ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ

ᠦᠶᠡᠷ᠎ᠤᠨ ᠬᠤᠭᠤᠴᠠᠭ᠋ᠠᠨ᠎ᠳᠠᠬᠢ ᠭᠠᠳᠠᠭᠰᠢ ᠵᠢᠭᠤᠯᠴᠢᠯᠠᠬᠤ ᠲᠠᠯ᠎ᠠ᠎ᠪᠠᠷ᠎ᠬᠢ ᠠᠮᠤᠷ ᠲᠦᠪᠰᠢᠨ᠎ᠤ ᠰᠠᠨᠠᠭᠤᠯᠤᠮᠵᠢ

ᠨᠡᠶ᠋ᠢᠲᠡᠯᠡᠭᠰᠡᠨ ᠴᠠᠭ᠄   2024-08-08

     ᠰᠣᠶᠣᠯ ᠵᠢᠭᠤᠯᠴᠢᠯᠠᠯ᠎ᠤᠨ ᠶᠠᠮᠤᠨ ᠦᠶᠡᠷ᠎ᠤᠨ ᠬᠤᠭᠤᠴᠠᠭ᠋ᠠᠨ᠎ᠳᠠᠬᠢ ᠭᠠᠳᠠᠭᠰᠢ ᠵᠢᠭᠤᠯᠴᠢᠯᠠᠬᠤ ᠲᠠᠯ᠎ᠠ᠎ᠪᠠᠷ᠎ᠬᠢ ᠠᠮᠤᠷ ᠲᠦᠪᠰᠢᠨ᠎ᠤ ᠰᠠᠨᠠᠭᠤᠯᠤᠮᠵᠢ ᠵᠢ ᠨᠡᠶ᠋ᠢᠲᠡᠯᠡᠪᠡ
     ᠣᠳᠣᠬᠠᠨ᠎ᠳᠤ᠂ ᠮᠠᠨ᠎ᠤ ᠤᠯᠤᠰ ᠶᠠᠭ ᠦᠶᠡᠷ᠎ᠢ ᠰᠡᠷᠭᠡᠶ᠋ᠢᠯᠡᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠪᠠ᠂ ᠡᠨᠡ ᠬᠦ᠌ ᠬᠤᠭᠤᠴᠠᠭ᠋ᠠᠨ᠎ᠳᠤ ᠬᠡᠴᠡᠭᠦᠦ ᠠᠭᠤᠷ ᠠᠮᠢᠰᠬᠤᠯ ᠣᠯᠠᠨᠲᠠ ᠡᠭᠦᠰᠳᠡᠭ ᠪᠣᠯᠬᠤᠷ ᠰᠣᠶᠣᠯ ᠪᠠ ᠵᠢᠭᠤᠯᠴᠢᠯᠠᠯ᠎ᠤᠨ ᠶᠠᠮᠤᠨ᠎ᠠᠴᠠ ᠥᠷᠭᠡᠨ ᠣᠯᠠᠨ ᠵᠢᠭᠤᠯᠴᠢᠯᠠᠭᠴᠢᠳ᠎ᠲᠤ ᠵᠢᠭᠤᠯᠴᠢᠯᠠᠯ᠎ᠤᠨ ᠲᠠᠯ᠎ᠠ᠎ᠪᠠᠷ᠎ᠬᠢ ᠠᠮᠤᠷ ᠲᠦᠪᠰᠢᠨ ᠵᠶ᠋ᠠᠨ ᠣᠨᠴᠠ ᠠᠩᠬᠠᠷᠬᠤ ᠵᠢ ᠰᠠᠨᠠᠭᠤᠯᠪᠠ᠄ ᠨᠢᠭᠡ᠎ᠳᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠠᠩᠬᠠᠷᠤᠨ᠎ᠠ᠃ ᠵᠢᠭᠤᠯᠴᠢᠯᠠᠨ ᠣᠴᠢᠬᠤ ᠭᠠᠵᠠᠷ ᠵᠢᠴᠢ ᠵᠠᠮ ᠳᠠᠭ᠋ᠠᠤ ᠵᠢᠨ ᠠᠭᠤᠷ ᠠᠮᠢᠰᠬᠤᠯ᠎ᠤᠨ ᠪᠠᠶ᠋ᠢᠳᠠᠯ᠂ ᠢᠯᠠᠩᠭᠤᠶ᠎ᠠ ᠴᠠᠭ ᠠᠭᠤᠷ ᠪᠣᠯᠤᠨ ᠭᠠᠵᠠᠷ ᠬᠦᠷᠦᠰᠦᠨ᠎ᠤ ᠭᠠᠮᠰᠢᠭ᠎ᠤᠨ ᠲᠠᠯ᠎ᠠ᠎ᠪᠠᠷ᠎ᠬᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠣᠨᠴᠠ ᠠᠩᠬᠠᠷᠴᠤ᠂ ᠠᠶᠠᠯᠠᠵᠤ ᠵᠢᠭᠤᠯᠴᠢᠯᠠᠬᠤ᠎ᠪᠠᠨ ᠵᠣᠬᠢᠰᠲᠠᠶ ᠲᠦᠯᠦᠪᠵᠢᠭᠦᠯᠵᠦ ᠴᠠᠭ ᠲᠤᠬᠠᠶ᠎ᠳᠤ᠎ᠨᠢ ᠵᠣᠬᠢᠴᠠᠭᠤᠯᠬᠤ ᠬᠡᠷᠡᠭᠲᠡᠶ᠃ ᠬᠤᠶᠠᠷ᠎ᠲᠤ᠂ ᠬᠤᠪᠢ ᠪᠡᠶ᠎ᠡ ᠵᠢᠨ ᠠᠮᠤᠷ ᠲᠦᠪᠰᠢᠨ ᠵᠶ᠋ᠠᠨ ᠪᠠᠲᠤᠯᠠᠬᠤ ᠠᠵᠢᠯ᠎ᠢ ᠰᠠᠶ᠋ᠢᠲᠤᠷ ᠬᠢᠨ᠎ᠡ᠃ ᠮᠠᠰᠢᠨ ᠲᠡᠷᠭᠡ ᠵᠢᠯᠣᠭᠤᠳᠬᠤ ᠪᠤᠶᠤ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠪᠠᠷ ᠭᠠᠳᠠᠭᠰᠢ ᠭᠠᠷᠬᠤ᠎ᠳᠤ᠎ᠪᠠᠨ ᠵᠠᠪᠠᠯ ᠠᠶᠤᠯ ᠦᠭᠡᠢ ᠪᠦᠰᠡ ᠵᠢ ᠪᠦᠰᠡᠯᠡᠬᠦ ᠬᠡᠷᠡᠭᠲᠡᠢ᠃ ᠭᠤᠷᠪᠠ᠎ᠳᠤ᠂ ᠰᠡᠷᠭᠡᠶ᠋ᠢᠯᠡᠬᠦ ᠦᠵᠡᠯ ᠤᠬᠠᠮᠰᠠᠷ ᠵᠶ᠋ᠠᠨ ᠳᠡᠭᠡᠭᠰᠢᠯᠡᠭᠦᠯᠦᠨ᠎ᠡ᠃ ᠵᠢᠭᠤᠯᠴᠢᠯᠠᠭᠰᠠᠨ ᠭᠠᠵᠠᠷ᠎ᠲᠤ᠎ᠪᠠᠨ ᠬᠤᠨᠣᠭᠯᠠᠬᠤ᠎ᠳᠤ ᠭᠠᠯ᠎ᠠᠴᠠ ᠵᠠᠶ᠋ᠢᠯᠠᠵᠤ ᠵᠢᠭᠤᠲᠠᠬᠤ ᠵᠠᠮ ᠵᠢᠴᠢ ᠣᠷᠣᠨ ᠰᠠᠭᠤᠴᠠ ᠵᠢᠨ ᠡᠷᠬᠢᠨ ᠲᠣᠭᠤᠷᠢᠨ᠎ᠳᠠᠬᠢ ᠠᠮᠤᠷ ᠲᠦᠪᠰᠢᠨ ᠵᠶ᠋ᠠᠨ ᠪᠠᠲᠤᠯᠠᠬᠤ ᠪᠠᠶ᠋ᠢᠳᠠᠯ᠎ᠢ ᠴᠠᠭ ᠲᠤᠬᠠᠶ᠎ᠳᠤ᠎ᠨᠢ ᠣᠶ᠋ᠢᠯᠠᠭ᠋ᠠᠵᠤ ᠠᠪᠤᠭᠰᠠᠨ ᠪᠠᠶ᠋ᠢᠬᠤ ᠬᠡᠷᠡᠭᠲᠡᠶ᠃
     ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠡᠷᠡᠭᠯᠡᠭᠴᠢ ᠵᠢᠨ ᠦᠵᠦᠭᠦᠷ᠎ᠤᠨ ᠵᠢᠵᠢᠭ ᠫᠷᠤᠭ᠌ᠷᠠᠮ᠎ᠤᠨ 《ᠦᠶᠡᠷ᠎ᠢ ᠰᠡᠷᠭᠡᠶ᠋ᠢᠯᠡᠬᠦ ᠦᠢ᠍ᠯᠡᠴᠢᠯᠡᠭᠡᠨ᠎ᠤ ᠲᠤᠰᠬᠠᠶ ᠪᠣᠯᠣᠩ》
     ᠦᠶᠡᠷ᠎ᠤᠨ ᠰᠡᠷᠡᠮᠵᠢᠯᠡᠭᠦᠯᠦᠯ᠂ ᠦᠶᠡᠷ᠎ᠤᠨ ᠪᠠᠶ᠋ᠢᠳᠠᠯ᠎ᠢ ᠮᠡᠳᠡᠭᠡᠯᠡᠨ᠎ᠡ →

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ