ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ

ᠲᠠᠨ᠎ᠤ ᠡᠮᠴᠢᠯᠡᠭᠡᠨ᠎ᠤ ᠳᠠᠭ᠋ᠠᠳᠬᠠᠯ᠎ᠲᠠᠢ ᠬᠤᠯᠪᠣᠭᠳᠠᠨ᠎ᠠ! ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠪᠢᠴᠢᠭ ᠮᠠᠲ᠋ᠧᠷᠢᠶᠠᠯ ᠲᠠᠷᠬᠠᠭ᠋ᠠᠵᠤ ᠳᠠᠭ᠋ᠠᠳᠬᠠᠯ᠎ᠳᠤ ᠣᠷᠣᠯᠴᠠᠭᠰᠠᠳ᠎ᠲᠤ ᠡᠳᠡᠭᠡᠷ ᠠᠰᠢᠭ᠎ᠢ ᠬᠦᠷᠲᠡᠭᠡᠨ᠎ᠡ

ᠨᠡᠶ᠋ᠢᠲᠡᠯᠡᠭᠰᠡᠨ ᠴᠠᠭ᠄   2024-08-07

     ᠲᠦᠷᠦᠭᠦᠬᠡᠨ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠪᠢᠴᠢᠭ ᠮᠠᠲ᠋ᠧᠷᠢᠶᠠᠯ᠎ᠳᠤ ᠳᠤᠷᠠᠳᠬᠤ᠎ᠳᠤ᠎ᠪᠠᠨ᠂ ᠪᠠᠶ᠋ᠢᠩᠭᠤ ᠰᠠᠭᠤᠭ᠎ᠠ ᠭᠠᠵᠠᠷ᠂ ᠠᠵᠢᠯ ᠣᠯᠣᠭᠰᠠᠨ ᠭᠠᠵᠠᠷ᠎ᠲᠤ᠎ᠪᠠᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠡᠷᠦᠬᠡ ᠠᠮᠠ ᠵᠢᠨ ᠬᠢᠵᠠᠭ᠋ᠠᠷᠯᠠᠯ᠎ᠢ ᠤᠯᠠᠮ ᠨᠢᠭᠡ ᠠᠯᠬᠤᠮ ᠴᠢᠯᠦᠭᠡᠲᠡᠢ ᠪᠣᠯᠭ᠋ᠠᠨ᠎ᠠ᠃ ᠭᠠᠳᠠᠷ ᠣᠷᠣᠨ᠎ᠤ ᠡᠷᠦᠬᠡ ᠠᠮᠠ᠎ᠲᠠᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠂ ᠰᠤᠷᠬᠤ ᠨᠠᠰᠤᠨ᠎ᠠᠴᠠ ᠡᠮᠦᠨᠡᠬᠢ ᠬᠡᠦᠬᠡᠳ᠎ᠤᠨ ᠪᠠᠶ᠋ᠢᠩᠭᠤ ᠰᠠᠭᠤᠭ᠎ᠠ ᠭᠠᠵᠠᠷ᠎ᠲᠤ᠎ᠨᠢ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠤᠯᠬᠤ ᠵᠢ ᠲᠦᠯᠬᠢᠨ ᠠᠬᠢᠭᠤᠯᠤᠨ᠎ᠠ ᠭᠡᠵᠡᠢ᠃᠂ ᠪᠢᠴᠢᠭ ᠮᠠᠲ᠋ᠧᠷᠢᠶᠠᠯ᠎ᠳᠤ ᠳᠤᠷᠠᠳᠬᠤ᠎ᠳᠤ᠎ᠪᠠᠨ᠂ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠥᠨ᠎ᠤ ᠲᠠᠩᠰᠠᠨ ᠡᠷᠦᠬᠡ ᠵᠢᠨ ᠲᠤᠰᠠᠯᠠᠯᠴᠠᠬᠤ ᠬᠡᠪᠴᠢᠶ᠎ᠡ ᠵᠢ ᠭᠡᠷ ᠪᠦᠯᠢ ᠵᠢᠨ ᠪᠦᠷᠢᠯᠳᠦᠭᠦᠨ᠎ᠠᠴᠠ᠎ᠨᠢ ᠣᠶ᠋ᠢᠷ᠎ᠠ ᠰᠠᠳᠤᠨ ᠲᠥᠷᠥᠯ᠎ᠳᠤ᠎ᠨᠢ ᠬᠦᠷᠲᠡᠯ᠎ᠡ ᠥᠷᠭᠡᠳᠬᠡᠨ᠎ᠡ ᠭᠡᠪᠡ᠃ ᠪᠢᠴᠢᠭ ᠮᠠᠲ᠋ᠧᠷᠢᠶᠠᠯ᠎ᠳᠤ ᠲᠣᠳᠣᠷᠬᠠᠶ᠋ᠢᠯᠠᠬᠤ᠎ᠳᠤ᠎ᠪᠠᠨ᠂ 2025 ᠣᠨ᠎ᠠᠴᠠ ᠡᠬᠢᠯᠡᠨ᠂ ᠳᠠᠭ᠋ᠠᠳᠬᠠᠯ ᠵᠶ᠋ᠠᠨ ᠲᠠᠰᠤᠯᠳᠠᠭᠤᠯᠤᠭ᠋ᠠᠳ ᠳᠠᠬᠢᠨᠲᠠ ᠳᠠᠭ᠋ᠠᠳᠬᠠᠯ᠎ᠳᠤ ᠣᠷᠣᠯᠴᠠᠭᠰᠠᠨ ᠪᠠᠶ᠋ᠢᠪᠠᠯ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠦᠯᠦᠪᠦᠷᠢᠯᠡᠬᠦ ᠬᠠᠮᠤᠭ᠎ᠤᠨ ᠥᠨᠳᠥᠷ ᠬᠢᠵᠠᠭ᠋ᠠᠷ ᠲᠤᠭ᠎ᠠ ᠵᠢ ᠪᠠᠭᠤᠷᠠᠭᠤᠯᠵᠤ ᠪᠣᠯᠣᠨ᠎ᠠ; ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠳᠤ ᠵᠠᠯᠭ᠋ᠠᠭ᠎ᠠ᠎ᠪᠠᠷ ᠪᠦᠬᠦᠯᠢ 4 ᠵᠢᠯ ᠣᠷᠣᠯᠴᠠᠭᠰᠠᠳ᠂ ᠲᠠᠪᠤᠳᠤᠭ᠋ᠠᠷ ᠵᠢᠯ᠎ᠠᠴᠠ ᠡᠬᠢᠯᠡᠵᠦ ᠢᠯᠡᠭᠦᠦ 1 ᠵᠢᠯ ᠣᠷᠣᠯᠴᠠᠬᠤ ᠪᠦᠷᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠦᠯᠦᠪᠦᠷᠢᠯᠡᠬᠦ ᠬᠠᠮᠤᠭ᠎ᠤᠨ ᠥᠨᠳᠥᠷ ᠬᠢᠵᠠᠭ᠋ᠠᠷ ᠲᠤᠭ᠎ᠠ ᠵᠢ ᠵᠣᠬᠢᠬᠤ ᠬᠡᠮᠵᠢᠶ᠎ᠡ᠎ᠪᠠᠷ ᠳᠡᠭᠡᠭᠰᠢᠯᠡᠭᠦᠯᠵᠦ ᠪᠣᠯᠣᠨ᠎ᠠ᠃ ᠲᠤᠬᠠᠢ ᠵᠢᠨ ᠵᠢᠯ᠎ᠳᠤ ᠰᠠᠭᠤᠷᠢ ᠮᠥᠩᠭᠦᠨ᠎ᠠᠴᠠ ᠲᠠᠩᠰᠠ ᠥᠯᠥ ᠲᠠᠶ᠋ᠢᠯᠤᠭᠰᠠᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠳ ᠳᠠᠷᠠᠭ᠎ᠠ ᠵᠢᠯ᠎ᠳᠤ᠎ᠨᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠦᠯᠦᠪᠦᠷᠢᠯᠡᠬᠦ ᠬᠠᠮᠤᠭ᠎ᠤᠨ ᠥᠨᠳᠥᠷ ᠬᠢᠵᠠᠭ᠋ᠠᠷ ᠲᠤᠭ᠎ᠠ ᠵᠢ ᠳᠡᠭᠡᠭᠰᠢᠯᠡᠭᠦᠯᠵᠦ ᠪᠣᠯᠣᠨ᠎ᠠ ᠭᠡᠪᠡ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ