ᠲᠡᠷᠢᠭᠦᠨ ᠬᠠᠭᠤᠳᠠᠰᠤ   -   ᠪᠢᠴᠢᠭ ᠮᠠᠲ᠋ᠧᠷᠢᠶᠠᠯ

ᠳ᠋ᠧᠩᠺᠧᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠪᠦᠬᠦ ᠰᠢᠶᠠᠨ᠎ᠤ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ

ᠨᠡᠶ᠋ᠢᠲᠡᠯᠡᠭᠰᠡᠨ ᠴᠠᠭ᠄   2025-09-17

ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠱᠠ ᠯᠢᠨ ᠲᠥᠪ᠂ ᠰᠢᠶᠠᠨ᠎ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠤ᠄

《ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ〔2025〕 9  ᠲᠣᠭ᠋ᠠᠲᠤ)᠂ 《ᠪᠥᠬᠦ ᠣᠷᠣᠨ᠎ᠤ ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠥᠰᠥᠭ〔202025〕 112  ᠲᠣᠭ᠋ᠠᠲᠤ)᠂ 《ᠪᠥᠬᠦ ᠬᠤᠲᠠ ᠵᠢᠨ ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠪᠠᠶᠠᠨᠨᠠᠭᠤᠷ ᠵᠠᠰᠠᠭ ᠥᠰᠥᠭ〔20205〕 39 ᠲᠣᠭ᠋ᠠᠲᠤ)᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠳ᠋ᠧᠩᠺᠸᠦ ᠰᠢᠶᠠᠨ᠎ᠤ ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠵᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠪᠡ᠃

ᠨᠢᠭᠡ᠂ ᠠᠵᠢᠯ᠎ᠤᠨ ᠲᠣᠬᠢᠷᠠᠭᠤᠯᠤᠯᠲᠠ

(ᠨᠢᠭᠡ)ᠨᠡᠶ᠋ᠢᠳᠡᠮ ᠪᠠᠶ᠋ᠢᠴᠠᠭ᠋ᠠᠭᠳᠠᠬᠤ ᠡᠲᠡᠭᠡᠳ ᠪᠠ ᠬᠡᠪᠴᠢᠶ᠎ᠡ

ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ ᠪᠣᠯ ᠳ᠋ᠧᠩᠺᠸᠦ ᠰᠢᠶᠠᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠠᠮᠢᠶ᠎ᠠ ᠪᠦᠬᠦᠢ ᠬᠤᠪᠢ ᠬᠥᠮᠦᠨ ᠪᠠ ᠨᠢᠭᠡᠴᠡ ᠪᠣᠯᠤᠨ᠎ᠠ᠂ ᠭᠤᠤᠯᠳᠠᠭᠤ᠄ ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠡᠷᠦᠬᠡ (ᠮᠠᠯᠵᠢᠬᠤ ᠲᠠᠷᠢᠶᠠᠯᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠡᠷᠦᠬᠡ ᠪᠠ ᠪᠤᠰᠤᠳ ᠰᠠᠭᠤᠭ᠋ᠠᠯᠢ ᠡᠷᠦᠬᠡ ᠪᠠᠭᠲᠠᠨ᠎ᠠ)᠂ ᠬᠤᠲᠠ ᠪᠠᠯᠭ᠋ᠠᠰᠤᠨ᠎ᠤ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠡᠷᠦᠬᠡ᠂ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠡ᠂ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠡᠯᠡᠰᠦᠨ ᠣᠶ ᠵᠢᠨ ᠲᠥᠪ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ ᠪᠠᠭᠲᠠᠨ᠎ᠠ᠃

ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ ᠲᠥᠷᠥᠯ ᠦ᠋᠊ᠨ ᠬᠡᠪᠴᠢᠶ᠎ᠡ᠎ᠳᠤ ᠲᠠᠷᠢᠮᠠᠯ᠎ᠤᠨ ᠵᠦᠢ᠍ᠯ᠂ ᠣᠶ ᠰᠢᠭᠤᠶ᠂ ᠮᠠᠯ ᠠᠵᠤ ᠠᠬᠤᠶ᠂ ᠵᠢᠭ᠋ᠠᠰᠤᠨ ᠠᠵᠤ ᠠᠬᠤᠶ ᠪᠣᠯᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭ᠋ᠠᠰᠤᠨ ᠠᠵᠤ ᠠᠬᠤᠶ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠢᠯ ᠲᠥᠷᠥᠯ ᠪᠠᠭᠲᠠᠨ᠎ᠠ᠃

(ᠬᠤᠶᠠᠷ)ᠨᠡᠶ᠋ᠢᠳᠡᠮ ᠪᠠᠶ᠋ᠢᠴᠠᠭ᠋ᠠᠬᠤ ᠠᠭᠤᠯᠭ᠎ᠠ ᠪᠠ ᠴᠠᠭ

ᠨᠡᠶ᠋ᠢᠳᠡᠮ ᠪᠠᠶ᠋ᠢᠴᠠᠭ᠋ᠠᠯᠲᠠ ᠵᠢᠨ ᠭᠣᠤᠯ ᠠᠭᠤᠯᠭ᠎ᠠ᠎ᠳᠤ᠄ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠦ᠋᠊ᠨ ᠨᠥᠬᠥᠴᠡᠯ᠂ ᠠᠮᠤ ᠪᠤᠳᠠᠭ᠎ᠠ ᠪᠣᠯᠤᠨ ᠬᠠᠮ ᠢᠳᠡᠭᠡᠨ᠎ᠤ ᠦᠢ᠍ᠯᠡᠳᠪᠦᠷᠢᠯᠡᠯ ᠦ᠋᠊ᠨ ᠪᠠᠶ᠋ᠢᠳᠠᠯ᠂ ᠲᠠᠷᠢᠶᠠᠯᠠᠩ ᠮᠠᠯ ᠠᠵᠤ ᠠᠬᠤᠶ ᠵᠢᠨ ᠰᠢᠨ᠎ᠡ ᠴᠢᠨᠠᠷ᠎ᠤᠨ ᠦᠢ᠍ᠯᠡᠳᠪᠦᠷᠢᠯᠡᠯ ᠦ᠋᠊ᠨ ᠬᠦᠴᠦᠨ᠎ᠤ ᠪᠠᠶ᠋ᠢᠳᠠᠯ᠂ ᠬᠥᠳᠡᠭᠡ ᠲᠣᠰᠬᠣᠨ᠎ᠤ ᠬᠥᠭᠵᠢᠯᠲᠡ ᠵᠢᠨ ᠦᠨᠳᠦᠰᠦᠨ ᠪᠠᠶ᠋ᠢᠳᠠᠯ᠂ ᠲᠠᠷᠢᠶᠠᠯᠠᠬᠤ ᠮᠠᠯᠵᠢᠬᠤ ᠣᠷᠣᠨ᠎ᠤ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠪᠠᠶ᠋ᠢᠳᠠᠯ ᠵᠡᠷᠭᠡ ᠪᠠᠭᠲᠠᠨ᠎ᠠ᠃

ᠨᠡᠶ᠋ᠢᠳᠡᠮ ᠪᠠᠶ᠋ᠢᠴᠠᠭ᠋ᠠᠯᠲᠠ ᠵᠢᠨ ᠪᠠᠷᠢᠮᠵᠢᠶ᠎ᠠ ᠴᠠᠭ᠄ 2026 ᠣᠨ᠎ᠤ 12 ᠰᠠᠷ᠎ᠠ ᠵᠢᠨ 31᠎ᠤ ᠡᠳᠦᠷ᠎ᠤᠨ 24 ᠴᠠᠭ᠄ ᠴᠠᠭ ᠬᠤᠭᠤᠴᠠᠭ᠋ᠠᠨ᠎ᠤ ᠮᠠᠲ᠋ᠧᠷᠢᠶᠠᠯ᠎ᠨᠢ 2026 ᠣᠨ᠎ᠤ ᠵᠢᠯ᠎ᠤᠨ ᠮᠠᠲ᠋ᠧᠷᠢᠶᠠᠯ ᠪᠣᠯᠤᠨ᠎ᠠ᠃

ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠠᠬᠢᠴᠠ ᠵᠢᠨ ᠲᠣᠬᠢᠷᠠᠭᠤᠯᠤᠯᠲᠠ᠄ 2025 ᠣᠨ᠂ 2026 ᠣᠨ᠎ᠳᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ᠂ ᠤᠬᠠᠭᠤᠯᠤᠨ ᠳᠠᠶ᠋ᠢᠴᠢᠯᠠᠬᠤ ᠵᠢ ᠥᠷᠨᠢᠭᠦᠯᠦᠨ᠂ ᠨᠡᠶ᠋ᠢᠳᠡᠮ ᠪᠠᠶ᠋ᠢᠴᠠᠭ᠋ᠠᠯᠲᠠ ᠵᠢᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠵᠢᠭ᠋ᠠᠨ ᠵᠢᠯᠣᠭᠤᠳᠣᠭᠴᠢ ᠪᠠ ᠨᠡᠶ᠋ᠢᠳᠡᠮ ᠪᠠᠶ᠋ᠢᠴᠠᠭ᠋ᠠᠭᠴᠢ ᠵᠢ ᠰᠣᠩᠭᠤᠨ ᠤᠷᠢᠬᠤ ᠪᠣᠯᠪᠠᠰᠤᠷᠠᠭᠤᠯᠤᠯ᠂ ᠡᠳ᠋ ᠪᠣᠳᠠᠰ᠎ᠤᠨ ᠪᠡᠯᠡᠳᠬᠡᠯ ᠵᠢᠴᠢ ᠣᠯᠭᠤᠬᠤ ᠵᠢ ᠪᠡᠶᠡᠯᠡᠭᠦᠯᠦᠨ᠎ᠡ; ᠨᠡᠶ᠋ᠢᠳᠡᠮ ᠪᠠᠶ᠋ᠢᠴᠠᠭ᠋ᠠᠯᠲᠠ ᠵᠢᠨ ᠲᠤᠷᠰᠢᠯᠲᠠ ᠵᠢᠨ ᠴᠡᠭ ᠪᠠ ᠨᠢᠭᠡᠴᠡ ᠵᠢᠨ ᠢᠯᠭ᠋ᠠᠷᠠᠭᠤᠯᠤᠨ ᠪᠠᠶ᠋ᠢᠴᠠᠭ᠋ᠠᠬᠤ ᠵᠡᠷᠭᠡ ᠵᠢ ᠥᠷᠨᠢᠭᠦᠯᠦᠨ᠎ᠡ; 2027 ᠣᠨ᠎ᠳᠤ ᠨᠡᠶ᠋ᠢᠳᠡᠮ ᠪᠠᠶ᠋ᠢᠴᠠᠭ᠋ᠠᠯᠲᠠ ᠵᠢᠨ ᠳᠠᠩᠰᠠᠯᠠᠨ ᠲᠡᠮᠳᠡᠭᠯᠡᠬᠦ᠂ ᠲᠤᠭ᠎ᠠ ᠪᠠᠷᠢᠮᠲᠠ ᠵᠢ ᠬᠢᠨᠠᠨ ᠬᠠᠷᠭᠤᠭᠤᠯᠵᠤ ᠰᠢᠯᠭ᠋ᠠᠨ ᠠᠪᠬᠤ᠂ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠰᠤᠭᠤᠴᠢᠨ ᠪᠠᠶ᠋ᠢᠴᠠᠭ᠋ᠠᠬᠤ᠂ ᠲᠤᠭ᠎ᠠ ᠪᠠᠷᠢᠮᠲᠠ ᠵᠢ ᠬᠤᠷᠢᠶᠠᠩᠭᠤᠶ᠋ᠢᠯᠠᠬᠤ ᠪᠠ ᠦᠨᠡᠯᠡᠨ ᠵᠢᠱ᠌ᠢᠵᠦ ᠨᠡᠶ᠋ᠢᠲᠡᠯᠡᠬᠦ ᠵᠡᠷᠭᠡ ᠱᠠᠲᠤ ᠦᠶ᠎ᠡ; 2028 ᠣᠨ᠎ᠳᠤ ᠨᠡᠶ᠋ᠢᠳᠡᠮ ᠪᠠᠶ᠋ᠢᠴᠠᠭ᠋ᠠᠯᠲᠠ ᠵᠢᠨ ᠮᠠᠲ᠋ᠧᠷᠢᠶᠠᠯ᠎ᠢ ᠨᠡᠭᠡᠭᠡᠨ ᠬᠥᠭᠵᠢᠭᠦᠯᠵᠦ ᠬᠡᠷᠡᠭᠯᠡᠬᠦ ᠪᠠ ᠳ᠋ᠦᠩᠨᠡᠵᠦ ᠬᠥᠬᠢᠭᠦᠯᠦᠨ ᠰᠠᠶ᠋ᠢᠰᠢᠶᠠᠬᠤ ᠱᠠᠲᠤ ᠦᠶ᠎ᠡ ᠪᠣᠯᠣᠨ᠎ᠠ᠃

ᠬᠤᠶᠠᠷ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ

(ᠨᠢᠭᠡ)ᠤᠳᠤᠷᠢᠳᠬᠤ ᠪᠠᠶ᠋ᠢᠭᠤᠯᠤᠮᠵᠢ ᠪᠠᠶ᠋ᠢᠭᠤᠯᠬᠤ

ᠳ᠋ᠧᠩᠺᠸᠤ ᠰᠢᠶᠠᠨ᠎ᠤ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠵᠣᠬᠢᠴᠠᠭᠤᠯᠬᠤ ᠲᠣᠭᠲᠠᠴᠠ (ᠳᠣᠷᠣᠭᠰᠢ ᠵᠣᠬᠢᠴᠠᠭᠤᠯᠬᠤ ᠲᠣᠭᠲᠠᠴᠠ ᠭᠡᠵᠦ ᠲᠣᠪᠴᠢᠯᠠᠨ᠎ᠠ) ᠵᠢ ᠪᠠᠶ᠋ᠢᠭᠤᠯᠵᠤ᠂ ᠳ᠋ᠧᠩᠺᠸᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ ᠪᠣᠯᠬᠤ ᠦᠭᠡᠢ᠂ ᠨᠡᠶ᠋ᠢᠳᠡᠮ ᠪᠠᠶ᠋ᠢᠴᠠᠭ᠋ᠠᠯᠲᠠ ᠵᠢᠨ ᠡᠭᠦᠷᠭᠡ ᠵᠢ ᠪᠡᠶᠡᠯᠡᠭᠦᠯᠦᠭᠰᠡᠨ᠎ᠤ ᠳᠠᠷᠠᠭ᠎ᠠ ᠠᠶᠠᠨᠳᠠᠭ᠋ᠠᠨ ᠬᠦᠴᠦᠨ ᠦᠭᠡᠢ ᠪᠣᠯᠭ᠋ᠠᠨ᠎ᠠ)᠂ ᠪᠦᠬᠦ ᠰᠢᠶᠠᠨ᠎ᠤ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠬᠠᠷᠢᠭᠤᠴᠠᠨ ᠵᠣᠬᠢᠶᠠᠨ ᠪᠠᠶ᠋ᠢᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠᠬᠢ ᠴᠢᠬᠤᠯᠠ ᠶᠡᠭᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃ ᠵᠣᠬᠢᠴᠠᠭᠤᠯᠬᠤ ᠲᠣᠭᠲᠠᠴᠠ ᠵᠢᠨ ᠠᠯᠪᠠᠨ ᠭᠡᠷ᠎ᠢ ᠲᠤᠭ᠎ᠠ ᠪᠦᠷᠢᠳᠬᠡᠯ᠎ᠤᠨ ᠲᠣᠪᠴᠢᠶ᠎ᠠ᠎ᠳᠤ ᠪᠠᠶ᠋ᠢᠭᠤᠯᠵᠤ᠂ ᠪᠦᠬᠦ ᠰᠢᠶᠠᠨ᠎ᠤ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠶᠡᠷᠦᠩᠬᠡᠶ᠋ᠢᠯᠡᠨ ᠵᠣᠬᠢᠴᠠᠭᠤᠯᠬᠤ ᠪᠠ ᠪᠣᠳᠠᠲᠠᠶ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ᠃ ᠵᠣᠬᠢᠴᠠᠭᠤᠯᠬᠤ ᠲᠣᠭᠲᠠᠴᠠ ᠵᠢᠨ ᠡᠯ᠎ᠡ ᠪᠦᠷᠢᠯᠳᠦᠬᠦᠨ ᠨᠢᠭᠡᠴᠡ᠎ᠨᠦᠭᠦᠳ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠦᠴᠦ᠎ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠵᠢᠯᠴᠠᠵᠤ᠂ ᠮᠡᠳᠡᠭᠡ ᠵᠠᠩᠭᠢ ᠵᠢ ᠬᠠᠮᠲᠤᠪᠠᠷ ᠡᠳ᠋ᠯᠡᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠡᠯ᠎ᠡ ᠵᠦᠢ᠍ᠯ᠎ᠤᠨ ᠠᠵᠢᠯ᠎ᠢ ᠬᠦᠴᠦ᠎ᠪᠠᠨ ᠬᠠᠮᠲᠤᠳᠬᠠᠨ ᠰᠠᠶ᠋ᠢᠲᠤᠷ ᠬᠢᠬᠦ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠂ ᠤᠬᠠᠭᠤᠯᠤᠨ ᠳᠠᠶ᠋ᠢᠴᠢᠯᠠᠬᠤ᠂ ᠠᠯᠤᠰ ᠮᠡᠳᠡᠷᠡᠮᠵᠢ ᠬᠡᠮᠵᠢᠯᠲᠡ ᠵᠡᠷᠭᠡ ᠲᠠᠯ᠎ᠠ ᠵᠢᠨ ᠪᠠᠲᠤᠯᠠᠭ᠎ᠠ ᠪᠣᠯᠤᠨ ᠵᠣᠬᠢᠴᠠᠭᠤᠯᠬᠤ ᠠᠵᠢᠯ᠎ᠢ ᠦᠨᠡᠨᠬᠦ ᠰᠠᠶ᠋ᠢᠲᠤᠷ ᠬᠢᠵᠦ᠂ ᠨᠡᠶ᠋ᠢᠳᠡᠮ ᠪᠠᠶ᠋ᠢᠴᠠᠭ᠋ᠠᠯᠲᠠ᠎ᠳᠤ ᠬᠡᠷᠡᠭᠰᠡᠬᠦ ᠵᠠᠰᠠᠭ ᠵᠠᠬᠢᠷᠭ᠋ᠠᠨ᠎ᠤ ᠲᠡᠮᠳᠡᠭᠯᠡᠯ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠵᠢᠷᠤᠭ ᠳᠦᠷᠰᠦ᠂ ᠵᠠᠰᠠᠭ ᠵᠠᠬᠢᠷᠭ᠋ᠠᠨ᠎ᠤ ᠵᠠᠭ᠋ᠠᠭ ᠬᠢᠵᠠᠭ᠋ᠠᠷ ᠪᠣᠯᠤᠨ ᠪᠤᠰᠤᠳ ᠲᠤᠭ᠎ᠠ ᠪᠠᠷᠢᠮᠲᠠ ᠵᠢᠨ ᠮᠡᠳᠡᠭᠡ ᠵᠠᠩᠭᠢ ᠵᠡᠷᠭᠡ ᠵᠢ ᠲᠣᠭᠲᠠᠭ᠋ᠠᠯ ᠶᠣᠰᠣᠭ᠋ᠠᠷ ᠴᠠᠭ ᠲᠤᠬᠠᠶ᠎ᠳᠤᠨᠢ ᠬᠠᠩᠭ᠋ᠠᠬᠤ ᠬᠡᠷᠡᠭᠲᠡᠶ᠃

(ᠬᠤᠶᠠᠷ)ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠳᠤᠳᠤᠷᠬᠠᠶ᠋ᠢᠯᠠᠬᠤ

ᠡᠯ᠎ᠡ ᠰᠠᠯᠠᠭ᠎ᠠ ᠮᠥᠴᠢᠷ᠎ᠤᠳ 《ᠪᠥᠬᠦ ᠰᠢᠶᠠᠨ ᠵᠶ᠋ᠠᠷ ᠵᠶ᠋ᠠᠨ ᠨᠢᠭᠡᠳᠦᠯᠲᠡᠶ ᠤᠳᠤᠷᠢᠳᠴᠤ᠂ ᠰᠠᠯᠠᠭ᠎ᠠ ᠮᠥᠴᠢᠷ᠎ᠤᠳ ᠠᠵᠢᠯ ᠵᠶ᠋ᠠᠨ ᠬᠤᠪᠢᠶᠠᠷᠢᠯᠠᠨ ᠬᠠᠮᠵᠢᠯᠴᠠᠵᠤ᠂ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠢ ᠵᠢᠨ ᠺᠣᠮᠫᠠᠨᠢ᠂ ᠡᠯᠡᠰᠦᠨ ᠣᠢ ᠵᠢᠨ ᠲᠥᠪ ᠪᠣᠳᠠᠲᠠᠶ ᠬᠠᠷᠢᠭᠤᠴᠠᠵᠤ᠂ ᠡᠯ᠎ᠡ ᠲᠠᠯ᠎ᠠ ᠵᠢᠨ᠎ᠬᠢᠨ ᠬᠠᠮᠲᠤᠪᠠᠷ ᠣᠷᠣᠯᠴᠠᠬᠤ》 ᠵᠠᠷᠴᠢᠮ ᠶᠣᠰᠣᠭ᠋ᠠᠷ᠂ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠡᠯ᠎ᠡ ᠵᠦᠢ᠍ᠯ᠎ᠤᠨ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ᠃ ᠡᠭᠦᠨ᠎ᠳᠤ ᠨᠡᠶ᠋ᠢᠳᠡᠮ ᠪᠠᠶ᠋ᠢᠴᠠᠭ᠋ᠠᠯᠲᠠ ᠵᠢᠨ ᠡᠳᠦᠷ ᠲᠤᠲᠤᠮ᠎ᠤᠨ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠪᠠ ᠠᠮᠤ ᠪᠤᠳᠠᠭ᠎ᠠ᠂ ᠮᠠᠯ ᠠᠵᠤ ᠠᠬᠤᠶ᠂ ᠠᠯᠤᠰ ᠮᠡᠳᠡᠷᠡᠮᠵᠢ ᠵᠢᠨ ᠬᠡᠮᠵᠢᠯᠲᠡ ᠵᠡᠷᠭᠡ ᠲᠠᠯ᠎ᠠ᠎ᠳᠤ ᠬᠤᠯᠪᠣᠭᠳᠠᠬᠤ ᠵᠦᠢ᠍ᠯᠡᠰ᠎ᠢ ᠲᠤᠭ᠎ᠠ ᠪᠦᠷᠢᠳᠬᠡᠯ᠎ᠤᠨ ᠲᠣᠪᠴᠢᠶ᠎ᠠ᠎ᠠᠴᠠ ᠬᠠᠷᠢᠭᠤᠴᠠᠨ ᠵᠤᠬᠢᠴᠠᠭᠤᠯᠤᠨ᠎ᠠ; ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠤᠨ ᠲᠠᠯ᠎ᠠ᠎ᠳᠤ ᠬᠤᠯᠪᠣᠭᠳᠠᠬᠤ ᠵᠦᠢ᠍ᠯᠡᠰ᠎ᠢ ᠲᠤᠭ᠎ᠠ ᠪᠦᠷᠢᠳᠬᠡᠯ᠎ᠤᠨ ᠲᠣᠪᠴᠢᠶ᠎ᠠ᠂ ᠰᠢᠶᠠᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠰᠢᠶᠠᠨ᠎ᠤ ᠨᠠᠮ᠎ᠤᠨ ᠬᠤᠷᠢᠶᠠᠨ᠎ᠤ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠬᠠᠮ ᠵᠠᠭᠤᠴᠢᠯᠠᠭᠤᠷ᠎ᠤᠨ ᠲᠥᠪ᠎ᠠᠴᠠ ᠬᠠᠷᠢᠭᠤᠴᠠᠨ ᠵᠣᠬᠢᠴᠠᠭᠤᠯᠤᠨ᠎ᠠ; ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ᠎ᠤᠨ ᠦᠢ᠍ᠯᠡᠳᠪᠦᠷᠢᠯᠡᠯ᠂ ᠵᠢᠭ᠋ᠠᠰᠤᠨ ᠠᠵᠤ ᠠᠬᠤᠶ ᠵᠢᠨ ᠦᠢ᠍ᠯᠡᠳᠪᠦᠷᠢᠯᠡᠯ ᠵᠡᠷᠭᠡ ᠲᠠᠯ᠎ᠠ ᠵᠢᠨ ᠶᠠᠪᠤᠳᠠᠯ᠎ᠢ ᠪᠣᠯ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠎ᠠᠴᠠ ᠬᠠᠷᠢᠭᠤᠴᠠᠨ ᠵᠣᠬᠢᠴᠠᠭᠤᠯᠤᠨ᠎ᠠ; ᠦᠨᠳᠦᠰᠦᠨ ᠱᠠᠲᠤᠨ᠎ᠤ ᠥᠪᠡᠷᠲᠡᠭᠡᠨ ᠵᠠᠰᠠᠬᠤ ᠵᠣᠬᠢᠶᠠᠨ ᠪᠠᠶ᠋ᠢᠭᠤᠯᠤᠯᠲᠠ ᠵᠢᠨ ᠨᠡᠷᠡᠰ᠎ᠤᠨ ᠵᠢᠭᠰᠠᠭ᠋ᠠᠯᠲᠠ᠂ ᠠᠷᠠᠳ᠎ᠠᠴᠠ ᠡᠷᠬᠢᠯᠡᠭᠰᠡᠨ ᠠᠵᠤ ᠠᠬᠤᠶ᠋ᠢᠯᠠᠯ᠎ᠤᠨ ᠪᠤᠰᠤ ᠨᠢᠭᠡᠴᠡ ᠵᠡᠷᠭᠡ ᠲᠠᠯ᠎ᠠ᠎ᠳᠤ ᠬᠤᠯᠪᠣᠭᠳᠠᠬᠤ ᠵᠦᠢ᠍ᠯᠡᠰ᠎ᠢ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠬᠠᠷᠢᠭᠤᠴᠠᠨ ᠵᠣᠬᠢᠴᠠᠭᠤᠯᠤᠨ᠎ᠠ᠃ ᠨᠡᠶ᠋ᠢᠳᠡᠮ ᠪᠠᠶ᠋ᠢᠴᠠᠭ᠋ᠠᠯᠲᠠ ᠵᠢᠨ ᠬᠣᠯᠪᠣᠭᠳᠠᠯ ᠪᠦᠬᠦᠢ ᠰᠠᠭᠤᠷᠢ ᠮᠠᠲ᠋ᠧᠷᠢᠶᠠᠯ᠎ᠢ ᠡᠵᠡᠮᠰᠢᠭᠰᠡᠨ ᠡᠯ᠎ᠡ ᠰᠠᠯᠠᠭ᠎ᠠ ᠮᠥᠴᠢᠷ ᠦ᠋᠎ᠤᠨ ᠰᠠᠯᠠᠭ᠎ᠠ ᠮᠥᠴᠢᠷ ᠦ᠋᠊ᠨ ᠵᠠᠰᠠᠭ ᠵᠠᠬᠢᠷᠭ᠋ᠠᠨ᠎ᠤ ᠲᠡᠮᠳᠡᠭᠯᠡᠯ ᠪᠣᠯᠤᠨ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠣᠨᠣᠪᠴᠢᠲᠠᠶ ᠬᠠᠩᠭ᠋ᠠᠬᠤ ᠬᠡᠷᠡᠭᠲᠡᠶ᠃

(ᠭᠤᠷᠪᠠ)ᠡᠯ᠎ᠡ ᠱᠠᠲᠤᠨ᠎ᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ

ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ ᠪᠣᠯᠤᠨ ᠡᠯᠡᠰᠦᠨ ᠣᠶ ᠵᠢᠨ ᠲᠥᠪ ᠲᠤᠰ ᠭᠠᠵᠠᠷ ᠣᠷᠣᠨ᠎ᠤ᠎ᠪᠠᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠬᠢᠨᠠᠮᠠᠭ᠋ᠠᠶ ᠰᠠᠶ᠋ᠢᠲᠤᠷ ᠵᠣᠬᠢᠶᠠᠨ ᠪᠠᠶ᠋ᠢᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷᠳᠡᠯ ᠪᠣᠯᠤᠨ ᠠᠰᠠᠭᠤᠳᠠᠯ᠎ᠢ ᠴᠠᠭ ᠲᠤᠬᠠᠶ᠎ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠰᠢᠢ᠍ᠳᠪᠦᠷᠢᠯᠡᠬᠦ ᠬᠡᠷᠡᠭᠲᠡᠶ᠃ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ ᠵᠢᠴᠢ ᠡᠯᠡᠰᠦᠨ ᠣᠶ ᠵᠢᠨ ᠲᠥᠪ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠶ᠋ᠢᠭᠡᠮ᠎ᠤᠨ ᠬᠦᠴᠦᠨ᠎ᠢ ᠥᠷᠭᠡᠨ ᠵᠶ᠋ᠠᠷ ᠳᠠᠶ᠋ᠢᠴᠢᠯᠠᠨ ᠵᠣᠬᠢᠶᠠᠨ ᠪᠠᠶ᠋ᠢᠭᠤᠯᠵᠤ ᠢᠳᠡᠪᠬᠢᠲᠡᠶ ᠣᠷᠣᠯᠴᠠᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠬᠢᠨᠠᠮᠠᠭ᠋ᠠᠶ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ᠃

(ᠲᠦᠷᠪᠡ)ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠢ ᠪᠠᠲᠤᠯᠠᠬᠤ

ᠪᠦᠬᠦ ᠰᠢᠶᠠᠨ᠎ᠤ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ᠎ᠳᠤ ᠬᠡᠷᠡᠭᠰᠡᠬᠦ ᠵᠠᠷᠤᠳᠠᠯ᠎ᠢ ᠣᠳᠣ ᠵᠢᠨ ᠬᠡᠷᠡᠭᠵᠢᠭᠦᠯᠵᠦ ᠪᠠᠶ᠋ᠢᠭ᠎ᠠ ᠵᠠᠷᠤᠳᠠᠯ᠎ᠤᠨ ᠠᠷᠭ᠎ᠠ ᠵᠠᠮ ᠵᠶ᠋ᠠᠷ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠰᠢᠶᠠᠨ᠎ᠤ ᠵᠠᠰᠠᠭ᠎ᠤᠨ ᠣᠷᠳᠣᠨ ᠬᠠᠮᠲᠤᠪᠠᠷ ᠡᠭᠦᠷᠭᠡᠯᠡᠵᠦ᠂ ᠵᠣᠬᠢᠴᠠᠩᠭᠤᠶ ᠣᠨ᠎ᠤ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠵᠤ᠂ ᠴᠠᠭ᠎ᠲᠤᠨᠢ ᠰᠠᠯᠭ᠋ᠠᠨ ᠥᠭᠴᠦ᠂ ᠭᠦᠢ᠍ᠴᠡᠳ ᠲᠤᠭ᠎ᠠ᠎ᠪᠠᠷ ᠪᠣᠳᠠᠲᠠᠶ᠋ᠢᠵᠢᠭᠤᠯᠤᠨ᠎ᠠ᠃ ᠡᠯ᠎ᠡ ᠬᠤᠯᠪᠣᠭᠳᠠᠯ ᠪᠦᠬᠦᠢ ᠨᠢᠭᠡᠴᠡ᠎ᠨᠦᠭᠦᠳ ᠨᠡᠶ᠋ᠢᠳᠡᠮ ᠪᠠᠶ᠋ᠢᠴᠠᠭ᠋ᠠᠯᠲᠠ ᠵᠢᠨ ᠮᠡᠳᠡᠭᠡ ᠵᠠᠩᠬᠢᠵᠢᠯᠲᠠ ᠵᠢᠨ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠪᠣᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠤᠳᠣᠭᠴᠢ᠂ ᠨᠡᠶ᠋ᠢᠳᠡᠮ ᠪᠠᠶ᠋ᠢᠴᠠᠭ᠋ᠠᠭᠴᠢ ᠵᠢ ᠰᠣᠩᠭᠤᠨ ᠤᠷᠢᠬᠤ ᠵᠢᠨ ᠴᠢᠬᠤᠯᠠ ᠴᠢᠨᠠᠷ᠎ᠢ ᠭᠦᠢ᠍ᠴᠡᠳ ᠪᠣᠳᠣᠯᠬᠢᠯᠠᠬᠤ ᠬᠡᠷᠡᠭᠲᠡᠶ; ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠲᠤᠰᠬᠠᠶ ᠵᠣᠭᠤᠰ᠎ᠢ ᠲᠤᠰᠬᠠᠶ ᠵᠦᠢ᠍ᠯ᠎ᠳᠤ ᠬᠡᠷᠡᠭᠯᠡᠵᠦ᠂ ᠰᠠᠶ᠋ᠢᠲᠤᠷ ᠠᠷᠪᠢᠯᠠᠨ ᠭᠠᠮᠨᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃

ᠭᠤᠷᠪᠠ᠂ ᠠᠵᠢᠯ᠎ᠤᠨ ᠱᠠᠭ᠋ᠠᠷᠳᠠᠯᠭ᠎ᠠ

ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠱᠠ ᠯᠢᠨ ᠲᠥᠪ᠂ ᠰᠢᠶᠠᠨ᠎ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ 《ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ〔2025〕 9  ᠲᠣᠭ᠋ᠠᠲᠤ)᠂ 《ᠪᠥᠬᠦ ᠣᠷᠣᠨ᠎ᠤ ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠥᠰᠥᠭ[2025] 112 ᠲᠣᠭ᠋ᠠᠲᠤ)᠂《ᠪᠥᠬᠦ ᠬᠤᠲᠠ ᠵᠢᠨ ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠪᠠᠶᠠᠨᠨᠠᠭᠤᠷ ᠵᠠᠰᠠᠭ ᠥᠰᠥᠭ[2025] 39  ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠪᠠ ᠱᠠᠭ᠋ᠠᠷᠳᠠᠯᠭ᠎ᠠ ᠶᠣᠰᠣᠭ᠋ᠠᠷ᠂ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠬᠤ᠂ ᠵᠠᠷᠤᠳᠠᠯ᠎ᠤᠨ ᠲᠥᠰᠦᠪ᠎ᠢ ᠨᠠᠶ᠋ᠢᠷᠠᠭᠤᠯᠤᠨ ᠵᠣᠬᠢᠶᠠᠬᠤ᠂ ᠨᠡᠶ᠋ᠢᠳᠡᠮ ᠪᠠᠶ᠋ᠢᠴᠠᠭ᠋ᠠᠯᠲᠠ ᠵᠢᠨ ᠡᠩᠨᠡᠭᠡ ᠵᠢ ᠵᠣᠬᠢᠶᠠᠨ ᠪᠠᠶ᠋ᠢᠭᠤᠯᠬᠤ᠂ ᠰᠠᠯᠠᠭ᠎ᠠ ᠮᠥᠴᠢᠷ᠎ᠤᠨ ᠨᠡᠪᠲᠡᠷᠡᠯᠴᠡᠨ ᠬᠠᠮᠵᠢᠯᠴᠠᠬᠤ ᠵᠡᠷᠭᠡ ᠲᠠᠯ᠎ᠠ ᠵᠢᠨ ᠪᠡᠯᠡᠳᠬᠡᠯ ᠠᠵᠢᠯ᠎ᠢ ᠤᠷᠢᠳᠴᠢᠯᠠᠨ ᠰᠠᠶ᠋ᠢᠲᠤᠷ ᠬᠢᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠲᠣᠭᠲᠠᠭᠰᠠᠨ ᠬᠤᠭᠤᠴᠠᠭ᠋ᠠᠨ᠎ᠳᠠᠭᠠᠨ ᠤᠷᠤᠭᠰᠢᠲᠠᠶ ᠥᠷᠨᠢᠬᠦ ᠵᠢ ᠦᠨᠡᠨᠬᠦ ᠪᠠᠲᠤᠯᠠᠬᠤ ᠬᠡᠷᠡᠭᠲᠡᠶ᠃

(ᠨᠢᠭᠡ)ᠬᠠᠤᠯᠢ ᠶᠣᠰᠣᠭ᠋ᠠᠷ ᠨᠡᠢ᠍ᠳᠡᠮ ᠪᠠᠢ᠍ᠴᠠᠭ᠋ᠠᠬᠤ ᠵᠢ ᠪᠠᠷᠢᠮᠲᠠᠯᠠᠨ᠎ᠠ

ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠢ ᠵᠢᠨ ᠺᠣᠮᠫᠠᠨᠢ᠂ ᠡᠯᠡᠰᠦᠨ ᠣᠢ ᠵᠢᠨ ᠲᠥᠪ᠂ ᠰᠢᠶᠠᠨ᠎ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠭ᠎ᠠ ᠪᠦᠷᠢᠳᠬᠡᠯ᠎ᠤᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠭ᠎ᠠ ᠪᠦᠷᠢᠳᠬᠡᠯ᠎ᠤᠨ ᠬᠠᠤᠯᠢ ᠵᠢ ᠬᠡᠷᠡᠭᠵᠢᠭᠦᠯᠬᠦ ᠳᠦᠷᠢᠮ》᠂ 《ᠪᠦᠬᠦ ᠤᠯᠤᠰ᠎ᠤᠨ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠨ ᠨᠡᠶ᠋ᠢᠳᠡᠮ ᠪᠠᠶ᠋ᠢᠴᠠᠭ᠋ᠠᠯᠲᠠ ᠵᠢᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠳ ᠨᠡᠶ᠋ᠢᠳᠡᠮ ᠪᠠᠶ᠋ᠢᠴᠠᠭ᠋ᠠᠯᠲᠠ ᠵᠢᠨ ᠮᠠᠲ᠋ᠧᠷᠢᠶᠠᠯ᠎ᠢ ᠦᠨᠡᠨ ᠪᠣᠳᠠᠲᠠᠶ᠎ᠪᠠᠷ ᠴᠤᠭᠯᠠᠭᠤᠯᠤᠨ ᠮᠡᠳᠡᠭᠦᠯᠦᠨ ᠬᠦᠷᠭᠡᠬᠦ ᠬᠡᠷᠡᠭᠲᠡᠶ᠂ ᠨᠡᠶ᠋ᠢᠳᠡᠮ ᠪᠠᠶ᠋ᠢᠴᠠᠭ᠋ᠠᠯᠲᠠ ᠵᠢᠨ ᠮᠠᠲ᠋ᠧᠷᠢᠶᠠᠯ᠎ᠢ ᠬᠠᠭᠤᠷᠮᠠᠭᠯᠠᠨ ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠶ᠃ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ ᠨᠡᠶ᠋ᠢᠳᠡᠮ ᠪᠠᠶ᠋ᠢᠴᠠᠭ᠋ᠠᠯᠲᠠ ᠵᠢᠨ ᠬᠦᠰᠦᠨᠦᠭᠲᠦ ᠵᠢ ᠴᠠᠭ ᠬᠤᠭᠤᠴᠠᠭ᠎ᠠ ᠶᠣᠰᠣᠭ᠋ᠠᠷ᠂ ᠦᠨᠡᠨ ᠪᠣᠳᠠᠲᠠᠶ᠎ᠪᠠᠷ ᠲᠠᠭᠯᠠᠨ ᠮᠡᠳᠡᠭᠦᠯᠬᠦ ᠬᠡᠷᠡᠭᠲᠡᠶ᠂ ᠦᠨᠡᠨ ᠪᠣᠳᠠᠲᠠᠶ ᠪᠤᠰᠤ᠂ ᠪᠦᠷᠢᠨ ᠪᠤᠰᠤ ᠨᠡᠶ᠋ᠢᠳᠡᠮ ᠪᠠᠶ᠋ᠢᠴᠠᠭ᠋ᠠᠯᠲᠠ ᠵᠢᠨ ᠮᠠᠲ᠋ᠧᠷᠢᠶᠠᠯ ᠬᠠᠩᠭ᠋ᠠᠬᠤ ᠪᠤᠶᠤ ᠨᠡᠶ᠋ᠢᠳᠡᠮ ᠪᠠᠶ᠋ᠢᠴᠠᠭ᠋ᠠᠯᠲᠠ ᠵᠢᠨ ᠮᠠᠲ᠋ᠧᠷᠢᠶᠠᠯ᠎ᠢ ᠬᠣᠵᠢᠭᠳᠠᠭᠤᠯᠤᠨ ᠮᠡᠳᠡᠭᠦᠯᠬᠦ᠂ ᠮᠡᠳᠡᠭᠦᠯᠬᠦ ᠵᠢ ᠲᠡᠪᠴᠢᠵᠦ ᠪᠣᠯᠬᠤ ᠦᠭᠡᠶ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠ ᠣᠯᠤᠭᠰᠠᠨ ᠳᠠᠩ ᠭᠠᠭᠴᠠ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ ᠦ᠋᠊ᠨ ᠪᠡᠶ᠎ᠡ ᠵᠢᠨ ᠭᠠᠷᠤᠯ᠎ᠢ ᠢᠯᠭ᠋ᠠᠨ ᠲᠠᠨᠢᠵᠤ ᠳᠡᠶ᠋ᠢᠯᠬᠦ ᠪᠤᠶᠤ ᠮᠠᠭ᠋ᠠᠳᠯᠠᠵᠤ ᠳᠡᠶ᠋ᠢᠯᠬᠦ ᠮᠠᠲ᠋ᠧᠷᠢᠶᠠᠯ᠎ᠢ ᠭᠠᠳᠠᠭᠰᠢ᠎ᠪᠠᠨ ᠬᠠᠩᠭ᠋ᠠᠵᠤ᠂ ᠵᠠᠳᠠᠷᠠᠭᠤᠯᠵᠤ ᠪᠣᠯᠬᠤ ᠦᠭᠡᠶ᠂ ᠪᠦᠷᠢᠳᠬᠡᠬᠦ᠎ᠠᠴᠠ ᠪᠤᠰᠤᠳ ᠬᠠᠷᠠᠯᠲᠠ᠎ᠳᠤ ᠬᠡᠷᠡᠭᠯᠡᠵᠦ ᠪᠣᠯᠬᠤ ᠦᠭᠡᠶ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠ ᠣᠯᠵᠤ ᠮᠡᠳᠡᠭᠰᠡᠨ ᠤᠯᠤᠰ᠎ᠤᠨ ᠨᠢᠭᠤᠴᠠ᠂ ᠠᠵᠢᠯ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ᠂ ᠬᠤᠪᠢ ᠬᠥᠮᠦᠨ᠎ᠤ ᠨᠢᠭᠤᠴᠠ ᠪᠣᠯᠤᠨ ᠬᠤᠪᠢ ᠬᠥᠮᠦᠨ᠎ᠤ ᠮᠡᠳᠡᠭᠡ ᠵᠠᠩᠭᠢ᠎ᠨᠢ ᠡᠷᠬᠡᠪᠰᠢ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠴᠢᠩᠭ᠎ᠠ ᠭᠦᠢ᠍ᠴᠡᠳᠬᠡᠬᠦ ᠬᠡᠷᠡᠭᠲᠡᠶ᠃ ᠵᠥᠪᠰᠢᠶᠡᠷᠡᠭᠦᠯᠦᠭᠡᠳᠦᠶ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠭᠠᠳᠠᠭᠰᠢ ᠨᠡᠶ᠋ᠢᠲᠡᠯᠡᠵᠦ ᠪᠣᠯᠬᠤ ᠦᠭᠡᠶ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠᠬᠢ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠵᠡᠷᠭᠡ ᠦᠢ᠍ᠯᠡ ᠠᠵᠢᠯᠯᠠᠭ᠎ᠠ ᠵᠢ ᠰᠠᠬᠢᠯᠭ᠎ᠠ ᠪᠠᠲᠤ ᠶᠣᠰᠣᠭ᠋ᠠᠷ ᠬᠠᠤᠯᠢ ᠶᠣᠰᠣᠭ᠋ᠠᠷ ᠰᠢᠢ᠍ᠳᠪᠦᠷᠢᠯᠡᠬᠦ ᠵᠢᠨ ᠬᠠᠮᠲᠤ ᠨᠡᠪᠲᠡᠷᠡᠭᠦᠯᠦᠨ ᠢᠯᠡᠴᠢᠯᠡᠬᠦ ᠡᠷᠴᠢᠮ ᠵᠶ᠋ᠡᠨ ᠨᠡᠮᠡᠭᠳᠡᠭᠦᠯᠬᠦ ᠬᠡᠷᠡᠭᠲᠡᠶ᠃

(ᠬᠤᠶᠠᠷ)ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠦᠨᠡᠨᠬᠦ ᠪᠠᠲᠤᠯᠠᠬᠤ ᠬᠡᠷᠡᠭᠲᠡᠶ

ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ ᠵᠠᠷᠴᠢᠮ᠎ᠢ ᠢᠮᠠᠭᠲᠠ ᠪᠠᠲᠤ ᠰᠠᠬᠢᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠥᠰᠦᠯ᠎ᠢ ᠴᠢᠩᠭ᠎ᠠ ᠬᠡᠷᠡᠭᠵᠢᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠤᠳᠬᠤ ᠪᠣᠯᠪᠠᠰᠤᠷᠠᠭᠤᠯᠤᠯ᠎ᠢ ᠴᠢᠩᠭ᠋ᠠᠳᠬᠠᠨ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠴᠤᠪᠤᠷᠠᠯ᠎ᠢ ᠵᠢᠷᠤᠮᠵᠢᠭᠤᠯᠵᠤ᠂ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠪᠠᠶ᠋ᠢᠴᠠᠭ᠋ᠠᠵᠤ ᠬᠠᠷᠭᠤᠭᠤᠯᠤᠨ ᠪᠠᠶ᠋ᠢᠴᠠᠭ᠋ᠠᠬᠤ ᠵᠢ ᠴᠢᠩᠭ᠋ᠠᠷᠠᠭᠤᠯᠤᠨ᠂ ᠲᠤᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠢ ᠦᠨᠡᠨᠬᠦ ᠰᠡᠷᠭᠡᠶ᠋ᠢᠯᠡᠬᠦ ᠪᠠ ᠵᠠᠯᠬᠠᠭ᠋ᠠᠨ ᠰᠢᠳᠬᠡᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠦᠨᠡᠨ ᠪᠣᠳᠠᠲᠠᠶ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠶ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ᠃ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠡᠵᠡᠮᠳᠡᠬᠦ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠬᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠮᠦᠷᠳᠡᠬᠦ ᠪᠠ ᠬᠠᠷᠢᠭᠤᠴᠠᠯᠭ᠎ᠠ ᠬᠡᠯᠡᠯᠴᠡᠬᠦ ᠵᠢ ᠴᠢᠩᠭ᠋ᠠᠷᠠᠭᠤᠯᠤᠨ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠵᠣᠷᠢᠭᠤᠳᠠ ᠭᠠᠷ ᠳᠦᠷᠦᠬᠦ ᠦᠢ᠍ᠯᠡ ᠠᠵᠢᠯᠯᠠᠭ᠎ᠠ ᠵᠢ ᠡᠷᠡᠰ ᠬᠤᠷᠢᠭᠯᠠᠨ᠎ᠠ᠃ ᠪᠦᠳᠦᠮᠵᠢᠳᠡᠢ ᠮᠡᠷᠬᠡᠵᠢᠯ᠎ᠤᠨ ᠠᠷᠭ᠎ᠠ ᠪᠠᠷᠢᠯ ᠪᠠ ᠬᠠᠮᠢᠶᠠᠷᠤᠯᠳᠠ ᠵᠢᠨ ᠠᠷᠭ᠎ᠠ ᠬᠡᠮᠵᠢᠶ᠎ᠡ ᠵᠢ ᠬᠡᠷᠡᠭᠯᠡᠵᠦ᠂ ᠨᠡᠶ᠋ᠢᠳᠡᠮ ᠪᠠᠶ᠋ᠢᠴᠠᠭ᠋ᠠᠯᠳᠠ ᠵᠢᠨ ᠳ᠋ᠠᠶ᠋ᠢᠲ᠋ᠠ ᠵᠢᠨ ᠠᠮᠤᠷ ᠲᠦᠪᠰᠢᠨ᠎ᠢ ᠪᠠᠳᠤᠯᠠᠬᠤ ᠬᠡᠷᠡᠭᠳᠡᠢ᠃

(ᠭᠤᠷᠪᠠ)ᠤᠬᠠᠭᠤᠯᠵᠤ ᠬᠥᠲᠥᠯᠥᠨ ᠵᠢᠯᠣᠭᠤᠳᠬᠤ ᠵᠢ ᠴᠢᠩᠭ᠋ᠠᠳᠬᠠᠨ᠎ᠠ

ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠭ᠎ᠠ ᠵᠢᠨ ᠲᠥᠰᠦᠪᠯᠡᠯᠲᠡ ᠪᠣᠯᠤᠨ ᠵᠣᠬᠢᠶᠠᠨ ᠪᠠᠶ᠋ᠢᠭᠤᠯᠤᠯᠲᠠ ᠵᠢ ᠬᠢᠨᠠᠮᠠᠭ᠋ᠠᠶ ᠰᠠᠶ᠋ᠢᠲᠤᠷ ᠬᠢᠵᠦ᠂ ᠡᠯ᠎ᠡ ᠲᠥᠷᠥᠯ ᠦ᠋᠊ᠨ ᠰᠣᠨᠢᠨ ᠮᠡᠳᠡᠭᠡᠨ᠎ᠤ ᠵᠠᠭᠤᠴᠢᠯᠠᠭᠤᠷ᠂ ᠲᠣᠤᠷ ᠰᠦᠯᠵᠢᠶ᠎ᠡ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠦ᠋᠊ᠨ ᠦᠢ᠍ᠯᠡᠴᠢᠯᠡᠭᠡᠨ᠎ᠤ ᠲᠠᠪᠴᠠᠩ᠎ᠤᠨ ᠤᠬᠠᠭᠤᠯᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠨᠡᠶ᠋ᠢᠭᠡᠮ ᠦ᠋᠊ᠨ ᠡᠯ᠎ᠡ ᠡᠲᠡᠭᠡᠳ ᠦ᠋᠊ᠨ᠎ᠬᠢᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠢᠳᠡᠪᠬᠢᠲᠡᠶ ᠣᠷᠣᠯᠴᠠᠭᠤᠯᠤᠨ᠂ ᠨᠡᠶ᠋ᠢᠳᠡᠮ ᠪᠠᠶ᠋ᠢᠴᠠᠭ᠋ᠠᠯᠲᠠ ᠵᠢᠨ ᠴᠢᠬᠤᠯᠠ ᠠᠴᠢ ᠬᠣᠯᠪᠣᠭᠳᠠᠯ ᠪᠣᠯᠤᠨ ᠱᠠᠭ᠋ᠠᠷᠳᠠᠯᠭ᠎ᠠ ᠵᠢ ᠥᠷᠭᠡᠨ ᠳᠡᠯᠭᠡᠷ ᠭᠦᠨᠵᠡᠭᠡᠶ ᠤᠬᠠᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠤᠷᠤᠭᠰᠢᠲᠠᠶ ᠶᠠᠪᠤᠭᠳᠠᠬᠤ᠎ᠳᠤ ᠨᠡᠶ᠋ᠢᠭᠡᠮ ᠦ᠋᠊ᠨ ᠰᠠᠶ᠋ᠢᠨ ᠰᠠᠶ᠋ᠢᠬᠠᠨ ᠣᠷᠴᠢᠨ ᠠᠬᠤᠶ ᠵᠢ ᠪᠣᠶ ᠪᠣᠯᠭ᠋ᠠᠬᠤ ᠬᠡᠷᠡᠭᠲᠡᠶ᠃

 

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ