ᠦᠰᠦᠭ ᠪᠢᠴᠢᠭ ᠵᠶ᠋ᠡᠷ ᠦᠬᠦᠯᠡᠬᠦᠢ᠄ ᠲᠥᠷᠥ ᠠᠯᠪᠠᠨ ᠲᠠᠷᠬᠠᠭ᠋ᠠᠭᠰᠠᠨ ᠠᠯᠪᠠᠨ ᠪᠢᠴᠢᠭ᠎ᠤᠨ 《ᠬᠦᠨᠳᠦ ᠡᠪᠡᠳᠴᠢᠨ᠎ᠤ ᠳᠠᠭ᠋ᠠᠳᠬᠠᠯ》 ᠭᠡᠵᠦ ᠶᠠᠭᠤ ᠪᠤᠢ? ᠬᠡᠷᠬᠢᠨ ᠳᠠᠩᠰᠠ ᠲᠠᠢ᠌ᠯᠬᠤ ᠪᠤᠢ?
ᠨᠡᠶ᠋ᠢᠲᠡᠯᠡᠭᠰᠡᠨ ᠴᠠᠭ᠄ 2024-08-06
ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ 《ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ》᠎ᠳᠤ᠂ 2025 ᠣᠨ᠎ᠠᠴᠠ ᠡᠬᠢᠯᠡᠨ᠂ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠳᠤ ᠵᠠᠯᠭ᠋ᠠᠭ᠎ᠠ᠎ᠪᠠᠷ ᠪᠦᠬᠦᠯᠢ 4 ᠵᠢᠯ ᠣᠷᠣᠯᠴᠠᠵᠤ᠂ ᠳᠠᠷᠠᠭ᠎ᠠ᠎ᠨᠢ ᠦᠷᠭᠦᠯᠵᠢᠯᠡᠨ ᠳᠠᠭ᠋ᠠᠳᠬᠠᠯ᠎ᠳᠤ ᠣᠷᠣᠯᠴᠠᠬᠤ 1 ᠵᠢᠯ ᠪᠦᠷᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠠᠮᠤᠭ᠎ᠤᠨ ᠥᠨᠳᠥᠷ ᠳᠥᠯᠥᠬᠦ ᠬᠢᠵᠠᠭ᠋ᠠᠷ ᠲᠤᠭ᠎ᠠ ᠵᠢ ᠨᠠᠭ᠋ᠠᠳᠤ ᠵᠠᠬ᠎ᠠ᠎ᠳᠠᠭᠠᠨ 1000 ᠲᠥᠭᠦᠷᠢᠭ ᠳᠡᠭᠡᠭᠰᠢᠯᠡᠭᠦᠯᠵᠦ ᠪᠣᠯᠤᠨ᠎ᠠ; ᠲᠣᠰ ᠵᠢᠯ᠎ᠳᠡᠭᠡᠨ ᠲᠠᠩᠰᠠ ᠲᠠᠶ᠋ᠢᠯᠬᠤ ᠬᠠᠷᠠᠭ᠋ᠠᠯᠵᠠᠯ᠎ᠢ ᠭᠥᠷᠳᠡᠭᠰᠡᠨ ᠥᠬᠡᠶ ᠪᠣᠯ᠂ ᠬᠤᠶᠠᠳᠤᠭ᠋ᠠᠷ ᠵᠢᠯ᠎ᠳᠤ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠠᠮᠤᠭ᠎ᠤᠨ ᠥᠨᠳᠥᠷ ᠳᠥᠯᠥᠬᠦ ᠬᠢᠵᠠᠭ᠋ᠠᠷ ᠲᠤᠭ᠎ᠠ ᠵᠢ ᠨᠠᠭ᠋ᠠᠳᠤ ᠵᠠᠬ᠎ᠠ᠎ᠳᠠᠭᠠᠨ 1000 ᠲᠥᠭᠦᠷᠢᠭ ᠳᠡᠭᠡᠭᠰᠢᠯᠡᠭᠦᠯᠵᠦ ᠪᠣᠯᠤᠨ᠎ᠠ ᠭᠡᠵᠦ ᠲᠣᠳᠣᠷᠬᠠᠶ ᠲᠣᠭᠲᠠᠭ᠋ᠠᠵᠠᠶ᠃
ᠲᠡᠭᠡᠪᠡᠯ ᠬᠦᠨᠳᠦ ᠡᠪᠡᠳᠴᠢᠨ᠎ᠤ ᠳᠠᠭ᠋ᠠᠳᠬᠠᠯ ᠭᠡᠵᠦ ᠶᠠᠭᠤ ᠪᠤᠢ? ᠬᠡᠷᠬᠢᠨ ᠳᠠᠩᠰᠠ ᠲᠠᠢ᠌ᠯᠬᠤ ᠪᠤᠢ?
ᠠ᠄ ᠬᠠᠨᠢ ᠡ᠂ ᠠᠢ᠌ᠯ ᠠᠢ᠌ᠮᠠᠭ᠎ᠤᠨ᠎ᠬᠢᠨ ᠬᠡᠯᠡᠬᠦ᠎ᠪᠠᠷ ᠮᠠᠨ᠎ᠤ ᠬᠡᠤᠬᠡᠳ ᠡᠨᠡ ᠤᠳᠠᠭ᠎ᠠ ᠡᠮᠨᠡᠯᠭᠡ᠎ᠳᠤ ᠰᠠᠭᠤᠭᠰᠠᠨ ᠡᠮ᠎ᠤᠨ ᠵᠠᠷᠤᠳᠠᠯ ᠨᠡᠯᠢᠶᠡᠳ ᠶᠡᠭᠡ᠂ ᠲᠡᠢ᠌ᠮᠦ᠎ᠠᠴᠠ ᠡᠮᠨᠡᠯᠭᠡ ᠵᠢᠨ ᠲᠠᠭ᠋ᠠᠳᠬᠠᠯ᠎ᠤᠨ ᠰᠠᠯᠠᠭ᠎ᠠ ᠮᠦᠴᠢᠷ᠎ᠲᠤ ᠬᠦᠨᠳᠦ ᠡᠪᠡᠳᠴᠢᠨ᠎ᠤ ᠲᠠᠭ᠋ᠠᠳᠬᠠᠯ᠎ᠤᠨ ᠮᠦᠩᠭᠦ ᠵᠢ ᠭᠤᠶᠤᠴᠢᠯᠠᠵᠤ ᠪᠤᠯᠤᠨ᠎ᠠ ᠭᠡᠨ᠎ᠡ᠃
ᠡ᠄ ᠭᠡᠪᠡᠴᠦ ᠪᠢᠳᠡ ᠬᠦᠨᠳᠦ ᠡᠪᠡᠳᠴᠢᠨ᠎ᠤ ᠳᠠᠭ᠋ᠠᠳᠬᠠᠯ ᠠᠪᠤᠭᠰᠠᠨ ᠦᠭᠡᠢ ᠰᠢᠦ᠂ ᠲᠡᠭᠡᠭᠰᠡᠨ ᠴᠦ᠍ ᠡᠷᠭᠦᠳᠡᠯ ᠭᠠᠷᠭ᠋ᠠᠵᠤ ᠪᠣᠯᠬᠤ ᠤᠤ?
ᠠ᠄ ᠪᠢ ᠠᠰᠠᠭᠤᠵᠠᠢ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠳᠤ ᠢᠯᠡᠭᠦᠴᠡ ᠰᠦᠢ᠍ᠳᠬᠡᠯ ᠲᠤᠰᠢᠶᠠᠬᠤ ᠬᠡᠷᠡᠭ ᠦᠭᠡᠶ᠂ ᠰᠠᠭᠤᠭ᠋ᠠᠯᠢ ᠠᠷᠠᠳ᠎ᠤᠨ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠪᠠᠯ ᠪᠣᠯᠴᠢᠬᠠᠨ᠎ᠠ᠃
ᠡ᠄ ᠪᠢᠳᠡ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠬᠠᠯᠠᠭᠤᠨ ᠤᠲᠠᠰᠤ᠎ᠪᠠᠷ ᠠᠰᠠᠭᠤᠵᠤ ᠦᠵᠡᠶ᠎ᠡ᠃
ᠡ᠄ ᠰᠠᠢ᠌ᠨ ᠪᠠᠢ᠌ᠨ᠎ᠠ ᠤᠤ? ᠮᠢᠨᠤ ᠬᠡᠦᠬᠡᠳ ᠡᠨᠡ ᠵᠢᠯ ᠡᠮᠨᠡᠯᠭᠡ᠎ᠳᠤ ᠰᠠᠭᠤᠭ᠋ᠠᠳ ᠪᠠᠭ᠎ᠠ ᠪᠤᠰᠤ ᠵᠣᠭᠣᠰ ᠵᠠᠷᠤᠴᠠᠭᠤᠯᠤᠭᠰᠠᠨ ᠶᠤᠮ᠃ ᠬᠦᠨᠳᠦ ᠡᠪᠡᠳᠴᠢᠨ᠎ᠤ ᠳᠠᠭ᠋ᠠᠳᠬᠠᠯ᠎ᠳᠤ ᠶᠠᠭ᠋ᠠᠬᠢᠵᠤ ᠡᠷᠭᠦᠳᠡᠯ ᠭᠠᠷᠭ᠋ᠠᠬᠤ ᠪᠤᠢ?
ᠢ᠄ ᠠᠪᠤᠭ᠋ᠠᠢ ᠲᠠ ᠰᠠᠢ᠌ᠨ ᠤᠤ?᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠬᠡᠷᠪᠡ ᠲᠠᠨ᠎ᠤ ᠬᠡᠦᠬᠡᠳ ᠲᠣᠭᠲᠠᠭᠰᠠᠨ ᠡᠮᠨᠡᠯᠭᠡ ᠵᠢᠨ ᠪᠠᠢ᠌ᠭᠤᠯᠤᠮᠵᠢ᠎ᠳᠤ ᠭᠠᠷᠤᠭᠰᠠᠨ ᠡᠮᠴᠢᠯᠡᠭᠡᠨ᠎ᠤ ᠵᠠᠷᠤᠳᠠᠯ᠎ᠨᠢ ᠲᠣᠭᠲᠠᠭ᠋ᠠᠯ᠎ᠳᠤ ᠨᠡᠢ᠌ᠴᠡᠬᠦ ᠮᠥᠷᠲᠡᠭᠡᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠥᠭᠬᠦ ᠬᠢᠵᠠᠭ᠋ᠠᠷᠲᠤ ᠬᠦᠷᠦᠭᠰᠡᠨ ᠪᠠᠢ᠌ᠪᠠᠯ᠂ ᠲᠤᠰᠬᠠᠢ ᠮᠡᠳᠡᠭᠦᠯᠬᠦ ᠴᠢᠬᠤᠯᠠ ᠦᠭᠡᠢ᠂ ᠬᠡᠲᠦᠷᠡᠭᠰᠡᠨ ᠬᠡᠰᠡᠭ᠎ᠢ᠎ᠨᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠠᠩᠰᠠ ᠲᠠᠢ᠌ᠯᠬᠤ ᠬᠡᠪᠴᠢᠶᠡᠨ᠎ᠳᠤ ᠠᠦ᠋ᠲ ᠵᠶ᠋ᠠᠷ ᠣᠷᠣᠭᠤᠯᠴᠢᠬᠠᠨᠠ᠃
ᠡ᠄ ᠲᠡᠭᠡᠪᠡᠯ ᠪᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠠᠩᠰᠠ ᠲᠠᠢ᠌ᠯᠤᠭᠰᠠᠨ ᠡᠰᠡᠬᠦ ᠵᠢ ᠶᠠᠭ᠋ᠠᠬᠢᠵᠤ ᠮᠡᠳᠡᠬᠦ ᠪᠤᠢ?
ᠢ᠄ ᠡᠨᠡ ᠲᠣᠩ ᠬᠢᠯᠪᠠᠷ! ᠲᠠ ᠡᠮᠨᠡᠯᠭᠡ᠎ᠳᠤ ᠰᠠᠭᠤᠭᠰᠠᠨ ᠰᠦᠢ᠍ᠳᠬᠡᠯ ᠬᠤᠷᠢᠶᠠᠬᠤ ᠫᠢᠶᠣᠤ ᠪᠠᠷᠢᠮᠲᠠ᠎ᠪᠠᠨ ᠦᠵᠡᠭᠡᠷᠡᠢ᠂ ᠳᠣᠲᠣᠷ᠎ᠠ᠎ᠨᠢ ᠬᠦᠨᠳᠦ ᠡᠪᠡᠳᠴᠢᠨ᠎ᠤ ᠳᠠᠭ᠋ᠠᠳᠬᠠᠯ ᠵᠶ᠋ᠠᠷ ᠲᠥᠯᠥᠬᠦ ᠵᠦᠢ᠍ᠯ ᠭᠡᠵᠦ ᠪᠠᠶ᠋ᠢᠨ᠎ᠠ᠂ ᠡᠯ᠎ᠡ ᠮᠤᠵᠢ ᠬᠣᠲᠠ ᠵᠢᠨ ᠳᠠᠭᠤᠳᠠᠯᠭ᠎ᠠ ᠵᠢᠨ ᠲᠠᠯ᠎ᠠ᠎ᠪᠠᠷ ᠠᠳᠠᠯᠢ ᠦᠭᠡᠢ᠂ ᠠᠷᠤ ᠲᠠᠯ᠎ᠠ ᠵᠢᠨ ᠵᠣᠭᠣᠰ᠎ᠤᠨ ᠲᠣᠭ᠎ᠠ ᠨᠢ ᠲᠤᠰ ᠤᠳᠠᠭ᠋ᠠᠨ᠎ᠤ ᠳᠠᠩᠰᠠ ᠲᠠᠢ᠌ᠯᠤᠭᠰᠠᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠨᠥᠬᠥᠪᠥᠷᠢ ᠪᠣᠯᠣᠨ᠎ᠠ᠂ ᠲᠠᠨ᠎ᠤ ᠥᠪᠡᠷ ᠵᠶ᠋ᠠᠨ ᠲᠤᠰᠢᠶᠠᠬᠤ ᠶᠣᠰᠣᠲᠠᠢ ᠰᠦᠢ᠍ᠳᠬᠡᠯ᠎ᠠᠴᠠ ᠬᠠᠰᠤᠭᠰᠠᠨ ᠪᠣᠯᠬᠣᠷ ᠪᠣᠳᠠᠲᠠᠢ ᠲᠤᠰᠢᠶᠠᠬᠤ ᠵᠣᠭᠣᠰ᠎ᠤᠨ ᠲᠣᠭ᠎ᠠ᠎ᠨᠢ ᠪᠠᠭ᠋ᠠᠰᠬᠤ ᠶᠤᠮ᠃
ᠡ᠄ ᠪᠢ ᠬᠠᠷᠠᠶ᠎ᠠ᠃ ᠦᠨᠡᠬᠡᠷ ᠲᠡᠢ᠌ᠮᠦ ᠪᠠᠢ᠌ᠨ᠎ᠠ ᠰᠢᠤ᠃ ᠪᠠᠷᠢᠮᠲᠠ᠎ᠳᠤ ᠬᠦᠨᠳᠦ ᠡᠪᠡᠳᠴᠢᠨ᠎ᠤ ᠳᠠᠭ᠋ᠠᠳᠬᠠᠯ 1.94 ᠲᠦᠮᠡᠨ ᠲᠥᠭᠦᠷᠢᠭ ᠲᠠᠢ᠌ᠯᠤᠭᠰᠠᠨ ᠪᠠᠢ᠌ᠨ᠎ᠠ᠂ ᠬᠠᠷᠢᠨ ᠡᠮᠨᠡᠯᠭᠡ᠎ᠠᠴᠠ ᠭᠠᠷᠴᠤ ᠳ᠋ᠦᠩᠨᠡᠨ ᠪᠤᠳᠤᠬᠤ ᠦᠶ᠎ᠡ᠎ᠳᠤ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠶ᠋ᠢᠯᠬᠤ ᠬᠠᠷᠢᠴᠠᠯ᠎ᠨᠢ ᠪᠠᠭ᠎ᠠ ᠪᠤᠰᠤ ᠪᠠᠶ᠋ᠢᠭᠰᠠᠨ ᠰᠢᠭ ᠰᠠᠨᠠᠭᠳᠠᠪᠠ!
ᠢ᠄ ᠡᠭᠦᠨ᠎ᠠᠴᠠ ᠭᠠᠳᠠᠨ᠎ᠠ᠂ ᠲᠠ ᠪᠠᠰᠠ 《ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠠᠪᠴᠠᠩ》᠎ᠢ ᠪᠠᠭᠤᠯᠭ᠋ᠠᠵᠤ᠂ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠭᠰᠠᠨ ᠪᠠᠶ᠋ᠢᠳᠠᠯ ᠪᠠ ᠡᠮ ᠡᠮᠨᠡᠯᠭᠡ ᠵᠢᠨ ᠳᠠᠭ᠋ᠠᠳᠬᠠᠯ᠎ᠤᠨ ᠬᠡᠷᠡᠭᠯᠡᠯᠲᠡ ᠵᠢᠨ ᠲᠡᠮᠳᠡᠭᠯᠡᠯ᠎ᠢ ᠥᠪᠡᠰᠦᠪᠡᠨ ᠪᠠᠶ᠋ᠢᠴᠠᠭ᠋ᠠᠨ ᠯᠠᠪᠯᠠᠵᠤ ᠪᠣᠯᠤᠨ᠎ᠠ᠂ ᠡᠭᠦᠨ᠎ᠳᠤ ᠡᠮ ᠡᠮᠨᠡᠯᠭᠡ ᠵᠢᠨ ᠵᠠᠷᠤᠳᠠᠯ᠎ᠤᠨ ᠨᠠᠷᠢᠨ ᠲᠠᠩᠰᠠ ᠪᠠ ᠳ᠋ᠦᠩᠨᠡᠨ ᠪᠤᠳᠤᠬᠤ ᠨᠠᠷᠢᠨ ᠲᠠᠩᠰᠠ ᠵᠡᠷᠭᠡ ᠪᠠᠭᠲᠠᠨ᠎ᠠ᠃
ᠡ᠄ ᠠ᠂ ᠲᠡᠶ᠋ᠢᠮᠦ ᠪᠠᠢ᠌ᠨ᠎ᠠ᠂ ᠲᠡᠭᠡᠪᠡᠯ ᠲᠤᠩ ᠳᠥᠭᠥᠮ ᠪᠣᠯᠴᠢᠬᠠᠵᠠᠢ᠂ ᠪᠠᠶᠠᠷᠯᠠᠯ᠎ᠠ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ