ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ

ᠬᠠᠭᠤᠴᠢᠨ ᠭᠠᠷ ᠤᠲᠠᠰᠤ ᠵᠢ ᠰᠢᠨ᠎ᠡ᠎ᠪᠠᠷ ᠰᠣᠯᠢᠬᠤ᠎ᠳᠤ ᠰᠠᠨᠠᠭᠤᠯᠬᠤ᠎ᠨᠢ

ᠨᠡᠶ᠋ᠢᠲᠡᠯᠡᠭᠰᠡᠨ ᠴᠠᠭ᠄   2024-08-19

    ᠬᠠᠭᠤᠴᠢᠨ ᠭᠠᠷ ᠤᠲᠠᠰᠤ ᠵᠢ ᠰᠢᠨ᠎ᠡ᠎ᠪᠠᠷ ᠰᠣᠯᠢᠬᠤ᠎ᠳᠤ ᠡᠨᠡ ᠬᠤᠶᠠᠷ ᠵᠦᠢ᠍ᠯ᠎ᠢ ᠠᠩᠬᠠᠷᠤᠮᠤ!
    ᠲᠠ ᠬᠠᠭᠤᠴᠢᠨ ᠭᠠᠷ ᠤᠲᠠᠰᠤ᠎ᠪᠠᠨ ᠰᠢᠨ᠎ᠡ᠎ᠪᠠᠷ ᠰᠣᠯᠢᠬᠤ᠎ᠪᠠᠷ ᠪᠠᠶ᠋ᠢᠨ᠎ᠠ ᠤᠤ? ᠡᠨᠡ ᠵᠢᠯ᠎ᠠᠴᠠ ᠨᠠᠭ᠋ᠠᠰᠢ᠂ ᠬᠠᠭᠤᠴᠢᠨ ᠬᠡᠷᠡᠭᠯᠡᠭᠡᠨ᠎ᠤ ᠵᠦᠢ᠍ᠯᠡᠰ᠎ᠢ ᠰᠢᠨ᠎ᠡ᠎ᠪᠠᠷ ᠰᠣᠯᠢᠬᠤ ᠲᠥᠷᠥ ᠵᠢᠨ ᠪᠣᠳᠣᠯᠭ᠎ᠠ ᠵᠢᠨ ᠬᠡᠪᠴᠢᠶ᠎ᠡ᠎ᠨᠢ ᠲᠠᠰᠤᠷᠠᠯᠲᠠ ᠦᠭᠡᠢ ᠥᠷᠭᠡᠵᠢᠨ ᠡᠷᠴᠢᠮ᠎ᠨᠢ ᠲᠠᠰᠤᠷᠠᠯᠲᠠ ᠦᠭᠡᠢ ᠴᠢᠩᠭ᠋ᠠᠷᠠᠭᠰᠠᠭ᠋ᠠᠷ ᠢᠷᠡᠵᠡᠢ᠃ ᠬᠡᠷᠪᠡ ᠲᠠ ᠬᠠᠭᠤᠴᠢᠨ ᠭᠠᠷ ᠤᠲᠠᠰᠤ᠎ᠪᠠᠨ ᠰᠢᠨ᠎ᠡ᠎ᠪᠠᠷ ᠰᠣᠯᠢᠬᠤ ᠵᠢ ᠪᠣᠳᠣᠯᠬᠢᠯᠠᠵᠤ ᠪᠠᠶ᠋ᠢᠪᠠᠯ ᠳᠠᠷᠠᠭ᠋ᠠᠬᠢ ᠵᠦᠢ᠍ᠯᠡᠰ᠎ᠢ ᠠᠩᠬᠠᠷᠪᠠᠯ ᠵᠣᠬᠢᠨ᠎ᠠ᠄
    ① ᠭᠠᠷ ᠤᠲᠠᠰᠤᠨ᠎ᠤ ᠳ᠋ᠤᠭ᠋ᠠᠷ ᠵᠶ᠋ᠠᠨ ᠠᠶᠤᠯ ᠦᠭᠡᠢ᠎ᠪᠠᠷ ᠰᠢᠯᠵᠢᠭᠦᠯᠬᠦ ᠪᠤᠶᠤ ᠬᠦᠴᠦᠨ ᠦᠭᠡᠢ ᠪᠣᠯᠭ᠋ᠠᠬᠤ ᠵᠢ ᠠᠩᠬᠠᠷᠤᠭ᠋ᠠᠷᠠᠢ᠃
    ᠬᠡᠷᠪᠡ ᠭᠠᠷ ᠤᠲᠠᠰᠤᠨ᠎ᠤ ᠰᠢᠨ᠎ᠡ ᠳ᠋ᠤᠭ᠋ᠠᠷ ᠠᠪᠬᠤ ᠪᠤᠶᠤ ᠣᠫᠧᠷᠠᠲ᠋ᠣᠷ ᠵᠶ᠋ᠠᠨ ᠰᠣᠯᠢᠬᠤ ᠴᠢᠬᠤᠯᠠ᠎ᠲᠠᠢ ᠪᠣᠯ ᠤᠷᠢᠳ ᠵᠶ᠋ᠠᠷ ᠥᠪᠡᠷ᠎ᠤᠨ ᠪᠡᠶ᠎ᠡ ᠵᠢᠨ ᠦᠨᠡᠮᠯᠡᠯ᠎ᠲᠠᠢ᠎ᠪᠠᠨ ᠬᠤᠯᠪᠤᠭᠰᠠᠨ ᠭᠠᠷ ᠤᠲᠠᠰᠤᠨ᠎ᠤ ᠳ᠋ᠤᠭ᠋ᠠᠷ ᠬᠡᠳᠦᠢ ᠪᠠᠶ᠋ᠢᠬᠤ ᠭᠡᠳᠡᠭ ᠵᠶ᠋ᠠᠨ ᠪᠠᠶ᠋ᠢᠴᠠᠭ᠋ᠠᠨ ᠦᠵᠡᠵᠦ᠂ ᠳᠠᠷᠠᠭ᠋ᠠᠴᠢ᠎ᠪᠠᠷ ᠣᠫᠧᠷᠠᠲ᠋ᠣᠷ᠎ᠲᠠᠢ ᠬᠠᠷᠢᠯᠴᠠᠵᠤ ᠪᠠᠶ᠋ᠢᠭ᠋ᠠᠳ ᠭᠠᠷ ᠤᠲᠠᠰᠤᠨ᠎ᠤ ᠳ᠋ᠤᠭ᠋ᠠᠷ ᠵᠶ᠋ᠠᠨ ᠰᠢᠯᠵᠢᠭᠦᠯᠬᠦ ᠪᠤᠶᠤ ᠬᠦᠴᠦᠨ ᠦᠭᠡᠢ᠎ᠳᠤ ᠪᠣᠯᠭ᠋ᠠᠬᠤ᠎ᠳᠤ ᠳᠦᠭᠦᠮ ᠪᠣᠯᠭ᠋ᠠᠨ᠎ᠠ᠃ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠡᠷᠡᠭᠯᠡᠭᠴᠢ ᠵᠢᠨ ᠦᠵᠦᠭᠦᠷ ᠪᠢᠴᠢᠯ ᠫᠷᠣᠭ᠌ᠷᠠᠮ 《ᠭᠠᠷ ᠤᠲᠠᠰᠤᠨ᠎ᠤ ᠺᠠᠷᠲ᠎ᠢ ᠨᠢᠭᠡ ᠯᠠ ᠦᠨᠡᠮᠯᠡᠯ ᠵᠶ᠋ᠠᠷ ᠨᠡᠶ᠋ᠢᠳᠡᠮ᠎ᠳᠤ᠎ᠨᠢ ᠪᠠᠶ᠋ᠢᠴᠠᠭ᠋ᠠᠬᠤ》 ᠦᠢ᠍ᠯᠡᠴᠢᠯᠡᠭᠡ᠎ᠪᠠᠷ ᠲᠡᠷᠡ ᠳᠠᠷᠤᠢ᠎ᠳᠤ᠎ᠨᠢ ᠪᠠᠶ᠋ᠢᠴᠠᠭ᠋ᠠᠨ ᠯᠠᠪᠯᠠᠬᠤ᠎ᠳᠤ ᠳᠥᠭᠦᠮ ᠪᠠᠶ᠋ᠢᠳᠠᠭ᠃
    ② ᠮᠡᠷᠭᠡᠵᠢᠯ᠎ᠤᠨ ᠪᠥᠭᠡᠳ ᠡᠷᠬᠡ ᠰᠦᠷᠲᠦ ᠠᠷᠠᠯᠵᠢᠶᠠᠯᠠᠬᠤ ᠲᠠᠪᠴᠠᠩ᠎ᠢ ᠰᠣᠩᠭᠤᠵᠤ᠂ ᠳ᠋ᠠᠶ᠋ᠢᠲ᠋ᠠ᠎ᠪᠠᠨ ᠵᠠᠳᠠᠷᠠᠭᠤᠯᠬᠤ᠎ᠠᠴᠠ ᠰᠡᠷᠭᠡᠶ᠋ᠢᠯᠡᠭᠡᠷᠡᠢ᠃
    ᠭᠠᠷ ᠤᠲᠠᠰᠤᠨ᠎ᠳᠤ ᠬᠤᠪᠢ ᠬᠥᠮᠥᠨ᠎ᠤ ᠨᠢᠭᠤᠴᠠ ᠮᠡᠳᠡᠭᠡ ᠵᠠᠩᠭᠢ ᠣᠯᠠᠨ ᠬᠠᠳᠠᠭ᠋ᠠᠯᠠᠭᠳᠠᠵᠤ ᠪᠠᠶ᠋ᠢᠳᠠᠭ᠂ ᠬᠠᠭᠤᠴᠢᠨ ᠭᠠᠷ ᠤᠲᠠᠰᠤ᠎ᠪᠠᠨ ᠰᠣᠯᠢᠬᠤ᠎ᠳᠤ ᠵᠥᠪᠬᠡᠨ ᠬᠠᠭᠤᠴᠢᠨ ᠭᠠᠷ ᠤᠲᠠᠰᠤᠨ᠎ᠤ 《ᠡᠯᠡᠭᠳᠡᠯ ᠦᠨ᠎ᠡ》 ᠵᠢ ᠯᠠ ᠠᠩᠬᠠᠷᠤᠭ᠋ᠠᠳ ᠪᠠᠶ᠋ᠢᠵᠤ ᠪᠣᠯᠬᠤ ᠦᠭᠡᠢ᠂ ᠡᠷᠬᠡᠪᠰᠢ ᠮᠡᠷᠭᠡᠵᠢᠯ᠎ᠤᠨ ᠪᠥᠭᠡᠳ ᠡᠷᠬᠡ ᠰᠦᠷᠲᠦ ᠲᠠᠪᠴᠠᠩ᠎ᠢ ᠰᠣᠩᠭᠤᠨ ᠠᠷᠠᠯᠵᠢᠶᠠᠯᠠᠬᠤ ᠬᠡᠷᠡᠭᠲᠡᠢ᠃
    ᠡᠭᠦᠨ᠎ᠢ ᠰᠢᠷᠪᠢᠵᠦ 《ᠭᠠᠷ ᠤᠲᠠᠰᠤᠨ᠎ᠤ ᠺᠠᠷᠲ᠎ᠢ ᠨᠢᠭᠡ ᠯᠠ ᠦᠨᠡᠮᠯᠡᠯ ᠵᠶ᠋ᠠᠷ ᠨᠡᠶ᠋ᠢᠳᠡᠮ᠎ᠳᠤ᠎ᠨᠢ ᠪᠠᠶ᠋ᠢᠴᠠᠭ᠋ᠠᠬᠤ》 ᠦᠢ᠍ᠯᠡᠴᠢᠯᠡᠭᠡ᠎ᠪᠠᠷ ᠦᠢ᠍ᠯᠡᠴᠢᠯᠡᠭᠦᠯᠦᠭᠡᠷᠡᠢ

C6D64FC50774B5A93C90C7CDBE9F9170.png

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ