ᠲᠡᠷᠢᠭᠦᠨ ᠬᠠᠭᠤᠳᠠᠰᠤ   -   ᠪᠢᠴᠢᠭ ᠮᠠᠲ᠋ᠧᠷᠢᠶᠠᠯ

ᠳ᠋ᠧᠩᠺᠧᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠳ᠋ᠧᠩᠺᠧᠦ ᠰᠢᠶᠠᠨ᠎ᠤ ᠬᠤᠲᠠ ᠵᠢᠨ ᠲᠣᠭᠤᠷᠢᠭ᠎ᠤᠨ ᠲᠥᠯᠥᠪᠵᠢᠭᠦᠯᠭᠡ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠠᠭ᠋ᠠᠭ ᠬᠢᠵᠠᠭ᠋ᠠᠷ᠎ᠢ ᠲᠣᠬᠢᠷᠠᠭᠤᠯᠬᠤ ᠲᠤᠬᠠᠶ ᠮᠡᠳᠡᠭᠳᠡᠯ

ᠨᠡᠶ᠋ᠢᠲᠡᠯᠡᠭᠰᠡᠨ ᠴᠠᠭ᠄   2025-06-13

ᠪᠠᠶᠠᠨᠭᠤᠣᠯ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠰᠢᠶᠠᠨ᠎ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠱᠠ ᠯᠢᠨ ᠲᠥᠪ᠎ᠲᠤ᠄

ᠰᠢᠶᠠᠨ᠎ᠤ ᠳᠣᠲᠣᠷᠠᠬᠢ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ ᠵᠢᠴᠢ ᠰᠢᠶᠠᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠬᠤᠭᠤᠷᠣᠨᠳᠣᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠂ ᠣᠷᠴᠢᠨ ᠲᠣᠭᠤᠷᠢᠨ᠎ᠤ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ ᠵᠢᠨ ᠵᠠᠭ᠋ᠠᠭ ᠬᠢᠵᠠᠭ᠋ᠠᠷ᠎ᠨᠢ ᠲᠣᠳᠣᠷᠬᠠᠶ ᠥᠬᠡᠶ᠂ ᠬᠠᠷᠢᠭᠤᠴᠠᠯᠭ᠎ᠠ᠎ᠨᠢ ᠲᠣᠳᠣᠷᠬᠠᠶ ᠥᠬᠡᠶ ᠪᠠᠶ᠋ᠢᠬᠤ ᠠᠰᠠᠭᠤᠳᠠᠯ᠎ᠢ ᠦᠨᠡᠨᠬᠦ ᠰᠢᠢ᠍ᠳᠪᠦᠷᠢᠯᠡᠵᠦ᠂ ᠬᠤᠲᠠ ᠵᠢᠨ ᠬᠠᠮᠢᠶᠠᠷᠤᠯᠲᠠ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ ᠰᠢᠶᠠᠨ᠎ᠤ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠬᠤᠲᠠ ᠵᠢᠨ ᠲᠣᠭᠤᠷᠢᠭ᠎ᠤᠨ ᠲᠥᠯᠥᠪᠵᠢᠭᠦᠯᠭᠡ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠠᠭ᠋ᠠᠭ ᠬᠢᠵᠠᠭ᠋ᠠᠷ᠎ᠢ ᠳᠣᠭᠢᠷᠠᠭᠤᠯᠬᠤ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄

ᠨᠢᠭᠡ᠂ ᠬᠠᠮᠢᠶᠠᠷᠤᠯᠲᠠ ᠵᠢᠨ ᠵᠠᠭ᠋ᠠᠭ ᠬᠢᠵᠠᠭ᠋ᠠᠷ᠎ᠢ ᠬᠤᠪᠢᠶᠠᠷᠢᠯᠠᠬᠤ ᠵᠠᠷᠴᠢᠮ

ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠂ ᠬᠣᠲᠠ ᠵᠢᠨ ᠦᠵᠡᠮᠵᠢ ᠪᠣᠯᠤᠨ ᠣᠷᠴᠢᠨ ᠲᠣᠭᠣᠷᠢᠨ᠎ᠤ ᠠᠷᠢᠭᠤᠨ ᠴᠡᠪᠡᠷ ᠦ᠋᠊ᠨ ᠬᠠᠮᠢᠶᠠᠷᠤᠯᠲᠠ ᠵᠢᠨ ᠵᠠᠭ᠋ᠠᠭ᠎ᠢ ᠵᠠᠷᠴᠢᠮ ᠳᠡᠭᠡᠷ᠎ᠡ᠎ᠪᠠᠨ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢ᠎ᠪᠠᠷ ᠬᠢᠵᠠᠭ᠋ᠠᠷ ᠪᠣᠯᠭ᠋ᠠᠨ ᠰᠠᠯᠭ᠋ᠠᠵᠤ᠃

ᠬᠤᠶᠠᠷ᠂ ᠠᠭᠤᠯᠭ᠎ᠠ ᠵᠢ ᠲᠣᠬᠢᠷᠠᠭᠤᠯᠬᠤ

ᠵᠡᠭᠦᠨ ᠲᠠᠯ᠎ᠠ ᠵᠢᠨ ᠵᠠᠭ᠋ᠠᠭ᠎ᠤᠨ ᠱᠣᠭᠤᠮ᠄ ᠵᠡᠭᠦᠨ᠎ᠠᠴᠠ ᠡᠯ ᠬᠤᠸᠠᠩ ᠡᠾᠧ ᠴᠢᠥᠢ ᠰᠣᠪᠠᠭ᠎ᠤᠨ ᠬᠥᠪᠡᠭᠡ᠂ ᠵᠡᠭᠦᠨ ᠬᠤᠶ᠋ᠢᠨ᠎ᠠ᠎ᠠᠴᠠ ᠡᠾᠧ ᠫᠢᠡᠭ ᠨᠡᠶ᠋ᠢᠭᠡᠮ ᠲᠣᠭᠤᠷᠢᠭ ᠬᠢᠭᠡᠳ ᠬᠤᠶ᠋ᠢᠳᠤ ᠯᠢᠶᠠᠩ᠎ᠲᠠᠢ ᠲᠤᠰᠬᠤᠨ᠎ᠤ ᠵᠠᠭ᠋ᠠᠭ ᠱᠤᠭᠤᠮ ᠵᠶ᠋ᠠᠷ ᠵᠠᠭ᠋ᠠᠭ ᠪᠣᠯᠭ᠋ᠠᠵᠤ᠂ ᠵᠡᠭᠦᠨ ᠡᠮᠦᠨᠡᠰᠢ᠎ᠪᠠᠨ ᠬᠠᠲᠤᠨ ᠭᠤᠣᠯ ᠳᠠᠭ᠋ᠠᠤ ᠵᠠᠰᠠᠮᠠᠯ ᠵᠠᠮ ᠵᠶ᠋ᠠᠷ ᠳᠣᠣᠭᠤᠷ ᠠᠭ᠋ᠠᠷ᠎ᠤᠨ ᠠᠶᠠᠯᠠᠯ᠎ᠤᠨ ᠲᠠᠯᠠᠪᠠᠢ ᠵᠢᠨ ᠡᠮᠦᠨ᠎ᠡ ᠲᠠᠯ᠎ᠠ᠎ᠪᠠᠷ ᠵᠠᠭ᠋ᠠᠭ ᠪᠣᠯᠭ᠋ᠠᠵᠤ᠂ ᠬᠤᠲᠠ ᠵᠢᠨ ᠲᠣᠭᠤᠷᠢᠭ᠎ᠲᠤ ᠬᠠᠮᠢᠶᠠᠷᠤᠭᠳᠠᠨ᠎ᠠ᠃

ᠡᠮᠦᠨ᠎ᠡ ᠲᠠᠯ᠎ᠠ ᠵᠢᠨ ᠵᠠᠭ᠋ᠠᠭ ᠱᠤᠭᠤᠮ᠄ ᠡᠮᠦᠨ᠎ᠡ᠎ᠠᠴᠠ ᠨᠠᠮ ᠨᠢᠰᠦᠯᠲᠡ ᠵᠢᠨ ᠲᠠᠯᠠᠪᠠᠢ ᠵᠢᠨ ᠡᠮᠦᠨ᠎ᠡ ᠲᠠᠯ᠎ᠠ᠎ᠳᠤ᠂ ᠲᠡᠮᠦᠷ ᠵᠠᠮ ᠪᠣᠯᠤᠨ ᠳ᠋ᠦᠩ ᠹᠧᠩ ᠰᠤᠪᠠᠭ᠎ᠢ ᠳᠠᠭ᠋ᠠᠵᠤ ᠪᠠᠯᠭ᠋ᠠᠰᠤᠨ᠎ᠤ ᠡᠮᠦᠨ᠎ᠡ ᠨᠡᠶ᠋ᠢᠭᠡᠮ ᠲᠣᠭᠤᠷᠢᠭ ᠪᠣᠯᠤᠨ ᠴᠧᠩ ᠭᠤᠸᠠᠨ ᠼᠦᠨ ᠲᠣᠰᠬᠤᠨ᠎ᠤ ᠠᠭᠤᠯᠵᠠᠷ᠎ᠲᠤ ᠬᠦᠷᠴᠦ᠂ ᠵᠢᠶᠠ ᠰᠢᠨ ᠲᠣᠭᠤᠷᠢᠭ᠎ᠤᠨ ᠡᠮᠦᠨ᠎ᠡ ᠲᠣᠰᠣᠨ ᠵᠠᠮ ᠵᠶ᠋ᠠᠷ ᠵᠠᠭ᠋ᠠᠭ ᠪᠣᠯᠭ᠋ᠠᠵᠤ᠂ ᠵᠢᠶᠠ ᠰᠢᠨ ᠲᠣᠭᠤᠷᠢᠭ᠎ᠤᠨ ᠪᠠᠷᠠᠭᠤᠨ ᠲᠠᠯ᠎ᠠ ᠵᠢᠨ ᠵᠢᠵᠢᠭ ᠴᠠᠷᠳᠠᠮᠠᠯ ᠵᠠᠮ᠎ᠢ᠎ᠲᠠᠭᠠᠨ ᠬᠤᠶ᠋ᠢᠰᠢ᠎ᠪᠠᠨ ᠴᠠᠰᠤ᠎ᠪᠠᠷ ᠪᠣᠭᠤᠷᠰᠤᠭ ᠬᠢᠬᠦ ᠦᠢ᠍ᠯᠡᠳᠪᠦᠷᠢ᠂ ᠴᠠᠰᠤ᠎ᠪᠠᠷ ᠪᠣᠭᠤᠷᠰᠤᠭ ᠬᠢᠬᠦ ᠦᠢ᠍ᠯᠡᠳᠪᠦᠷᠢ᠎ᠠᠴᠠ ᠪᠠᠷᠠᠭᠤᠨᠰᠢ᠎ᠪᠠᠨ ᠵᠢᠵᠢᠭ ᠴᠠᠷᠳᠠᠮᠠᠯ ᠵᠠᠮ᠎ᠢ᠎ᠲᠠᠭᠠᠨ ᠪᠸᠢ ᠲᠠᠨ ᠲᠣᠰᠬᠤᠨ᠎ᠤ ᠠᠷᠠᠳ᠎ᠤᠨ ᠵᠥᠪᠯᠡᠯ᠎ᠳᠤ ᠬᠦᠷᠴᠦ᠂ ᠪᠸᠢ ᠲᠠᠨ ᠲᠣᠰᠬᠤᠨ᠎ᠤ ᠠᠷᠠᠳ᠎ᠤᠨ ᠵᠥᠪᠯᠡᠯ᠎ᠠᠴᠠ ᠵᠢᠵᠢᠭ ᠴᠠᠷᠳᠠᠮᠠᠯ ᠵᠠᠮ᠎ᠢ᠎ᠲᠠᠭᠠᠨ ᠡᠮᠦᠨ᠎ᠡ ᠲᠣᠭᠤᠷᠢᠯ ᠵᠠᠮ᠎ᠳᠤ ᠬᠦᠷᠴᠦ᠂ ᠡᠮᠦᠨ᠎ᠡ ᠲᠣᠭᠤᠷᠢᠯ ᠵᠠᠮ ᠵᠶ᠋ᠠᠷ ᠵᠶ᠋ᠠᠨ ᠪᠠᠷᠠᠭᠤᠨᠰᠢ᠎ᠪᠠᠨ ᠦᠰᠢᠨ ᠭᠤᠣᠯ ᠰᠤᠪᠠᠭ ᠬᠦᠷᠲᠡᠯ᠎ᠡ᠃

ᠪᠠᠷᠠᠭᠤᠨ ᠲᠠᠯ᠎ᠠ ᠵᠢᠨ ᠵᠠᠭ᠋ᠠᠭ᠄ ᠦᠣᠰᠢᠨ ᠭᠤᠣᠯ ᠰᠤᠪᠠᠭ᠎ᠢ ᠳᠠᠭ᠋ᠠᠵᠤ ᠳ᠋ᠦᠩᠹᠧᠩ ᠵᠡᠭᠡᠯᠢ᠎ᠠᠴᠠ ᠪᠠᠷᠠᠭᠤᠨᠰᠢ ᠪᠣᠭᠤᠲᠦ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠂ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠎ᠠᠴᠠ ᠵᠡᠭᠦᠨᠰᠢ᠂ ᠦᠣᠰᠢᠨ ᠭᠤᠣᠯ ᠰᠤᠪᠠᠭ᠎ᠠᠴᠠ ᠪᠠᠷᠠᠭᠤᠨᠰᠢ᠂ ᠦᠣᠰᠢᠨ ᠭᠤᠣᠯ ᠰᠤᠪᠠᠭ᠎ᠠᠴᠠ ᠪᠠᠷᠠᠭᠤᠨᠰᠢ᠂ ᠳ᠋ᠦᠩᠹᠧᠩ ᠪᠠᠷᠠᠭᠤᠨ ᠵᠡᠭᠡᠯᠢ᠎ᠠᠴᠠ ᠬᠤᠶ᠋ᠢᠰᠢ᠎ᠪᠠᠨ ᠬᠤᠳᠠ ᠵᠢᠨ ᠲᠣᠭᠤᠷᠢᠭ᠎ᠲᠤ ᠬᠤᠪᠢᠶᠠᠷᠢᠯᠠᠨ᠂ ᠲᠣᠳᠤᠭ᠋ᠠᠲᠤ ᠵᠢ ᠬᠠᠮᠠᠭ᠋ᠠᠯᠠᠬᠤ ᠲᠣᠪᠴᠢᠶ᠎ᠠ᠎ᠠᠴᠠ ᠬᠤᠶ᠋ᠢᠰᠢ᠎ᠪᠠᠨ ᠲᠥᠪ᠎ᠤᠨ ᠴᠡᠴᠡᠷᠯᠢᠭ᠎ᠤᠨ ᠬᠤᠶᠠᠳᠤᠭ᠋ᠠᠷ ᠬᠤᠭᠤᠴᠠᠭ᠋ᠠᠨ᠎ᠤ ᠬᠤᠶ᠋ᠢᠰᠢ᠎ᠪᠠᠨ ᠬᠤᠶ᠋ᠢᠰᠢ ᠵᠠᠭ᠋ᠠᠭᠯᠠᠵᠤ᠂ ᠲᠤᠸᠠᠨ ᠵᠢᠶᠧ ᠨᠡᠶ᠋ᠢᠭᠡᠮ ᠲᠣᠭᠤᠷᠢᠭ ᠬᠢᠭᠡᠳ ᠬᠤᠶ᠋ᠢᠰᠢ᠎ᠪᠠᠨ ᠯᠢᠶᠠᠩ᠎ᠲᠠᠢ ᠲᠣᠰᠬᠤᠨ ᠵᠶ᠋ᠠᠷ ᠵᠠᠭ᠋ᠠᠭ ᠪᠣᠯᠭ᠋ᠠᠨ᠂ ᠬᠤᠩ ᠸᠧᠢ ᠵᠢᠨ ᠰᠠᠯᠪᠤᠷᠢ ᠬᠠᠭᠤᠷᠠᠶ ᠭᠤᠤ ᠵᠢ ᠳᠠᠭ᠋ᠠᠵᠤ ᠬᠤᠶ᠋ᠢᠰᠢ᠎ᠪᠠᠨ ᠯᠠᠮᠠ᠎ᠲᠠᠢ ᠲᠣᠰᠬᠤᠨ᠎ᠤ ᠳᠦᠷᠪᠡᠳᠦᠭᠡᠷ ᠪᠠᠭ᠎ᠠ ᠲᠣᠰᠣᠨ ᠵᠠᠮ ᠵᠶ᠋ᠠᠷ ᠴᠣᠣᠰᠢᠶᠠ ᠵᠠᠮ᠎ᠤᠨ ᠠᠭᠤᠯᠵᠠᠷ ᠬᠦᠷᠦᠨ᠎ᠡ᠃

ᠬᠤᠶ᠋ᠢᠲᠤ ᠲᠠᠯ᠎ᠠ ᠵᠢᠨ ᠵᠠᠭ᠋ᠠᠭ ᠱᠤᠭᠤᠮ᠄ ᠴᠤᠤ ᠰᠢᠶᠠ ᠵᠠᠮ (ᠴᠤᠤ ᠰᠢᠶᠠ ᠵᠠᠮ᠎ᠤᠨ ᠪᠠᠷᠠᠭᠤᠨᠳᠠᠬᠢ ᠪᠠᠭᠲᠠᠨ᠎ᠠ)᠎ᠠᠴᠠ ᠬᠤᠲᠠ ᠵᠢ ᠲᠣᠭᠤᠷᠢᠭᠰᠠᠨ ᠵᠠᠮ᠎ᠠᠴᠠ ᠪᠣᠯᠣᠳ ᠲᠡᠮᠦᠷ ᠵᠠᠮ᠎ᠤᠨ ᠤᠯᠠᠭ᠋ᠠᠨ ᠨᠣᠭᠤᠭ᠋ᠠᠨ ᠳ᠋ᠧᠩ᠎ᠤᠨ ᠡᠭᠦᠳᠡ ᠬᠦᠷᠲᠡᠯ᠎ᠡ᠂ ᠪᠣᠯᠣᠳ ᠲᠡᠮᠦᠷ ᠵᠠᠮ᠎ᠢ ᠳᠠᠭ᠋ᠠᠵᠤ ᠡᠮᠦᠨᠡᠰᠢ ᠬᠦᠴᠦᠳᠡᠯ ᠥᠭᠡᠷᠡᠴᠢᠯᠡᠬᠦ ᠥᠷᠲᠡᠭᠡ (ᠬᠤᠲᠠ ᠵᠢᠨ ᠲᠣᠭᠤᠷᠢᠭ᠎ᠤᠨ ᠭᠤᠷᠪᠠᠳᠤᠭ᠋ᠠᠷ ᠮᠥᠷ᠎ᠤᠨ ᠥᠷᠥᠭᠡ ᠪᠠᠭᠲᠠᠨ᠎ᠠ)᠂ ᠪᠤᠯᠤᠩ᠎ᠤᠨ ᠨᠠᠭᠤᠷ ᠪᠠᠯᠭ᠋ᠠᠰᠤᠨ᠎ᠤ ᠰᠢᠷ᠎ᠠ ᠰᠢᠷᠣᠶ ᠵᠢᠨ ᠲᠠᠰ᠎ᠲᠠᠢ ᠵᠠᠭ᠋ᠠᠭ ᠵᠶ᠋ᠠᠷ ᠵᠠᠭ᠋ᠠᠭ ᠪᠣᠯᠭ᠋ᠠᠨ᠎ᠠ᠃

ᠭᠤᠷᠪᠠ᠂ ᠬᠡᠷᠡᠭᠵᠢᠭᠦᠯᠬᠦ ᠴᠠᠭ ᠬᠤᠭᠤᠴᠠᠭ᠎ᠠ

ᠲᠤᠰ ᠮᠡᠳᠡᠭᠳᠡᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ᠎ᠠᠴᠠ ᠡᠮᠦᠨ᠎ᠡ ᠬᠠᠮᠢᠶ᠎ᠠ ᠪᠦᠬᠦᠢ ᠲᠣᠭᠲᠠᠭ᠋ᠠᠯ᠎ᠨᠢ ᠲᠤᠰ ᠮᠡᠳᠡᠭᠳᠡᠯ᠎ᠯᠦᠭᠡ ᠨᠢᠭᠡᠳᠦᠯ ᠦᠭᠡᠶ ᠪᠠᠶ᠋ᠢᠪᠠᠯ᠂ ᠲᠤᠰ ᠮᠡᠳᠡᠭᠳᠡᠯ ᠵᠶ᠋ᠡᠷ ᠪᠠᠷᠢᠮᠵᠢᠶ᠎ᠠ ᠪᠣᠯᠭ᠋ᠠᠵᠤ᠂ ᠥᠩᠭᠡᠷᠡᠭᠰᠡᠨ᠎ᠤ ᠬᠢᠵᠠᠭ᠋ᠠᠷ ᠳᠣᠲᠣᠷ᠎ᠠ ᠣᠷᠣᠰᠢᠵᠤ ᠪᠠᠶ᠋ᠢᠭᠰᠠᠨ ᠠᠰᠠᠭᠤᠳᠠᠯ ᠎ᠢ ᠮᠥᠨ ᠬᠦ᠌ ᠤᠤᠯ᠎ᠤᠨ ᠬᠠᠷᠢᠶᠠᠯᠠᠬᠤ ᠭᠣᠤᠯ ᠴᠣᠭᠴᠠ᠎ᠨᠢ ᠬᠠᠷᠢᠭᠤᠴᠠᠨ᠎ᠠ᠃

 

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ