ᠳ᠋ᠧᠩᠺᠧᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ 2025 ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠵᠠᠷᠯᠢᠭ
ᠨᠡᠶ᠋ᠢᠲᠡᠯᠡᠭᠰᠡᠨ ᠴᠠᠭ᠄ 2025-03-18
ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠢ ᠦᠨᠡᠨᠬᠦ ᠪᠠᠲᠤᠯᠠᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠶ ᠰᠢᠭᠤᠶ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》᠂ 《ᠣᠶ ᠰᠢᠭᠤᠶ ᠵᠢᠨ ᠭᠠᠯ ᠰᠡᠷᠭᠡᠶ᠋ᠢᠯᠡᠬᠦ ᠲᠦᠷᠢᠮ》᠂ 《ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠦᠷᠢᠮ》 ᠵᠡᠷᠭᠡ ᠬᠤᠯᠪᠣᠭᠳᠠᠯ ᠪᠥᠬᠦᠶ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠦᠨᠳᠦᠰᠦᠯᠡᠨ ᠲᠣᠰ ᠴᠢᠩᠭ᠎ᠠ ᠰᠡᠷᠭᠡᠶ᠋ᠢᠯᠡᠯᠲᠡ ᠵᠢᠨ ᠵᠠᠷᠯᠢᠭ᠎ᠢ ᠣᠨᠴᠠᠭ᠋ᠠᠶ᠋ᠢᠯᠠᠨ ᠨᠡᠶ᠋ᠢᠲᠡᠯᠡᠪᠡ᠃
ᠨᠢᠭᠡ᠂ ᠭᠠᠯ ᠰᠡᠷᠭᠡᠶ᠋ᠢᠯᠡᠬᠦ ᠬᠤᠭᠤᠴᠠᠭ᠎ᠠ ᠪᠠ ᠴᠢᠩᠭ᠎ᠠ ᠰᠡᠷᠭᠡᠶ᠋ᠢᠯᠡᠯᠲᠡ ᠵᠢᠨ ᠵᠠᠬᠢᠷᠤᠨ ᠬᠠᠮᠢᠶᠠᠷᠬᠤ ᠬᠤᠭᠤᠴᠠᠭ᠎ᠠ
ᠪᠦᠬᠦ ᠰᠢᠶᠠᠨ᠎ᠤ 2025 ᠣᠨ᠎ᠤ ᠭᠠᠯ ᠰᠡᠷᠭᠡᠶ᠋ᠢᠯᠡᠬᠦ ᠬᠤᠭᠤᠴᠠᠭ᠎ᠠ᠎ᠨᠢ 3 ᠰᠠᠷ᠎ᠠ ᠵᠢᠨ 15᠎ᠤ ᠡᠳᠦᠷ᠎ᠠᠴᠠ ᠳᠠᠷᠠᠭ᠎ᠠ ᠵᠢᠯ᠎ᠤᠨ 5 ᠰᠠᠷ᠎ᠠ ᠵᠢᠨ 15᠎ᠤ ᠡᠳᠦᠷ ᠪᠣᠯᠣᠨ᠎ᠠ᠃
ᠬᠤᠶᠠᠷ᠂ ᠭᠠᠯ ᠰᠡᠷᠭᠡᠶ᠋ᠢᠯᠡᠬᠦ ᠣᠷᠣᠨ ᠪᠦᠰᠡ
ᠪᠦᠬᠦ ᠰᠢᠶᠠᠨ᠎ᠤ ᠬᠡᠪᠴᠢᠶᠡᠨ ᠳᠣᠲᠣᠷᠠᠬᠢ ᠣᠶ᠋ᠢᠲᠤ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ᠂ ᠣᠶ ᠵᠢᠨ ᠪᠦᠰᠡ ᠵᠢᠴᠢ ᠣᠶ ᠵᠢᠨ ᠬᠥᠪᠡᠭᠡ ᠵᠠᠬ᠎ᠠ ᠵᠢᠨ 500 ᠮᠧᠲᠷ᠎ᠤᠨ ᠬᠡᠪᠴᠢᠶᠡᠨ ᠳᠣᠲᠣᠷᠠᠬᠢ ᠣᠷᠣᠨ ᠪᠦᠰᠡ᠂ G6᠂G7᠂110 ᠤᠯᠤᠰ᠎ᠤᠨ ᠵᠠᠮ᠂ 315 ᠮᠤᠵᠢ ᠵᠢᠨ ᠵᠠᠮ (ᠬᠠᠲᠤᠨ ᠭᠤᠤᠯ ᠳᠠᠭ᠋ᠠᠤ ᠵᠢᠨ ᠵᠠᠰᠠᠮᠠᠯ ᠵᠠᠮ)᠂ ᠡᠯᠡᠰᠦ ᠨᠡᠪᠲᠡᠯᠬᠦ ᠵᠠᠰᠠᠮᠠᠯ ᠵᠠᠮ᠎ᠤᠨ ᠬᠤᠶᠠᠷ ᠬᠠᠵᠠᠭᠤ ᠵᠢᠨ ᠣᠶ ᠵᠢᠨ ᠪᠦᠰᠡ᠂ ᠲᠡᠮᠦᠷ ᠵᠠᠮ ᠳᠠᠭ᠋ᠠᠤ ᠵᠢᠨ ᠬᠤᠶᠠᠷ ᠬᠠᠵᠠᠭᠤ ᠵᠢᠨ 200 ᠮᠧᠲᠷ᠎ᠤᠨ ᠬᠡᠪᠴᠢᠶᠡᠨ ᠳᠣᠲᠣᠷ᠎ᠠ᠂ ᠬᠤᠲᠠ ᠵᠢᠨ ᠲᠡᠭᠦᠷᠭᠡ ᠵᠢᠨ ᠨᠣᠭᠤᠭ᠋ᠠᠷᠠᠭᠤᠯᠤᠯᠲᠠ ᠵᠢᠨ ᠣᠷᠣᠨ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠪᠥᠬᠦ ᠰᠢᠶᠠᠨ᠎ᠤ ᠬᠡᠪᠴᠢᠶᠡᠨ ᠳᠣᠲᠣᠷᠠᠬᠢ ᠬᠦᠴᠦᠳᠡᠯ ᠥᠭᠡᠷᠡᠴᠢᠯᠡᠬᠦ ᠥᠷᠲᠡᠭᠡ᠂ ᠴᠠᠬᠢᠯᠭ᠋ᠠᠨ ᠬᠦᠷᠭᠡᠬᠦ ᠬᠡᠯᠬᠢᠶ᠎ᠡ ᠵᠢᠨ ᠬᠤᠩᠭᠢᠯ ᠵᠢᠴᠢ ᠡᠷᠬᠢᠨ ᠲᠣᠭᠤᠷᠢᠨ᠎ᠤ ᠬᠠᠷᠢᠶᠠᠯᠠᠭᠳᠠᠬᠤ ᠴᠠᠬᠢᠯᠭ᠋ᠠᠨ ᠬᠦᠴᠦᠨ᠎ᠤ ᠪᠡᠯᠡᠳᠬᠡᠮᠵᠢ ᠵᠢᠨ ᠬᠠᠮᠠᠭ᠋ᠠᠯᠠᠯᠲᠠ᠂ ᠵᠠᠬᠢᠷᠤᠨ ᠬᠠᠮᠢᠶᠠᠷᠬᠤ ᠣᠷᠣᠨ ᠪᠦᠰᠡ᠃ ᠡᠯᠡᠰᠦᠷᠬᠡᠭᠵᠢᠯ᠎ᠢ ᠰᠡᠷᠭᠡᠶ᠋ᠢᠯᠡᠬᠦ ᠤᠢ ᠰᠢᠭᠤᠢ ᠵᠢᠨ ᠦᠢ᠍ᠯᠡᠰ᠎ᠢ ᠬᠠᠮᠢᠶᠠᠷᠤᠨ ᠬᠠᠮᠠᠭ᠋ᠠᠯᠠᠬᠤ ᠲᠥᠪ᠂ ᠤᠢ ᠰᠢᠭᠤᠢ ᠵᠢᠨ ᠠᠮᠢ ᠠᠬᠤᠢ ᠵᠢᠨ ᠢᠨᠵᠧᠨᠧᠷᠢᠩ᠎ᠤᠨ ᠲᠦᠷᠦᠯ ᠵᠦᠢ᠍ᠯ᠎ᠤᠨ ᠣᠷᠣᠨ ᠵᠢᠴᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ ᠣᠷᠣᠨ᠂ ᠤᠯᠠᠭ᠋ᠠᠨᠪᠤᠬ᠎ᠠ ᠵᠢᠨ ᠡᠯᠡᠰᠦᠨ᠎ᠤ ᠠᠮᠢ ᠠᠬᠤᠢ ᠵᠢᠨ ᠵᠠᠰᠠᠯᠲᠠ ᠵᠢᠨ ᠣᠷᠣᠨ᠂ 《ᠭᠤᠷᠪᠠᠨ ᠤᠮᠠᠷᠠᠲᠤ》 ᠵᠢᠨ ᠲᠦᠷᠦᠯ ᠵᠦᠢ᠍ᠯ᠎ᠤᠨ ᠢᠨᠵᠧᠨᠧᠷᠢᠩ᠎ᠢ ᠬᠡᠷᠡᠭᠵᠢᠭᠦᠯᠬᠦ ᠣᠷᠣᠨ ᠵᠡᠷᠭᠡ ᠠᠶ᠋ᠢᠯ ᠲᠣᠰᠬᠤᠨ ᠵᠢᠴᠢ ᠡᠷᠬᠢᠨ ᠲᠣᠭᠤᠷᠢᠨ᠎ᠤ ᠤᠢ ᠰᠢᠭᠤᠢ ᠨᠤᠲᠤᠭ ᠪᠡᠯᠴᠢᠭᠡᠷ᠎ᠤᠨ ᠭᠠᠵᠠᠷ ᠵᠢᠴᠢ ᠭᠤᠣᠯ ᠰᠤᠪᠠᠭ ᠨᠤᠭᠤ ᠭᠠᠵᠠᠷ᠎ᠢ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠠᠶᠤᠯ ᠶᠡᠬᠡᠲᠡᠶ ᠣᠷᠣᠨ᠎ᠤ ᠪᠤᠰᠤᠳ ᠭᠤᠣᠯᠳᠠᠯᠭ᠎ᠠ᠎ᠲᠠᠢ ᠭᠠᠯ ᠰᠡᠷᠭᠡᠶ᠋ᠢᠯᠡᠬᠦ ᠣᠷᠣᠨ ᠪᠣᠯᠭ᠋ᠠᠨ ᠬᠤᠪᠢᠶᠠᠪᠠ᠃
ᠭᠤᠷᠪᠠ᠂ ᠭᠠᠯ ᠰᠡᠷᠭᠡᠶ᠋ᠢᠯᠡᠬᠦ ᠭᠠᠯ ᠤᠨᠲᠠᠷᠠᠭ᠋ᠠᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ
᠊ᠡᠯᠡ ᠬᠤᠯᠪᠣᠭᠳᠠᠯ ᠪᠥᠬᠦᠶ ᠨᠢᠭᠡᠴᠡ᠎ᠨᠦᠭᠦᠳ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠵᠠᠰᠠᠭ ᠵᠠᠬᠢᠷᠭ᠋ᠠᠨ᠎ᠤ ᠳᠠᠷᠤᠭ᠎ᠠ ᠬᠠᠷᠢᠭᠤᠴᠠᠬᠤ ᠲᠦᠷᠢᠮ᠎ᠢ ᠴᠢᠩᠭ᠎ᠠ ᠬᠡᠷᠡᠭᠵᠢᠭᠦᠯᠵᠦ᠂ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ᠎ᠤ 《ᠳᠥᠷᠪᠡᠨ ᠲᠠᠯ᠎ᠠ》 ᠵᠢᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠶ᠋ᠢᠵᠢᠭᠤᠯᠵᠤ᠂ ᠬᠠᠷᠢᠭᠤᠴᠠᠯᠭ᠎ᠠ ᠵᠢᠨ ᠣᠷᠣᠨ᠎ᠢ ᠵᠠᠭ᠋ᠠᠭᠯᠠᠨ ᠲᠣᠭᠲᠠᠭ᠋ᠠᠵᠤ᠂ ᠬᠠᠷᠢᠭᠤᠴᠠᠯᠭ᠎ᠠ ᠵᠢᠨ ᠪᠢᠴᠢᠭ᠎ᠲᠤ ᠭᠠᠷᠤᠨ ᠥᠰᠥᠭ ᠵᠢᠷᠤᠵᠤ᠂ ᠴᠢᠩᠭ᠎ᠠ ᠨᠢᠮᠪᠠᠶ ᠲᠣᠤᠷᠵᠢᠭᠤᠯᠤᠭᠰᠠᠨ ᠬᠠᠷᠢᠭᠤᠴᠠᠯᠭ᠎ᠠ ᠵᠢᠨ ᠰᠢᠰᠲ᠋ᠧᠮ᠎ᠢ ᠪᠠᠶ᠋ᠢᠭᠤᠯᠬᠤ ᠬᠡᠷᠡᠭᠲᠡᠶ᠃ ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠵᠢᠯᠣᠭᠤᠳᠬᠤ ᠭᠠᠵᠠᠷ᠎ᠤᠨ ᠪᠦᠷᠢᠯᠳᠦᠬᠦᠨ ᠨᠢᠭᠡᠴᠡ᠎ᠨᠦᠭᠦᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠨᠢᠭᠲᠠ ᠬᠠᠮᠵᠢᠯᠴᠠᠨ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠬᠦᠴᠦ᠎ᠪᠠᠨ ᠬᠠᠮᠲᠤᠳᠬᠠᠨ ᠰᠠᠶ᠋ᠢᠲᠤᠷ ᠬᠢᠬᠦ ᠬᠡᠷᠡᠭᠲᠡᠶ᠃
ᠳᠥᠷᠪᠡ᠂ ᠤᠬᠠᠭᠤᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ᠎ᠡ
᠊ᠡᠯᠡ ᠭᠠᠵᠠᠷ ᠡᠯ᠎ᠡ ᠰᠠᠯᠠᠭ᠎ᠠ ᠮᠥᠴᠢᠷ᠎ᠤᠳ ᠣᠯᠠᠨ ᠵᠦᠢ᠍ᠯ᠎ᠤᠨ ᠬᠡᠯᠪᠡᠷᠢ ᠮᠠᠶᠢᠭ᠎ᠢ ᠠᠪᠴᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠤᠬᠠᠭᠤᠯᠭ᠎ᠠ ᠬᠥᠮᠦᠵᠢᠯ᠎ᠢ ᠥᠷᠭᠡᠨ ᠵᠶ᠋ᠠᠷ ᠥᠷᠨᠢᠭᠦᠯᠵᠦ᠂ ᠪᠠᠯᠭ᠋ᠠᠰᠤ ᠲᠣᠰᠬᠤᠨ ᠬᠤᠶᠠᠷ ᠱᠠᠲᠤᠨ᠎ᠤ ᠺᠠᠳ᠋ᠷ᠂ ᠣᠶ ᠰᠢᠭᠤᠶ ᠬᠠᠮᠠᠭ᠋ᠠᠯᠠᠭᠴᠢ ᠵᠢ ᠭᠦᠢ᠍ᠴᠡᠳ ᠳᠠᠶ᠋ᠢᠴᠢᠯᠠᠨ ᠲᠣᠰᠬᠤᠨ ᠪᠠ ᠡᠷᠦᠬᠡ᠎ᠳᠤ ᠣᠴᠢᠭᠤᠯᠤᠨ ᠥᠷᠭᠡᠨ ᠣᠯᠠᠨ ᠲᠦᠮᠡᠨ᠎ᠳᠤ ᠬᠠᠨᠳᠤᠭᠤᠯᠤᠨ ᠤᠬᠠᠭᠤᠯᠵᠤ᠂ ᠣᠯᠠᠨ ᠨᠡᠶ᠋ᠢᠲᠡ ᠵᠢᠨ ᠬᠠᠷᠢᠭᠤᠴᠠᠯᠭ᠋ᠠᠲᠤ ᠤᠬᠠᠮᠰᠠᠷ᠂ ᠠᠮᠤᠷ ᠲᠦᠪᠰᠢᠨ᠎ᠤ ᠦᠵᠡᠯ ᠤᠬᠠᠮᠰᠠᠷ ᠪᠠ ᠬᠠᠤᠯᠢ᠎ᠪᠠᠷ ᠵᠠᠰᠠᠬᠤ ᠦᠵᠡᠯ ᠤᠬᠠᠮᠰᠠᠷ᠎ᠢ ᠴᠢᠩᠭ᠋ᠠᠷᠠᠭᠤᠯᠤᠨ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠦᠭᠰᠢᠭᠦᠷᠢ ᠮᠡᠳᠡᠭᠡᠯᠡᠬᠦ ᠤᠲᠠᠰᠤ ᠵᠢ 12119 ᠳᠡᠯᠭᠡᠷᠡᠭᠦᠯᠵᠦ᠂ ᠣᠯᠠᠨ ᠨᠡᠶ᠋ᠢᠲᠡ ᠵᠢᠨ ᠰᠡᠷᠭᠡᠶ᠋ᠢᠯᠡᠬᠦ᠂ ᠠᠶᠤᠯ᠎ᠠᠴᠠ ᠵᠠᠶ᠋ᠢᠯᠠᠬᠤ᠂ ᠥᠪᠡᠷ᠎ᠢ᠎ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃
ᠲᠠᠪᠤ᠂ ᠭᠠᠯ᠎ᠤᠨ ᠠᠶᠤᠯ᠎ᠢ ᠰᠡᠷᠭᠡᠶ᠋ᠢᠯᠡᠬᠦ ᠵᠢ ᠴᠢᠩᠭ᠋ᠠᠷᠠᠭᠤᠯᠬᠤ ᠬᠡᠷᠡᠭᠲᠡᠢ᠍ᠡᠯᠡ ᠭᠠᠵᠠᠷ
ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠬᠡᠷᠡᠭ᠎ᠤᠨ ᠡᠮᠦᠨ᠎ᠡ ᠬᠦᠴᠦᠯᠡᠬᠦ᠎ᠪᠠᠨ ᠴᠢᠩᠭ᠋ᠠᠳᠬᠠᠵᠤ᠂ ᠪᠣᠭᠤᠮᠲᠠ ᠵᠢ ᠤᠷᠤᠭᠰᠢ ᠰᠢᠯᠵᠢᠭᠦᠯᠬᠦ᠂ ᠭᠤᠣᠯᠳᠠᠯᠭ᠎ᠠ ᠵᠢ ᠳᠣᠷᠣᠭᠰᠢ ᠪᠠᠭᠤᠯᠭ᠋ᠠᠬᠤ ᠵᠢ ᠠᠬᠢᠭᠤᠯᠵᠤ᠂ ᠲᠤᠰᠠᠭ᠋ᠠᠷᠯᠠᠬᠤ ᠪᠦᠰᠡ ᠵᠢᠨ ᠪᠦᠳᠦᠭᠡᠨ ᠪᠠᠶ᠋ᠢᠭᠤᠯᠤᠯᠲᠠ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢ ᠬᠢᠨᠠᠨ ᠵᠥᠪᠰᠢᠶᠡᠷᠡᠬᠦ᠂ ᠤᠢ ᠵᠢᠨ ᠬᠤᠷᠮᠣᠢ ᠵᠢᠨ ᠰᠢᠲᠠᠮᠠᠬᠠᠢ ᠪᠣᠳᠠᠰ᠎ᠢ ᠴᠡᠪᠡᠷᠯᠡᠬᠦ᠂ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠭᠠᠯ᠎ᠤᠨ ᠭᠠᠮᠰᠢᠭ᠎ᠤᠨ ᠭᠡᠮ ᠰᠣᠭᠤᠭ᠎ᠢ ᠬᠥᠳᠡᠯᠦᠩᠭᠦᠢ᠎ᠪᠠᠷ ᠠᠷᠢᠯᠭ᠋ᠠᠬᠤ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠲᠠᠷᠢᠶᠠᠯᠠᠩ᠎ᠤᠨ ᠶᠠᠪᠤᠳᠠᠯ ᠤᠢ ᠰᠢᠭᠤᠢ ᠵᠢᠨ ᠶᠠᠪᠤᠳᠠᠯ᠂ ᠪᠠᠷᠢᠯᠭ᠎ᠠ ᠵᠢᠨ ᠠᠵᠢᠯ᠂ ᠦᠢ᠍ᠯᠡᠳᠪᠦᠷᠢᠯᠡᠯ ᠲᠡᠭᠡᠭᠡᠪᠦᠷᠢ᠂ ᠵᠤᠭ᠋ᠠᠴᠠᠨ ᠨᠠᠭ᠋ᠠᠳᠴᠤ ᠲᠠᠬᠢᠯᠭ᠎ᠠ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠡᠯ᠎ᠡ ᠲᠦᠷᠦᠯ᠎ᠤᠨ ᠠᠵᠢᠯᠯᠠᠭ᠎ᠠ ᠵᠢ ᠴᠢᠩᠭ᠎ᠠ ᠬᠠᠮᠢᠶᠠᠷᠴᠤ᠂ 《ᠨᠡᠪᠲᠡᠷᠡᠭᠦᠯᠬᠦ ᠪᠠ ᠬᠤᠷᠢᠭᠯᠠᠬᠤ ᠵᠢ ᠤᠶᠠᠯᠳᠤᠭᠤᠯᠬᠤ》 ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠰᠠᠶ᠋ᠢᠲᠤᠷ ᠠᠳᠬᠤᠬᠤ ᠬᠡᠷᠡᠭᠲᠡᠢ᠃
ᠴᠢᠩᠭ᠎ᠠ ᠰᠡᠷᠭᠡᠶ᠋ᠢᠯᠡᠯᠲᠡ ᠵᠢᠨ ᠵᠠᠬᠢᠷᠤᠨ ᠬᠠᠮᠢᠶᠠᠷᠬᠤ ᠬᠤᠭᠤᠴᠠᠭ᠋ᠠᠨ᠎ᠳᠤ᠂ ᠴᠢᠩᠭ᠎ᠠ ᠰᠡᠷᠭᠡᠶ᠋ᠢᠯᠡᠯᠲᠡ ᠵᠢᠨ ᠵᠠᠬᠢᠷᠤᠨ ᠬᠠᠮᠢᠶᠠᠷᠬᠤ ᠣᠷᠣᠨ᠎ᠳᠤ ᠳᠣᠤᠷᠠᠬᠢ ᠮᠡᠲᠦ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠄
(ᠨᠢᠭᠡ)ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠵᠢ ᠴᠠᠭ᠋ᠠᠵᠠᠯᠠᠬᠤ ᠣᠷᠣᠨ᠎ᠢ ᠵᠠᠭ᠋ᠠᠭᠯᠠᠨ ᠲᠣᠭᠲᠠᠭ᠋ᠠᠵᠤ᠂ ᠰᠢᠲᠠᠭ᠋ᠠᠬᠤ ᠵᠢ ᠴᠠᠭ᠋ᠠᠵᠠᠯᠠᠬᠤ ᠣᠷᠣᠨ᠎ᠳᠤ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠴᠠᠭ᠋ᠠᠰᠤ ᠰᠢᠲᠠᠭ᠋ᠠᠬᠤ᠂ ᠬᠦᠵᠢ ᠠᠰᠠᠭ᠋ᠠᠬᠤ᠂ ᠫᠤᠤᠵᠢᠩ ᠲᠠᠯᠪᠢᠬᠤ᠂ ᠭᠠᠯ ᠨᠣᠴᠣᠭ᠋ᠠᠵᠤ ᠳᠤᠯᠠᠭ᠋ᠠᠯᠠᠬᠤ᠂ ᠬᠤᠭ ᠨᠣᠪᠰᠢ ᠰᠢᠲᠠᠭ᠋ᠠᠬᠤ ᠵᠡᠷᠭᠡ ᠦᠢ᠍ᠯᠡᠳᠪᠦᠷᠢᠯᠡᠯ᠎ᠤᠨ ᠪᠤᠰᠤ ᠭᠠᠯ ᠬᠡᠷᠡᠭᠯᠡᠬᠦ ᠪᠠ ᠠᠲᠠᠷ ᠰᠢᠲᠠᠭ᠋ᠠᠬᠤ᠂ ᠡᠰᠢ ᠰᠦᠷᠡᠯ ᠰᠢᠲᠠᠭ᠋ᠠᠬᠤ ᠵᠡᠷᠭᠡ ᠲᠠᠷᠢᠶᠠᠯᠠᠩ᠎ᠤᠨ ᠶᠠᠪᠤᠳᠠᠯ᠎ᠳᠤ ᠭᠠᠯ ᠬᠡᠷᠡᠭᠯᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃
(ᠬᠤᠶᠠᠷ)ᠬᠡᠭᠡᠷ᠎ᠡ ᠭᠠᠳᠠᠨ᠎ᠠ ᠭᠠᠯ ᠬᠡᠷᠡᠭᠯᠡᠬᠦ᠎ᠳᠡᠭᠡᠨ ᠡᠷᠬᠡᠪᠰᠢ ᠲᠤᠬᠠᠶ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠪᠠ ᠰᠢᠶᠠᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠵᠦ᠂ ᠲᠣᠭᠲᠠᠭᠰᠠᠨ ᠴᠠᠭ᠂ ᠲᠣᠭᠲᠠᠭᠰᠠᠨ ᠭᠠᠵᠠᠷ᠂ ᠬᠠᠷᠢᠭᠤᠴᠠᠯᠭ᠋ᠠᠲᠠᠨ᠎ᠢ ᠲᠣᠳᠣᠷᠬᠠᠶ᠋ᠢᠯᠠᠨ᠂ ᠠᠪᠤᠷᠠᠨ ᠲᠤᠰᠠᠯᠠᠬᠤ ᠪᠡᠯᠡᠳᠬᠡᠯ᠎ᠢ ᠰᠠᠶ᠋ᠢᠲᠤᠷ ᠬᠢᠭᠰᠡᠨ ᠤᠷᠢᠲᠠᠯ ᠳᠣᠤᠷ᠎ᠠ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠡᠶ᠃
(ᠭᠤᠷᠪᠠ)ᠣᠶ ᠰᠢᠭᠤᠶ ᠵᠢᠨ ᠣᠷᠣᠨ᠎ᠳᠤ ᠣᠷᠣᠬᠤ ᠬᠥᠮᠦᠨ ᠪᠠ ᠲᠡᠷᠭᠡ ᠬᠥᠰᠬᠡ᠎ᠳᠤ ᠭᠠᠯ᠎ᠤᠨ ᠵᠦᠢ᠍ᠯ ᠪᠤᠶᠤ ᠨᠣᠴᠣᠮᠠᠲᠠᠭ᠋ᠠᠶ ᠳᠡᠯᠪᠡᠷᠡᠮᠡᠲᠡᠭᠡᠶ ᠪᠣᠳᠠᠰ ᠠᠪᠴᠤ ᠶᠠᠪᠤᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠂ ᠴᠢᠬᠤᠯᠠᠲᠠᠢ ᠦ᠊ ᠢᠡᠳᠤ《ᠭᠠᠯ ᠰᠡᠷᠭᠡᠶ᠋ᠢᠯᠡᠬᠦ ᠮᠠᠯᠠᠭ᠋ᠠᠢ》 ᠨᠡᠮᠡᠵᠦ ᠤᠭᠰᠠᠷᠠᠭᠰᠠᠨ ᠮᠠᠰᠢᠨᠲᠤ ᠲᠡᠷᠭᠡ᠎ᠪᠠᠷ ᠭᠠᠯ ᠭᠦᠶᠦᠬᠦ ᠵᠢ ᠰᠡᠷᠭᠡᠶ᠋ᠢᠯᠡᠬᠦ᠂ ᠪᠠᠷᠠᠭ᠋ᠠᠨ᠎ᠤ ᠲᠡᠷᠭᠡ ᠵᠢ ᠪᠢᠲᠡᠭᠦᠮᠵᠢᠯᠡᠵᠦ ᠰᠢᠲᠠᠮᠠᠬᠠᠶ ᠪᠣᠳᠠᠰ ᠠᠰᠬᠠᠵᠤ ᠰᠠᠭᠤᠬᠤ ᠵᠢ ᠰᠡᠷᠭᠡᠶ᠋ᠢᠯᠡᠬᠦ ᠵᠡᠷᠭᠡ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠷᠭ᠎ᠠ ᠬᠡᠮᠵᠢᠶ᠎ᠡ ᠵᠢ ᠠᠪᠬᠤ ᠬᠡᠷᠡᠭᠲᠡᠶ᠃ ᠭᠠᠯᠲᠤ ᠲᠡᠷᠭᠡ᠂ ᠮᠠᠰᠢᠨ ᠲᠡᠷᠭᠡ ᠵᠡᠷᠭᠡ ᠵᠢᠯᠣᠭᠤᠴᠢ ᠪᠠ ᠠᠶᠠᠨᠴᠢᠳ ᠲᠡᠷᠭᠡᠨ ᠭᠠᠳᠠᠨ᠎ᠠ᠎ᠠᠴᠠ ᠭᠠᠯ᠎ᠤᠨ ᠡᠬᠢ ᠰᠤᠷᠪᠤᠯᠵᠢ ᠵᠢ ᠰᠢᠲᠡᠬᠦ ᠵᠢ ᠴᠢᠩᠭ᠎ᠠ ᠴᠠᠭ᠋ᠠᠵᠠᠯᠠᠨ᠎ᠠ᠃
(ᠲᠦᠷᠪᠡ)ᠡᠯ᠎ᠡ ᠪᠠᠶ᠋ᠢᠴᠠᠭ᠋ᠠᠬᠤ ᠥᠷᠲᠡᠭᠡ᠂ ᠪᠠᠷᠠᠯᠠᠬᠤ ᠲᠠᠪᠴᠠᠩ᠂ ᠴᠠᠭᠳᠠᠨ ᠲᠣᠭᠤᠷᠢᠵᠤ ᠴᠠᠭᠳᠠᠨ ᠬᠠᠮᠠᠭ᠋ᠠᠯᠠᠬᠤ ᠠᠵᠢᠯ᠎ᠤᠨ ᠪᠠᠶ᠋ᠢᠷᠢ ᠵᠡᠷᠭᠡ ᠵᠢ ᠪᠦᠬᠦᠯᠢ ᠡᠳᠦᠷ ᠵᠶ᠋ᠠᠷ ᠵᠢᠵᠢᠭᠦᠷᠯᠡᠨ ᠰᠠᠬᠢᠵᠤ᠂ ᠰᠢᠭᠤᠶ᠋ᠢᠲᠤ ᠣᠷᠣᠨ ᠪᠠ ᠨᠤᠲᠤᠭ ᠪᠡᠯᠴᠢᠭᠡᠷ᠎ᠲᠤ ᠣᠷᠣᠬᠤ ᠬᠥᠮᠦᠨ ᠪᠠ ᠲᠡᠷᠭᠡ ᠬᠥᠰᠬᠡ ᠵᠢ ᠴᠢᠩᠭ᠎ᠠ ᠵᠠᠬᠢᠷᠤᠨ ᠬᠠᠮᠢᠶᠠᠷᠬᠤ ᠬᠡᠷᠡᠭᠲᠡᠶ᠃ ᠰᠢᠭᠤᠶ᠋ᠢᠲᠤ ᠣᠷᠣᠨ ᠪᠣᠯᠤᠨ ᠨᠤᠲᠤᠭ ᠪᠡᠯᠴᠢᠭᠡᠷ᠎ᠲᠤ ᠣᠷᠣᠬᠤ ᠬᠥᠮᠦᠰ ᠡᠷᠬᠡᠪᠰᠢ ᠭᠠᠯ ᠰᠡᠷᠭᠡᠶ᠋ᠢᠯᠡᠬᠦ ᠭᠠᠯ ᠤᠨᠲᠠᠷᠠᠭ᠋ᠠᠬᠤ ᠪᠠᠶ᠋ᠢᠴᠠᠭ᠋ᠠᠯᠲᠠ ᠵᠢ ᠬᠦᠯᠢᠶᠡᠵᠦ᠂ ᠭᠠᠯ ᠰᠡᠷᠭᠡᠶ᠋ᠢᠯᠡᠬᠦ ᠭᠠᠯ ᠤᠨᠲᠠᠷᠠᠭ᠋ᠠᠬᠤ ᠲᠣᠭᠲᠠᠭ᠋ᠠᠯ ᠢ ᠵᠢᠷᠤᠮᠯᠠᠨ᠂ ᠭᠠᠯ ᠰᠡᠷᠭᠡᠶ᠋ᠢᠯᠡᠬᠦ ᠭᠠᠯ ᠤᠨᠲᠠᠷᠠᠭ᠋ᠠᠬᠤ ᠡᠭᠦᠷᠭᠡ᠎ᠪᠠᠨ ᠭᠦᠢ᠍ᠴᠡᠳᠬᠡᠬᠦ ᠬᠡᠷᠡᠭᠲᠡᠶ᠃
(ᠲᠠᠪᠤ)ᠡᠯ᠎ᠡ ᠭᠠᠵᠠᠷ ᠤᠨ᠋ᠬᠢᠨ 《ᠲᠡᠨᠡᠭ᠂ ᠲᠡᠨᠡᠭ᠂ ᠲᠡᠨᠡᠭ᠂ ᠳᠦᠯᠡᠢ᠂ ᠶᠠᠪᠠ᠂ ᠰᠣᠬᠣᠷ ᠪᠠᠯᠠᠢ᠎ᠪᠠᠷ》 ᠵᠡᠷᠭᠡ ᠣᠨᠴᠣᠭᠣᠢ ᠬᠥᠮᠦᠰ ᠵᠢᠴᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠵᠡᠷᠭᠡ ᠨᠠᠰᠤᠨ᠎ᠳᠤ ᠦᠯᠦ ᠬᠦᠷᠦᠭᠰᠡᠳ ᠢ ᠬᠢᠨᠠᠨ ᠬᠠᠮᠠᠭ᠋ᠠᠯᠠᠬᠤ ᠬᠠᠷᠢᠭᠤᠴᠠᠯᠭ᠎ᠠ ᠵᠢ ᠴᠢᠩᠭ᠎ᠠ ᠨᠠᠢ᠍ᠳᠠᠪᠤᠷᠢᠵᠢᠭᠤᠯᠵᠤ᠂ ᠲᠡᠭᠦᠨ᠎ᠠᠴᠠ ᠪᠣᠯᠵᠤ ᠣᠢ ᠱ᠌ᠢᠭᠤᠢ ᠨᠤᠲᠤᠭ ᠪᠡᠯᠴᠢᠭᠡᠷ ᠦ᠋᠊ᠨ ᠭᠠᠯ᠎ᠤᠨ ᠭᠠᠮᠱ᠌ᠢᠭ ᠡᠭᠦᠰᠭᠡᠭᠰᠡᠨ ᠪᠠᠢ᠍ᠪᠠᠯ᠂ ᠬᠠᠮᠢᠶ᠎ᠠ ᠪᠦᠬᠦᠢ ᠬᠢᠨᠠᠨ ᠬᠠᠮᠠᠭ᠋ᠠᠯᠠᠭᠴᠢ ᠵᠢᠨ ᠬᠠᠷᠢᠭᠤᠴᠠᠯᠭ᠎ᠠ ᠵᠢ ᠨᠡᠬᠡᠮᠵᠢᠯᠡᠨ᠎ᠡ᠃ ᠨᠠᠮ᠎ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠣᠭᠲᠠᠭ᠋ᠠᠯ᠎ᠢ ᠲᠦᠷᠦᠭᠦᠯᠡᠨ ᠵᠢᠷᠤᠮᠯᠠᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠭᠦᠢ᠍ᠴᠡᠳᠬᠡᠬᠦ ᠬᠡᠷᠡᠭᠲᠡᠶ᠂ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠲᠦᠭᠰᠢᠭᠦᠷᠢ ᠮᠡᠳᠡᠭᠦᠯᠬᠦ᠎ᠳᠤ ᠨᠥᠬᠦᠴᠡᠯ ᠦᠭᠡᠢ᠎ᠪᠠᠷ ᠲᠥᠬᠦᠮ ᠦᠵᠡᠭᠦᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠪᠠᠶ᠋ᠢᠳᠠᠯ᠎ᠢ ᠬᠤᠳᠠᠯ ᠵᠶ᠋ᠠᠷ ᠮᠡᠳᠡᠭᠦᠯᠬᠦ᠂ ᠳᠤᠷ᠎ᠠ᠎ᠪᠠᠷ ᠵᠶ᠋ᠠᠨ ᠮᠡᠳᠡᠭᠦᠯᠬᠦ ᠵᠢ ᠴᠠᠭ᠋ᠠᠵᠠᠯᠠᠬᠤ ᠬᠡᠷᠡᠭᠲᠡᠶ᠃
ᠳᠡᠭᠡᠷᠡᠬᠢ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ ᠬᠠᠤᠯᠢ ᠶᠣᠰᠣᠭ᠋ᠠᠷ ᠵᠣᠬᠢᠬᠤ ᠰᠢᠳᠬᠡᠯ ᠥᠭᠭᠦᠨ᠎ᠡ᠃ ᠣᠷᠣᠰᠢᠵᠤ ᠪᠠᠶ᠋ᠢᠭ᠎ᠠ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠲᠡᠪᠴᠢᠵᠦ᠂ ᠬᠠᠮᠢᠶᠠᠷᠤᠯᠲᠠ ᠵᠢ ᠳᠠᠭ᠋ᠠᠬᠤ ᠦᠭᠡᠢ ᠪᠤᠶᠤ ᠵᠣᠷᠢᠭᠤᠳᠠ ᠵᠥᠷᠢᠴᠡᠭᠰᠡᠳ᠎ᠢ ᠲᠣᠭᠲᠠᠭ᠋ᠠᠯ ᠰᠠᠬᠢᠯᠭ᠎ᠠ ᠪᠠᠲᠤ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠢ᠃
ᠵᠢᠷᠭᠤᠭ᠎ᠠ᠂ ᠰᠡᠷᠡᠮᠵᠢᠯᠡᠬᠦᠯᠬᠦ ᠬᠢᠨᠡᠨ ᠰᠢᠨᠵᠢᠬᠦ ᠵᠢ ᠴᠢᠩᠭ᠋ᠠᠳᠬᠠᠨ᠎ᠠ
᠊ᠡᠯᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠤᠨ ᠴᠠᠭ ᠠᠭᠤᠷ᠎ᠤᠨ ᠤᠷᠢᠳᠴᠢᠯᠠᠨ ᠮᠡᠳᠡᠭᠡᠯᠡᠬᠦ ᠪᠠ ᠭᠠᠯ᠎ᠤᠨ ᠠᠶᠤᠯ᠎ᠤᠨ ᠲᠦᠭᠰᠢᠭᠦᠷᠢ ᠶᠡᠬᠡᠲᠡᠶ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠳᠠᠭ᠋ᠠᠭᠤᠯᠢ ᠣᠳᠣᠨ ᠠᠯᠤᠰ ᠰᠡᠷᠡᠯ᠂ ᠰᠤᠪᠤᠷᠭ᠋ᠠᠨ ᠬᠠᠷᠠᠭᠤᠯ ᠵᠶ᠋ᠠᠷ ᠪᠠᠷᠠᠯᠠᠵᠤ᠂ ᠭᠠᠵᠠᠷ ᠳᠡᠭᠡᠷ᠎ᠡ ᠲᠣᠭᠤᠷᠢᠨ ᠴᠠᠭᠳᠠᠬᠤ᠂ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ᠂ ᠳ᠋ᠢᠶᠠᠩᠬᠤᠸᠠ᠎ᠪᠠᠷ ᠲᠦᠭᠰᠢᠭᠦᠷᠢ ᠵᠢ ᠬᠢᠨᠠᠨ ᠬᠡᠮᠵᠢᠬᠦ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠬᠡᠮᠵᠢᠬᠦ ᠵᠡᠷᠭᠡ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠪᠦᠬᠦᠯᠢ ᠡᠳᠦᠷ ᠵᠶ᠋ᠠᠷ ᠬᠢᠯᠢ ᠵᠢᠨ ᠭᠠᠳᠠᠨᠠᠬᠢ ᠭᠠᠯ᠂ ᠠᠶᠤᠩᠭ᠋ᠠᠲᠤ ᠭᠠᠯ ᠪᠠ ᠬᠢᠯᠢ ᠵᠢᠨ ᠳᠣᠲᠣᠷᠠᠬᠢ ᠡᠯ᠎ᠡ ᠲᠥᠷᠥᠯ᠎ᠤᠨ ᠭᠠᠯ᠎ᠤᠨ ᠪᠠᠶ᠋ᠢᠳᠠᠯ᠎ᠢ ᠬᠢᠨᠠᠨ ᠬᠡᠮᠵᠢᠵᠦ᠂ ᠠᠶᠤᠯ᠎ᠤᠨ ᠪᠠᠶ᠋ᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠶᠤᠯ ᠲᠦᠭᠰᠢᠭᠦᠷᠢ᠎ᠠᠴᠠ ᠪᠣᠯᠵᠤ ᠰᠡᠷᠭᠡᠶ᠋ᠢᠯᠡᠬᠦ ᠬᠡᠷᠡᠭᠲᠡᠶ᠃ ᠰᠠᠯᠠᠭ᠎ᠠ ᠮᠥᠴᠢᠷ᠎ᠤᠨ ᠭᠠᠯ᠎ᠤᠨ ᠠᠶᠤᠯ᠎ᠤᠨ ᠪᠠᠶ᠋ᠢᠳᠠᠯ᠎ᠢ ᠵᠥᠪᠳᠡᠯᠴᠡᠨ ᠰᠤᠳᠤᠯᠤᠨ ᠮᠠᠭ᠋ᠠᠳᠯᠠᠬᠤ ᠪᠠ ᠬᠠᠮᠲᠤᠷᠠᠨ ᠵᠢᠵᠢᠭᠦᠷᠯᠡᠵᠦ ᠬᠤᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠭᠠᠯ᠎ᠤᠨ ᠪᠠᠶ᠋ᠢᠳᠠᠯ᠎ᠢ ᠮᠡᠳᠡᠭᠦᠯᠦᠨ ᠬᠦᠷᠭᠡᠬᠦ᠂ ᠡᠩᠨᠡᠭᠡ ᠵᠢ ᠰᠢᠯᠵᠢᠭᠦᠯᠦᠨ ᠵᠢᠯᠣᠭᠤᠳᠬᠤ᠂ ᠬᠠᠮᠲᠤᠷᠠᠨ ᠦᠢ᠍ᠯᠡᠴᠢᠯᠡᠬᠦ ᠵᠡᠷᠭᠡ ᠠᠵᠢᠯ᠎ᠢ ᠨᠢᠭᠡ ᠴᠣᠭᠴᠠᠵᠢᠭᠤᠯᠤᠨ ᠥᠷᠨᠢᠭᠦᠯᠦᠨ᠎ᠡ᠃
ᠳᠣᠯᠤᠭ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠢ ᠴᠢᠩᠭ᠋ᠠᠷᠠᠭᠤᠯᠤᠨ᠎ᠠ
᠊ᠡᠯᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ᠎ᠨᠦᠭᠦᠳ ᠰᠠᠯᠠᠭ᠎ᠠ ᠮᠥᠴᠢᠷ᠎ᠤᠨ ᠶᠡᠷᠦᠩᠬᠡᠶ᠋ᠢᠯᠡᠭᠰᠡᠨ ᠵᠢᠵᠢᠭᠦᠷᠯᠡᠬᠦ᠂ ᠭᠠᠯ ᠰᠡᠷᠭᠡᠶ᠋ᠢᠯᠡᠨ ᠤᠨᠲᠠᠷᠠᠭ᠋ᠠᠬᠤ ᠪᠠᠶ᠋ᠢᠭᠤᠯᠤᠮᠵᠢ ᠵᠢᠨ ᠲᠤᠰᠬᠠᠶ ᠮᠡᠷᠭᠡᠵᠢᠯ᠎ᠤᠨ ᠵᠢᠵᠢᠭᠦᠷᠯᠡᠨ ᠰᠠᠬᠢᠬᠤ ᠪᠠ ᠵᠠᠩᠭᠢᠯᠠᠭ᠎ᠠ ᠵᠢᠨ ᠬᠤᠭᠤᠴᠠᠭ᠋ᠠᠨ᠎ᠤ ᠰᠠᠯᠠᠭ᠎ᠠ ᠮᠥᠴᠢᠷ᠎ᠤᠨ ᠬᠠᠮᠲᠤᠷᠠᠨ ᠵᠢᠵᠢᠭᠦᠷᠯᠡᠨ ᠰᠠᠬᠢᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠮᠰᠢᠭ ᠠᠳᠡᠯ᠎ᠤᠨ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠵᠢᠷᠤᠮᠵᠢᠯ》 ᠵᠢᠴᠢ ᠬᠠᠮᠢᠶ᠎ᠠ ᠪᠥᠬᠦᠶ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠨ᠂ 《ᠭᠠᠯ ᠪᠠᠶ᠋ᠢᠪᠠᠯ ᠵᠠᠪᠠᠯ ᠮᠡᠳᠡᠭᠦᠯᠬᠦ》᠂ 《ᠮᠡᠳᠡᠭᠦᠯᠦᠨ ᠤᠨᠲᠠᠷᠠᠭ᠋ᠠᠬᠤ ᠵᠢ ᠵᠡᠷᠭᠡ᠎ᠪᠡᠷ ᠶᠠᠪᠤᠭᠳᠠᠭᠤᠯᠬᠤ》 ᠪᠠ ᠭᠤᠤᠯᠳᠠᠯᠭ᠎ᠠ᠎ᠲᠠᠢ ᠴᠠᠭ ᠬᠤᠭᠤᠴᠠᠭ᠎ᠠ ᠵᠢᠨ 《ᠡᠳᠦᠷ᠎ᠤᠨ ᠮᠡᠳᠡᠭᠦᠯᠦᠯᠲᠡ》᠂ 《ᠥᠯᠥ ᠮᠡᠳᠡᠭᠦᠯᠬᠦ》 ᠲᠦᠷᠢᠮ᠎ᠢ ᠨᠠᠶ᠋ᠢᠳᠠᠪᠤᠷᠢᠵᠢᠭᠤᠯᠬᠤ ᠬᠡᠷᠡᠭᠲᠡᠶ᠃ ᠭᠠᠯ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂ ᠡᠩᠨᠡᠭᠡᠨ᠎ᠤ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠦᠨ᠂ ᠶᠡᠷᠦᠩᠬᠡᠶ᠋ᠢᠯᠡᠭᠰᠡᠨ ᠪᠠᠲᠤᠯᠠᠭ᠎ᠠ ᠵᠢ ᠴᠢᠩᠭ᠋ᠠᠳᠬᠠᠵᠤ᠂ ᠭᠡᠨᠡᠳᠲᠡ ᠵᠢᠨ ᠭᠠᠯ᠎ᠤᠨ ᠪᠠᠶ᠋ᠢᠳᠠᠯ᠎ᠢ ᠦᠳᠲᠡᠷ ᠲᠦᠷᠭᠡᠨ ᠴᠣᠬᠢᠵᠤ᠂ ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠨ᠂ 《ᠡᠷᠲᠡ ᠤᠨᠲᠠᠷᠠᠭ᠋ᠠᠬᠤ᠂ ᠪᠠᠭ᠎ᠠ ᠳᠡᠭᠡᠷ᠎ᠡ᠎ᠨᠢ ᠤᠨᠲᠠᠷᠠᠭ᠋ᠠᠬᠤ᠂ ᠪᠦᠷᠢᠮᠦᠰᠦᠨ ᠤᠨᠲᠠᠷᠠᠭ᠋ᠠᠬᠤ》 ᠵᠢ ᠦᠨᠡᠨᠬᠦ ᠪᠠᠲᠤᠯᠠᠬᠤ ᠬᠡᠷᠡᠭᠲᠡᠶ᠃ ᠬᠠᠷᠢᠶ᠎ᠠ ᠭᠠᠵᠠᠷ ᠲᠤᠨᠢ ᠵᠢᠯᠣᠭᠤᠳᠬᠤ᠂ ᠲᠤᠰᠬᠠᠶ ᠮᠡᠷᠭᠡᠵᠢᠯ ᠵᠶ᠋ᠠᠷ ᠵᠢᠯᠣᠭᠤᠳᠬᠤ᠂ ᠨᠢᠭᠡᠳᠦᠯᠲᠡᠶ ᠵᠢᠯᠣᠭᠤᠳᠬᠤ ᠵᠢ ᠪᠠᠷᠢᠮᠲᠠᠯᠠᠵᠤ᠂ ᠭᠠᠯ ᠲᠦᠢ᠍ᠮᠡᠷ ᠭᠠᠷᠤᠮᠠᠭᠴᠠ ᠣᠯᠠᠨ ᠲᠦᠮᠡᠨ᠎ᠢ ᠲᠠᠷᠬᠠᠭ᠋ᠠᠨ ᠰᠢᠯᠵᠢᠭᠦᠯᠬᠦ ᠠᠵᠢᠯ᠎ᠢ ᠴᠠᠭ ᠲᠤᠬᠠᠶ᠎ᠳᠤᠨᠢ ᠰᠠᠶ᠋ᠢᠲᠤᠷ ᠬᠢᠵᠦ᠂ ᠣᠯᠠᠨ ᠲᠦᠮᠡᠨ᠎ᠢ ᠰᠢᠭᠤᠳ ᠭᠠᠯ ᠤᠨᠲᠠᠷᠠᠭ᠋ᠠᠬᠤ᠎ᠠᠴᠠ ᠡᠷᠡᠰ ᠵᠠᠶ᠋ᠢᠯᠠᠰᠬᠢᠵᠦ᠂ ᠨᠠᠰᠤᠲᠠᠨ᠂ ᠨᠠᠰᠤᠨ᠎ᠳᠤ ᠥᠯᠥ ᠬᠦᠷᠦᠭᠰᠡᠳ᠂ ᠰᠤᠷᠤᠭᠴᠢᠳ ᠭᠠᠯ ᠤᠨᠲᠠᠷᠠᠭ᠋ᠠᠬᠤ᠎ᠳᠤ ᠣᠷᠣᠯᠴᠠᠬᠤ ᠵᠢ ᠴᠠᠭ᠋ᠠᠵᠠᠯᠠᠨ᠂ ᠬᠥᠮᠦᠨ ᠬᠠᠷ᠎ᠠ ᠥᠭᠦᠵᠦ ᠰᠢᠷᠬᠠᠲᠤᠭᠰᠠᠨ ᠠᠳᠡᠯ ᠪᠠ ᠡᠭᠦᠰᠦᠮᠡᠯ ᠭᠠᠮᠰᠢᠭ ᠡᠭᠦᠰᠬᠦ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃ ᠭᠠᠯ᠎ᠢ ᠰᠡᠷᠭᠡᠶ᠋ᠢᠯᠡᠵᠦ ᠭᠠᠯ ᠤᠨᠲᠠᠷᠠᠭ᠋ᠠᠬᠤ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ᠂ ᠲᠣᠨᠤᠭ ᠲᠥᠬᠦᠭᠡᠷᠦᠮᠵᠢ ᠡᠳ᠋ ᠪᠣᠳᠠᠰ᠎ᠤᠨ ᠲᠣᠬᠢᠷᠠᠭᠤᠯᠤᠯᠲᠠ ᠪᠠ ᠲᠦᠷᠢᠮ ᠲᠣᠭᠲᠠᠴᠠ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠪᠠᠴᠢᠮ ᠠᠷᠭ᠋ᠠᠴᠠᠭ᠋ᠠᠨ ᠰᠢᠢ᠍ᠳᠪᠦᠷᠢᠯᠡᠬᠦ ᠶᠡᠷᠦᠩᠬᠡᠶ᠋ᠢᠯᠡᠭᠰᠡᠨ ᠴᠢᠳᠠᠪᠤᠷᠢ ᠪᠠ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃
ᠨᠠᠢ᠍ᠮᠠ᠂ ᠰᠢᠮᠳᠠᠭᠤᠯᠤᠨ ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠳᠠᠯᠠᠨ᠎ᠠ
᠊ᠡᠯᠡ ᠭᠠᠵᠠᠷ ᠡᠯ᠎ᠡ ᠰᠠᠯᠠᠭ᠎ᠠ ᠮᠥᠴᠢᠷ ᠨᠢᠭᠡᠴᠡ᠎ᠨᠦᠭᠦᠳ ᠭᠠᠯ ᠰᠡᠷᠭᠡᠶ᠋ᠢᠯᠡᠨ ᠭᠠᠯ ᠤᠨᠲᠠᠷᠠᠭ᠋ᠠᠬᠤ ᠵᠢ ᠬᠢᠨᠠᠨ ᠵᠢᠯᠣᠭᠤᠳᠴᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠬᠢᠨᠠᠨ ᠵᠢᠯᠣᠭᠤᠳᠴᠤ ᠪᠠᠶ᠋ᠢᠴᠠᠭ᠋ᠠᠬᠤ ᠲᠥᠰᠦᠯ ᠵᠶ᠋ᠠᠨ ᠨᠠᠷᠢᠯᠢᠬ᠍ᠵᠢᠭᠤᠯᠤᠨ᠂ ᠠᠰᠠᠭᠤᠳᠠᠯ᠎ᠤᠨ ᠨᠠᠷᠢᠨ ᠲᠠᠩᠰᠠ ᠵᠢ ᠪᠠᠶ᠋ᠢᠭᠤᠯᠵᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠨ᠂ ᠴᠢᠬᠤᠯᠠ ᠶᠡᠭᠡ ᠠᠰᠠᠭᠤᠳᠠᠯ᠎ᠤᠨ ᠳᠠᠯᠳᠠ ᠬᠡᠮ᠎ᠢ ᠫᠠᠶ᠋ᠢᠰᠠ ᠡᠯᠭᠦᠨ ᠰᠢᠮᠳᠠᠭᠤᠯᠤᠨ ᠰᠢᠢ᠍ᠳᠪᠦᠷᠢᠯᠡᠵᠦ᠂ ᠦᠷ᠎ᠡ ᠪᠦᠲᠦᠮᠵᠢ ᠵᠢ᠎ᠨᠢ ᠮᠥᠷᠳᠡᠨ ᠪᠠᠶ᠋ᠢᠴᠠᠭ᠋ᠠᠬᠤ ᠬᠡᠷᠡᠭᠲᠡᠶ᠃ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠲᠤᠰᠬᠠᠶ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠭᠠᠯ᠎ᠤᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠂ ᠨᠡᠶ᠋ᠢᠲᠡᠯᠢᠭ ᠬᠡᠷᠡᠭ᠎ᠢ ᠢᠯᠡ᠎ᠪᠠᠷ ᠢᠯᠡᠴᠢᠯᠡᠵᠦ᠂ ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠬᠦ᠂ ᠨᠢᠭᠡ ᠲᠠᠯ᠎ᠠ ᠵᠢ ᠰᠦᠷᠳᠡᠭᠦᠯᠬᠦ᠂ ᠨᠢᠭᠡ ᠬᠡᠰᠡᠭ᠎ᠢ ᠬᠥᠮᠦᠵᠢᠭᠦᠯᠬᠦ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠶ᠃ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠭᠠᠯ ᠰᠡᠷᠭᠡᠶ᠋ᠢᠯᠡᠬᠦ ᠭᠠᠯ ᠤᠨᠲᠠᠷᠠᠭ᠋ᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠥᠬᠡᠶ ᠪᠤᠶᠤ ᠨᠠᠶ᠋ᠢᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠥᠬᠡᠶ᠎ᠠᠴᠠ ᠪᠣᠯᠵᠣ ᠬᠦᠨᠳᠦ ᠶᠡᠭᠡ ᠣᠨᠴᠠ ᠶᠡᠭᠡ ᠭᠠᠯ᠎ᠤᠨ ᠭᠠᠮᠰᠢᠭ ᠪᠤᠶᠤ ᠬᠥᠮᠦᠨ ᠬᠠᠷ᠎ᠠ ᠥᠭᠦᠵᠦ ᠰᠢᠷᠬᠠᠲᠤᠭᠰᠠᠨ ᠠᠳᠡᠯ ᠭᠠᠷᠭ᠋ᠠᠭᠰᠠᠨ ᠣᠷᠣᠨ ᠨᠤᠲᠤᠭ᠂ ᠨᠢᠭᠡᠴᠢ ᠪᠠ ᠬᠠᠷᠢᠭᠤᠴᠠᠯᠭ᠋ᠠᠲᠠᠨ ᠲᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠬᠦ ᠬᠡᠷᠡᠭᠲᠡᠶ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ