᠣᠨ᠎ᠤ 11.9 ᠲᠦᠮᠡᠨ ᠬᠥᠳᠡᠯᠮᠦᠷᠢ ᠬᠦᠴᠦᠨ᠎ᠢ ᠰᠢᠯᠵᠢᠭᠦᠯᠦᠨ ᠠᠵᠢᠯ ᠣᠯᠭᠤᠨ᠎ᠠ᠃
     (ᠬᠤᠶᠠᠷ) ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠪᠦᠬᠦ ᠠᠷᠠᠳ᠎ᠢ ᠬᠠᠮᠤᠷᠤᠭᠰᠠᠨ᠂ ᠬᠤᠲᠠ ᠬᠥᠳᠡᠭᠡ ᠵᠢ ᠨᠢᠭᠡᠳᠦᠯᠲᠡᠢ ᠲᠥᠯᠥᠪᠵᠢᠭᠦᠯᠦᠭᠰᠡᠨ᠂ ᠲᠥᠪ ᠭᠤᠣᠯᠴᠢ ᠨᠢᠭᠡᠳᠦᠯᠲᠡᠢ᠂ ᠠᠮᠤᠷ ᠲᠥᠪᠰᠢᠨ ᠵᠢᠷᠤᠮᠵᠢᠭᠤᠨ᠂ ᠦᠷᠭᠦᠯᠵᠢᠯᠡᠬᠦ ᠴᠢᠨᠠᠷᠲᠠᠢ ᠣᠯᠠᠨ ᠳᠡᠰ ᠳᠠᠪᠬᠤᠷᠭ᠎ᠠ ᠪᠦᠬᠦᠢ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠰᠢᠪᠲᠤᠯᠤᠯᠲᠠ ᠵᠢᠨ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠠᠮᠢᠳᠤᠯᠢᠭ ᠵᠶ᠋ᠠᠷ ᠠᠵᠢᠯ ᠣᠯᠤᠭᠰᠠᠳ ᠵᠡᠷᠭᠡ ᠬᠠᠮᠲᠤᠯᠢᠭ ᠵᠶ᠋ᠠᠷ ᠭᠤᠣᠯᠳᠠᠯᠭ᠎ᠠ ᠪᠣᠯᠭ᠋ᠠᠨ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠳᠠᠭ᠋ᠠᠳᠬᠠᠯ᠎ᠤᠨ ᠪᠦᠬᠦ ᠤᠯᠤᠰ᠎ᠤᠨ ᠨᠢᠭᠡᠳᠦᠯᠲᠡᠢ ᠲᠥᠯᠥᠪᠯᠡᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠥᠨ᠎ᠤ ᠲᠤᠭ᠎ᠠ ᠵᠢ 2 ᠲᠦᠮᠡ᠎ᠠᠴᠠ ᠳᠡᠭᠡᠭᠰᠢ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠥᠨ᠎ᠤ ᠲᠤᠭ᠎ᠠ ᠵᠢ 3000 ᠭᠠᠷᠤᠢ ᠬᠥᠮᠥᠨ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠃ ᠰᠢᠨ᠎ᠡ ᠡᠵᠡᠩᠨᠡᠯᠳᠡ ᠵᠢᠨ ᠪᠠᠶ᠋ᠢᠳᠡᠯ᠎ᠤᠨ ᠬᠦᠳᠡᠯᠮᠦᠷᠢᠴᠢᠨ᠂ ᠠᠯᠪᠠᠡ ᠵᠢᠷᠦᠮ᠎ᠤᠨ ᠰᠣᠷᠭ᠋ᠠᠨ ᠬᠦᠮᠦᠵᠢᠯ᠎ᠤᠨ ᠱᠠᠳᠣ ᠦᠶ᠎ᠠ ᠵᠢᠨ ᠰᠣᠷᠣᠠᠠᠴᠢᠳ ᠪᠤᠯᠥᠨ ᠰᠣᠷᠭ᠋ᠠᠭᠤᠯᠢ᠎ᠳᠤ ᠪᠠᠶ᠋ᠢᠭ᠎ᠠ ᠰᠣᠷᠣᠠᠠᠴᠢᠳ ᠵᠡᠷᠭᠡ ᠭᠤᠤᠯᠳᠡᠯᠭ᠎ᠠ᠎ᠲᠠᠢ ᠬᠦᠮᠦᠰ᠎ᠲᠤ ᠳᠥᠪᠯᠡᠷᠡᠬᠦᠯᠥᠨ᠂ ᠦᠨᠳᠣᠰᠣᠡ ᠡᠮᠴᠢᠯᠡᠭᠡᠨ᠎ᠤ ᠲᠠᠭ᠋ᠠᠳᠬᠠᠯ᠎ᠳᠤ ᠣᠷᠣᠯᠴᠠᠬᠤ ᠨᠣᠷᠮ᠎ᠠ ᠵᠢ 95%᠎ᠠᠴᠠ ᠳᠡᠭᠡᠭᠰᠢ᠎ᠳᠤ ᠲᠣᠠᠠᠳᠠᠭᠤᠨ ᠪᠠᠶ᠋ᠢᠯᠭ᠋ᠠᠬᠤ ᠵᠢ ᠦᠨᠡᠨᠬᠦ ᠪᠠᠳᠣᠯᠠᠨ᠎ᠠ᠃ ᠳᠡᠰ ᠳᠠᠪᠬᠤᠷᠭ᠎ᠠ ᠲᠥᠷᠥᠯ ᠬᠤᠪᠢᠶᠠᠭᠰᠠᠨ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠦᠨᠡᠨᠬᠦ ᠪᠠᠲᠤᠯᠠᠨ᠎ᠠ᠃ ᠬᠤᠰᠢᠭᠤ ᠰᠢᠶᠠᠨ᠎ᠤ ᠱᠠᠲᠤᠨ᠎ᠤ ᠨᠠᠰᠤᠨ᠎ᠳᠤ ᠥᠯᠥ ᠭᠦᠷᠦᠭᠰᠡᠳ᠎ᠢ ᠠᠪᠤᠷᠠᠨ ᠲᠤᠰᠠᠯᠠᠵᠤ ᠬᠠᠮᠠᠭ᠋ᠠᠯᠠᠬᠤ ᠪᠠᠶ᠋ᠢᠭᠤᠯᠤᠮᠵᠢ ᠵᠢᠨ ᠳᠤᠲᠠᠭᠤᠳᠠᠯ᠎ᠢ ᠨᠥᠬᠦᠪᠥᠷᠢᠯᠡᠬᠦ ᠵᠢ ᠠᠬᠢᠭᠤᠯᠵᠤ᠂ ᠬᠡᠤᠬᠡᠳ᠎ᠤᠨ ᠠᠰᠠᠷᠠᠮᠵᠢ ᠪᠠ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠶᠠᠰᠤ ᠴᠢᠨᠠᠷ᠎ᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃
    (ᠭᠤᠷᠪᠠ) ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠦᠨ᠎ᠡ᠃ ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠯᠢᠨ ᠾᠧ ᠲᠣᠭᠤᠷᠢᠭ᠎ᠨᠢ ᠤᠯᠤᠰ᠎ᠤᠨ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠶ ᠲᠡᠩᠴᠡᠭᠦᠷᠢᠲᠡᠶ ᠬᠥᠭᠵᠢᠯᠲᠡ ᠵᠢᠨ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠵᠦ᠂ ᠬᠤᠲᠠ ᠵᠢᠨ ᠳᠥᠷᠪᠡᠳᠦᠭᠡᠷ ᠳᠤᠮᠳᠠᠳᠤ ᠰᠤᠷᠭ᠋ᠠᠭᠤᠯᠢ᠂ ᠬᠤᠲᠠ ᠵᠢᠨ ᠳᠥᠷᠪᠡᠳᠦᠭᠡᠷ ᠪᠠᠭ᠎ᠠ ᠰᠤᠷᠭ᠋ᠠᠭᠤᠯᠢ᠂ ᠬᠤᠲᠠ ᠵᠢᠨ ᠳᠥᠷᠪᠡᠳᠦᠭᠡᠷ ᠬᠡᠤᠬᠡᠳ᠎ᠤᠨ ᠴᠡᠴᠡᠷᠯᠢᠭ᠂ ᠲᠤᠷᠰᠢᠯᠲᠠ ᠵᠢᠨ ᠪᠠᠭ᠎ᠠ ᠰᠤᠷᠭ᠋ᠠᠭᠤᠯᠢ ᠵᠢᠨ ᠮᠢᠩ ᠵᠦ᠍ ᠰᠤᠷᠭ᠋ᠠᠭᠤᠯᠢ ᠵᠢᠨ ᠲᠣᠭᠤᠷᠢᠭ᠎ᠢ ᠪᠠᠶ᠋ᠢᠭᠤᠯᠵᠤ᠂ 4020 ᠡᠷᠳᠡᠮ᠎ᠤᠨ ᠴᠣᠯᠠ ᠰᠢᠨ᠎ᠡ᠎ᠪᠠᠷ ᠨᠡᠮᠡᠭᠳᠡᠭᠦᠯᠪᠡ᠃ ᠪᠠᠶᠠᠨᠨᠠᠭᠤᠷ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ ᠢᠳᠡᠪᠬᠢᠲᠡᠶ ᠪᠠᠶ᠋ᠢᠭᠤᠯᠵᠤ᠂ ᠪᠣᠷᠣᠲᠣᠬᠤᠶ ᠳᠡᠭᠡᠳᠦ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠮᠠᠰᠲ᠋ᠧᠷ᠎ᠤᠨ ᠡᠷᠬᠡ ᠣᠯᠭᠤᠬᠤ ᠴᠡᠭ ᠭᠤᠶᠤᠴᠢᠯᠠᠬᠤ ᠵᠢ ᠳᠡᠮᠵᠢᠨ᠎ᠡ᠃ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠥᠭᠡᠷᠡᠴᠢᠯᠡᠯᠲᠡ ᠵᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠬᠢᠴᠢᠶᠡᠯ ᠰᠣᠩᠭᠤᠨ ᠠᠩᠭᠢ ᠠᠯᠬᠤᠬᠤ᠎ᠳᠤ ᠵᠢᠭ᠋ᠠᠨ ᠰᠤᠷᠭ᠋ᠠᠯᠲᠠ ᠵᠢᠨ ᠬᠠᠮᠢᠶᠠᠷᠤᠯᠲᠠ ᠵᠢᠨ ᠲᠣᠭᠲᠠᠴᠠ ᠵᠢ ᠬᠡᠷᠡᠭᠵᠢᠭᠦᠯᠦᠨ᠎ᠡ᠃ ᠪᠠᠭᠰᠢ ᠡᠯᠰᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠵᠢᠯ᠎ᠤᠨ ᠳᠣᠲᠣᠷ᠎ᠠ 718 ᠪᠠᠭᠰᠢ ᠡᠯᠰᠡᠪᠡ᠃ ᠡᠮᠴᠢᠯᠡᠭᠡ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠵᠦ᠂ ᠪᠡᠭᠡᠵᠢᠩ᠎ᠤᠨ ᠬᠢᠲᠠᠳ ᠡᠮᠨᠡᠯᠭᠡ ᠵᠢᠨ ᠬᠤᠷᠢᠶᠠᠨ᠎ᠤ ᠥᠪᠥᠷ ᠮᠣᠩᠭᠤᠯ᠎ᠤᠨ ᠡᠮᠨᠡᠯᠭᠡ ᠵᠢᠨ ᠬᠤᠷᠢᠶ᠎ᠠ ᠵᠢ ᠪᠠᠶ᠋ᠢᠭᠤᠯᠵᠤ ᠠᠰᠢᠭᠯᠠᠯᠲᠠ᠎ᠳᠤ ᠣᠷᠤᠭᠤᠯᠤᠭ᠋ᠠᠳ᠂ 70%᠎ᠠᠴᠠ ᠳᠡᠭᠡᠭᠰᠢᠬᠢ ᠰᠣᠮᠤ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠤᠷᠢᠶ᠎ᠠ (ᠨᠡᠶ᠋ᠢᠭᠡᠮ ᠲᠣᠭᠤᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ) ᠦᠢ᠍ᠯᠡᠴᠢᠯᠡᠭᠡᠨ᠎ᠤ ᠴᠢᠳᠠᠪᠤᠷᠢ ᠤᠯᠤᠰ᠎ᠤᠨ ᠦᠨᠳᠦᠰᠦᠨ ᠪᠠᠷᠢᠮᠵᠢᠶ᠎ᠠ᠎ᠳᠤ ᠬᠦᠷᠦᠭᠰᠡᠨ ᠪᠠᠶ᠋ᠢᠬᠤ ᠬᠡᠷᠡᠭᠲᠡᠢ᠃ 《ᠨᠠᠰᠤᠲᠠᠶ᠋ᠢᠴᠤᠳ ᠪᠠ ᠨᠢᠯᠬᠠᠰ》᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠵᠦ᠂ ᠪᠠᠩᠬᠢ ᠪᠠ ᠨᠡᠶ᠋ᠢᠭᠡᠮ ᠲᠣᠭᠤᠷᠢᠭ᠎ᠤᠨ ᠨᠠᠰᠤᠵᠢᠯ᠎ᠤᠨ ᠦᠨᠳᠦᠰᠦᠨ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠣᠯᠠᠨ ᠡᠰᠢᠵᠢᠭᠰᠡᠨ ᠪᠡᠶᠡᠴᠢ ᠴᠣᠭᠴᠠ ᠵᠢ ᠬᠥᠲᠥᠯᠦᠨ ᠵᠢᠯᠣᠭᠤᠳᠴᠤ ᠪᠠᠶ᠋ᠢᠭ᠋ᠠᠳ ᠨᠡᠶ᠋ᠢᠭᠡᠮ ᠲᠣᠭᠤᠷᠢᠭ᠎ᠤᠨ ᠬᠡᠷ᠎ᠲᠡᠭᠡᠨ ᠰᠠᠭᠤᠬᠤ ᠨᠠᠰᠤᠵᠢᠯ᠎ᠤᠨ ᠦᠢ᠍ᠯᠡᠴᠢᠯᠡᠭᠡ᠎ᠳᠤ ᠣᠷᠣᠯᠴᠠᠭᠤᠯᠤᠨ᠎ᠠ᠃ ᠬᠡᠤᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠡᠤᠬᠡᠳ ᠰᠠᠭ᠋ᠠᠲᠠᠭᠤᠯᠬᠤ ᠪᠠᠶ᠋ᠢᠭᠤᠯᠤᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠵᠢᠷᠤᠮᠵᠢᠭᠤᠯᠤᠨ ᠳᠡᠭᠡᠭᠰᠢᠯᠡᠭᠦᠯᠦᠨ᠎ᠡ᠃ ᠤᠮᠠᠷᠠᠲᠤ ᠬᠢᠯᠢ ᠵᠢᠨ ᠰᠣᠶᠣᠯ᠎ᠢ ᠶᠡᠬᠡᠪᠡᠷ ᠤᠯᠠᠮᠵᠢᠯᠠᠨ ᠵᠠᠯᠭ᠋ᠠᠮᠵᠢᠯᠠᠵᠤ᠂ ᠪᠣᠷᠣᠲᠣᠬᠤᠶ ᠵᠢᠨ ᠰᠣᠶᠣᠯ᠎ᠤᠨ ᠰᠤᠳᠤᠯᠤᠨ ᠲᠣᠳᠣᠷᠬᠠᠶ᠋ᠢᠯᠠᠨ ᠥᠭᠦᠯᠡᠬᠦ᠂ ᠤᠬᠠᠭᠤᠯᠤᠨ ᠳᠡᠯᠭᠡᠷᠡᠭᠦᠯᠬᠦ᠂ ᠰᠣᠳᠣᠨ ᠪᠦᠲᠦᠭᠡᠯ ᠪᠦᠲᠦᠭᠡᠬᠦ᠂ ᠥᠪ᠎ᠢ ᠬᠠᠮᠠᠭ᠋ᠠᠯᠠᠬᠤ᠂ ᠰᠡᠳᠬᠢᠯ᠎ᠢ ᠳᠤᠯᠠᠭ᠋ᠠᠴᠠᠭᠤᠯᠤᠨ ᠠᠷᠠᠳ᠎ᠲᠤ ᠠᠰᠢᠭ ᠬᠦᠷᠲᠡᠭᠡᠬᠦ᠂ ᠰᠣᠶᠣᠯ᠎ᠢ ᠠᠭᠤᠰᠤᠯᠴᠠᠭᠤᠯᠬᠤ 《ᠵᠢᠷᠭᠤᠭ᠋ᠠᠨ ᠶᠡᠭᠡ ᠢᠨᠵᠧᠨᠧᠷᠢᠩ》᠎ᠢ ᠭᠦᠨᠵᠡᠭᠡᠶ ᠬᠡᠷᠡᠭᠵᠢᠭᠦᠯᠵᠦ᠂ ᠮᠤᠨᠢ ᠠᠭᠤᠯᠠ ᠵᠢᠨ ᠬᠠᠳᠠᠨ ᠵᠢᠷᠤᠭ᠎ᠤᠨ ᠲᠣᠭ᠋ᠠᠵᠢᠭᠤᠯᠤᠨ ᠳᠡᠯᠭᠡᠨ ᠦᠵᠡᠭᠦᠯᠬᠦ ᠪᠠ ᠴᠢᠨ ᠬᠠᠨ ᠤᠯᠤᠰ᠎ᠤᠨ ᠣᠷᠳᠣ ᠴᠠᠭ᠋ᠠᠨ ᠬᠡᠷᠡᠮ᠎ᠤᠨ ᠬᠠᠯᠬᠠᠪᠴᠢ ᠬᠤᠲᠠ ᠵᠢᠨ ᠬᠠᠮᠠᠭ᠋ᠠᠯᠠᠯᠲᠠ ᠵᠡᠷᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠵᠢᠨ ᠳᠤᠲᠠᠭᠤᠳᠠᠯ᠎ᠢ ᠨᠥᠬᠦᠪᠥᠷᠢᠯᠡᠬᠦ ᠢᠨᠵᠧᠨᠧᠷᠢᠩ᠎ᠢ ᠬᠡᠷᠡᠭᠵᠢᠭᠦᠯᠵᠦ᠂ ᠬᠠᠩᠭᠢᠨ ᠬᠤᠶ᠋ᠢᠲᠤ ᠬᠤᠰᠢᠭᠤᠨ᠎ᠤ ᠪᠡᠶ᠎ᠡ ᠵᠢᠨ ᠲᠠᠮᠢᠷ᠎ᠤᠨ ᠴᠡᠴᠡᠷᠯᠢᠭ᠂ ᠯᠢᠨ ᠾᠧ ᠲᠣᠭᠤᠷᠢᠭ᠎ᠤᠨ ᠪᠡᠶ᠎ᠡ ᠵᠢᠨ ᠲᠠᠮᠢᠷ᠎ᠤᠨ ᠴᠡᠴᠡᠷᠯᠢᠭ᠎ᠢ ᠪᠠᠶ᠋ᠢᠭᠤᠯᠵᠤ᠂ ᠤᠷᠠᠳ᠎ᠤᠨ ᠳᠤᠮᠳᠠᠳᠤ ᠬᠤᠰᠢᠭᠤᠨ᠎ᠤ ᠰᠢᠶᠠᠩ ᠪᠠᠯᠭ᠋ᠠᠰᠤᠨ᠎ᠤ ᠲᠠᠰ᠎ᠤᠨ ᠵᠢᠵᠢᠭ ᠬᠡᠯᠪᠡᠷᠢ ᠵᠢᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠢ ᠪᠦᠬᠦᠨ᠎ᠢ ᠬᠠᠮᠤᠷᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠲᠡᠭᠡᠭᠡᠪᠦᠷᠢ》 ᠵᠢ ᠭᠤᠶᠤᠴᠢᠯᠠᠨ ᠡᠷᠬᠢᠯᠡᠬᠦ ᠠᠵᠢᠯ᠎ᠢ ᠡᠬᠢᠯᠡᠭᠦᠯᠦᠨ᠎ᠡ᠃
      (ᠲᠦᠷᠪᠡ) ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠦᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢ ᠡᠯ᠎ᠡ ᠵᠦᠢ᠍ᠯ᠎ᠤᠨ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ 《ᠳᠤᠯᠤᠭ᠎ᠠ ᠵᠢ ᠵᠢᠱ᠌ᠢᠶᠡᠴᠢ ᠪᠣᠯᠭ᠋ᠠᠬᠤ》 ᠬᠠᠷᠠᠯᠲᠠ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠭᠤᠷᠪᠠᠨ ᠵᠦᠢ᠍ᠯ᠎ᠤᠨ ᠲᠥᠯᠥᠪᠯᠡᠭᠡ》 ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠤᠳᠠ ᠵᠢ ᠢᠳᠡᠪᠬᠢᠲᠡᠢ ᠡᠭᠦᠳᠦᠨ ᠪᠠᠶ᠋ᠢᠭᠤᠯᠤᠨ᠎ᠠ᠃ ᠣᠷᠣᠨ ᠨᠤᠲᠤᠭ᠎ᠤᠨ ᠥᠷᠢ ᠥᠭᠴᠡᠭᠡ ᠵᠢ ᠠᠷᠢᠯᠭ᠋ᠠᠬᠤ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠡᠳ᠋᠎ᠤᠨ ᠵᠠᠰᠠᠭ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠣᠨ᠎ᠤ ᠥᠷᠢ ᠥᠭᠴᠡᠭᠡ ᠵᠢ ᠠᠷᠢᠯᠭ᠋ᠠᠬᠤ ᠡᠭᠦᠷᠭᠡ᠎ᠪᠠᠨ ᠪᠡᠶᠡᠯᠡᠭᠦᠯᠬᠦ ᠵᠢ ᠦᠨᠡᠨᠬᠦ ᠪᠠᠲᠤᠯᠠᠨ᠎ᠠ᠃ ᠰᠢᠰᠲ᠋ᠧᠮ᠎ᠤᠨ ᠴᠢᠨᠠᠷᠲᠠᠶ ᠲᠦᠭᠰᠢᠭᠦᠷᠢ ᠦᠯᠦ ᠭᠠᠷᠭ᠋ᠠᠬᠤ ᠬᠤᠷᠢᠭ᠎ᠠ ᠱᠤᠭᠤᠮ᠎ᠢ ᠪᠠᠲᠤ ᠰᠠᠬᠢᠵᠤ᠂ ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠤ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠵᠢᠷᠤᠮᠵᠢᠭᠤᠨ ᠬᠥᠭᠵᠢᠬᠦ ᠵᠢ ᠠᠬᠢᠭᠤᠯᠵᠤ᠂ ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠢᠳᠡᠪᠬᠢᠲᠡᠢ ᠰᠡᠷᠭᠡᠶ᠋ᠢᠯᠡᠨ ᠠᠷᠢᠯᠭ᠋ᠠᠨ᠎ᠠ᠃ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦᠨ᠎ᠠᠴᠠ᠎ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠵᠢᠨ ᠪᠣᠳᠠᠰ᠂ ᠵᠠᠮ ᠬᠠᠷᠢᠯᠴᠠᠭ᠎ᠠ᠂ ᠪᠠᠷᠢᠯᠭ᠎ᠠ ᠵᠢᠨ ᠠᠵᠢᠯ ᠵᠡᠷᠭᠡ ᠭᠤᠣᠯᠳᠠᠯᠭ᠎ᠠ᠎ᠲᠠᠢ ᠠᠵᠢᠯ ᠲᠦᠷᠦᠯ᠎ᠤᠨ ᠬᠦᠷᠢᠶᠡᠨ᠎ᠤ ᠠᠮᠤᠷ ᠲᠦᠪᠰᠢᠨ᠎ᠤ ᠲᠤᠰᠬᠠᠢ ᠴᠡᠭᠴᠡᠯᠡᠨ ᠵᠠᠰᠠᠯᠲᠠ ᠵᠢ ᠴᠢᠩᠭ᠋ᠠᠳᠬᠠᠨ᠎ᠠ᠃ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠵᠦ ᠭᠠᠯ ᠤᠨᠲᠠᠷᠠᠭ᠋ᠠᠬᠤ ᠵᠡᠷᠭᠡ ᠠᠵᠢᠯ᠎ᠢ ᠰᠠᠶ᠋ᠢᠲᠤᠷ ᠬᠢᠵᠦ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃
     2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ᠎ᠳᠤ ᠡᠭᠦᠷᠭᠡ ᠬᠠᠲᠠᠭᠤ ᠪᠡᠷᠬᠡ᠂ ᠴᠢᠬᠤᠯᠠ ᠶᠡᠭᠡ ᠠᠴᠢ ᠬᠤᠯᠪᠣᠭᠳᠠᠯ᠎ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠬᠤᠳᠠ ᠵᠢᠨ ᠨᠠᠮ᠎ᠤᠨ ᠬᠤᠷᠢᠶ᠎ᠠ᠂ ᠬᠤᠳᠠ ᠵᠢᠨ ᠵᠠᠰᠠᠭ᠎ᠤᠨ ᠣᠷᠳᠣᠨ᠎ᠤ ᠠᠵᠢᠯ᠎ᠤᠨ ᠪᠠᠶ᠋ᠢᠷᠢᠯᠠᠭᠤᠯᠤᠯᠲᠠ ᠵᠢᠨ ᠲᠣᠭᠤᠷᠢᠨ᠎ᠳᠤ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠪᠣᠳᠠᠲᠠᠢ᠎ᠲᠠᠢ᠎ᠪᠠᠨ ᠤᠶᠠᠯᠳᠤᠭᠤᠯᠤᠨ ᠪᠦᠲᠦᠭᠡᠯᠴᠢ᠎ᠪᠠᠷ ᠠᠵᠢᠯ ᠵᠶ᠋ᠠᠨ ᠥᠷᠨᠢᠭᠦᠯᠵᠦ᠂ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠴᠢᠷᠮᠠᠶ᠋ᠢᠨ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠪᠠᠶᠠᠨᠨᠠᠭᠤᠷ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃


     ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ 《2024 ᠣᠨ᠎ᠤ ᠪᠠᠶᠠᠨᠨᠠᠭᠤᠷ ᠬᠤᠲᠠ ᠵᠢᠨ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ》 ᠵᠢᠨ ᠲᠠᠶ᠋ᠢᠯᠤᠮᠵᠢ


ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ