ᠲᠡᠷᠢᠭᠦᠨ ᠬᠠᠭᠤᠳᠠᠰᠤ   -   ᠪᠢᠴᠢᠭ ᠮᠠᠲ᠋ᠧᠷᠢᠶᠠᠯ

ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ 《ᠪᠠᠶᠠᠨᠨᠠᠭᠤᠷ ᠬᠤᠲᠠ ᠵᠢᠨ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠦᠢ᠍ᠯᠡᠰ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠬᠤ ᠠᠵᠢᠯᠯᠠᠭ᠋ᠠᠨ᠎ᠤ ᠲᠥᠰᠦᠯ (2021 - 2027 ᠣᠨ)》᠎ᠤᠨ ᠬᠤᠯᠪᠣᠭᠳᠠᠯ ᠪᠥᠬᠦᠶ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ

ᠨᠡᠶ᠋ᠢᠲᠡᠯᠡᠭᠰᠡᠨ ᠴᠠᠭ᠄   2025-12-18

ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ  ᠵᠢᠱ᠌ᠢᠶ᠎ᠡ ᠦᠵᠡᠭᠦᠯᠬᠦ᠌ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠬᠢᠯᠢ ᠵᠢᠨ ᠪᠣᠭᠤᠮᠲᠠ ᠵᠢᠨ ᠬᠠᠮᠢᠶᠠᠷᠤᠯᠲᠠ ᠵᠢᠨ ᠵᠥᠪᠯᠡᠯ᠂ ᠬᠤᠲᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄

ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ ᠪᠠᠶ᠋ᠢᠳᠠᠯ᠎ᠢ ᠦᠨᠳᠦᠰᠦᠯᠡᠨ᠂ ᠡᠳᠦᠭᠡ 《ᠪᠠᠶᠠᠨᠨᠠᠭᠤᠷ ᠬᠤᠲᠠ ᠵᠢᠨ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠦᠢ᠍ᠯᠡᠰ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠬᠤ ᠠᠵᠢᠯᠯᠠᠭ᠋ᠠᠨ᠎ᠤ ᠲᠥᠰᠦᠯ (2021 - 2027 ᠣᠨ)》 (ᠪᠠᠶᠠᠨᠨᠠᠭᠤᠷ ᠵᠠᠰᠠᠭ ᠲᠠᠷᠬᠠᠭ᠋ᠠᠭᠰᠠᠨ〔2020〕 14 ᠳ᠋ᠤᠭᠡᠷ ᠲᠣᠭ᠋ᠠᠲᠤ)᠎ᠤᠨ ᠬᠤᠯᠪᠣᠭᠳᠠᠯ ᠪᠥᠬᠦᠶ ᠠᠭᠤᠯᠭ᠎ᠠ᠎ᠳᠤ ᠵᠠᠰᠠᠪᠤᠷᠢ ᠣᠷᠣᠭᠤᠯᠪᠠ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠃

ᠨᠢᠭᠡ᠂ ᠪᠢᠴᠢᠭ ᠮᠠᠲ᠋ᠧᠷᠢᠶᠠᠯ᠎ᠤᠨ ᠭᠤᠤᠯᠳᠠᠯᠭ᠎ᠠ᠎ᠲᠠᠢ ᠡᠭᠦᠷᠭᠡ᠎ᠶ᠋ᠢᠨ ᠨᠢᠭᠡᠳᠦᠭᠡᠷ ᠵᠦᠢ᠍ᠯ᠎ᠳᠠᠬᠢ 《ᠥᠪᠡᠷᠲᠡᠭᠡᠨ ᠵᠠᠰᠠᠬᠤ ᠣᠷᠣᠨ᠎ᠤ 〈ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠶ ᠡᠳ᠋ᠰᠢᠭᠦᠯᠬᠦ ᠵᠢ ᠳᠡᠮᠵᠢᠬᠦ ᠲᠤᠬᠠᠶ ᠠᠷᠭ᠎ᠠ ᠬᠡᠮᠵᠢᠶ᠎ᠡ᠎ᠨᠦᠭᠦᠳ〉 (ᠥᠪᠥᠷ ᠵᠠᠰᠠᠭ ᠠᠯᠪᠠᠨ ᠲᠠᠷᠬᠠᠭ᠋ᠠᠭᠰᠠᠨ〔2020〕 61 ᠳ᠋ᠤᠭᠡᠷ ᠲᠣᠭ᠋ᠠᠲᠤ)᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ᠂ ᠵᠠᠭᠪᠤᠷ᠎ᠤᠨ ᠰᠢᠨ᠎ᠡ ᠵᠢ ᠡᠭᠦᠳᠬᠦ ᠵᠢ ᠳᠡᠮᠵᠢᠵᠦ᠂ ᠬᠠᠩᠭ᠋ᠠᠯᠭ᠎ᠠ ᠵᠢᠨ ᠬᠡᠯᠬᠢᠶ᠎ᠡ ᠵᠢᠨ ᠪᠠᠶ᠋ᠢᠷᠢᠰᠢᠭᠤᠯᠤᠯ᠎ᠢ ᠰᠢᠯᠢᠳᠡᠭᠵᠢᠭᠦᠯᠦᠨ᠎ᠡ᠃ ᠤᠯᠤᠰ᠎ᠤᠨ ᠲᠠᠰ᠎ᠤᠨ ᠭᠤᠤᠯᠳᠠᠯᠭ᠎ᠠ᠎ᠲᠠᠢ ᠬᠥᠲᠥᠴᠢ ᠠᠵᠤ ᠠᠬᠤᠶ᠋ᠢᠯᠠᠯ 1᠂ ᠥᠪᠡᠷᠲᠡᠭᠡᠨ ᠵᠠᠰᠠᠬᠤ ᠣᠷᠣᠨ᠎ᠤ ᠲᠠᠰ᠎ᠢ 10᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠬᠦ᠎ᠪᠠᠷ ᠴᠢᠷᠮᠠᠶ᠋ᠢᠵᠤ᠂ 〈ᠲᠤᠰᠬᠠᠶ ᠨᠠᠷᠢᠯᠢᠭ ᠣᠨᠴᠠ ᠰᠢᠨ᠎ᠡ〉 ᠳᠤᠮᠳᠠ ᠵᠢᠵᠢᠭ ᠠᠵᠤ ᠠᠬᠤᠶ᠋ᠢᠯᠠᠯ᠎ᠢ 5᠎ᠠᠴᠠ ᠳᠡᠭᠡᠭᠰᠢ ᠪᠠᠶ᠋ᠢᠭᠤᠯᠵᠤ》᠎ᠶ᠋ᠢ 《ᠤᠯᠤᠰ᠎ᠤᠨ ᠲᠠᠰ᠎ᠤᠨ ᠭᠤᠤᠯᠳᠠᠯᠭ᠎ᠠ᠎ᠲᠠᠢ ᠬᠥᠲᠥᠴᠢ ᠠᠵᠤ ᠠᠬᠤᠶ᠋ᠢᠯᠠᠯ 1᠂ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ 10᠎ᠠᠴᠠ ᠳᠡᠭᠡᠭᠰᠢ ᠰᠢᠨ᠎ᠡ᠎ᠪᠠᠷ ᠨᠡᠮᠡᠭᠳᠡᠵᠦ᠂ 5 ᠎ᠠᠴᠠ ᠳᠡᠭᠡᠭᠰᠢᠬᠢ 〈ᠲᠤᠰᠬᠠᠶ ᠨᠠᠷᠢᠯᠢᠭ ᠣᠨᠴᠠ ᠰᠢᠨ᠎ᠡ〉 ᠳᠤᠮᠳᠠ ᠵᠢᠵᠢᠭ ᠠᠵᠤ ᠠᠬᠤᠶ᠋ᠢᠯᠠᠯ᠎ᠢ ᠪᠣᠶ ᠪᠣᠯᠭ᠋ᠠᠨ᠎ᠠ》 ᠭᠡᠵᠦ᠍ ᠵᠠᠰᠠᠨ᠎ᠠ᠃

ᠬᠤᠶᠠᠷ᠂ ᠪᠢᠴᠢᠭ ᠮᠠᠲ᠋ᠧᠷᠢᠶᠠᠯ᠎ᠤᠨ ᠭᠤᠤᠯᠳᠠᠯᠭ᠎ᠠ᠎ᠲᠠᠢ ᠡᠭᠦᠷᠭᠡ ᠵᠢᠨ ᠲᠠᠪᠤᠳᠤᠭ᠋ᠠᠷ ᠵᠦᠢ᠍ᠯ᠎ᠳᠠᠬᠢ 《ᠲᠥᠷᠥ ᠵᠢᠨ ᠪᠣᠳᠣᠯᠭ᠎ᠠ ᠵᠢᠨ ᠴᠢᠨᠠᠷᠲᠠᠶ ᠲᠠᠷᠢᠶᠠᠯᠠᠩ ᠮᠠᠯ ᠠᠵᠤ ᠠᠬᠤᠶ ᠵᠢᠨ ᠪᠠᠯᠠ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠪᠠᠶ᠋ᠢᠭᠤᠯᠤᠮᠵᠢ ᠵᠢᠨ ᠴᠢᠳᠠᠮᠵᠢ ᠵᠢ ᠴᠢᠩᠭ᠋ᠠᠷᠠᠭᠤᠯᠵᠤ᠂ ᠣᠨ᠎ᠤ ᠳᠠᠭ᠋ᠠᠭ᠋ᠠᠯᠲᠠ ᠵᠢᠨ ᠵᠠᠷᠤᠳᠠᠯ᠎ᠤᠨ ᠨᠣᠷᠮ᠎ᠠ ᠵᠢ 0.6% ᠪᠠ ᠳᠠᠭ᠋ᠠᠭ᠋ᠠᠯᠲᠠ ᠵᠢᠨ ᠬᠡᠪᠴᠢᠶ᠎ᠡ ᠵᠢ ᠶᠡᠬᠡᠰᠬᠡᠬᠦ ᠳᠠᠬᠢᠨ ᠲᠣᠭ᠋ᠠᠨ᠎ᠤ ᠬᠤᠤᠰ ᠵᠦᠢ᠍ᠯ᠎ᠤᠨ ᠰᠢᠯᠭ᠋ᠠᠨ ᠬᠢᠨᠠᠬᠤ ᠭᠦᠢ᠍ᠴᠡᠳᠬᠡᠯ ᠲᠤᠭ᠎ᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠠᠵᠢᠯ ᠡᠷᠬᠢᠯᠡᠵᠦ ᠪᠠᠶ᠋ᠢᠭ᠎ᠠ ᠵᠣᠬᠢᠬᠤ ᠬᠡᠪᠴᠢᠶᠡᠲᠦ ᠡᠵᠡᠩᠨᠡᠯᠲᠡ ᠵᠢᠨ ᠭᠤᠤᠯ ᠴᠣᠭᠴᠠ᠎ᠳᠤ ᠪᠠᠯᠠ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠳᠡᠮᠵᠢᠯᠭᠡ ᠬᠠᠩᠭ᠋ᠠᠨ᠎ᠠ᠃ 〈 ᠲᠢᠶᠠᠨ ᠵᠢᠶᠦ᠋ᠨ ᠲᠥᠯᠥᠪᠯᠡᠭᠡ〉 ᠵᠢ ᠬᠡᠷᠡᠭᠵᠢᠭᠦᠯᠵᠦ᠂ ᠨᠥᠬᠦᠴᠡᠯ᠎ᠳᠤ ᠨᠡᠶ᠋ᠢᠴᠡᠬᠦ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠠᠵᠤ ᠠᠬᠤᠶ᠋ᠢᠯᠠᠯ᠎ᠤᠨ ᠳᠦᠷᠢᠮ᠎ᠢ ᠥᠭᠡᠷᠡᠴᠢᠯᠡᠵᠦ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠪᠤᠶ᠋ᠢᠵᠢᠭᠤᠯᠤᠨ ᠠᠬᠢᠭᠤᠯᠵᠤ》 ᠎ᠶ᠋ᠢ 《ᠲᠥᠷᠥ ᠵᠢᠨ ᠪᠣᠳᠣᠯᠭ᠎ᠠ ᠵᠢᠨ ᠴᠢᠨᠠᠷᠲᠠᠶ ᠲᠠᠷᠢᠶᠠᠯᠠᠩ ᠮᠠᠯ ᠠᠵᠤ ᠠᠬᠤᠶ ᠵᠢᠨ ᠪᠠᠯᠠ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠪᠠᠶ᠋ᠢᠭᠤᠯᠤᠮᠵᠢ ᠵᠢᠨ ᠴᠢᠳᠠᠮᠵᠢ ᠵᠢ ᠴᠢᠩᠭ᠋ᠠᠷᠠᠭᠤᠯᠤᠨ᠂ ᠣᠨ᠎ᠤ ᠳᠠᠭ᠋ᠠᠭ᠋ᠠᠯᠲᠠ ᠵᠢᠨ ᠵᠠᠷᠤᠳᠠᠯ᠎ᠤᠨ ᠨᠣᠷᠮ᠎ᠠ ᠵᠢ 0.6% ᠪᠠ ᠳᠠᠭ᠋ᠠᠭ᠋ᠠᠯᠲᠠ ᠵᠢᠨ ᠬᠡᠪᠴᠢᠶ᠎ᠡ ᠵᠢ ᠶᠡᠬᠡᠰᠬᠡᠭᠰᠡᠨ ᠳᠠᠬᠢᠨ ᠲᠣᠭ᠋ᠠᠨ᠎ᠤ ᠬᠤᠶᠠᠷ ᠵᠦᠢ᠍ᠯ᠎ᠤᠨ ᠰᠢᠯᠭ᠋ᠠᠨ ᠬᠢᠨᠠᠬᠤ ᠭᠦᠢ᠍ᠴᠡᠳᠬᠡᠯ ᠲᠤᠭ᠎ᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠠᠵᠢᠯ ᠡᠷᠬᠢᠯᠡᠵᠦ ᠪᠠᠶ᠋ᠢᠭ᠎ᠠ ᠭᠤᠣᠯ ᠴᠣᠭᠴᠠ᠎ᠳᠤ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠳᠡᠮᠵᠢᠯᠭᠡ ᠬᠠᠩᠭ᠋ᠠᠨ᠎ᠠ᠃ 〈 ᠲᠢᠶᠠᠨ ᠵᠢᠶᠦ᠋ᠨ ᠲᠥᠯᠥᠪᠯᠡᠭᠡ〉 ᠵᠢ ᠬᠡᠷᠡᠭᠵᠢᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠎ᠢ ᠡᠳ᠋ᠰᠢᠭᠦᠯᠬᠦ ᠠᠵᠤ ᠠᠬᠤᠶ᠋ᠢᠯᠠᠯ᠎ᠤᠨ ᠳᠦᠷᠢᠮ᠎ᠢ ᠥᠭᠡᠷᠡᠴᠢᠯᠡᠵᠦ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠠᠬᠢᠭᠤᠯᠬᠤ ᠬᠡᠷᠡᠭᠲᠡᠢ》 ᠭᠡᠵᠦ᠍ ᠵᠠᠰᠠᠨ᠎ᠠ᠃

ᠭᠤᠷᠪᠠ᠂ 《ᠲᠠᠷᠢᠶᠠᠯᠠᠩ ᠲᠤᠰᠠᠯᠠᠬᠤ ᠠᠵᠤ ᠠᠬᠤᠢ ᠲᠤᠰᠠᠯᠠᠬᠤ ᠢᠳᠡᠭᠡᠨ ᠡᠳ᠋ᠰᠢᠭᠦᠯᠬᠦ ᠵᠢ ᠳᠡᠮᠵᠢᠬᠦ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠨᠠᠷᠢᠨ ᠬᠠᠭᠤᠳᠠᠰᠤ》 ᠵᠢ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃

ᠳᠥᠷᠪᠡ᠂ ᠲᠣᠰ ᠮᠡᠳᠡᠭᠳᠡᠯ᠎ᠢ ᠪᠠᠭᠤᠯᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠠ ᠨᠢᠭᠡᠴᠡ᠎ᠨᠦᠭᠦᠳ ᠲᠣᠰ ᠮᠡᠳᠡᠭᠳᠡᠯ᠎ᠲᠠᠢ ᠬᠠᠷᠢᠴᠠᠭᠤᠯᠤᠨ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠪᠠ ᠨᠢᠭᠡᠴᠡ ᠵᠢᠨ ᠨᠡᠶ᠋ᠢᠲᠡᠯᠡᠭᠰᠡᠨ ᠬᠠᠮᠢᠶ᠎ᠠ ᠪᠥᠬᠦᠶ ᠢᠵᠢ ᠪᠥᠷᠢᠳᠦᠭᠦᠯᠬᠦ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠴᠠᠭ ᠲᠤᠬᠠᠶ᠎ᠳᠤᠨᠢ ᠵᠣᠬᠢᠴᠠᠩᠭᠤᠶ ᠰᠢᠢ᠍ᠳᠪᠦᠷᠢᠯᠡᠯᠲᠡ ᠬᠢᠵᠦ᠂ ᠬᠡᠷᠡᠭᠵᠢᠭᠦᠯᠬᠦ ᠶᠠᠪᠤᠴᠠ᠎ᠳᠤ ᠠᠰᠠᠭᠤᠳᠠᠯ ᠲᠤᠯᠭ᠋ᠠᠷᠠᠪᠠᠯ ᠬᠤᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃

 

ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ

2025 ᠣᠨ᠎ᠤ 12 ᠰᠠᠷ᠎ᠠ ᠵᠢᠨ 8᠎ᠤ ᠡᠳᠦᠷ

(ᠲᠤᠰ ᠪᠢᠴᠢᠭ ᠮᠠᠲ᠋ᠧᠷᠢᠶᠠᠯ᠎ᠢ ᠢᠯᠡ  ᠨᠡᠢᠲᠡᠯᠡᠪᠡ)

ᠢᠷᠡᠯᠲᠡ᠄ ᠪᠠᠶᠠᠨᠨᠠᠭᠤᠷ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ