ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 《ᠥᠪᠥᠷ ᠮᠣᠩᠭᠤᠯ᠎ᠤᠨ ᠪᠠᠶᠠᠨᠨᠠᠭᠤᠷ ᠬᠤᠲᠠ ᠵᠢᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ ᠲᠤᠬᠠᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ 》 ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠎ᠢ ᠬᠦᠴᠦᠨ ᠥᠬᠡᠶ ᠪᠣᠯᠭ᠋ᠠᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2025-11-12
ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ᠌ ᠣᠷᠣᠨ᠎ᠤ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠬᠢᠯᠢ ᠵᠢᠨ ᠪᠣᠭᠤᠮᠲᠠ ᠵᠢᠨ ᠬᠠᠮᠢᠶᠠᠷᠤᠯᠲᠠ ᠵᠢᠨ ᠵᠥᠪᠯᠡᠯ᠂ ᠬᠤᠲᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ ᠪᠠᠶ᠋ᠢᠳᠠᠯ᠎ᠢ ᠦᠨᠳᠦᠰᠦᠯᠡᠨ᠂ ᠡᠳᠦᠭᠡ 《ᠥᠪᠥᠷ ᠮᠣᠩᠭᠤᠯ᠎ᠤᠨ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 (ᠪᠠᠶᠠᠨᠨᠠᠭᠤᠷ ᠵᠠᠰᠠᠭ ᠲᠠᠷᠬᠠᠭ᠋ᠠᠭᠰᠠᠨ[2020] 36 ᠳ᠋ᠤᠭ᠋ᠠᠷ ᠲᠣᠭ᠋ᠠᠲᠤ)᠂ 《〈ᠥᠪᠥᠷ ᠮᠣᠩᠭᠤᠯ᠎ᠤᠨ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ〉 ᠵᠢᠨ ᠬᠡᠰᠡᠭ ᠵᠦᠢ᠍ᠯ ᠵᠤᠷᠪᠤᠰ᠎ᠲᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ》 (ᠪᠠᠶᠠᠨᠨᠠᠭᠤᠷ ᠵᠠᠰᠠᠭ ᠥᠰᠥᠭ [2020] 10 ᠳ᠋ᠤᠭ᠋ᠠᠷ ᠲᠣᠭ᠋ᠠᠲᠤ) 2 ᠪᠢᠴᠢᠭ ᠮᠠᠲ᠋ᠧᠷᠢᠶᠠᠯ᠎ᠢ ᠬᠦᠴᠦᠨ ᠥᠬᠡᠶ ᠪᠣᠯᠭ᠋ᠠᠨ᠎ᠠ᠃
ᠲᠤᠰ ᠮᠡᠳᠡᠭᠳᠡᠯ᠎ᠢ ᠪᠠᠭᠤᠯᠭ᠋ᠠᠭᠰᠠᠨ ᠡᠳᠦᠷ᠎ᠠᠴᠠ ᠡᠬᠢᠯᠡᠨ᠂ ᠳᠡᠭᠡᠷᠡᠬᠢ ᠪᠢᠴᠢᠭ ᠮᠠᠲ᠋ᠧᠷᠢᠶᠠᠯ᠎ᠢ ᠴᠥᠮ ᠬᠡᠷᠡᠭᠵᠢᠭᠦᠯᠬᠦ ᠵᠢ ᠵᠣᠭᠰᠣᠭ᠋ᠠᠵᠤ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠦᠨᠳᠦᠰᠦᠯᠡᠯ ᠪᠣᠯᠭ᠋ᠠᠵᠤ ᠪᠣᠯᠬᠤ ᠦᠭᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠦ᠋᠎ᠤᠨ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠵᠶ᠋ᠡᠨ ᠵᠣᠬᠢᠶᠠᠵᠤ ᠨᠡᠶ᠋ᠢᠲᠡᠯᠡᠭᠰᠡᠨ ᠬᠠᠮᠢᠶ᠎ᠠ ᠪᠦᠬᠦᠢ ᠲᠥᠬᠥᠷ ᠪᠢᠴᠢᠭ ᠮᠠᠲ᠋ᠧᠷᠢᠶᠠᠯ ᠢ ᠴᠠᠭ ᠲᠤᠬᠠᠶ᠎ᠳᠤᠨᠢ ᠢᠯᠭ᠋ᠠᠷᠠᠭᠤᠯᠬᠤ ᠬᠡᠷᠡᠭᠲᠡᠶ᠃
ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ
2025 ᠣᠨ᠎ᠤ 9 ᠰᠠᠷ᠎ᠠ ᠵᠢᠨ 11᠎ᠤ ᠡᠳᠦᠷ
(ᠲᠤᠰ ᠵᠦᠢ᠍ᠯ᠎ᠢ ᠢᠯᠡ᠎ᠪᠠᠷ ᠨᠡᠢᠲᠡᠯᠡᠪᠡ)
ᠢᠷᠡᠯᠲᠡ᠄ ᠪᠠᠶᠠᠨᠨᠠᠭᠤᠷ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ