ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠳᠦᠷᠢᠮ

ᠨᠡᠶ᠋ᠢᠲᠡᠯᠡᠭᠰᠡᠨ ᠴᠠᠭ᠄   2025-06-03

    01 ᠳᠦᠷᠢᠮ᠎ᠢ ᠲᠣᠭᠲᠠᠭ᠋ᠠᠭᠰᠠᠨ ᠠᠬᠤᠢ ᠪᠠᠶ᠋ᠢᠳᠠᠯ
      ᠥᠪᠥᠷ ᠮᠣᠩᠭᠤᠯ ᠤᠯᠤᠰ᠎ᠤᠨ ᠳᠣᠲᠣᠭ᠋ᠠᠳᠤ᠎ᠳᠤ᠎ᠪᠠᠨ ᠨᠠᠢ᠍ᠮᠠᠨ ᠮᠤᠵᠢ᠎ᠲᠠᠢ ᠬᠤᠯᠪᠣᠯᠳᠤᠵᠤ᠂ ᠭᠠᠳᠠᠭᠰᠢ᠎ᠪᠠᠨ ᠣᠷᠣᠰ ᠮᠣᠩᠭᠤᠯ᠎ᠲᠠᠢ ᠬᠥᠷᠰᠢᠯᠡᠵᠦ᠂ ᠣᠷᠣᠨ ᠪᠠᠶ᠋ᠢᠷᠢ ᠵᠢᠨ ᠳᠠᠪᠠᠭᠤᠯᠢᠭ ᠲᠠᠯ᠎ᠠ ᠣᠯᠠᠨ᠎ᠠᠴᠠ ᠣᠨᠴᠠᠭ᠋ᠠᠶ ᠪᠠᠶ᠋ᠢᠳᠠᠭ᠂ ᠲᠡᠦᠬᠡᠨ᠎ᠳᠤ᠎ᠪᠠᠨ ᠳᠠᠷᠤᠢ 《ᠲᠠᠯ᠎ᠠ ᠨᠤᠲᠤᠭ᠎ᠤᠨ ᠲᠣᠷᠭ᠋ᠠᠨ᠎ᠤ ᠵᠠᠮ》 ᠪᠠ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠴᠢᠬᠤᠯᠠ ᠵᠠᠩᠭᠢᠯᠠᠭ᠎ᠠ ᠪᠠ ᠨᠡᠪᠲᠡᠷᠡᠯ ᠵᠠᠮ ᠮᠥᠨ ᠪᠠᠶ᠋ᠢᠵᠤ᠂ ᠣᠳᠣ ᠨᠡᠩ ᠴᠤ᠌ ᠳᠤᠮᠳᠠᠳᠤ ᠮᠣᠩᠭᠤᠯ ᠣᠷᠣᠰ᠎ᠤᠨ ᠠᠵᠤ ᠠᠬᠤᠢ ᠵᠢᠨ ᠬᠤᠩᠭᠢᠯ᠎ᠤᠨ ᠴᠢᠬᠤᠯᠠ ᠵᠠᠩᠭᠢᠯᠠᠭ᠎ᠠ ᠵᠢᠨ ᠴᠡᠭ ᠪᠠᠶ᠋ᠢᠵᠤ᠂ ᠳᠤᠮᠳᠠᠳᠤ ᠤᠯᠤᠰ᠎ᠤᠨ ᠪᠠᠷᠠᠭᠤᠨ ᠬᠡᠰᠡᠭ᠎ᠤᠨ ᠬᠠᠭᠤᠷᠠᠢ ᠳᠠᠯᠠᠶ ᠵᠢᠨ ᠰᠢᠨ᠎ᠡ ᠨᠡᠪᠲᠡᠷᠡᠯ ᠵᠠᠮ᠎ᠤᠨ ᠴᠢᠬᠤᠯᠠ ᠡᠭᠦᠳᠡ ᠪᠣᠯᠵᠤ ᠪᠠᠶ᠋ᠢᠨ᠎ᠠ᠃ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢᠨ ᠪᠦᠲᠦᠭᠡᠨ ᠪᠠᠶ᠋ᠢᠭᠤᠯᠤᠯᠲᠠ ᠪᠣᠯ ᠶᠡᠷᠦᠩᠬᠡᠢ ᠱᠦᠵᠢ ᠰᠢ ᠵᠢᠨ ᠫᠢᠩ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠶᠠᠷ ᠶᠡᠭᠡ ᠲᠠᠯ᠎ᠠ ᠵᠢ ᠨᠢᠭᠡᠳᠦᠯᠲᠡᠢ ᠲᠥᠯᠥᠪᠯᠡᠵᠦ ᠥᠪᠥᠷ ᠮᠣᠩᠭᠤᠯ᠎ᠤᠨ ᠪᠠᠶ᠋ᠢᠳᠠᠯ᠎ᠳᠤ ᠲᠣᠬᠢᠷᠠᠭᠤᠯᠤᠨ ᠲᠣᠭᠲᠠᠭ᠋ᠠᠭᠰᠠᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠮᠥᠷᠲᠡᠭᠡᠨ ᠥᠪᠥᠷ ᠮᠣᠩᠭᠤᠯ᠎ᠤᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠵᠢᠨ ᠴᠢᠬᠤᠯᠠ ᠲᠦᠰᠢᠭ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠠᠯᠪᠢᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠤᠨ ᠴᠢᠬᠤᠯᠠ ᠵᠠᠩᠭᠢᠯᠠᠭ᠎ᠠ ᠵᠢᠨ ᠴᠡᠭ ᠪᠠ ᠤᠯᠤᠰ᠎ᠤᠨ ᠳᠣᠲᠣᠭ᠋ᠠᠳᠤ ᠵᠢᠨ ᠪᠠ ᠤᠯᠠᠨ ᠤᠯᠤᠰ᠎ᠤᠨ ᠬᠤᠣᠰ ᠣᠷᠴᠢᠯ᠎ᠤᠨ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠬᠤ ᠴᠡᠭ᠎ᠢ ᠴᠣᠭᠴᠠᠯᠠᠵᠤ᠂ ᠤᠯᠤᠰ ᠎ᠤᠨ ᠳᠣᠲᠣᠭ᠋ᠠᠳᠤ ᠵᠢᠨ ᠪᠠ ᠤᠯᠠᠨ ᠤᠯᠤᠰ᠎ᠤᠨ ᠬᠤᠣᠰ ᠣᠷᠴᠢᠯ᠎ᠢ ᠬᠤᠯᠪᠣᠬᠤ᠎ᠳᠤ ᠨᠡᠩ ᠶᠡᠭᠡ ᠦᠢ᠍ᠯᠡᠳᠦᠯ ᠭᠠᠷᠭ᠋ᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠳᠦᠷᠢᠮ》᠎ᠢ ᠲᠣᠭᠲᠠᠭ᠋ᠠᠪᠠ᠃
      02 ᠳᠦᠷᠢᠮ᠎ᠤᠨ ᠭᠤᠣᠯ ᠠᠭᠤᠯᠭ᠎ᠠ
      ᠲᠣᠰ ᠳᠦᠷᠢᠮ᠎ᠨᠢ ᠪᠣᠭᠤᠮᠲᠠ ᠪᠠ ᠡᠯ᠎ᠡ ᠲᠥᠷᠥᠯ᠎ᠤᠨ ᠨᠡᠪᠲᠡᠷᠡᠯ ᠵᠠᠮ ᠵᠢᠴᠢ ᠠᠴᠢᠶᠠᠯᠠᠪᠤᠷᠢ ᠵᠢᠨ ᠪᠦᠲᠦᠭᠡᠨ ᠪᠠᠶ᠋ᠢᠭᠤᠯᠤᠯᠲᠠ᠎ᠲᠠᠢ ᠨᠢᠭᠲᠠ ᠤᠶᠠᠯᠳᠤᠨ᠂ ᠬᠠᠮ ᠬᠢᠯᠢ ᠵᠢᠨ ᠪᠣᠭᠤᠮᠲᠠ ᠵᠢᠨ ᠠᠵᠤ ᠠᠬᠤᠢ ᠵᠢ ᠬᠥᠭᠵᠢᠭᠦᠯᠬᠦ᠎ᠳᠤ ᠬᠦᠴᠦᠯᠡᠪᠡ᠃ ᠳᠦᠷᠢᠮ᠎ᠳᠤ ᠪᠣᠭᠤᠮᠲᠠ ᠵᠢᠨ ᠬᠠᠮᠢᠶᠠᠷᠤᠯᠲᠠ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠵᠦ᠂ ᠠᠮᠤᠭᠤᠯᠠᠩᠲᠤ᠂ ᠪᠦᠲᠦᠮᠵᠢ᠎ᠲᠠᠢ᠂ ᠣᠶᠤᠨᠲᠤ᠂ ᠬᠠᠤᠯᠢᠵᠢᠯ᠎ᠤᠨ᠂ ᠪᠣᠬᠢᠷᠲᠤᠯ ᠦᠭᠡᠢ ᠬᠢᠯᠢ ᠵᠢᠨ ᠪᠣᠭᠤᠮᠲᠠ ᠵᠢᠨ ᠪᠦᠲᠦᠭᠡᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠬᠤ ᠵᠢ ᠲᠣᠭᠲᠠᠭ᠋ᠠᠪᠠ; ᠥᠪᠡᠷᠲᠡᠭᠡᠨ ᠵᠠᠰᠠᠬᠤ ᠣᠷᠣᠨ ᠨᠡᠭᠡᠭᠡᠯᠲᠡ ᠵᠢᠨ ᠶᠡᠭᠡ ᠨᠡᠪᠲᠡᠷᠡᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠷᠣᠨ ᠪᠠᠶ᠋ᠢᠷᠢ ᠵᠢᠨ ᠳᠠᠪᠠᠭᠤᠯᠢᠭ ᠵᠶ᠋ᠠᠨ ᠨᠡᠭᠡᠭᠡᠯᠲᠡ ᠵᠢᠨ ᠳᠠᠪᠠᠭᠤᠯᠢᠭ ᠪᠠ ᠬᠥᠭᠵᠢᠯᠲᠡ ᠵᠢᠨ ᠳᠠᠪᠠᠭᠤᠯᠢᠭ ᠪᠣᠯᠭ᠋ᠠᠨ ᠤᠯᠠᠷᠢᠭᠤᠯᠵᠤ᠂ ᠭᠠᠳᠠᠭ᠋ᠠᠳᠤ᠎ᠠᠴᠠ ᠣᠷᠣᠭᠤᠯᠬᠤ ᠡᠬᠢ ᠪᠠᠶᠠᠯᠢᠭ᠎ᠢ ᠬᠢᠯᠢ ᠵᠢᠨ ᠪᠣᠭᠤᠮᠲᠠ ᠪᠠ ᠥᠷᠥᠴᠡ ᠭᠠᠵᠠᠷ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠲᠤ ᠨᠤᠲᠤᠭᠰᠢᠭᠤᠯᠤᠨ ᠡᠳ᠋ᠰᠢᠭᠦᠯᠬᠦ ᠵᠢ ᠠᠬᠢᠭᠤᠯᠵᠤ᠂ ᠠᠵᠤ ᠠᠬᠤᠢ ᠵᠢᠨ ᠨᠡᠪᠳᠡᠷᠡᠯ ᠵᠠᠮ᠎ᠢ ᠨᠡᠪᠳᠡᠷᠡᠯ ᠵᠠᠮ᠎ᠤᠨ ᠠᠵᠤ ᠠᠬᠤᠢ ᠲᠡᠶ᠋ᠢᠰᠢ ᠬᠤᠪᠢᠷᠠᠭᠤᠯᠬᠤ᠂ ᠳᠠᠮᠵᠢᠭᠤᠯᠭ᠎ᠠ ᠵᠢᠨ ᠠᠵᠤ ᠠᠬᠤᠢ ᠵᠢ ᠨᠤᠲᠤᠭᠰᠢᠭᠰᠠᠨ ᠠᠵᠤ ᠠᠬᠤᠢ ᠲᠡᠶ᠋ᠢᠰᠢ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠲᠣᠰ ᠳᠦᠷᠢᠮ᠎ᠨᠢ ᠣᠷᠣᠨ ᠪᠦᠰᠡ ᠵᠢᠨ ᠰᠣᠯᠢᠯᠴᠠᠭ᠎ᠠ ᠬᠠᠮᠵᠢᠯᠴᠠᠭ᠎ᠠ ᠵᠢ ᠴᠢᠩᠭ᠋ᠠᠳᠬᠠᠬᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠎ᠳᠤ ᠦᠢ᠍ᠯᠡᠴᠢᠯᠡᠬᠦ ᠪᠠ ᠲᠡᠭᠦᠨ᠎ᠢ ᠠᠬᠢᠭᠤᠯᠬᠤ ᠵᠢ ᠲᠤᠪᠤᠶ᠋ᠢᠯᠭ᠋ᠠᠪᠠ᠃ ᠳᠦᠷᠢᠮ᠎ᠨᠢ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠳᠤ ᠰᠠᠭᠤᠷᠢᠯᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠣᠰ ᠣᠷᠴᠢᠯ᠎ᠢ ᠰᠠᠭ᠋ᠠᠳ ᠦᠭᠡᠢ ᠨᠡᠪᠲᠡᠷᠡᠭᠦᠯᠦᠨ᠂ ᠥᠪᠡᠷᠲᠡᠭᠡᠨ ᠵᠠᠰᠠᠬᠤ ᠣᠷᠣᠨ᠎ᠠᠴᠠ ᠬᠠᠮᠢᠶ᠎ᠠ ᠪᠦᠬᠦᠢ ᠮᠤᠵᠢ ᠣᠷᠣᠨ ᠵᠢᠴᠢ ᠭᠠᠵᠠᠷ ᠣᠷᠣᠨ᠎ᠤ ᠡᠬᠢ ᠪᠠᠶᠠᠯᠢᠭ᠎ᠤᠨ ᠤᠤᠭ᠋ᠠᠯ ᠨᠥᠭᠡᠴᠡ ᠬᠦᠴᠦᠨ ᠪᠠ ᠬᠠᠷᠢᠴᠠᠭᠤᠯᠤᠭᠰᠠᠨ ᠳᠠᠪᠠᠭᠤᠯᠢᠭ᠎ᠲᠠᠢ ᠤᠶᠠᠯᠳᠤᠭᠤᠯᠤᠨ᠂ ᠣᠷᠣᠨ ᠪᠦᠰᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠬᠡᠪ ᠵᠠᠭᠪᠤᠷ ᠪᠠ ᠠᠵᠢᠯᠯᠠᠭ᠋ᠠᠨ᠎ᠤ ᠲᠣᠭᠲᠠᠴᠠ᠎ᠳᠤ ᠰᠢᠨ᠎ᠡ ᠵᠢ ᠡᠭᠦᠳᠴᠦ᠂ ᠣᠷᠣᠨ ᠪᠦᠰᠡ ᠠᠯᠤᠰᠯᠠᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠢ ᠬᠠᠮᠲᠤ᠎ᠪᠠᠷ ᠪᠠᠶ᠋ᠢᠭᠤᠯᠬᠤ ᠵᠢ ᠳᠡᠮᠵᠢᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤ᠎ᠪᠠᠷ ᠪᠠᠶ᠋ᠢᠭᠤᠯᠬᠤ ᠬᠦᠷᠢᠶᠡᠯᠡᠩ ᠲᠣᠭᠤᠷᠢᠭ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ ᠭᠡᠵᠦ ᠣᠨᠴᠠᠭ᠋ᠠᠶ᠋ᠢᠯᠠᠨ ᠴᠢᠬᠤᠯᠠᠴᠢᠯᠠᠪᠠ᠃
      ᠲᠣᠰ ᠳᠦᠷᠢᠮ᠎ᠨᠢ ᠭᠠᠳᠠᠭ᠋ᠠᠳᠤ ᠨᠡᠭᠡᠭᠡᠯᠲᠡ ᠵᠢᠨ ᠲᠦᠪᠰᠢᠨ᠎ᠢ ᠳᠡᠭᠡᠭᠰᠢᠯᠡᠭᠦᠯᠬᠦ᠂ ᠥᠨᠳᠥᠷ ᠲᠦᠪᠰᠢᠨ᠎ᠲᠠᠢ ᠨᠡᠭᠡᠭᠡᠯᠲᠡ᠎ᠪᠠᠷ ᠴᠢᠨᠠᠷ ᠰᠠᠶ᠋ᠢᠲᠠᠢ ᠬᠥᠭᠵᠢᠯᠲᠡ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ᠎ᠳᠤ ᠭᠤᠣᠯᠯᠠᠭᠤᠯᠪᠠ᠃ ᠳᠦᠷᠢᠮ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠪᠤᠷᠢᠯᠠᠭᠰᠠᠨ 《ᠥᠪᠥᠷ ᠮᠣᠩᠭᠤᠯ 〈ᠨᠢᠭᠡ ᠪᠦᠰᠡ ᠨᠢᠭᠡ ᠵᠠᠮ〉 ᠪᠠ ᠳᠤᠮᠳᠠᠳᠤ ᠮᠣᠩᠭᠤᠯ ᠤᠷᠤᠰ᠎ᠤᠨ ᠠᠵᠤ ᠠᠬᠤᠢ ᠵᠢᠨ ᠬᠤᠩᠭᠢᠯ᠎ᠤᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠭᠠᠳᠠᠭ᠋ᠠᠳᠤ ᠨᠡᠭᠡᠭᠡᠯᠲᠡ ᠵᠢᠨ ᠲᠦᠪᠰᠢᠨ ᠵᠶ᠋ᠠᠨ ᠳᠡᠭᠡᠭᠰᠢᠯᠡᠭᠦᠯᠬᠦ ᠬᠡᠷᠡᠭᠲᠡᠢ》 ᠭᠡᠬᠦ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠠᠯᠪᠢᠬᠤ ᠬᠠᠮᠢᠶᠠᠷᠬᠤ ᠦᠢ᠍ᠯᠡᠴᠢᠯᠡᠬᠦ ᠵᠢᠨ ᠥᠭᠡᠷᠡᠴᠢᠯᠡᠯᠲᠡ᠂ ᠪᠡᠯᠡ ᠣᠷᠣᠭᠤᠯᠤᠯᠲᠠ ᠠᠷᠠᠯᠵᠢᠶ᠎ᠠ ᠵᠢ ᠳᠥᠭᠦᠮᠴᠢᠯᠡᠬᠦ ᠵᠡᠷᠭᠡ ᠭᠤᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ ᠵᠢᠨ ᠡᠷᠴᠢᠮ᠎ᠢ ᠴᠢᠩᠭ᠋ᠠᠷᠠᠭᠤᠯᠵᠤ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠳᠣᠲᠣᠨᠣᠰᠤᠭ ᠴᠡᠪᠡᠷᠬᠡᠨ ᠬᠠᠷᠢᠴᠠᠭ᠎ᠠ ᠵᠢ ᠪᠠᠶ᠋ᠢᠭᠤᠯᠵᠤ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠪᠡᠯᠡ ᠮᠥᠩᠭᠦ᠂ ᠮᠡᠷᠭᠡᠵᠢᠯ᠂ ᠬᠥᠮᠥᠨ᠎ᠤ ᠬᠦᠴᠦ᠂ ᠪᠠᠶ᠋ᠢᠭ᠋ᠠᠯᠢ ᠵᠢᠨ ᠡᠬᠢ ᠪᠠᠶᠠᠯᠢᠭ ᠵᠡᠷᠭᠡ ᠦᠢ᠍ᠯᠡᠳᠪᠦᠷᠢᠯᠡᠯ᠎ᠤᠨ ᠬᠦᠴᠦᠨ ᠵᠦᠢ᠍ᠯ ᠪᠠ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠡᠷᠡᠭᠯᠡᠬᠦ ᠵᠢ ᠪᠠᠲᠤᠯᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠪᠤᠢ ᠪᠣᠯᠭ᠋ᠠᠬᠤ ᠵᠢ ᠴᠢᠬᠤᠯᠠᠴᠢᠯᠠᠪᠠ᠃
      03 《ᠠᠵᠤ ᠠᠬᠤᠢ ᠵᠢᠨ ᠨᠡᠪᠲᠡᠷᠡᠯ ᠵᠠᠮ》᠎ᠢ 《ᠨᠡᠪᠲᠡᠷᠡᠯ ᠵᠠᠮ᠎ᠤᠨ ᠠᠵᠤ ᠠᠬᠤᠢ》 ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ 《ᠳᠠᠮᠵᠢᠭᠤᠯᠭ᠎ᠠ ᠵᠢᠨ ᠠᠵᠤ ᠠᠬᠤᠢ》 ᠵᠢ 《ᠨᠤᠲᠤᠭᠰᠢᠭᠰᠠᠨ ᠠᠵᠤ ᠠᠬᠤᠢ》 ᠪᠣᠯᠭ᠋ᠠᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠪᠠ
      ᠳᠦᠷᠢᠮ᠎ᠳᠤ 《ᠭᠠᠷ ᠳᠠᠮᠵᠢᠪᠠᠴᠤ ᠠᠰᠢᠭ ᠬᠦᠷᠲᠡᠬᠦ ᠦᠭᠡᠢ》 ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠬᠦ᠎ᠳᠤ ᠭᠤᠣᠯᠳᠠᠭᠤ ᠳᠠᠷᠠᠭ᠋ᠠᠬᠢ ᠬᠡᠳᠦᠨ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠄
      ᠨᠢᠭᠡ᠎ᠳᠤ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡᠨ᠎ᠤ ᠨᠡᠪᠲᠡᠷᠡᠯ ᠵᠠᠮ᠎ᠤᠨ ᠳᠠᠪᠠᠭᠤᠯᠢᠭ᠎ᠢ ᠪᠠᠳᠠᠷᠠᠭᠤᠯᠵᠤ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡᠨ᠎ᠤ ᠨᠡᠪᠲᠡᠷᠡᠯ ᠵᠠᠮ᠎ᠤᠨ ᠦᠢ᠍ᠯᠡᠴᠢᠯᠡᠭᠡᠨ᠎ᠤ ᠴᠢᠳᠠᠮᠵᠢ ᠵᠢ ᠭᠦᠢ᠍ᠴᠡᠳ ᠰᠠᠶ᠋ᠢᠲᠤᠷ ᠬᠡᠷᠡᠭᠯᠡᠨ᠎ᠡ᠃
      ᠳᠦᠷᠢᠮ᠎ᠳᠤ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡᠨ᠎ᠤ ᠠᠩᠬᠠᠨ᠎ᠤ ᠥᠷᠲᠡᠭᠡ ᠵᠢᠴᠢ ᠠᠶᠠᠯᠠᠭᠤᠯᠬᠤ ᠵᠠᠮ ᠱᠤᠭᠤᠮ᠎ᠢ ᠰᠢᠯᠢᠳᠡᠭᠵᠢᠭᠦᠯᠵᠦ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡᠨ᠎ᠤ ᠲᠥᠪᠯᠡᠷᠡᠭᠦᠯᠦᠨ ᠲᠠᠷᠬᠠᠭ᠋ᠠᠬᠤ ᠲᠥᠪ᠎ᠢ ᠪᠠᠶ᠋ᠢᠭᠤᠯᠵᠤ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡᠨ᠎ᠤ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠵᠤ᠂ ᠦᠢ᠍ᠯᠡᠴᠢᠯᠡᠭᠡᠨ᠎ᠤ ᠴᠢᠳᠠᠪᠤᠷᠢ ᠪᠠ ᠲᠤᠬᠠᠢ ᠵᠢᠨ ᠭᠠᠵᠠᠷ᠎ᠤᠨ ᠣᠷᠣᠯᠴᠠᠯᠭ᠎ᠠ ᠵᠢ ᠨᠡᠮᠡᠭᠳᠡᠭᠦᠯᠦᠨ᠎ᠡ; ᠪᠠᠷᠠᠭ᠋ᠠᠨ᠎ᠤ ᠢᠷᠡᠯᠲᠡ ᠵᠢ ᠵᠣᠬᠢᠶᠠᠨ ᠪᠠᠶ᠋ᠢᠭᠤᠯᠬᠤ᠎ᠳᠤ᠎ᠪᠠᠨ ᠬᠤᠣᠰ ᠴᠢᠭᠯᠡᠯ ᠵᠶ᠋ᠠᠷ ᠵᠣᠬᠢᠶᠠᠨ ᠪᠠᠶ᠋ᠢᠭᠤᠯᠬᠤ ᠠᠷᠭ᠎ᠠ ᠮᠠᠶᠢᠭ᠎ᠢ ᠥᠷᠭᠡᠳᠬᠡᠵᠦ᠂ ᠪᠠᠷᠠᠭ᠋ᠠᠨ᠎ᠤ ᠭᠦᠢ᠍ᠯᠭᠡᠭᠡ ᠵᠢ ᠨᠠᠶ᠋ᠢᠳᠠᠪᠤᠷᠢᠵᠢᠭᠤᠯᠬᠤ᠂ ᠠᠷᠠᠯᠵᠢᠶ᠎ᠠ ᠵᠢ ᠨᠠᠶ᠋ᠢᠳᠠᠪᠤᠷᠢᠵᠢᠭᠤᠯᠬᠤ ᠪᠠ ᠡᠳ᠋ᠰᠢᠭᠦᠯᠬᠦ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃
      ᠬᠤᠶᠠᠷ᠎ᠲᠤ᠂ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠬᠢᠯᠢ ᠵᠢᠨ ᠪᠣᠭᠤᠮᠲᠠ ᠪᠠ ᠨᠡᠪᠲᠡᠷᠡᠯ ᠵᠠᠮ᠎ᠤᠨ ᠳᠠᠭ᠋ᠠᠭ᠋ᠠᠴᠠ ᠵᠢ ᠨᠡᠮᠡᠭᠳᠡᠭᠦᠯᠦᠨ᠎ᠡ᠃
      ᠳᠦᠷᠢᠮ᠎ᠳᠤ᠂ ᠬᠢᠯᠢ ᠵᠢᠨ ᠪᠣᠭᠤᠮᠲᠠ ᠵᠢᠨ ᠴᠢᠳᠠᠮᠵᠢ ᠵᠢ ᠥᠷᠭᠡᠳᠬᠡᠨ ᠥᠭᠡᠷᠡᠴᠢᠯᠡᠬᠦ ᠵᠢ ᠠᠬᠢᠭᠤᠯᠵᠤ᠂ ᠥᠷᠥᠴᠡ ᠭᠠᠵᠠᠷ᠎ᠲᠤ ᠬᠠᠨᠳᠤᠭᠤᠯᠤᠭᠰᠠᠨ ᠴᠢᠬᠤᠯᠠ ᠶᠡᠭᠡ ᠰᠠᠭᠤᠷᠢ ᠪᠡᠯᠡᠳᠬᠡᠮᠵᠢ᠂ ᠴᠢᠬᠤᠯᠠ ᠵᠠᠩᠭᠢᠯᠠᠭ᠎ᠠ ᠵᠢᠨ ᠴᠡᠭ᠎ᠤᠨ ᠬᠤᠲᠠ᠂ ᠡᠳ᠋ ᠪᠠᠷᠠᠭ᠎ᠠ ᠵᠢ ᠲᠥᠪᠯᠡᠷᠡᠭᠦᠯᠦᠨ ᠲᠠᠷᠬᠠᠭ᠋ᠠᠬᠤ ᠲᠥᠪ᠂ ᠭᠠᠳᠠᠭ᠋ᠠᠳᠤ᠎ᠳᠤ ᠭᠠᠷᠭ᠋ᠠᠬᠤ ᠦᠢ᠍ᠯᠡᠳᠬᠦᠨ᠎ᠤ ᠰᠠᠭᠤᠷᠢᠨ ᠭᠠᠵᠠᠷ᠂ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ ᠪᠠ ᠡᠬᠢ ᠪᠠᠶᠠᠯᠢᠭ᠎ᠢ ᠤᠯᠠᠷᠢᠭᠤᠯᠬᠤ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠨᠤᠲᠤᠭᠰᠢᠭᠤᠯᠤᠨ ᠡᠳ᠋ᠰᠢᠭᠦᠯᠬᠦ᠂ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡ ᠵᠡᠷᠭᠡ ᠠᠵᠤ ᠦᠢ᠍ᠯᠡᠰ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠭᠠᠳᠠᠭ᠋ᠠᠳᠤ᠎ᠠᠴᠠ ᠣᠷᠣᠭᠤᠯᠬᠤ ᠡᠬᠢ ᠪᠠᠶᠠᠯᠢᠭ᠎ᠢ ᠬᠢᠯᠢ ᠵᠢᠨ ᠪᠣᠭᠤᠮᠲᠠ ᠪᠠ ᠥᠷᠥᠴᠡ ᠭᠠᠵᠠᠷ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠲᠤ ᠨᠤᠲᠤᠭᠰᠢᠭᠤᠯᠤᠨ ᠡᠳ᠋ᠰᠢᠭᠦᠯᠬᠦ ᠵᠢ ᠠᠬᠢᠭᠤᠯᠤᠨ᠎ᠠ ᠭᠡᠵᠦ ᠲᠣᠭᠲᠠᠭ᠋ᠠᠵᠠᠢ᠃
      ᠭᠤᠷᠪᠠ᠎ᠳᠤ᠂ ᠡᠯ᠎ᠡ ᠲᠦᠷᠦᠯ᠎ᠤᠨ ᠨᠡᠭᠡᠭᠡᠯᠲᠡ ᠵᠢᠨ ᠲᠠᠪᠴᠠᠩ᠎ᠤᠨ ᠴᠢᠳᠠᠪᠬᠢ ᠵᠢ ᠳᠡᠭᠡᠭᠰᠢᠯᠡᠭᠦᠯᠵᠦ᠂ ᠭᠠᠳᠠᠭ᠋ᠠᠳᠤ ᠨᠡᠭᠡᠭᠡᠯᠲᠡ ᠵᠢᠨ ᠲᠦᠪᠰᠢᠨ᠎ᠢ ᠪᠦᠬᠦ ᠲᠠᠯ᠎ᠠ᠎ᠪᠠᠷ ᠥᠷᠭᠡᠳᠬᠡᠨ᠎ᠡ᠃
      ᠳᠦᠷᠢᠮ᠎ᠳᠤ᠂ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ ᠪᠠ ᠭᠠᠶ᠋ᠢᠯᠢ ᠪᠠᠲᠤᠯᠠᠬᠤ ᠪᠠᠷᠠᠭ᠋ᠠᠨ᠎ᠤ ᠭᠦᠢ᠍ᠯᠭᠡᠭᠡᠨ᠎ᠤ ᠲᠥᠪ᠎ᠤᠨ ᠠᠵᠢᠯᠯᠠᠭ᠋ᠠᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠨᠤᠲᠤᠭᠰᠢᠭᠤᠯᠤᠨ ᠡᠳ᠋ᠰᠢᠭᠦᠯᠬᠦ ᠬᠠᠮᠢᠶ᠎ᠠ ᠪᠦᠬᠦᠢ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ; ᠬᠢᠯᠢ ᠵᠢᠨ ᠠᠷᠠᠳ᠎ᠤᠨ ᠵᠠᠬ᠎ᠠ ᠵᠢᠨ ᠭᠠᠳᠠᠭ᠋ᠠᠳᠤ᠎ᠠᠴᠠ ᠣᠷᠣᠭᠤᠯᠬᠤ ᠲᠠᠸᠠᠷ᠎ᠢ ᠨᠤᠲᠤᠭᠰᠢᠭᠤᠯᠤᠨ ᠡᠳ᠋ᠰᠢᠭᠦᠯᠬᠦ ᠵᠢ ᠠᠬᠢᠭᠤᠯᠵᠤ᠂ ᠵᠠᠬ᠎ᠠ ᠵᠢᠨ ᠠᠷᠠᠯᠵᠢᠶ᠎ᠠ ᠵᠢ ᠪᠣᠯᠪᠠᠰᠤᠷᠠᠭᠤᠯᠬᠤ᠂ ᠪᠡᠯᠡ ᠣᠷᠣᠭᠤᠯᠬᠤ᠂ ᠠᠷᠠᠯᠵᠢᠶ᠎ᠠ ᠵᠢ ᠨᠢᠭᠡ ᠴᠣᠭᠴᠠᠵᠢᠭᠤᠯᠬᠤ ᠴᠢᠭᠯᠡᠯ ᠲᠡᠶ᠋ᠢᠰᠢ ᠬᠥᠭᠵᠢᠭᠦᠯᠬᠦ ᠵᠢ ᠬᠥᠲᠥᠯᠥᠨ ᠵᠢᠯᠣᠭᠤᠳᠤᠨ᠎ᠠ; ᠬᠢᠯᠢ ᠠᠯᠤᠰᠯᠠᠭᠰᠠᠨ ᠡᠯᠧᠺᠳ᠋ᠷᠤᠨ ᠬᠤᠳᠠᠯᠳᠤᠭ᠋ᠠᠨ᠎ᠤ ᠬᠥᠭᠵᠢᠯᠲᠡ ᠵᠢᠨ ᠬᠡᠪ ᠵᠠᠭᠪᠤᠷ᠎ᠲᠤ ᠰᠢᠨ᠎ᠡ ᠵᠢ ᠡᠭᠦᠳᠴᠦ᠂ ᠬᠢᠯᠢ ᠠᠯᠤᠰᠯᠠᠭᠰᠠᠨ ᠡᠯᠧᠺᠳ᠋ᠷᠤᠨ ᠬᠤᠳᠠᠯᠳᠤᠭ᠋ᠠᠨ᠎ᠤ ᠲᠦᠷᠭᠡᠨ ᠬᠥᠭᠵᠢᠯᠲᠡ ᠵᠢ ᠠᠬᠢᠭᠤᠯᠤᠨ᠎ᠠ; ᠣᠷᠣᠨ ᠪᠦᠰᠡ ᠵᠢᠨ ᠰᠣᠯᠢᠯᠴᠠᠭ᠎ᠠ ᠬᠠᠮᠵᠢᠯᠴᠠᠭ᠎ᠠ ᠵᠢ ᠴᠢᠩᠭ᠋ᠠᠳᠬᠠᠵᠤ᠂ ᠲᠡᠷᠢᠭᠦᠨ᠎ᠤ ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠢ᠎ᠪᠠᠷ ᠵᠣᠯᠭ᠋ᠠᠭᠤᠯᠤᠨ ᠠᠪᠴᠤ᠂ ᠣᠭᠤᠷᠴᠤᠭ ᠬᠠᠷᠢᠶ᠎ᠠ ᠭᠠᠵᠠᠷ᠎ᠤᠨ ᠠᠵᠤ ᠠᠬᠤᠢ ᠵᠡᠷᠭᠡ ᠠᠰᠢᠭ ᠲᠤᠰᠠ ᠵᠢ ᠬᠠᠮᠲᠤ ᠡᠳ᠋ᠯᠡᠬᠦ ᠬᠡᠪ ᠵᠠᠭᠪᠤᠷ᠎ᠢ ᠬᠠᠶ᠋ᠢᠨ ᠰᠦᠪᠡᠭᠴᠢᠯᠡᠨ᠎ᠡ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ