ᠢᠯᠡ ᠵᠠᠰᠠᠭ   -   ᠵᠠᠰᠠᠭ᠎ᠤᠨ ᠠᠵᠢᠯ᠎ᠤᠨ ᠢᠯᠡᠳᠭᠡᠯ

ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ

ᠨᠡᠶ᠋ᠢᠲᠡᠯᠡᠭᠰᠡᠨ ᠴᠠᠭ᠄   2018-12-26

     — 2017 ᠤᠨ᠎ᠤ 12 ᠰᠠᠷ᠎ᠠ ᠵᠢᠨ 7 ᠎ᠤ ᠡᠳᠦᠷ ᠳ᠋ᠧᠩᠺᠧᠦ ᠰᠢᠶᠠᠨ᠎ᠤ ᠠᠷᠪᠠᠨ ᠲᠤᠯᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ ᠲᠡᠭᠡᠷ᠎ᠠ
      ᠳ᠋ᠧᠩᠺᠧᠦ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠢᠶᠠᠨ᠎ᠤ ᠲᠠᠷᠦᠭ᠎ᠠ ᠹᠠᠨ ᠸᠧᠨ

      ᠲᠦᠯᠦᠭᠡᠯᠡᠭᠴᠢᠳ ᠡ᠄
      ᠤᠳᠦ ᠪᠢ᠂ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ᠎ᠢ ᠲᠦᠯᠦᠭᠡᠯᠡᠨ ᠶᠠᠭᠡ ᠬᠤᠷᠠᠯ᠎ᠳᠤ ᠠᠵᠢᠯ᠎ᠤᠨ ᠢᠯᠡᠳᠭᠡᠯ ᠬᠢᠶ ᠎ᠠ᠂ ᠬᠢᠨᠠᠨ ᠵᠦᠪᠯᠡᠭᠦ ᠪᠤᠯᠪᠠᠤ᠂ ᠤᠯᠤᠰ ᠲᠦᠷᠦ ᠵᠢᠨ ᠵᠦᠪᠯᠡᠯᠭᠡᠨ᠎ᠤ ᠬᠡᠰᠢᠬᠦᠳ ᠵᠢᠴᠢ ᠰᠤᠯᠠ ᠤᠷᠤᠯᠴᠠᠵᠦ ᠪᠠᠢ᠍ᠢ᠍ᠭ᠎ᠠ ᠨᠦᠬᠦᠳ ᠰᠠᠨᠠᠯ ᠵᠶ᠋ᠠᠨ ᠳᠤᠷᠠᠳᠤᠭ᠋ᠠᠷᠠᠢ᠃
      ᠨᠢᠬᠡ᠂ ᠲᠠᠪᠤᠨ ᠵᠢᠯ᠎ᠤᠨ ᠲᠤᠷᠰᠢᠬᠢ ᠠᠵᠢᠯ᠎ᠤᠨ ᠡᠷᠬᠢᠴᠠᠬᠦᠯᠦᠯ
      ᠰᠢᠶᠠᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠠᠩᠬᠠᠳᠤᠭ᠋ᠠᠷ ᠤᠳᠠᠭ᠎ᠠ ᠵᠢᠨ ᠬᠤᠷᠠᠯ᠎ᠠᠴᠠ ᠨᠠᠭ᠋ᠠᠰᠢ᠂ ᠰᠢᠶᠠᠨ᠎ᠤ ᠵᠠᠰᠠᠭ᠎ᠤᠨ ᠤᠷᠳᠤᠨ᠎ᠨᠢ 《ᠲᠦᠷᠪᠠᠨ ᠤᠬᠠᠮᠰᠠᠷ》᠎ᠢ ᠪᠠᠳᠦ ᠪᠤᠢ ᠪᠤᠯᠭ᠋ᠠᠨ᠂ 《ᠲᠦᠷᠪᠠᠨ ᠪᠦᠬᠦ ᠲᠠᠯ᠎ᠠ》 ᠵᠢᠨ ᠪᠠᠢ᠍ᠢ᠍ᠯᠳᠤᠬᠤ ᠪᠤᠳᠤᠯᠭ᠎ᠠ ᠵᠢᠨ ᠪᠠᠢ᠍ᠢ᠍ᠷᠢᠯᠠᠭᠤᠯᠤᠯᠳᠠ ᠪᠠ 《ᠲᠠᠪᠤᠨ ᠶᠡᠭᠡ ᠬᠦᠭᠵᠢᠯᠳᠠ ᠵᠢᠨ ᠦᠢ᠍ᠯᠠᠭ᠋ᠠᠬᠳᠠᠬᠤᠨ》 ᠵᠶ᠋ᠠᠷ ᠶᠡᠷᠦᠩᠬᠡᠢ᠍ᠢ᠍ᠯᠡᠨ ᠵᠢᠯᠣᠭᠣᠳᠴᠤ᠂ ᠰᠢᠶᠠᠨ᠎ᠤ ᠨᠠᠮ᠎ᠤᠨ ᠬᠤᠷᠢᠶ᠎ᠠ ᠵᠢᠨ ᠪᠠᠳᠦ ᠴᠢᠩᠭ᠎ᠠ ᠤᠳᠤᠷᠢᠳᠤᠯᠭ᠎ᠠ᠂ ᠰᠢᠶᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠬᠠᠤᠯᠢ ᠶᠤᠰᠤᠨ᠎ᠤ ᠬᠢᠨᠠᠯᠳᠠ ᠪᠠ ᠰᠢᠶᠠᠨ᠎ᠤ ᠤᠯᠤᠰ ᠲᠦᠷᠦ ᠵᠢᠨ ᠵᠦᠪᠯᠡᠯᠭᠡᠨ᠎ᠤ ᠬᠦᠴᠦᠲᠡᠢ ᠲᠠᠮᠵᠢᠯᠭᠡ ᠲᠤᠤᠷ᠎ᠠ᠂ ᠨᠤᠭᠤᠷᠠᠰᠢ ᠦᠭᠡᠢ ᠢᠳᠡᠭᠡᠯ ᠵᠤᠷᠢᠭ ᠪᠠ ᠲᠠᠰᠤᠷᠠᠯᠳᠠ ᠦᠭᠡᠢ ᠴᠢᠷᠮᠠᠢ᠍ᠢ᠍ᠯᠭ᠎ᠠ ᠲᠤᠤᠷ ᠎ᠠ᠂ ᠠᠵᠦ ᠠᠬᠤᠢ ᠤᠷᠤᠭᠤᠳᠠᠵᠦ ᠪᠦᠬᠦᠢ ᠵᠦᠢ᠍ᠯ ᠪᠦᠷᠢ ᠵᠢᠨ ᠬᠦᠴᠢᠷ ᠪᠠᠷᠬᠡᠰᠢᠶᠠᠯ ᠪᠠ ᠬᠦᠴᠦᠳᠠᠢ ᠦᠷᠢᠰᠤᠯᠳᠤᠬᠡᠨ᠎ᠢ ᠲᠠᠰᠪᠤᠷᠢᠯᠠᠨ᠂ ᠬᠦᠭᠵᠢᠯᠳᠠ ᠵᠢ ᠡᠷᠢᠯᠬᠢᠯᠡᠵᠦ᠂ ᠰᠢᠪᠳᠤᠯᠤᠯᠳᠠ ᠵᠢ ᠡᠷᠢᠨ᠂ ᠠᠬᠢᠯᠳᠠ᠎ᠲᠠᠢ ᠪᠤᠯᠬᠤ ᠠᠯᠬᠤᠴᠠ ᠵᠢ ᠠᠯᠬᠤᠨ᠂ ᠡᠷᠡᠯᠭᠡᠭᠯᠡᠨ ᠤᠷᠤᠬᠰᠢᠯᠠᠵᠦ ᠲᠠᠪᠠᠯᠳᠠ᠎ᠲᠠᠢ᠎ᠪᠠᠷ ᠬᠦᠭᠵᠢᠨ ᠮᠠᠨᠳᠤᠬᠰᠠᠨ ᠭᠤᠢ᠍ᠢ᠍ᠳᠠ ᠦᠵᠡᠮᠵᠢ ᠵᠢ ᠵᠢᠷᠤᠬᠯᠠᠵᠠᠢ᠃
      ᠲᠠᠪᠤᠨ ᠵᠢᠯ᠎ᠤᠨ ᠲᠤᠮᠳᠠ᠂ ᠮᠠᠨ᠎ᠤ ᠰᠢᠶᠠᠨ᠎ᠨᠢ ᠪᠦᠬᠦ ᠤᠯᠤᠰ᠎ᠤᠨ ᠤᠢ ᠰᠢᠭᠤᠢ ᠵᠢᠨ ᠠᠵᠦ ᠠᠬᠤᠢ ᠵᠢᠨ ᠵᠢᠱ᠌ᠢᠶ᠎ᠠ ᠦᠵᠡᠬᠦᠯᠭᠦ ᠰᠢᠶᠠᠨ᠂ ᠪᠦᠬᠦ ᠤᠯᠤᠰ᠎ᠤᠨ ᠤᠯᠤᠰ᠎ᠤᠨ ᠭᠠᠵᠠᠷ ᠰᠢᠷᠦᠢ ᠵᠢᠨ ᠡᠬᠢ ᠪᠠᠶᠠᠯᠢᠭ᠎ᠢ ᠠᠷᠪᠢᠯᠠᠨ ᠭᠠᠮᠨᠠᠵᠦ ᠡᠷᠴᠢᠮᠵᠢᠬᠦᠯᠦᠭᠰᠡᠨ ᠵᠢᠱ᠌ᠢᠶ᠎ᠡ ᠦᠵᠡᠭᠦᠯᠭᠦ ᠰᠢᠶᠠᠨ᠂ ᠪᠦᠬᠦ ᠤᠯᠤᠰ᠎ᠤᠨ ᠠᠮᠦ ᠪᠤᠳᠠᠭ᠋ᠠᠨ᠎ᠤ ᠭᠠᠷᠦᠯᠳᠠ ᠵᠢᠨ ᠲᠤᠮᠤ ᠰᠢᠶᠠᠨ᠂ ᠪᠦᠬᠦ ᠤᠯᠤᠰ᠎ᠤᠨ ᠰᠠᠭ᠋ᠠᠯᠢ ᠵᠢᠨ ᠦᠨᠢᠶᠠᠨ᠎ᠤ ᠲᠠᠵᠢᠬᠡᠨ ᠦᠷᠡᠵᠢᠬᠦᠯᠭᠦ ᠲᠤᠮᠤ ᠰᠢᠶᠠᠨ᠂ ᠪᠦᠬᠦ ᠤᠯᠤᠰ᠎ᠤᠨ ᠰᠢᠨᠵᠢᠯᠡᠭᠦ ᠤᠬᠠᠭ᠋ᠠᠨ ᠮᠡᠷᠭᠡᠵᠢᠯ᠎ᠢ ᠲᠦᠬᠡᠮᠡᠯᠵᠢᠬᠦᠯᠦᠭᠰᠡᠨ ᠵᠢᠱ᠌ᠢᠶ᠎ᠠ ᠦᠵᠡᠭᠦᠯᠭᠦ ᠰᠢᠶᠠᠨ᠂ ᠪᠦᠬᠦ ᠤᠯᠤᠰ᠎ᠤᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠲᠠᠩᠴᠡᠬᠦᠷᠢᠳᠠᠢ ᠬᠦᠭᠵᠢᠬᠦᠯᠦᠭᠰᠡᠨ ᠰᠢᠶᠠᠨ᠂ ᠤᠯᠤᠰ᠎ᠤᠨ ᠤᠷᠭ᠋ᠠᠨᠢᠭ ᠪᠦᠳᠦᠭᠡᠭᠳᠡᠭᠦᠨ᠎ᠤ ᠨᠤᠳᠠᠯᠠᠯᠳᠠ ᠵᠢᠨ ᠵᠢᠱ᠌ᠢᠶ᠎ᠠ ᠦᠵᠡᠭᠦᠯᠦᠨ ᠡᠬᠦᠳᠤᠨ ᠪᠠᠢ᠍ᠢ᠍ᠭᠤᠯᠤᠬᠰᠠᠨ ᠰᠢᠶᠠᠨ᠂ ᠤᠯᠤᠰ᠎ᠤᠨ ᠲᠠᠷᠢᠶᠠᠯᠠᠩ᠎ᠤᠨ ᠶᠠᠮᠤᠨ᠎ᠤ ᠵᠢᠭ᠋ᠠᠰᠤᠨ᠎ᠤ ᠠᠵᠦ ᠦᠢ᠍ᠯᠡᠰ᠎ᠢ ᠡᠷᠡᠬᠦᠯ ᠵᠶ᠋ᠠᠷ ᠬᠦᠭᠵᠢᠬᠦᠯᠦᠭᠰᠡᠨ ᠵᠢᠱ᠌ᠢᠶ᠎ᠠ ᠦᠵᠡᠭᠦᠯᠬᠦ ᠰᠢᠶᠠᠨ᠂ ᠦᠪᠡᠷᠳᠡᠭᠡᠨ ᠵᠠᠰᠠᠬᠤ ᠤᠷᠤᠨ᠎ᠤ ᠠᠷᠢᠭᠤᠨ ᠴᠡᠪᠠᠷ ᠬᠤᠰᠢᠭᠤ ᠰᠢᠶᠠᠨ᠂ ᠦᠪᠡᠷᠳᠡᠭᠡᠨ ᠵᠠᠰᠠᠬᠤ ᠤᠷᠤᠨ᠎ᠤ ᠪᠦᠬᠦ ᠴᠠᠷᠠᠭ᠋ᠠᠨ᠎ᠤ ᠵᠤᠭ᠋ᠠᠴᠠᠯ᠎ᠤᠨ ᠵᠢᠱ᠌ᠢᠶ᠎ᠠ ᠦᠵᠡᠭᠦᠯᠬᠦ ᠰᠢᠶᠠᠨ ᠵᠡᠷᠭᠡ ᠢᠷᠠᠭᠤ ᠠᠯᠳᠠᠷ᠎ᠢ ᠬᠦᠷᠳᠡᠪᠠ᠃ ᠪᠦᠬᠦ ᠤᠯᠤᠰ᠎ᠤᠨ ᠰᠠᠯᠬᠢ ᠵᠢ ᠰᠡᠷᠬᠡᠢ᠍ᠢ᠍ᠯᠡᠨ ᠡᠯᠡᠰᠦ ᠵᠢ ᠵᠠᠰᠠᠬᠤ ᠲᠡᠷᠢᠬᠦᠨ᠎ᠤ ᠬᠠᠮᠳᠦ᠂ ᠲᠤᠮᠳᠠᠳᠦ ᠤᠯᠤᠰ᠎ᠤᠨ ᠬᠠᠮᠤᠬ ᠰᠢᠯᠢᠳᠡᠭ ᠰᠤᠶᠤᠯ ᠠᠮᠢ ᠠᠬᠤᠢ ᠵᠢᠨ ᠵᠤᠭ᠋ᠠᠴᠠᠯ᠎ᠤᠨ ᠨᠠᠷᠠᠳᠦ ᠰᠢᠶᠠᠨ ᠵᠡᠷᠭᠡ ᠢᠷᠠᠭᠤ ᠠᠯᠳᠠᠷ᠎ᠢ ᠤᠯᠪᠠ᠃ ᠬᠠᠳᠤᠨ ᠭᠤᠤᠯ ᠲᠠᠭ᠋ᠠᠦ ᠵᠢᠨ ᠵᠠᠩ ᠠᠷᠠᠨᠰᠢᠨ᠎ᠤ ᠵᠤᠭ᠋ᠠᠴᠠᠯ᠎ᠤᠨ ᠱᠤᠭᠤᠮ᠎ᠨᠢ 《ᠨᠢᠬᠡ ᠵᠠᠮ ᠨᠢᠬᠡ ᠪᠦᠰᠡ ᠵᠢᠨ ᠬᠠᠮᠤᠭ ᠭᠤᠶᠤ ᠵᠠᠮ ᠱᠤᠭᠤᠮ》 ᠵᠶ᠋ᠠᠷ ᠦᠨᠡᠯᠡᠭᠳᠡᠪᠠ᠃ ᠪᠦᠬᠦ ᠤᠯᠤᠰ᠎ᠤᠨ ᠡᠯᠧᠺᠳ᠋ᠷᠦᠨ ᠬᠤᠳᠠᠯᠳᠤᠭ᠎ᠠ ᠵᠢᠨ ᠲᠡᠷᠢᠬᠦᠴᠤᠳ᠎ᠤᠨ ᠬᠤᠷᠠᠯ᠎ᠤᠨ ᠳ᠋ᠧᠩᠺᠧᠦ ᠰᠢᠶᠠᠨ᠎ᠤ ᠲᠤᠭᠤᠷᠢᠨ ᠦᠵᠡᠬᠦ ᠬᠤᠷᠠᠯ᠂ ᠦᠪᠡᠷᠳᠡᠭᠡᠨ ᠵᠠᠰᠠᠬᠤ ᠤᠷᠤᠨ᠎ᠤ ᠬᠦᠳᠡᠭᠡ ᠲᠤᠰᠬᠤᠨ ᠮᠠᠯᠵᠢᠬᠤ ᠤᠷᠤᠨ᠎ᠤ ᠵᠠᠮ ᠬᠠᠷᠢᠯᠴᠠᠭ᠋ᠠᠨ᠎ᠤ ᠠᠮᠦᠷ ᠲᠦᠪᠰᠢᠨ᠎ᠤ ᠠᠵᠢᠯ᠎ᠤᠨ ᠲᠤᠬᠠᠢ ᠵᠢᠨ ᠭᠠᠵᠠᠷ᠎ᠤᠨ ᠠᠬᠢᠭᠤᠯᠬᠤ ᠬᠤᠷᠠᠯ ᠪᠠ ᠪᠦᠬᠦ ᠬᠤᠳᠠ ᠵᠢᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠦᠨᠳᠤᠰᠤᠨ ᠱᠠᠳᠤᠨ᠎ᠤ ᠰᠠᠭᠤᠷᠢ ᠲᠦᠭᠦᠭᠡᠷᠦᠮᠵᠢ ᠵᠢᠨ ᠪᠦᠳᠦᠬᠡᠨ ᠪᠠᠢ᠍ᠢ᠍ᠭᠤᠯᠤᠯᠳᠠ ᠵᠢ ᠪᠦᠷᠢᠳᠬᠡᠬᠦ᠂ ᠵᠤᠭ᠋ᠠᠴᠠᠯ᠎ᠢ ᠬᠦᠭᠵᠢᠬᠦᠯᠭᠦ ᠵᠡᠷᠭᠡ ᠲᠤᠮᠤ ᠬᠡᠯᠪᠠᠷᠢ ᠵᠢᠨ ᠬᠤᠷᠠᠯᠳᠤᠭ᠋ᠠᠨ᠎ᠢ ᠦᠨᠳᠤᠷ ᠪᠠᠷᠢᠮᠵᠢᠶ᠎ᠠ᠎ᠪᠠᠷ ᠲᠠᠭ᠋ᠠᠭ᠋ᠠᠴᠢᠯᠠᠨ ᠡᠷᠬᠢᠯᠠᠪᠠ᠃ ᠡᠯ᠎ᠠ ᠲᠦᠷᠦᠯ᠎ᠤᠨ ᠠᠵᠢᠯ᠎ᠨᠢ ᠬᠤᠳᠠ ᠵᠢᠨ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠦᠨᠳᠤᠷ ᠦᠨᠡᠯᠡᠯᠳᠠ ᠵᠢ ᠤᠯᠵᠦ 《ᠪᠠᠶᠠᠯᠢᠭ ᠨᠠᠭᠤᠷᠳᠦ ᠨᠤᠳᠤᠭ ᠪᠠᠬᠠᠷᠤᠯ᠎ᠢ ᠲᠠᠳᠠᠬᠰᠠᠨ ᠳ᠋ᠧᠩᠺᠧᠦ》 ᠬᠡᠳᠡᠭ᠎ᠨᠢ ᠨᠢᠬᠡᠨᠳᠠ ᠭᠤᠶᠤ ᠰᠠᠢ᠍ᠢ᠍ᠬᠠᠨ ᠨᠡᠷ᠎ᠠ ᠵᠢᠨ ᠬᠠᠭᠤᠳᠠᠰᠦ ᠪᠤᠯᠵᠦ᠂ ᠮᠠᠨ᠎ᠤ ᠰᠢᠶᠠᠨ᠎ᠨᠢ ᠪᠠᠶᠠᠨᠨᠠᠭᠤᠷ ᠬᠤᠳᠠ ᠵᠢᠨ ᠪᠠᠢ᠍ᠢ᠍ᠯᠳᠤᠬᠤ ᠪᠤᠳᠤᠯᠭ᠎ᠠ ᠲᠤᠮᠳᠡᠬᠢ ᠪᠠᠢ᠍ᠢ᠍ᠷᠢ ᠰᠠᠭᠤᠷᠢ ᠪᠠ ᠠᠵᠦ ᠦᠢ᠍ᠯᠡᠰ᠎ᠤᠨ ᠨᠠᠷ᠎ᠠ ᠨᠦᠯᠦᠭᠡ᠎ᠨᠢ ᠪᠦᠬᠦ ᠲᠠᠯ᠎ᠠ᠎ᠪᠠᠷ ᠲᠡᠭᠡᠭᠰᠢᠯᠡᠪᠠ᠃
     — — ᠲᠠᠪᠤᠨ ᠵᠢᠯ᠎ᠤᠨ ᠲᠤᠷᠰᠢ᠂ ᠠᠵᠦ ᠠᠬᠤᠢ ᠵᠢᠨ ᠤᠷᠤᠭᠤᠳᠠᠯ᠎ᠤᠨ ᠲᠠᠷᠦᠯᠳᠠ ᠲᠤᠤᠷ᠎ᠠ ᠪᠢᠳᠠ ᠲᠤᠬᠳᠠᠭᠤᠨ᠎ᠤ ᠲᠤᠮᠳᠠ ᠠᠬᠢᠯᠳᠠ᠎ᠲᠠᠢ ᠪᠠᠢ᠍ᠢ᠍ᠬᠤ᠂ ᠠᠬᠢᠯᠳᠠ᠎ᠲᠠᠢ ᠪᠠᠢ᠍ᠢ᠍ᠬᠤ ᠲᠤᠮᠳᠠ ᠴᠢᠨᠠᠷ᠎ᠢ ᠲᠡᠭᠡᠭᠰᠢᠯᠡᠭᠦᠯᠭᠦ ᠵᠢ ᠪᠠᠷᠢᠮᠳᠠᠯᠠᠨ᠂ ᠶᠡᠷᠦᠩᠬᠡᠢ᠍ᠢ᠍ᠯᠡᠭᠰᠡᠨ ᠪᠤᠳᠠᠳᠦ ᠬᠦᠴᠦᠨ ᠶᠡᠬᠡᠪᠠᠷ ᠲᠡᠭᠡᠭᠰᠢᠯᠡᠪᠠ᠃ ᠵᠢᠱ᠌ᠢᠯᠳᠠ᠎ᠪᠠᠷ 2017 ᠤᠨ᠎ᠤ ᠡᠴᠤᠰ ᠪᠤᠯᠳᠠᠯ᠎ᠠ᠂ ᠪᠦᠬᠦ ᠰᠢᠶᠠᠨ᠎ᠨᠢ ᠠᠵᠦ ᠦᠢ᠍ᠯᠡᠳᠪᠤᠷᠢᠯᠠᠯ᠎ᠤᠨ ᠶᠡᠷᠦᠩᠬᠡᠢ ᠦᠷᠳᠡᠭ᠎ᠢ 55.5 ᠳ᠋ᠤᠢ᠍ᠩᠰᠢᠭᠤᠷ ᠲᠦᠭᠦᠷᠢᠭ ᠪᠠᠶᠠᠯᠡᠭᠦᠯᠵᠦ᠂ 2012 ᠤᠨ᠎ᠤ᠎ᠬᠢ᠎ᠠᠴᠠ 41.9% ᠎ᠪᠠᠷ ᠨᠡᠮᠡᠭᠳᠠᠨ᠂ ᠵᠢᠯ ᠪᠦᠷᠢ 7.3% ᠎ᠪᠠᠷ ᠨᠡᠮᠡᠭᠳᠡᠨ᠂ ᠠᠵᠦ ᠠᠬᠤᠢ ᠵᠢᠨ ᠰᠠᠭᠤᠷᠢ ᠨᠠᠩ ᠪᠠᠳᠤᠵᠢᠪᠠ᠃ ᠭᠤᠷᠪᠠᠨ ᠠᠵᠦ ᠦᠢ᠍ᠯᠡᠰ᠎ᠤᠨ ᠬᠠᠷᠢᠴᠠᠯ 2012 ᠤᠨ᠎ᠤ 16.5᠄ 66.8᠄ 16.7 ᠪᠠᠢ᠍ᠢ᠍ᠬᠰᠠᠨ᠎ᠠᠴᠠ᠎ᠪᠠᠨ 16.8᠄ 54.9᠄ 28.3 ᠪᠤᠯᠤᠨ ᠠᠬᠢᠭᠤᠯᠤᠬᠳᠠᠵᠦ᠂ ᠭᠤᠷᠪᠠᠳᠤᠭ᠋ᠠᠷ ᠠᠵᠦ ᠦᠢ᠍ᠯᠡᠰ ᠤᠯᠠᠮ ᠴᠡᠴᠡᠭᠯᠠᠨ ᠬᠦᠭᠵᠢᠪᠠ; ᠤᠯᠠᠨ ᠨᠠᠢ᠍ᠢ᠍ᠳᠠ ᠵᠢᠨ ᠡᠳ᠋᠎ᠤᠨ ᠵᠠᠰᠠᠭ᠎ᠤᠨ ᠲᠦᠰᠦᠪ᠎ᠤᠨ ᠤᠷᠤᠯᠭ᠎ᠠ 2.66 ᠳ᠋ᠤᠢ᠍ᠩᠰᠢᠭᠤᠷ ᠲᠦᠭᠦᠷᠢᠭ᠎ᠲᠤ ᠬᠦᠷᠴᠦ᠂ 2012 ᠤᠨ᠎ᠤ᠎ᠬᠢ᠎ᠠᠴᠠ 66.6% ᠎ᠪᠠᠷ ᠨᠡᠮᠡᠭᠳᠠᠨ᠂ ᠵᠢᠯ ᠪᠦᠷᠢ ᠲᠡᠭᠰᠢᠳᠬᠡᠭᠡᠳ 10.7% ᠎ᠪᠠᠷ ᠨᠡᠮᠡᠭᠳᠠᠨ᠂ ᠲᠤᠬᠳᠠᠭᠤᠨ ᠵᠶ᠋ᠠᠷ ᠨᠡᠮᠡᠭᠳᠡᠭᠦ ᠵᠢ ᠪᠠᠳᠤᠯᠠᠪᠠ; ᠲᠤᠬᠳᠠᠮᠠᠯ ᠬᠦᠷᠦᠩᠬᠡ ᠵᠢᠨ ᠪᠠᠯᠠ ᠤᠷᠤᠭᠤᠯᠤᠯᠳᠠ 42.3 ᠳ᠋ᠦ᠍ᠢ᠍ᠩᠰᠢᠭᠤᠷ ᠲᠦᠭᠦᠷᠢᠭ᠎ᠲᠤ ᠬᠦᠷᠴᠦ᠂ 2012 ᠤᠨ᠎ᠤ᠎ᠬᠢ᠎ᠠᠴᠠ 48.2% ᠵᠶ᠋ᠠᠷ ᠨᠡᠮᠡᠭᠳᠠᠨ᠂ ᠵᠢᠯ ᠪᠦᠷᠢ ᠲᠡᠭᠰᠢᠳᠭᠡᠭᠡᠳ 8.2% ᠵᠶ᠋ᠠᠷ ᠨᠡᠮᠡᠭᠳᠠᠨ᠂ ᠠᠵᠦ ᠠᠬᠤᠢ ᠵᠢᠨ ᠶᠡᠷᠦᠩᠬᠡᠢ ᠬᠠᠨᠳᠤᠰᠢ ᠰᠠᠢ᠍ᠢ᠍ᠨ ᠪᠠᠢ᠍ᠢ᠍ᠨ᠎ᠠ; ᠨᠡᠢ᠍ᠢ᠍ᠬᠡᠮ᠎ᠤᠨ ᠬᠡᠷᠡᠭᠯᠡᠭᠡᠨ᠎ᠤ ᠲᠠᠸᠠᠷ᠎ᠢ ᠵᠢᠵᠢᠭᠯᠡᠨ ᠪᠤᠷᠤᠯᠠᠭᠤᠯᠤᠬᠰᠠᠨ ᠦᠷᠳᠡᠭ 17.2 ᠳ᠋ᠤᠢ᠍ᠩᠰᠢᠭᠤᠷ ᠲᠦᠭᠦᠷᠢᠭ᠎ᠲᠤ ᠬᠦᠷᠴᠦ᠂ 2012 ᠤᠨ᠎ᠤ᠎ᠬᠢ᠎ᠠᠴᠠ 67.7% ᠎ᠪᠠᠷ ᠨᠡᠮᠡᠭᠳᠠᠨ᠂ ᠵᠢᠯ ᠪᠦᠷᠢ ᠲᠡᠭᠰᠢᠳᠬᠡᠭᠡᠳ 10.8% ᠎ᠪᠠᠷ ᠨᠡᠮᠡᠭᠳᠠᠨ᠂ ᠵᠠᠬ᠎ᠠ ᠲᠠᠯᠭᠡᠭᠦᠷ᠎ᠤᠨ ᠠᠵᠦ ᠠᠬᠤᠢ ᠵᠢᠨ ᠲᠠᠯᠳᠠ ᠬᠦᠴᠦᠨ ᠮᠡᠳᠡᠭᠳᠠᠮ᠎ᠠ ᠴᠢᠩᠭ᠋ᠠᠷᠠᠪᠠ; ᠲᠠᠪᠤᠨ ᠵᠢᠯ᠎ᠳᠤ ᠤᠯᠤᠰ᠎ᠤᠨ ᠰᠢᠯᠵᠢᠬᠦᠯᠦᠨ ᠦᠭᠭᠦ ᠪᠠᠯᠠ ᠮᠦᠩᠬᠦ ᠵᠢ 23 ᠳ᠋ᠦ᠍ᠢ᠍ᠩᠰᠢᠭᠤᠷ ᠲᠦᠭᠦᠷᠢᠭ᠂ ᠲᠤᠰᠬᠠᠢ ᠲᠦᠷᠦᠯ᠎ᠤᠨ ᠪᠠᠯᠠ ᠤᠷᠤᠭᠤᠯᠤᠯᠳᠠ ᠵᠢ 34 ᠳ᠋ᠦ᠍ᠢ᠍ᠩᠰᠢᠭᠤᠷ ᠲᠦᠭᠦᠷᠢᠭ ᠲᠠᠮᠡᠴᠡᠨ ᠤᠯᠵᠦ᠂ ᠡᠳ᠋᠎ᠤᠨ ᠵᠠᠰᠠᠭ᠎ᠤᠨ ᠵᠠᠷᠦᠯᠭ᠎ᠠ ᠵᠢᠨ ᠲᠠᠷᠤᠭ᠋ᠠᠰᠦ ᠵᠢ ᠶᠡᠭᠡᠪᠠᠷ ᠨᠠᠮᠳᠠᠭᠤᠯᠤᠨ᠂ ᠨᠢᠬᠡ ᠬᠤᠶᠠᠷ ᠭᠤᠷᠪᠠᠳᠤᠭ᠋ᠠᠷ ᠠᠵᠦ ᠦᠢ᠍ᠯᠡᠰ᠎ᠤᠨ ᠤᠶᠠᠯᠳᠤᠨ ᠬᠦᠭᠵᠢᠬᠦ᠎ᠳᠤ ᠪᠠᠳᠦ ᠪᠡᠬᠢ ᠠᠵᠦ ᠠᠬᠤᠢ ᠵᠢᠨ ᠰᠠᠭᠤᠷᠢ ᠲᠠᠯᠪᠢᠵᠦ ᠦᠭᠪᠠ᠃ ᠤᠳᠦ ᠦᠶ᠎ᠠ ᠵᠢᠨ ᠲᠠᠷᠢᠶᠠᠯᠠᠩ ᠮᠠᠯ ᠠᠵᠦ ᠠᠬᠤᠢ ᠲᠦᠷᠬᠡᠨ ᠬᠦᠭᠵᠢᠪᠠ᠃ ᠡᠯᠡᠰᠦᠨ᠎ᠤ ᠡᠬᠢ ᠪᠠᠶᠠᠯᠢᠭ᠎ᠢ ᠲᠠᠬᠡᠳᠦ ᠬᠡᠮᠵᠢᠶ᠎ᠠ᠎ᠪᠠᠷ ᠠᠰᠢᠬᠯᠠᠨ᠂ ᠪᠤᠬᠢᠷᠳᠤᠯ ᠦᠭᠡᠢ ᠤᠷᠭ᠋ᠠᠨᠢᠭ ᠲᠠᠷᠢᠶᠠᠯᠠᠩ ᠮᠠᠯ ᠠᠵᠦ ᠠᠬᠤᠢ ᠵᠢ ᠶᠡᠭᠡᠪᠠᠷ ᠬᠦᠭᠵᠢᠬᠦᠯᠪᠠ᠃ ᠲᠦᠬᠦᠭᠡᠷᠦᠮᠵᠢᠳᠦ ᠲᠠᠷᠢᠶᠠᠯᠠᠩ᠎ᠢ 2.5 ᠲᠦᠮᠡᠨ ᠮᠦ᠍ ᠪᠦᠳᠦᠬᠡᠨ ᠪᠠᠢ᠍ᠢ᠍ᠭᠤᠯᠵᠦ᠂ ᠬᠤᠸᠠᠯᠠᠢ᠍ᠢ᠍ᠱ᠌ᠢ ᠬᠡᠮᠭᠡ ᠵᠡᠷᠭᠡ ᠭᠤᠸᠠ ᠨᠤᠭᠤᠭ᠎ᠠ᠂ ᠤᠯᠠᠭ᠋ᠠᠨ ᠯᠤᠤᠯᠢ᠂ ᠬᠢᠳᠠᠳ ᠡᠮ᠎ᠤᠨ ᠮᠠᠲ᠋ᠧᠷᠢᠶᠠᠯ᠂ ᠨᠠᠩᠭᠢ ᠴᠠᠭ᠋ᠠᠨ᠂ ᠠᠷᠢᠬᠢ ᠨᠠᠷᠡᠬᠦ ᠦᠵᠦᠮ ᠵᠡᠷᠭᠡ ᠤᠨᠴᠠᠯᠢᠬᠳᠦ ᠲᠠᠷᠢᠮᠡᠯ᠎ᠤᠨ ᠲᠠᠯᠠᠪᠠᠢ ᠲᠤᠬᠳᠠᠭᠤᠨ ᠵᠶ᠋ᠠᠷ ᠦᠷᠬᠡᠵᠢᠨ᠂ ᠡᠯᠡᠰᠦ ᠪᠠ ᠬᠤᠵᠢᠷᠯᠢᠭ ᠭᠠᠵᠠᠷ᠎ᠲᠤ ᠲᠤᠳᠤᠷᠭ᠎ᠠ ᠲᠤᠷᠰᠢᠨ ᠲᠠᠷᠢᠭ᠋ᠠᠳ ᠠᠮᠵᠢᠯᠳᠠ ᠤᠯᠪᠠ᠃ ᠠᠯᠠᠰᠢᠨ ᠬᠤᠨᠢ᠂ ᠭᠠᠬᠠᠢ ᠲᠠᠵᠢᠬᠡᠵᠦ ᠪᠠᠢ᠍ᠢ᠍ᠭ᠎ᠠ ᠲᠤᠭ᠎ᠠ ᠲᠤᠰ ᠪᠦᠷᠢ 138 ᠲᠦᠮᠡ ᠪᠠ 8.5 ᠲᠦᠮᠡ᠎ᠳᠤ ᠬᠦᠷᠴᠦ᠂ ᠰᠠᠭ᠋ᠠᠯᠢ ᠵᠢᠨ ᠦᠨᠢᠶᠠᠨ᠎ᠤ ᠲᠤᠭ᠎ᠠ 8.2 ᠲᠦᠮᠡ᠎ᠳᠤ ᠬᠦᠷᠴᠦ᠂ ᠤᠷᠭ᠋ᠠᠨᠢᠭ ᠰᠦ ᠵᠢᠨ ᠭᠠᠷᠦᠯᠳᠠ ᠪᠦᠬᠦ ᠤᠯᠤᠰ᠎ᠲᠤ᠎ᠪᠠᠨ ᠲᠠᠷᠢᠬᠦᠯᠡᠵᠦ ᠪᠤᠢ; ᠤᠨᠴᠠᠯᠢᠬᠳᠦ ᠤᠰᠤᠨ ᠭᠠᠷᠦᠯᠳᠠ ᠵᠢᠨ ᠲᠠᠵᠢᠬᠡᠪᠤᠷᠢ ᠵᠢᠨ ᠲᠠᠯᠠᠪᠠᠢ 5.5 ᠲᠦᠮᠡᠨ ᠮᠦ᠍᠎ᠳᠤ ᠬᠦᠷᠴᠦ᠂ ᠪᠦᠳᠦᠭᠡᠭᠳᠡᠬᠦᠨ᠎ᠨᠢ ᠨᠡᠩ ᠡᠯᠪᠡᠭ᠂ ᠦᠷ᠎ᠠ ᠠᠰᠢᠭ᠎ᠨᠢ ᠠᠯᠬᠤᠮ ᠠᠯᠬᠤᠮ ᠵᠶ᠋ᠠᠷ ᠲᠡᠭᠡᠭᠰᠢᠯᠡᠪᠠ᠃ ᠤᠯᠤᠰ᠎ᠤᠨ ᠪᠠᠯᠠ ᠤᠷᠤᠭᠤᠯᠤᠯᠳᠠ ᠵᠢ 56 ᠳ᠋ᠦ᠍ᠢ᠍ᠩᠰᠢᠭᠤᠷ ᠲᠦᠭᠦᠷᠢᠭ ᠲᠠᠮᠡᠴᠡᠨ ᠤᠯᠵᠦ᠂ 2 ᠲᠦᠮᠡᠨ ᠮᠦ᠍ ᠵᠢᠨ ᠲᠤᠮᠳᠠ ᠲᠤᠤᠷ᠎ᠠ ᠤᠨᠠᠯᠳᠠ᠎ᠲᠠᠢ ᠲᠠᠷᠢᠶᠠᠨ ᠭᠠᠵᠠᠷ᠎ᠢ ᠦᠭᠡᠷᠡᠴᠢᠯᠡᠭᠦ᠂ 23 ᠲᠦᠮᠡᠨ ᠮᠦ᠍ ᠭᠠᠵᠠᠷ ᠰᠢᠷᠦᠢ ᠵᠢ ᠴᠡᠭᠴᠡᠯᠡᠭᠦ᠂ 35 ᠲᠦᠮᠡᠨ ᠮᠦ᠍ ᠦᠨᠳᠤᠷ ᠦᠷ᠎ᠠ ᠠᠰᠢᠬᠳᠦ ᠤᠰᠦ ᠠᠷᠪᠢᠯᠠᠨ ᠤᠰᠤᠯᠠᠬᠤ ᠤᠰᠤᠯᠠᠯᠳᠠ᠂ ᠬᠠᠳᠤᠨ ᠭᠤᠤᠯ᠎ᠤᠨ ᠤᠰᠤᠯᠠᠯᠳᠠ ᠵᠢᠨ ᠡᠷᠬᠡ ᠵᠢ ᠠᠢ᠍ᠢ᠍ᠮᠠᠬ ᠬᠤᠳᠠ ᠬᠤᠭᠤᠷᠤᠨᠳᠦ᠎ᠪᠠᠨ ᠰᠢᠯᠵᠢᠬᠦᠯᠬᠦ ᠲᠤᠷᠰᠢᠯᠳᠠ ᠵᠡᠷᠭᠡ ᠲᠦᠷᠦᠯ ᠵᠦᠢ᠍ᠯ᠎ᠳᠤ ᠬᠡᠷᠡᠭᠯᠡᠨ᠂ 1980 ᠺᠢᠯᠦᠮᠧᠳ᠋ᠷ ᠰᠤᠪᠠᠭ᠎ᠢ ᠲᠤᠳᠤᠷᠯᠠᠵᠦ᠂ ᠲᠠᠳᠠᠭ᠋ᠠᠯ ᠲᠠᠷᠢᠶ᠎ᠠ ᠵᠢ 70 ᠲᠦᠮᠡᠨ ᠮᠦ᠍ ᠦᠭᠡᠷᠡᠴᠢᠯᠡᠵᠦ᠂ ᠤᠯᠠᠭ᠋ᠠᠨᠪᠤᠬ᠎ᠠ ᠵᠢᠨ ᠦᠶᠠᠷ᠎ᠢ ᠭᠠᠳᠠᠭᠰᠢᠯᠠᠭᠤᠯᠬᠤ ᠲᠤᠭᠤᠷᠢᠭ᠎ᠠᠴᠠ ᠱᠧᠩ ᠡᠦ ᠰᠤᠪᠠᠭ᠎ᠤᠨ ᠠᠮᠢ ᠠᠬᠤᠢ ᠵᠢᠨ ᠤᠰᠦ ᠨᠦᠬᠦᠪᠦᠷᠢᠯᠡᠭᠦ ᠨᠠᠢ᠍ᠢ᠍ᠯᠡᠭᠦᠯᠭᠦ ᠠᠵᠢᠯ ᠠᠰᠢᠬᠯᠠᠯᠳᠠ᠎ᠳᠤ ᠤᠷᠤᠵᠦ᠂ ᠲᠠᠷᠢᠶᠠᠯᠠᠩ ᠮᠠᠯ ᠠᠵᠦ ᠠᠬᠤᠢ ᠵᠢᠨ ᠦᠢ᠍ᠯᠡᠳᠪᠤᠷᠢᠯᠡᠯ᠎ᠤᠨ ᠨᠦᠬᠦᠴᠠᠯ ᠮᠠᠰᠢ ᠰᠠᠢ᠍ᠢ᠍ᠵᠢᠷᠠᠯᠳᠠ᠎ᠲᠠᠢ ᠪᠤᠯᠪᠠ᠃ ᠠᠵᠦ ᠦᠢ᠍ᠯᠡᠳᠪᠤᠷᠢ ᠵᠢᠨ ᠠᠵᠦ ᠠᠬᠤᠢ ᠲᠤᠬᠳᠠᠭᠤᠨ᠎ᠤ ᠲᠤᠮᠳᠠ ᠠᠬᠢᠯᠳᠠ᠎ᠲᠠᠢ ᠪᠤᠯᠪᠠ᠃ ᠱᠧᠩ ᠮᠦ᠍ ᠲᠡᠭᠡᠳᠦ ᠮᠡᠷᠭᠡᠵᠢᠯ᠎ᠨᠢ ᠪᠦᠬᠦ ᠬᠤᠳᠠ ᠵᠢᠨ ᠠᠩᠬᠠᠳᠤᠭ᠋ᠠᠷ ᠰᠢᠶᠠᠩᠭ᠋ᠠᠩ᠎ᠤᠨ ᠵᠠᠬ᠎ᠠ᠎ᠳᠤ ᠭᠠᠷᠦᠭ᠍ᠰᠠᠨ ᠤᠷᠤᠨ ᠨᠤᠳᠤᠭ᠎ᠤᠨ ᠠᠵᠦ ᠠᠬᠤᠢ᠍ᠢ᠍ᠯᠠᠯ ᠪᠤᠯᠪᠠ᠃ ᠯᠢ ᠴᠤᠸᠠᠨ᠎ᠤ ᠮᠡᠷᠬᠡᠵᠢᠯ᠎ᠤᠨ ᠦᠭᠡᠷᠡᠴᠢᠯᠠᠯᠳᠠ ᠨᠡᠬᠦᠯᠭᠡᠨ ᠰᠢᠯᠵᠢᠬᠦᠯᠭᠦ ᠵᠡᠷᠭᠡ ᠲᠦᠷᠦᠯ ᠵᠦᠢ᠍ᠯ᠎ᠨᠢ ᠠᠰᠢᠬᠯᠠᠯᠳᠠ᠎ᠳᠤ ᠤᠷᠤᠵᠦ᠂ ᠲᠤᠮᠳᠠᠳᠦ ᠤᠯᠤᠰ᠎ᠤᠨ ᠴᠠᠬᠢᠯᠭ᠋ᠠᠨ ᠬᠦᠴᠦᠨ᠎ᠤ ᠪᠠᠯᠠ ᠤᠷᠤᠭᠤᠯᠤᠯᠳᠠ ᠵᠢᠨ ᠪᠦᠯᠦᠭᠯᠡᠯᠳᠦ ᠺᠤᠮᠫᠠᠨᠢ᠂ ᠬᠦᠧᠧ ᠬᠤᠸᠠ᠂ ᠬᠦᠧᠧ ᠳ᠋ᠢᠶᠠᠨ᠎ᠤ ᠬᠡᠷᠡᠯ ᠴᠠᠬᠢᠯᠭ᠋ᠠᠨ ᠪᠠ ᠴᠢᠩᠳᠤᠤ ᠵᠢᠨ ᠴᠠᠩ ᠱᠧᠩ ᠲᠠᠷᠢᠶᠠᠯᠠᠩ᠎ᠤᠨ ᠬᠡᠷᠡᠯ ᠴᠠᠬᠢᠯᠭ᠋ᠠᠨ᠎ᠤ ᠮᠠᠰᠢᠨ ᠴᠤᠬ᠍ᠴᠠᠯᠠᠪᠤᠷᠢ ᠵᠢᠨ ᠬᠡᠮᠵᠢᠶ᠎ᠠ᠎ᠨᠢ 215 ᠰᠠᠶ᠎ᠠ ᠸᠠᠲ᠎ᠲᠤ ᠬᠦᠷᠪᠠ᠃ ᠰᠤᠶᠤᠯ᠎ᠤᠨ ᠵᠤᠭ᠋ᠠᠴᠠᠯ᠂ ᠪᠤᠬᠢᠷᠳᠤᠯ ᠦᠭᠡᠢ ᠮᠠᠯ ᠲᠠᠷᠢᠶᠠᠯᠠᠩ᠎ᠤᠨ ᠪᠦᠳᠦᠭᠡᠭᠳᠡᠭᠦᠨ᠎ᠤ ᠡᠳ᠋ᠰᠢᠬᠦᠯᠦᠨ ᠪᠤᠯᠪᠠᠰᠤᠷᠠᠭᠤᠯᠬᠤ ᠠᠵᠦ ᠦᠢ᠍ᠯᠡᠰ᠂ ᠴᠠᠬᠢᠯᠭ᠋ᠠᠨ ᠬᠦᠴᠦᠨ᠎ᠤ ᠰᠢᠨ᠎ᠠ ᠡᠨᠧᠷᠬᠢ ᠵᠢᠨ ᠠᠵᠦ ᠦᠢ᠍ᠯᠡᠰ ᠵᠡᠷᠭᠡ ᠲᠤᠯᠭ᠋ᠠᠭᠤᠷᠢᠯᠠᠬᠤ ᠠᠵᠦ ᠦᠢ᠍ᠯᠡᠰ᠎ᠤᠨ ᠲᠤᠬᠳᠠᠯᠴᠠᠭ᠎ᠠ᠎ᠨᠢ ᠠᠩᠬ᠎ᠠ ᠠᠯᠬᠤᠮ ᠪᠦᠷᠢᠯᠳᠤᠪᠠ᠃ ᠠᠵᠦ ᠦᠢ᠍ᠯᠡᠳᠪᠤᠷᠢ ᠵᠢᠨ ᠲᠤᠭᠤᠷᠢᠭ᠎ᠨᠢ ᠤᠷᠢᠳ ᠬᠤᠵᠢᠳ 10 ᠳ᠋ᠦ᠍ᠢ᠍ᠩᠰᠢᠭᠤᠷ ᠲᠦᠭᠦᠷᠢᠭ᠎ᠤᠨ ᠪᠠᠯᠠ ᠤᠷᠤᠭᠤᠯᠤᠯᠳᠠ ᠵᠢ ᠪᠠᠶᠠᠯᠡᠭᠦᠯᠦᠨ᠂ ᠦᠢ᠍ᠯᠡᠳᠪᠤᠷᠢ ᠵᠢᠨ ᠲᠤᠭᠤᠷᠢᠭ᠎ᠲᠤ ᠨᠤᠳᠤᠬᠰᠢᠬᠰᠠᠨ ᠠᠵᠦ ᠠᠬᠤᠢ᠍ᠢ᠍ᠯᠠᠯ 65 ᠪᠤᠯᠵᠠᠢ᠃ ᠵᠢᠱ᠌ᠢᠯᠳᠠ᠎ᠪᠠᠷ 2017 ᠤᠨ᠎ᠤ ᠡᠴᠤᠰ ᠪᠤᠯᠳᠠᠯ᠎ᠠ᠂ ᠪᠦᠬᠦ ᠰᠢᠶᠠᠨ᠎ᠤ ᠠᠵᠦ ᠦᠢ᠍ᠯᠡᠳᠪᠤᠷᠢ ᠵᠢᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 52 ᠳ᠋ᠦ᠍ᠢ᠍ᠩᠰᠢᠭᠤᠷ ᠲᠦᠭᠦᠷᠢᠭ ᠪᠠᠶᠠᠯᠡᠭᠦᠯᠦᠨ᠂ 2012 ᠤᠨ᠎ᠤ᠎ᠬᠢ᠎ᠠᠴᠠ 54.8% ᠎ᠪᠠᠷ ᠨᠡᠮᠡᠭᠳᠡᠭᠦᠯᠦᠨ᠎ᠠ; ᠠᠵᠦ ᠦᠢ᠍ᠯᠡᠳᠪᠤᠷᠢ ᠵᠢᠨ ᠨᠡᠮᠡᠭᠳᠠᠯ ᠦᠷᠳᠡᠭ᠎ᠢ 15.6 ᠳ᠋ᠦ᠍ᠢ᠍ᠩᠰᠢᠭᠤᠷ ᠲᠦᠭᠦᠷᠢᠭ᠎ᠲᠤ ᠬᠦᠷᠬᠡᠵᠦ᠂ 2012 ᠤᠨ᠎ᠤ᠎ᠬᠢ᠎ᠠᠴᠠ 53.2% ᠵᠶ᠋ᠠᠷ ᠨᠡᠮᠡᠭᠳᠡᠭᠦᠯᠦᠨ᠂ ᠠᠵᠦ ᠦᠢ᠍ᠯᠡᠳᠪᠤᠷᠢ ᠵᠢᠨ ᠡᠳ᠋᠎ᠤᠨ ᠵᠠᠰᠠᠭ᠎ᠲᠤ ᠦᠵᠡᠭᠦᠯᠭᠦ ᠬᠤᠪᠢ ᠨᠡᠮᠡᠷᠢ᠎ᠨᠢ ᠢᠯᠡᠳᠳᠠ ᠲᠡᠭᠡᠭᠰᠢᠯᠡᠪᠠ᠃ ᠵᠤᠭ᠋ᠠᠴᠠᠯ ᠦᠢ᠍ᠯᠡᠴᠢᠯᠡᠭᠡᠨ᠎ᠤ ᠦᠢ᠍ᠯᠡᠰ ᠴᠢᠬᠤᠯᠠ ᠰᠢᠪᠳᠤᠯᠤᠯᠳᠠ᠎ᠲᠠᠢ ᠪᠤᠯᠪᠠ᠃ ᠨᠠᠷᠢᠨᠳᠤᠬᠤᠢ᠂ ᠰᠠᠨ ᠱᠧᠩ ᠬᠦᠩ ᠤᠯᠤᠰ᠎ᠤᠨ ᠤᠰᠤᠨ ᠠᠰᠢᠬᠯᠠᠯᠳᠠ ᠵᠢᠨ ᠬᠦᠢ᠍ᠰᠦ ᠪᠠᠷᠢᠯᠭ᠎ᠠ ᠵᠢᠨ ᠦᠵᠡᠮᠵᠢ ᠵᠢᠨ ᠤᠷᠤᠨ᠎ᠨᠢ ᠤᠯᠤᠰ᠎ᠤᠨ 4 A ᠲᠠᠰ᠎ᠤᠨ ᠦᠵᠡᠮᠵᠢ ᠵᠢᠨ ᠤᠷᠤᠨ ᠪᠤᠯᠵᠦ᠂ ᠹᠧᠩ ᠢᠦᠢ ᠰᠢᠶᠠᠩ᠎ᠤᠨ ᠪᠠᠷᠠᠭᠤᠨ ᠬᠣᠶ᠋ᠢᠲᠤᠬᠢ ᠴᠡᠷᠢᠭ᠎ᠤᠨ ᠠᠮᠤ ᠬᠦᠨᠡᠰᠦᠨ᠎ᠤ ᠬᠥᠮᠥᠷᠭᠡ᠂ ᠴᠡᠷᠢᠭ ᠠᠩᠭᠢ ᠵᠢᠨ ᠮᠦᠽᠧᠢ ᠵᠡᠷᠭᠡ ᠦᠵᠡᠮᠵᠢ ᠵᠢᠨ ᠤᠷᠤᠨ᠎ᠢ ᠦᠨᠳᠤᠷ ᠪᠠᠷᠢᠮᠵᠢᠶ᠎ᠠ᠎ᠪᠠᠷ ᠪᠦᠳᠦᠭᠡᠨ ᠪᠠᠢ᠍ᠢ᠍ᠭᠤᠯᠵᠦ᠂ ᠪᠠᠶᠠᠨᠪᠤᠯᠠᠭ᠎ᠤᠨ ᠨᠠᠭᠤᠷ᠎ᠤᠨ ᠦᠵᠡᠮᠵᠢ ᠵᠢᠨ ᠤᠷᠤᠨ᠎ᠳᠠᠬᠢ ᠱᠠᠵᠢᠨᠳᠤᠬᠤᠢ ᠰᠤᠮᠤ ᠵᠢᠨ ᠮᠠᠯᠴᠢᠳ᠎ᠤᠨ ᠰᠢᠨ᠎ᠠ ᠰᠠᠭᠤᠷᠢᠰᠢᠯ᠎ᠨᠢ ᠰᠢᠶᠠᠩ ᠲᠤᠰᠬᠤᠨ᠎ᠤ ᠵᠤᠭ᠋ᠠᠴᠠᠯ᠎ᠤᠨ ᠰᠢᠨ᠎ᠠ ᠬᠢᠯᠠᠰ ᠴᠡᠭ ᠪᠤᠯᠵᠦ᠂ ᠴᠧᠩ ᠭᠤᠸᠠᠩ ᠲᠤᠰᠬᠤᠨ ᠵᠡᠷᠭᠡ 6 ᠰᠢᠶᠠᠩ ᠲᠤᠰᠬᠤᠨ᠎ᠨᠢ ᠪᠦᠬᠦ ᠤᠯᠤᠰ᠎ᠤᠨ ᠰᠢᠶᠠᠩ ᠲᠤᠰᠬᠤᠨ᠎ᠤ ᠵᠤᠭ᠋ᠠᠴᠠᠯ᠎ᠤᠨ ᠭᠤᠤᠯᠳᠠᠯᠭ᠎ᠠ᠎ᠲᠠᠢ ᠶᠠᠳᠠᠭᠤ ᠵᠢ ᠲᠡᠳᠬᠦᠬᠦ ᠲᠤᠰᠬᠤᠨ ᠪᠤᠯᠵᠦ᠂ ᠨᠠᠷᠢᠨᠳᠤᠬᠤᠢ ᠲᠠᠷᠢᠶᠠᠯᠠᠩ᠎ᠤᠨ ᠲᠠᠯᠠᠪᠠᠢ᠎ᠨᠢ ᠵᠤᠭ᠋ᠠᠴᠠᠯ᠎ᠤᠨ ᠤᠨᠴᠠᠯᠢᠬᠳᠦ ᠨᠠᠷᠠᠳᠦ ᠪᠠᠯᠭ᠋ᠠᠰᠦ᠂ ᠣᠯᠣᠰᠣᠲᠤ ᠵᠢᠨ ᠨᠠᠭᠤᠷ᠎ᠨᠢ ᠪᠦᠬᠦ ᠤᠯᠤᠰ᠎ᠤᠨ ᠰᠤᠳᠤᠨ ᠰᠠᠢ᠍ᠢ᠍ᠬᠠᠨ ᠵᠢᠭ᠋ᠠᠰᠦᠨ᠎ᠤ ᠠᠵᠦ ᠦᠢ᠍ᠯᠡᠰ᠎ᠤᠨ ᠵᠢᠱ᠌ᠢᠶ᠎ᠠ ᠦᠵᠡᠬᠦᠯᠭᠦ ᠰᠠᠭᠤᠷᠢᠨ ᠪᠤᠯᠵᠦ᠂ ᠠᠯᠳᠠᠨ ᠤᠨᠠᠭ᠋ᠠᠳᠦ ᠨᠠᠭᠤᠷ᠎ᠨᠢ ᠪᠦᠬᠦ ᠤᠯᠤᠰ᠎ᠤᠨ ᠵᠤᠭ᠋ᠠᠴᠠᠯ ᠰᠡᠯᠡᠭᠦᠴᠡᠯ᠎ᠤᠨ ᠵᠢᠱ᠌ᠢᠶ᠎ᠠ ᠦᠵᠡᠬᠦᠯᠭᠦ ᠰᠠᠭᠤᠷᠢᠨ ᠪᠤᠯᠪᠠ᠃ ᠡᠯᠧᠺᠳ᠋ᠷᠦᠨ ᠬᠤᠳᠠᠯᠳᠤᠭ᠎ᠠ᠎ᠨᠢ ᠰᠢᠨ᠎ᠠ ᠠᠬᠢᠯᠳᠠ᠎ᠲᠠᠢ ᠪᠤᠯᠵᠦ᠂ ᠪᠦᠬᠦ ᠰᠢᠶᠠᠨ᠎ᠤ ᠦᠢ᠍ᠯᠡᠴᠢᠯᠡᠭᠡ ᠢᠳᠡᠭᠡᠨ ᠤᠮᠳᠠᠭ᠋ᠠᠨ᠂ ᠪᠠᠭᠤᠳᠠᠯ᠂ ᠬᠦᠢ᠍ᠯᠭᠡᠭᠡ ᠵᠡᠷᠭᠡ ᠵᠢᠨ ᠢᠵᠢ ᠪᠦᠷᠢᠳᠦᠭᠰᠡᠨ ᠨᠦᠬᠦᠴᠠᠯ ᠪᠦᠬᠦ ᠲᠠᠯ᠎ᠠ᠎ᠪᠠᠷ ᠰᠠᠢ᠍ᠢ᠍ᠵᠢᠷᠠᠪᠠ᠃ ᠵᠢᠱ᠌ᠢᠯᠳᠠ᠎ᠪᠠᠷ 2017 ᠤᠨ᠎ᠤ ᠡᠴᠤᠰ ᠪᠤᠯᠬᠤ᠎ᠳᠤ ᠪᠦᠬᠦ ᠰᠢᠶᠠᠨ᠎ᠨᠢ 120 ᠲᠦᠮᠡᠨ (ᠤᠳᠠᠭ᠎ᠠ) ᠵᠤᠭ᠋ᠠᠴᠠᠬᠰᠠᠳ᠎ᠢ ᠬᠦᠯᠢᠶᠠᠨ ᠠᠪᠴᠦ᠂ ᠵᠤᠭ᠋ᠠᠴᠠᠯ᠎ᠤᠨ ᠶᠠᠷᠦᠩᠬᠡᠢ᠍ᠢ᠍ᠯᠡᠭᠰᠡᠨ ᠤᠷᠤᠯᠭ᠎ᠠ 6.5 ᠳ᠋ᠦ᠍ᠢ᠍ᠩᠰᠢᠭᠤᠷ ᠲᠦᠭᠦᠷᠢᠭ᠎ᠲᠤ ᠬᠦᠷᠴᠦ᠂ ᠵᠤᠭ᠋ᠠᠴᠠᠯ᠎ᠨᠢ ᠮᠠᠨ᠎ᠤ ᠰᠢᠶᠠᠨ᠎ᠤ ᠠᠵᠦ ᠠᠬᠤᠢ ᠵᠢᠨ ᠴᠡᠴᠡᠭᠯᠡᠨ ᠬᠦᠭᠵᠢᠬᠦ ᠪᠠ ᠠᠷᠠᠳ᠎ᠤᠨ ᠠᠮᠢᠳᠤᠷᠠᠯ᠎ᠢ ᠰᠠᠢ᠍ᠢ᠍ᠵᠢᠷᠠᠭᠤᠯᠬᠤ᠎ᠳᠤ ᠯᠤᠳᠦ ᠶᠡᠭᠡ ᠬᠠᠷᠠᠭ᠋ᠠᠯᠵᠠᠯ ᠠᠪᠴᠢᠷᠠᠪᠠ᠃
     — — ᠲᠠᠪᠤᠨ ᠵᠢᠯ᠎ᠤᠨ ᠲᠤᠷᠰᠢ᠂ ᠬᠤᠳᠠ ᠬᠦᠳᠡᠭᠡ ᠵᠢᠨ ᠰᠠᠭᠤᠷᠢ ᠲᠦᠭᠦᠭᠡᠷᠦᠮᠵᠢ ᠬᠤᠴᠤᠷᠤᠩᠭᠤᠢ ᠪᠠᠢ᠍ᠢ᠍ᠬᠤ ᠪᠠ ᠠᠮᠢ ᠠᠬᠤᠢ ᠵᠢᠨ ᠪᠦᠳᠦᠭᠡᠨ ᠪᠠᠢ᠍ᠢ᠍ᠭᠤᠯᠤᠯᠳᠠ ᠬᠡᠪᠡᠷᠡᠭ ᠪᠠᠭᠤᠷᠠᠢ ᠪᠠᠢ᠍ᠢ᠍ᠬᠤ ᠪᠠᠢ᠍ᠢ᠍ᠳᠠᠯ᠎ᠳᠤ ᠴᠢᠭᠯᠡᠭᠦᠯᠦᠨ᠂ ᠪᠢᠳᠠ ᠤᠯᠠᠨ ᠲᠠᠯ᠎ᠠ᠎ᠠᠴᠠ ᠬᠦᠴᠦᠯᠠᠵᠦ᠂ ᠪᠦᠬᠦᠯᠢ ᠴᠣᠭᠴᠠ᠎ᠪᠠᠷ᠎ᠨᠢ ᠲᠦᠯᠬᠢᠨ ᠠᠬᠢᠭᠤᠯᠵᠦ᠂ ᠤᠰᠤ᠂ ᠨᠤᠭᠤᠭ᠋ᠠᠨ᠂ ᠡᠯᠡᠰᠦ᠂ ᠰᠤᠶᠤᠯ᠎ᠤᠨ ᠲᠦᠷᠪᠠᠨ ᠶᠡᠭᠡ ᠬᠠᠭᠤᠳᠠᠰᠦ ᠵᠢ ᠪᠢᠴᠢᠭᠯᠡᠨ᠂ ᠬᠦᠮᠦᠨ᠎ᠤ ᠤᠷᠤᠰᠢᠨ ᠰᠠᠭᠤᠷᠢᠰᠢᠬᠤ ᠤᠷᠴᠢᠨ ᠮᠡᠳᠡᠭᠳᠡᠮ᠎ᠠ ᠰᠠᠢ᠍ᠢ᠍ᠵᠢᠷᠠᠵᠦ᠂ ᠬᠤᠳᠠ ᠬᠦᠳᠡᠭᠡ ᠵᠢᠨ ᠲᠦᠷᠰᠦ ᠪᠠᠢ᠍ᠢ᠍ᠳᠠᠯ ᠰᠢᠨ᠎ᠠ ᠬᠤᠪᠢᠷᠠᠯᠳᠠ᠎ᠲᠠᠢ ᠪᠤᠯᠪᠠ᠃ ᠲᠠᠪᠤᠨ ᠵᠢᠯ᠎ᠳᠤ ᠬᠤᠳᠠ ᠪᠠᠯᠭ᠋ᠠᠰᠦ ᠵᠢᠨ ᠪᠦᠳᠦᠭᠡᠨ ᠪᠠᠢ᠍ᠢ᠍ᠭᠤᠯᠤᠯᠳᠠ᠎ᠳᠤ ᠨᠠᠢ᠍ᠢ᠍ᠳᠠ 72.5 ᠳ᠋ᠦ᠍ᠢ᠍ᠩᠰᠢᠭᠤᠷ ᠲᠦᠭᠦᠷᠢᠭ᠎ᠤᠨ ᠪᠠᠯᠠ ᠤᠷᠤᠭᠤᠯᠵᠠᠢ᠃ ᠬᠤᠳᠠ ᠵᠢᠨ ᠲᠤᠭᠤᠷᠢᠭ᠎ᠤᠨ ᠲᠠᠯᠠᠪᠠᠢ 8.1 ᠲᠡᠭᠰᠢ ᠲᠦᠷᠪᠡᠯᠵᠢᠨ ᠺᠢᠯᠤᠮᠧᠳ᠋ᠷ ᠪᠠᠢ᠍ᠢ᠍ᠬᠰᠠᠨ᠎ᠢ ᠦᠷᠬᠡᠳᠭᠡᠭᠡᠳ 13.1 ᠲᠡᠭᠰᠢ ᠲᠦᠷᠪᠡᠯᠵᠢᠨ ᠺᠢᠯᠤᠮᠧᠳ᠋ᠷ ᠪᠤᠯᠭ᠋ᠠᠨ᠂ ᠬᠤᠳᠠ ᠪᠠᠯᠭ᠋ᠠᠰᠤᠵᠢᠯᠳᠠ ᠵᠢᠨ ᠨᠤᠷᠮ᠎ᠠ 48.1% ᠎ᠳᠤ ᠬᠦᠷᠪᠠ᠃ ᠪᠤᠷᠦ ᠬᠡᠷᠳᠦ ᠲᠤᠭᠤᠷᠢᠭ᠎ᠤᠨ ᠦᠭᠡᠷᠡᠴᠢᠯᠠᠯᠳᠠ᠂ ᠬᠠᠭᠤᠴᠢᠨ ᠰᠠᠭᠤᠭ᠋ᠠᠯᠢ ᠲᠤᠭᠤᠷᠢᠭ᠎ᠤᠨ ᠪᠦᠳᠦᠬᠡᠨ ᠪᠠᠢ᠍ᠢ᠍ᠭᠤᠯᠤᠯᠳᠠ ᠵᠢᠨ ᠦᠭᠡᠷᠡᠴᠢᠯᠠᠯᠳᠠ᠂ ᠪᠤᠢ᠍ᠢ᠍ᠳᠠ ᠪᠦᠭᠯᠡᠭᠦᠦ ᠵᠡᠬᠡᠯᠢ ᠭᠤᠳᠤᠮᠵᠢ ᠵᠢ ᠬᠠᠳᠠᠭᠤᠷᠠᠭᠤᠯᠬᠤ᠂ ᠤᠰᠦ ᠢᠯᠴᠢ ᠬᠠᠩᠭ᠋ᠠᠬᠤ᠂ ᠵᠤᠷᠯᠤᠩ᠎ᠤᠨ ᠦᠭᠡᠷᠡᠴᠢᠯᠠᠯᠳᠠ᠂ ᠵᠠᠮ᠎ᠤᠨ ᠲᠤᠤᠷ ᠪᠠ ᠵᠡᠬᠡᠯᠢ ᠵᠢᠨ ᠦᠵᠡᠮᠵᠢ ᠵᠢ ᠦᠭᠡᠷᠡᠴᠢᠯᠡᠭᠦ ᠵᠡᠷᠭᠡ ᠨᠢᠬᠡ ᠪᠦᠯᠦᠭ ᠬᠤᠳᠠ ᠪᠠᠯᠭ᠋ᠠᠰᠦ ᠵᠢᠨ ᠰᠠᠭᠤᠷᠢ ᠲᠦᠭᠦᠭᠡᠷᠤᠮᠵᠢ ᠵᠢᠨ ᠪᠦᠳᠦᠭᠡᠨ ᠪᠠᠢ᠍ᠢ᠍ᠭᠤᠯᠤᠯᠳᠠ ᠵᠢ ᠬᠡᠷᠡᠭᠵᠢᠬᠦᠯᠵᠦ᠂ ᠬᠤᠳᠠ ᠲᠤᠭᠤᠷᠢᠭ᠎ᠨᠢ 《ᠭᠤᠶᠤ ᠨᠤᠭᠤᠭ᠋ᠠᠨ ᠴᠠᠪᠠᠷ ᠬᠡᠷᠡᠯᠳᠦᠭᠰᠡᠨ》 ᠦᠵᠡᠮᠵᠢ ᠵᠢ ᠪᠦᠷᠢᠳᠤᠬᠦᠯᠪᠠ᠃ ᠭᠤᠶᠤ ᠦᠵᠡᠰᠬᠦᠯᠡᠩᠳᠦ ᠲᠤᠰᠬᠤᠨ᠎ᠤ ᠪᠦᠳᠦᠭᠡᠨ ᠪᠠᠢ᠍ᠢ᠍ᠭᠤᠯᠤᠯᠳᠠ᠎ᠨᠢ ᠪᠦᠬᠦ ᠬᠤᠳᠠ ᠵᠢᠨ ᠡᠮᠦᠨ᠎ᠠ ᠡᠩᠨᠡᠬᠡᠨ᠎ᠳᠤ ᠬᠤᠰᠢᠭᠤᠷᠠᠵᠦ᠂ ᠯᠦᠩ ᠱᠧᠩ ᠡᠾᠧ ᠪᠠᠯᠭ᠋ᠠᠰᠦ ᠵᠢᠨ ᠰᠢᠶᠧ ᠴᠧᠩ ᠰᠢᠨ᠎ᠠ ᠲᠤᠰᠬᠤᠨ᠂ ᠪᠤᠯᠤᠩᠨᠠᠭᠤᠷ ᠪᠠᠯᠭ᠋ᠠᠰᠦ ᠵᠢᠨ ᠪᠠ ᠯᠧᠩ ᠰᠢᠨ᠎ᠠ ᠲᠤᠰᠬᠤᠨ᠎ᠨᠢ ᠦᠪᠡᠷᠳᠡᠭᠡᠨ ᠵᠠᠰᠠᠬᠤ ᠤᠷᠤᠨ᠎ᠤ ᠦᠵᠡᠰᠬᠦᠯᠡᠩᠳᠦ ᠰᠢᠶᠠᠩ ᠲᠤᠰᠬᠤᠨ ᠵᠶ᠋ᠠᠷ ᠦᠨᠡᠯᠡᠭᠳᠡᠵᠦ᠂ 30 ᠭᠠᠴᠠᠭ᠎ᠠ ᠲᠤᠰᠬᠤᠨ᠎ᠨᠢ ᠦᠪᠡᠷᠳᠡᠭᠡᠨ ᠵᠠᠰᠠᠬᠤ ᠤᠷᠤᠨ᠎ᠤ ᠠᠷᠢᠭᠤᠨ ᠴᠠᠪᠠᠷ ᠲᠤᠰᠬᠤᠨ ᠪᠠᠯᠭ᠋ᠠᠰᠦ᠎ᠪᠠᠷ ᠨᠠᠷᠠᠢ᠍ᠢ᠍ᠳᠦᠭᠳᠡᠪᠠ᠃ ᠬᠠᠳᠤᠨ ᠭᠤᠤᠯ᠎ᠤᠨ ᠲᠠᠯᠠᠩ᠎ᠤᠨ ᠵᠠᠰᠠᠮᠠᠯ ᠵᠠᠮ᠂ ᠡᠾᠧ ᠯᠠᠨ ᠵᠠᠮ᠂ ᠪᠤᠯᠤᠳ ᠲᠠᠮᠦᠷ᠎ᠤᠨ ᠵᠠᠮ᠂ ᠵᠤᠤ ᠰᠢᠶᠠ ᠵᠠᠮ᠂ ᠬᠤᠢ᠍ᠢ᠍ᠳᠦ ᠲᠤᠭᠤᠷᠢᠯ ᠵᠠᠮ ᠵᠡᠷᠭᠡ ᠵᠢ ᠦᠷᠬᠡᠳᠬᠡᠨ ᠪᠠᠢ᠍ᠢ᠍ᠭᠤᠯᠵᠦ᠂ ᠪᠦᠬᠦ ᠰᠢᠶᠠᠨ᠎ᠤ ᠡᠯ᠎ᠠ ᠲᠠᠰ᠎ᠤᠨ ᠵᠠᠰᠠᠮᠠᠯ ᠵᠠᠮ᠎ᠤᠨ ᠤᠷᠳᠦ᠎ᠨᠢ 1700 ᠺᠢᠯᠦᠮᠧᠳ᠋ᠷ᠎ᠲᠤ ᠬᠦᠷᠴᠦ᠂ ᠲᠤᠳᠤᠭ᠋ᠠᠳᠦ ᠭᠠᠳᠠᠭ᠋ᠠᠳᠦ ᠵᠢ ᠬᠤᠯᠪᠤᠬᠰᠠᠨ ᠵᠠᠮ ᠬᠠᠷᠢᠯᠴᠠᠭ᠋ᠠᠨ᠎ᠤ ᠲᠤᠤᠷ᠎ᠢ ᠪᠦᠷᠢᠯᠳᠤᠬᠦᠯᠪᠠ᠃ 500 ᠺᠢᠯᠦᠸᠤᠯᠲ᠎ᠤᠨ ᠴᠠᠬᠢᠯᠭ᠋ᠠᠨ ᠬᠤᠪᠢᠰᠬᠠᠬᠤ ᠦᠷᠳᠡᠭᠡ ᠪᠠ ᠬᠤᠶᠠᠷ 110 ᠺᠢᠯᠦᠸᠤᠯᠲ᠎ᠤᠨ ᠴᠠᠬᠢᠯᠭ᠋ᠠᠨ ᠬᠤᠪᠢᠰᠬᠠᠬᠤ ᠦᠷᠳᠡᠭᠡ ᠵᠢ ᠪᠦᠳᠦᠭᠡᠨ ᠪᠠᠢ᠍ᠢ᠍ᠭᠤᠯᠵᠦ ᠠᠰᠢᠬᠯᠠᠯᠳᠠ᠎ᠳᠤ ᠤᠷᠤᠭᠤᠯᠤᠨ᠂ ᠮᠠᠨ᠎ᠤ ᠰᠢᠶᠠᠨ᠎ᠤ ᠠᠵᠦ ᠦᠢ᠍ᠯᠡᠳᠪᠤᠷᠢ ᠵᠢᠨ ᠠᠷᠠᠯᠵᠢᠶᠠᠴᠢᠨ ᠤᠷᠢᠬᠤ᠎ᠳᠤ ᠪᠠᠳᠦ ᠰᠠᠭᠤᠷᠢ ᠲᠠᠯᠪᠢᠪᠠ᠃ ᠣᠯᠣᠰᠣᠲᠤ ᠵᠢᠨ ᠨᠠᠭᠤᠷ᠂ ᠨᠠᠷᠠᠨ ᠨᠠᠭᠤᠷ᠎ᠨᠢ ᠤᠯᠤᠰ᠎ᠤᠨ ᠨᠤᠭᠤ ᠭᠠᠵᠠᠷ᠎ᠤᠨ ᠴᠡᠴᠡᠷᠯᠢᠭ ᠵᠶ᠋ᠠᠷ ᠰᠤᠩᠭᠤᠬᠳᠠᠨ᠂ ᠪᠦᠬᠦ ᠰᠢᠶᠠᠨ᠎ᠤ ᠨᠤᠭᠤ ᠭᠠᠵᠠᠷ᠎ᠤᠨ ᠰᠡᠷᠬᠦᠬᠡᠯᠳᠠ ᠪᠠ ᠬᠠᠮᠠᠭ᠋ᠠᠯᠠᠯᠳᠠ ᠵᠢᠨ ᠲᠠᠯᠠᠪᠠᠢ 58.7 ᠲᠦᠮᠡᠨ ᠮᠦ᠍᠎ᠳᠤ ᠬᠦᠷᠪᠠ᠃ ᠴᠡᠴᠡᠷᠯᠢᠭᠵᠢᠬᠦᠯᠦᠯᠳᠠ ᠨᠤᠭᠤᠭ᠋ᠠᠷᠠᠭᠤᠯᠤᠯᠳᠠ ᠵᠢᠨ ᠲᠠᠯᠠᠪᠠᠢ ᠵᠢ 410 ᠲᠦᠮᠡᠨ ᠲᠡᠭᠰᠢ ᠲᠦᠷᠪᠡᠯᠵᠢᠨ ᠮᠧᠲᠷ᠎ᠲᠤ ᠬᠦᠷᠬᠡᠨ᠂ ᠬᠦᠮᠦᠨ ᠪᠦᠷᠢ᠎ᠳᠤ ᠨᠤᠬᠳᠠᠬᠤ ᠨᠤᠭᠤᠭ᠋ᠠᠨ ᠭᠠᠵᠠᠷ᠎ᠤᠨ ᠲᠠᠯᠠᠪᠠᠢ᠎ᠨᠢ 19 ᠲᠡᠭᠰᠢ ᠲᠦᠷᠪᠡᠯᠵᠢᠨ ᠮᠧᠲᠷ᠎ᠲᠤ ᠬᠦᠷᠪᠠ᠃ ᠤᠷᠢᠳ ᠬᠤᠵᠢᠳ ᠤᠯᠤᠰ᠎ᠤᠨ ᠪᠠᠯᠠ ᠤᠷᠤᠭᠤᠯᠤᠯᠳᠠ ᠪᠠ ᠭᠠᠵᠠᠷ ᠤᠷᠤᠨ᠎ᠤ ᠢᠵᠢ ᠪᠦᠷᠢᠳᠦᠭᠰᠠᠨ ᠪᠠᠯᠠ ᠤᠷᠤᠭᠤᠯᠤᠯᠳᠠ ᠵᠢ 10 ᠳ᠋ᠦ᠍ᠢ᠍ᠩᠰᠢᠭᠤᠷ ᠲᠦᠭᠦᠷᠢᠭ ᠲᠠᠮᠠᠴᠡᠨ ᠤᠯᠵᠦ᠂ 《ᠲᠠᠪᠤᠨ ᠱᠤᠭᠤᠮ ᠠᠷᠪᠠᠨ ᠴᠡᠭ》 ᠵᠶ᠋ᠠᠷ ᠭᠤᠤᠯᠳᠠᠯᠭ᠎ᠠ ᠪᠤᠯᠭ᠋ᠠᠬᠤ ᠲᠤᠭᠤᠷᠢᠨ᠎ᠳᠤ᠂ ᠤᠢ ᠰᠢᠭᠤᠢ ᠵᠢᠨ ᠠᠮᠢ ᠠᠬᠤᠢ ᠵᠢᠨ ᠪᠦᠳᠦᠭᠡᠨ ᠪᠠᠢ᠍ᠢ᠍ᠭᠤᠯᠤᠯᠳᠠ ᠵᠢ 85.5 ᠲᠦᠮᠡᠨ ᠮᠦ᠍ ᠪᠠᠶᠠᠯᠡᠬᠦᠯᠵᠦ᠂ ᠪᠦᠬᠦ ᠰᠢᠶᠠᠨ᠎ᠤ ᠤᠢ ᠰᠢᠭᠤᠢ ᠵᠢᠨ ᠪᠦᠷᠬᠦᠴᠠ ᠵᠢᠨ ᠨᠤᠷᠮ᠎ᠠ᠂ ᠤᠢ ᠪᠠᠯᠴᠢᠭᠡᠷ᠎ᠤᠨ ᠪᠦᠷᠬᠦᠴᠠ ᠵᠢᠨ ᠨᠤᠷᠮ᠎ᠠ᠎ᠨᠢ ᠲᠤᠰ ᠪᠦᠷᠢ 2012 ᠤᠨ᠎ᠤ 19.2% ᠪᠠ 27% ᠎ᠠᠴᠠ ᠲᠡᠭᠡᠭᠰᠢᠯᠡᠭᠡᠳ 20.6% ᠪᠠ 37% ᠪᠤᠯᠪᠠ᠂ ᠪᠦᠬᠦ ᠵᠢᠯ᠎ᠤᠨ ᠡᠳᠡᠬᠡᠳ ᠠᠭᠤᠷ ᠠᠮᠢᠰᠬᠤᠯ᠎ᠲᠠᠢ ᠡᠳᠤᠷ ᠮᠡᠳᠡᠭᠳᠠᠮ᠎ᠠ ᠴᠦᠭᠡᠷᠡᠵᠦ᠂ ᠠᠮᠢ ᠠᠬᠤᠢ ᠵᠢᠨ ᠤᠷᠴᠢᠨ ᠲᠤᠭᠤᠷᠢᠨ ᠪᠦᠬᠦ ᠲᠠᠯ᠎ᠠ᠎ᠪᠠᠷ ᠰᠠᠢ᠍ᠢ᠍ᠵᠢᠷᠠᠪᠠ᠃
     — — ᠲᠠᠪᠤᠨ ᠵᠢᠯ᠎ᠤᠨ ᠲᠤᠷᠰᠢ᠂ ᠠᠷᠠᠳ ᠤᠯᠠᠨ᠎ᠤ ᠰᠢᠨ᠎ᠠ ᠪᠠᠷᠠᠯᠠᠯ᠎ᠳᠤ ᠴᠢᠭᠯᠡᠭᠦᠯᠦᠨ᠂ ᠪᠢᠳᠠ ᠠᠷᠠᠳ᠎ᠤᠨ ᠠᠮᠢᠳᠤᠷᠠᠯ᠎ᠢ ᠲᠡᠷᠢᠬᠦᠨ᠎ᠳᠤ ᠲᠠᠯᠪᠢᠨ᠂ ᠬᠠᠮᠲᠤ᠎ᠪᠠᠷ ᠪᠠᠢ᠍ᠢ᠍ᠭᠤᠯᠵᠦ ᠬᠠᠮᠲᠤ᠎ᠪᠠᠷ ᠡᠳ᠋ᠯᠡᠬᠦ ᠵᠢ ᠪᠠᠷᠢᠮᠳᠠᠯᠠᠵᠦ᠂ ᠵᠤᠯ ᠵᠢᠷᠭ᠋ᠠᠯ᠎ᠤᠨ ᠵᠢᠭ᠋ᠠᠯᠳᠠ ᠲᠤᠭ᠎ᠠ ᠮᠡᠳᠡᠭᠳᠠᠮ᠎ᠠ ᠲᠠᠭᠡᠭᠰᠢᠯᠡᠪᠠ᠃ ᠰᠢᠶᠠᠨ᠎ᠤ ᠡᠳ᠋᠎ᠤᠨ ᠵᠠᠰᠠᠭ᠎ᠤᠨ ᠠᠷᠠᠳ᠎ᠤᠨ ᠠᠮᠢᠳᠤᠷᠠᠯ᠎ᠳᠠᠬᠢ ᠪᠠᠯᠠ ᠤᠷᠤᠭᠤᠯᠤᠯᠳᠠ ᠵᠢᠨ ᠬᠠᠷᠢᠴᠠᠯ 70% ᠎ᠠᠴᠠ ᠲᠠᠭᠡᠭᠰᠢᠬᠢ ᠵᠢ ᠡᠵᠡᠯᠡᠵᠦ᠂ ᠲᠠᠪᠤᠨ ᠵᠢᠯ᠎ᠳᠤ ᠨᠠᠢ᠍ᠢ᠍ᠳᠠ 51.2 ᠳ᠋ᠦ᠍ᠢ᠍ᠩᠰᠢᠭᠤᠷ ᠲᠦᠭᠦᠷᠢᠭ ᠵᠠᠷᠦᠴᠠᠭᠤᠯᠪᠠ᠃ ᠬᠤᠳᠠ ᠬᠦᠳᠡᠭᠡ ᠵᠢᠨ ᠰᠠᠭᠤᠭ᠋ᠠᠯᠢ ᠠᠷᠠᠳ᠎ᠤᠨ ᠤᠷᠤᠯᠭ᠎ᠠ 27931 ᠲᠦᠭᠦᠷᠢᠭ ᠪᠠ 16039 ᠲᠦᠭᠦᠷᠢᠭ᠎ᠲᠤ ᠬᠦᠷᠴᠦ᠂ 2012 ᠤᠨ᠎ᠤ᠎ᠬᠢ᠎ᠠᠴᠠ 57.7% ᠪᠠ 52.2% ᠵᠶ᠋ᠠᠷ ᠨᠡᠮᠡᠭᠳᠡᠪᠠ᠃ ᠶᠠᠳᠠᠭᠤ᠎ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠰᠢᠳᠪᠤᠷᠢᠯᠡᠭᠦ ᠴᠢᠨᠠᠷᠳᠠᠢ ᠠᠬᠢᠯᠳᠠ᠎ᠲᠠᠢ ᠪᠤᠯᠵᠦ᠂ ᠶᠠᠳᠠᠭᠤ ᠬᠦᠴᠢᠷᠳᠠᠯᠳᠠᠢ ᠪᠤᠯᠬᠤ ᠨᠤᠷᠮ᠎ᠠ᠎ᠨᠢ 2012 ᠤᠨ᠎ᠤ 15.6% ᠎ᠠᠴᠠ 0.49% ᠪᠤᠯᠳᠠᠯ᠎ᠠ ᠪᠠᠭᠤᠷᠠᠨ᠂ ᠶᠠᠳᠠᠭᠤ᠎ᠠᠴᠠ ᠠᠩᠬᠢᠵᠢᠷᠠᠭᠤᠯᠬᠤ ᠠᠵᠢᠯ᠎ᠨᠢ ᠦᠷᠬᠦᠯᠵᠢᠯᠡᠨ ᠲᠦᠷᠪᠠᠨ ᠵᠢᠯ ᠪᠦᠬᠦ ᠬᠤᠳᠠ ᠵᠢᠨ ᠡᠮᠦᠨ᠎ᠠ ᠡᠩᠨᠡᠬᠡᠨ᠎ᠳᠤ ᠤᠷᠤᠪᠠ᠃ ᠬᠤᠳᠠ ᠬᠦᠳᠡᠭᠡ ᠵᠢᠨ ᠤᠯᠠᠨ ᠨᠠᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮ ᠨᠠᠩ ᠪᠦᠷᠢᠨᠰᠢᠵᠦ᠂ ᠰᠢᠶᠠᠨ᠎ᠤ ᠡᠮᠨᠡᠯᠭᠡ ᠵᠢᠨ ᠬᠤᠷᠢᠶ᠎ᠠ᠎ᠨᠢ ᠬᠤᠶᠠᠳᠤᠭ᠋ᠠᠷ ᠲᠠᠰ᠎ᠤᠨ ᠬᠦᠭᠡ ᠲᠠᠰ᠎ᠤᠨ ᠡᠮᠨᠡᠯᠭᠡ ᠵᠢᠨ ᠬᠤᠷᠢᠶ ᠎ᠠ ᠪᠤᠯᠵᠦ ᠲᠠᠰ ᠲᠠᠪᠰᠢᠪᠠ᠃ ᠪᠦᠬᠦ ᠤᠷᠤᠨ᠎ᠤ ᠭᠤᠷᠪᠠᠳᠤᠭ᠋ᠠᠷ ᠨᠠᠷᠠᠰ᠎ᠤᠨ ᠬᠢᠷᠢ ᠪᠦᠳᠦᠮᠵᠢ᠎ᠪᠠᠷ ᠤᠯᠤᠰ᠎ᠤᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠲᠠᠩᠴᠡᠬᠦᠷᠢᠳᠠᠢ ᠬᠦᠭᠵᠢᠯᠳᠠ ᠵᠢᠨ ᠰᠢᠯᠭ᠋ᠠᠨ ᠦᠨᠡᠯᠡᠯᠳᠠ ᠵᠢ ᠦᠩᠭᠡᠷᠡᠬᠡᠨ᠂ ᠪᠦᠬᠦ ᠤᠯᠤᠰ᠎ᠤᠨ ᠪᠠᠭᠤᠷᠠᠢ ᠰᠤᠷᠭ᠋ᠠᠭᠤᠯᠢ᠎ᠪᠠᠨ ᠦᠭᠡᠷᠡᠴᠢᠯᠡᠭᠰᠠᠨ ᠲᠡᠷᠢᠬᠦᠨ᠎ᠤ ᠬᠤᠰᠢᠭᠤ ᠰᠢᠶᠠᠨ ᠪᠤᠯᠪᠠ᠃ ᠬᠦᠳᠡᠯᠮᠤᠷᠢ ᠠᠵᠢᠯ ᠤᠯᠭᠤᠯᠳᠠ᠎ᠨᠢ 《ᠲᠡᠭ ᠠᠵᠢᠯ ᠤᠯᠭᠤᠯᠳᠠ》 ᠵᠢᠨ ᠬᠡᠷ ᠪᠦᠯᠢ ᠵᠢᠨ ᠲᠡᠭ᠎ᠢ ᠦᠭᠡᠢ᠍ᠢ᠍ᠰᠬᠡᠪᠠ᠃ ᠨᠠᠢ᠍ᠢ᠍ᠬᠡᠮ᠎ᠤᠨ ᠪᠠᠳᠤᠯᠠᠪᠤᠷᠢ ᠵᠢᠨ ᠪᠠᠷᠢᠮᠵᠢᠶ᠎ᠠ ᠶᠡᠭᠡᠪᠠᠷ ᠲᠡᠭᠡᠭᠰᠢᠯᠡᠭᠦᠯᠦᠨ᠂ ᠨᠠᠰᠤᠵᠢᠯ᠎ᠤᠨ ᠲᠠᠭ᠋ᠠᠳᠬᠠᠯ᠂ ᠡᠮ ᠡᠮᠨᠡᠯᠭᠡ ᠵᠢᠨ ᠲᠠᠭ᠋ᠠᠳᠬᠠᠯ᠎ᠨᠢ ᠲᠦᠷᠢᠮ᠎ᠤᠨ ᠲᠠᠯ᠎ᠠ᠎ᠪᠠᠷ ᠪᠦᠬᠦᠨ᠎ᠢ ᠪᠦᠷᠬᠦᠬᠦ ᠵᠢ ᠪᠠᠶᠠᠯᠡᠭᠦᠯᠦᠨ᠂ ᠪᠠᠳᠤᠯᠠᠭ᠎ᠠ ᠵᠢᠨ ᠴᠢᠨᠠᠷᠳᠠᠢ ᠤᠷᠤᠨ ᠰᠠᠭᠤᠴᠠ᠎ᠨᠢ 2320 ᠬᠦᠴᠢᠷᠳᠡᠯᠳᠠᠢ ᠤᠯᠠᠨ ᠲᠦᠮᠡᠨ᠎ᠳᠤ ᠬᠠᠷᠠᠭ᠋ᠠᠯᠵᠠᠯ ᠦᠵᠡᠬᠦᠯᠪᠠ᠃ 6000 ᠰᠢᠬᠠᠮ ᠲᠦᠮᠡᠨ ᠲᠦᠭᠦᠷᠢᠭ᠎ᠤᠨ ᠪᠠᠯᠠ ᠤᠷᠤᠭᠤᠯᠤᠨ᠂ ᠶᠡᠷᠦᠨᠭᠡᠢ᠍ᠢ᠍ᠯᠡᠭᠰᠡᠨ ᠨᠠᠰᠤᠳᠠᠳ᠎ᠤᠨ ᠠᠰᠠᠷᠠᠮᠵᠢ ᠵᠢᠨ ᠬᠦᠷᠢᠶᠠᠯᠠᠩ᠂ ᠵᠤᠯ ᠵᠢᠷᠭ᠋ᠠᠯᠳᠦ ᠬᠠᠷᠢᠯᠴᠠᠨ ᠬᠠᠪᠰᠤᠷᠤᠯᠴᠠᠬᠤ ᠬᠦᠷᠢᠶᠠᠯᠠᠩ᠂ ᠨᠠᠰᠤᠳᠠᠢ᠍ᠢ᠍ᠴᠤᠳ᠎ᠤᠨ ᠶᠡᠭᠡ ᠰᠤᠷᠭ᠋ᠠᠭᠤᠯᠢ᠂ ᠵᠠᠮᠳᠡᠭᠴᠤᠳ᠎ᠤᠨ ᠡᠷᠡᠬᠦᠯᠵᠢᠬᠦᠯᠬᠦ ᠲᠦᠪ ᠪᠠ 6 ᠨᠡᠢ᠍ᠢ᠍ᠬᠡᠮ ᠲᠤᠭᠤᠷᠢᠭ᠎ᠤᠨ ᠬᠦᠳᠡᠯᠭᠡᠭᠡᠨ᠎ᠤ ᠲᠦᠪ ᠪᠠᠢ᠍ᠢ᠍ᠭᠤᠯᠵᠠᠢ᠃ 5100 ᠲᠦᠮᠡᠨ ᠲᠦᠭᠦᠷᠢᠭ᠎ᠤᠨ ᠪᠠᠯᠠ ᠤᠷᠤᠭᠤᠯᠵᠦ᠂ ᠠᠮᠦᠷ ᠲᠦᠪᠰᠢᠨ᠎ᠢ ᠡᠬᠦᠳᠤᠨ ᠪᠠᠢ᠍ᠢ᠍ᠭᠤᠯᠬᠤ ᠢᠨᠵᠧᠨᠧᠷᠢᠩ᠎ᠢ ᠬᠡᠷᠡᠭᠵᠢᠬᠦᠯᠪᠠ᠃ ᠵᠠᠬᠢᠳᠠᠯ ᠰᠤᠷᠪᠤᠯᠵᠢᠯᠠᠭ᠎ᠠ ᠵᠢᠨ ᠠᠵᠢᠯ ᠦᠷᠬᠦᠯᠵᠢᠯᠠᠨ ᠲᠦᠷᠪᠠᠨ ᠵᠢᠯ ᠪᠦᠬᠦ ᠬᠤᠳᠠ ᠵᠢᠨ ᠡᠮᠦᠨ᠎ᠠ ᠡᠩᠨᠡᠬᠡᠨ᠎ᠳᠤ ᠤᠷᠤᠵᠦ᠂ ᠠᠶᠤᠯᠬᠦᠢ ᠦᠢ᠍ᠯᠡᠳᠪᠤᠷᠢᠯᠡᠯ᠂ ᠢᠳᠡᠬᠡᠨ ᠪᠠ ᠡᠮ᠎ᠤᠨ ᠵᠦᠢ᠍ᠯ᠂ ᠨᠡᠢ᠍ᠢ᠍ᠬᠡᠮ᠎ᠤᠨ ᠠᠮᠤᠷ ᠲᠦᠪᠰᠢᠨ᠎ᠢ ᠬᠢᠨᠠᠨ ᠬᠠᠮᠢᠶᠠᠷᠬᠤ ᠬᠦᠴᠦᠨ ᠲᠠᠬᠦᠯᠳᠠᠷ ᠪᠠᠢ᠍ᠢ᠍ᠵᠦ᠂ ᠤᠯᠠᠨ ᠲᠦᠮᠡᠨ᠎ᠤ ᠠᠮᠤᠷ ᠲᠦᠪᠰᠢᠨ᠎ᠤ ᠲᠦᠷᠦᠭᠳᠠᠯ ᠪᠠ ᠬᠠᠨᠤᠮᠵᠢ ᠵᠢᠨ ᠬᠡᠮᠵᠢᠶ᠎ᠠ ᠶᠡᠭᠡᠪᠠᠷ ᠲᠠᠭᠡᠭᠰᠢᠯᠡᠪᠠ᠃
      — — ᠲᠠᠪᠤᠨ ᠵᠢᠯ᠎ᠤᠨ ᠲᠤᠷᠰᠢ᠂ ᠦᠭᠡᠷᠡᠴᠢᠯᠠᠯᠳᠠ ᠵᠢ ᠬᠦᠨᠵᠡᠭᠡᠢ᠍ᠢ᠍ᠷᠡᠭᠦᠯᠭᠦ ᠴᠠᠭ ᠦᠶ᠎ᠠ ᠵᠢᠨ ᠱᠠᠭ᠋ᠠᠷᠳᠠᠯᠭ᠎ᠠ᠎ᠳᠤ ᠴᠢᠭᠯᠡᠭᠦᠯᠦᠨ᠂ ᠪᠢᠳᠠ ᠢᠳᠡᠪᠬᠢᠳᠠᠢ ᠲᠤᠬᠳᠠᠭᠤᠨ᠂ ᠭᠤᠤᠯᠳᠠᠯᠭ᠎ᠠ ᠵᠢ ᠰᠢᠪᠳᠤᠯᠬᠤ ᠬᠦᠴᠦᠨ ᠪᠦᠬᠦᠢ ᠠᠷᠭ᠎ᠠ ᠬᠡᠮᠵᠢᠶ᠎ᠠ ᠠᠪᠴᠠᠢ᠃ 560 ᠲᠦᠷᠦᠯ᠎ᠤᠨ ᠦᠭᠡᠷᠡᠴᠢᠯᠠᠯᠳᠠ ᠵᠢ ᠬᠦᠨᠵᠡᠭᠡᠢ᠍ᠢ᠍ᠷᠡᠭᠦᠯᠭᠦ ᠡᠬᠦᠷᠭᠡ ᠵᠢ ᠬᠡᠷᠡᠭᠵᠢᠬᠦᠯᠦᠨ᠂ 701 ᠲᠦᠷᠦᠯ᠎ᠤᠨ ᠦᠭᠡᠷᠡᠴᠢᠯᠠᠯᠳᠠ ᠵᠢᠨ ᠦᠷ᠎ᠠ ᠪᠦᠳᠦᠭᠡᠯ ᠤᠯᠪᠠ᠃ ᠵᠠᠰᠠᠭ᠎ᠢ ᠴᠤᠮᠬᠠᠳᠬᠠᠨ ᠡᠷᠬᠡ ᠵᠢ ᠴᠢᠯᠦᠭᠡᠳᠠᠢ ᠪᠤᠯᠭ᠋ᠠᠬᠤ ᠬᠦᠴᠦᠯᠠᠴᠠ᠎ᠪᠠᠨ ᠴᠢᠩᠭ᠋ᠠᠳᠬᠠᠨ᠂ ᠰᠢᠨ᠎ᠠ ᠨᠢᠬᠡᠨ ᠡᠬᠡᠯᠵᠢ ᠵᠢᠨ ᠵᠠᠰᠠᠭ᠎ᠤᠨ ᠤᠷᠳᠤᠨ᠎ᠤ ᠪᠠᠢ᠍ᠢ᠍ᠭᠤᠯᠤᠮᠵᠢ ᠵᠢᠨ ᠦᠭᠡᠷᠡᠴᠢᠯᠠᠯᠳᠠ ᠵᠢ ᠪᠦᠬᠦ ᠲᠠᠯ᠎ᠠ᠎ᠪᠠᠷ ᠪᠠᠶᠠᠯᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠂ ᠤᠯᠠᠨ ᠨᠠᠢ᠍ᠢ᠍ᠳᠠ ᠵᠢᠨ ᠡᠬᠢ ᠪᠠᠶᠠᠯᠢᠭ᠎ᠤᠨ ᠰᠤᠯᠢᠯᠴᠠᠭ᠋ᠠᠨ᠎ᠤ ᠲᠦᠪ᠂ ᠲᠤᠭᠳᠠᠮᠠᠯ ᠬᠦᠷᠦᠩᠭᠡ ᠵᠢ ᠲᠠᠩᠰᠠᠯᠠᠬᠤ ᠲᠦᠪ ᠦᠨᠳᠤᠷ ᠦᠷ᠎ᠠ ᠠᠰᠢᠬᠳᠠᠢ ᠠᠵᠢᠯᠯᠠᠵᠦ ᠪᠤᠢ᠃ ᠬᠤᠳᠠ ᠬᠦᠳᠡᠭᠡ ᠵᠢᠨ ᠶᠠᠷᠦᠩᠭᠡᠢ᠍ᠢ᠍ᠯᠡᠭᠰᠡᠨ ᠬᠠᠤᠯᠢ ᠬᠡᠷᠡᠭᠵᠢᠬᠦᠯᠬᠦ ᠪᠠᠢ᠍ᠢ᠍ᠭᠤᠯᠤᠮᠵᠢ ᠵᠢ 13 ᠨᠢᠬᠡᠳᠤᠬᠦᠯᠦᠨ ᠪᠠᠢ᠍ᠢ᠍ᠭᠤᠯᠵᠦ᠂ ᠨᠢᠬᠡᠳᠤᠯᠳᠠᠢ ᠦᠨᠳᠤᠷ ᠦᠷ᠎ᠠ ᠠᠰᠢᠬᠳᠦ ᠵᠠᠬ᠎ᠠ ᠲᠠᠯᠭᠡᠭᠦᠷ᠎ᠤᠨ ᠬᠢᠨᠨᠠ ᠬᠠᠮᠢᠶᠠᠷᠬᠤ ᠪᠠ ᠶᠡᠷᠦᠩᠭᠡᠢ᠍ᠢ᠍ᠯᠡᠭᠰᠡᠨ ᠬᠠᠤᠯᠢ ᠬᠡᠷᠡᠭᠵᠢᠬᠦᠯᠬᠦ ᠲᠤᠭᠳᠠᠯᠴᠠᠭ᠎ᠠ ᠵᠢ ᠪᠦᠷᠢᠳᠤᠬᠦᠯᠪᠠ᠃ ᠪᠦᠬᠦ ᠬᠤᠳᠠ᠎ᠳᠤ ᠲᠦᠷᠦᠬᠦᠯᠠᠨ ᠦᠢ᠍ᠯᠡᠳᠪᠤᠷᠢ ᠬᠤᠳᠠᠯᠳᠤᠭ᠋ᠠᠨ᠎ᠤ ᠲᠠᠩᠰᠠᠯᠠᠯᠳᠠ ᠬᠢᠬᠦ 《ᠤᠯᠠᠨ ᠬᠡᠷᠡᠴᠢ ᠵᠢ ᠨᠢᠬᠡᠳᠤᠬᠦᠯᠬᠦ》 ᠵᠢ ᠬᠡᠷᠡᠭᠵᠢᠬᠦᠯᠪᠠ᠃ ᠬᠦᠳᠡᠭᠡ ᠲᠤᠰᠬᠤᠨ ᠮᠠᠯᠵᠢᠬᠤ ᠤᠷᠤᠨ᠎ᠤ ᠶᠡᠷᠦᠩᠭᠡᠢ᠍ᠢ᠍ᠯᠡᠭᠰᠡᠨ ᠦᠭᠡᠷᠡᠴᠢᠯᠠᠯᠳᠠ ᠲᠦᠷᠬᠡᠳᠪᠠ᠃ ᠠᠳᠠᠷ ᠬᠠᠭ᠋ᠠᠯᠪᠤᠷᠢᠯᠠᠯᠳᠠ ᠵᠢᠨ ᠰᠢᠰᠲ᠋ᠧᠮ᠎ᠤᠨ ᠪᠠᠢ᠍ᠢ᠍ᠭᠤᠯᠤᠮᠵᠢ ᠵᠢᠨ ᠦᠭᠡᠷᠡᠴᠢᠯᠠᠯᠳᠠ ᠪᠦᠬᠦ ᠬᠤᠳᠠ ᠵᠢᠨ ᠡᠮᠦᠨ᠎ᠠ ᠡᠩᠨᠡᠬᠡᠨ᠎ᠳᠤ ᠤᠷᠤᠵᠦ᠂ ᠲᠠᠷᠢᠶᠠᠯᠠᠩ᠎ᠤᠨ ᠲᠠᠯᠠᠪᠠᠢ ᠪᠠ ᠰᠤᠮᠤ ᠪᠠᠯᠭ᠋ᠠᠰᠦ ᠵᠢᠨ ᠬᠦᠭᠵᠢᠯᠳᠠ ᠵᠢᠨ ᠵᠦᠷᠢᠶ᠎ᠠ ᠢᠯᠡᠳᠳᠠ ᠪᠠᠭ᠋ᠠᠰᠴᠦ ᠪᠤᠢ᠃ ᠲᠠᠷᠢᠶᠠᠯᠠᠬᠤ ᠮᠠᠯᠵᠢᠬᠤ ᠤᠷᠤᠨ᠎ᠤ ᠭᠠᠵᠠᠷ ᠰᠢᠷᠦᠢ ᠨᠤᠳᠤᠭ ᠪᠠᠯᠴᠢᠭᠡᠷ᠎ᠤᠨ ᠡᠷᠬᠡ ᠵᠢ ᠲᠤᠳᠤᠳᠬᠠᠨ ᠲᠠᠩᠰᠠᠯᠠᠵᠦ ᠦᠨᠡᠮᠯᠡᠯ ᠲᠠᠷᠬᠠᠭ᠋ᠠᠬᠤ ᠠᠵᠢᠯ ᠤᠷᠤᠬᠰᠢᠳᠠᠢ ᠠᠬᠢᠪᠠ᠃ ᠪᠠᠭ᠎ᠠ ᠬᠡᠯᠪᠠᠷᠢ ᠵᠢᠨ ᠲᠠᠷᠢᠶᠠᠯᠠᠩ᠎ᠤᠨ ᠤᠰᠤᠨ ᠠᠰᠢᠬᠯᠠᠯᠳᠠ ᠵᠢᠨ ᠬᠠᠮᠢᠶᠠᠷᠤᠯᠳᠠ ᠵᠢᠨ ᠰᠢᠰᠲ᠋ᠧᠮ᠎ᠤᠨ ᠦᠭᠡᠷᠡᠴᠢᠯᠠᠯᠳᠠ ᠵᠢ ᠪᠦᠬᠦ ᠲᠠᠯ᠎ᠠ᠎ᠪᠠᠷ ᠪᠠᠶᠠᠯᠡᠭᠦᠯᠦᠨ᠂ 《ᠭᠤᠤᠯ᠎ᠤᠨ ᠲᠠᠷᠤᠭ᠎ᠠ ᠵᠢᠨ ᠲᠦᠷᠢᠮ》 ᠤᠷᠤᠬᠰᠢᠳᠠᠢ ᠠᠬᠢᠪᠠ᠃ ᠰᠤᠷᠭ᠋ᠠᠨ ᠬᠦᠮᠦᠵᠢᠯ ᠡᠷᠡᠬᠦᠯ ᠬᠠᠮᠠᠭ᠋ᠠᠯᠠᠯ᠎ᠤᠨ ᠦᠢ᠍ᠯᠡᠰ᠎ᠤᠨ ᠦᠭᠡᠷᠡᠴᠢᠯᠠᠯᠳᠠ ᠯᠠᠪᠳᠠᠭᠤᠨ ᠪᠠᠳᠤᠳᠠᠢ ᠶᠠᠪᠤᠬᠳᠠᠨ᠂ ᠪᠦᠬᠦ ᠬᠤᠳᠠ᠎ᠳᠤ ᠲᠦᠷᠦᠬᠦᠯᠡᠨ ᠰᠤᠷᠭ᠋ᠠᠭᠤᠯᠢ ᠵᠢᠨ ᠵᠠᠬᠢᠷᠤᠯ᠂ ᠡᠮᠨᠡᠯᠭᠡ ᠵᠢᠨ ᠬᠤᠷᠢᠶᠠᠨ᠎ᠤ ᠲᠠᠷᠤᠭ᠎ᠠ ᠵᠢ ᠵᠠᠰᠠᠭ ᠵᠠᠬᠢᠷᠭ᠋ᠠᠨ᠎ᠤ ᠬᠠᠮᠢᠶᠠᠷᠤᠯᠳᠠ᠎ᠳᠤ ᠤᠷᠤᠭᠤᠯᠤᠨ ᠤᠷᠢᠵᠦ ᠬᠡᠷᠡᠭᠯᠡᠭᠦ ᠵᠢ ᠬᠡᠷᠡᠭᠵᠢᠬᠦᠯᠪᠠ᠃ ᠡᠳ᠋᠎ᠤᠨ ᠵᠠᠰᠠᠭ᠎ᠤᠨ ᠪᠠᠢ᠍ᠢ᠍ᠭᠤᠯᠤᠮᠵᠢ ᠵᠢᠨ ᠦᠭᠡᠷᠡᠴᠢᠯᠠᠯᠳᠠ ᠰᠢᠨ᠎ᠠ ᠠᠯᠬᠤᠴᠠ᠎ᠲᠠᠢ ᠪᠤᠯᠵᠦ᠂ ᠰᠠᠯᠠᠭ᠎ᠠ ᠮᠦᠴᠢᠷ᠎ᠤᠨ ᠲᠦᠰᠦᠪ᠎ᠢ ᠢᠯᠠ ᠪᠤᠯᠭ᠋ᠠᠨ᠂ ᠵᠠᠰᠠᠭ᠎ᠤᠨ ᠤᠷᠳᠤᠨ᠎ᠤ ᠬᠤᠳᠠᠯᠳᠤᠨ ᠠᠪᠬᠤ᠂ ᠤᠯᠤᠰ᠎ᠤᠨ ᠬᠦᠮᠦᠷᠭᠡ᠎ᠠᠴᠠ ᠲᠦᠪᠯᠡᠷᠡᠭᠦᠯᠦᠨ ᠦᠭᠬᠦ ᠵᠢ ᠪᠦᠬᠦᠨ᠎ᠢ ᠪᠦᠷᠬᠦᠬᠦᠯᠵᠦ᠂ 《ᠡᠵᠡᠩᠨᠠᠯᠳᠠ ᠵᠢᠨ ᠭᠠᠢ᠍ᠢ᠍ᠯᠢ ᠵᠢ ᠨᠡᠮᠠᠯᠳᠠ ᠭᠠᠢ᠍ᠢ᠍ᠯᠢ ᠪᠤᠯᠭ᠋ᠠᠨ ᠦᠭᠡᠷᠡᠴᠢᠯᠡᠭᠦ》 ᠵᠢ ᠪᠠᠶᠠᠯᠡᠭᠦᠯᠦᠨ ᠠᠵᠦ ᠠᠬᠤᠢ᠍ᠢ᠍ᠯᠠᠯ᠎ᠳᠤ 2744 ᠲᠦᠮᠡᠨ ᠲᠦᠭᠦᠷᠢᠭ᠎ᠤᠨ ᠭᠠᠢ᠍ᠢ᠍ᠯᠢ ᠵᠢ ᠠᠷᠪᠢᠯᠠᠨ ᠦᠭᠴᠦ᠂ ᠬᠦᠳᠡᠭᠡ ᠲᠤᠰᠬᠤᠨ᠎ᠤ ᠢᠳᠡᠬᠡᠮᠵᠢ ᠵᠢᠨ ᠬᠤᠷᠰᠢᠶ᠎ᠠ ᠵᠢᠨ ᠪᠠᠢ᠍ᠢ᠍ᠭᠤᠯᠤᠮᠵᠢ ᠵᠢᠨ ᠦᠭᠡᠷᠡᠴᠢᠯᠠᠯᠳᠠ ᠪᠤᠳᠠᠳᠦ ᠴᠢᠨᠠᠷ᠎ᠤᠨ ᠠᠬᠢᠯᠳᠠ᠎ᠲᠠᠢ ᠪᠤᠯᠪᠠ᠃
     — — ᠲᠠᠪᠤᠨ ᠵᠢᠯ᠎ᠤᠨ ᠲᠤᠷᠰᠢ᠂ ᠲᠤᠰ ᠪᠠᠶ᠎ᠠ ᠵᠢᠨ ᠪᠠᠢ᠍ᠢ᠍ᠭᠤᠯᠤᠯᠳᠠ᠎ᠪᠠᠨ ᠴᠢᠨᠭ᠌ᠭ᠋ᠠᠳᠬᠠᠬᠤ ᠴᠢᠬᠤᠯᠠ ᠡᠬᠦᠷᠭᠡ ᠬᠠᠷᠢᠭᠤᠴᠠᠯᠭ᠎ᠠ᠎ᠳᠤ ᠴᠢᠭᠯᠡᠬᠦᠯᠦᠨ᠂ ᠪᠢᠳᠠ ᠬᠠᠤᠯᠢ ᠶᠤᠰᠤᠭ᠋ᠠᠷ ᠵᠠᠰᠠᠭ ᠶᠠᠪᠤᠭᠤᠯᠵᠦ᠂ ᠲᠦᠪ ᠴᠢᠩᠭ᠎ᠠ᠎ᠪᠠᠷ ᠵᠠᠰᠠᠭ ᠪᠠᠷᠢᠬᠤ ᠵᠢ ᠪᠠᠷᠢᠮᠳᠠᠯᠠᠨ᠂ ᠬᠠᠤᠯᠢᠵᠢᠬᠰᠠᠨ ᠵᠠᠰᠠᠭ᠎ᠤᠨ ᠪᠠᠢ᠍ᠢ᠍ᠭᠤᠯᠤᠯᠳᠠ ᠪᠦᠬᠦ ᠲᠠᠯ᠎ᠠ᠎ᠪᠠᠷ ᠴᠢᠩᠭ᠋ᠠᠷᠠᠪᠠ᠃ ᠵᠠᠰᠠᠭ᠎ᠤᠨ ᠤᠷᠳᠤᠨ᠎ᠤ ᠨᠠᠮ᠎ᠤᠨ ᠤᠳᠤᠷᠢᠳᠬᠤ ᠲᠤᠭᠤᠢ᠍ᠢ᠍ᠯᠠᠩ᠎ᠨᠢ ᠨᠠᠮ᠎ᠤᠨ ᠤᠯᠠᠨ ᠲᠦᠮᠡᠨᠴᠢ ᠱᠤᠭᠤᠮ᠎ᠤᠨ ᠬᠦᠮᠦᠵᠢᠯ ᠦᠢ᠍ᠯᠡᠳᠤᠯᠭᠡ ᠵᠢᠨ ᠠᠵᠢᠯᠯᠠᠭ᠎ᠠ᠂ 《ᠭᠤᠷᠪᠠᠨ ᠪᠤᠳᠠᠳᠠᠢ ᠭᠤᠷᠪᠠᠨ ᠴᠢᠩᠭ᠎ᠠ》 ᠲᠤᠰᠬᠠᠢ ᠰᠡᠳᠤᠪᠳᠦ ᠬᠦᠮᠦᠵᠢᠯ᠂ 《ᠬᠤᠶᠠᠷ᠎ᠢ ᠰᠤᠷᠤᠯᠴᠠᠵᠦ ᠬᠢᠷᠢ ᠲᠠᠩᠴᠡᠭᠰᠡᠨ ᠨᠠᠮ᠎ᠤᠨ ᠬᠡᠰᠢᠬᠦᠨ ᠪᠤᠯᠬᠤ》 ᠰᠤᠷᠤᠯᠴᠠᠯᠭ᠎ᠠ ᠬᠦᠮᠦᠵᠢᠯ᠎ᠤᠨ ᠠᠵᠢᠯᠯᠠᠭ᠎ᠠ ᠵᠢ ᠬᠦᠨᠵᠡᠭᠡᠢ ᠦᠷᠨᠢᠬᠦᠯᠵᠦ᠂ ᠺᠠᠳ᠋ᠷ ᠤᠯᠠᠨ ᠲᠦᠮᠡᠨ᠎ᠤ ᠬᠠᠷᠢᠴᠠᠭ᠎ᠠ ᠤᠯᠠᠮ ᠰᠠᠢ᠍ᠢ᠍ᠵᠢᠷᠠᠪᠠ᠃ ᠰᠢᠶᠠᠨ᠎ᠤ ᠨᠠᠮ᠎ᠤᠨ ᠬᠤᠷᠢᠶ᠎ᠠ ᠵᠢᠨ ᠡᠯ᠎ᠠ ᠵᠦᠢ᠍ᠯ᠎ᠤᠨ ᠰᠢᠢ᠍ᠳᠪᠤᠷᠢ ᠵᠢ ᠡᠷᠡᠰ ᠬᠡᠷᠡᠭᠵᠢᠬᠦᠯᠵᠦ᠂ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠩᠭᠤ ᠵᠢᠨ ᠬᠤᠷᠢᠶᠠᠨ᠎ᠤ ᠬᠢᠨᠠᠨᠯᠳᠠ ᠪᠠ ᠤᠯᠤᠰ ᠲᠦᠷᠦ ᠵᠢᠨ ᠵᠦᠪᠯᠡᠯᠬᠡᠨ᠎ᠤ ᠠᠷᠠᠳᠴᠢᠯᠠᠯ ᠵᠶ᠋ᠠᠷ ᠬᠢᠨᠠᠯᠳᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠠᠵᠦ᠂ ᠵᠠᠰᠠᠭ ᠵᠠᠬᠢᠷᠭ᠋ᠠᠨ᠎ᠤ ᠬᠢᠨᠠᠨ ᠪᠠᠢ᠍ᠢ᠍ᠴᠠᠭ᠋ᠠᠬᠤ ᠪᠠ ᠬᠢᠨᠠᠨ ᠪᠤᠳᠤᠯᠳᠠ ᠵᠢᠨ ᠬᠢᠨᠠᠯᠳᠠ ᠲᠠᠰᠤᠷᠠᠯᠳᠠ ᠦᠭᠡᠢ ᠴᠢᠩᠭ᠋ᠠᠷᠠᠵᠦ᠂ ᠲᠠᠪᠤᠨ ᠵᠢᠯ᠎ᠳᠤ ᠠᠷᠠᠳ᠎ᠤᠨ ᠲᠦᠯᠦᠭᠡᠯᠡᠭᠴᠢᠳ᠎ᠤᠨ ᠰᠠᠨᠠᠯ ᠵᠦᠪᠯᠡᠯᠭᠡ ᠪᠠ ᠤᠯᠤᠰ ᠲᠦᠷᠦ ᠵᠢᠨ ᠵᠦᠪᠯᠡᠯᠭᠡᠨ᠎ᠤ ᠰᠠᠨᠠᠯ ᠲᠤᠷᠠᠳᠤᠯᠭ ᠎ᠠ ᠵᠢ ᠨᠠᠢ᠍ᠢ᠍ᠳᠠ 540 ᠰᠢᠢ᠍ᠳᠪᠤᠷᠢᠯᠠᠵᠦ᠂ ᠬᠠᠷᠢᠭᠤᠯᠳᠠ ᠦᠭᠭᠦᠭᠰᠡᠨ ᠨᠤᠷᠮ᠎ᠠ᠎ᠨᠢ 100% ᠎ᠳᠤ ᠬᠦᠷᠪᠠ᠃ ᠵᠢᠷᠭᠤᠳᠤᠭ᠋ᠠᠷ ᠲᠠᠪᠤᠨ ᠵᠢᠯ᠎ᠤᠨ ᠬᠠᠤᠯᠢ ᠵᠢ ᠲᠦᠬᠡᠮᠡᠯᠵᠢᠬᠦᠯᠬᠦ ᠠᠵᠢᠯ ᠦᠷ᠎ᠠ ᠪᠦᠳᠦᠮᠵᠢ᠎ᠪᠠᠷ ᠰᠠᠢ᠍ᠢ᠍ᠨ ᠪᠠᠢ᠍ᠢ᠍ᠵᠦ᠂ ᠲᠤᠯᠤᠳᠤᠭ᠋ᠠᠷ ᠲᠠᠪᠤᠨ ᠵᠢᠯ᠎ᠤᠨ ᠬᠠᠤᠯᠢ ᠵᠢ ᠲᠦᠬᠡᠮᠡᠯᠵᠢᠬᠦᠯᠬᠦ ᠠᠵᠢᠯ ᠪᠦᠬᠦ ᠲᠠᠯ᠎ᠠ᠎ᠪᠠᠷ ᠡᠬᠢᠯᠡᠪᠠ᠂ ᠬᠠᠤᠯᠢ᠎ᠪᠠᠷ ᠰᠢᠶᠠᠨ ᠵᠶ᠋ᠠᠨ ᠵᠠᠰᠠᠬᠤ ᠪᠠ ᠬᠠᠤᠯᠢᠵᠢᠬᠰᠠᠨ ᠵᠠᠰᠠᠭ᠎ᠤᠨ ᠤᠷᠳᠤᠨ᠎ᠤ ᠪᠠᠢ᠍ᠢ᠍ᠭᠤᠯᠤᠯᠳᠠ ᠪᠦᠬᠦ ᠲᠠᠯ᠎ᠠ᠎ᠪᠠᠷ ᠦᠷᠨᠢᠪᠠ᠃ ᠰᠢᠶᠠᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠤᠳᠠᠭ᠎ᠠ ᠵᠢᠨ ᠬᠤᠷᠠᠯ᠎ᠠᠴᠠ ᠲᠤᠬᠳᠠᠭ᠋ᠠᠬᠰᠠᠨ ᠡᠯ᠎ᠠ ᠵᠦᠢ᠍ᠯ᠎ᠤᠨ ᠡᠬᠦᠷᠬᠡ᠎ᠪᠠᠨ ᠠᠮᠵᠢᠯᠳᠠᠳᠠᠢ ᠪᠠᠶᠡᠯᠡᠭᠦᠯᠪᠠ᠃
      ᠲᠦᠯᠦᠭᠡᠯᠡᠭᠴᠢᠳ ᠡ᠂ ᠲᠠᠪᠤᠨ ᠵᠢᠯ᠎ᠤᠨ ᠲᠤᠷᠰᠢ᠂ ᠪᠢᠳᠠ ᠬᠦᠴᠢᠷ᠎ᠢ ᠰᠦᠷᠦᠨ ᠤᠷᠤᠬᠰᠢᠯᠠᠵᠦ ᠦᠨᠡᠨ ᠬᠦ᠌ ᠠᠳᠬᠤᠨ ᠪᠤᠳᠠᠳᠠᠢ ᠠᠵᠢᠯᠯᠠᠵᠦ ᠳ᠋ᠧᠩᠺᠧᠦ ᠰᠢᠶᠠᠨ᠎ᠤ ᠬᠢᠯᠠᠯᠵᠠᠬᠰᠠᠨ ᠬᠠᠭᠤᠳᠠᠰᠦ ᠵᠢ ᠬᠦᠯᠦᠰᠦ ᠴᠢᠰᠦ᠎ᠪᠠᠷ ᠵᠶ᠋ᠠᠨ ᠪᠢᠴᠢᠭᠯᠡᠭᠰᠡᠨ ᠶᠤᠮ᠃ ᠡᠨᠳᠠ ᠪᠢ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ᠎ᠢ ᠲᠦᠯᠦᠭᠡᠯᠡᠨ᠂ ᠪᠦᠬᠦ ᠰᠢᠶᠠᠨ᠎ᠤ ᠦᠨᠳᠤᠰᠤᠳᠠᠨ᠎ᠨᠦᠭᠦᠳ᠎ᠤᠨ ᠺᠡᠳ᠋ᠷ ᠤᠯᠠᠨ ᠲᠦᠮᠡᠨ ᠲᠦ᠍ᠢ᠍ᠮᠡᠨ ᠪᠠ ᠮᠠᠨ᠎ᠤ ᠰᠢᠶᠠᠨ᠎ᠤ ᠪᠦᠳᠦᠭᠡᠨ ᠪᠠᠢ᠍ᠢ᠍ᠭᠤᠯᠤᠯᠳᠠ᠎ᠳᠤ ᠬᠦᠴᠦ ᠬᠦᠯᠦᠰᠦ᠎ᠪᠠᠨ ᠡᠷᠬᠦᠭᠰᠠᠨ ᠨᠦᠬᠦᠳ᠎ᠲᠤ ᠴᠢᠩ ᠰᠡᠳᠬᠢᠯ᠎ᠤᠨ ᠪᠠᠶᠠᠷ ᠲᠠᠯᠠᠷᠬᠠᠯ ᠵᠶ᠋ᠠᠨ ᠲᠠᠪᠰᠢᠬᠦᠯᠵᠦ ᠪᠠᠢ᠍ᠢ᠍ᠨ᠎ᠠ᠃
      ᠲᠦᠯᠦᠭᠡᠯᠡᠭᠴᠢᠳ ᠡ᠂ ᠲᠠᠰᠤᠷᠠᠯᠳᠠ ᠦᠭᠡᠢ ᠬᠠᠢ᠍ᠢ᠍ᠨ ᠰᠦᠪᠡᠭᠴᠢᠯᠠᠯᠳᠠ ᠬᠢᠭᠰᠡᠨ ᠪᠠ ᠦᠢ᠍ᠯᠡᠳᠤᠯᠭᠡ ᠵᠢᠨ ᠲᠤᠮᠳᠠ᠎ᠠᠴᠠ ᠪᠢᠳᠠ᠄ ᠪᠠᠢ᠍ᠢ᠍ᠳᠠᠯ ᠶᠠᠭ᠋ᠠᠬᠢᠵᠦ ᠬᠤᠪᠢᠷᠠᠬᠰᠠᠨ ᠴᠦ᠍ ᠠᠵᠦ ᠠᠬᠤᠢ ᠵᠢᠨ ᠪᠦᠳᠦᠭᠡᠨ ᠪᠠᠢ᠍ᠢ᠍ᠭᠤᠯᠤᠯᠳᠠ ᠵᠢᠨ ᠰᠤᠳᠠᠰᠦ ᠵᠢ ᠴᠢᠩᠭ᠎ᠠ ᠠᠳᠬᠤᠵᠦ᠂ ᠬᠦᠭᠵᠢᠬᠦᠯᠦᠯᠳᠠ ᠵᠢ ᠲᠦᠷᠬᠡᠳᠬᠡᠬᠦ ᠵᠢ ᠭᠤᠢ᠍ᠢ᠍ᠪᠢᠰᠢ ᠦᠭᠡᠢ ᠠᠳᠬᠤᠨ᠂ ᠠᠮᠢ ᠠᠬᠤᠢ ᠵᠢᠨ ᠠᠮᠦᠷ ᠲᠦᠪᠰᠢᠨ᠎ᠤ ᠤᠯᠠᠭ᠋ᠠᠨ ᠱᠤᠭᠤᠮ᠎ᠢ ᠪᠠᠳᠦ ᠰᠠᠬᠢᠬᠤ ᠪᠤᠯ ᠵᠠᠰᠠᠭ᠎ᠤᠨ ᠤᠷᠳᠤᠨ᠎ᠤ ᠠᠵᠢᠯ᠎ᠤᠨ ᠭᠤᠤᠯ ᠬᠦᠭ ᠠᠢ᠍ᠢ᠍ᠵᠠᠮ ᠪᠠᠢ᠍ᠢ᠍ᠵᠦ; ᠤᠷᠴᠢᠨ ᠲᠤᠭᠤᠷᠢᠨ ᠶᠠᠮᠠᠷ ᠪᠤᠳᠤᠯᠢᠶᠠᠨᠳᠠᠢ ᠪᠠᠢ᠍ᠢ᠍ᠬᠰᠠᠨ ᠴᠦ᠍ ᠠᠷᠭ᠎ᠠ ᠪᠦᠬᠦᠨ᠎ᠢ ᠰᠦᠪᠡᠭᠴᠢᠯᠠᠨ ᠲᠦᠷᠦᠯ ᠵᠦᠢ᠍ᠯ᠎ᠢ ᠲᠠᠳᠠᠨ ᠤᠷᠤᠭᠤᠯᠵᠦ᠂ ᠪᠦᠳᠦᠴᠠ᠎ᠪᠠᠨ ᠲᠤᠬᠢᠷᠠᠭᠤᠯᠤᠨ᠂ ᠦᠪᠠᠷ᠎ᠤᠨ ᠲᠠᠪᠠᠭᠤᠯᠢᠭ᠎ᠲᠤ᠎ᠪᠠᠨ ᠲᠤᠬᠢᠷᠠᠬᠰᠠᠨ ᠰᠢᠶᠠᠨ᠎ᠤ ᠪᠠᠢ᠍ᠢ᠍ᠳᠠᠯ᠎ᠳᠤ ᠵᠤᠬᠢᠴᠠᠬᠰᠠᠨ ᠵᠠᠮ ᠵᠶ᠋ᠠᠷ ᠵᠠᠮᠨᠠᠬᠤ ᠪᠤᠯ ᠬᠦᠭᠵᠢᠯᠳᠠ᠎ᠪᠠᠨ ᠲᠦᠷᠬᠡᠳᠬᠡᠬᠦ ᠭᠤᠤᠯ ᠬᠦᠳᠡᠯᠭᠡᠭᠦ ᠬᠦᠴᠦᠨ ᠮᠦᠨ; ᠤᠷᠤᠬᠰᠢᠯᠠᠯᠳᠠ ᠵᠢᠨ ᠲᠤᠮᠳᠠ ᠬᠡᠳᠦᠢ ᠬᠦᠴᠢᠷᠳᠠᠯ ᠪᠠᠢ᠍ᠢ᠍ᠯ᠎ᠠ ᠴᠦ᠍ ᠬᠡᠰᠡᠨ ᠦᠭᠡᠷᠡᠴᠢᠯᠠᠯᠳᠠ ᠰᠢᠨᠡᠴᠢᠯᠠᠯᠳᠠ ᠵᠢ ᠪᠠᠷᠢᠮᠳᠠᠯᠠᠵᠦ ᠪᠤᠳᠠᠳᠠᠢ᠎ᠪᠠᠷ ᠬᠠᠨᠴᠤᠢ ᠰᠢᠮᠠᠯᠠᠨ ᠠᠵᠢᠯᠯᠠᠳᠠᠭ ᠯᠡ ᠶᠤᠮ ᠪᠤᠯ ᠠᠵᠢᠯ᠎ᠤᠨ ᠰᠢᠨ᠎ᠠ ᠪᠠᠢ᠍ᠢ᠍ᠳᠠᠯ᠎ᠢ ᠡᠬᠦᠳᠴᠦ ᠴᠢᠳᠠᠨ᠎ᠠ; ᠶᠠᠮᠠᠷ ᠦᠶ ᠎ᠠ᠎ᠳᠤ ᠴᠦ᠍ ᠬᠡᠳ ᠠᠷᠠᠳ᠎ᠤᠨ ᠠᠮᠢᠳᠤᠷᠠᠯ᠎ᠢ ᠲᠡᠷᠢᠬᠦᠨ ᠪᠠᠢ᠍ᠢ᠍ᠷᠢᠨ᠎ᠳᠤ ᠲᠠᠯᠪᠢᠵᠦ᠂ ᠤᠯᠠᠨ ᠲᠦᠮᠡᠨ᠎ᠤ ᠲᠤᠰᠬᠠᠯ ᠶᠡᠭᠡᠳᠠᠢ ᠲᠤᠪᠤᠢ᠍ᠢ᠍ᠮ᠎ᠠ ᠠᠰᠠᠭᠤᠳᠠᠯ᠎ᠢ ᠦᠨᠡᠨ ᠬᠦ᠌ ᠰᠠᠢ᠍ᠢ᠍ᠳᠪᠤᠷᠢᠯᠠᠵᠦ᠂ ᠠᠷᠠᠳ ᠤᠯᠠᠨ᠎ᠤ ᠠᠮᠢᠳᠤᠷᠠᠯ᠎ᠳᠤ ᠬᠤᠯᠪᠤᠬᠳᠠᠬᠰᠠᠨ ᠠᠷᠠᠳ᠎ᠤᠨ ᠠᠮᠢᠳᠤᠷᠠᠯ᠎ᠤᠨ ᠪᠤᠳᠠᠳᠦ ᠶᠠᠪᠤᠳᠠᠯ᠎ᠢ ᠬᠦᠴᠦᠯᠠᠨ ᠰᠢᠢ᠍ᠳᠪᠤᠷᠢᠯᠠᠬᠦ ᠪᠤᠯ ᠵᠠᠰᠠᠭ᠎ᠤᠨ ᠤᠷᠳᠤᠨ᠎ᠤ ᠠᠵᠢᠯ᠎ᠤᠨ ᠭᠠᠷᠳᠠᠴᠠ ᠪᠠ ᠵᠤᠬᠰᠤᠴᠠ ᠮᠦᠨ᠃ ᠡᠳᠡᠭᠡᠷ ᠪᠤᠯ ᠪᠢᠳᠠᠨ᠎ᠤ ᠦᠢ᠍ᠯᠡᠳᠤᠯᠭᠡ ᠵᠢᠨ ᠳ᠋ᠦ᠍ᠢ᠍ᠩᠨᠠᠯᠳᠠ ᠪᠠ ᠪᠦᠳᠦᠮᠵᠢᠳᠠᠢ ᠲᠤᠷᠰᠢᠯᠭ᠎ᠠ ᠪᠠᠢ᠍ᠢ᠍ᠵᠦ᠂ ᠬᠦᠭᠵᠢᠬᠦᠯᠭᠦ ᠪᠠ ᠴᠠᠭ ᠦᠶ᠎ᠠ᠎ᠲᠠᠢ ᠴᠤᠬᠭ᠋ᠠᠷ ᠤᠷᠤᠬᠰᠢᠯᠠᠬᠤ ᠲᠤᠮᠳᠠ ᠲᠠᠰᠤᠷᠠᠯᠳᠠ ᠦᠭᠡᠢ ᠰᠢᠯᠢᠳᠡᠭᠵᠢᠬᠦᠯᠦᠭᠰᠡᠨ ᠪᠠᠢ᠍ᠢ᠍ᠭ᠎ᠠ ᠶᠤᠮ᠃ ᠠᠮᠵᠢᠯᠳᠠ ᠪᠦᠳᠦᠮᠵᠢ᠎ᠪᠠᠨ ᠨᠤᠳᠠᠯᠠᠬᠤ ᠵᠢᠨ ᠵᠡᠷᠭᠡᠪᠠᠷ ᠬᠦᠭᠵᠢᠬᠦᠯᠦᠯᠳᠠ ᠲᠤᠮᠳᠠᠬᠢ ᠲᠤᠯᠭ᠋ᠠᠷᠠᠬᠰᠠᠨ ᠬᠦᠴᠢᠷᠳᠠᠯ ᠪᠠ ᠦᠷᠢᠰᠤᠯᠳᠤᠬᠡᠨ ᠵᠶ᠋ᠠᠨ ᠰᠡᠷᠭᠡᠭ ᠵᠶ᠋ᠠᠷ ᠤᠯᠵᠦ ᠲᠠᠨᠢᠬᠤ ᠬᠡᠷᠡᠭᠳᠠᠢ᠃ ᠭᠤᠤᠯᠳᠠᠭᠤ᠂ ᠠᠵᠦ ᠠᠬᠤᠢ ᠵᠢᠨ ᠶᠡᠷᠦᠩᠭᠡᠢ ᠬᠡᠮᠵᠢᠶ᠎ᠠ ᠪᠠᠭ᠎ᠠ᠂ ᠬᠦᠭᠵᠢᠯᠳᠠ ᠬᠦᠢ᠍ᠴᠠᠳ ᠪᠤᠰᠦ ᠪᠠᠢ᠍ᠢ᠍ᠬᠤ ᠠᠰᠠᠭᠤᠳᠠᠯ ᠮᠦᠨ ᠯᠡ ᠲᠤᠪᠤᠢ᠍ᠢ᠍ᠮ᠎ᠠ ᠪᠠᠢ᠍ᠢ᠍ᠬᠰᠠᠭ᠋ᠠᠷ᠃ ᠠᠵᠦ ᠦᠢ᠍ᠯᠡᠳᠪᠤᠷᠢ ᠵᠢᠨ ᠲᠤᠮᠤ ᠲᠦᠷᠦᠯ ᠵᠦᠢ᠍ᠯ᠂ ᠰᠠᠢ᠍ᠢ᠍ᠨ ᠲᠦᠷᠦᠯ ᠵᠦᠢ᠍ᠯ ᠴᠦᠬᠡᠨ ᠪᠠᠢ᠍ᠢ᠍ᠵᠦ ᠤᠯᠠᠨ ᠡᠰᠢᠵᠢᠭᠰᠡᠨ ᠬᠦᠭᠵᠢᠯᠳᠠ ᠤᠯᠠᠨ ᠲᠦᠢ᠍ᠯ ᠵᠶ᠋ᠠᠷ ᠲᠤᠯᠭ᠋ᠠᠭᠤᠷᠢᠯᠠᠬᠤ ᠤᠳᠦ ᠦᠶ᠎ᠠ ᠵᠢᠨ ᠠᠵᠦ ᠦᠢ᠍ᠯᠡᠰ᠎ᠤᠨ ᠲᠤᠬᠳᠠᠯᠴᠠᠭ᠎ᠠ ᠪᠤᠯᠵᠦ ᠪᠦᠷᠢᠯᠳᠤᠬᠡ ᠦᠭᠡᠢ᠃ ᠲᠠᠷᠢᠶᠠᠯᠠᠩ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠳᠦᠴᠠ ᠵᠢᠨ ᠴᠢᠨᠠᠷᠳᠠᠢ ᠲᠤᠬᠢᠷᠠᠭᠤᠯᠤᠯᠳᠠ ᠵᠢᠨ ᠬᠦᠴᠦᠯᠠᠴᠠ ᠬᠦᠷᠦᠯᠴᠠᠭᠦ ᠦᠭᠡᠢ᠂ ᠤᠬᠢ ᠰᠢᠯᠢᠳᠡᠭ ᠪᠤᠬᠢᠷᠳᠤᠯ ᠦᠭᠡᠢ ᠤᠨᠴᠠᠯᠢᠬᠳᠦ ᠨᠠᠷᠡᠳᠦ ᠲᠠᠮᠳᠡᠭ ᠴᠦᠬᠡᠨ᠂ ᠲᠠᠷᠢᠶᠠᠴᠢᠳ᠎ᠤᠨ ᠤᠷᠤᠯᠭ᠎ᠠ ᠵᠢ ᠦᠷᠬᠦᠯᠵᠢᠯᠠᠨ ᠨᠡᠮᠡᠭᠳᠡᠭᠦᠯᠭᠦ ᠬᠦᠴᠢᠷᠳᠡᠯ ᠶᠡᠭᠡ ᠪᠠᠢ᠍ᠢ᠍ᠨ᠎ᠠ᠃ ᠬᠤᠳᠠ ᠬᠦᠳᠡᠭᠡ ᠵᠢᠨ ᠬᠠᠮᠢᠶᠠᠷᠤᠯᠳᠠ ᠵᠢᠨ ᠬᠢᠷᠢ ᠬᠡᠮᠵᠢᠶ᠎ᠠ ᠦᠨᠳᠤᠷ ᠪᠢᠰᠢ᠂ ᠬᠦᠳᠡᠭᠡ ᠲᠤᠰᠬᠤᠨ ᠮᠠᠯᠵᠢᠬᠤ ᠤᠷᠤᠨ᠎ᠤ ᠤᠷᠴᠢᠨ ᠲᠤᠭᠤᠷᠢᠨ᠎ᠤ ᠰᠠᠭᠤᠷᠢ ᠲᠦᠭᠦᠭᠡᠷᠤᠮᠵᠢ ᠵᠢ ᠪᠠᠰᠠ ᠲᠡᠭᠦᠯᠳᠠᠷᠵᠢᠬᠦᠯᠭᠦ ᠴᠢᠬᠤᠯᠠᠳᠠᠢ ᠪᠠᠢ᠍ᠢ᠍ᠵᠦ᠂ ᠬᠠᠮᠢᠶᠠᠷᠤᠯᠳᠠ᠎ᠨᠢ ᠨᠠᠯᠢᠶᠠᠳ ᠪᠦᠳᠦᠬᠦᠯᠢᠭ ᠪᠤᠢ᠃ ᠠᠷᠠᠳ᠎ᠤᠨ ᠠᠮᠢᠳᠤᠷᠠᠯ᠎ᠤᠨ ᠬᠦᠷᠢᠶᠠᠨ᠎ᠳᠤ ᠪᠠᠰᠠ ᠪᠠᠭ᠎ᠠ ᠪᠤᠰᠦ ᠠᠰᠠᠭᠤᠳᠠᠯ ᠤᠷᠤᠰᠢᠬᠰᠠᠭ᠋ᠠᠷ᠂ ᠠᠵᠢᠯ ᠤᠯᠭᠤᠯᠳᠠ ᠰᠤᠷᠭ᠋ᠠᠨ ᠬᠦᠮᠦᠵᠢᠯ ᠡᠮ ᠡᠮᠨᠡᠯᠭᠡ ᠨᠠᠰᠤᠵᠢᠯ᠎ᠤᠨ ᠲᠠᠭ᠋ᠠᠳᠬᠠᠯ ᠵᠡᠷᠭᠡ ᠲᠠᠯ᠎ᠠ᠎ᠨᠢ ᠠᠷᠠᠳ ᠤᠯᠠᠨ᠎ᠤ ᠡᠳᠦᠷ ᠢᠷᠡᠭᠦᠶ᠎ᠠ ᠨᠡᠮᠡᠭᠳᠡᠵᠦ ᠪᠦᠬᠦᠢ ᠭᠤᠶᠤ ᠰᠠᠢ᠍ᠢ᠍ᠬᠠᠨ ᠠᠮᠢᠳᠤᠷᠠᠯ᠎ᠢ ᠱᠠᠭ᠋ᠠᠷᠳᠠᠬᠤ ᠵᠦᠷᠢᠶ᠎ᠠ᠎ᠨᠢ ᠨᠠᠯᠢᠶᠠᠳ ᠶᠡᠭᠡ ᠪᠠᠢ᠍ᠢ᠍ᠨ᠎ᠠ᠃ ᠠᠮᠢ ᠠᠬᠤᠢ ᠵᠢᠨ ᠤᠷᠴᠢᠨ ᠨᠠᠯᠢᠶᠠᠳ ᠬᠡᠪᠡᠷᠡᠭ ᠪᠠᠢ᠍ᠢ᠍ᠵᠦ᠂ ᠬᠡᠰᠡᠭ ᠲᠤᠪᠤᠢ᠍ᠢ᠍ᠮ᠎ᠠ ᠠᠰᠠᠭᠤᠳᠠᠯ᠎ᠢ ᠶᠡᠭᠡ ᠬᠦᠴᠦ ᠵᠠᠷᠤᠴᠠᠭᠤᠯᠤᠨ ᠰᠢᠢ᠍ᠳᠪᠤᠷᠢᠯᠡᠭᠦ ᠴᠢᠬᠤᠯᠠᠳᠠᠢ ᠪᠠᠢ᠍ᠢ᠍ᠨ᠎ᠠ᠃ ᠤᠨᠴᠠᠭ᠋ᠠᠢ᠍ᠢ᠍ᠯᠠᠨ ᠺᠠᠳ᠋ᠷᠴᠤᠳ᠎ᠤᠨ ᠤᠷᠬᠢᠯᠦᠮ᠎ᠠ ᠰᠡᠳᠬᠢᠯᠭᠡ᠎ᠪᠠᠷ ᠠᠵᠢᠯ ᠵᠶ᠋ᠠᠨ ᠬᠢᠬᠦ ᠵᠤᠷᠢᠬᠳᠠᠢ᠎ᠪᠠᠷ ᠡᠬᠦᠷᠭᠡᠯᠡᠭᠦ ᠰᠠᠳᠬᠢᠯᠭᠡ ᠬᠦᠷᠦᠯᠴᠡᠭᠦ ᠦᠭᠡᠢ᠂ ᠠᠵᠢᠯ᠎ᠤᠨ ᠲᠤᠮᠳᠠ ᠪᠠᠰᠠ ᠬᠤᠢ᠍ᠢ᠍ᠰᠢᠯᠠᠭᠤᠯᠬᠤ ᠵᠠᠯᠬᠠᠭᠤᠷᠠᠬᠤ ᠤᠳᠠᠭ᠋ᠠᠨ ᠵᠡᠷᠭᠡ ᠠᠰᠠᠭᠤᠳᠠᠯ ᠤᠷᠤᠰᠢᠵᠦ ᠪᠤᠢ᠃ ᠰᠢᠨ᠎ᠠ ᠴᠠᠭ ᠦᠶ᠎ᠠ᠎ᠳᠤ ᠤᠷᠤᠬᠰᠠᠨ᠎ᠤ ᠲᠠᠷᠠᠭ᠎ᠠ ᠪᠢᠳᠠ ᠡᠷᠬᠡᠪᠰᠢ ᠲᠠᠷᠢᠬᠢ ᠲᠤᠯᠤᠭ᠋ᠠᠢ᠎ᠪᠠᠨ ᠰᠡᠷᠭᠡᠭ ᠪᠠᠢ᠍ᠢ᠍ᠯᠭ᠋ᠠᠵᠦ᠂ ᠵᠤᠪᠠᠨᠢᠬᠤ ᠤᠬᠠᠮᠰᠠᠷ ᠪᠠ ᠬᠠᠷᠢᠭᠤᠴᠠᠯᠭ᠋ᠠᠳᠦ ᠤᠬᠠᠮᠰᠠᠷ ᠵᠶ᠋ᠠᠨ ᠴᠢᠨᠠᠬᠰᠢᠳᠠ ᠴᠢᠩᠭ᠋ᠠᠷᠠᠭᠤᠯᠤᠨ᠂ ᠠᠰᠠᠭᠤᠳᠠᠯ᠎ᠳᠤ᠎ᠨᠢ ᠴᠢᠭᠯᠡᠭᠦᠯᠦᠨ ᠵᠠᠰᠠᠵᠦ᠂ ᠴᠠᠬ ᠦᠶ᠎ᠠ ᠪᠠ ᠠᠷᠠᠳ ᠲᠦᠮᠡᠨ᠎ᠤ ᠬᠦᠨᠳᠦ ᠡᠬᠦᠷᠭᠡᠯᠡᠯ᠎ᠢ ᠬᠦᠰᠡᠷᠳᠡᠭᠦᠯᠭᠦ ᠦᠭᠡᠢ᠎ᠪᠠᠷ ᠢᠳᠡᠭᠡᠯ ᠲᠡᠬᠦᠯᠳᠠᠷ ᠵᠶ᠋ᠠᠷ ᠰᠢᠨ᠎ᠠ ᠴᠠᠭ ᠦᠶ᠎ᠠ᠎ᠳᠤ ᠠᠯᠬᠤᠨ ᠤᠷᠤᠵᠦ᠂ ᠰᠢᠨ᠎ᠠ ᠠᠮᠵᠢᠯᠳᠠ ᠵᠢ ᠲᠠᠮᠡᠴᠡᠨ ᠤᠯᠰᠤᠭ᠋ᠠᠢ!
      ᠬᠤᠶᠠᠷ᠂ ᠬᠤᠢ᠍ᠢ᠍ᠰᠢᠳᠠ ᠵᠢᠨ ᠲᠠᠪᠤᠨ ᠵᠢᠯ᠎ᠤᠨ ᠠᠵᠢᠯ᠎ᠤᠨ ᠲᠤᠬᠢᠷᠠᠭᠤᠯᠤᠯᠳᠠ
      ᠬᠤᠢ᠍ᠢ᠍ᠰᠢᠳᠠ ᠵᠢᠨ ᠲᠠᠪᠤᠨ ᠵᠢᠯ ᠪᠤᠯ᠂ ᠮᠠᠨ᠎ᠤ ᠤᠯᠤᠰ᠎ᠤᠨ 《ᠬᠤᠶᠠᠷ ᠵᠠᠭᠤᠨ ᠵᠢᠯ》᠎ᠤᠨ ᠲᠠᠮᠡᠴᠡᠭᠦ ᠬᠠᠷᠠᠯᠳᠠ ᠵᠢ ᠪᠠᠶᠠᠯᠡᠬᠦᠯᠭᠦ ᠲᠡᠤᠬᠡ ᠵᠢᠨ ᠠᠭᠤᠯᠵᠠᠷ᠎ᠤᠨ ᠬᠤᠭᠤᠴᠠᠭ᠎ᠠ ᠪᠠᠢ᠍ᠢ᠍ᠵᠦ᠂ ᠪᠠᠰᠠᠴᠦ ᠳ᠋ᠧᠩᠺᠧᠦ ᠰᠢᠶᠠᠨ᠎ᠤ ᠬᠠᠩᠭ᠋ᠠᠯᠭ᠎ᠠ ᠵᠢᠨ ᠲᠠᠯ᠎ᠠ ᠵᠢᠨ ᠪᠦᠳᠤᠴᠠ ᠵᠢᠨ ᠴᠢᠨᠠᠷᠳᠠᠢ ᠦᠭᠡᠷᠡᠴᠢᠯᠠᠯᠳᠠ ᠵᠢ ᠲᠦᠯᠬᠢᠨ ᠠᠬᠢᠭᠤᠯᠵᠦ᠂ ᠬᠡᠯᠪᠠᠷᠢ᠎ᠪᠠᠨ ᠬᠤᠪᠢᠷᠠᠭᠤᠯᠤᠨ ᠲᠠᠰ ᠲᠠᠪᠰᠢᠬᠦᠯᠬᠦ ᠪᠠ ᠬᠦᠭᠵᠢᠯᠳᠠ᠎ᠪᠠᠨ ᠲᠦᠷᠬᠡᠳᠬᠡᠵᠦ᠂ ᠬᠦᠢ᠍ᠴᠠᠨ ᠲᠠᠪᠠᠵᠦ ᠤᠷᠤᠨ ᠲᠠᠪᠰᠢᠬᠤ ᠵᠠᠩᠬᠢᠯᠠᠭ᠎ᠠ ᠵᠢᠨ ᠬᠤᠭᠤᠴᠠᠭ᠎ᠠ ᠮᠦᠨ᠂ ᠪᠢᠳᠠ 2020 ᠤᠨ ᠪᠤᠯᠬᠤ᠎ᠳᠤ ᠪᠦᠬᠦ ᠰᠢᠶᠠᠨ᠎ᠤ ᠦᠨᠳᠤᠰᠤᠳᠠᠨ᠎ᠨᠦᠭᠦᠳ᠎ᠤᠨ ᠠᠷᠠᠳ ᠲᠦᠮᠡᠨ ᠵᠶ᠋ᠠᠨ ᠲᠠᠭ᠋ᠠᠭᠤᠯᠤᠨ ᠴᠢᠨᠡᠬᠡᠯᠢᠭ ᠨᠠᠢ᠍ᠢ᠍ᠬᠡᠮ᠎ᠳᠤ ᠲᠠᠪᠰᠢᠨ ᠤᠷᠤᠵᠦ᠂ ᠲᠤᠮᠳᠠᠳᠦ ᠵᠢᠨ ᠦᠨᠳᠤᠰᠤᠳᠠᠨ᠎ᠤ ᠨᠢᠬᠡᠳᠤᠭᠡᠷ ᠵᠠᠭᠤᠨ ᠵᠢᠯ᠎ᠤᠨ ᠬᠦᠰᠡᠯ ᠵᠡᠬᠦᠳᠦ᠎ᠪᠠᠨ ᠪᠠᠶᠠᠯᠡᠬᠦᠯᠦᠨ᠎ᠠ᠃ ᠪᠠᠢ᠍ᠢ᠍ᠳᠠᠯ᠎ᠢ ᠠᠵᠢᠪᠠᠯ ᠠᠵᠠ ᠲᠤᠬᠢᠶᠠᠯ ᠵᠡᠷᠭᠡᠪᠠᠷ ᠤᠷᠤᠰᠢᠵᠦ ᠮᠠᠨ᠎ᠤ ᠰᠢᠶᠠᠨ᠎ᠤ ᠬᠦᠭᠵᠢᠯᠳᠠ᠎ᠳᠤ ᠠᠰᠢᠬᠳᠠᠢ ᠵᠦᠢ᠍ᠯ ᠤᠯᠠᠨ ᠪᠤᠢ᠃ ᠤᠯᠤᠰ᠎ᠠᠴᠠ ᠪᠤᠬᠢᠷᠳᠤᠯ ᠦᠭᠡᠢ ᠤᠷᠭ᠋ᠠᠨᠢᠭ ᠲᠠᠷᠢᠶᠠᠯᠠᠩ᠂ ᠴᠠᠪᠠᠷ ᠡᠨᠧᠷᠬᠢ᠂ ᠠᠮᠢ ᠠᠬᠤᠢ ᠵᠢᠨ ᠬᠠᠮᠠᠭ᠋ᠠᠯᠠᠯᠳᠠ ᠵᠢᠨ ᠠᠵᠦ ᠦᠢ᠍ᠯᠠᠰ᠎ᠢ ᠬᠦᠭᠵᠢᠬᠦᠯᠭᠦ ᠵᠢ ᠶᠡᠭᠡᠪᠠᠷ ᠤᠷᠢᠶᠠᠯᠠᠵᠦ ᠪᠠᠢ᠍ᠢ᠍ᠭ᠎ᠠ ᠪᠠᠢ᠍ᠢ᠍ᠳᠠᠯ ᠲᠤᠤᠷ᠎ᠠ᠂ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠪᠠᠢ᠍ᠢ᠍ᠯᠳᠤᠬᠤ ᠪᠤᠳᠤᠯᠭ᠎ᠠ ᠵᠢ ᠬᠦᠨᠵᠡᠭᠡᠢ ᠭᠡᠷᠡᠭᠵᠢᠬᠦᠯᠵᠦ᠂ ᠦᠪᠡᠷᠳᠡᠭᠡᠨ ᠵᠠᠰᠠᠬᠤ ᠤᠷᠤᠨ᠎ᠠᠴᠠ ᠰᠠᠭᠤᠷᠢ ᠲᠦᠭᠦᠭᠡᠷᠦᠮᠵᠢ ᠵᠢᠨ ᠪᠦᠳᠦᠭᠡᠨ ᠪᠠᠢ᠍ᠢ᠍ᠭᠤᠯᠤᠯᠳᠠ᠎ᠪᠠᠨ ᠪᠦᠬᠦ ᠲᠠᠯ᠎ᠠ᠎ᠪᠠᠷ ᠴᠢᠩᠭ᠋ᠠᠳᠬᠠᠨ᠂ ᠮᠠᠨ᠎ᠤ ᠬᠤᠳᠠ᠎ᠠᠴᠠ 《ᠠᠷᠤ ᠭᠠᠵᠠᠷ᠎ᠤᠨ ᠵᠢᠶᠠᠩᠨᠠᠨ ᠪᠤᠬᠢᠷᠳᠤᠯ ᠦᠭᠡᠢ᠎ᠪᠠᠷ ᠬᠦᠭᠵᠢᠨ ᠮᠠᠨᠳᠤᠬᠤ》 ᠵᠢ ᠪᠠᠶᠠᠯᠡᠭᠦᠯᠭᠦ ᠬᠦᠭᠵᠢᠯᠳᠠ ᠵᠢᠨ ᠪᠠᠢ᠍ᠢ᠍ᠷᠢ ᠲᠤᠭᠳᠠᠭ᠋ᠠᠯᠳᠠ ᠵᠢ ᠲᠤᠷᠠᠳᠤᠨ ᠭᠠᠷᠭ᠋ᠠᠵᠦ᠂ ᠮᠠᠨ᠎ᠤ ᠰᠢᠶᠠᠨ᠎ᠨᠢ ᠠᠭᠤᠯᠠ ᠤᠰᠦ ᠤᠢ ᠲᠠᠷᠢᠶ ᠎ᠠ ᠨᠠᠭᠤᠷ ᠲᠠᠯ᠎ᠠ ᠨᠤᠳᠤᠭ ᠡᠯᠡᠰᠦ ᠪᠦᠬᠦ ᠡᠯᠧᠮᠧᠨ᠋ᠲ᠎ᠢ ᠪᠦᠷᠢᠳᠤᠬᠦᠯᠵᠦ᠂ ᠪᠤᠬᠢᠷᠳᠤᠯ ᠦᠭᠡᠢ ᠬᠦᠭᠵᠢᠯᠳᠠ ᠲᠤᠮᠳᠠ ᠨᠦᠬᠦᠴᠠᠯ ᠲᠠᠪᠠᠭᠤᠯᠢᠭ ᠢᠳᠡᠭᠡᠯ ᠵᠤᠷᠢᠭ᠎ᠲᠠᠢ ᠪᠠᠢ᠍ᠢ᠍ᠭ᠎ᠠ ᠶᠤᠮ᠃ ᠪᠢᠳᠠ ᠠᠵᠠ ᠲᠤᠬᠢᠶᠠᠯ᠎ᠢ ᠠᠳᠬᠤᠵᠦ ᠴᠢᠳᠠᠳᠠᠭ ᠯᠡ ᠶᠤᠮ ᠪᠤᠯ ᠰᠢᠨ᠎ᠠ ᠨᠢᠬᠡᠨ ᠡᠬᠡᠯᠵᠢ ᠵᠢᠨ ᠬᠦᠭᠵᠢᠯᠳᠠ ᠲᠤᠮᠳᠠ ᠲᠠᠪᠠᠭᠤᠯᠢᠭ ᠪᠠᠢ᠍ᠢ᠍ᠷᠢ ᠰᠠᠭᠤᠷᠢ ᠵᠢ ᠤᠯᠵᠦ ᠴᠢᠳᠠᠬᠤ ᠶᠤᠮ᠃
      ᠬᠤᠢ᠍ᠢ᠍ᠰᠢᠳᠠ ᠵᠢᠨ ᠲᠠᠪᠤᠨ ᠵᠢᠯ᠎ᠤᠨ ᠵᠠᠰᠠᠭ᠎ᠤᠨ ᠤᠷᠳᠤᠨ᠎ᠤ ᠠᠵᠢᠯ᠎ᠤᠨ ᠭᠤᠤᠯ ᠱᠠᠭ᠋ᠠᠷᠳᠠᠯᠭ᠎ᠠ ᠪᠤᠯ᠄ ᠨᠠᠮ᠎ᠤᠨ ᠠᠷᠪᠠ ᠶᠢᠰᠤᠳᠤᠭᠡᠷ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠰᠢ ᠵᠢᠨ ᠫᠢᠩ᠎ᠤᠨ ᠰᠢᠨ᠎ᠠ ᠴᠠᠭ ᠦᠶ ᠎ᠠ ᠵᠢᠨ ᠲᠤᠮᠳᠠᠳᠦ ᠤᠯᠤᠰ᠎ᠤᠨ ᠤᠨᠴᠠᠯᠢᠭ᠎ᠲᠠᠢ ᠨᠡᠢ᠍ᠢ᠍ᠬᠡᠮ ᠵᠢᠷᠦᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠦ᠂ 《ᠲᠠᠪᠤ ᠵᠢ ᠨᠢᠭᠡ ᠴᠤᠬ᠍ᠴᠠᠵᠢᠭᠤᠯᠬᠤ》 ᠶᠡᠷᠦᠩᠭᠡᠢ ᠪᠠᠢ᠍ᠢ᠍ᠷᠢᠰᠢᠭᠤᠯᠤᠯᠳᠠ ᠪᠠ 《ᠲᠦᠷᠪᠠᠨ ᠪᠦᠬᠦ ᠲᠠᠯ᠎ᠠ》 ᠵᠢᠨ ᠪᠠᠢ᠍ᠢ᠍ᠯᠳᠤᠬᠤ ᠪᠤᠳᠤᠯᠭ᠎ᠠ ᠵᠢᠨ ᠪᠠᠢ᠍ᠢ᠍ᠷᠢᠯᠠᠭᠤᠯᠤᠯᠳᠠ᠎ᠪᠠᠷ ᠲᠠᠭ᠋ᠠᠭᠤᠯᠵᠦ᠂ ᠬᠦᠭᠵᠢᠬᠦᠯᠤᠯᠳᠠ᠂ ᠠᠮᠢ ᠠᠬᠤᠢ ᠪᠠ ᠠᠷᠠᠳ᠎ᠤᠨ ᠠᠮᠢᠳᠤᠷᠠᠯ᠎ᠤᠨ ᠤᠯᠠᠭ᠋ᠠᠨ ᠱᠤᠭᠤᠮ᠎ᠢ ᠪᠠᠳᠦ ᠰᠠᠬᠢᠵᠦ᠂ ᠰᠢᠶᠠᠨ᠎ᠤ ᠨᠠᠮ᠎ᠤ ᠬᠤᠷᠢᠶ᠎ᠠ ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠨᠠᠮ᠎ᠤᠨ ᠲᠦᠯᠦᠭᠡᠯᠡᠭᠴᠢᠳ᠎ᠤᠨ ᠬᠤᠷᠠᠯ᠎ᠤᠨ ᠪᠠᠢ᠍ᠢ᠍ᠷᠢᠯᠠᠭᠤᠯᠤᠯᠳᠠ ᠶᠤᠰᠤᠭ᠋ᠠᠷ ᠬᠦᠭᠵᠢᠯᠳᠠ ᠵᠢ ᠲᠦᠷᠬᠡᠳᠬᠡᠨ ᠬᠦᠢ᠍ᠴᠠᠨ ᠲᠠᠪᠠᠬᠤ ᠶᠡᠷᠦᠩᠭᠡᠢ ᠬᠠᠷᠠᠯᠳᠠ ᠵᠢ ᠪᠠᠷᠢᠮᠳᠠᠯᠠᠨ᠂ ᠪᠤᠬᠢᠷᠳᠤᠯ ᠦᠭᠡᠢ ᠳ᠋ᠧᠩᠺᠧᠦ ᠵᠢᠨ ᠠᠵᠢᠯᠯᠠᠭ᠎ᠠ ᠵᠢ ᠬᠦᠨᠵᠡᠭᠡᠢ ᠬᠡᠷᠡᠭᠵᠢᠬᠦᠯᠵᠦ᠂ ᠤᠰᠦ ᠨᠤᠭᠤᠭ᠋ᠠᠨ ᠡᠯᠡᠰᠦ ᠰᠤᠶᠤᠯ᠎ᠤᠨ ᠲᠦᠷᠪᠡᠨ ᠶᠡᠭᠡ ᠰᠡᠳᠤᠪ᠎ᠢ ᠭᠤᠢ᠍ᠢ᠍ᠪᠢᠰᠢ ᠦᠭᠡᠢ ᠠᠳᠬᠤᠨ᠂ ᠰᠤᠶᠤᠯ ᠵᠤᠭ᠋ᠠᠴᠠᠯ ᠪᠤᠬᠢᠷᠳᠤᠯ ᠦᠭᠡᠢ ᠤᠷᠭ᠋ᠠᠨᠢᠭ ᠴᠡᠪᠡᠷ ᠡᠨᠧᠷᠬᠢ ᠵᠢᠨ ᠭᠤᠷᠪᠠᠨ ᠶᠡᠭᠡ ᠬᠠᠭᠤᠳᠠᠰᠦ ᠵᠢ ᠪᠢᠴᠢᠭᠯᠡᠨ᠂ ᠵᠤᠭ᠋ᠠᠴᠠᠯ ᠮᠠᠯ ᠲᠠᠷᠢᠶᠠᠯᠠᠩ᠎ᠤᠨ ᠠᠰᠢᠭ ᠰᠢᠮ᠎ᠠ ᠵᠢᠨ ᠭᠠᠷᠤᠯᠳᠠ ᠵᠢ ᠡᠳ᠋ᠰᠢᠬᠦᠯᠭᠦ ᠬᠢᠳᠡᠳ ᠡᠮ᠎ᠤᠨ ᠮᠡᠲ᠋ᠧᠷᠢᠶᠠᠯ᠎ᠢ ᠦᠢ᠍ᠯᠡᠳᠪᠤᠷᠢᠯᠡᠨ ᠪᠤᠯᠪᠠᠰᠤᠷᠠᠭᠤᠯᠬᠤ ᠴᠠᠬᠢᠯᠭ᠋ᠠᠨ ᠬᠦᠴᠦᠨ᠎ᠤ ᠰᠢᠨ᠎ᠠ ᠡᠨᠧᠷᠬᠢ ᠵᠢᠨ ᠲᠦᠷᠪᠡᠨ ᠶᠡᠭᠡ ᠠᠵᠦ ᠦᠢ᠍ᠯᠡᠰ᠎ᠢ ᠪᠤᠵᠠᠭ᠋ᠠᠢ᠍ᠢ᠍ᠷᠠᠭᠤᠯᠤᠨ᠂ ᠬᠦᠨᠳᠦ ᠴᠢᠬᠤᠯᠠ ᠠᠶᠤᠯ ᠲᠦᠭᠰᠢᠬᠦᠷᠢ᠂ ᠤᠨᠢᠨ ᠲᠡᠭᠡᠷ᠎ᠠ᠎ᠨᠢ ᠶᠠᠳᠠᠭᠤ ᠵᠢ ᠲᠠᠳᠬᠦᠬᠦ᠂ ᠪᠤᠵᠠᠷᠳᠤᠯ᠎ᠢ ᠰᠠᠷᠬᠡᠢ᠍ᠢ᠍ᠯᠡᠨ ᠵᠠᠰᠠᠬᠤ ᠲᠠᠢ᠍ᠢ᠍ᠯᠠᠯᠳᠤᠭ᠋ᠠᠨ᠎ᠢ ᠡᠷᠡᠰ ᠰᠠᠢ᠍ᠢ᠍ᠨ ᠬᠢᠬᠦ ᠵᠢᠨ ᠬᠠᠮᠳᠦ ᠲᠦᠷᠢᠮᠵᠢᠬᠦᠯᠦᠨ ᠨᠠᠮᠳᠠᠭᠤᠯᠵᠦ᠂ ᠠᠵᠦ ᠠᠬᠤᠢ ᠤᠯᠤᠰ ᠲᠦᠷᠦ ᠰᠤᠶᠤᠯ ᠨᠡᠢ᠍ᠢ᠍ᠬᠡᠮ ᠠᠮᠢ ᠠᠬᠤᠢ ᠵᠢᠨ ᠪᠤᠯᠪᠠᠰᠤᠨ᠎ᠤ ᠪᠠᠢ᠍ᠢ᠍ᠭᠤᠯᠤᠯᠳᠠ ᠵᠢ ᠨᠢᠬᠡᠳᠤᠯᠳᠠᠢ ᠲᠦᠯᠦᠪᠵᠢᠬᠦᠯᠦᠨ ᠠᠬᠢᠭᠤᠯᠵᠦ᠂ ᠲᠤᠬᠳᠠᠬᠰᠠᠨ ᠴᠠᠭ᠎ᠲᠠᠭᠠᠨ ᠴᠢᠨᠡᠭᠡᠯᠢᠭ ᠨᠡᠢ᠍ᠢ᠍ᠬᠡᠮ᠎ᠢ ᠪᠦᠬᠦ ᠲᠠᠯ᠎ᠠ᠎ᠪᠠᠷ ᠪᠠᠢ᠍ᠢ᠍ᠭᠤᠯᠤᠨ ᠪᠠᠶᠠᠯᠡᠭᠦᠯᠵᠦ᠂ 《ᠪᠤᠭᠤᠮᠳᠠ ᠵᠢᠨ ᠭᠠᠳᠠᠨᠡᠬᠢ ᠵᠢᠶᠠᠩᠨᠠᠨ ᠪᠤᠬᠢᠷᠳᠤᠯ ᠦᠭᠡᠢ᠎ᠪᠠᠷ ᠬᠦᠭᠵᠢᠨ ᠮᠠᠨᠳᠤᠬᠤ》 ᠲᠤᠯᠤᠭ᠋ᠠᠢ᠍ᠢ᠍ᠯᠠᠬ᠍ᠴᠢ ᠪᠤᠯᠬᠤ᠎ᠪᠠᠷ ᠴᠢᠷᠮᠠᠢ᠍ᠢ᠍ᠨ᠎ᠠ᠃
  ᠭᠤᠤᠯ ᠪᠤᠯᠬᠤ ᠲᠠᠮᠡᠴᠡᠭᠦ ᠬᠠᠷᠠᠯᠳᠠ᠄
     — — ᠠᠵᠦ ᠠᠬᠤᠢ ᠵᠢᠨ ᠪᠤᠳᠠᠳᠦ ᠬᠦᠴᠦᠨ᠎ᠢ ᠮᠡᠳᠡᠭᠳᠡᠮ᠎ᠠ ᠴᠢᠩᠭ᠋ᠠᠷᠠᠭᠤᠯᠤᠨ᠎ᠠ᠃ ᠤᠳᠦ ᠦᠶ ᠎ᠠ ᠵᠢᠨ ᠲᠠᠷᠢᠶᠠᠯᠠᠩ ᠮᠠᠯ ᠠᠵᠦ ᠠᠬᠤᠢ ᠵᠢᠨ ᠬᠦᠭᠵᠢᠯᠳᠠ ᠴᠢᠬᠤᠯᠠ ᠶᠡᠭᠡ ᠠᠬᠢᠴᠠ᠎ᠲᠠᠢ ᠪᠤᠯᠵᠦ᠂ ᠠᠵᠦ ᠦᠢ᠍ᠯᠡᠳᠪᠤᠷᠢ ᠵᠢᠨ ᠠᠵᠦ ᠠᠬᠤᠢ ᠵᠢᠨ ᠪᠤᠳᠠᠳᠦ ᠬᠦᠴᠦᠨ ᠪᠦᠬᠦ ᠲᠠᠯ᠎ᠠ᠎ᠪᠠᠷ ᠲᠡᠭᠡᠭᠰᠢᠯᠡᠨ᠂ ᠵᠤᠭ᠋ᠠᠴᠠᠯ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠯᠳᠠ ᠨᠡᠩ ᠬᠦᠴᠦᠨ ᠲᠠᠬᠦᠯᠳᠠᠷ ᠪᠤᠯᠵᠦ᠂ ᠭᠤᠷᠪᠠᠨ ᠠᠵᠦ ᠦᠢ᠍ᠯᠡᠰ᠎ᠤᠨ ᠪᠦᠳᠦᠴᠠ᠎ᠨᠢ ᠨᠠᠩ ᠰᠢᠯᠢᠳᠡᠭᠵᠢᠪᠠ᠃ ᠠᠵᠦ ᠠᠬᠤᠢ ᠨᠠᠢ᠍ᠢ᠍ᠬᠡᠮ᠎ᠤᠨ ᠬᠦᠭᠵᠢᠯᠳᠠ᠎ᠨᠢ ᠤᠤᠯ᠎ᠤᠨ ᠬᠦᠢ᠍ᠴᠠᠨ ᠲᠠᠪᠠᠬᠤ᠎ᠠᠴᠠ᠎ᠪᠠᠨ ᠤᠳᠤᠷᠢᠳᠤᠨ ᠲᠠᠭ᠋ᠠᠭᠤᠯᠬᠤ ᠲᠡᠰᠢ ᠠᠬᠢᠪᠠ᠃
     — — ᠠᠮᠢᠳᠤᠷᠠᠯ᠎ᠤᠨ ᠬᠢᠷᠢ ᠲᠦᠪᠰᠢᠨ ᠶᠡᠭᠡᠪᠡᠷ ᠲᠡᠭᠡᠭᠰᠢᠯᠡᠪᠠ᠃ ᠬᠦᠭᠵᠢᠬᠦᠯᠭᠦ ᠲᠤᠮᠳᠠ ᠠᠷᠠᠳ᠎ᠤᠨ ᠠᠮᠢᠳᠤᠷᠠᠯ᠎ᠤᠨ ᠬᠢᠷᠢ ᠲᠦᠪᠰᠢᠨ᠎ᠢ ᠪᠠᠳᠤᠯᠠᠨ ᠰᠠᠢ᠍ᠢ᠍ᠵᠢᠷᠠᠭᠤᠯᠬᠤ ᠵᠢ ᠪᠠᠷᠢᠮᠳᠠᠯᠠᠨ᠂ ᠰᠤᠷᠤᠯᠴᠠᠬᠤ᠎ᠠᠴᠠ ᠬᠦᠮᠦᠵᠢᠯ᠎ᠲᠠᠢ᠂ ᠬᠦᠳᠡᠯᠮᠤᠷᠢᠯᠡᠪᠠᠯ ᠬᠦᠯᠦᠰᠦ᠎ᠲᠠᠢ᠂ ᠡᠪᠡᠳᠴᠢᠯᠠᠪᠠᠯ ᠡᠮᠨᠡᠯᠭᠡ᠎ᠲᠠᠢ᠂ ᠦᠳᠡᠯᠡᠪᠠᠯ ᠠᠰᠠᠷᠠᠮᠵᠢ᠎ᠲᠠᠢ᠂ ᠰᠠᠭᠤᠬᠤ᠎ᠠᠴᠠ ᠤᠷᠤᠨ᠎ᠲᠠᠢ᠂ ᠪᠠᠭᠤᠷᠠᠢ᠍ᠢ᠍ᠴᠤᠯ᠎ᠢ ᠲᠠᠳᠬᠦᠮᠵᠢ᠎ᠲᠠᠢ ᠪᠠᠢ᠍ᠢ᠍ᠯᠭ᠋ᠠᠨ ᠦᠨᠳᠤᠰᠤᠨ ᠤᠯᠠᠨ ᠨᠠᠢ᠍ᠢ᠍ᠳᠠ ᠵᠢᠨ ᠦᠢ᠍ᠯᠡᠴᠢᠯᠡᠭᠡ ᠵᠢ ᠲᠠᠩᠴᠡᠬᠦᠷᠢᠰᠢᠬᠦᠯᠦᠨ ᠬᠦᠭᠵᠢᠬᠦᠯᠭᠦ ᠵᠢ ᠪᠠᠶᠠᠯᠡᠭᠦᠯᠵᠠᠢ᠃ ᠬᠤᠳᠠ ᠬᠦᠳᠡᠭᠡ ᠵᠢᠨ ᠰᠠᠭᠤᠭ᠋ᠠᠯᠢ ᠠᠷᠠᠳ᠎ᠤᠨ ᠤᠷᠤᠯᠭ᠎ᠠ ᠵᠢ ᠲᠤᠭᠳᠠᠭᠤᠨ ᠵᠶ᠋ᠠᠷ ᠨᠡᠮᠡᠭᠳᠡᠭᠦᠯᠦᠨ᠂ ᠶᠠᠳᠠᠭᠤ ᠬᠦᠴᠢᠷᠳᠡᠯᠳᠠᠢ ᠬᠦᠮᠦᠨ ᠠᠮᠠ ᠵᠢ ᠪᠦᠬᠦᠨ᠎ᠢ ᠶᠠᠳᠠᠭᠤ᠎ᠠᠴᠠ ᠠᠩᠬᠢᠵᠢᠷᠠᠭᠤᠯᠤᠨ᠂ ᠠᠷᠠᠳ᠎ᠤᠨ ᠠᠮᠢᠳᠤᠷᠠᠯ᠎ᠢ ᠨᠠᠩ ᠪᠤᠳᠠᠳᠦ ᠬᠦᠴᠦᠨ᠎ᠲᠠᠢ ᠪᠤᠯᠭ᠋ᠠᠪᠠ᠃ ᠨᠡᠢ᠍ᠢ᠍ᠬᠡᠮ᠎ᠤᠨ ᠪᠠᠳᠤᠯᠠᠪᠦᠷᠢ ᠵᠢᠨ ᠬᠡᠮᠵᠢᠶ᠎ᠠ ᠢᠯᠡᠳᠳᠠ ᠲᠡᠭᠡᠭᠰᠢᠯᠡᠨ ᠰᠤᠶᠤᠯ᠎ᠤᠨ ᠠᠵᠦ ᠦᠢ᠍ᠯᠡᠰ ᠴᠡᠴᠡᠭᠯᠡᠨ ᠬᠦᠭᠵᠢᠵᠦ᠂ ᠨᠡᠢ᠍ᠢ᠍ᠬᠡᠮ᠎ᠤᠨ ᠶᠡᠭᠡ ᠪᠠᠢ᠍ᠢ᠍ᠳᠠᠯ ᠡᠶ᠎ᠠ ᠵᠤᠬᠢᠴᠠᠯ᠎ᠲᠠᠢ ᠲᠤᠬᠳᠠᠭᠤᠨ ᠪᠠᠢ᠍ᠢ᠍ᠵᠦ᠂ ᠦᠭᠡᠷᠡᠴᠢᠯᠠᠯᠳᠠ ᠵᠢ ᠪᠦᠬᠦ ᠲᠠᠯ ᠎ᠠ᠎ᠪᠠᠷ ᠬᠦᠨᠵᠡᠭᠡᠢ᠍ᠢ᠍ᠷᠡᠭᠦᠯᠭᠦ᠎ᠨᠢ ᠰᠢᠢ᠍ᠳᠪᠤᠷᠢᠯᠡᠭᠦ ᠴᠢᠨᠠᠷᠳᠠᠢ ᠠᠮᠵᠢᠯᠳᠠ ᠤᠯᠵᠦ᠂ ᠠᠷᠠᠳ ᠤᠯᠠᠨ᠎ᠤ ᠤᠯᠤᠯᠳᠠ ᠵᠢᠨ ᠲᠦᠷᠦᠭᠳᠠᠯ ᠵᠤᠯ ᠵᠢᠷᠭ᠋ᠠᠯ᠎ᠤᠨ ᠵᠢᠭ᠋ᠠᠯᠳᠠ ᠲᠤᠭ ᠎ᠠ᠂ ᠠᠮᠦᠷ ᠲᠦᠪᠰᠢᠨ ᠲᠦᠷᠦᠭᠳᠠᠯ ᠨᠠᠩ ᠪᠠᠳᠤᠵᠢᠵᠦ ᠪᠠᠳᠤᠯᠠᠭ᠎ᠠ᠎ᠲᠠᠢ ᠪᠤᠯᠪᠠ᠃
     — — ᠬᠤᠳᠠ ᠬᠦᠳᠡᠭᠡ ᠵᠢᠨ ᠲᠦᠷᠰᠦ ᠪᠠᠢ᠍ᠢ᠍ᠳᠠᠯ ᠨᠠᠩ ᠭᠤᠶᠤᠵᠢᠪᠠ᠃ ᠬᠦᠮᠦᠨ ᠪᠠᠢ᠍ᠢ᠍ᠭ᠋ᠠᠯᠢ ᠵᠢᠨ ᠡᠶ᠎ᠠ ᠵᠤᠬᠢᠴᠠᠯ᠎ᠲᠠᠢ ᠬᠠᠮᠲᠤ᠎ᠪᠠᠷ ᠤᠷᠤᠰᠢᠬᠤ ᠵᠢ ᠪᠠᠷᠢᠮᠳᠠᠯᠠᠨ᠂ ᠠᠮᠢ ᠠᠬᠤᠢ ᠵᠢᠨ ᠪᠤᠯᠪᠠᠰᠤᠨ᠎ᠤ ᠪᠠᠢ᠍ᠢ᠍ᠭᠤᠯᠤᠯᠳᠠ ᠵᠢ ᠲᠦᠷᠬᠡᠳᠬᠡᠨ᠂ ᠠᠭᠤᠯᠠ ᠤᠰᠦ ᠤᠢ ᠲᠠᠷᠢᠶᠠᠨ ᠭᠠᠵᠠᠷ ᠨᠠᠭᠤᠷ ᠪᠦᠷᠢᠳᠦ ᠲᠠᠯ᠎ᠠ ᠨᠤᠳᠤᠭ ᠡᠯᠡᠰᠦ ᠵᠢ ᠰᠢᠰᠲ᠋ᠧᠮ᠎ᠲᠠᠢ ᠵᠠᠰᠠᠬᠤ ᠵᠢ ᠨᠢᠬᠡᠳᠤᠯᠳᠠᠢ ᠲᠦᠯᠬᠢᠨ ᠠᠬᠢᠭᠤᠯᠵᠦ᠂ ᠪᠤᠬᠢᠷᠳᠤᠯ ᠦᠭᠡᠢ ᠬᠦᠭᠵᠢᠯᠳᠠ ᠵᠢᠨ ᠠᠷᠭ᠎ᠠ ᠬᠡᠯᠪᠠᠷᠢ ᠪᠠ ᠠᠮᠢᠳᠤᠷᠠᠯ᠎ᠤᠨ ᠠᠷᠭ᠎ᠠ ᠮᠠᠶᠢᠬ᠎ᠢ ᠪᠦᠷᠢᠯᠳᠤᠬᠦᠯᠪᠠ᠃ 2022 ᠤᠨ ᠪᠤᠯᠬᠤ᠎ᠳᠤ ᠪᠦᠬᠦ ᠰᠢᠶᠠᠨ᠎ᠤ ᠤᠢ ᠰᠢᠭᠤᠢ ᠵᠢᠨ ᠪᠦᠷᠬᠦᠴᠠ ᠵᠢᠨ ᠨᠤᠷᠮ᠎ᠠ ᠵᠢ 24% ᠎ᠳᠤ ᠬᠦᠷᠬᠡᠨ᠂ ᠬᠤᠳᠠ ᠪᠠᠯᠭ᠋ᠠᠰᠦ ᠵᠢᠨ ᠨᠤᠭᠤᠭ᠋ᠠᠷᠠᠭᠤᠯᠤᠯᠳᠠ ᠵᠢ 68% ᠎ᠳᠤ ᠬᠦᠷᠬᠡᠵᠦ᠂ ᠪᠠᠶᠠᠨᠭᠤᠤᠯ ᠪᠠᠯᠭ᠋ᠠᠰᠦ ᠵᠢ ᠠᠮᠢ ᠠᠬᠤᠢ᠍ᠵᠢᠬᠰᠠᠨ ᠤᠷᠤᠰᠢᠨ ᠰᠠᠭᠤᠷᠢᠰᠢᠬᠤ᠎ᠳᠤ ᠲᠠᠭ᠋ᠠᠳᠠᠢ ᠪᠤᠯᠭ᠋ᠠᠨ ᠪᠦᠳᠦᠬᠡᠨ ᠪᠠᠢ᠍ᠢ᠍ᠭᠤᠯᠵᠦ᠂ ᠰᠢᠶᠠᠩ ᠲᠤᠰᠬᠤᠨ᠎ᠢ ᠪᠦᠬᠦ ᠲᠠᠯ᠎ᠠ᠎ᠪᠠᠷ ᠮᠠᠨᠳᠤᠭᠤᠯᠬᠤ ᠵᠢ ᠪᠤᠳᠠᠳᠦ ᠦᠷ᠎ᠠ ᠠᠰᠢᠭ᠎ᠲᠠᠢ ᠪᠤᠯᠭ᠋ᠠᠵᠦ᠂ ᠬᠤᠳᠠ ᠬᠦᠳᠡᠭᠡ ᠵᠢᠨ ᠤᠯᠠᠨ ᠨᠠᠢ᠍ᠢ᠍ᠳᠠ ᠵᠢᠨ ᠦᠢ᠍ᠯᠡᠴᠢᠯᠡᠭᠡᠨ᠎ᠤ ᠪᠦᠳᠦᠭᠡᠭᠳᠡᠬᠦᠨ ᠨᠡᠩ ᠲᠠᠩᠴᠡᠬᠦᠷᠢᠳᠠᠢ ᠬᠦᠭᠵᠢᠪᠠ᠃
     — — ᠵᠠᠰᠠᠭ ᠵᠠᠬᠢᠷᠭ᠋ᠠᠨ᠎ᠤ ᠡᠬᠦᠷᠭᠡ ᠴᠢᠳᠠᠪᠬᠢ ᠪᠦᠬᠦ ᠲᠠᠯ᠎ᠠ᠎ᠪᠠᠷ ᠲᠡᠭᠡᠭᠰᠢᠯᠡᠪᠠ᠃ ᠵᠠᠰᠠᠭ᠎ᠤᠨ ᠤᠷᠳᠤᠨ᠎ᠤ ᠠᠵᠢᠯ᠎ᠤᠨ ᠭᠤᠤᠯᠳᠠᠯᠭ᠎ᠠ᠎ᠪᠠᠨ ᠠᠵᠦ ᠠᠬᠤᠢ ᠵᠢᠨ ᠪᠦᠳᠦᠴᠠ ᠵᠢ ᠲᠤᠬᠢᠷᠠᠭᠤᠯᠬᠤ᠂ ᠵᠠᠬ᠎ᠠ ᠲᠠᠯᠭᠡᠭᠦᠷ᠎ᠤᠨ ᠬᠢᠨᠠᠨ ᠬᠠᠮᠢᠶᠠᠷᠤᠯᠳᠠ᠂ ᠨᠡᠢ᠍ᠢ᠍ᠬᠡᠮ᠎ᠤᠨ ᠬᠠᠮᠢᠶᠠᠷᠤᠯᠳᠠ ᠪᠠ ᠤᠯᠠᠨ ᠨᠠᠢ᠍ᠢ᠍ᠳᠠ ᠵᠢᠨ ᠦᠢ᠍ᠯᠡᠴᠢᠯᠡᠬᠡᠨ᠎ᠤ ᠴᠢᠳᠡᠪᠬᠢ ᠲᠠᠭᠡᠷ᠎ᠠ ᠲᠤᠭᠤᠰᠢᠯᠠᠭᠤᠯᠵᠦ᠂ ᠵᠠᠰᠠᠭ᠎ᠤᠨ ᠤᠷᠳᠤᠨ᠎ᠤ ᠠᠵᠢᠯ᠎ᠤᠨ ᠬᠠᠤᠯᠢᠵᠢᠬᠰᠠᠨ᠂ ᠲᠤᠰ ᠪᠠᠶ᠎ᠠ ᠵᠢᠨ ᠵᠶ᠋ᠠᠨ ᠲᠡᠬᠦᠯᠳᠡᠷᠵᠢᠯᠳᠠ ᠰᠢᠨᠡᠴᠢᠯᠠᠯᠳᠠ ᠵᠢ ᠴᠢᠩᠭ᠋ᠠᠳᠬᠠᠨ᠂ ᠲᠦᠪ ᠴᠢᠩᠭ᠎ᠠ ᠠᠷᠢᠭᠤᠨ ᠴᠢᠭᠡᠴᠢ ᠠᠵᠢᠯ ᠬᠢᠵᠦ ᠦᠢ᠍ᠯᠡᠰ ᠪᠦᠳᠦᠭᠡᠭᠦ ᠵᠠᠰᠠᠭ᠎ᠤᠨ ᠤᠷᠴᠢᠨ᠎ᠢ ᠪᠤᠢ ᠪᠤᠯᠭ᠋ᠠᠨ᠎ᠠ᠃
      ᠬᠤᠢ᠍ᠢ᠍ᠰᠢᠳᠠ ᠵᠢᠨ ᠲᠠᠪᠤᠨ ᠵᠢᠯ᠎ᠳᠤ ᠪᠢᠳᠠ ᠬᠦᠴᠦᠨ ᠵᠶ᠋ᠠᠨ ᠲᠦᠪᠯᠡᠷᠡᠭᠦᠯᠦᠨ ᠲᠤᠤᠷᠠᠬᠢ ᠲᠠᠪᠤᠨ ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠠᠳᠬᠤᠨ᠎ᠠ᠄
     (ᠨᠢᠬᠡ) ᠠᠵᠦ ᠦᠢ᠍ᠯᠡᠰ᠎ᠤᠨ ᠲᠤᠯᠭ᠋ᠠᠭᠤᠷᠢᠯᠠᠯ᠎ᠢ ᠲᠤᠪᠤᠢ᠍ᠢ᠍ᠯᠭ᠋ᠠᠨ᠂ ᠪᠦᠬᠦ ᠲᠠᠯ᠎ᠠ ᠵᠢᠨ ᠴᠢᠨᠡᠭᠡᠯᠢᠭᠵᠢᠯ᠎ᠤᠨ ᠬᠠᠭᠤᠳᠠᠰᠦ ᠵᠢ ᠪᠢᠴᠢᠯᠠᠨ᠎ᠠ
      ᠤᠷᠭ᠋ᠠᠨᠢᠭ ᠪᠠᠢ᠍ᠢ᠍ᠬᠤ ᠨᠠᠷᠠᠳᠦ ᠲᠠᠮᠳᠡᠭ ᠵᠶ᠋ᠠᠷ ᠮᠠᠯ ᠲᠠᠷᠢᠶᠠᠯᠠᠩ᠎ᠤᠨ ᠤᠳᠤᠬᠢᠴᠢᠯᠠᠯᠳᠠ ᠵᠢ ᠲᠦᠯᠬᠢᠨ ᠠᠬᠢᠭᠤᠯᠤᠨ᠎ᠠ᠃ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠪᠠᠢ᠍ᠢ᠍ᠯᠳᠤᠬᠤ ᠪᠤᠳᠤᠯᠭ᠎ᠠ ᠵᠢ ᠬᠡᠷᠡᠭᠵᠢᠬᠦᠯᠵᠦ᠂ ᠠᠵᠦ ᠦᠢ᠍ᠯᠡᠰ ᠬᠦᠭᠵᠢᠭᠰᠠᠨ ᠠᠮᠢ ᠠᠬᠤᠢ ᠲᠠᠭ᠋ᠠᠳᠠᠢ ᠬᠦᠳᠡᠭᠡ ᠵᠢᠨ ᠠᠷᠠᠨᠰᠢᠨ ᠪᠤᠯᠪᠠᠰᠤᠨ ᠵᠦᠢ ᠵᠤᠬᠢᠰᠳᠠᠢ ᠴᠡᠭᠴᠠᠯᠠᠨ ᠵᠠᠰᠠᠬᠰᠠᠨ ᠠᠮᠢᠳᠤᠷᠠᠯ ᠴᠢᠨᠡᠭᠡᠯᠢᠭ ᠪᠠᠢ᠍ᠢ᠍ᠬᠤ ᠶᠡᠷᠦᠩᠭᠡᠢ ᠱᠠᠭ᠋ᠠᠷᠳᠡᠯᠭ᠎ᠠ ᠶᠤᠰᠤᠭ᠋ᠠᠷ 《ᠪᠤᠬᠢᠷᠳᠤᠯ ᠦᠭᠡᠢ ᠤᠷᠭ᠋ᠠᠨᠢᠭ ᠤᠨᠴᠠᠯᠢᠬᠳᠦ ᠲᠦᠷᠦᠯ ᠲᠠᠮᠳᠡᠭᠳᠦ》 ᠲᠠᠷᠢᠶᠠᠯᠠᠩ ᠮᠠᠯ ᠠᠵᠦ ᠠᠬᠤᠢ ᠵᠢ ᠬᠦᠭᠵᠢᠬᠦᠯᠵᠦ᠂ ᠤᠨᠠᠯᠳᠠ᠎ᠨᠢ ᠦᠨᠳᠤᠷ᠂ ᠪᠦᠳᠦᠭᠡᠭᠳᠡᠬᠦᠨ᠎ᠨᠢ ᠠᠮᠦᠷ ᠲᠦᠪᠰᠢᠨ᠂ ᠡᠬᠢ ᠪᠠᠶᠠᠯᠢᠭ᠎ᠢ ᠠᠷᠪᠢᠯᠠᠨ ᠭᠠᠮᠨᠠᠬᠰᠠᠨ᠂ ᠤᠷᠴᠢᠨ ᠲᠤᠭᠤᠷᠢᠨ ᠨᠦᠬᠦᠷᠰᠡᠭ ᠪᠠᠢ᠍ᠢ᠍ᠬᠤ ᠮᠠᠯ ᠲᠠᠷᠢᠶᠠᠯᠠᠩ᠎ᠤᠨ ᠤᠳᠦ ᠦᠶ ᠎ᠠ ᠵᠢᠨ ᠵᠠᠮ ᠵᠶ᠋ᠠᠷ ᠵᠠᠮᠨᠠᠨ᠂ ᠤᠯᠤᠰ᠎ᠤᠨ ᠤᠷᠭ᠋ᠠᠨᠢᠭ ᠪᠦᠳᠦᠭᠡᠭᠳᠡᠬᠦᠨ᠎ᠤ ᠨᠤᠳᠠᠯᠠᠯᠳᠠ ᠵᠢᠨ ᠵᠢᠱ᠌ᠢᠶ᠎ᠠ ᠦᠵᠡᠬᠦᠯᠭᠦ ᠰᠢᠶᠠᠨ᠂ ᠤᠨᠴᠠᠯᠢᠬᠳᠦ ᠤᠷᠭ᠋ᠠᠨᠢᠭ ᠲᠠᠷᠢᠶᠠᠯᠠᠩ᠎ᠤᠨ ᠪᠦᠳᠦᠭᠡᠭᠳᠡᠭᠦᠨ ᠪᠠ ᠮᠠᠯ ᠵᠢᠬᠦᠷᠳᠠᠨ᠎ᠤ ᠪᠠᠭ᠋ᠠᠰᠦ ᠵᠢ ᠡᠬᠢ ᠪᠠᠶᠠᠯᠢᠭ ᠪᠤᠯᠭ᠋ᠠᠨ ᠬᠤᠪᠢᠷᠠᠭᠤᠯᠬᠤ ᠵᠢᠱ᠌ᠢᠶ᠎ᠠ ᠦᠵᠡᠬᠦᠯᠬᠦ ᠰᠢᠶᠠᠨ ᠪᠤᠯᠭ᠋ᠠᠨ ᠪᠦᠳᠦᠭᠡᠨ ᠪᠠᠢ᠍ᠢ᠍ᠭᠤᠯᠵᠦ᠂ ᠲᠠᠷᠢᠵᠦ ᠲᠡᠵᠢᠬᠡᠬᠦ᠎ᠪᠠᠷ ᠭᠤᠤᠯ ᠪᠤᠯᠭ᠋ᠠᠬᠰᠠᠨ ᠪᠤᠬᠢᠷᠳᠤᠯ ᠦᠭᠡᠢ ᠤᠷᠭ᠋ᠠᠨᠢᠭ ᠨᠠᠷ᠎ᠠ ᠵᠢᠨ ᠬᠠᠭᠤᠳᠠᠰᠦ ᠵᠢ ᠴᠢᠷᠮᠠᠢ᠍ᠢ᠍ᠨ ᠡᠬᠦᠳᠤᠨ᠎ᠠ᠃ ᠬᠤᠸᠠᠯᠠᠢ᠍ᠢ᠍ᠱ᠌ᠢ ᠬᠡᠮᠬᠡ ᠵᠡᠷᠭᠡ ᠠᠮᠳᠠᠳᠦ ᠬᠡᠮᠭᠡ ᠵᠢᠨ ᠦᠢ᠍ᠯᠡᠳᠪᠦᠷᠢᠯᠡᠯ ᠵᠶ᠋ᠠᠷ ᠭᠤᠤᠯ ᠪᠤᠯᠭ᠋ᠠᠬᠰᠠᠨ ᠲᠦᠬᠦᠭᠡᠷᠤᠮᠵᠢᠳᠦ ᠲᠠᠷᠢᠶᠠᠯᠠᠩ᠎ᠢ ᠲᠦᠷᠬᠡᠨ ᠬᠦᠭᠵᠢᠬᠦᠯᠵᠦ᠂ ᠲᠦᠬᠦᠭᠡᠷᠤᠮᠵᠢᠳᠦ ᠲᠠᠷᠢᠶᠠᠯᠠᠩ᠎ᠢ ᠰᠢᠨ᠎ᠠ᠎ᠪᠠᠷ 2.5 ᠲᠦᠮᠡᠨ ᠮᠦ᠍ ᠨᠡᠮᠡᠭᠳᠡᠬᠦᠯᠵᠦ᠂ ᠵᠠᠰᠠᠭ᠎ᠤᠨ ᠤᠷᠳᠤᠨ᠎ᠠᠴᠠ ᠲᠠᠮᠵᠢᠨ ᠠᠵᠦ ᠠᠬᠤᠢ᠍ᠢ᠍ᠯᠠᠯ᠎ᠠᠴᠠ ᠲᠠᠭ᠋ᠠᠭᠤᠯᠤᠨ ᠲᠤᠰᠬᠠᠢ᠍ᠢ᠍ᠵᠢᠬᠰᠠᠨ ᠬᠤᠷᠰᠢᠶ᠎ᠠ ᠲᠦᠯᠬᠢᠨ ᠠᠬᠢᠭᠤᠯᠵᠦ ᠮᠠᠯᠴᠢᠨ ᠲᠠᠷᠢᠶᠠᠴᠢᠳ ᠦᠷᠭᠡᠨ ᠵᠶ᠋ᠠᠷ ᠤᠷᠤᠯᠴᠠᠬᠰᠠᠨ ᠰᠢᠨ᠎ᠠ ᠪᠠᠢ᠍ᠢ᠍ᠳᠠᠯ᠎ᠢ ᠪᠤᠢ ᠪᠤᠯᠭ᠋ᠠᠨ᠎ᠠ᠃ ᠲᠦᠷᠦᠯ ᠲᠠᠮᠳᠡᠭ᠎ᠢ ᠪᠤᠢ᠍ᠢ᠍ᠵᠢᠭᠤᠯᠬᠤ ᠪᠠ ᠬᠠᠮᠠᠭ᠋ᠠᠯᠠᠬᠤ ᠬᠦᠴᠦᠯᠠᠴᠠ᠎ᠪᠠᠨ ᠴᠢᠩᠭ᠋ᠠᠳᠬᠠᠨ ᠭᠠᠵᠠᠷ ᠤᠷᠤᠨ᠎ᠤ ᠲᠦᠷᠦᠯ ᠲᠠᠮᠳᠡᠭ᠎ᠤᠨ ᠦᠨ᠎ᠠ ᠦᠷᠳᠡᠭ᠎ᠢ ᠲᠡᠭᠡᠭᠰᠢᠯᠡᠬᠦᠯᠵᠦ᠂ ᠦᠨᠡᠨ ᠬᠦ᠌ ᠦᠨᠳᠤᠷ ᠤᠨᠠᠯᠳᠠ᠎ᠲᠠᠢ ᠰᠢᠯᠢᠳᠡᠭ ᠴᠢᠨᠠᠷ᠎ᠤᠨ ᠦᠨᠳᠤᠷ ᠦᠨ᠎ᠠ᠎ᠲᠠᠢ ᠪᠠᠢ᠍ᠢ᠍ᠬᠤ ᠵᠢ ᠪᠠᠶᠠᠯᠡᠬᠦᠯᠦᠨ᠎ᠠ᠃ ᠲᠠᠷᠢᠶᠠᠴᠢᠳ ᠪᠠ ᠠᠵᠦ ᠠᠬᠤᠢ᠍ᠢ᠍ᠯᠠᠯ᠎ᠤᠨ ᠠᠰᠢᠭ ᠲᠤᠰᠠ ᠵᠢ ᠬᠤᠯᠪᠤᠬᠤ ᠨᠠᠩ ᠴᠢᠩᠭ᠎ᠠ ᠲᠤᠬᠳᠠᠴᠠ ᠵᠢ ᠪᠦᠷᠢᠳᠤᠭᠦᠯᠵᠦ᠂ ᠪᠤᠬᠢᠷᠳᠤᠯ ᠦᠭᠡᠢ ᠤᠷᠭ᠋ᠠᠨᠢᠭ ᠢᠳᠡᠬᠡᠨ᠎ᠤ ᠤᠢ᠍ᠢ᠍ᠯᠡᠳᠪᠤᠷᠢᠯᠡᠯ᠎ᠤᠨ ᠰᠠᠭᠤᠷᠢᠨ ᠭᠠᠵᠠᠷ᠎ᠢ 150 ᠲᠦᠮᠡᠨ ᠮᠦ᠍ ᠪᠠᠢ᠍ᠢ᠍ᠭᠤᠯᠵᠦ᠂ ᠭᠤᠯᠢᠷ ᠲᠤᠳᠤᠷᠭ᠎ᠠ ᠲᠤᠰᠦ᠂ ᠮᠢᠬ᠎ᠠ ᠰᠦ᠂ ᠤᠰᠤᠨ᠎ᠤ ᠭᠠᠷᠦᠯᠳᠠ᠂ ᠦᠵᠦᠮ᠎ᠤᠨ ᠠᠷᠢᠬᠢ ᠨᠠᠷᠠᠬᠦ ᠵᠡᠷᠭᠡ ᠬᠡᠪᠴᠢᠶᠠᠨ᠎ᠳᠠᠬᠢ ᠨᠠᠷᠠᠳᠦ ᠲᠠᠮᠳᠡᠭ᠎ᠢ ᠢᠳᠡᠪᠬᠢᠳᠠᠢ ᠡᠬᠦᠳᠴᠦ᠂ ᠲᠠᠷᠢᠶᠠᠯᠠᠩ᠎ᠤᠨ ᠪᠦᠳᠦᠭᠡᠭᠳᠡᠬᠦᠨ᠎ᠢ ᠵᠠᠬᠢᠶᠠᠯᠠᠨ ᠦᠢ᠍ᠯᠡᠳᠪᠤᠷᠢᠯᠡᠵᠦ᠂ ᠪᠠᠷᠢᠮᠵᠢᠶᠠᠵᠢᠬᠰᠠᠨ ᠬᠠᠮᠢᠶᠠᠷᠤᠯᠳᠠ᠂ ᠲᠦᠷᠦᠯ ᠲᠠᠮᠳᠡᠭᠳᠦ ᠪᠤᠷᠤᠯᠠᠭᠤᠯᠭ᠎ᠠ ᠵᠢ ᠪᠠᠶᠠᠯᠡᠬᠦᠯᠦᠨ᠎ᠠ᠃ ᠡᠯᠡᠰᠦᠨ᠎ᠤ ᠠᠵᠦ ᠦᠢ᠍ᠯᠡᠰ᠎ᠢ ᠲᠦᠷᠬᠡᠳᠬᠡᠨ ᠬᠦᠭᠵᠢᠬᠦᠯᠵᠦ᠂ ᠬᠢᠳᠠᠳ ᠡᠮ᠎ᠤᠨ ᠮᠠᠲ᠋ᠧᠷᠢᠶᠠᠯ᠂ ᠠᠷᠢᠬᠢ ᠨᠡᠷᠡᠭᠦ ᠦᠵᠤᠮ᠂ ᠤᠨᠴᠠᠯᠢᠬᠳᠦ ᠵᠢᠮᠢᠰ᠎ᠤᠨ ᠦᠢ᠍ᠯᠡᠰ ᠵᠶ᠋ᠠᠷ ᠭᠤᠤᠯ ᠪᠤᠯᠭ᠋ᠠᠬᠰᠠᠨ ᠤᠨᠴᠠᠯᠢᠬᠳᠦ ᠲᠠᠷᠢᠵᠦ ᠲᠡᠵᠢᠬᠡᠬᠦ ᠰᠠᠭᠤᠷᠢᠨ ᠭᠠᠵᠠᠷ᠎ᠢ ᠪᠦᠷᠢᠯᠳᠤᠬᠦᠯᠵᠦ᠂ ᠪᠦᠬᠦ ᠤᠯᠤᠰ᠎ᠤᠨ ᠡᠯᠡᠰᠦ ᠵᠢ ᠵᠠᠰᠠᠬᠤ ᠠᠮᠢ ᠠᠬᠤᠢ ᠵᠢᠨ ᠵᠢᠱ᠌ᠢᠶ᠎ᠠ ᠦᠵᠡᠬᠦᠯᠭᠦ ᠲᠤᠭᠤᠷᠢᠭ ᠪᠠ ᠡᠯᠡᠰᠦᠨ᠎ᠤ ᠠᠵᠦ ᠦᠢ᠍ᠯᠡᠰ᠎ᠤᠨ ᠬᠡᠯᠬᠢᠶᠠᠵᠢᠯ᠎ᠤᠨ ᠨᠡᠬᠡᠬᠡᠯᠳᠠ ᠵᠢᠨ ᠵᠢᠱ᠌ᠢᠶ᠎ᠠ ᠦᠵᠡᠬᠦᠯᠬᠦ ᠲᠤᠭᠤᠷᠢᠭ᠎ᠢ ᠡᠬᠦᠳᠤᠨ ᠪᠠᠢ᠍ᠢ᠍ᠭᠤᠯᠤᠨ᠎ᠠ᠃ ᠬᠤᠨᠢᠨ᠎ᠤ ᠲᠤᠭ᠎ᠠ ᠵᠢ ᠲᠤᠬᠳᠠᠭᠤᠨ ᠪᠠᠢ᠍ᠢ᠍ᠯᠭ᠋ᠠᠵᠦ᠂ ᠦᠭᠡᠷ ᠭᠠᠬᠠᠢ ᠵᠢᠬᠦᠷᠳᠡᠨ᠎ᠤ ᠲᠤᠭ᠎ᠠ ᠵᠢ ᠨᠡᠮᠡᠭᠳᠡᠭᠦᠯᠦᠨ ᠵᠢᠭ᠋ᠠᠰᠦᠨ᠎ᠤ ᠠᠵᠦ ᠦᠢ᠍ᠯᠡᠰ᠎ᠢ ᠬᠦᠴᠦᠷᠬᠡᠭᠵᠢᠬᠦᠯᠬᠦ ᠵᠢ ᠪᠠᠷᠢᠮᠳᠠᠯᠠᠵᠦ᠂ 160 ᠲᠦᠮᠡᠨ ᠲᠤᠯᠤᠭ᠋ᠠᠢ ᠠᠯᠠᠰᠢᠨ ᠬᠤᠨᠢ᠂ 12 ᠲᠦᠮᠡᠨ ᠤᠷᠭ᠋ᠠᠨᠢᠭ ᠰᠠᠭ᠋ᠠᠯᠢ ᠵᠢᠨ ᠦᠨᠢᠶ᠎ᠠ᠂ 5 ᠲᠦᠮᠡᠨ ᠠᠯᠠᠰᠢᠨ ᠦᠭᠡᠷ᠂ 20 ᠲᠦᠮᠡᠨ ᠭᠠᠬᠠᠢ᠂ 40 ᠲᠦᠮᠡᠨ ᠵᠢᠬᠦᠷᠳᠡᠨ᠎ᠤ ᠰᠠᠭᠤᠷᠢᠨ ᠭᠠᠵᠠᠷ᠎ᠢ ᠪᠠᠢ᠍ᠢ᠍ᠭᠤᠯᠵᠦ᠂ ᠮᠠᠯ ᠲᠠᠵᠢᠬᠡᠪᠤᠷᠢ ᠵᠢᠨ ᠶᠡᠷᠦᠩᠭᠡᠢ ᠬᠡᠮᠵᠢᠶ᠎ᠠ ᠵᠢ 240 ᠲᠦᠮᠡ᠎ᠳᠤ ᠬᠦᠷᠬᠡᠨ᠎ᠠ᠃ ᠲᠠᠷᠢᠶᠠᠯᠠᠩ᠎ᠤᠨ ᠶᠠᠮᠤᠨ᠎ᠤ ᠵᠢᠭ᠋ᠠᠰᠦᠨ᠎ᠤ ᠦᠢ᠍ᠯᠡᠰ᠎ᠤᠨ ᠡᠷᠡᠬᠦᠯ ᠬᠦᠭᠵᠢᠯᠳᠠ ᠵᠢᠨ ᠵᠢᠱ᠌ᠢᠶ᠎ᠠ ᠦᠵᠡᠭᠦᠯᠭᠦ ᠦᠷ᠎ᠠ ᠪᠦᠳᠦᠭᠡᠯ᠎ᠢ ᠦᠷᠬᠡᠳᠬᠡᠨ᠂ ᠤᠨᠴᠠᠯᠢᠬᠳᠦ ᠵᠢᠭ᠋ᠠᠰᠤᠨ᠎ᠤ ᠦᠢ᠍ᠯᠡᠰ᠎ᠤᠨ ᠲᠠᠵᠢᠬᠡᠨ ᠦᠷᠡᠵᠢᠬᠦᠯᠬᠦ ᠲᠠᠯᠠᠪᠠᠢ ᠵᠢ 12 ᠲᠦᠮᠡᠨ ᠮᠦ᠍ ᠪᠤᠯᠳᠠᠯ᠎ᠠ ᠦᠷᠬᠡᠳᠬᠡᠨ᠂ ᠵᠢᠯ᠎ᠤᠨ ᠰᠢᠯᠢᠳᠡᠭ ᠵᠢᠭ᠋ᠠᠰᠦᠨ᠎ᠤ ᠪᠦᠳᠦᠭᠡᠭᠳᠡᠬᠦᠨ᠎ᠢ 2.4 ᠲᠦᠮᠡᠨ ᠲᠤᠨ᠎ᠳᠤ ᠬᠦᠷᠬᠡᠨ᠂ ᠵᠢᠭ᠋ᠠᠰᠤᠨ᠎ᠤ ᠠᠵᠦ ᠦᠢ᠍ᠯᠡᠰ᠎ᠤᠨ ᠦᠷᠳᠡᠭ᠎ᠢ 6 ᠳ᠋ᠦ᠍ᠢ᠍ᠩᠰᠢᠭᠤᠷ ᠲᠦᠭᠦᠷᠢᠭ᠎ᠲᠤ ᠬᠦᠷᠬᠡᠵᠦ᠂ ᠵᠢᠭ᠋ᠠᠰᠤᠨ᠎ᠤ ᠠᠵᠦ ᠦᠢ᠍ᠯᠡᠰ᠎ᠢ ᠪᠦᠳᠦᠬᠦᠯᠢᠭ ᠡᠵᠡᠩᠨᠠᠯᠳᠠ ᠵᠢᠨ ᠬᠡᠯᠪᠠᠷᠢ᠎ᠠᠴᠠ ᠦᠨᠳᠤᠷ ᠦᠷ᠎ᠠ ᠠᠰᠢᠬᠳᠦ ᠡᠷᠴᠢᠮᠵᠢᠭᠰᠠᠨ ᠲᠠᠵᠢᠬᠡᠨ ᠦᠷᠡᠵᠢᠬᠦᠯᠭᠦ ᠬᠡᠪ ᠵᠠᠬ᠍ᠪᠤᠷ ᠲᠠᠰᠢ ᠬᠤᠪᠢᠷᠠᠭᠤᠯᠤᠨ᠂ ᠵᠢᠭ᠋ᠠᠰᠦ ᠬᠦᠬᠢᠳᠡᠭᠦ᠂ ᠲᠤᠭᠤᠷᠢᠨ ᠦᠵᠡᠬᠦ᠂ ᠢᠳᠡᠬᠡᠨ ᠤᠮᠳᠠᠭ᠋ᠠᠨ᠂ ᠨᠠᠭ᠋ᠠᠳᠴᠦ ᠠᠮᠠᠷᠠᠬᠤ ᠵᠡᠷᠭᠡ ᠨᠢᠬᠡ ᠴᠤᠬ᠍ᠴᠠᠵᠢᠬᠰᠠᠨ ᠬᠡᠯᠪᠠᠷᠢ ᠵᠢ ᠪᠦᠷᠢᠯᠳᠤᠬᠦᠯᠦᠨ᠎ᠠ᠃ ᠤᠳᠦ ᠦᠶ᠎ᠠ ᠵᠢᠨ ᠲᠠᠷᠢᠶᠠᠯᠠᠩ ᠮᠠᠯ ᠠᠵᠦ ᠠᠬᠤᠢ ᠵᠢ ᠬᠤᠶᠠᠷ ᠭᠤᠷᠪᠠᠳᠤᠭ᠋ᠠᠷ ᠠᠵᠦ ᠦᠢ᠍ᠯᠡᠰ᠎ᠲᠠᠢ ᠵᠠᠯᠭ᠋ᠠᠯᠳᠤᠭᠤᠯᠤᠨ᠂ 《ᠢᠨᠲ᠋ᠧᠷ ᠰᠦᠯᠵᠢᠶ᠎ᠠ + ᠲᠠᠷᠢᠶᠠᠯᠠᠩ》᠎ᠤᠨ ᠠᠵᠢᠯᠯᠠᠭ᠎ᠠ ᠵᠢ ᠬᠡᠷᠡᠭᠵᠢᠬᠦᠯᠦᠨ᠂ ᠲᠠᠷᠢᠶᠠᠯᠠᠩ᠎ᠤᠨ ᠲᠤᠭ᠎ᠠ ᠪᠠᠷᠢᠮᠳᠠ ᠵᠢᠨ ᠲᠠᠬᠳᠦ ᠵᠢ ᠪᠠᠢ᠍ᠢ᠍ᠭᠤᠯᠵᠦ᠂ ᠮᠠᠯ ᠲᠠᠷᠢᠶᠠᠯᠠᠩ᠎ᠤᠨ ᠦᠢ᠍ᠯᠡᠰ᠎ᠤᠨ ᠬᠡᠯᠬᠢᠶ᠎ᠠ ᠪᠠ ᠦᠷᠳᠡᠭ᠎ᠤᠨ ᠬᠡᠯᠬᠢᠶ᠎ᠠ ᠵᠢ ᠤᠷᠳᠤᠳᠬᠠᠵᠦ᠂ ᠬᠦᠢ᠍ᠯᠭᠡᠭᠡ ᠬᠡᠷᠡᠭᠯᠡᠬᠡᠨ᠎ᠤ ᠬᠦᠷᠢᠶᠠᠨ᠎ᠳᠠᠬᠢ ᠦᠷᠳᠡᠭ᠎ᠤᠨ ᠲᠠᠬᠢᠨ ᠨᠡᠮᠡᠭᠳᠠᠯ᠎ᠢ ᠪᠠᠶᠠᠯᠡᠭᠦᠯᠦᠨ᠎ᠠ᠃ ᠲᠠᠷᠢᠶᠠᠯᠠᠩ ᠮᠠᠯ ᠠᠵᠦ ᠠᠬᠤᠢ ᠵᠢᠨ ᠰᠠᠭᠤᠷᠢ ᠲᠦᠭᠦᠭᠡᠷᠦᠮᠵᠢ ᠵᠢᠨ ᠪᠦᠳᠦᠭᠡᠨ ᠪᠠᠢ᠍ᠢ᠍ᠭᠤᠯᠤᠯᠳᠠ ᠵᠢ ᠴᠢᠨᠠᠬᠰᠢᠳᠠ ᠲᠡᠬᠦᠯᠳᠡᠷᠵᠢᠬᠦᠯᠵᠦ᠂ 10 ᠲᠦᠮᠡᠨ ᠮᠦ᠍ ᠭᠠᠵᠠᠷ ᠰᠢᠷᠦᠢ ᠲᠡᠭᠰᠢᠯᠡᠵᠦ᠂ ᠲᠤᠮᠳᠠ ᠲᠤᠤᠷ᠎ᠠ ᠤᠨᠠᠯᠳᠠ᠎ᠲᠠᠢ ᠲᠠᠷᠢᠶᠠᠨ ᠭᠠᠵᠠᠷ᠎ᠢ 20 ᠲᠦᠮᠡᠨ ᠮᠦ᠍ ᠦᠭᠡᠷᠡᠴᠢᠯᠠᠨ᠂ 36 ᠲᠦᠮᠡᠨ ᠮᠦ᠍ ᠲᠠᠷᠢᠶᠠᠨ ᠭᠠᠵᠠᠷ᠎ᠲᠤ ᠤᠰᠦ ᠠᠷᠪᠢᠯᠠᠨ ᠤᠰᠤᠯᠠᠬᠤ ᠵᠢ ᠬᠡᠷᠡᠭᠵᠢᠬᠦᠯᠦᠨ᠂ ᠬᠤᠵᠢᠷᠯᠢᠭ ᠲᠠᠷᠢᠶᠠᠨ ᠭᠠᠵᠠᠷ᠎ᠢ 54 ᠲᠦᠮᠡᠨ ᠮᠦ᠍ ᠦᠭᠡᠷᠡᠴᠢᠯᠠᠨ᠎ᠠ᠃ ᠲᠠᠷᠢᠶᠠᠯᠠᠩ ᠮᠠᠯ ᠠᠵᠦ ᠠᠬᠤᠢ ᠵᠢᠨ ᠬᠡᠷᠡᠭᠯᠡᠭᠡᠨ᠎ᠤ ᠮᠡᠷᠭᠡᠵᠢᠯ᠎ᠢ ᠰᠤᠳᠤᠯᠤᠨ ᠲᠡᠯᠭᠡᠷᠡᠬᠦᠯᠭᠦ ᠵᠢ ᠴᠢᠩᠭ᠋ᠠᠳᠬᠠᠨ᠂ ᠦᠪᠡᠷᠳᠡᠭᠡᠨ ᠵᠠᠰᠠᠬᠤ ᠤᠷᠤᠨ᠎ᠤ ᠲᠠᠰ᠎ᠤᠨ ᠤᠳᠦ ᠦᠶ᠎ᠠ ᠵᠢᠨ ᠲᠠᠷᠢᠶᠠᠯᠠᠩ ᠮᠠᠯ ᠠᠵᠦ ᠠᠬᠤᠢ ᠵᠢᠨ ᠲᠡᠭᠡᠳᠦ ᠰᠢᠨ᠎ᠠ ᠮᠡᠷᠭᠡᠵᠢᠯ᠎ᠤᠨ ᠵᠢᠱ᠌ᠢᠶ᠎ᠠ ᠦᠵᠡᠭᠦᠯᠭᠦ ᠲᠤᠭᠤᠷᠢᠭ ᠪᠠ ᠬᠢᠳᠠᠳ ᠡᠮ᠎ᠤᠨ ᠮᠠᠲ᠋ᠧᠷᠢᠶᠠᠯ ᠪᠠ ᠵᠢᠮᠢᠰ᠎ᠤᠨ ᠮᠤᠳᠤᠨ᠎ᠤ ᠰᠠᠭᠤᠷᠢᠨ᠎ᠢ ᠪᠦᠳᠦᠭᠡᠨ ᠪᠠᠢ᠍ᠢ᠍ᠭᠤᠯᠤᠨ᠎ᠠ᠃ ᠤᠯᠠᠨ ᠲᠦᠷᠦᠯ᠎ᠤᠨ ᠠᠷᠭ᠎ᠠ ᠬᠡᠯᠪᠠᠷᠢ᠎ᠪᠠᠷ ᠵᠤᠬᠢᠰᠳᠠᠢ᠎ᠪᠠᠷ ᠬᠡᠪᠴᠢᠶᠠᠵᠢᠭᠰᠡᠨ ᠡᠵᠡᠩᠨᠠᠯᠳᠠ ᠬᠢᠬᠦ ᠵᠢ ᠬᠦᠭᠵᠢᠬᠦᠯᠵᠦ᠂ ᠬᠡᠷ ᠪᠦᠯᠢ ᠵᠢᠨ ᠮᠠᠯᠵᠢᠯ᠎ᠤᠨ ᠲᠠᠯᠠᠪᠠᠢ᠂ ᠮᠠᠯᠴᠢᠳ ᠲᠠᠷᠢᠶᠠᠴᠢᠳ᠎ᠤᠨ ᠬᠤᠷᠰᠢᠶ ᠎ᠠ ᠵᠡᠷᠭᠡ ᠰᠢᠨ᠎ᠠ ᠬᠡᠯᠪᠠᠷᠢ ᠵᠢᠨ ᠡᠵᠡᠩᠨᠠᠯᠳᠠ ᠵᠢᠨ ᠭᠤᠤᠯ ᠴᠤᠬ᠍ᠴᠠ ᠵᠢ ᠶᠡᠭᠡᠪᠠᠷ ᠬᠦᠭᠵᠢᠬᠦᠯᠦᠨ᠂ ᠬᠡᠪᠴᠢᠶᠠᠵᠢᠭᠰᠡᠨ ᠡᠵᠡᠩᠨᠠᠯᠳᠠ ᠵᠢᠨ ᠲᠠᠯᠠᠪᠠᠢ ᠵᠢ 70 ᠲᠦᠮᠡᠨ ᠮᠦ᠍᠎ᠳᠤ ᠬᠦᠷᠭᠡᠵᠦ᠂ ᠮᠠᠯᠴᠢᠨ ᠲᠠᠷᠢᠶᠠᠴᠢᠨ ᠡᠷᠦᠭᠡ ᠪᠠ ᠤᠳᠦ ᠦᠶ᠎ᠠ ᠵᠢᠨ ᠮᠠᠯ ᠲᠠᠷᠢᠶᠠᠯᠠᠩ᠎ᠤᠨ ᠦᠢ᠍ᠯᠡᠰ᠎ᠤᠨ ᠬᠦᠭᠵᠢᠯᠳᠠ ᠵᠢ ᠤᠷᠭ᠋ᠠᠨᠢᠭ ᠵᠶ᠋ᠠᠷ ᠤᠶᠠᠯᠳᠤᠭᠤᠯᠤᠨ᠎ᠠ᠃ ᠨᠠᠢ᠍ᠢ᠍ᠬᠡᠮᠴᠢᠯᠡᠭᠰᠡᠨ ᠦᠢ᠍ᠯᠡᠴᠢᠯᠡᠭᠡᠨ᠎ᠤ ᠰᠢᠰᠲ᠋ᠧᠮ ᠪᠠ ᠦᠪᠠᠷᠳᠡᠭᠡᠨ ᠵᠠᠰᠠᠬᠤ᠂ ᠬᠠᠤᠯᠢ᠎ᠪᠠᠷ ᠵᠠᠰᠠᠬᠤ᠂ ᠮᠤᠷᠠᠯ ᠵᠶ᠋ᠠᠷ ᠵᠠᠰᠠᠬᠤ ᠵᠢ ᠤᠶᠠᠯᠳᠤᠭᠤᠯᠤᠬᠰᠠᠨ ᠬᠦᠳᠡᠭᠡ ᠲᠤᠰᠬᠤᠨ᠎ᠢ ᠴᠡᠭᠴᠡᠯᠡᠨ ᠵᠠᠰᠠᠬᠤ ᠲᠤᠬᠳᠠᠯᠴᠠᠭ᠎ᠠ ᠵᠢ ᠪᠦᠷᠢᠨᠰᠢᠬᠦᠯᠵᠦ᠂ ᠲᠠᠷᠢᠶᠠᠯᠠᠩ᠎ᠢ ᠮᠡᠳᠡᠵᠦ ᠬᠦᠳᠡᠭᠡ ᠲᠤᠰᠬᠤᠨ᠎ᠳᠤ᠎ᠪᠠᠨ ᠬᠠᠢ᠍ᠢ᠍ᠷᠠᠳᠠᠢ ᠮᠠᠯᠴᠢᠨ ᠲᠠᠷᠢᠶᠠᠴᠢᠳ ᠵᠶ᠋ᠠᠨ ᠬᠠᠢ᠍ᠢ᠍ᠷᠠᠯᠠᠬᠰᠠᠨ 《ᠭᠤᠷᠪᠠᠨ ᠲᠠᠷᠢᠶᠠᠯᠠᠩ》᠎ᠤᠨ ᠠᠵᠢᠯ᠎ᠤᠨ ᠡᠩᠨᠡᠭᠡ ᠵᠢ ᠬᠦᠮᠦᠵᠢᠬᠦᠯᠦᠨ᠎ᠠ᠃
      ᠤᠨᠴᠠᠯᠢᠬᠳᠦ ᠵᠠᠮ ᠵᠶ᠋ᠠᠷ ᠵᠠᠮᠨᠠᠨ᠂ ᠰᠢᠨ᠎ᠠ ᠬᠡᠯᠪᠡᠷᠢ ᠵᠢᠨ ᠠᠵᠦ ᠦᠢ᠍ᠯᠡᠳᠪᠤᠷᠢᠵᠢᠯᠳᠠ ᠵᠢ ᠲᠦᠯᠬᠢᠨ ᠠᠬᠢᠭᠤᠯᠤᠨ᠎ᠠ᠃ ᠲᠤᠮᠤ ᠲᠦᠷᠤᠯ ᠵᠦᠢ᠍ᠯ ᠵᠶ᠋ᠠᠷ ᠲᠤᠯᠭ᠋ᠠᠭᠤᠷᠢᠯᠠᠨ᠂ ᠲᠤᠮᠤ ᠠᠵᠦ ᠠᠬᠤᠢ᠍ᠢ᠍ᠯᠠᠯ ᠵᠶ᠋ᠠᠷ ᠬᠦᠳᠦᠯᠦᠨ ᠵᠢᠯᠤᠭᠤᠳᠤᠭᠤᠯᠵᠦ᠂ ᠤᠷᠤᠨ ᠲᠤᠭᠤᠷᠢᠭ ᠵᠶ᠋ᠠᠷ ᠠᠴᠢᠶᠠᠯᠠᠪᠤᠷᠢ ᠪᠤᠯᠭ᠋ᠠᠨ᠂ ᠰᠦᠷᠦᠭᠵᠢᠯ ᠵᠶ᠋ᠠᠷ ᠲᠦᠯᠬᠢᠨ ᠠᠬᠢᠭᠤᠯᠬᠤ ᠵᠢ ᠪᠠᠷᠢᠮᠳᠠᠯᠠᠨ᠂ ᠠᠵᠦ ᠦᠢ᠍ᠯᠡᠳᠪᠤᠷᠢ ᠵᠢᠨ ᠠᠵᠦ ᠠᠬᠤᠢ ᠵᠢᠨ ᠴᠢᠨᠠᠷ ᠦᠷ᠎ᠠ ᠠᠰᠢᠭ᠎ᠢ ᠲᠡᠭᠡᠭᠰᠢᠯᠡᠬᠦᠯᠦᠨ᠎ᠠ᠃ ᠲᠠᠷᠢᠶᠠᠯᠠᠩ ᠮᠠᠯ ᠠᠵᠦ ᠠᠬᠤᠢ ᠵᠢᠨ ᠪᠦᠳᠦᠭᠡᠭᠳᠡᠭᠦᠨ᠎ᠤ ᠡᠳ᠋ᠰᠢᠬᠦᠯᠦᠨ ᠪᠤᠯᠪᠠᠰᠤᠷᠠᠭᠤᠯᠬᠤ ᠦᠢ᠍ᠯᠡᠰ᠎ᠢ ᠨᠠᠷᠢᠯᠢᠭ ᠬᠢᠨ᠎ᠠ᠃ ᠱᠧᠩ ᠮᠦ᠍ ᠵᠢᠨ ᠤᠷᠭ᠋ᠠᠨᠢᠭ ᠰᠦ᠂᠎ᠲᠠᠢ ᠱᠦᠨ ᠤᠯᠠᠭ᠋ᠠᠨ ᠯᠤᠤᠯᠢ᠂ ᠳ᠋ᠦ᠍ᠢ᠍ᠧᠧ ᠯᠢ ᠤᠷᠭᠤᠮᠠᠯ᠎ᠤᠨ ᠲᠤᠰᠦ᠂ ᠱ᠌ᠢ ᠸᠧᠢ ᠲᠢᠶᠠᠨ ᠭᠤᠯᠢᠷ᠂ ᠮᠦᠧᠧ ᠪᠧᠢ ᠦᠵᠦᠮ᠎ᠤᠨ ᠠᠷᠢᠬᠢ᠂ ᠳ᠋ᠠ ᠮᠦᠧᠧ ᠵᠢᠨ ᠤᠰᠦᠨ ᠲᠤᠳᠤᠷᠭ᠎ᠠ ᠵᠡᠷᠭᠡ ᠲᠦᠯᠦᠭᠡᠯᠡᠭᠦ ᠴᠢᠨᠠᠷᠳᠠᠢ ᠲᠠᠷᠢᠶᠠᠯᠠᠩ᠎ᠤᠨ ᠪᠦᠳᠦᠭᠡᠭᠳᠡᠭᠦᠨ᠎ᠤ ᠨᠠᠷᠢᠯᠢᠭ ᠪᠤᠯᠪᠠᠰᠤᠷᠠᠭᠤᠯᠤᠯᠳᠠ ᠵᠢ ᠶᠡᠭᠡᠪᠠᠷ ᠬᠦᠭᠵᠢᠬᠦᠯᠦᠨ᠎ᠠ᠃ 2022 ᠤᠨ ᠪᠤᠯᠬᠤ᠎ᠳᠤ᠂ ᠵᠢᠯ᠎ᠳᠤ 5 ᠲᠦᠮᠡᠨ ᠲᠤᠨ ᠢᠳᠡᠰᠢᠨ ᠲᠤᠰᠤ᠂ ᠤᠯᠠᠭ᠋ᠠᠨ ᠯᠤᠤᠯᠢ ᠵᠢᠨ ᠵᠢᠶᠠᠩ 5 ᠲᠦᠮᠡᠨ ᠲᠤᠨ᠂ ᠭᠤᠸᠠ ᠵᠢᠮᠢᠰ ᠢᠳᠡᠰᠢᠨ ᠨᠤᠭᠤᠭ᠎ᠠ 11.5 ᠲᠦᠮᠡᠨ ᠲᠤᠨ᠂ ᠤᠷᠭ᠋ᠠᠨᠢᠭ ᠰᠦ 47 ᠲᠦᠮᠡᠨ ᠲᠤᠨ ᠦᠢ᠍ᠯᠡᠳᠪᠤᠷᠢᠯᠡᠨ ᠭᠠᠷᠭ᠋ᠠᠨ᠎ᠠ᠃ ᠱᠧᠩ ᠮᠦ᠍ ᠲᠡᠭᠡᠳᠦ ᠰᠢᠨ᠎ᠠ ᠮᠡᠷᠭᠡᠵᠢᠯ᠎ᠤᠨ ᠺᠤᠮᠫᠠᠨᠢ ᠡᠵᠡᠩᠨᠠᠯᠳᠠ ᠵᠢᠨ ᠤᠷᠤᠯᠭ᠎ᠠ᠎ᠪᠠᠨ 100 ᠳ᠋ᠦ᠍ᠢ᠍ᠩᠰᠢᠭᠤᠷ ᠲᠦᠭᠦᠷᠢᠭ᠎ᠠᠴᠠ ᠲᠠᠪᠠᠭᠤᠯᠬᠤ ᠵᠢ ᠴᠢᠷᠮᠠᠢ᠍ᠢ᠍ᠨ ᠪᠠᠶᠠᠯᠡᠬᠦᠯᠵᠦ᠂ ᠮᠠᠨ᠎ᠤ ᠰᠢᠶᠠᠨ ᠵᠶ᠋ᠠᠨ ᠪᠤᠷᠤᠳᠤᠬᠤᠢ ᠵᠢᠨ ᠪᠦᠬᠦ ᠬᠡᠪᠴᠢᠶᠠᠨ᠎ᠤ ᠪᠤᠬᠢᠷᠳᠤᠯ ᠦᠭᠡᠢ ᠤᠷᠭ᠋ᠠᠨᠢᠭ ᠲᠡᠭᠡᠳᠦ ᠲᠠᠰ᠎ᠤᠨ ᠮᠠᠯ ᠲᠠᠷᠢᠶᠠᠯᠠᠩ᠎ᠤᠨ ᠪᠦᠳᠦᠭᠡᠭᠳᠡᠭᠦᠨ᠎ᠢ ᠦᠢ᠍ᠯᠡᠳᠪᠤᠷᠢᠯᠡᠨ ᠪᠤᠯᠪᠠᠰᠤᠷᠠᠭᠤᠯᠵᠦ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠨ ᠵᠢᠱ᠌ᠢᠶ᠎ᠠ ᠦᠵᠡᠬᠦᠯᠭᠦ ᠤᠷᠤᠨ ᠪᠤᠯᠭ᠋ᠠᠨ᠎ᠠ᠃ ᠬᠢᠳᠠᠳ ᠡᠮ᠎ᠤᠨ ᠮᠠᠲ᠋ᠧᠷᠢᠶᠠᠯ᠎ᠢ ᠦᠢ᠍ᠯᠡᠳᠪᠤᠷᠢᠯᠡᠨ ᠪᠤᠯᠪᠠᠰᠤᠷᠠᠭᠤᠯᠬᠤ ᠠᠵᠦ ᠦᠢ᠍ᠯᠡᠰ᠎ᠢ ᠪᠤᠵᠠᠭ᠋ᠠᠢ᠍ᠢ᠍ᠷᠠᠭᠤᠯᠤᠨ᠎ᠠ᠃ ᠨᠢᠬᠡ ᠪᠦᠯᠦᠭ ᠬᠢᠳᠠᠳ ᠡᠮ᠎ᠤᠨ ᠮᠠᠲ᠋ᠧᠷᠢᠶᠠᠯ᠎ᠢ ᠨᠠᠷᠢᠯᠢᠭ ᠪᠤᠯᠪᠠᠰᠤᠷᠠᠭᠤᠯᠬᠤ ᠠᠵᠦ ᠠᠬᠤᠢ᠍ᠢ᠍ᠯᠠᠯ᠎ᠢ ᠢᠳᠡᠪᠬᠢᠳᠠᠢ᠎ᠪᠠᠷ ᠲᠠᠳᠠᠨ ᠤᠷᠤᠭᠤᠯᠵᠦ᠂ ᠴᠠᠭ᠋ᠠᠨ ᠭᠤᠶᠤᠤ᠂ ᠰᠢᠬᠢᠷ ᠡᠪᠡᠰᠦ᠂ ᠬᠤᠨᠴᠢᠷ ᠵᠡᠷᠭᠡ ᠵᠢ ᠲᠠᠷᠢᠬᠤ ᠲᠠᠯᠠᠪᠠᠢ᠎ᠪᠠᠨ ᠦᠷᠬᠡᠳᠬᠡᠵᠦ᠂ ᠸᠠᠩ ᠶᠧ ᠳ᠋ᠢ ᠬᠢᠳᠠᠳ ᠡᠮ᠎ᠤᠨ ᠮᠠᠲ᠋ᠧᠷᠢᠶᠠᠯ᠎ᠤᠨ ᠠᠷᠠᠯᠵᠢᠶᠠᠨ᠎ᠤ ᠵᠠᠬ᠎ᠠ ᠲᠠᠯᠭᠡᠭᠦᠷ᠎ᠢ ᠠᠰᠢᠬᠯᠠᠯᠳᠠ᠎ᠳᠤ ᠤᠷᠤᠭᠤᠯᠤᠨ᠎ᠠ᠃ 2022 ᠤᠨ ᠪᠤᠯᠬᠤ᠎ᠳᠤ ᠬᠢᠳᠠᠳ ᠡᠮ᠎ᠤᠨ ᠮᠠᠲ᠋ᠧᠷᠢᠶᠠᠯ᠎ᠤᠨ ᠲᠦᠬᠦᠬᠡᠢ ᠡᠳ᠋᠎ᠤᠨ ᠰᠠᠭᠤᠷᠢᠨ ᠭᠠᠵᠠᠷ᠎ᠤᠨ ᠲᠠᠯᠠᠪᠠᠢ ᠵᠢ 30 ᠲᠦᠮᠡᠨ ᠮᠦ᠍᠎ᠳᠤ ᠬᠦᠷᠬᠡᠨ᠂ 3 — 5 ᠬᠢᠳᠠᠳ ᠡᠮ᠎ᠤᠨ ᠮᠠᠲ᠋ᠧᠷᠢᠶᠠᠯ᠎ᠤᠨ ᠠᠵᠦ ᠦᠢ᠍ᠯᠡᠰ᠎ᠤᠨ ᠲᠤᠯᠤᠭ᠋ᠠᠢ᠍ᠢ᠍ᠯᠠᠬ᠍ᠴᠢ ᠠᠵᠦ ᠠᠬᠤᠢ᠍ᠢ᠍ᠯᠠᠯ᠎ᠢ ᠲᠠᠳᠠᠨ ᠤᠷᠤᠭᠤᠯᠵᠦ᠂ ᠦᠪᠠᠷᠳᠡᠭᠡᠨ ᠵᠠᠰᠠᠬᠤ ᠤᠷᠤᠨ᠎ᠤ ᠪᠠᠷᠠᠭᠤᠨ ᠬᠡᠰᠡᠭ᠎ᠤᠨ ᠬᠢᠳᠠᠳ ᠡᠮ᠎ᠤᠨ ᠮᠠᠲ᠋ᠧᠷᠢᠶᠠᠯ᠎ᠢ ᠲᠦᠪᠯᠡᠷᠡᠭᠦᠯᠦᠨ ᠲᠠᠷᠬᠠᠭ᠋ᠠᠬᠤ ᠪᠠ ᠪᠤᠯᠪᠠᠰᠤᠷᠠᠭᠤᠯᠤᠨ ᠠᠰᠢᠬᠯᠠᠬᠤ ᠲᠦᠪ᠎ᠢ ᠪᠠᠢ᠍ᠢ᠍ᠭᠤᠯᠤᠨ᠂ ᠰᠢᠨ᠎ᠠ ᠠᠵᠦ ᠠᠬᠤᠢ ᠵᠢᠨ ᠨᠡᠮᠡᠭᠳᠠᠯ ᠴᠡᠭ᠎ᠢ ᠪᠤᠢ᠍ᠢ᠍ᠵᠢᠭᠤᠯᠤᠨ᠎ᠠ᠃ ᠴᠠᠬᠢᠯᠭ᠋ᠠᠨ ᠬᠦᠴᠦᠨ᠎ᠤ ᠰᠢᠨ᠎ᠠ ᠡᠨᠧᠷᠬᠢ ᠵᠢᠨ ᠠᠵᠦ ᠦᠢ᠍ᠯᠠᠰ᠎ᠢ ᠪᠤᠵᠠᠭ᠋ᠠᠢ᠍ᠢ᠍ᠷᠠᠭᠤᠯᠤᠨ᠎ᠠ᠃ ᠬᠤᠸᠠ ᠷᠦᠨ ᠴᠠᠬᠢᠯᠭ᠋ᠠᠨ᠎ᠤ ᠦᠢ᠍ᠯᠡᠳᠪᠤᠷᠢ ᠵᠢᠨ ᠲᠤᠬᠳᠠᠭᠤᠨ ᠵᠶ᠋ᠠᠷ ᠡᠷᠬᠢᠯᠳᠤᠬᠦ ᠵᠢ ᠪᠠᠳᠤᠯᠠᠵᠦ᠂ 6 ᠲᠦᠮᠡᠨ ᠮᠦ᠍ ᠭᠠᠵᠠᠷ ᠡᠵᠡᠯᠡᠬᠦ ᠮᠠᠰᠢᠨ ᠴᠤᠬ᠍ᠴᠠᠯᠠᠪᠤᠷᠢ ᠵᠢᠨ ᠬᠡᠮᠵᠢᠶ᠎ᠠ᠎ᠨᠢ 3000 ᠰᠠᠶ᠎ᠠ ᠸᠠᠲ᠎ᠲᠤ ᠬᠦᠷᠬᠦ ᠦᠪᠡᠷᠳᠡᠭᠡᠨ ᠵᠠᠰᠠᠬᠤ ᠤᠷᠤᠨ᠎ᠤ ᠲᠠᠰ᠎ᠤᠨ ᠬᠡᠷᠡᠯ ᠴᠠᠬᠢᠯᠭ᠋ᠠᠨ᠎ᠤ ᠲᠠᠷᠢᠶᠠᠯᠠᠩ᠎ᠤᠨ ᠵᠢᠱ᠌ᠢᠶ᠎ᠠ ᠦᠵᠡᠭᠦᠯᠭᠦ ᠬᠦᠷᠢᠶᠠᠯᠠᠩ᠎ᠢ ᠪᠠᠢ᠍ᠢ᠍ᠭᠤᠯᠤᠨ᠂ ᠬᠡᠷᠡᠯ ᠴᠠᠬᠢᠯᠭ᠋ᠠᠨ ᠵᠶ᠋ᠠᠷ ᠭᠤᠤᠯ ᠪᠤᠯᠭ᠋ᠠᠬᠰᠠᠨ ᠴᠠᠪᠠᠷ ᠡᠨᠧᠷᠬᠢ ᠵᠢᠨ ᠨᠠᠷ᠎ᠠ ᠵᠢᠨ ᠬᠠᠭᠤᠳᠠᠰᠦ ᠵᠢ ᠴᠢᠷᠮᠠᠢ᠍ᠢ᠍ᠨ ᠡᠬᠦᠳᠤᠨ᠎ᠠ᠃ ᠠᠵᠦ ᠠᠬᠤᠢ᠍ᠢ᠍ᠯᠠᠯ᠎ᠢ ᠲᠡᠳᠬᠦᠬᠦ ᠬᠦᠴᠦᠯᠠᠴᠠ᠎ᠪᠠᠨ ᠨᠠᠮᠡᠳᠡᠭᠦᠯᠵᠦ᠂ ᠪᠦᠳᠦᠭᠡᠨ ᠪᠠᠢ᠍ᠢ᠍ᠭᠤᠯᠤᠯᠳᠠ᠎ᠪᠠᠨ ᠵᠤᠬᠰᠤᠬᠰᠠᠨ ᠪᠤᠶᠤ ᠦᠢ᠍ᠯᠡᠳᠪᠤᠷᠢᠯᠠᠯ ᠵᠶ᠋ᠠᠨ ᠵᠤᠬᠰᠤᠬᠰᠠᠨ ᠬᠠᠭ᠋ᠠᠰ ᠵᠤᠬᠰᠤᠬᠰᠠᠨ ᠠᠵᠦ ᠠᠬᠤᠢ᠍ᠢ᠍ᠯᠠᠯ᠎ᠤᠨ ᠲᠠᠷᠦᠭ᠋ᠠᠰᠦ ᠵᠢ ᠬᠦᠩᠬᠡᠯᠡᠨ ᠦᠷ᠎ᠠ ᠠᠰᠢᠬ᠎ᠢ ᠨᠡᠮᠡᠭᠳᠡᠬᠦᠯᠦᠨ ᠬᠦᠴᠢᠷᠳᠠᠯ᠎ᠢ ᠲᠤᠭᠤᠯᠬᠤ ᠵᠢ᠎ᠨᠢ ᠬᠠᠪᠰᠤᠷᠤᠨ ᠲᠠᠮᠵᠢᠨ᠎ᠠ᠃ ᠠᠵᠦ ᠦᠢ᠍ᠯᠡᠳᠪᠤᠷᠢ ᠵᠢᠨ ᠲᠤᠭᠤᠷᠢᠭ᠎ᠤᠨ ᠰᠠᠭᠤᠷᠢ ᠲᠦᠭᠦᠭᠡᠷᠦᠮᠵᠢ ᠵᠢᠨ ᠪᠦᠳᠦᠭᠡᠨ ᠪᠠᠢ᠍ᠢ᠍ᠭᠤᠯᠤᠯᠳᠠ ᠵᠢ ᠪᠦᠬᠦ ᠲᠠᠯ᠎ᠠ᠎ᠪᠠᠷ ᠲᠡᠭᠦᠯᠳᠡᠷᠵᠢᠬᠦᠯᠵᠦ᠂ ᠤᠰᠦ ᠴᠠᠬᠢᠯᠭ᠋ᠠᠨ ᠬᠠᠩᠭ᠋ᠠᠬᠤ ᠪᠠ ᠪᠤᠵᠠᠷᠳᠤᠯ᠎ᠢ ᠭᠠᠳᠠᠭᠰᠢᠯᠠᠭᠤᠯᠬᠤ ᠪᠠ ᠦᠢ᠍ᠯᠡᠴᠢᠯᠡᠭᠡᠨ᠎ᠤ ᠪᠠᠳᠤᠯᠠᠪᠤᠷᠢ ᠵᠢᠨ ᠴᠢᠳᠠᠪᠬᠢ ᠵᠢ ᠶᠡᠭᠡᠪᠠᠷ ᠲᠡᠭᠡᠭᠰᠢᠯᠡᠬᠦᠯᠦᠨ᠂ ᠠᠵᠦ ᠦᠢ᠍ᠯᠡᠳᠪᠤᠷᠢ ᠵᠢᠨ ᠲᠤᠭᠤᠷᠢᠭ᠎ᠤᠨ ᠴᠡᠴᠡᠷᠯᠢᠭᠵᠢᠭᠰᠡᠨ ᠰᠦᠷᠦᠭᠵᠢᠭᠰᠡᠨ ᠭᠤᠶᠤᠵᠢᠬᠰᠠᠨ ᠪᠠᠢ᠍ᠢ᠍ᠬᠤ ᠵᠢ ᠪᠠᠶᠠᠯᠡᠬᠦᠯᠦᠨ᠎ᠠ᠃ ᠲᠠᠪᠤᠨ ᠵᠢᠯ᠎ᠤᠨ ᠴᠢᠷᠮᠠᠢ᠍ᠢ᠍ᠯᠭ᠎ᠠ᠎ᠪᠠᠷ ᠲᠠᠮᠵᠢᠨ ᠨᠠᠷᠢᠯᠢᠭ ᠰᠢᠯᠢᠳᠡᠭ ᠴᠢᠨᠠᠷ᠎ᠤᠨ ᠰᠢᠮ᠎ᠠ ᠲᠠᠵᠢᠬᠡᠯ᠎ᠲᠠᠢ ᠡᠷᠡᠬᠦᠯ ᠮᠠᠨᠳᠦ᠎ᠪᠠᠷ ᠭᠤᠤᠯᠯᠠᠬᠰᠠᠨ ᠠᠮᠦ ᠲᠤᠰᠤᠨ᠎ᠤ ᠦᠢ᠍ᠯᠡᠳᠪᠤᠷᠢᠯᠠᠯ᠎ᠤᠨ ᠬᠡᠯᠬᠢᠶ ᠎ᠠ; ᠬᠦᠯᠳᠡᠭᠡᠨ ᠬᠦᠮᠦᠷᠭᠡᠯᠡᠵᠦ ᠬᠡᠰᠡᠭᠯᠠᠨ ᠰᠠᠯᠭ᠋ᠠᠬᠤ᠎ᠪᠠᠷ ᠭᠤᠤᠯ ᠪᠤᠯᠭ᠋ᠠᠬᠰᠠᠨ ᠮᠠᠯ ᠵᠢᠬᠦᠷᠳᠠᠨ᠎ᠢ ᠪᠤᠯᠪᠠᠰᠤᠷᠠᠭᠤᠯᠬᠤ ᠠᠵᠦ ᠦᠢ᠍ᠯᠡᠰ᠎ᠤᠨ ᠬᠡᠯᠬᠢᠶ᠎ᠠ; ᠤᠷᠭ᠋ᠠᠨᠢᠭ ᠰᠦ᠂ ᠭᠤᠸᠠ ᠵᠢᠮᠢᠰ᠎ᠤᠨ ᠰᠢᠬᠦᠰᠦ᠎ᠪᠠᠷ ᠭᠤᠤᠯ ᠪᠤᠯᠭ᠋ᠠᠬᠰᠠᠨ ᠵᠢᠮᠢᠰ ᠢᠳᠡᠰᠢᠨ ᠨᠤᠭᠤᠭ᠋ᠠᠨ᠎ᠤ ᠤᠮᠳᠠᠭ᠋ᠠᠨ᠎ᠢ ᠪᠤᠯᠪᠠᠰᠤᠷᠠᠭᠤᠯᠬᠤ ᠠᠵᠦ ᠦᠢ᠍ᠯᠡᠰ᠎ᠤᠨ ᠬᠡᠯᠬᠢᠶ᠎ᠠ; ᠡᠮᠳᠦ ᠷᠠᠰᠢᠶᠠᠨ᠂ ᠡᠷᠡᠬᠦᠯᠵᠢᠬᠦᠯᠬᠦ ᠴᠠᠢ ᠠᠷᠢᠬᠢ᠎ᠪᠠᠷ ᠭᠤᠤᠯ ᠪᠤᠯᠭ᠋ᠠᠬᠰᠠᠨ ᠬᠢᠳᠠᠳ ᠡᠮ᠎ᠤᠨ ᠮᠠᠲ᠋ᠧᠷᠢᠶᠠᠯ᠎ᠢ ᠪᠤᠯᠪᠠᠰᠤᠷᠠᠭᠤᠯᠬᠤ ᠠᠵᠦ ᠦᠢ᠍ᠯᠡᠰ᠎ᠤᠨ ᠬᠡᠯᠬᠢᠶ ᠎ᠠ; ᠨᠠᠷᠠᠨ᠎ᠤ ᠡᠨᠧᠷᠬᠢ ᠵᠢᠨ ᠲᠤᠨᠤᠭᠯᠠᠯ ᠦᠢ᠍ᠯᠡᠳᠬᠦ᠂ ᠪᠤᠷᠤᠯᠠᠭᠤᠯᠬᠤ ᠬᠡᠷᠡᠭᠯᠡᠭᠡᠨ᠎ᠢ ᠨᠢᠬᠡ ᠴᠤᠬ᠍ᠴᠠᠵᠢᠭᠤᠯᠤᠬᠰᠠᠨ ᠬᠡᠷᠡᠯ ᠴᠠᠬᠢᠯᠭ᠋ᠠᠨ᠎ᠤ ᠠᠵᠦ ᠦᠢ᠍ᠯᠡᠰ᠎ᠤᠨ ᠬᠡᠯᠬᠢᠶᠠᠵᠢᠯ᠎ᠢ ᠪᠦᠬᠦ ᠲᠠᠯ᠎ᠠ᠎ᠪᠠᠷ ᠪᠠᠢ᠍ᠢ᠍ᠭᠤᠯᠤᠨ᠎ᠠ᠃ 2022 ᠤᠨ ᠪᠤᠯᠬᠤ᠎ᠳᠤ ᠬᠡᠪᠴᠢᠶᠠᠵᠢᠯ᠎ᠠᠴᠠ ᠲᠠᠭᠡᠭᠰᠢᠬᠢ ᠠᠵᠦ ᠠᠬᠤᠢ᠍ᠢ᠍ᠯᠠᠯ᠎ᠢ 12 ᠨᠡᠮᠡᠭᠳᠠᠬᠦᠯᠦᠨ᠂ ᠪᠦᠬᠦ ᠰᠢᠶᠠᠨ᠎ᠤ ᠠᠵᠦ ᠦᠢ᠍ᠯᠡᠳᠪᠤᠷᠢ ᠵᠢᠨ ᠶᠡᠷᠦᠩᠭᠡᠢ ᠦᠢ᠍ᠯᠡᠳᠪᠤᠷᠢᠯᠡᠯ᠎ᠤᠨ ᠦᠷᠳᠡᠭ᠎ᠢ ᠵᠠᠭᠤᠨ ᠳ᠋ᠦ᠍ᠢ᠍ᠩᠰᠢᠭᠤᠷ ᠲᠦᠭᠦᠷᠢᠭ᠎ᠠᠴᠠ ᠲᠠᠪᠠᠭᠤᠯᠤᠨ᠂ ᠠᠵᠦ ᠦᠢ᠍ᠯᠡᠳᠪᠤᠷᠢ ᠵᠢᠨ ᠡᠳ᠋᠎ᠤᠨ ᠵᠠᠰᠠᠭ᠎ᠲᠤ ᠦᠵᠡᠬᠦᠯᠭᠦ ᠬᠤᠪᠢ ᠨᠡᠮᠡᠷᠢ ᠵᠢᠨ ᠨᠤᠷᠮ᠎ᠠ ᠵᠢ 60% ᠎ᠠᠴᠠ ᠲᠠᠭᠡᠭᠰᠢ᠎ᠳᠤ ᠬᠦᠷᠦᠬᠦᠯᠵᠦ᠂ ᠠᠵᠦ ᠦᠢ᠍ᠯᠡᠳᠪᠤᠷᠢ ᠵᠢᠨ ᠤᠷᠤᠨ ᠲᠤᠭᠤᠷᠢᠭ᠎ᠢ ᠦᠨᠡᠨ ᠬᠦ᠌ ᠭᠠᠳᠠᠭ᠋ᠠᠳᠦ᠎ᠲᠠᠢ ᠴᠢᠯᠦᠭᠡᠳᠠᠢ ᠶᠠᠪᠤᠯᠴᠠᠬᠤ ᠭᠤᠤᠯ ᠲᠠᠯᠠᠪᠤᠷ ᠪᠠ ᠬᠡᠯᠪᠠᠷᠢ ᠵᠢ ᠬᠤᠪᠢᠷᠠᠭᠤᠯᠤᠨ ᠲᠠᠰ ᠲᠠᠪᠰᠢᠬᠦᠯᠬᠦ ᠵᠢᠱ᠌ᠢᠶ᠎ᠠ ᠦᠵᠡᠬᠦᠯᠬᠦ ᠲᠤᠭᠤᠷᠢᠭ ᠪᠤᠯᠭ᠋ᠠᠨ ᠪᠦᠳᠦᠭᠡᠨ ᠪᠠᠢ᠍ᠢ᠍ᠭᠤᠯᠤᠨ᠎ᠠ᠃
      ᠤᠯᠠᠨ ᠠᠷᠭ᠎ᠠ ᠵᠠᠮ ᠵᠶ᠋ᠠᠷ ᠤᠳᠦ ᠦᠶ᠎ᠠ ᠵᠢᠨ ᠦᠢ᠍ᠯᠡᠴᠢᠯᠡᠭᠡᠨ᠎ᠤ ᠦᠢ᠍ᠯᠡᠰ᠎ᠢ ᠬᠦᠭᠵᠢᠬᠦᠯᠦᠨ ᠪᠤᠵᠠᠭ᠋ᠠᠢ᠍ᠢ᠍ᠷᠠᠭᠤᠯᠤᠨ᠎ᠠ᠃ 《ᠵᠤᠭ᠋ᠠᠴᠠᠯ +》 ᠠᠵᠢᠯᠯᠠᠭ᠎ᠠ ᠵᠢ ᠪᠦᠬᠦ ᠲᠠᠯ᠎ᠠ᠎ᠪᠠᠷ ᠬᠡᠷᠡᠭᠵᠢᠬᠦᠯᠦᠨ᠂ ᠦᠵᠡᠮᠵᠢ ᠵᠢᠨ ᠤᠷᠤᠨ ᠴᠡᠭ᠎ᠢ ᠨᠡᠬᠡᠬᠡᠨ ᠬᠦᠭᠵᠢᠬᠦᠯᠭᠦ ᠪᠠ ᠵᠤᠭ᠋ᠠᠴᠠᠯ᠎ᠤᠨ ᠡᠬᠢ ᠰᠤᠷᠪᠤᠯᠵᠢ ᠵᠢ ᠴᠡᠭᠴᠡᠯᠡᠨ ᠨᠢᠬᠡᠳᠤᠭᠦᠯᠭᠦ ᠬᠦᠴᠦᠯᠠᠴᠠ᠎ᠪᠠᠨ ᠴᠢᠩᠭ᠋ᠠᠳᠬᠠᠨ᠂ ᠵᠤᠭ᠋ᠠᠴᠠᠯ᠎ᠢ ᠮᠠᠯ ᠲᠠᠷᠢᠶᠠᠯᠠᠩ᠂ ᠠᠵᠦ ᠦᠢ᠍ᠯᠡᠳᠪᠤᠷᠢ᠂ ᠰᠤᠶᠤᠯ᠂ ᠬᠤᠳᠠ ᠬᠦᠳᠡᠭᠡ ᠵᠢᠨ ᠪᠦᠳᠦᠬᠡᠨ ᠪᠠᠢ᠍ᠢ᠍ᠭᠤᠯᠤᠯᠳᠠ᠂ ᠶᠠᠳᠠᠭᠤ᠎ᠠᠴᠠ ᠠᠩᠬᠢᠵᠢᠷᠠᠭᠤᠯᠬᠤ᠎ᠲᠠᠢ ᠤᠶᠠᠯᠳᠤᠭᠤᠯᠤᠨ ᠲᠦᠯᠬᠢᠨ ᠠᠬᠢᠭᠤᠯᠵᠦ᠂ ᠨᠢᠩᠰᠢᠶᠠ ᠦᠪᠦᠷ ᠮᠤᠩᠭᠤᠯ ᠱᠠᠨᠰᠢ ᠭᠠᠨᠰᠦ᠎ᠲᠠᠢ ᠵᠠᠯᠭ᠋ᠠᠯᠳᠤᠬᠰᠠᠨ ᠬᠦᠬᠡᠬᠤᠳᠠ ᠪᠤᠭᠤᠳᠦ ᠢᠷᠭ᠋ᠠᠢ ᠯᠠᠨᠵᠧᠦ ᠵᠢ ᠬᠤᠯᠪᠤᠬᠰᠠᠨ ᠰᠢᠵᠢᠷ ᠠᠯᠳᠠᠨ ᠵᠤᠭ᠋ᠠᠴᠠᠯ᠎ᠤᠨ ᠱᠤᠭᠤᠮ᠎ᠢ ᠡᠬᠦᠳᠴᠤ᠂ ᠡᠷᠬᠢᠨ ᠲᠤᠭᠤᠷᠢᠨ᠎ᠤ ᠭᠠᠵᠠᠷ ᠤᠷᠤᠨ᠎ᠲᠠᠢ ᠠᠭᠤᠰᠤᠯᠴᠠᠭᠤᠯᠤᠨ ᠨᠠᠪᠳᠠᠷᠠᠯᠴᠡᠭᠰᠠᠨ ᠲᠤᠮᠤ ᠵᠤᠭ᠋ᠠᠴᠠᠯ᠎ᠤᠨ ᠬᠦᠷᠢᠶ᠎ᠠ ᠵᠢ ᠪᠦᠷᠢᠳᠤᠬᠦᠯᠦᠨ᠂ ᠦᠪᠠᠷᠳᠡᠭᠡᠨ ᠵᠠᠰᠠᠬᠤ ᠤᠷᠤᠨ᠎ᠤ ᠪᠠᠷᠠᠭᠤᠨ ᠬᠡᠰᠡᠭ᠎ᠤᠨ ᠪᠤᠷᠤᠳᠤᠬᠤᠢ ᠵᠢᠨ ᠤᠨᠴᠠᠯᠢᠬᠳᠦ ᠠᠮᠢ ᠠᠬᠤᠢ ᠵᠢᠨ ᠵᠤᠭ᠋ᠠᠴᠠᠯ᠎ᠤᠨ ᠤᠷᠤᠨ᠎ᠢ ᠪᠦᠳᠦᠬᠡᠨ ᠪᠠᠢ᠍ᠢ᠍ᠭᠤᠯᠵᠦ᠂ ᠦᠪᠠᠷᠳᠡᠭᠡᠨ ᠵᠠᠰᠠᠬᠤ ᠤᠷᠤᠨ᠎ᠤ ᠪᠦᠬᠦ ᠬᠡᠪᠴᠢᠶᠠᠨ᠎ᠤ ᠵᠤᠭ᠋ᠠᠴᠠᠯ᠎ᠤᠨ ᠵᠢᠱ᠌ᠢᠶ ᠎ᠠ ᠦᠵᠡᠬᠦᠯᠭᠦ ᠰᠢᠶᠠᠨ᠎ᠢ ᠪᠠᠢ᠍ᠢ᠍ᠭᠤᠯᠤᠨ᠂ 《ᠤᠷᠤᠨ᠎ᠳᠠᠭᠠᠨ ᠠᠯᠳᠠᠷ᠎ᠲᠠᠢ ᠤᠯᠤᠰ᠎ᠲᠠᠭᠠᠨ ᠨᠠᠷ᠎ᠠ᠎ᠲᠠᠢ》 ᠵᠤᠭ᠋ᠠᠴᠠᠯ᠎ᠤᠨ ᠭᠠᠵᠠᠷ᠎ᠢ ᠠᠩᠬ᠎ᠠ ᠠᠯᠬᠤᠮ ᠪᠦᠷᠢᠯᠳᠤᠬᠦᠯᠦᠨ᠎ᠠ᠃ ᠭᠤᠤᠯ ᠲᠠᠭ᠋ᠠᠦ ᠡᠯᠡᠰᠦ ᠲᠠᠭ᠋ᠠᠦ ᠠᠭᠤᠯᠠ ᠲᠠᠭ᠋ᠠᠦ ᠵᠢᠨ ᠲᠤᠮᠤ ᠲᠦᠷᠦᠯ ᠵᠦᠢ᠍ᠯ ᠵᠶ᠋ᠠᠷ ᠲᠤᠯᠤᠭ᠋ᠠᠢ᠍ᠢ᠍ᠯᠠᠬ᠍ᠴᠢ ᠪᠤᠯᠭ᠋ᠠᠨ᠂ ᠦᠢ᠍ᠯᠡᠴᠢᠯᠡᠭᠡ᠎ᠪᠠᠷ ᠪᠠᠳᠤᠯᠠᠭ᠎ᠠ ᠪᠤᠯᠭ᠋ᠠᠨ᠂ ᠪᠤᠷᠤᠯᠠᠭᠤᠯᠭ᠎ᠠ᠎ᠳᠤ ᠲᠦᠰᠢᠭᠯᠡᠨ᠂ ᠲᠤᠮᠤ ᠬᠡᠯᠪᠠᠷᠢ ᠵᠢᠨ ᠰᠤᠶᠤᠯ᠎ᠤᠨ ᠠᠵᠢᠯᠯᠠᠭ᠎ᠠ᠎ᠪᠠᠷ ᠠᠴᠢᠶᠠᠯᠠᠬ᠍ᠴᠢ ᠪᠤᠯᠭ᠋ᠠᠨ᠂ ᠰᠠᠨ ᠱᠧᠩ ᠬᠦᠩ᠎ᠤᠨ ᠬᠦᠢ᠍ᠰᠦ ᠪᠠᠷᠢᠯᠭ᠎ᠠ ᠵᠢᠨ ᠦᠵᠡᠮᠵᠢ᠎ᠪᠠᠷ ᠲᠤᠯᠭ᠋ᠠᠭᠤᠷᠢᠯᠠᠬᠰᠠᠨ ᠬᠠᠳᠤᠨ ᠭᠤᠤᠯ᠎ᠤᠨ ᠲᠡᠤᠬᠡ ᠢᠷᠭᠡᠨᠰᠢᠯ᠎ᠤᠨ ᠵᠤᠭ᠋ᠠᠴᠠᠯ᠂ ᠣᠯᠣᠰᠣᠲᠤ ᠵᠢᠨ ᠨᠠᠭᠤᠷ ᠵᠶ᠋ᠠᠷ ᠲᠤᠯᠭ᠋ᠠᠭᠤᠷᠢᠯᠠᠬᠰᠠᠨ ᠵᠠᠭᠤᠨ ᠨᠠᠭᠤᠷ᠎ᠤᠨ ᠨᠤᠭᠤ ᠭᠠᠵᠠᠷ᠎ᠤᠨ ᠦᠵᠡᠮᠵᠢ᠂ ᠨᠠᠷᠠᠨ ᠨᠠᠭᠤᠷ ᠵᠶ᠋ᠠᠷ ᠵᠶ᠋ᠠᠷ ᠲᠤᠯᠭ᠋ᠠᠭᠤᠷᠢᠯᠠᠬᠰᠠᠨ ᠪᠤᠷᠤᠳᠤᠬᠤᠢ ᠵᠢᠨ ᠵᠤᠭ᠋ᠠᠴᠠᠯ ᠰᠡᠯᠡᠭᠦᠴᠡᠯ᠎ᠤᠨ ᠲᠠᠷᠢᠶᠠᠯᠠᠩ᠎ᠤᠨ ᠵᠤᠭ᠋ᠠᠴᠠᠯ᠂ ᠤᠯᠠᠨ ᠪᠤᠯᠠᠭ᠎ᠤᠨ ᠨᠠᠭᠤᠷ ᠵᠶ᠋ᠠᠷ ᠲᠤᠯᠭ᠋ᠠᠭᠤᠷᠢᠯᠠᠬᠰᠠᠨ ᠦᠨᠳᠤᠰᠤᠳᠠᠨ᠎ᠤ ᠤᠨᠴᠠᠯᠢᠬᠳᠦ ᠵᠤᠭ᠋ᠠᠴᠠᠯ᠂ ᠵᠢᠢ ᠯᠦ᠍ ᠰᠠᠢ᠎ᠪᠠᠷ ᠲᠤᠯᠭ᠋ᠠᠭᠤᠷᠢᠯᠠᠬᠰᠠᠨ ᠬᠠᠷᠭᠤᠨ᠎ᠠ ᠠᠭᠤᠯᠠ ᠵᠢᠨ ᠲᠡᠤᠬᠡ ᠵᠢᠨ ᠦᠯᠡᠳᠡᠭᠳᠠᠯ᠎ᠤᠨ ᠵᠤᠭ᠋ᠠᠴᠠᠯ᠎ᠢ ᠪᠦᠷᠢᠳᠤᠬᠦᠯᠦᠨ᠎ᠠ᠃ ᠨᠠᠷᠢᠨᠳᠤᠬᠤᠢ᠂ ᠰᠠᠨ ᠱᠧᠩ ᠬᠦᠩ᠎ᠤᠨ ᠬᠦᠢ᠍ᠰᠦ ᠪᠠᠷᠢᠯᠭ᠎ᠠ ᠵᠢ ᠤᠯᠤᠰ᠎ᠤᠨ 5 A ᠲᠠᠰ᠎ᠤᠨ ᠦᠵᠡᠮᠵᠢ ᠵᠢᠨ ᠤᠷᠤᠨ ᠪᠤᠯᠭ᠋ᠠᠨ ᠪᠦᠳᠦᠭᠡᠨ ᠪᠠᠢ᠍ᠢ᠍ᠭᠤᠯᠵᠦ᠂ ᠵᠤᠭ᠋ᠠᠴᠠᠯ᠎ᠤᠨ ᠠᠵᠦ ᠦᠢ᠍ᠯᠡᠰ᠎ᠤᠨ ᠴᠢᠨᠠᠷ ᠲᠠᠰ᠎ᠢ ᠲᠠᠪᠰᠢᠬᠦᠯᠵᠦ᠂ ᠦᠷ᠎ᠠ ᠠᠰᠢᠭ᠎ᠢ ᠰᠢᠪᠳᠤᠯᠤᠯᠳᠠ᠎ᠲᠠᠢ ᠪᠤᠯᠭ᠋ᠠᠨ᠂ ᠬᠡᠷ ᠭᠠᠵᠠᠷ ᠬᠦᠷᠦᠩᠭᠡ ᠵᠢᠨ ᠦᠢ᠍ᠯᠠᠰ᠎ᠢ ᠲᠠᠢ᠍ᠢ᠍ᠴᠢᠯᠠᠨ᠂ ᠢᠳᠡᠬᠡᠨ ᠤᠮᠳᠠᠭ᠋ᠠᠨ ᠪᠠᠭᠤᠳᠠᠯ᠂ ᠠᠷᠠᠯᠵᠢᠶ᠎ᠠ ᠬᠤᠳᠠᠯᠳᠤᠭ᠎ᠠ ᠬᠦᠢ᠍ᠯᠭᠡᠭᠡ ᠵᠡᠷᠭᠡ ᠤᠯᠠᠮᠵᠢᠯᠠᠯᠳᠦ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷ ᠲᠠᠪᠰᠢᠬᠤ ᠵᠢ ᠠᠬᠢᠭᠤᠯᠵᠦ᠂ ᠬᠦᠢ᠍ᠯᠭᠡᠭᠡ ᠠᠳᠠᠯ ᠠᠬᠤᠢ᠂ ᠨᠠᠰᠤᠵᠢᠯ᠎ᠤᠨ ᠦᠢ᠍ᠯᠡᠴᠢᠯᠡᠭᠡ ᠵᠡᠷᠭᠡ ᠰᠢᠨ᠎ᠠ᠎ᠪᠠᠷ ᠮᠠᠨᠳᠤᠬᠰᠠᠨ ᠦᠢ᠍ᠯᠡᠴᠢᠯᠡᠭᠡᠨ᠎ᠤ ᠦᠢ᠍ᠯᠡᠰ᠎ᠤᠨ ᠰᠢᠨ᠎ᠠ ᠵᠢ ᠡᠬᠦᠳᠴᠦ᠂ ᠬᠡᠷᠡᠭᠯᠡᠭᠡ᠎ᠪᠠᠷ ᠦᠢ᠍ᠯᠡᠴᠢᠯᠡᠭᠡᠨ᠎ᠤ ᠦᠢ᠍ᠯᠡᠰ᠎ᠢ ᠲᠠᠢ᠍ᠢ᠍ᠴᠢᠯᠠᠨ᠂ ᠵᠤᠭ᠋ᠠᠴᠠᠯ᠎ᠤᠨ ᠦᠢ᠍ᠯᠡᠰ᠎ᠢ ᠦᠨᠡᠨ ᠬᠦ᠌ ᠬᠦᠭᠵᠢᠬᠦᠯᠵᠦ᠂ ᠠᠷᠠᠳ ᠲᠦᠮᠡᠨ᠎ᠢ ᠪᠠᠶᠠᠵᠢᠭᠤᠯᠤᠨ᠎ᠠ᠃ 2022 ᠤᠨ ᠪᠤᠯᠬᠤ᠎ᠳᠤ ᠵᠤᠭ᠋ᠠᠴᠠᠬᠰᠠᠳ᠎ᠤᠨ ᠲᠤᠭ᠎ᠠ ᠵᠢ 800 ᠲᠦᠮᠡᠨ ᠬᠦᠮᠦᠨ (ᠤᠳᠠᠭ᠎ᠠ)᠎ᠳᠤ ᠬᠦᠷᠬᠡᠵᠦ᠂ ᠵᠤᠭ᠋ᠠᠴᠠᠯ᠎ᠤᠨ ᠶᠡᠷᠦᠩᠬᠡᠢ᠍ᠢ᠍ᠯᠡᠭᠰᠡᠨ ᠤᠷᠤᠯᠭ᠎ᠠ ᠵᠢ 45 ᠳ᠋ᠦ᠍ᠢ᠍ᠩᠰᠢᠭᠤᠷ ᠲᠦᠭᠦᠷᠢᠭ᠎ᠲᠤ ᠬᠦᠷᠬᠡᠨ᠎ᠠ᠃
     (ᠬᠤᠶᠠᠷ) ᠬᠤᠳᠠ ᠬᠦᠳᠡᠭᠡ ᠵᠢ ᠨᠢᠬᠡᠳᠤᠯᠳᠠᠢ ᠲᠦᠯᠦᠪᠵᠢᠬᠦᠯᠬᠦ ᠵᠢ ᠲᠤᠪᠤᠢ᠍ᠢ᠍ᠯᠭ᠋ᠠᠨ ᠴᠢᠨᠡᠭᠡᠯᠢᠭ ᠨᠠᠢ᠍ᠢ᠍ᠬᠡᠮ᠎ᠢ ᠪᠦᠬᠦ ᠲᠠᠯ᠎ᠠ᠎ᠪᠠᠷ ᠪᠠᠢ᠍ᠢ᠍ᠭᠤᠯᠤᠨ ᠪᠠᠶᠠᠯᠡᠬᠦᠯᠭᠦ ᠰᠢᠨ᠎ᠠ ᠬᠠᠭᠤᠳᠠᠰᠦ ᠵᠢ ᠪᠢᠴᠢᠭᠯᠡᠨ᠎ᠡ
      ᠬᠤᠳᠠ ᠬᠦᠳᠡᠭᠡ ᠵᠢᠨ ᠨᠢᠬᠡ ᠴᠤᠬ᠍ᠴᠠᠵᠢᠭᠤᠯᠬᠤ ᠲᠦᠯᠦᠪᠵᠢᠬᠦᠯᠭᠡ ᠵᠢ ᠪᠠᠷᠢᠮᠳᠠᠯᠠᠨ᠎ᠠ᠃ ᠲᠦᠯᠦᠪᠵᠢᠬᠦᠯᠭᠡ᠎ᠪᠠᠷ ᠬᠦᠳᠦᠯᠦᠨ ᠵᠢᠯᠤᠭᠤᠳᠬᠤ ᠵᠢ ᠲᠤᠪᠤᠢ᠍ᠢ᠍ᠯᠭ᠋ᠠᠨ᠂ 《ᠳ᠋ᠧᠩᠺᠧᠦ ᠰᠢᠶᠠᠨ᠎ᠤ ᠬᠤᠳᠠ ᠵᠢᠨ ᠪᠦᠳᠦᠭᠡᠨ ᠪᠠᠢ᠍ᠢ᠍ᠭᠤᠯᠤᠯᠳᠠ ᠵᠢᠨ ᠶᠡᠷᠦᠩᠭᠡᠢ ᠲᠦᠯᠦᠪᠵᠢᠬᠦᠯᠭᠡ》᠂ 《ᠤᠯᠠᠭ᠋ᠠᠨᠪᠤᠬ᠎ᠠ ᠵᠢᠨ ᠡᠯᠡᠰᠦᠨ᠎ᠤ ᠠᠵᠦ ᠦᠢ᠍ᠯᠡᠰ᠎ᠤᠨ ᠲᠦᠯᠦᠪᠵᠢᠬᠦᠯᠭᠡ᠂ ᠰᠤᠮᠤ ᠪᠠᠯᠭ᠋ᠠᠰᠦ ᠪᠤᠯᠤᠨ ᠤᠯᠤᠰ᠎ᠠᠴᠠ ᠡᠷᠬᠢᠯᠡᠭᠰᠡᠨ ᠲᠠᠷᠢᠶᠠᠯᠠᠩ᠎ᠤᠨ ᠲᠠᠯᠠᠪᠠᠢ ᠵᠢ ᠬᠢᠵᠠᠭ᠋ᠠᠷᠯᠠᠬᠤ ᠴᠢᠨᠠᠷᠳᠠᠢ ᠨᠠᠷᠢᠨ ᠲᠦᠷᠢᠮ᠂ ᠠᠵᠦ ᠦᠢ᠍ᠯᠡᠳᠪᠤᠷᠢ ᠵᠢᠨ ᠲᠤᠭᠤᠷᠢᠭ᠎ᠤᠨ ᠬᠢᠵᠠᠭ᠋ᠠᠷᠯᠠᠬᠤ ᠴᠢᠨᠠᠷᠳᠠᠢ ᠨᠠᠷᠢᠨ ᠲᠦᠷᠢᠮ ᠵᠡᠷᠭᠡ 16 ᠲᠦᠯᠤᠪᠵᠢᠬᠦᠯᠭᠡ ᠵᠢ ᠨᠠᠢ᠍ᠢ᠍ᠷᠠᠭᠤᠯᠬᠤ ᠠᠵᠢᠯ᠎ᠢ ᠪᠦᠬᠦ ᠲᠠᠯ᠎ᠠ᠎ᠪᠠᠷ ᠪᠠᠶᠡᠯᠡᠬᠦᠯᠵᠦ᠂ ᠤᠯᠠᠨ ᠲᠦᠷᠢᠮ᠎ᠢ ᠨᠠᠢ᠍ᠢ᠍ᠳᠬᠡᠨ ᠬᠢᠵᠠᠭ᠋ᠠᠷᠯᠠᠬᠤ ᠲᠦᠷᠢᠮ᠎ᠢ ᠪᠦᠬᠦ ᠲᠠᠯ᠎ᠠ᠎ᠪᠠᠷ ᠪᠦᠷᠬᠦᠬᠦᠯᠬᠦ ᠵᠢ ᠪᠠᠶᠠᠯᠡᠬᠦᠯᠪᠠ᠃ 2022 ᠤᠨ ᠪᠤᠯᠬᠤ᠎ᠳᠤ ᠬᠤᠳᠠ ᠪᠠᠯᠭ᠋ᠠᠰᠦ ᠵᠢᠨ ᠰᠠᠭᠤᠭ᠋ᠠᠯᠢ ᠠᠷᠠᠳ᠎ᠤᠨ ᠬᠦᠮᠦᠨ ᠪᠦᠷᠢ᠎ᠳᠤ ᠲᠡᠭᠰᠢᠳᠭᠡᠭᠰᠡᠨ ᠤᠷᠤᠨ ᠰᠠᠭᠤᠴᠠ ᠵᠢᠨ ᠲᠠᠯᠠᠪᠠᠢ ᠵᠢ 31 ᠲᠡᠭᠰᠢ ᠲᠦᠷᠪᠡᠯᠵᠢᠨ ᠮᠧᠲᠷ᠎ᠲᠤ ᠬᠦᠷᠬᠡᠵᠦ᠂ ᠬᠤᠳᠠ ᠪᠠᠯᠭ᠋ᠠᠰᠤ ᠵᠢᠨ ᠨᠤᠭᠤᠭ᠋ᠠᠷᠠᠭᠤᠯᠤᠯᠳᠠ ᠵᠢᠨ ᠨᠤᠷᠮ᠎ᠠ ᠵᠢ 32% ᠎ᠲᠤ ᠬᠦᠷᠬᠡᠨ᠂ ᠬᠦᠮᠦᠨ ᠪᠦᠷᠢ᠎ᠳᠤ ᠨᠤᠬᠳᠠᠬᠤ ᠴᠡᠴᠡᠷᠯᠢᠭ᠎ᠤᠨ ᠨᠤᠭᠤᠭ᠋ᠠᠨ ᠭᠠᠵᠠᠷ᠎ᠤᠨ ᠲᠠᠯᠠᠪᠠᠢ ᠵᠢ 18 ᠲᠡᠭᠰᠢ ᠲᠦᠷᠪᠡᠯᠵᠢᠨ ᠮᠧᠲᠷ᠎ᠲᠤ ᠬᠦᠷᠬᠡᠵᠦ᠂ ᠪᠠᠢ᠍ᠢ᠍ᠭ᠋ᠠᠯᠢ ᠵᠢᠨ ᠰᠢᠳᠠᠮᠠᠬᠠᠢ ᠬᠡᠢ ᠵᠢ ᠲᠦᠭᠡᠮᠡᠯᠵᠢᠬᠦᠯᠭᠦ ᠨᠤᠷᠮ᠎ᠠ ᠵᠢ 75% ᠎ᠳᠤ ᠬᠦᠷᠬᠡᠵᠦ᠂ ᠲᠦᠪᠯᠡᠷᠡᠭᠦᠯᠦᠨ ᠢᠯᠴᠢ ᠬᠠᠩᠭ᠋ᠠᠬᠤ ᠨᠤᠷᠮ᠎ᠠ ᠵᠢ 85% ᠎ᠳᠤ ᠬᠦᠷᠬᠡᠨ᠂ ᠪᠤᠵᠠᠷ ᠤᠰᠦ ᠵᠢ ᠰᠢᠢ᠍ᠳᠪᠤᠷᠢᠯᠡᠬᠦ ᠪᠠ ᠬᠤᠷᠢᠶᠠᠨ ᠬᠠᠳᠠᠭ᠋ᠠᠠᠯᠠᠬᠤ ᠨᠤᠷᠮ᠎ᠠ ᠵᠢ 94% ᠎ᠠᠴᠠ ᠲᠡᠭᠡᠭᠰᠢ᠎ᠳᠤ ᠬᠦᠷᠬᠡᠨ᠂ ᠬᠦᠮᠦᠨ ᠪᠦᠷᠢ᠎ᠳᠤ ᠨᠤᠬᠳᠠᠬᠤ ᠤᠯᠠᠨ ᠨᠠᠢ᠍ᠢ᠍ᠳᠠ ᠵᠢᠨ ᠦᠢ᠍ᠯᠡᠴᠢᠯᠡᠭᠡᠨ᠎ᠤ ᠲᠦᠬᠦᠭᠡᠷᠦᠮᠵᠢ ᠵᠢᠨ ᠬᠡᠷᠡᠭᠯᠡᠭᠦ ᠲᠠᠯᠠᠪᠠᠢ ᠵᠢ 12 ᠲᠡᠭᠰᠢ ᠲᠦᠷᠪᠡᠯᠵᠢᠨ ᠮᠧᠲᠷ᠎ᠲᠤ ᠬᠦᠷᠬᠡᠨ᠎ᠠ᠃
      ᠬᠤᠳᠠ ᠬᠦᠳᠡᠭᠡ ᠵᠢᠨ ᠨᠢᠭᠡ ᠴᠤᠬ᠍ᠴᠠᠵᠢᠬᠰᠠᠨ ᠪᠦᠳᠦᠬᠡᠨ ᠪᠠᠢ᠍ᠢ᠍ᠭᠤᠯᠤᠯᠳᠠ ᠵᠢ ᠪᠠᠷᠢᠮᠳᠠᠯᠠᠨ᠎ᠠ᠃ 《ᠲᠠᠪᠤᠨ ᠬᠤᠳᠠ ᠵᠢ ᠵᠡᠷᠭᠡᠪᠠᠷ ᠡᠬᠦᠳᠬᠦ》᠎ᠪᠠᠷ ᠭᠠᠷᠳᠠᠴᠠ ᠪᠤᠯᠭ᠋ᠠᠨ᠂ ᠪᠤᠷᠦ ᠬᠡᠷᠳᠦ ᠲᠤᠭᠤᠷᠢᠭ᠎ᠤᠨ ᠦᠭᠡᠷᠡᠴᠢᠯᠠᠯᠳᠠ ᠪᠠ ᠪᠠᠢ᠍ᠢ᠍ᠰᠢᠩ ᠬᠡᠷ᠎ᠤᠨ ᠰᠠᠭᠤᠷᠢ ᠲᠦᠭᠦᠭᠡᠷᠤᠮᠵᠢ ᠵᠢ ᠢᠵᠢ ᠪᠦᠷᠢᠳᠤᠬᠦᠯᠬᠦ ᠢᠨᠵᠧᠨᠧᠷᠢᠩ᠎ᠢ ᠦᠷᠬᠦᠯᠵᠢᠯᠠᠨ ᠲᠤᠢ᠍ᠯᠬᠢᠨ ᠠᠬᠢᠭᠤᠯᠵᠦ᠂ ᠪᠤᠷᠦ ᠬᠡᠷᠳᠦ ᠲᠤᠭᠤᠷᠢᠭ᠎ᠢ 1500 ᠢᠵᠢ ᠦᠭᠡᠷᠡᠴᠢᠯᠠᠵᠦ᠂ ᠬᠠᠭᠤᠴᠢᠨ ᠰᠠᠭᠤᠭ᠋ᠠᠯᠢ ᠠᠷᠠᠳ᠎ᠤᠨ ᠲᠤᠭᠤᠷᠢᠭ᠎ᠢ 26 ᠲᠦᠮᠡᠨ ᠲᠡᠭᠰᠢ ᠲᠦᠷᠪᠡᠯᠵᠢᠨ ᠮᠧᠲᠷ᠂ ᠪᠠᠢ᠍ᠢ᠍ᠰᠢᠩᠳᠦ ᠤᠷᠤᠨ᠎ᠢ 90 ᠲᠦᠮᠡᠨ ᠲᠡᠭᠰᠢ ᠲᠦᠷᠪᠡᠯᠵᠢᠨ ᠮᠧᠲᠷ ᠦᠭᠡᠷᠡᠴᠢᠯᠠᠵᠦ᠂ ᠤᠷᠤᠨ ᠰᠠᠭᠤᠴᠠ ᠵᠢᠨ ᠨᠦᠬᠦᠴᠠᠯ᠎ᠢ ᠪᠦᠬᠦ ᠲᠠᠯ᠎ᠠ᠎ᠪᠠᠷ ᠰᠠᠢ᠍ᠢ᠍ᠵᠢᠷᠠᠭᠤᠯᠤᠨ᠎ᠠ᠃ 《ᠵᠤᠷᠯᠦᠩ᠎ᠤᠨ ᠬᠤᠪᠢᠰᠬᠠᠯ》᠎ᠢ ᠲᠦᠯᠬᠢᠨ ᠠᠭᠢᠭᠤᠯᠵᠦ᠂ ᠬᠤᠳᠠ ᠪᠠᠯᠭ᠋ᠠᠰᠦ ᠵᠢᠨ ᠵᠤᠷᠯᠦᠩ᠎ᠢ ᠴᠦᠮ ᠤᠰᠦ᠎ᠪᠠᠷ ᠴᠡᠪᠡᠷᠯᠡᠬᠦ ᠪᠤᠯᠭ᠋ᠠᠨ ᠦᠭᠡᠷᠡᠴᠢᠯᠡᠬᠦ ᠵᠢ ᠪᠠᠶᠠᠯᠡᠭᠦᠯᠵᠦ᠂ ᠠᠯᠭᠤᠷ ᠠᠭ᠋ᠠᠵᠢᠮ ᠵᠶ᠋ᠠᠷ ᠬᠦᠳᠡᠭᠡ ᠲᠤᠰᠬᠤᠨ ᠮᠠᠯᠵᠢᠬᠤ ᠤᠷᠤᠨ ᠲᠠᠰᠢ ᠤᠷᠳᠤᠳᠬᠠᠨ᠎ᠠ᠃ ᠤᠢ᠍ᠢ᠍ᠵᠢᠭᠤᠯᠤᠨ ᠨᠤᠭᠤᠭ᠋ᠠᠷᠠᠭᠤᠯᠵᠦ ᠴᠡᠴᠡᠷᠯᠢᠭᠵᠢᠬᠦᠯᠬᠦ ᠲᠦᠪᠰᠢᠨ ᠵᠶ᠋ᠠᠨ ᠲᠡᠭᠡᠭᠰᠢᠯᠡᠬᠦᠯᠵᠦ᠂ ᠴᠡᠴᠡᠷᠯᠢᠭ᠎ᠤᠨ ᠴᠢᠨᠠᠷ ᠲᠡᠰ᠎ᠢ ᠲᠡᠭᠡᠭᠰᠢᠯᠡᠬᠦᠯᠦᠨ᠎ᠠ᠃ ᠪᠡᠬᠡᠵᠢᠩ ᠲᠢᠶᠠᠨᠵᠢᠨ᠎ᠤ ᠰᠠᠯᠬᠢᠨ᠎ᠤ ᠡᠬᠢ ᠵᠢ ᠰᠠᠷᠬᠡᠢ᠍ᠢ᠍ᠯᠡᠨ ᠵᠠᠰᠠᠬᠤ᠂ 《ᠭᠤᠷᠪᠠᠨ ᠤᠮᠠᠷᠠᠳᠦ》 ᠵᠢᠨ ᠬᠠᠯᠬᠠᠪᠴᠢ ᠤᠢ᠂ ᠪᠠᠢ᠍ᠢ᠍ᠭ᠋ᠠᠯᠢ ᠵᠢᠨ ᠬᠠᠮᠠᠭ᠋ᠠᠯᠠᠯᠳᠠ ᠵᠢᠨ ᠤᠢ ᠪᠤᠯᠤᠨ ᠲᠤᠰᠬᠤᠨ᠎ᠤ ᠨᠤᠭᠤᠭ᠋ᠠᠷᠠᠭᠤᠯᠤᠯᠳᠠ ᠵᠢᠨ ᠠᠵᠢᠯ᠎ᠢ ᠦᠷᠬᠦᠯᠵᠢᠯᠡᠨ ᠰᠠᠢ᠍ᠢ᠍ᠳᠤᠷ ᠬᠡᠷᠡᠭᠵᠢᠬᠦᠯᠵᠦ᠂ ᠬᠤᠳᠠ ᠬᠦᠳᠡᠭᠡ ᠵᠢᠨ ᠠᠮᠢ ᠠᠬᠤᠢ ᠵᠢᠨ ᠨᠤᠭᠤᠭ᠋ᠠᠨ ᠭᠤᠳᠤᠮ᠎ᠢ ᠪᠠᠢ᠍ᠢ᠍ᠭᠤᠯᠵᠦ᠂ ᠤᠢ ᠰᠢᠭᠤᠢ ᠵᠢᠨ ᠠᠮᠢ ᠠᠬᠤᠢ ᠵᠢᠨ ᠪᠦᠳᠦᠭᠡᠨ ᠪᠠᠢ᠍ᠢ᠍ᠭᠤᠯᠤᠯᠳᠠ ᠵᠢ 75 ᠲᠦᠮᠡᠨ ᠮᠦ᠍ ᠪᠠᠶᠡᠯᠡᠬᠦᠯᠵᠦ᠂ ᠳ᠋ᠧᠩᠺᠧᠦ ᠵᠢ ᠨᠤᠭᠤᠭ᠋ᠠᠨ ᠦᠩᠭᠡ ᠪᠢᠯᠬᠠᠬᠰᠠᠨ ᠭᠠᠵᠠᠷ ᠪᠤᠯᠭ᠋ᠠᠨ ᠪᠦᠬᠦ ᠤᠯᠤᠰ᠎ᠤᠨ ᠴᠡᠴᠡᠷᠯᠢᠭᠵᠢᠭᠰᠠᠨ ᠰᠢᠶᠠᠨ᠎ᠤ ᠬᠤᠳᠠ ᠪᠤᠯᠭ᠋ᠠᠨ ᠪᠦᠳᠦᠭᠡᠨ ᠪᠠᠢ᠍ᠢ᠍ᠭᠤᠯᠤᠨ᠎ᠠ᠃ ᠵᠠᠮ ᠲᠤᠤᠷ᠎ᠤᠨ ᠪᠦᠳᠦᠬᠡᠨ ᠪᠠᠢ᠍ᠢ᠍ᠭᠤᠯᠤᠯᠳᠠ ᠵᠢ ᠶᠡᠭᠡᠪᠠᠷ ᠲᠦᠯᠬᠢᠨ ᠠᠬᠢᠭᠤᠯᠵᠦ᠂ ᠪᠤᠭᠤᠳᠦ᠎ᠠᠴᠠ ᠢᠷᠭ᠋ᠠᠢ ᠬᠦᠷᠬᠦ ᠲᠦᠷᠬᠡᠨ᠎ᠤ ᠲᠠᠮᠦᠷ ᠵᠠᠮ᠎ᠤᠨ ᠪᠦᠳᠦᠭᠡᠨ ᠪᠠᠢ᠍ᠢ᠍ᠭᠤᠯᠤᠯᠳᠠ ᠪᠠ ᠤᠯᠤᠰ᠎ᠤᠨ ᠵᠠᠮ᠎ᠢ ᠦᠭᠡᠷᠡᠴᠢᠯᠡᠬᠦ᠎ᠪᠠᠷ ᠠᠵᠨ ᠲᠤᠬᠢᠶᠠᠯ ᠪᠤᠯᠭ᠋ᠠᠨ᠂ ᠳ᠋ᠦ᠍ᠢ᠍ᠩ ᠹᠧᠩ ᠵᠡᠬᠡᠯᠢ ᠵᠢ ᠤᠯᠤᠰ᠎ᠤᠨ ᠵᠠᠮ᠎ᠤᠨ ᠪᠠᠷᠠᠭᠤᠨ ᠭᠠᠷᠬᠤ ᠠᠮᠠ᠂ ᠪᠠ ᠬᠠ ᠵᠠᠮ᠎ᠢ ᠤᠯᠤᠰ᠎ᠤᠨ ᠵᠠᠮ᠎ᠤᠨ ᠬᠤᠢ᠍ᠢ᠍ᠳᠦ ᠭᠠᠷᠬᠤ ᠠᠮᠠ᠂ ᠠᠮᠢ ᠠᠬᠤᠢ ᠵᠢᠨ ᠲᠤᠮᠤ ᠵᠠᠮ᠎ᠢ ᠨᠠᠷᠠᠨ ᠨᠠᠭᠤᠷ ᠬᠦᠷᠬᠦ ᠲᠦᠷᠬᠡᠨ᠎ᠤ ᠵᠠᠮ ᠵᠡᠷᠭᠡ ᠭᠤᠷᠪᠠᠨ ᠱᠤᠭᠤᠮ᠎ᠢ ᠵᠠᠯᠭ᠋ᠠᠯᠳᠤᠭᠤᠯᠵᠦ᠂ ᠠᠷᠠᠳ᠎ᠤᠨ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠢ ᠪᠠᠢ᠍ᠢ᠍ᠭᠤᠯᠤᠨ᠂ ᠠᠭ᠋ᠠᠷ ᠬᠠᠭᠤᠷᠠᠢ ᠵᠠᠮ᠎ᠢ ᠵᠠᠯᠭ᠋ᠠᠬᠰᠠᠨ ᠪᠤᠰᠤᠭ᠎ᠠ ᠴᠤᠬ᠍ᠴᠠᠳᠦ ᠵᠠᠮ ᠬᠠᠷᠢᠯᠴᠠᠭ᠋ᠠᠨ᠎ᠤ ᠲᠤᠤᠷ᠎ᠢ ᠪᠦᠳᠦᠭᠡᠨ ᠪᠠᠢ᠍ᠢ᠍ᠭᠤᠯᠤᠨ᠎ᠠ᠃ ᠦᠵᠡᠰᠬᠦᠯᠡᠩᠳᠦ ᠬᠦᠳᠡᠭᠡ ᠲᠤᠰᠬᠤᠨ᠎ᠤ ᠪᠦᠳᠦᠬᠡᠨ ᠪᠠᠢ᠍ᠢ᠍ᠭᠤᠯᠤᠯᠳᠠ ᠵᠢ ᠲᠦᠷᠬᠡᠳᠬᠡᠵᠦ᠂ ᠬᠦᠳᠡᠭᠡ ᠲᠤᠰᠬᠤᠨ ᠮᠠᠯᠵᠢᠬᠤ ᠤᠷᠤᠨ᠎ᠤ ᠦᠯᠡᠳᠪᠤᠷᠢᠯᠠᠯ ᠠᠮᠢᠳᠤᠷᠠᠯ᠎ᠤᠨ ᠨᠦᠬᠦᠴᠠᠯ᠎ᠢ ᠪᠦᠬᠦ ᠲᠠᠯ ᠎ᠠ᠎ᠪᠠᠷ ᠰᠠᠢ᠍ᠢ᠍ᠵᠢᠷᠠᠭᠤᠯᠤᠨ᠂ ᠬᠦᠳᠡᠭᠡ ᠲᠤᠰᠬᠤᠨ ᠮᠠᠯᠵᠢᠬᠤ ᠤᠷᠤᠨ᠎ᠤ ᠭᠤᠤᠯ ᠵᠠᠮ᠎ᠢ 460 ᠺᠢᠯᠦᠮᠧᠳ᠋ᠷ ᠵᠠᠰᠠᠵᠦ᠂ ᠲᠤᠰᠬᠤᠨ ᠪᠤᠯᠭ᠋ᠠᠨ᠎ᠳᠤ ᠬᠠᠳᠠᠭᠤᠷᠠᠭᠤᠯᠤᠬᠰᠠᠨ ᠵᠠᠮ᠎ᠲᠠᠢ ᠪᠠᠢ᠍ᠢ᠍ᠬᠤ ᠵᠢ ᠪᠠᠶᠠᠯᠡᠬᠦᠯᠦᠨ᠎ᠠ᠃ ᠬᠠᠳᠦᠨ ᠭᠤᠤᠯ᠎ᠤᠨ ᠦᠨᠦᠷ ᠠᠮᠳᠠᠳᠦ ᠤᠨᠴᠠᠯᠢᠬᠳᠦ ᠪᠠᠯᠭ᠋ᠠᠰᠦ ᠵᠢ ᠪᠦᠳᠦᠬᠡᠨ ᠪᠠᠢ᠍ᠢ᠍ᠭᠤᠯᠬᠤ᠎ᠪᠠᠷ ᠲᠦᠯᠦᠭᠡᠯᠡᠭᠴᠢ ᠪᠤᠯᠭ᠋ᠠᠬᠰᠠᠨ ᠨᠢᠬᠡ ᠪᠦᠯᠦᠭ ᠤᠨᠴᠠᠯᠢᠬᠳᠦ ᠲᠤᠰᠬᠤᠨ ᠪᠠᠢ᠍ᠢ᠍ᠭᠤᠯᠵᠦ᠂ ᠬᠦᠳᠡᠭᠡ ᠲᠤᠰᠬᠤᠨ ᠮᠠᠯᠵᠢᠬᠤ ᠤᠷᠤᠨ᠎ᠢ ᠵᠤᠭ᠋ᠠᠴᠠᠨ ᠲᠤᠭᠤᠷᠢᠬᠤ ᠰᠢᠨ᠎ᠠ ᠬᠢᠯᠡᠰ ᠴᠡᠭ ᠪᠤᠯᠭ᠋ᠠᠨ᠎ᠠ᠃
      ᠬᠤᠳᠠ ᠬᠦᠳᠡᠭᠡ ᠵᠢᠨ ᠨᠢᠬᠡ ᠴᠤᠬ᠍ᠴᠠᠵᠢᠬᠰᠠᠨ ᠬᠠᠮᠢᠶᠠᠷᠤᠯᠳᠠ ᠵᠢ ᠪᠠᠷᠢᠮᠳᠠᠯᠠᠨ᠎ᠠ᠃ ᠬᠤᠳᠠ ᠬᠦᠳᠡᠭᠡ ᠵᠢ ᠠᠭᠤᠰᠤᠯᠴᠠᠭᠤᠯᠤᠨ ᠬᠦᠭᠵᠢᠬᠦᠯᠬᠦ ᠪᠠᠢ᠍ᠢ᠍ᠭᠤᠯᠤᠮᠵᠢ ᠵᠢᠨ ᠲᠤᠬᠳᠠᠴᠠ ᠵᠢ ᠪᠠᠢ᠍ᠢ᠍ᠭᠤᠯᠤᠨ ᠲᠡᠬᠦᠯᠳᠡᠷᠵᠢᠬᠦᠯᠵᠦ᠂ ᠬᠤᠳᠠ ᠵᠢᠨ ᠬᠠᠮᠢᠶᠠᠷᠤᠯᠳᠠ ᠵᠢᠨ ᠬᠠᠤᠯᠢ ᠬᠡᠷᠡᠭᠵᠢᠬᠦᠯᠦᠯᠳᠠ ᠵᠢ ᠦᠨᠳᠤᠰᠤᠨ ᠱᠠᠳᠤ ᠬᠦᠷᠳᠡᠯ᠎ᠠ ᠤᠷᠳᠤᠳᠬᠠᠵᠦ᠂ ᠬᠤᠳᠠ ᠬᠦᠳᠡᠭᠡ ᠵᠢᠨ ᠬᠠᠮᠢᠶᠠᠷᠤᠯᠳᠠ ᠵᠢᠨ ᠲᠤᠬᠳᠠᠴᠠ ᠵᠢ ᠪᠦᠳᠦᠮᠵᠢᠳᠠᠢ᠎ᠪᠠᠷ ᠵᠠᠯᠭ᠋ᠠᠯᠳᠤᠭᠤᠯᠤᠨ᠎ᠠ᠃ ᠬᠤᠳᠠ ᠬᠦᠳᠡᠭᠡ ᠵᠢᠨ ᠠᠭᠤᠯᠵᠠᠷ ᠬᠡᠰᠡᠭ᠂ ᠲᠠᠮᠦᠷ ᠵᠠᠮ ᠵᠠᠰᠠᠮᠠᠯ ᠵᠠᠮ᠎ᠤᠨ ᠬᠠᠵᠠᠭᠤ᠂ ᠭᠤᠤ ᠰᠤᠪᠠᠭ᠎ᠤᠨ ᠬᠠᠵᠠᠭᠤᠷᠬᠢ ᠤᠷᠴᠢᠨ ᠲᠤᠭᠤᠷᠢᠨ᠎ᠢ ᠶᠡᠷᠦᠩᠬᠡᠢ᠍ᠢ᠍ᠯᠡᠨ ᠵᠠᠰᠠᠬᠤ ᠬᠦᠴᠦᠯᠠᠴᠠ᠎ᠪᠠᠨ ᠨᠡᠮᠡᠭᠳᠡᠬᠦᠯᠵᠦ᠂ ᠤᠷᠳᠦ ᠬᠤᠭᠤᠴᠠᠭ᠋ᠠᠳᠦ ᠬᠠᠮᠠᠭ᠋ᠠᠯᠠᠨ ᠬᠠᠮᠢᠶᠠᠷᠬᠤ ᠲᠤᠬᠳᠠᠴᠠ ᠵᠢ ᠪᠦᠷᠢᠨᠰᠢᠬᠦᠯᠵᠦ᠂ ᠲᠤᠰᠬᠤᠨ᠎ᠤ ᠴᠡᠪᠡᠷ ᠲᠡᠭᠰᠢ ᠦᠵᠡᠰᠬᠦᠯᠡᠩᠳᠦ ᠰᠠᠢ᠍ᠢ᠍ᠬᠠᠨ ᠪᠠᠢ᠍ᠢ᠍ᠬᠤ ᠦᠷᠭᠡᠴᠠ ᠪᠠ ᠬᠦᠨᠴᠠ ᠵᠢ ᠲᠠᠰᠤᠷᠠᠯᠳᠠ ᠦᠭᠡᠢ ᠦᠷᠬᠡᠳᠬᠡᠨ᠎ᠠ᠃ ᠤᠰᠦ ᠠᠷᠪᠢᠯᠠᠨ ᠤᠰᠤᠯᠠᠬᠤ ᠠᠵᠢᠯᠯᠠᠭ᠎ᠠ ᠵᠢ ᠬᠡᠷᠡᠭᠵᠢᠬᠦᠯᠵᠦ᠂ ᠤᠰᠦ ᠠᠷᠪᠢᠯᠠᠬᠤ ᠮᠠᠶᠢᠬ᠎ᠤᠨ ᠠᠯᠪᠠᠨ ᠪᠠᠢ᠍ᠢ᠍ᠭᠤᠯᠤᠯᠭ᠎ᠠ᠂ ᠨᠤᠭᠤᠭ᠋ᠠᠨ ᠦᠩᠬᠡᠳᠦ ᠬᠡᠷ ᠪᠦᠯᠢ ᠰᠤᠷᠭ᠋ᠠᠭᠤᠯᠢ ᠨᠠᠢ᠍ᠢ᠍ᠬᠡᠮ ᠲᠤᠭᠤᠷᠢᠭ ᠪᠠ ᠪᠤᠬᠢᠷᠳᠤᠯ ᠦᠭᠡᠢ᠎ᠪᠠᠷ ᠭᠠᠳᠠᠬᠰᠢ ᠭᠠᠷᠬᠤ ᠠᠵᠢᠯᠯᠠᠭ᠎ᠠ ᠵᠢ ᠦᠷᠨᠢᠬᠦᠯᠦᠨ᠎ᠠ᠃ ᠠᠮᠢ ᠠᠬᠤᠢ ᠵᠢ ᠬᠠᠮᠠᠭ᠋ᠠᠯᠠᠵᠦ ᠪᠦᠳᠦᠬᠡᠨ ᠪᠠᠢ᠍ᠢ᠍ᠭᠤᠯᠬᠤ ᠬᠦᠴᠦᠯᠠᠴᠠ᠎ᠪᠠᠨ ᠨᠡᠮᠡᠭᠳᠡᠬᠦᠯᠵᠦ᠂ ᠲᠠᠷᠢᠶᠠᠨ ᠭᠠᠵᠠᠷ᠂ ᠲᠠᠯ᠎ᠠ ᠨᠤᠳᠤᠭ᠂ ᠨᠤᠭᠤ ᠭᠠᠵᠠᠷ᠂ ᠭᠤᠤᠯ ᠮᠦᠷᠡᠨ᠂ ᠨᠠᠭᠤᠷ ᠪᠦᠷᠢᠳᠦ᠂ ᠡᠯᠡᠰᠦᠨ ᠴᠦᠯ ᠵᠡᠷᠭᠡ ᠠᠮᠢ ᠠᠬᠤᠢ ᠵᠢᠨ ᠰᠢᠰᠲ᠋ᠧᠮ᠎ᠤᠨ ᠶᠡᠷᠦᠩᠬᠡᠢ᠍ᠢ᠍ᠯᠡᠨ ᠵᠠᠰᠠᠯᠳᠠ ᠵᠢᠨ ᠴᠢᠨᠠᠷ ᠪᠠ ᠲᠤᠬᠳᠠᠪᠤᠷᠢᠳᠦ ᠴᠢᠨᠠᠷ᠎ᠢ ᠪᠦᠬᠦ ᠲᠠᠯ᠎ᠠ᠎ᠪᠠᠷ ᠲᠡᠭᠡᠭᠰᠢᠯᠡᠬᠦᠯᠦᠨ᠂ ᠪᠦᠬᠦ ᠬᠤᠳᠠ ᠵᠢᠨ ᠠᠮᠢ ᠠᠬᠤᠢ ᠵᠢᠨ ᠵᠢᠱ᠌ᠢᠶ᠎ᠠ ᠦᠵᠡᠬᠦᠯᠬᠦ ᠤᠷᠤᠨ᠎ᠢ ᠪᠦᠳᠦᠬᠡᠨ ᠪᠠᠢ᠍ᠢ᠍ᠭᠤᠯᠵᠦ᠂ ᠦᠵᠡᠰᠬᠦᠯᠡᠩᠳᠦ ᠰᠠᠢ᠍ᠢ᠍ᠬᠠᠨ ᠦᠪᠦᠷ ᠮᠤᠩᠭᠤᠯ᠎ᠤᠨ 《ᠳ᠋ᠧᠩᠺᠧᠦ ᠵᠢᠨ ᠬᠡᠯᠪᠠᠷᠢ ᠮᠠᠶᠢᠬ》᠎ᠢ ᠴᠢᠷᠮᠠᠢ᠍ᠢ᠍ᠨ ᠡᠬᠦᠳᠤᠨ᠎ᠠ᠃ ᠪᠦᠬᠦ ᠠᠷᠠᠳ ᠵᠶ᠋ᠠᠷ ᠵᠶ᠋ᠠᠨ ᠬᠠᠮᠲᠤ᠎ᠪᠠᠷ ᠵᠠᠰᠠᠬᠤ᠂ ᠡᠬᠢ ᠡᠬᠦᠰᠤᠯ᠎ᠠᠴᠠ᠎ᠨᠢ ᠰᠠᠷᠬᠡᠢ᠍ᠢ᠍ᠯᠡᠬᠦ᠂ ᠪᠤᠵᠠᠷᠳᠤᠯ᠎ᠢ ᠴᠢᠩᠭ᠎ᠠ ᠵᠠᠰᠠᠬᠤ ᠵᠢ ᠪᠠᠷᠢᠮᠳᠠᠯᠠᠵᠦ᠂ ᠤᠷᠴᠢᠨ ᠲᠤᠭᠤᠷᠢᠨ᠎ᠤ ᠲᠤᠪᠤᠢ᠍ᠢ᠍ᠮ᠎ᠠ ᠠᠰᠠᠭᠤᠳᠠᠯ᠎ᠢ ᠬᠦᠴᠦᠯᠠᠨ ᠰᠢᠢ᠍ᠳᠪᠤᠷᠢᠯᠠᠵᠦ᠂ ᠳ᠋ᠧᠩᠺᠧᠦ ᠵᠢᠨ ᠬᠦᠬᠡ ᠤᠰᠦᠨ ᠬᠦᠬᠡᠮᠳᠦᠭ ᠠᠭᠤᠯᠠ ᠠᠷᠢᠭᠤᠨ ᠰᠢᠷᠦᠢ ᠵᠢ ᠡᠷᠡᠰ ᠬᠠᠮᠠᠭ᠋ᠠᠯᠠᠨ᠎ᠠ᠃
     (ᠭᠤᠷᠪᠠ) ᠠᠷᠠᠳ᠎ᠤᠨ ᠠᠮᠢᠳᠤᠷᠠᠯ᠎ᠢ ᠰᠠᠢ᠍ᠢ᠍ᠵᠢᠷᠠᠭᠤᠯᠬᠤ ᠵᠢ ᠲᠤᠪᠤᠢ᠍ᠢ᠍ᠯᠭ᠋ᠠᠨ᠂ ᠪᠦᠬᠦ ᠲᠠᠯ᠎ᠠ ᠵᠢᠨ ᠴᠢᠨᠡᠭᠡᠯᠢᠭᠵᠢᠯ᠎ᠤᠨ ᠵᠤᠯ ᠵᠢᠷᠭ᠋ᠠᠯᠳᠦ ᠬᠠᠭᠤᠳᠠᠰᠦ ᠵᠢ ᠪᠢᠴᠢᠭᠯᠠᠨ᠎ᠠ
      ᠶᠠᠳᠠᠭᠤ᠎ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠲᠠᠢ᠍ᠢ᠍ᠯᠠᠯᠳᠤᠭ᠋ᠠᠨ᠎ᠤ ᠢᠯᠠᠯᠳᠠ᠎ᠢ ᠵᠠᠪᠠᠯ ᠤᠯᠤᠨ᠎ᠠ᠃ 《ᠵᠢᠷᠭᠤᠭ᠋ᠠᠨ ᠨᠠᠷᠢᠯᠢᠭ》 ᠪᠠ 《ᠲᠠᠪᠤᠨ ᠨᠢᠬᠡ ᠪᠦᠯᠦᠭ》᠎ᠤᠨ ᠦᠨᠳᠤᠰᠤᠨ ᠴᠢᠭᠯᠡᠯᠳᠠ ᠵᠢ ᠪᠠᠷᠢᠮᠳᠠᠯᠠᠵᠦ᠂ ᠲᠦᠷᠦ ᠵᠢᠨ ᠪᠤᠳᠤᠯᠭ᠎ᠠ᠂ ᠬᠠᠪᠰᠤᠷᠤᠨ ᠲᠠᠮᠵᠢᠬᠦ ᠪᠠ ᠶᠠᠳᠠᠭᠤ ᠵᠢ ᠲᠡᠳᠬᠦᠬᠦ ᠵᠢ ᠤᠨᠢᠨ ᠲᠡᠭᠡᠷ᠎ᠠ᠎ᠨᠢ ᠬᠢᠨ᠎ᠠ᠃ ᠶᠠᠳᠠᠭᠤ ᠵᠢ ᠲᠡᠳᠬᠦᠬᠦ᠎ᠳᠤ᠎ᠪᠠᠨ ᠤᠬᠠᠭ᠋ᠠᠨ ᠰᠠᠨᠠᠭ᠎ᠠ ᠪᠠ ᠤᠷᠮ᠎ᠠ᠎ᠪᠠᠷ ᠲᠡᠳᠬᠦᠬᠦ ᠵᠢ ᠪᠠᠷᠢᠮᠳᠠᠯᠠᠨ᠂ ᠠᠵᠦ ᠦᠢ᠍ᠯᠡᠰ ᠵᠶ᠋ᠠᠷ ᠲᠡᠳᠬᠦᠬᠦ ᠵᠢ ᠴᠢᠩᠭ᠋ᠠᠳᠬᠠᠨ᠂ ᠬᠦᠴᠦᠯᠠᠴᠠ᠎ᠪᠠᠨ ᠶᠠᠳᠠᠭᠤ ᠬᠦᠴᠢᠷᠳᠡᠯᠳᠠᠢ ᠤᠯᠠᠨ ᠲᠦᠮᠡᠨ᠎ᠤ ᠦᠪᠠᠷ᠎ᠤᠨ ᠬᠦᠴᠦ᠎ᠪᠠᠷ ᠵᠶ᠋ᠠᠨ ᠲᠡᠭᠵᠢᠷᠡᠭᠦ ᠲᠠᠭᠡᠷ᠎ᠠ ᠲᠠᠯᠪᠢᠵᠦ᠂ ᠲᠠᠳᠠᠨ᠎ᠤ ᠵᠤᠯ ᠵᠢᠷᠭ᠋ᠠᠯᠳᠦ ᠠᠮᠢᠳᠤᠷᠠᠯ᠎ᠢ ᠡᠷᠢᠯᠬᠢᠯᠡᠬᠦ ᠢᠳᠡᠪᠬᠢ ᠴᠢᠨᠠᠷ᠎ᠢ᠎ᠨᠢ ᠬᠦᠢ᠍ᠴᠡᠳ ᠲᠠᠢ᠍ᠢ᠍ᠴᠢᠯᠠᠨ᠎ᠠ᠃ ᠶᠠᠳᠠᠭᠤ᠎ᠠᠴᠠ ᠠᠩᠬᠢᠵᠢᠷᠠᠭᠤᠯᠬᠤ ᠠᠵᠢᠯ᠎ᠤᠨ ᠬᠠᠷᠢᠭᠤᠴᠠᠯᠭ᠎ᠠ ᠵᠢᠨ ᠲᠦᠷᠢᠮ ᠪᠠ ᠶᠠᠳᠠᠭᠤ ᠬᠦᠴᠢᠷᠳᠡᠯ᠎ᠠᠴᠠ ᠤᠬᠤᠷᠢᠨ ᠭᠠᠷᠬᠤ ᠲᠤᠬᠳᠠᠴᠠ ᠵᠢ ᠡᠷᠡᠰ ᠬᠡᠷᠡᠭᠵᠢᠬᠦᠯᠵᠦ᠂ ᠶᠠᠳᠠᠭᠤ ᠵᠢᠨ ᠮᠠᠯᠠᠭ᠋ᠠᠢ᠎ᠪᠠᠨ ᠠᠪᠴᠦ ᠬᠠᠶᠠᠬᠤ ᠦᠭᠡᠢ ᠪᠤᠯ ᠬᠦᠴᠦ᠎ᠪᠠᠨ ᠰᠤᠯᠠᠷᠠᠭᠤᠯᠬᠤ ᠦᠭᠡᠢ ᠪᠠᠢ᠍ᠢ᠍ᠬᠤ ᠵᠢ ᠬᠢᠵᠦ ᠪᠠᠶᠠᠯᠡᠬᠦᠯᠦᠨ᠎ᠠ᠃ ᠶᠠᠳᠠᠭᠤ᠎ᠠᠴᠠ ᠠᠩᠬᠢᠵᠢᠷᠠᠭᠤᠯᠬᠤ ᠤᠷᠳᠦ ᠬᠤᠭᠤᠴᠠᠭ᠋ᠠᠳᠦ ᠲᠤᠬᠳᠠᠴᠠ ᠵᠢ ᠪᠦᠷᠢᠨᠰᠢᠬᠦᠯᠵᠦ᠂ ᠶᠠᠳᠠᠭᠤ ᠬᠦᠴᠢᠷᠳᠡᠯᠳᠠᠢ ᠬᠦᠮᠦᠰ᠎ᠤᠨ ᠡᠪᠡᠳᠴᠢᠨ᠎ᠠᠴᠠ ᠪᠤᠯᠵᠦ ᠲᠠᠬᠢᠨ ᠶᠠᠳᠠᠭᠤᠷᠠᠬᠤ᠂ ᠡᠪᠡᠳᠴᠢᠨ᠎ᠠᠴᠠ ᠪᠤᠯᠵᠦ ᠶᠠᠳᠠᠭᠤᠷᠠᠬᠤ ᠠᠰᠠᠭᠤᠳᠠᠯ᠎ᠢ ᠦᠨᠡᠨ ᠬᠦ᠌ ᠰᠢᠢ᠍ᠳᠪᠤᠷᠢᠯᠡᠵᠦ᠂ ᠶᠠᠳᠠᠭᠤ᠎ᠠᠴᠠ ᠠᠩᠬᠢᠵᠢᠷᠠᠭᠤᠯᠤᠬᠰᠠᠨ ᠦᠷ᠎ᠠ ᠪᠦᠳᠦᠮᠵᠢ ᠵᠢ ᠬᠦᠮᠦᠨ ᠪᠦᠬᠦᠨ ᠮᠡᠳᠡᠷᠡᠭᠰᠡᠨ᠂ ᠲᠡᠤᠬᠡ ᠵᠢᠨ ᠰᠢᠯᠭ᠋ᠠᠯᠳᠠ ᠵᠢ ᠲᠠᠭ᠋ᠠᠭ᠋ᠠᠵᠦ ᠲᠠᠢ᠍ᠢ᠍ᠯᠬᠦ ᠵᠢ ᠪᠠᠳᠤᠯᠠᠨ᠎ᠠ᠃ 2020 ᠤᠨ ᠪᠤᠯᠬᠤ᠎ᠳᠤ ᠶᠠᠳᠠᠭᠤ ᠬᠦᠴᠢᠷᠳᠡᠯᠳᠠᠢ ᠬᠦᠮᠦᠨ ᠠᠮᠠ ᠵᠢᠨ 《ᠬᠤᠶᠠᠷ ᠵᠦᠢ᠍ᠯ᠎ᠳᠤ ᠰᠠᠨᠠᠭ᠎ᠠ ᠵᠤᠪᠠᠬᠤ ᠦᠭᠡᠢ ᠭᠤᠷᠪᠠᠨ ᠪᠠᠳᠤᠯᠠᠭ᠎ᠠ᠎ᠲᠠᠢ ᠪᠠᠢ᠍ᠢ᠍ᠬᠤ》 ᠵᠢ ᠲᠤᠬᠳᠠᠭᠤᠨ ᠵᠶ᠋ᠠᠷ ᠪᠠᠶᠠᠯᠡᠬᠦᠯᠦᠨ᠎ᠠ᠃
      ᠰᠠᠭᠤᠭ᠋ᠠᠯᠢ ᠠᠷᠠᠳ᠎ᠤᠨ ᠤᠷᠤᠯᠭ᠎ᠠ ᠵᠢᠨ ᠨᠡᠮᠡᠭᠳᠠᠯ᠎ᠢ ᠲᠤᠬᠳᠠᠭᠤᠨ ᠵᠶ᠋ᠠᠷ ᠠᠬᠢᠭᠤᠯᠤᠨ᠎ᠠ᠃ ᠤᠯᠤᠰ ᠦᠪᠡᠷᠳᠡᠭᠡᠨ ᠵᠠᠰᠠᠬᠤ ᠤᠷᠤᠨ᠎ᠤ ᠬᠦᠳᠡᠭᠡ ᠲᠤᠰᠬᠤᠨ᠎ᠤ ᠰᠠᠭᠤᠭ᠋ᠠᠯᠢ ᠠᠷᠠᠳ᠎ᠤᠨ ᠤᠷᠤᠯᠭ᠎ᠠ ᠵᠢᠨ ᠨᠡᠮᠡᠭᠳᠡᠯ᠎ᠢ ᠠᠬᠢᠭᠤᠯᠬᠤ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠦ᠂ ᠬᠠᠮᠤᠬ ᠲᠤᠤᠷ᠎ᠠ ᠴᠠᠯᠢᠩ᠎ᠤᠨ ᠪᠠᠷᠢᠮᠵᠢᠶ᠎ᠠ ᠵᠢ ᠲᠤᠬᠳᠠᠭᠤᠨ ᠵᠶ᠋ᠠᠷ ᠨᠡᠮᠡᠭᠳᠡᠬᠦᠯᠦᠨ᠂ ᠬᠤᠳᠠ ᠬᠦᠳᠡᠭᠡ ᠵᠢᠨ ᠰᠠᠭᠤᠭ᠋ᠠᠯᠢ ᠠᠷᠠᠳ᠎ᠤᠨ ᠤᠷᠤᠯᠭ᠎ᠠ ᠪᠤᠯᠤᠨ ᠠᠵᠦ ᠠᠬᠤᠢ ᠵᠢᠨ ᠵᠡᠷᠬᠡᠪᠠᠷ ᠨᠡᠮᠡᠭᠳᠡᠭᠦ ᠲᠤᠬᠳᠠᠴᠠ ᠵᠢ ᠪᠠᠢ᠍ᠢ᠍ᠭᠤᠯᠵᠦ᠂ ᠠᠷᠠᠳ ᠤᠯᠠᠨ᠎ᠤ ᠤᠷᠤᠯᠭ᠎ᠠ ᠵᠢ ᠵᠢᠯ ᠵᠢᠯ ᠨᠡᠮᠡᠭᠳᠠᠯ᠎ᠲᠠᠢ᠂ ᠠᠮᠢᠳᠤᠷᠠᠯ᠎ᠨᠢ ᠵᠢᠯ᠎ᠠᠴᠠ ᠵᠢᠯ ᠰᠠᠢ᠍ᠢ᠍ᠵᠢᠷᠠᠯᠳᠠ᠎ᠲᠠᠢ ᠪᠠᠢ᠍ᠢ᠍ᠬᠤ ᠵᠢ ᠪᠠᠶᠡᠯᠡᠬᠦᠯᠦᠨ᠎ᠠ᠃ ᠦᠢ᠍ᠯᠡᠰ ᠪᠤᠰᠬᠠᠨ ᠠᠵᠢᠯ ᠤᠯᠭᠤᠯᠳᠠ᠎ᠪᠠᠷ ᠤᠷᠤᠯᠭ᠎ᠠ᠎ᠪᠠᠨ ᠨᠡᠮᠡᠭᠳᠡᠬᠦᠯᠬᠦ ᠵᠢ ᠠᠳᠬᠤᠵᠦ᠂ ᠦᠪᠡᠷᠳᠡᠭᠡᠨ ᠵᠠᠰᠠᠬᠤ ᠤᠷᠤᠨ᠎ᠤ ᠲᠠᠰ᠎ᠤᠨ ᠬᠤᠶᠠᠷ ᠬᠠᠮᠲᠤ᠎ᠪᠠᠷ ᠦᠢ᠍ᠯᠡᠰ ᠪᠤᠰᠬᠠᠬᠤ ᠤᠷᠤᠨ ᠵᠠᠢ ᠬᠠᠩᠭ᠋ᠠᠵᠦ᠂ ᠡᠯ᠎ᠠ ᠲᠦᠷᠤᠯ᠎ᠤᠨ ᠴᠢᠳᠠᠪᠤᠷᠢᠳᠠᠨ᠎ᠤ ᠤᠷ᠎ᠠ ᠠᠪᠢᠶᠠᠰ᠎ᠢ ᠪᠠᠳᠠᠷᠠᠭᠤᠯᠤᠨ᠎ᠠ᠃ ᠶᠡᠭᠡ ᠰᠤᠷᠭ᠋ᠠᠭᠤᠯᠢ ᠲᠡᠭᠦᠰᠦᠭᠰᠡᠨ ᠤᠶᠤᠳᠠᠨ᠂ ᠬᠦᠳᠡᠭᠡ ᠲᠤᠰᠬᠤᠨ ᠮᠠᠯᠵᠢᠬᠤ ᠤᠷᠤᠨ᠎ᠤ ᠦᠯᠡᠬᠦᠦ ᠬᠦᠳᠡᠯᠮᠤᠷᠢ ᠬᠦᠴᠦ ᠪᠠ ᠠᠵᠢᠯ ᠤᠯᠬᠤ᠎ᠳᠤ ᠬᠦᠴᠢᠷᠳᠡᠵᠦ ᠪᠠᠢ᠍ᠢ᠍ᠭ᠎ᠠ ᠬᠦᠮᠦᠰ᠎ᠤᠨ ᠲᠠᠬᠢᠨ ᠠᠵᠢᠯ ᠤᠯᠭᠤᠯᠳᠠ ᠵᠢᠨ ᠠᠵᠢᠯ᠎ᠢ ᠨᠠᠷᠢᠨ ᠬᠢᠨᠠᠮᠠᠭ᠋ᠠᠢ ᠰᠠᠢ᠍ᠢ᠍ᠳᠤᠷ ᠬᠢᠵᠦ᠂ ᠬᠦᠴᠢᠷᠳᠡᠯᠳᠠᠢ ᠤᠯᠠᠨ ᠲᠦᠮᠡᠨ᠎ᠳᠤ ᠬᠠᠨᠳᠤᠭᠤᠯᠤᠬᠰᠠᠨ ᠨᠠᠢ᠍ᠢ᠍ᠳᠠ ᠵᠢᠨ ᠠᠰᠠᠷᠠᠮᠵᠢ ᠵᠢᠨ ᠠᠵᠢᠯ᠎ᠤᠨ ᠪᠠᠢ᠍ᠢ᠍ᠷᠢ ᠵᠢ ᠨᠠᠩ ᠤᠯᠠᠨ ᠬᠠᠩᠭ᠋ᠠᠵᠦ᠂ 《ᠠᠵᠢᠯ᠎ᠲᠠᠢ ᠬᠦᠮᠦᠨ ᠦᠭᠡᠢ ᠬᠡᠷ ᠪᠦᠯᠢ》 ᠵᠢ ᠦᠭᠡᠢ᠍ᠢ᠍ᠰᠬᠡᠨ᠎ᠠ᠃ 2020 ᠤᠨ ᠪᠤᠯᠬᠤ᠎ᠳᠤ ᠬᠤᠳᠠ ᠪᠠᠯᠭ᠋ᠠᠰᠦ ᠵᠢᠨ ᠰᠢᠨ᠎ᠠ᠎ᠪᠠᠷ ᠠᠵᠢᠯ ᠤᠯᠤᠬᠰᠠᠳ᠎ᠤᠨ ᠲᠤᠭ᠎ᠠ ᠵᠢ 3500 ᠬᠦᠮᠦᠨ (ᠤᠳᠠᠭ᠎ᠠ)᠎ᠳᠤ ᠬᠦᠷᠬᠡᠵᠦ᠂ ᠮᠠᠯᠴᠢᠨ ᠲᠠᠷᠢᠶᠠᠴᠢᠳ᠎ᠢ ᠰᠢᠯᠵᠢᠬᠦᠯᠦᠨ ᠠᠵᠢᠯ ᠤᠯᠭᠤᠬᠤ ᠵᠢ 3.5 ᠲᠦᠮᠡᠨ ᠬᠦᠮᠦᠨ (ᠤᠳᠠᠭ᠎ᠠ)᠎ᠳᠤ ᠬᠦᠷᠬᠡᠨ᠎ᠠ᠃ ᠠᠯᠪᠠᠨ ᠪᠠᠢ᠍ᠢ᠍ᠭᠤᠯᠤᠯᠭ᠎ᠠ ᠠᠵᠢᠯ ᠦᠢ᠍ᠯᠡᠰ᠎ᠤᠨ ᠨᠢᠬᠡᠴᠠ ᠵᠢᠨ ᠨᠦᠬᠦᠪᠤᠷᠢ ᠴᠠᠯᠢᠩ ᠪᠠ ᠦᠷ᠎ᠠ ᠪᠦᠳᠦᠮᠵᠢᠳᠦ ᠴᠠᠯᠢᠩ᠎ᠤᠨ ᠲᠦᠷᠢᠮ᠎ᠢ ᠲᠡᠬᠦᠯᠳᠡᠷᠵᠢᠬᠦᠯᠵᠦ᠂ ᠵᠦᠷᠢᠶᠠᠳᠦ ᠴᠠᠯᠢᠩ᠎ᠤᠨ ᠤᠷᠮᠠᠰᠢᠭᠤᠯᠬᠤ ᠲᠤᠬᠳᠠᠴᠠ ᠵᠢ ᠪᠦᠷᠢᠨᠰᠢᠬᠦᠯᠦᠨ᠎ᠠ᠃ ᠬᠦᠳᠡᠯᠮᠤᠷᠢ ᠵᠢᠨ ᠵᠢᠱ᠌ᠢᠶᠠᠴᠢ ᠵᠢᠨ ᠵᠤᠷᠢᠭ ᠰᠠᠨᠠᠭ᠎ᠠ ᠪᠠ ᠤᠷᠠᠨ ᠲᠠᠷᠬᠠᠨ᠎ᠤ ᠵᠤᠷᠢᠬ ᠰᠠᠨᠠᠭ᠎ᠠ ᠵᠢ ᠶᠠᠭᠡᠪᠠᠷ ᠪᠠᠳᠠᠷᠠᠭᠤᠯᠵᠦ᠂ ᠪᠦᠬᠦ ᠨᠠᠢ᠍ᠢ᠍ᠬᠡᠮ ᠲᠠᠶᠠᠭ᠋ᠠᠷ᠎ᠲᠤ ᠬᠦᠳᠡᠯᠮᠤᠷᠢ᠎ᠪᠠᠷ ᠵᠶ᠋ᠠᠨ ᠵᠤᠯ ᠵᠢᠷᠭ᠋ᠠᠯᠳᠦ ᠠᠮᠢᠳᠤᠷᠠᠯ ᠵᠶ᠋ᠠᠨ ᠴᠤᠬ᠍ᠴᠠᠯᠠᠬᠤ ᠦᠢ᠍ᠯᠡᠰ ᠵᠶ᠋ᠠᠨ ᠲᠡᠭᠡᠳᠤᠯᠡᠬᠦ ᠠᠭᠤᠷ ᠠᠮᠢᠰᠬᠤᠯ᠎ᠢ ᠪᠤᠢ ᠪᠤᠯᠭ᠋ᠠᠨ᠎ᠠ᠃
      ᠠᠷᠠᠳ ᠤᠯᠠᠨ ᠬᠠᠨᠤᠮᠵᠢᠳᠠᠢ ᠰᠤᠷᠭ᠋ᠠᠨ ᠬᠦᠮᠦᠵᠢᠯ᠎ᠢ ᠴᠢᠷᠮᠠᠢ᠍ᠢ᠍ᠨ ᠡᠷᠬᠢᠯᠡᠨ᠎ᠠ᠃ ᠰᠤᠷᠭ᠋ᠠᠨ ᠬᠦᠮᠦᠵᠢᠯ᠎ᠢ ᠤᠷᠢᠳᠠᠪᠠᠷ ᠬᠦᠭᠵᠢᠬᠦᠯᠬᠦ ᠪᠠᠢ᠍ᠢ᠍ᠯᠳᠤᠬᠤ ᠪᠤᠳᠤᠯᠭ᠎ᠠ ᠵᠢ ᠪᠠᠷᠢᠮᠳᠠᠯᠠᠵᠦ᠂ ᠮᠤᠷᠠᠯ ᠵᠶ᠋ᠠᠷ ᠬᠦᠮᠦᠨ᠎ᠢ ᠬᠦᠮᠦᠵᠢᠬᠦᠯᠭᠦ ᠦᠨᠳᠤᠰᠤᠨ ᠡᠬᠦᠷᠡᠭᠡ ᠵᠢ ᠬᠦᠨᠵᠡᠭᠡᠢ ᠲᠤᠭᠤᠰᠢᠯᠠᠭᠤᠯᠵᠦ᠂ ᠬᠡᠪ ᠴᠢᠨᠠᠷ᠎ᠤᠨ ᠰᠤᠷᠭ᠋ᠠᠨ ᠬᠦᠮᠦᠵᠢᠯ᠎ᠢ ᠬᠦᠭᠵᠢᠬᠦᠯᠵᠦ᠂ ᠰᠤᠷᠭ᠋ᠠᠨ ᠬᠦᠮᠦᠵᠢᠯ᠎ᠤᠨ ᠡᠷᠬᠡ ᠲᠡᠭᠰᠢ ᠪᠠᠢ᠍ᠢ᠍ᠬᠤ ᠵᠢ ᠠᠬᠢᠭᠤᠯᠤᠨ᠎ᠠ᠃ ᠪᠠᠬᠰᠢ ᠵᠢᠨ ᠶᠤᠰᠦ ᠰᠤᠷᠳᠠᠬᠤᠨ᠎ᠤ ᠪᠠᠢ᠍ᠢ᠍ᠭᠤᠯᠤᠯᠳᠠ ᠵᠢ ᠴᠢᠩᠭ᠋ᠠᠳᠬᠠᠨ᠂ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠬᠤ ᠶᠠᠰᠦ ᠴᠢᠨᠠᠷ᠎ᠢ ᠰᠢᠯᠭ᠋ᠠᠨ ᠦᠨᠡᠯᠡᠬᠦ ᠲᠤᠬᠳᠠᠯᠴᠠᠭ᠎ᠠ ᠵᠢ ᠪᠠᠢ᠍ᠢ᠍ᠭᠤᠯᠤᠨ ᠲᠡᠬᠦᠯᠳᠡᠷᠵᠢᠬᠦᠯᠵᠦ᠂ ᠵᠦᠷᠢᠶᠠᠳᠦ ᠴᠠᠯᠢᠩ᠎ᠤᠨ ᠲᠦᠷᠢᠮ᠎ᠢ ᠬᠡᠷᠡᠭᠵᠢᠬᠦᠯᠵᠦ᠂ 《ᠢᠯᠡᠬᠦᠦ ᠬᠦᠳᠡᠯᠮᠤᠷᠢᠯᠡᠪᠠᠯ ᠢᠯᠡᠬᠦᠦ ᠤᠯᠵᠦ ᠰᠢᠯᠢᠳᠡᠭ ᠪᠦᠳᠦᠮᠵᠢ᠎ᠲᠠᠢ ᠪᠤᠯ ᠰᠠᠢ᠍ᠢ᠍ᠨ ᠬᠠᠷᠠᠭ᠋ᠠᠯᠵᠠᠯ ᠬᠦᠷᠳᠡᠭᠦ》 ᠵᠢ ᠢᠯᠡᠷᠡᠭᠦᠯᠵᠦ᠂ ᠪᠠᠬᠰᠢ ᠨᠠᠷ᠎ᠤᠨ ᠦᠢ᠍ᠯᠡᠰ᠎ᠲᠤ᠎ᠪᠠᠨ ᠵᠤᠷᠢᠭᠤᠯᠬᠤ ᠤᠷᠬᠢᠯᠦᠮ᠎ᠠ ᠰᠡᠳᠬᠢᠯᠭᠡ ᠵᠢ ᠪᠠᠳᠠᠷᠠᠭᠤᠯᠤᠨ᠎ᠠ᠃ ᠡᠷᠬᠢᠨ ᠲᠤᠭᠤᠷᠢᠨ᠎ᠤ ᠨᠠᠷᠡᠳᠦ ᠰᠤᠷᠭ᠋ᠠᠭᠤᠯᠢ᠎ᠯᠤᠭ᠎ᠠ ᠵᠢᠨ ᠬᠦᠭᠵᠢᠯᠳᠠ ᠵᠢᠨ ᠵᠦᠷᠢᠶ ᠎ᠠ᠎ᠪᠠᠨ ᠪᠠᠭ᠋ᠠᠰᠬᠠᠵᠦ᠂ ᠳ᠋ᠧᠩᠺᠧᠦ ᠵᠢᠨ ᠨᠢᠬᠡᠳᠤᠭᠡᠷ ᠲᠤᠮᠳᠠᠳᠦ ᠰᠤᠷᠭ᠋ᠠᠭᠤᠯᠢ ᠵᠢ ᠰᠢᠯᠢᠳᠡᠭ ᠲᠡᠬᠡᠳᠦ ᠲᠤᠮᠳᠠᠳᠦ ᠵᠢᠨ ᠰᠤᠷᠭ᠋ᠠᠭᠤᠯᠢ ᠪᠤᠯᠭ᠋ᠠᠨ ᠪᠦᠳᠦᠬᠡᠨ ᠪᠠᠢ᠍ᠢ᠍ᠭᠤᠯᠬᠤ᠎ᠪᠠᠷ ᠴᠢᠷᠮᠠᠢ᠍ᠢ᠍ᠵᠦ᠂ ᠰᠤᠷᠭ᠋ᠠᠨ ᠬᠦᠮᠦᠵᠢᠯ᠎ᠤᠨ ᠤᠳᠤᠬᠢᠴᠢᠯᠠᠯᠳᠠ ᠵᠢ ᠦᠨᠳᠤᠰᠤᠨ᠎ᠳᠤ᠎ᠪᠠᠨ ᠪᠠᠶᠠᠯᠡᠬᠦᠯᠦᠨ᠎ᠠ᠃
      ᠡᠷᠡᠬᠦᠯ ᠡᠩᠭᠡ ᠳ᠋ᠧᠩᠺᠧᠦ ᠵᠢᠨ ᠪᠦᠳᠦᠬᠡᠨ ᠪᠠᠢ᠍ᠢ᠍ᠭᠤᠯᠤᠯᠳᠠ ᠵᠢ ᠪᠦᠬᠦ ᠬᠦᠴᠦᠨ ᠵᠶ᠋ᠠᠷ ᠲᠦᠯᠬᠢᠨ ᠠᠬᠢᠭᠤᠯᠤᠨ᠎ᠠ᠃ ᠬᠤᠳᠠ ᠬᠦᠳᠡᠭᠡ ᠵᠢᠨ ᠡᠷᠡᠬᠦᠯ ᠬᠠᠮᠠᠭ᠋ᠠᠯᠠᠯ᠎ᠤᠨ ᠦᠢ᠍ᠯᠡᠴᠢᠯᠡᠬᠡᠨ᠎ᠤ ᠰᠢᠰᠲ᠋ᠧᠮ᠎ᠢ ᠪᠦᠷᠢᠨᠰᠢᠬᠦᠯᠵᠦ᠂ ᠡᠮ ᠡᠮᠨᠡᠯᠭᠡ ᠵᠢᠨ ᠬᠠᠮᠳᠤᠷᠠᠬᠰᠠᠨ ᠴᠤᠬ᠍ᠴᠠ ᠵᠢ ᠰᠠᠢ᠍ᠢ᠍ᠳᠤᠷ ᠬᠢᠵᠦ᠂ ᠰᠢᠯᠢᠳᠡᠭ ᠡᠮᠴᠢᠯᠡᠭᠡᠨ᠎ᠤ ᠡᠬᠢ ᠰᠤᠷᠪᠤᠯᠵᠢ ᠪᠠ ᠡᠮᠴᠢᠯᠡᠭᠡᠨ᠎ᠤ ᠴᠢᠳᠠᠪᠤᠷᠢᠳᠠᠨ᠎ᠢ ᠲᠤᠷᠤᠬᠰᠢ ᠪᠠᠭᠤᠯᠭ᠋ᠠᠬᠤ ᠵᠢ ᠠᠬᠢᠭᠤᠯᠵᠦ᠂ ᠬᠦᠳᠡᠭᠡ ᠲᠤᠰᠬᠤᠨ ᠮᠠᠯᠵᠢᠬᠤ ᠤᠷᠤᠨ ᠪᠠ ᠨᠡᠢ᠍ᠢ᠍ᠬᠡᠮ ᠲᠤᠭᠤᠷᠢᠭ᠎ᠤᠨ ᠡᠷᠡᠭᠦᠯ ᠬᠠᠮᠠᠭ᠋ᠠᠯᠠᠯ᠎ᠤᠨ ᠬᠤᠷᠢᠶᠠᠨ᠎ᠤ ᠡᠪᠡᠳᠴᠢᠨ ᠦᠵᠡᠬᠦ ᠬᠢᠷᠢ ᠲᠦᠪᠰᠢᠨ᠎ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠠ᠃ ᠪᠦᠬᠦ ᠰᠠᠯᠠᠭ᠋ᠠᠨ᠎ᠤ ᠡᠮᠴᠢ ᠪᠠ ᠬᠡᠷ ᠪᠦᠯᠢ ᠵᠢᠨ ᠡᠮᠴᠢ ᠵᠢ ᠬᠦᠮᠤᠵᠢᠬᠦᠯᠭᠦ ᠵᠢ ᠴᠢᠩᠭ᠋ᠠᠳᠬᠠᠨ᠂ ᠰᠡᠳᠬᠢᠴᠠ ᠵᠢᠨ ᠡᠷᠡᠬᠦᠯ ᠮᠡᠨᠳᠦ ᠵᠢᠨ ᠦᠢ᠍ᠯᠡᠴᠢᠯᠡᠭᠡ ᠵᠢ ᠪᠦᠬᠦ ᠲᠠᠯ᠎ᠠ᠎ᠪᠠᠷ ᠦᠷᠨᠢᠬᠦᠯᠵᠦ᠂ ᠤᠯᠠᠨ ᠨᠠᠢ᠍ᠢ᠍ᠳᠠ ᠵᠢᠨ ᠡᠷᠡᠬᠦᠯ ᠬᠠᠮᠠᠭ᠋ᠠᠯᠠᠯ ᠪᠠ ᠴᠢᠬᠤᠯᠠ ᠶᠡᠭᠡ ᠡᠪᠡᠳᠴᠢᠨ ᠬᠢᠵᠢᠭ᠎ᠢ ᠰᠡᠷᠬᠡᠢ᠍ᠢ᠍ᠯᠡᠨ ᠬᠢᠵᠠᠭ᠋ᠠᠷᠯᠠᠬᠤ ᠠᠵᠢᠯ᠎ᠢ ᠰᠠᠢ᠍ᠢ᠍ᠳᠤᠷ ᠬᠢᠵᠦ᠂ ᠬᠡᠷ ᠪᠦᠯᠢ ᠵᠢᠨ ᠡᠮᠴᠢ ᠵᠢᠨ ᠦᠢ᠍ᠯᠡᠴᠢᠯᠡᠭᠡᠨ᠎ᠤ ᠨᠤᠷᠮ᠎ᠠ ᠵᠢ 100% ᠎ᠳᠤ ᠬᠦᠷᠬᠡᠨ᠎ᠠ᠃ ᠬᠡᠷ ᠪᠦᠯᠢ ᠵᠢᠨ ᠡᠮᠴᠢ ᠵᠢ ᠦᠷᠬᠡᠨ ᠵᠶ᠋ᠠᠷ ᠪᠦᠷᠬᠦᠬᠦᠯᠭᠦ᠂ ᠬᠦᠮᠦᠨ ᠪᠦᠷᠢ ᠠᠳᠠᠯᠢ ᠲᠡᠭᠰᠢ ᠦᠨᠳᠤᠰᠤᠨ ᠡᠮ ᠡᠮᠨᠡᠯᠭᠡ ᠪᠠ ᠦᠨᠳᠤᠰᠤᠨ ᠤᠯᠠᠨ ᠨᠠᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠦᠢ᠍ᠯᠡᠴᠢᠯᠡᠭᠡ ᠬᠦᠷᠳᠡᠭᠦ ᠰᠢᠨ᠎ᠠ ᠪᠠᠢ᠍ᠢ᠍ᠳᠠᠯ᠎ᠢ ᠪᠦᠷᠢᠳᠤᠬᠦᠯᠤᠨ᠎ᠠ᠃ 《ᠡᠮᠴᠢᠯᠡᠬᠦ ᠪᠠ ᠠᠰᠠᠷᠠᠬᠤ ᠵᠢ ᠤᠶᠠᠯᠳᠤᠭᠤᠯᠬᠤ》 ᠵᠢ ᠪᠦᠬᠦ ᠲᠠᠯ᠎ᠠ᠎ᠪᠠᠷ ᠠᠬᠢᠭᠤᠯᠵᠦ᠂ ᠠᠮᠢ ᠠᠬᠤᠢ ᠵᠢᠨ ᠨᠠᠰᠤᠵᠢᠯ᠎ᠤᠨ ᠲᠠᠭ᠋ᠠᠳᠬᠠᠯ᠎ᠤᠨ ᠠᠵᠦ ᠦᠢ᠍ᠯᠡᠰ᠎ᠤᠨ ᠬᠦᠷᠢᠶᠠᠯᠠᠩ᠎ᠢ ᠪᠠᠢ᠍ᠢ᠍ᠭᠤᠯᠤᠨ᠂ ᠨᠠᠩ ᠰᠢᠯᠢᠳᠡᠭ ᠦᠢ᠍ᠯᠡᠴᠢᠯᠡᠭᠡ ᠪᠦᠬᠦᠢ ᠨᠠᠰᠤᠵᠢᠯ᠎ᠤᠨ ᠭᠠᠵᠠᠷ ᠪᠠ ᠨᠠᠰᠤᠳᠠᠳ᠎ᠢ ᠠᠰᠠᠷᠠᠬᠤ ᠦᠢ᠍ᠯᠠᠴᠢᠯᠡᠬᠡᠨ᠎ᠤ ᠪᠠᠢ᠍ᠢ᠍ᠭᠤᠯᠤᠮᠵᠢ ᠪᠠ ᠵᠠᠮᠳᠡᠭᠴᠤᠳ᠎ᠢ ᠡᠷᠡᠭᠦᠯᠵᠢᠬᠦᠯᠬᠦ ᠦᠢ᠍ᠯᠡᠴᠢᠯᠡᠭᠡ ᠬᠠᠩᠭ᠋ᠠᠨ᠎ᠠ᠃ 2019 ᠤᠨ ᠪᠤᠯᠬᠤ᠎ᠳᠤ᠂ 《ᠡᠷᠡᠬᠦᠯ ᠡᠩᠭᠡ ᠳ᠋ᠧᠩᠺᠧᠦ》 ᠵᠢᠨ ᠪᠠᠢ᠍ᠢ᠍ᠭᠤᠯᠤᠯᠳᠠ ᠵᠢ ᠴᠢᠬᠤᠯᠠ ᠶᠡᠭᠡ ᠠᠬᠢᠯᠳᠠ᠎ᠲᠠᠢ ᠪᠤᠯᠭ᠋ᠠᠨ᠂ ᠪᠦᠬᠦ ᠤᠯᠤᠰ᠎ᠤᠨ ᠡᠷᠡᠬᠦᠯ ᠬᠠᠮᠠᠭ᠋ᠠᠯᠠᠯ᠎ᠤᠨ ᠰᠢᠶᠠᠨ᠎ᠤ ᠬᠤᠳᠠ ᠪᠤᠯᠭ᠋ᠠᠨ ᠪᠦᠳᠦᠭᠡᠨ ᠪᠠᠢ᠍ᠢ᠍ᠭᠤᠯᠤᠨ᠎ᠠ᠃

      ᠰᠤᠶᠤᠯ ᠵᠶ᠋ᠠᠷ ᠠᠷᠠᠳ᠎ᠲᠤ ᠬᠠᠷᠠᠭ᠋ᠠᠯᠵᠠᠯ ᠦᠵᠡᠬᠦᠯᠬᠦ ᠢᠨᠵᠧᠨᠧᠷᠢᠩ᠎ᠢ ᠪᠦᠬᠦ ᠲᠠᠯ᠎ᠠ᠎ᠪᠠᠷ ᠬᠡᠷᠡᠭᠵᠢᠬᠦᠯᠦᠨ᠎ᠠ᠃ ᠪᠦᠬᠦ ᠠᠷᠠᠳ᠎ᠤᠨ ᠪᠠᠶ᠎ᠠ ᠴᠢᠬᠢᠷᠠᠬ᠍ᠵᠢᠭᠤᠯᠬᠤ ᠬᠦᠳᠡᠯᠭᠡᠭᠡᠨ᠎ᠢ ᠦᠷᠬᠦᠯᠵᠢᠯᠠᠨ ᠠᠬᠢᠭᠤᠯᠵᠦ᠂ ᠶᠡᠷᠦᠩᠭᠡᠢ᠍ᠢ᠍ᠯᠡᠭᠰᠡᠨ ᠪᠠᠶ᠎ᠠ ᠲᠠᠮᠢᠷ᠎ᠤᠨ ᠤᠷᠳᠤᠨ ᠪᠠ ᠨᠡᠢ᠍ᠢ᠍ᠬᠡᠮ ᠲᠤᠭᠤᠷᠢᠭ᠎ᠤᠨ ᠪᠦᠬᠦ ᠠᠷᠠᠳ᠎ᠤᠨ ᠪᠠᠶ᠎ᠠ ᠴᠢᠬᠢᠷᠠᠬ᠍ᠵᠢᠭᠤᠯᠬᠤ ᠲᠦᠪ ᠪᠠᠢ᠍ᠢ᠍ᠭᠤᠯᠵᠦ᠂ ᠰᠤᠶᠤᠯ᠎ᠤᠨ ᠤᠷᠳᠤᠨ᠂ ᠨᠤᠮ᠎ᠤᠨ ᠰᠠᠩ ᠪᠠ ᠮᠠᠯᠴᠢᠨ ᠲᠠᠷᠢᠶᠠᠴᠢᠨ᠎ᠤ ᠰᠤᠶᠤᠯ ᠪᠠᠶ ᠎ᠠ ᠴᠢᠬᠢᠷᠠᠬ᠍ᠵᠢᠭᠤᠯᠬᠤ ᠲᠠᠯᠠᠪᠠᠢ᠂ ᠰᠢᠶᠠᠩ ᠲᠤᠰᠬᠤᠨ᠎ᠤᠨ ᠪᠦᠵᠢᠭ᠎ᠤᠨ ᠲᠠᠢ᠍ᠢ᠍ᠰᠠ᠂ ᠰᠤᠶᠤᠯ᠎ᠤᠨ ᠲᠤᠮᠤ ᠬᠦᠷᠢᠶ᠎ᠠ ᠵᠡᠷᠭᠡ ᠰᠤᠶᠤᠯ᠎ᠤᠨ ᠰᠠᠭᠤᠷᠢ ᠲᠦᠭᠦᠭᠡᠷᠤᠮᠵᠢ ᠵᠢᠨ ᠪᠦᠳᠦᠭᠡᠨ ᠪᠠᠢ᠍ᠢ᠍ᠭᠤᠯᠤᠯᠳᠠ ᠵᠢ ᠴᠢᠩᠭ᠋ᠠᠳᠬᠠᠵᠦ᠂ ᠪᠦᠬᠦ ᠠᠷᠠᠳ ᠵᠶ᠋ᠠᠷ ᠵᠶ᠋ᠠᠨ ᠨᠤᠮ ᠤᠩᠰᠢᠬᠤ ᠵᠢ ᠢᠳᠡᠪᠬᠢᠳᠠᠢ ᠤᠷᠢᠶᠠᠯᠠᠵᠦ᠂ ᠤᠯᠠᠨ ᠨᠠᠢ᠍ᠢ᠍ᠳᠠ ᠵᠢᠨ ᠰᠤᠶᠤᠯ᠎ᠤᠨ ᠤᠷᠳᠤᠨ᠂ ᠰᠤᠷᠭ᠋ᠠᠭᠤᠯᠢ ᠵᠢᠨ ᠪᠠᠶ᠎ᠠ ᠲᠠᠮᠢᠷ᠎ᠤᠨ ᠠᠵᠢᠯᠯᠠᠭ᠋ᠠᠨ᠎ᠤ ᠲᠠᠰᠤᠭ᠎ᠢ ᠨᠠᠢ᠍ᠢ᠍ᠬᠡᠮ ᠨᠠᠢ᠍ᠢ᠍ᠳᠠ᠎ᠳᠤ ᠴᠢᠯᠦᠭᠡᠳᠠᠢ ᠨᠡᠬᠡᠬᠡᠵᠦ᠂ ᠪᠦᠬᠦ ᠲᠠᠯ᠎ᠠ ᠵᠢᠨ ᠤᠯᠠᠨ ᠲᠠᠰ ᠲᠠᠪᠬᠤᠷᠭ᠎ᠠ ᠵᠢᠨ ᠤᠯᠠᠨ ᠨᠠᠢ᠍ᠢ᠍ᠳᠠ ᠵᠢᠨ ᠰᠤᠶᠤᠯ᠎ᠤᠨ ᠦᠢ᠍ᠯᠡᠴᠢᠯᠡᠭᠡᠨ᠎ᠤ ᠬᠠᠮᠲᠤ᠎ᠪᠠᠷ ᠡᠳ᠋ᠯᠡᠬᠦ ᠰᠢᠰᠲ᠋ᠧᠮ᠎ᠢ ᠪᠠᠢ᠍ᠢ᠍ᠭᠤᠯᠤᠨ᠎ᠠ᠃ ᠤᠯᠠᠭ᠋ᠠᠨᠮᠦᠢ᠍ᠴᠢᠷ ᠪᠠ ᠠᠷᠠᠳ᠎ᠤᠨ ᠲᠤᠮᠳᠠᠬᠢ ᠤᠷᠠᠯᠢᠭ᠎ᠤᠨ ᠪᠦᠯᠬᠦᠮ᠎ᠤᠨ ᠡᠬᠦᠳᠤᠨ ᠪᠦᠳᠦᠭᠡᠯᠭᠡ ᠵᠢ ᠶᠡᠭᠡᠪᠠᠷ ᠲᠠᠮᠵᠢᠵᠦ᠂ ᠳ᠋ᠧᠩᠺᠧᠦ ᠵᠢᠨ ᠬᠦᠮᠦᠨ ᠰᠤᠶᠤᠯ ᠲᠡᠤᠬᠡ ᠵᠢ ᠬᠠᠷᠠᠭᠤᠯᠤᠬᠰᠠᠨ ᠤᠷᠠᠯᠢᠭ᠎ᠤᠨ ᠰᠤᠳᠤᠨ ᠪᠦᠳᠦᠭᠡᠯ᠎ᠢ ᠨᠠᠢ᠍ᠢ᠍ᠷᠠᠭᠤᠯᠤᠨ᠎ᠠ᠃ ᠬᠤᠸᠠᠯᠠᠢ᠍ᠢ᠍ᠱ᠌ᠢ ᠨᠠᠢ᠍ᠢ᠍ᠷ᠎ᠤᠨ ᠲᠦᠷᠦᠯ ᠲᠠᠮᠳᠡᠭ᠎ᠤᠨ ᠦᠨ᠎ᠠ ᠦᠷᠳᠡᠭ᠎ᠢ ᠲᠡᠭᠡᠭᠰᠢᠯᠡᠬᠦᠯᠵᠦ᠂ ᠴᠡᠷᠢᠭ ᠠᠩᠭᠢ ᠵᠢᠨ ᠮᠦᠽᠧᠢ ᠵᠢᠨ ᠬᠠᠭᠤᠴᠢ ᠵᠦᠢ᠍ᠯ᠎ᠤᠨ ᠬᠤᠷᠢᠶᠠᠨ ᠬᠠᠳᠠᠭ᠋ᠠᠯᠠᠬᠤ ᠬᠡᠮᠵᠢᠶ᠎ᠠ ᠵᠢ ᠪᠠᠶᠠᠯᠢᠬ᠍ᠵᠢᠭᠤᠯᠤᠨ᠂ ᠰᠤᠶᠤᠯ᠎ᠤᠨ ᠦᠢ᠍ᠯᠡᠰ ᠪᠠ ᠰᠤᠶᠤᠯ᠎ᠤᠨ ᠠᠵᠦ ᠦᠢ᠍ᠯᠡᠰ᠎ᠤᠨ ᠤᠶᠠᠯᠳᠤᠨ ᠬᠦᠭᠵᠢᠬᠦ ᠵᠢ ᠠᠬᠢᠭᠤᠯᠵᠦ᠂ ᠳ᠋ᠧᠩᠺᠧᠦ ᠵᠢᠨ ᠦᠯᠢᠭᠡᠷ᠎ᠢ ᠰᠠᠢ᠍ᠢ᠍ᠬᠠᠨ ᠶᠠᠷᠢᠨ᠎ᠠ᠃ ᠰᠤᠶᠤᠯ᠎ᠤᠨ ᠦᠯᠡᠳᠡᠭᠳᠠᠯ᠎ᠢ ᠬᠠᠮᠠᠭ᠋ᠠᠯᠠᠬᠤ ᠠᠵᠢᠯ᠎ᠢ ᠰᠠᠢ᠍ᠢ᠍ᠳᠤᠷ ᠬᠢᠵᠦ᠂ ᠲᠡᠤᠬᠡ ᠰᠤᠶᠤᠯ᠎ᠤᠨ ᠲᠤᠳᠤᠭ᠋ᠠᠳᠦ ᠠᠭᠤᠯᠬᠤᠨ᠎ᠢ ᠤᠯᠠᠮ ᠪᠠᠶᠠᠯᠢᠬ᠍ᠵᠢᠭᠤᠯᠵᠦ᠂ ᠬᠤᠳᠠ ᠬᠦᠳᠡᠭᠡ ᠵᠢᠨ ᠦᠰᠦᠨ ᠪᠦᠢ᠍ᠵᠢᠯᠳᠠ ᠵᠢᠨ ᠲᠤᠷᠠᠳᠬᠠᠯ᠎ᠢ ᠦᠯᠡᠳᠡᠭᠡᠨ᠎ᠠ᠃ 《ᠴᠠᠪᠡᠷᠴᠢ ᠠᠢ᠍ᠢ᠍ᠯ ᠠᠵᠢᠯᠴᠢ ᠪᠠᠷᠢ》 ᠵᠡᠷᠭᠡ ᠤᠯᠠᠨ ᠲᠦᠮᠡᠨ᠎ᠤ ᠤᠶᠤᠨ ᠰᠠᠨᠠᠭ᠋ᠠᠨ᠎ᠤ ᠡᠬᠦᠳᠤᠨ ᠪᠦᠳᠦᠭᠡᠯᠳᠠ ᠵᠢᠨ ᠠᠵᠢᠯᠯᠠᠭ᠎ᠠ ᠵᠢ ᠦᠷᠬᠡᠨ ᠵᠶ᠋ᠠᠷ ᠦᠷᠨᠢᠬᠦᠯᠵᠦ᠂ ᠨᠠᠢ᠍ᠢ᠍ᠬᠡᠮ᠎ᠤᠨ ᠪᠤᠯᠪᠠᠰᠤᠨ᠎ᠤ ᠬᠡᠮᠵᠢᠶ᠎ᠠ ᠵᠢ ᠪᠦᠬᠦ ᠲᠠᠯ᠎ᠠ᠎ᠪᠠᠷ ᠲᠡᠭᠡᠭᠰᠢᠯᠡᠬᠦᠯᠦᠨ᠎ᠠ᠃ 2022 ᠤᠨ ᠪᠤᠯᠬᠤ᠎ᠳᠤ᠂ ᠠᠷᠠᠳ᠎ᠲᠤ ᠲᠦᠭᠦᠮ ᠦᠵᠡᠬᠦᠯᠬᠦ ᠰᠤᠶᠤᠯ᠎ᠤᠨ ᠲᠤᠭᠤᠷᠢᠭ ᠪᠠ ᠪᠠᠶ᠎ᠠ ᠲᠠᠮᠢᠷ᠎ᠤᠨ ᠵᠤᠭ᠋ᠠᠴᠠᠨ ᠰᠠᠯᠡᠬᠦᠴᠡᠬᠦ ᠲᠤᠭᠤᠷᠢᠭ᠎ᠢ ᠪᠠᠢ᠍ᠢ᠍ᠭᠤᠯᠵᠦ᠂ ᠪᠤᠷᠤᠳᠤᠬᠤᠢ ᠤᠷᠤᠨ᠎ᠤ ᠴᠢᠬᠤᠯᠠ ᠨᠦᠯᠦᠭᠡᠴᠠ᠎ᠲᠠᠢ ᠭᠠᠵᠠᠷ ᠤᠷᠤᠨ᠎ᠤ ᠰᠤᠶᠤᠯ᠎ᠤᠨ ᠦᠯᠢᠭᠡᠷ ᠵᠢᠱ᠌ᠢᠶ᠎ᠠ ᠵᠢ ᠱᠤᠭᠤᠵᠦ᠂ ᠤᠳᠦ ᠦᠶ᠎ᠠ ᠵᠢᠨ ᠪᠤᠯᠪᠠᠰᠤᠨ᠎ᠤ ᠴᠠᠴᠡᠭᠡᠰ᠎ᠢ ᠭᠠᠵᠠᠷ ᠰᠠᠢ ᠦᠭᠡᠢ ᠲᠠᠯᠭᠡᠷᠡᠬᠦᠯᠦᠨ᠎ᠠ᠃
      ᠨᠠᠢ᠍ᠢ᠍ᠬᠡᠮ᠎ᠤᠨ ᠪᠠᠳᠤᠯᠠᠪᠤᠷᠢ ᠵᠢᠨ ᠰᠢᠰᠲ᠋ᠧᠮ᠎ᠢ ᠪᠠᠢ᠍ᠢ᠍ᠭᠤᠯᠤᠨ ᠲᠡᠬᠦᠯᠳᠠᠷᠵᠢᠬᠦᠯᠦᠨ᠎ᠠ᠃ ᠪᠦᠬᠦ ᠠᠷᠠᠳ᠎ᠢ ᠪᠦᠷᠬᠦᠭᠰᠡᠨ᠂ ᠬᠤᠳᠠ ᠬᠦᠳᠡᠭᠡ ᠵᠢ ᠨᠢᠬᠡᠳᠤᠯᠳᠠᠢ ᠲᠦᠯᠦᠪᠵᠢᠭᠦᠯᠦᠭᠰᠡᠨ᠂ ᠡᠷᠭᠡ ᠡᠬᠦᠷᠭᠡ ᠲᠤᠳᠤᠷᠬᠠᠢ᠂ ᠪᠠᠳᠤᠯᠠᠭ᠎ᠠ᠎ᠨᠢ ᠲᠤᠬᠢᠷᠠᠮᠵᠢᠳᠠᠢ᠂ ᠦᠷᠬᠦᠯᠵᠢᠯᠠᠨ ᠬᠦᠭᠵᠢᠭᠰᠠᠨ ᠤᠯᠠᠨ ᠲᠠᠰ ᠲᠠᠪᠬᠤᠷᠭ᠎ᠠ ᠵᠢᠨ ᠨᠠᠢ᠍ᠢ᠍ᠬᠡᠮ᠎ᠤᠨ ᠪᠠᠳᠤᠯᠠᠭ᠎ᠠ ᠵᠢᠨ ᠰᠢᠰᠲ᠋ᠧᠮ᠎ᠢ ᠪᠦᠬᠦ ᠲᠠᠯ᠎ᠠ᠎ᠪᠠᠷ ᠪᠠᠢ᠍ᠢ᠍ᠭᠤᠯᠤᠨ᠎ᠠ᠃ ᠦᠨᠳᠤᠰᠤᠨ ᠠᠮᠢᠳᠤᠷᠠᠯ᠎ᠤᠨ ᠪᠠᠳᠤᠯᠠᠭ᠎ᠠ ᠵᠢ ᠵᠤᠬᠢᠴᠠᠭᠤᠯᠬᠤ ᠲᠤᠬᠳᠠᠴᠠ ᠵᠢ ᠲᠡᠬᠦᠯᠳᠠᠷᠵᠢᠬᠦᠯᠵᠦ᠂ ᠪᠦᠬᠦ ᠠᠷᠠᠳ ᠵᠶ᠋ᠠᠷ ᠵᠶ᠋ᠠᠨ ᠨᠠᠢ᠍ᠢ᠍ᠬᠡᠮ᠎ᠤᠨ ᠲᠠᠭ᠋ᠠᠳᠬᠠᠯ᠎ᠳᠤ ᠤᠷᠤᠯᠴᠠᠬᠤ ᠲᠦᠯᠦᠪᠵᠢᠬᠦᠯᠭᠡ ᠵᠢ ᠪᠦᠬᠦ ᠲᠠᠯ᠎ᠠ᠎ᠪᠠᠷ ᠠᠬᠢᠭᠤᠯᠵᠦ᠂ ᠬᠤᠳᠠ ᠪᠠᠯᠭ᠋ᠠᠰᠦ ᠵᠢᠨ ᠠᠵᠢᠯᠳᠠᠨ᠎ᠤ 《ᠲᠠᠪᠤᠨ ᠵᠦᠢ᠍ᠯ᠎ᠤᠨ ᠲᠠᠭ᠋ᠠᠳᠬᠠᠯ》᠎ᠳᠤ ᠤᠷᠤᠯᠴᠠᠬᠤ ᠨᠤᠷᠮ᠎ᠠ ᠵᠢ 100% ᠎ᠳᠤ ᠬᠦᠷᠬᠡᠨ᠂ ᠬᠤᠳᠠ ᠬᠦᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠲᠠᠭ᠋ᠠᠳᠬᠠᠯ᠎ᠤᠨ ᠪᠦᠷᠬᠦᠴᠠ ᠵᠢᠨ ᠨᠤᠷᠮ ᠎ᠠ ᠵᠢ 90% ᠎ᠠᠴᠠ ᠲᠡᠭᠡᠭᠰᠢ᠎ᠳᠤ ᠬᠦᠷᠦᠬᠦᠯᠦᠨ᠎ᠠ᠃ ᠦᠨᠳᠤᠰᠤᠨ᠎ᠳᠡᠭᠡᠨ ᠪᠠᠳᠤᠯᠠᠬᠤ ᠬᠡᠯᠪᠠᠷᠢ᠎ᠠᠴᠠ ᠠᠰᠠᠷᠠᠮᠵᠢ ᠬᠠᠷᠠᠭ᠋ᠠᠯᠵᠠᠯ ᠦᠵᠡᠬᠦᠯᠬᠦ ᠬᠡᠯᠪᠡᠷᠢ ᠵᠢᠨ ᠬᠤᠳᠠ ᠬᠦᠳᠡᠭᠡ ᠵᠢᠨ ᠨᠠᠢ᠍ᠢ᠍ᠬᠡᠮ᠎ᠤᠨ ᠠᠪᠤᠷᠠᠨ ᠲᠤᠰᠠᠯᠠᠬᠤ ᠲᠤᠬᠳᠠᠯᠴᠠᠭ᠎ᠠ ᠵᠢ ᠪᠠᠢ᠍ᠢ᠍ᠭᠤᠯᠵᠦ᠂ ᠨᠠᠰᠤᠳᠠᠢ᠍ᠢ᠍ᠴᠤᠳ ᠵᠡᠮᠳᠡᠭᠴᠤᠳ᠎ᠤᠨ ᠠᠵᠢᠯ ᠦᠢ᠍ᠯᠡᠰ ᠪᠠ ᠡᠮᠡᠭᠳᠡᠢ᠍ᠢ᠍ᠴᠤᠳ ᠬᠡᠤᠬᠡᠳ᠎ᠤᠨ ᠠᠵᠢᠯ᠎ᠢ ᠠᠩᠬᠠᠷᠴᠦ᠂ ᠬᠤᠳᠠ ᠬᠦᠳᠡᠭᠡ ᠵᠢᠨ ᠲᠤᠤᠷ᠎ᠠ ᠪᠠᠳᠤᠯᠠᠭ᠎ᠠ᠂ ᠡᠮ ᠡᠮᠨᠡᠯᠭᠡ ᠵᠢᠨ ᠲᠠᠭ᠋ᠠᠳᠬᠠᠯ᠂ ᠬᠦᠨᠳᠦ ᠡᠪᠡᠳᠴᠢᠨ᠎ᠤ ᠠᠪᠤᠷᠠᠨ ᠲᠤᠰᠠᠯᠠᠬᠤ᠂ ᠵᠡᠮᠳᠡᠭᠴᠤᠳ᠎ᠢ ᠠᠪᠤᠷᠠᠨ ᠲᠤᠰᠠᠯᠠᠬᠤ ᠵᠡᠷᠭᠡ ᠪᠠᠷᠢᠮᠵᠢᠶ᠎ᠠ ᠵᠢ ᠦᠷᠬᠦᠯᠵᠢᠯᠠᠨ ᠲᠡᠭᠡᠭᠰᠢᠯᠡᠬᠦᠯᠵᠦ᠂ ᠪᠦᠷᠬᠦᠬᠦᠯᠬᠦ ᠬᠡᠪᠴᠢᠶ᠎ᠠ ᠵᠢ ᠦᠷᠭᠡᠳᠬᠡᠬᠦ ᠪᠠᠳᠤᠯᠠᠭ᠎ᠠ ᠵᠢᠨ ᠬᠢᠷᠢ ᠬᠡᠮᠵᠢᠶ᠎ᠠ ᠵᠢ ᠲᠡᠭᠡᠭᠰᠢᠯᠡᠬᠦᠯᠬᠦ ᠲᠠᠯ᠎ᠠ᠎ᠪᠠᠷ ᠨᠠᠩ ᠶᠭᠡ ᠠᠬᠢᠯᠳᠠ᠎ᠲᠠᠢ ᠪᠤᠯᠭ᠋ᠠᠨ᠎ᠠ᠃ ᠪᠠᠳᠤᠯᠠᠭ᠎ᠠ ᠵᠢᠨ ᠴᠢᠨᠠᠷᠳᠠᠢ ᠤᠷᠤᠨ ᠰᠠᠭᠤᠴᠠ ᠵᠢᠨ ᠪᠦᠳᠦᠬᠡᠨ ᠪᠠᠢ᠍ᠢ᠍ᠭᠤᠯᠤᠯᠳᠠ ᠵᠢ ᠲᠦᠷᠬᠡᠳᠬᠡᠵᠦ᠂ ᠬᠤᠳᠠ ᠬᠦᠳᠡᠭᠡ ᠵᠢᠨ ᠲᠤᠤᠷ᠎ᠠ ᠤᠷᠤᠯᠭ᠎ᠠ᠎ᠲᠠᠢ ᠬᠡᠷ ᠪᠦᠯᠢ ᠵᠢᠨ ᠤᠷᠤᠨ ᠰᠠᠭᠤᠴᠠ ᠵᠢᠨ ᠠᠰᠠᠭᠤᠳᠠᠯ᠎ᠢ ᠰᠠᠢ᠍ᠢ᠍ᠳᠤᠷ ᠰᠢᠢ᠍ᠳᠪᠤᠷᠢᠯᠡᠵᠦ᠂ ᠬᠦᠴᠢᠷᠳᠡᠯᠳᠠᠢ ᠤᠯᠠᠨ ᠲᠦᠮᠡᠨ᠎ᠤ ᠰᠡᠳᠬᠢᠯ᠎ᠨᠢ ᠬᠠᠯᠠᠭᠤᠨ ᠲᠤᠯᠠᠭ᠋ᠠᠨ ᠠᠮᠢᠳᠤᠷᠠᠯ᠎ᠳᠤ᠎ᠪᠠᠨ ᠢᠳᠡᠭᠡᠯ᠎ᠲᠠᠢ ᠪᠤᠯᠭ᠋ᠠᠨ᠎ᠠ᠃ ᠰᠠᠭᠤᠬᠤ ᠦᠨᠡᠮᠯᠠᠯ᠎ᠤᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠬᠦᠯᠵᠦ᠂ ᠦᠨᠳᠤᠰᠤᠨ ᠤᠯᠠᠨ ᠨᠠᠢ᠍ᠢ᠍ᠳᠠ ᠵᠢᠨ ᠦᠢ᠍ᠯᠡᠴᠢᠯᠡᠭᠡ ᠵᠢ ᠪᠠᠢ᠍ᠢ᠍ᠩᠭᠤ ᠰᠠᠭᠤᠭ᠎ᠠ ᠬᠦᠮᠦᠰ᠎ᠲᠤ ᠪᠦᠷᠬᠦᠬᠦᠯᠭᠦ ᠵᠢ ᠪᠠᠶᠠᠯᠡᠬᠦᠯᠵᠦ᠂ ᠨᠡᠬᠦᠳᠠᠯ ᠬᠦᠮᠦᠨ ᠠᠮᠠ ᠵᠢ ᠴᠦ᠍ ᠬᠤᠳᠠ ᠵᠢᠨ ᠦᠢ᠍ᠯᠡᠴᠢᠯᠡᠭᠡᠨ᠎ᠳᠤ ᠤᠷᠤᠭᠤᠯᠬᠤ ᠵᠢ ᠠᠯᠬᠤᠮ ᠠᠯᠬᠤᠮ ᠵᠶ᠋ᠠᠷ ᠪᠠᠶᠠᠯᠡᠬᠦᠯᠦᠨ᠎ᠠ᠃
     (ᠲᠦᠷᠪᠠ) ᠦᠭᠡᠷᠡᠴᠢᠯᠠᠯᠳᠠ ᠨᠡᠬᠡᠬᠡᠯᠳᠠ ᠵᠢ ᠲᠤᠪᠤᠢ᠍ᠢ᠍ᠯᠭ᠋ᠠᠨ ᠪᠦᠬᠦ ᠲᠠᠯ᠎ᠠ ᠵᠢᠨ ᠴᠢᠨᠡᠭᠡᠯᠢᠭᠵᠢᠯ᠎ᠤᠨ ᠠᠮᠢᠵᠢᠷᠠᠯ᠎ᠤᠨ ᠬᠠᠭᠤᠳᠠᠰᠦ ᠵᠢ ᠪᠢᠴᠢᠭᠯᠠᠨ᠎ᠠ
      ᠴᠢᠬᠤᠯᠠ ᠬᠦᠷᠢᠶ᠎ᠠ ᠴᠠᠷ᠎ᠠ ᠪᠠ ᠵᠠᠩᠬᠢᠯᠠᠭ᠎ᠠ ᠵᠢᠨ ᠭᠤᠬ᠍ᠴᠤᠭ᠋ᠠᠨ᠎ᠤ ᠦᠭᠡᠷᠡᠴᠢᠯᠠᠯᠳᠠ ᠵᠢ ᠰᠠᠢ᠍ᠢ᠍ᠳᠤᠷ ᠠᠳᠬᠤᠨ᠎ᠠ᠃ ᠬᠠᠩᠭ᠋ᠠᠯᠭ᠎ᠠ ᠵᠢᠨ ᠲᠠᠯ᠎ᠠ ᠵᠢᠨ ᠪᠦᠳᠦᠴᠠ ᠵᠢᠨ ᠴᠢᠨᠠᠷᠳᠠᠢ ᠦᠭᠡᠷᠡᠴᠢᠯᠠᠯᠳᠠ ᠵᠢ ᠯᠠᠪᠳᠠᠭᠤᠨ ᠵᠶ᠋ᠠᠷ ᠠᠬᠢᠭᠤᠯᠵᠦ᠂ 《ᠭᠤᠷᠪᠠ ᠵᠢ ᠬᠡᠯᠳᠤᠷᠢᠬᠦᠯᠵᠦ ᠨᠢᠭᠡ ᠵᠢ ᠲᠤᠷᠤᠬᠰᠢᠯᠠᠭᠤᠯᠤᠨ ᠨᠢᠭᠡ ᠵᠢ ᠨᠦᠬᠦᠪᠦᠷᠢᠯᠡᠬᠦ》 ᠴᠢᠬᠤᠯᠠ ᠡᠬᠦᠷᠭᠡ ᠵᠢ ᠰᠠᠢ᠍ᠢ᠍ᠳᠤᠷ ᠨᠠᠢ᠍ᠢ᠍ᠳᠠᠪᠤᠷᠢᠵᠢᠭᠤᠯᠵᠦ᠂ ᠰᠢᠨ᠎ᠠ ᠬᠠᠩᠭ᠋ᠠᠯᠭ᠎ᠠ ᠱᠠᠭ᠋ᠠᠷᠳᠠᠯᠭ᠎ᠠ ᠲᠤᠬᠳᠠᠴᠠ ᠵᠢ ᠪᠦᠷᠢᠳᠤᠬᠦᠯᠤᠨ᠎ᠠ᠃ 《ᠴᠢᠯᠦᠭᠡᠳᠠᠢ ᠲᠠᠯᠪᠢᠬᠤ ᠠᠳᠬᠤᠬᠤ ᠦᠢ᠍ᠯᠡᠴᠢᠯᠡᠭᠡᠨ》᠎ᠤ ᠦᠭᠡᠷᠡᠴᠢᠯᠠᠯᠳᠠ ᠵᠢ ᠪᠦᠬᠦ ᠲᠠᠯ᠎ᠠ᠎ᠪᠠᠷ ᠬᠦᠨᠵᠡᠭᠡᠢ᠍ᠢ᠍ᠷᠡᠬᠦᠯᠵᠦ᠂ ᠵᠠᠰᠠᠭ᠎ᠢ ᠴᠤᠮᠬᠠᠳᠬᠠᠨ ᠡᠷᠬᠡ ᠵᠢ ᠴᠢᠯᠦᠭᠡᠳᠠᠢ ᠲᠠᠯᠪᠢᠬᠤ ᠵᠢ ᠦᠷᠬᠦᠯᠵᠢᠯᠠᠨ ᠠᠬᠢᠭᠤᠯᠵᠦ᠂ ᠬᠡᠷᠡᠭ ᠶᠠᠪᠤᠳᠠᠯ᠎ᠤᠨ ᠲᠤᠮᠳᠠᠬᠢ ᠪᠠ ᠬᠤᠢ᠍ᠢ᠍ᠨᠠᠬᠢ ᠬᠢᠨᠠᠨ ᠬᠠᠮᠢᠶᠠᠷᠤᠯᠳᠠ ᠵᠢ ᠲᠠᠬᠦᠯᠳᠠᠷᠵᠢᠬᠦᠯᠦᠨ᠂ ᠵᠠᠰᠠᠭ᠎ᠤᠨ ᠤᠷᠳᠤᠨ᠎ᠤ ᠡᠷᠭᠡ ᠵᠢᠨ ᠬᠠᠰᠤᠬᠤ ᠠᠷᠭ᠎ᠠ᠎ᠪᠠᠷ ᠵᠠᠬ᠎ᠠ ᠲᠠᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠡᠮᠡᠭᠳᠡᠬᠦᠯᠬᠦ ᠠᠷᠭ᠎ᠠ ᠠᠪᠴᠦ᠂ ᠠᠷᠠᠳ ᠤᠯᠠᠨ ᠪᠠ ᠠᠵᠦ ᠠᠬᠤᠢ᠍ᠢ᠍ᠯᠠᠯ᠎ᠢ ᠲᠤᠳᠠᠭᠤ ᠬᠦᠶᠦᠯᠭᠡᠨ᠂ ᠠᠵᠢᠯ ᠶᠠᠪᠤᠳᠠᠯ ᠪᠦᠳᠦᠭᠡᠭᠦ᠎ᠳᠤ ᠬᠢᠯᠪᠠᠷ ᠪᠤᠯᠭ᠋ᠠᠨ᠎ᠠ᠃ ᠬᠡᠷᠡᠭ ᠵᠦᠪᠯᠡᠬᠦ ᠲᠦᠷᠢᠮ᠎ᠤᠨ ᠦᠭᠡᠷᠡᠴᠢᠯᠡᠯᠳᠠ ᠵᠢ ᠠᠬᠢᠭᠤᠯᠵᠦ᠂ ᠡᠷᠭᠡ ᠲᠡᠭᠰᠢ ᠡᠮᠬᠢ ᠴᠡᠭᠴᠡᠳᠠᠢ ᠵᠠᠬ᠎ᠠ ᠲᠠᠯᠭᠡᠭᠦᠷ᠎ᠤᠨ ᠤᠷᠴᠢᠨ ᠲᠤᠭᠤᠷᠢᠨ᠎ᠢ ᠪᠠᠢ᠍ᠢ᠍ᠭᠤᠯᠤᠨ᠎ᠠ᠃ ᠰᠤᠷᠠᠭ ᠵᠠᠩᠬᠢ ᠵᠢ ᠬᠠᠮᠲᠤ᠎ᠪᠠᠷ ᠡᠳ᠋ᠯᠡᠬᠦ᠂ ᠢᠳᠡᠭᠡᠯ ᠵᠢᠷᠦᠮ ᠵᠶ᠋ᠠᠷ ᠬᠦᠯᠢᠶᠠᠰᠤᠯᠠᠨ᠂ ᠬᠠᠮᠳᠤᠷᠠᠨ ᠵᠠᠯᠬᠠᠭ᠋ᠠᠬᠤ᠂ ᠢᠯᠡᠴᠢᠯᠠᠨ ᠮᠡᠳᠡᠬᠦᠯᠵᠦ ᠬᠢᠨᠠᠯᠳᠠ ᠲᠠᠯᠪᠢᠬᠤ ᠵᠢ ᠢᠵᠢ ᠪᠦᠷᠢᠳᠦᠬᠦᠯᠦᠨ ᠵᠠᠯᠭ᠋ᠠᠯᠳᠤᠭᠤᠯᠬᠤ ᠵᠢ ᠴᠢᠩᠭ᠋ᠠᠳᠬᠠᠨ᠂ ᠨᠡᠢ᠍ᠢ᠍ᠬᠡᠮ᠎ᠤᠨ ᠦᠨᠡᠨᠴᠢ ᠢᠳᠡᠭᠡᠮᠵᠢᠳᠠᠢ ᠪᠠᠢ᠍ᠢ᠍ᠬᠤ ᠰᠢᠰᠲ᠋ᠧᠮ᠎ᠤᠨ ᠪᠠᠢ᠍ᠢ᠍ᠭᠤᠯᠤᠯᠳᠠ ᠵᠢ ᠴᠢᠩᠭ᠋ᠠᠳᠬᠠᠨ᠎ᠠ᠃ ᠡᠳ᠋᠎ᠤᠨ ᠵᠠᠰᠠᠭ ᠮᠦᠩᠬᠦᠨ ᠬᠦᠢ᠍ᠯᠭᠡᠭᠡᠨ᠎ᠤ ᠪᠠᠢ᠍ᠢ᠍ᠭᠤᠯᠤᠮᠵᠢ ᠵᠢᠨ ᠦᠭᠡᠷᠡᠴᠢᠯᠠᠯᠳᠠ ᠵᠢ ᠬᠦᠨᠵᠡᠭᠡᠢ᠍ᠢ᠍ᠷᠡᠬᠦᠯᠵᠦ᠂ ᠡᠳ᠋᠎ᠤᠨ ᠵᠠᠰᠠᠭ᠎ᠤᠨ ᠲᠦᠰᠦᠪ ᠪᠠ ᠵᠠᠰᠠᠬ᠎ᠤᠨ ᠤᠷᠳᠤᠨ᠎ᠤ ᠦᠷᠢ ᠰᠢᠷᠢ ᠵᠢᠨ ᠬᠠᠮᠢᠶᠠᠷᠤᠯᠳᠠ ᠵᠢ ᠲᠦᠪ ᠴᠢᠩᠭ᠎ᠠ ᠪᠤᠯᠭ᠋ᠠᠵᠦ᠂ ᠮᠦᠩᠬᠦᠨ ᠬᠦᠢ᠍ᠯᠭᠡᠭᠡᠨ᠎ᠤ ᠠᠶᠤᠯ ᠲᠦᠭᠰᠢᠬᠦᠷᠢ᠎ᠠᠴᠠ ᠵᠠᠢ᠍ᠢ᠍ᠯᠠᠰᠬᠢᠨ᠎ᠠ᠃ ᠶᠡᠷᠦᠩᠭᠡᠢ᠍ᠢ᠍ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠪᠠᠢ᠍ᠢ᠍ᠭᠤᠯᠤᠮᠵᠢ ᠵᠢᠨ ᠦᠭᠡᠷᠡᠴᠢᠯᠠᠯᠳᠠ ᠵᠢ ᠪᠦᠬᠦ ᠲᠠᠯ ᠎ᠠ᠎ᠪᠠᠷ ᠪᠠᠶᠠᠯᠡᠬᠦᠯᠵᠦ᠂ ᠬᠠᠤᠯᠢ ᠬᠡᠷᠡᠭᠵᠢᠬᠦᠯᠬᠦ ᠪᠠᠢ᠍ᠢ᠍ᠭᠤᠯᠤᠮᠵᠢ ᠵᠢ ᠰᠢᠯᠤᠭᠤᠳᠬᠠᠨ᠂ ᠡᠩᠨᠡᠬᠡᠨ᠎ᠤ ᠪᠠᠢ᠍ᠢ᠍ᠭᠤᠯᠤᠯᠳᠠ᠎ᠪᠠᠨ ᠴᠢᠩᠭ᠋ᠠᠳᠬᠠᠵᠦ᠂ ᠪᠠᠳᠤᠯᠠᠭ᠎ᠠ ᠵᠢᠨ ᠲᠤᠬᠳᠠᠴᠠ ᠵᠢ ᠲᠡᠬᠦᠯᠳᠠᠷᠵᠢᠬᠦᠯᠵᠦ᠂ ᠠᠷᠠᠳ ᠤᠯᠠᠨ᠎ᠤ ᠬᠠᠨᠤᠮᠵᠢ ᠵᠢᠨ ᠬᠡᠮᠵᠢᠶ᠎ᠠ ᠵᠢ ᠪᠦᠬᠦ ᠲᠠᠯ᠎ᠠ᠎ᠪᠠᠷ ᠲᠡᠭᠡᠭᠰᠢᠯᠡᠬᠦᠯᠦᠨ᠎ᠠ᠃ ᠬᠦᠳᠡᠭᠡ ᠲᠤᠰᠬᠤᠨ ᠮᠠᠯᠵᠢᠬᠤ ᠤᠷᠤᠨ᠎ᠤ ᠶᠡᠷᠦᠩᠭᠡᠢ᠍ᠢ᠍ᠯᠡᠭᠰᠡᠨ ᠦᠭᠡᠷᠡᠴᠢᠯᠠᠯᠳᠠ ᠵᠢ ᠬᠦᠨᠵᠡᠭᠡᠢ᠍ᠢ᠍ᠷᠡᠬᠦᠯᠵᠦ᠂ ᠬᠠᠮᠳᠦ ᠵᠢᠨ ᠦᠮᠴᠢᠯᠠᠯ᠎ᠤᠨ ᠡᠷᠭᠡ ᠵᠢ ᠨᠠᠢ᠍ᠢ᠍ᠳᠠᠪᠤᠷᠢᠵᠢᠭᠤᠯᠤᠨ᠂ ᠮᠠᠯᠴᠢᠨ ᠲᠠᠷᠢᠶᠠᠴᠢᠳ᠎ᠤᠨ ᠲᠠᠭ᠋ᠠᠭ᠋ᠠᠴᠢᠯᠠᠨ ᠡᠵᠡᠩᠨᠡᠬᠦ ᠡᠷᠭᠡ ᠵᠢ ᠲᠤᠬᠳᠠᠭᠤᠨ ᠪᠠᠢ᠍ᠢ᠍ᠯᠭ᠋ᠠᠵᠦ᠂ ᠭᠠᠵᠠᠷ ᠰᠢᠷᠦᠢ ᠵᠢᠨ ᠡᠵᠡᠩᠨᠠᠯᠳᠠ ᠵᠢᠨ ᠡᠷᠭᠡ ᠵᠢ ᠠᠮᠢᠳᠤᠯᠢᠬ᠍ᠵᠢᠭᠤᠯᠵᠦ᠂ ᠭᠠᠵᠠᠷ ᠰᠢᠷᠦᠢ ᠨᠤᠳᠤᠭ ᠪᠠᠯᠴᠢᠭᠡᠷ᠎ᠤᠨ ᠦᠮᠴᠢᠯᠠᠯ᠎ᠤᠨ ᠡᠷᠭᠡ ᠵᠢ ᠲᠤᠳᠤᠳᠬᠠᠨ ᠲᠠᠩᠰᠠᠯᠠᠬᠤ ᠦᠨᠠᠮᠯᠠᠯ ᠲᠠᠷᠬᠠᠭ᠋ᠠᠬᠤ ᠠᠵᠢᠯ᠎ᠤᠨ ᠦᠷ᠎ᠠ ᠪᠦᠳᠦᠭᠡᠯ᠎ᠢ ᠪᠠᠬᠢᠵᠢᠬᠦᠯᠵᠦ᠂ ᠤᠯᠠᠨ ᠬᠡᠯᠪᠠᠷᠢ ᠵᠢᠨ ᠵᠤᠬᠢᠰᠳᠠᠢ ᠬᠡᠪᠴᠢᠶᠠᠵᠢᠭᠰᠡᠨ ᠡᠵᠡᠩᠨᠠᠯᠳᠠ ᠬᠢᠬᠦ ᠵᠢ ᠢᠳᠡᠪᠬᠢᠳᠠᠢ ᠬᠦᠭᠵᠢᠬᠦᠯᠦᠨ᠎ᠠ᠃ ᠭᠤᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠭᠠᠵᠠᠷ ᠰᠢᠷᠦᠢ ᠵᠢ ᠪᠠᠢ᠍ᠢ᠍ᠴᠠᠭ᠋ᠠᠬᠤ ᠠᠵᠢᠯ᠎ᠢ ᠦᠷᠨᠢᠬᠦᠯᠦᠨ᠎ᠠ᠃ ᠤᠯᠤᠰ᠎ᠤᠨ ᠦᠮᠴᠢᠯᠠᠯᠳᠦ ᠤᠢ ᠰᠢᠭᠤᠢ ᠵᠢᠨ ᠲᠠᠯᠠᠪᠠᠢ ᠵᠢᠨ ᠦᠭᠡᠷᠡᠴᠢᠯᠠᠯᠳᠠ ᠵᠢ ᠪᠠᠶᠠᠯᠡᠭᠦᠯᠵᠦ᠂ ᠪᠦᠬᠦ ᠬᠤᠳᠠ ᠵᠢᠨ ᠤᠯᠤᠰ᠎ᠤᠨ ᠦᠮᠴᠢᠯᠠᠯᠳᠦ ᠲᠠᠷᠢᠶᠠᠯᠠᠩ᠎ᠤᠨ ᠲᠠᠯᠠᠪᠠᠢ ᠵᠢᠨ ᠭᠠᠵᠠᠷ ᠰᠢᠷᠦᠢ ᠵᠢ ᠨᠡᠭᠡᠭᠡᠡ ᠠᠰᠢᠬᠯᠠᠬᠤ ᠵᠢᠱ᠌ᠢᠶ ᠎ᠠ ᠦᠵᠡᠬᠦᠯᠭᠦ ᠤᠷᠤᠨ᠎ᠢ ᠪᠠᠢ᠍ᠢ᠍ᠭᠤᠯᠤᠨ᠎ᠠ᠃ ᠵᠠᠬ᠎ᠠ ᠲᠠᠯᠭᠡᠭᠦᠷ᠎ᠤᠨ ᠡᠬᠢ ᠪᠠᠶᠠᠯᠢᠭ᠎ᠢ ᠲᠤᠬᠢᠷᠠᠭᠤᠯᠬᠤ ᠦᠭᠡᠷᠡᠴᠢᠯᠠᠯᠳᠠ ᠵᠢ ᠬᠦᠨᠵᠡᠭᠡᠢ᠍ᠢ᠍ᠷᠡᠬᠦᠯᠵᠦ᠂ ᠲᠤᠮᠳᠠ ᠪᠠᠭ᠎ᠠ ᠵᠢᠵᠢᠭ ᠠᠵᠦ ᠠᠬᠤᠢ᠍ᠢ᠍ᠯᠠᠯ᠎ᠤᠨ ᠬᠦᠭᠵᠢᠯᠳᠠ ᠵᠢ ᠲᠡᠳᠬᠦᠨ᠂ ᠨᠠᠢ᠍ᠢ᠍ᠳᠠ ᠵᠢᠨ ᠦᠮᠴᠢᠯᠠᠯ᠎ᠤᠨ ᠪᠤᠰᠦ ᠠᠵᠦ ᠠᠬᠤᠢ ᠵᠢ ᠴᠢᠬᠤᠯᠠ ᠠᠵᠦ ᠠᠬᠤᠢ ᠵᠢᠨ ᠨᠡᠮᠡᠭᠳᠠᠯ᠎ᠤᠨ ᠲᠦᠢ᠍ᠯ ᠪᠤᠯᠭ᠋ᠠᠨ᠎ᠠ᠃ ᠰᠢᠨᠵᠢᠯᠡᠭᠦ ᠤᠬᠠᠭ᠋ᠠᠨ ᠮᠡᠷᠭᠡᠵᠢᠯ᠎ᠤᠨ ᠦᠭᠡᠷᠡᠴᠢᠯᠠᠯᠳᠠ ᠵᠢ ᠢᠳᠡᠪᠬᠢᠳᠠᠢ ᠠᠬᠢᠭᠤᠯᠵᠦ᠂ ᠦᠢ᠍ᠯᠡᠳᠪᠤᠷᠢᠯᠠᠯ ᠰᠤᠷᠤᠯᠴᠠᠯᠭ᠎ᠠ ᠰᠤᠳᠤᠯᠭ᠋ᠠᠨ᠎ᠢ ᠤᠶᠠᠯᠳᠤᠭᠤᠯᠤᠬᠰᠠᠨ ᠮᠡᠷᠬᠡᠵᠢᠯ᠎ᠤᠨ ᠰᠢᠨ᠎ᠠ ᠵᠢ ᠡᠬᠦᠳᠬᠦ ᠲᠤᠬᠳᠠᠯᠴᠠᠭ᠎ᠠ ᠵᠢ ᠪᠠᠢ᠍ᠢ᠍ᠭᠤᠯᠤᠨ᠎ᠠ᠃ ᠰᠤᠷᠭ᠋ᠠᠨ ᠬᠦᠮᠦᠵᠢᠯ᠎ᠤᠨ ᠪᠠᠢ᠍ᠢ᠍ᠭᠤᠯᠤᠮᠵᠢ ᠵᠢᠨ ᠦᠭᠡᠷᠡᠴᠢᠯᠠᠯᠳᠠ ᠵᠢ ᠬᠦᠨᠵᠭᠡᠢ᠍ᠢ᠍ᠷᠡᠬᠦᠯᠵᠦ᠂ ᠬᠤᠳᠠ ᠬᠦᠳᠡᠭᠡ ᠵᠢᠨ ᠰᠤᠷᠭ᠋ᠠᠨ ᠬᠦᠮᠦᠵᠢᠯ᠎ᠤᠨ ᠡᠬᠢ ᠪᠠᠶᠠᠯᠢᠭ᠎ᠢ ᠲᠤᠬᠢᠷᠠᠭᠤᠯᠤᠨ ᠨᠢᠬᠡᠳᠤᠬᠦᠯᠵᠦ᠂ 《ᠬᠠᠮᠢᠶᠠᠷᠴᠦ ᠡᠷᠬᠢᠯᠡᠬᠦ ᠦᠨᠡᠯᠡᠬᠦ》 ᠵᠢ ᠰᠠᠯᠭ᠋ᠠᠬᠤ ᠲᠤᠬᠳᠠᠴᠠ ᠵᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠍ᠢ᠍ᠭᠤᠯᠤᠮᠵᠢ ᠵᠢᠨ ᠦᠭᠡᠷᠡᠴᠢᠯᠠᠯᠳᠠ ᠵᠢ ᠬᠦᠨᠵᠭᠡᠢ᠍ᠢ᠍ᠷᠡᠬᠦᠯᠦᠨ᠂ ᠱᠠᠳᠦ ᠬᠤᠪᠢᠶᠠᠬᠰᠠᠨ ᠡᠮᠴᠢᠯᠡᠭᠦ ᠲᠤᠬᠳᠠᠯᠴᠠᠭ᠎ᠠ ᠪᠠ ᠡᠮ᠎ᠤᠨ ᠵᠦᠢ᠍ᠯ᠎ᠳᠤ ᠨᠦᠬᠦᠪᠤᠷᠢ ᠦᠭᠭᠦ ᠲᠤᠬᠳᠠᠴᠠ ᠵᠢ ᠪᠠᠢ᠍ᠢ᠍ᠭᠤᠯᠤᠨ᠂ ᠠᠷᠠᠳ ᠤᠯᠠᠨ᠎ᠤ ᠡᠪᠡᠳᠴᠢᠨ ᠵᠶ᠋ᠠᠨ ᠦᠵᠡᠬᠦᠯᠵᠦ ᠲᠠᠢ᠍ᠢ᠍ᠯᠬᠦ ᠵᠢ ᠪᠠᠳᠤᠯᠠᠨ᠎ᠠ᠃
      ᠠᠷᠠᠯᠵᠢᠶᠠᠴᠢᠨ ᠤᠷᠢᠵᠦ ᠠᠷᠠᠯᠵᠢᠶᠠᠴᠢᠨ ᠰᠤᠩᠭᠤᠬᠤ ᠵᠢ ᠬᠦᠨᠵᠡᠭᠡᠢ᠍ᠢ᠍ᠷᠡᠬᠦᠯᠦᠨ᠎ᠠ᠃ ᠲᠦᠷᠦᠯ ᠵᠦᠢ᠍ᠯ᠎ᠢ ᠰᠡᠳᠦᠬᠦ᠂ ᠰᠢᠭᠰᠢᠬᠦ᠂ ᠬᠠᠳᠠᠭ᠋ᠠᠯᠠᠬᠤ᠂ ᠲᠡᠭᠡᠭᠰᠢ ᠮᠡᠳᠡᠭᠦᠯᠭᠦ ᠵᠡᠷᠭᠡ ᠡᠮᠦᠨ᠎ᠠ ᠬᠤᠭᠤᠴᠠᠭ᠋ᠠᠨ᠎ᠤ ᠠᠵᠢᠯ᠎ᠢ ᠬᠢᠨᠠᠮᠠᠭ᠋ᠠᠢ ᠰᠠᠢ᠍ᠢ᠍ᠨ ᠬᠢᠵᠦ᠂ ᠲᠠᠳᠠᠨ ᠤᠷᠤᠭᠤᠯᠬᠤ ᠬᠦᠴᠦᠯᠠᠴᠠ᠎ᠪᠠᠨ ᠨᠡᠮᠡᠭᠳᠡᠬᠦᠯᠦᠨ᠂ ᠴᠢᠷᠮᠠᠢ᠍ᠢ᠍ᠵᠦ ᠪᠠᠢ᠍ᠢ᠍ᠭ᠋ᠠᠳ ᠨᠢᠭᠡ ᠪᠦᠯᠦᠭ ᠴᠢᠬᠤᠯᠠ ᠶᠡᠭᠡ ᠲᠦᠷᠦᠯ ᠵᠦᠢ᠍ᠯ᠎ᠢ ᠤᠯᠤᠰ ᠪᠠ ᠦᠪᠡᠷᠳᠡᠭᠡᠨ ᠵᠠᠰᠠᠬᠤ ᠤᠷᠤᠨ᠎ᠤ ᠨᠠᠩ ᠶᠡᠭᠡ ᠲᠠᠮᠵᠢᠯᠭᠡ ᠵᠢ ᠬᠦᠷᠳᠡᠨ᠎ᠠ᠃ ᠠᠷᠠᠯᠵᠢᠶᠠᠴᠢᠨ ᠤᠷᠢᠵᠦ ᠪᠠᠯᠠ ᠮᠦᠩᠬᠦ ᠲᠠᠳᠠᠨ ᠤᠷᠤᠭᠤᠯᠬᠤ ᠠᠷᠭ᠎ᠠ᠎ᠪᠠᠨ ᠰᠠᠢ᠍ᠢ᠍ᠵᠢᠷᠠᠭᠤᠯᠵᠦ᠂ ᠠᠷᠠᠯᠵᠢᠶᠠᠴᠢᠨ ᠤᠷᠢᠬᠤ ᠵᠢ ᠲᠠᠩ ᠴᠤᠯᠭᠤᠢ ᠪᠠᠢ᠍ᠢ᠍ᠬᠰᠠᠨ᠎ᠠᠴᠠ᠎ᠨᠢ ᠪᠦᠯᠦᠭᠵᠢᠯ᠎ᠤᠨ ᠬᠡᠯᠪᠡᠷᠢ ᠲᠠᠰᠢ ᠬᠤᠪᠢᠷᠠᠭᠤᠯᠬᠤ ᠵᠢ ᠪᠠᠶᠠᠯᠡᠬᠦᠯᠵᠦ᠂ ᠪᠠᠯᠠ ᠮᠦᠩᠬᠦ ᠲᠠᠳᠠᠨ ᠤᠷᠤᠭᠤᠯᠬᠤ ᠵᠢ ᠴᠢᠬᠤᠯᠠᠴᠢᠯᠠᠵᠦ ᠪᠠᠢ᠍ᠢ᠍ᠬᠰᠠᠨ᠎ᠠᠴᠠ᠎ᠪᠠᠨ ᠠᠷᠭ᠎ᠠ ᠬᠡᠯᠪᠡᠷᠢ ᠵᠢ ᠲᠠᠳᠠᠨ ᠤᠷᠤᠭᠤᠯᠬᠤ ᠵᠢ ᠴᠢᠬᠤᠯᠠᠴᠢᠯᠠᠨ᠂ ᠲᠦᠷᠦ ᠵᠢᠨ ᠪᠤᠳᠤᠯᠭ᠎ᠠ ᠵᠢᠨ ᠬᠠᠷᠠᠭ᠋ᠠᠯᠵᠠᠯ ᠦᠵᠡᠬᠦᠯᠵᠦ ᠪᠠᠢ᠍ᠢ᠍ᠬᠰᠠᠨ᠎ᠢ ᠤᠷᠴᠢᠨ ᠲᠤᠭᠤᠷᠢᠨ᠎ᠢ ᠰᠢᠯᠢᠳᠡᠭᠵᠢᠬᠦᠯᠬᠦ ᠲᠠᠰᠢ ᠬᠤᠪᠢᠷᠠᠭᠤᠯᠵᠦ᠂ 《ᠲᠦᠷᠦᠯ ᠵᠦᠢ᠍ᠯ᠎ᠢ ᠤᠷᠢᠵᠦ ᠪᠠᠢ᠍ᠢ᠍ᠬᠰᠠᠨ᠎ᠠᠴᠠ ᠠᠵᠦ ᠦᠢ᠍ᠯᠡᠰ᠎ᠢ ᠤᠷᠢᠬᠤ》 ᠲᠠᠰᠢ ᠬᠤᠪᠢᠷᠠᠭᠤᠯᠤᠨ᠎ᠠ᠃ ᠠᠵᠦ ᠦᠢ᠍ᠯᠡᠰ᠎ᠤᠨ ᠬᠡᠯᠬᠢᠶᠠᠵᠢᠯ ᠵᠶ᠋ᠠᠷ ᠠᠷᠠᠯᠵᠢᠶᠠᠴᠢᠨ ᠤᠷᠢᠬᠤ ᠵᠢ ᠴᠢᠬᠤᠯᠠᠴᠢᠯᠠᠵᠦ᠂ 《ᠲᠦᠷᠪᠠᠨ ᠶᠡᠭᠡ ᠠᠵᠦ ᠦᠢ᠍ᠯᠡᠰ》᠎ᠤᠨ ᠲᠤᠭᠤᠷᠢᠨ᠎ᠳᠤ᠂ ᠠᠵᠦ ᠦᠢ᠍ᠯᠡᠰ᠎ᠤᠨ ᠬᠡᠯᠬᠢᠶ᠎ᠠ ᠵᠢ ᠤᠷᠳᠤᠳᠬᠠᠬᠤ ᠵᠠᠩᠬᠢᠯᠠᠭ᠎ᠠ ᠵᠢᠨ ᠲᠦᠷᠦᠯ ᠵᠦᠢ᠍ᠯ᠎ᠢ ᠲᠠᠳᠠᠨ ᠤᠷᠤᠭᠤᠯᠤᠨ᠎ᠠ᠃
     (ᠲᠠᠪᠤ) ᠦᠷ᠎ᠠ ᠪᠦᠳᠦᠮᠵᠢ᠎ᠪᠠᠨ ᠲᠡᠭᠡᠭᠰᠢᠯᠡᠬᠦᠯᠬᠦ ᠵᠢ ᠲᠤᠪᠤᠢ᠍ᠢ᠍ᠯᠭ᠋ᠠᠨ ᠪᠦᠬᠦ ᠲᠠᠯ᠎ᠠ ᠵᠢᠨ ᠴᠢᠨᠡᠭᠡᠯᠢᠭᠵᠢᠯ᠎ᠤᠨ ᠬᠠᠤᠯᠢ ᠲᠦᠷᠢᠮ᠎ᠤᠨ ᠬᠠᠭᠤᠳᠠᠰᠦ ᠢ ᠪᠢᠴᠢᠭᠯᠡᠨ᠎ᠠ
      ᠬᠠᠤᠯᠢ᠎ᠪᠠᠷ ᠵᠠᠰᠠᠭ ᠶᠠᠪᠤᠭᠤᠯᠬᠤ ᠵᠢ ᠪᠠᠷᠢᠮᠳᠠᠯᠠᠵᠦ᠂ ᠬᠠᠤᠯᠢᠵᠢᠬᠰᠠᠨ ᠵᠠᠰᠠᠭ᠎ᠤᠨ ᠤᠷᠳᠤᠨ᠎ᠤ ᠪᠠᠢ᠍ᠢ᠍ᠭᠤᠯᠤᠯᠳᠠ᠎ᠪᠠᠨ ᠲᠦᠷᠬᠡᠳᠬᠡᠨ᠎ᠠ᠃ ᠰᠢᠶᠠᠨ᠎ᠤ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ ᠵᠢ ᠡᠷᠡᠰ ᠲᠠᠭ᠋ᠠᠵᠦ᠂ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠂ ᠤᠯᠤᠰ ᠲᠦᠷᠦ ᠵᠢᠨ ᠵᠦᠪᠯᠡᠯᠭᠡᠨ᠎ᠤ ᠪᠠ ᠨᠡᠢ᠍ᠢ᠍ᠬᠡᠮ᠎ᠤᠨ ᠡᠯ᠎ᠠ ᠡᠳᠡᠭᠡᠳ᠂ ᠰᠤᠨᠢᠨ ᠮᠡᠳᠡᠭᠡ ᠵᠠᠭᠤᠴᠢᠯᠠᠭᠤᠷ᠎ᠤᠨ ᠬᠢᠨᠠᠨᠯᠳᠠ ᠵᠢ ᠤᠬᠠᠮᠰᠠᠷ᠎ᠠᠴᠠ᠎ᠪᠠᠨ ᠬᠦᠯᠢᠶᠠᠵᠦ᠂ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢᠳ᠎ᠤᠨ ᠰᠠᠨᠠᠯ ᠵᠦᠪᠯᠡᠯᠭᠡ ᠪᠠ ᠤᠯᠤᠰ ᠲᠦᠷᠦ ᠵᠢᠨ ᠵᠦᠪᠯᠡᠯᠭᠡᠨ᠎ᠤ ᠬᠡᠰᠢᠬᠦᠳ᠎ᠤᠨ ᠰᠠᠨᠠᠯ ᠲᠤᠷᠠᠳᠤᠯᠭ᠎ᠠ ᠵᠢ ᠨᠠᠷᠢᠨ ᠬᠢᠨᠠᠮᠠᠭ᠋ᠠᠢ ᠰᠢᠢ᠍ᠳᠪᠤᠷᠢᠯᠡᠨ᠎ᠠ᠃ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠤᠷᠢᠳᠦ ᠪᠤᠳᠤᠯᠭ᠎ᠠ ᠲᠤᠬᠳᠠᠭ᠋ᠠᠬᠤ ᠲᠦᠷᠢᠮ᠎ᠢ ᠲᠡᠬᠦᠯᠳᠠᠷᠵᠢᠬᠦᠯᠵᠦ᠂ ᠤᠯᠠᠨ ᠲᠦᠮᠡᠨ ᠤᠷᠤᠯᠴᠠᠵᠦ᠂ ᠲᠤᠰᠬᠠᠢ ᠮᠡᠷᠭᠡᠵᠢᠯᠳᠠᠨ ᠨᠤᠳᠠᠯᠠᠯᠳᠠ ᠦᠭᠴᠦ᠂ ᠠᠶᠤᠯ ᠲᠦᠭᠰᠢᠬᠦᠷᠢ ᠵᠢᠨ ᠦᠨᠡᠯᠠᠯᠳᠠ ᠬᠢᠵᠦ᠂ ᠬᠠᠤᠯᠢ᠎ᠳᠤ ᠨᠡᠢ᠍ᠢ᠍ᠴᠡᠭᠰᠡᠨ ᠪᠠᠢ᠍ᠢ᠍ᠴᠠᠭ᠋ᠠᠯᠳᠠ ᠪᠠ ᠬᠠᠮᠲᠤ᠎ᠪᠠᠷ ᠵᠦᠪᠯᠡᠭᠰᠡᠨ ᠡᠮᠬᠢ ᠲᠠᠷᠠᠭ᠋ᠠᠯᠠᠯ᠎ᠢ ᠡᠷᠡᠰ ᠬᠡᠷᠡᠭᠵᠢᠬᠦᠯᠵᠦ᠂ ᠵᠠᠰᠠᠭ᠎ᠤᠨ ᠶᠠᠪᠤᠳᠠᠯ᠎ᠢ ᠢᠯᠠ ᠪᠤᠯᠭ᠋ᠠᠬᠤ ᠪᠠ ᠬᠡᠷᠡᠭ ᠶᠠᠪᠤᠳᠠᠯ᠎ᠢ ᠢᠯᠠ ᠪᠤᠯᠭ᠋ᠠᠬᠤ ᠵᠢ ᠬᠠᠤᠯᠢ ᠶᠤᠰᠤᠭ᠋ᠠᠷ ᠦᠷᠬᠡᠳᠬᠡᠵᠦ᠂ ᠡᠷᠬᠡ ᠵᠢᠨ ᠨᠠᠷᠢᠨ ᠲᠠᠩᠰᠠ ᠪᠠ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠲᠡᠬᠦᠯᠳᠠᠷᠵᠢᠬᠦᠯᠵᠦ᠂ ᠵᠠᠰᠠᠭ᠎ᠤᠨ ᠤᠷᠳᠤᠨ᠎ᠤ ᠠᠵᠢᠯ᠎ᠤᠨ ᠰᠢᠨᠵᠢᠯᠡᠬᠦ ᠤᠬᠠᠭ᠋ᠠᠨᠴᠢᠯᠠᠯᠳᠠ᠂ ᠠᠷᠠᠳᠴᠢᠯᠠᠯᠳᠠ᠂ ᠬᠠᠤᠯᠢᠵᠢᠯᠳᠠ ᠵᠢ ᠠᠬᠢᠭᠤᠯᠤᠨ᠎ᠠ᠃ ᠬᠠᠤᠯᠢ᠎ᠪᠠᠷ ᠲᠤᠬᠳᠠᠬᠰᠠᠨ ᠡᠬᠦᠷᠭᠡ ᠬᠠᠷᠢᠭᠤᠴᠠᠯᠭ᠎ᠠ᠎ᠪᠠᠨ ᠵᠠᠪᠠᠯ ᠬᠦᠢ᠍ᠴᠡᠳᠬᠡᠬᠦ ᠵᠢ ᠪᠠᠷᠢᠮᠳᠠᠯᠠᠨ᠂ ᠲᠦᠪ ᠭᠤᠤᠯᠴᠢ ᠪᠤᠯᠪᠠᠰᠤᠨ ᠵᠶ᠋ᠠᠷ ᠬᠠᠤᠯᠢ ᠬᠡᠷᠡᠭᠵᠢᠬᠦᠯᠬᠦ ᠵᠢ ᠡᠷᠡᠰ ᠲᠦᠷᠢᠮᠵᠢᠬᠦᠯᠵᠦ᠂ ᠦᠭᠡ ᠶᠠᠷᠢᠶ ᠎ᠠ᠎ᠪᠠᠷ ᠬᠠᠤᠯᠢ ᠵᠢ ᠤᠷᠤᠯᠠᠭᠤᠯᠤᠨ᠂ ᠡᠷᠬᠡ᠎ᠪᠠᠷ ᠵᠶ᠋ᠠᠨ ᠬᠠᠤᠯᠢ ᠵᠢ ᠲᠠᠷᠤᠵᠦ᠂ ᠠᠰᠢᠬ ᠤᠯᠵᠠ ᠵᠢᠨ ᠲᠦᠯᠦᠭᠡ ᠬᠠᠤᠯᠢ᠎ᠠᠴᠠ ᠵᠦᠷᠢᠴᠠᠬᠦ ᠵᠢ ᠡᠷᠡᠰ ᠲᠡᠪᠴᠢᠨ᠎ᠠ᠃ ᠪᠦᠬᠦ ᠠᠷᠠᠳ᠎ᠤᠨ ᠬᠠᠤᠯᠢ ᠵᠢ ᠲᠦᠬᠡᠮᠡᠯᠵᠢᠬᠦᠯᠬᠦ ᠬᠦᠴᠦᠯᠠᠴᠠ᠎ᠪᠠᠨ ᠴᠢᠩᠭ᠋ᠠᠳᠬᠠᠨ᠂ ᠰᠢᠶᠠᠨ ᠰᠢᠶᠠᠩ ᠲᠤᠰᠬᠤᠨ ᠪᠦᠷᠢ᠎ᠳᠤ ᠬᠠᠤᠯᠢ ᠴᠠᠭ᠋ᠠᠵᠠ ᠵᠢᠨ ᠵᠢᠬᠰᠠᠭ᠋ᠠᠯ᠎ᠤᠨ ᠭᠠᠵᠠᠷ᠎ᠲᠠᠢ ᠪᠠᠢ᠍ᠢ᠍ᠬᠤ ᠵᠢ ᠪᠡᠶᠡᠯᠡᠬᠦᠯᠦᠨ᠎ᠠ᠃ ᠵᠠᠰᠠᠭ᠎ᠤᠨ ᠤᠷᠳᠤᠨ᠎ᠤ᠎ᠬᠢᠨ ᠲᠦᠷᠦᠬᠦᠯᠡᠨ ᠬᠠᠤᠯᠢ ᠵᠢ ᠵᠢᠷᠦᠮᠯᠠᠠ ᠬᠠᠤᠯᠢ ᠵᠢ ᠰᠤᠷᠤᠯᠴᠠᠨ ᠬᠠᠤᠯᠢ ᠵᠢ ᠰᠠᠬᠢᠵᠦ ᠬᠠᠤᠯᠢ ᠵᠢ ᠬᠡᠷᠡᠭᠯᠡᠨ᠂ ᠬᠡᠷᠡᠭ ᠶᠠᠪᠤᠳᠠᠯ ᠪᠦᠳᠦᠭᠡᠬᠦ᠎ᠳᠤ᠎ᠪᠠᠨ ᠬᠠᠤᠯᠢ ᠶᠤᠰᠤᠭ᠋ᠠᠷ᠂ ᠬᠡᠷᠡᠭ ᠲᠤᠯᠭ᠋ᠠᠷᠠᠵᠦ᠂ ᠠᠰᠠᠭᠤᠳᠠᠯ ᠰᠢᠢ᠍ᠳᠪᠤᠷᠢᠯᠡᠬᠦ᠂ ᠵᠦᠷᠢᠴᠠᠯ᠎ᠢ ᠨᠠᠮᠳᠠᠭᠤᠯᠬᠤ᠎ᠳᠤ᠎ᠪᠠᠨ ᠴᠦᠮ ᠬᠠᠤᠯᠢ ᠴᠠᠭ᠋ᠠᠵᠠ᠎ᠳᠤ ᠲᠦᠰᠢᠭᠯᠡᠬᠦ ᠵᠢ ᠪᠠᠢ᠍ᠢ᠍ᠩᠭᠤᠵᠢᠭᠤᠯᠤᠨ᠎ᠠ᠃ ᠬᠢᠨᠠᠨ ᠪᠤᠳᠤᠬᠤ ᠠᠵᠢᠯ᠎ᠤᠨ ᠬᠦᠴᠤᠯᠠᠴᠠ ᠪᠠ ᠡᠳ᠋᠎ᠤᠨ ᠵᠠᠰᠠᠭ᠎ᠤᠨ ᠲᠦᠰᠦᠪ᠎ᠤᠨ ᠬᠠᠮᠢᠶᠠᠷᠤᠯᠳᠠ᠎ᠪᠠᠨ ᠴᠢᠩᠭ᠋ᠠᠳᠬᠠᠵᠦ᠂ ᠱᠠᠯᠢᠨ ᠪᠦᠷᠢᠯᠭᠡᠭᠦ ᠵᠢ ᠡᠷᠡᠰ ᠡᠰᠡᠷᠬᠦᠴᠠᠨ᠎ᠠ᠃ ᠵᠠᠰᠠᠭ᠎ᠤᠨ ᠤᠷᠳᠤᠨ᠎ᠤ ᠰᠢᠰᠲ᠋ᠧᠮ᠎ᠤᠨ ᠨᠠᠮ᠎ᠤᠨ ᠪᠠᠢ᠍ᠢ᠍ᠭᠤᠯᠤᠯᠳᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠍ᠢ᠍ᠭᠤᠯᠤᠯᠳᠠ ᠵᠢᠨ ᠬᠠᠷᠢᠭᠤᠴᠠᠯᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠠᠵᠢᠯ ᠵᠶ᠋ᠠᠨ ᠲᠤᠷ᠎ᠠ ᠲᠠᠪᠠ᠎ᠪᠠᠷ ᠬᠢᠬᠦ᠂ ᠬᠢᠬᠦ ᠦᠭᠡᠢ ᠪᠤᠶᠤ ᠤᠳᠠᠭ᠋ᠠᠰᠢᠷᠠᠭᠤᠯᠬᠤ ᠵᠢ ᠬᠠᠷᠢᠭᠤᠴᠠᠯᠭ᠎ᠠ ᠨᠡᠬᠡᠮᠵᠢᠯᠡᠵᠦ᠂ ᠵᠤᠷᠢᠬᠳᠠᠢ᠎ᠪᠠᠷ ᠡᠬᠦᠷᠬᠡᠯᠡᠵᠦ ᠪᠤᠳᠠᠳᠠᠢ᠎ᠪᠠᠷ ᠠᠵᠢᠯᠯᠠᠬᠤ ᠵᠢ ᠵᠠᠰᠠᠭ᠎ᠤᠨ ᠤᠷᠳᠤᠨ᠎ᠤ ᠠᠵᠢᠯ᠎ᠤᠨ ᠬᠦᠴᠦᠷᠭᠡᠭ ᠲᠠᠭᠤᠨ ᠪᠤᠯᠭ᠋ᠠᠨ᠎ᠠ᠃
      ᠬᠠᠤᠯᠢ᠎ᠪᠠᠷ ᠵᠠᠰᠠᠬᠤ ᠵᠢ ᠪᠠᠷᠢᠮᠳᠠᠯᠠᠵᠦ ᠠᠮᠦᠷ ᠲᠦᠪᠰᠢᠨ ᠳ᠋ᠧᠩᠺᠧᠦ ᠵᠢᠨ ᠪᠦᠳᠦᠬᠡᠨ ᠪᠠᠢ᠍ᠢ᠍ᠭᠤᠯᠤᠯᠳᠠ᠎ᠪᠠᠨ ᠲᠦᠷᠬᠡᠳᠬᠡᠨ᠎ᠠ᠃ ᠨᠠᠢ᠍ᠢ᠍ᠬᠡᠮ᠎ᠤᠨ ᠵᠠᠰᠠᠯᠳᠠ ᠵᠢ ᠴᠢᠩᠭ᠋ᠠᠳᠬᠠᠨ᠂ ᠵᠦᠷᠢᠴᠠᠯ ᠮᠠᠷᠭᠤᠭ᠋ᠠᠨ᠎ᠢ ᠤᠯᠠᠨ ᠲᠠᠯ᠎ᠠ᠎ᠠᠴᠠ ᠰᠢᠢ᠍ᠳᠪᠤᠷᠢᠯᠡᠬᠦ ᠲᠤᠬᠳᠠᠴᠠ ᠵᠢ ᠪᠠᠢ᠍ᠢ᠍ᠭᠤᠯᠤᠨ ᠲᠡᠬᠦᠯᠳᠡᠷᠵᠢᠬᠦᠯᠵᠦ᠂ ᠨᠠᠢ᠍ᠢ᠍ᠬᠡᠮ᠎ᠤᠨ ᠵᠠᠰᠠᠯᠳᠠ ᠵᠢᠨ ᠨᠡᠢ᠍ᠢ᠍ᠬᠡᠮᠴᠢᠯᠡᠭᠰᠠᠨ᠂ ᠬᠠᠤᠯᠢᠵᠢᠬᠰᠠᠨ᠂ ᠤᠶᠤᠨᠵᠢᠬᠰᠨᠨ᠂ ᠲᠤᠰᠬᠠᠢ᠍ᠢ᠍ᠵᠢᠬᠰᠠᠨ ᠬᠢᠷᠢ ᠲᠦᠪᠰᠢᠨ᠎ᠢ ᠲᠡᠭᠡᠭᠰᠢᠯᠡᠬᠦᠯᠦᠨ᠂ ᠵᠠᠰᠠᠭ᠎ᠤᠨ ᠤᠷᠳᠤᠨ᠎ᠠᠴᠠ ᠵᠠᠰᠠᠬᠤ ᠨᠡᠢ᠍ᠢ᠍ᠬᠡᠮ᠎ᠠᠴᠠ ᠵᠤᠬᠢᠴᠠᠭᠤᠯᠬᠤ ᠰᠠᠭᠤᠭ᠋ᠠᠯᠢ ᠠᠷᠠᠳ ᠦᠪᠠᠷᠳᠡᠬᠡᠨ ᠵᠠᠰᠠᠬᠤ ᠰᠠᠢ᠍ᠢ᠍ᠨ ᠡᠷᠬᠢᠯᠳᠠ ᠵᠢ ᠪᠠᠶᠠᠯᠡᠬᠦᠯᠦᠨ᠎ᠠ᠃ ᠠᠮᠦᠷ ᠲᠦᠪᠰᠢᠨ ᠬᠦᠭᠵᠢᠯᠳᠠ ᠵᠢᠨ ᠦᠢ᠍ᠯᠠᠭ᠋ᠠᠬᠳᠠᠬᠤᠨ᠎ᠢ ᠪᠤᠢ ᠪᠤᠯᠭ᠋ᠠᠨ᠂ ᠠᠮᠢ ᠨᠠᠰᠦ ᠠᠮᠤᠷ ᠲᠦᠪᠰᠢᠨ᠎ᠢ ᠲᠡᠷᠢᠬᠦᠨ᠎ᠳᠤ ᠲᠠᠯᠪᠢᠬᠤ ᠦᠵᠡᠯ ᠰᠠᠨᠠᠭ᠎ᠠ ᠵᠢ ᠪᠠᠳᠠᠷᠠᠭᠤᠯᠵᠦ᠂ ᠠᠶᠤᠯᠬᠦᠢ ᠦᠢ᠍ᠯᠡᠳᠪᠤᠷᠢᠯᠡᠯ ᠢᠳᠡᠬᠡᠨ᠎ᠤ ᠠᠮᠦᠷ ᠲᠦᠪᠰᠢᠨ᠎ᠤ ᠨᠢᠬᠡᠳᠤᠭᠡᠷ ᠬᠠᠷᠢᠭᠤᠴᠠᠯᠭ᠎ᠠ ᠵᠢ ᠡᠷᠡᠰ ᠨᠠᠢ᠍ᠢ᠍ᠳᠠᠪᠤᠷᠢᠵᠢᠭᠤᠯᠵᠦ᠂ ᠡᠯ᠎ᠠ ᠲᠦᠷᠦᠯ᠎ᠤᠨ ᠡᠬᠦᠰᠴᠦ ᠮᠡᠳᠡᠭᠦ ᠬᠡᠨᠡᠳᠳᠠ ᠵᠢᠨ ᠬᠡᠷᠡᠭ᠎ᠢ ᠠᠷᠭ᠋ᠠᠴᠠᠨ᠂ ᠴᠢᠬᠤᠯᠠ ᠶᠡᠭᠡ ᠠᠮᠦᠷ ᠲᠦᠪᠰᠢᠨ᠎ᠤ ᠬᠡᠷᠡᠭ᠎ᠢ ᠡᠷᠡᠰ ᠬᠤᠷᠢᠬᠯᠠᠨ ᠎ᠠ᠃ ᠨᠡᠢ᠍ᠢ᠍ᠬᠡᠮ᠎ᠤᠨ ᠠᠮᠦᠷ ᠲᠦᠪᠰᠢᠨ᠎ᠤ ᠰᠠᠷᠬᠡᠢ᠍ᠢ᠍ᠯᠡᠨ ᠬᠢᠵᠠᠭ᠋ᠠᠷᠯᠠᠬᠤ ᠰᠢᠰᠲ᠋ᠧᠮ᠎ᠢ ᠪᠦᠷᠢᠳᠤᠬᠦᠯᠵᠦ᠂ ᠬᠤᠳᠠ ᠬᠦᠳᠡᠭᠡ ᠵᠢᠨ ᠬᠠᠮᠲᠤ᠎ᠪᠠᠷ ᠬᠦᠳᠡᠯᠦᠯᠴᠡᠬᠦ ᠬᠠᠷᠠᠭ᠋ᠠᠨ ᠲᠠᠪᠳᠠᠮᠵᠢ ᠵᠢᠨ ᠲᠤᠤᠷ᠎ᠢ ᠪᠠᠢ᠍ᠢ᠍ᠭᠤᠯᠤᠨ᠎ᠠ᠃ ᠦᠨᠡᠨᠴᠢ ᠢᠳᠡᠭᠡᠮᠵᠢᠳᠠᠢ ᠪᠠᠢ᠍ᠢ᠍ᠬᠤ ᠵᠢ ᠤᠷᠮᠠᠰᠢᠭᠤᠯᠤᠨ ᠢᠳᠡᠭᠡᠯ ᠵᠶ᠋ᠠᠨ ᠠᠯᠳᠠᠬᠰᠠᠳ᠎ᠢ ᠵᠠᠯᠬᠠᠭ᠋ᠠᠬᠤ ᠲᠤᠬᠳᠠᠴᠠ ᠵᠢ ᠪᠠᠢ᠍ᠢ᠍ᠭᠤᠯᠤᠨ᠂ ᠲᠠᠷᠢᠶᠠᠴᠢᠨ ᠬᠦᠯᠦᠰᠦᠨ ᠠᠵᠢᠯᠴᠢᠨ᠎ᠤ ᠴᠠᠯᠢᠩ ᠬᠦᠯᠦᠰᠦ ᠵᠢ ᠦᠷᠢᠳᠤᠬᠦ ᠠᠰᠠᠭᠤᠳᠠᠯ᠎ᠢ ᠪᠦᠬᠦ ᠲᠠᠯ ᠎ᠠ᠎ᠪᠠᠷ ᠰᠠᠷᠬᠡᠢ᠍ᠢ᠍ᠯᠡᠨ ᠰᠢᠢ᠍ᠳᠪᠤᠷᠢᠯᠡᠵᠦ᠂ ᠵᠤᠷᠢᠭᠤᠳᠠ᠎ᠪᠠᠷ ᠴᠠᠯᠢᠩ ᠦᠷᠢᠳᠤᠬᠦ ᠡᠯ ᠎ᠠ ᠲᠦᠷᠦᠯ᠎ᠤᠨ ᠬᠠᠤᠯᠢ ᠪᠤᠰᠦ ᠠᠵᠢᠯᠯᠠᠭ᠎ᠠ᠎ᠳᠤ ᠴᠤᠬᠢᠯᠳᠠ ᠦᠭᠴᠦ᠂ ᠠᠷᠠᠳ ᠤᠯᠠᠨ᠎ᠤ ᠠᠮᠢ ᠨᠠᠰᠦ ᠡᠳ᠋ ᠬᠦᠷᠦᠩᠭᠡ ᠵᠢᠨ ᠠᠮᠤᠷ ᠲᠦᠪᠰᠢᠨ᠎ᠢ ᠬᠠᠤᠯᠢ ᠶᠤᠰᠤᠭ᠋ᠠᠷ ᠬᠠᠮᠠᠭ᠋ᠠᠯᠠᠨ᠎ᠠ᠃  

      ᠭᠤᠷᠪᠠ᠂ 2018 ᠤᠨ᠎ᠤ ᠠᠵᠢᠯ᠎ᠤᠨ ᠲᠤᠬᠢᠷᠠᠭᠤᠯᠤᠯᠳᠠ
     2018 ᠤᠨ ᠪᠤᠯ ᠨᠠᠮ᠎ᠤᠨ ᠠᠷᠪᠠ ᠶᠢᠰᠤᠳᠤᠭᠡᠷ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠰᠯᠠᠭᠤᠯᠤᠨ ᠨᠠᠢ᠍ᠢ᠍ᠳᠠᠪᠤᠷᠢᠵᠢᠭᠤᠯᠬᠤ ᠡᠬᠢᠨ᠎ᠤ ᠵᠢᠯ ᠪᠠᠢ᠍ᠢ᠍ᠵᠦ᠂ ᠰᠢᠨ᠎ᠠ ᠨᠢᠬᠡᠨ ᠡᠬᠡᠯᠵᠢ ᠵᠢᠨ ᠵᠠᠰᠠᠭ᠎ᠤᠨ ᠤᠷᠳᠤᠨ ᠡᠬᠦᠷᠭᠡ ᠴᠢᠳᠠᠪᠬᠢ᠎ᠪᠠᠨ ᠬᠦᠢ᠍ᠴᠡᠳᠬᠡᠬᠦ ᠠᠩᠬᠠᠨ᠎ᠤ ᠵᠢᠯ᠂ ᠪᠠᠰᠠᠴᠦ ᠴᠢᠨᠡᠬᠡᠯᠢᠭ ᠨᠠᠢ᠍ᠢ᠍ᠬᠡᠮ᠎ᠢ ᠪᠦᠬᠦ ᠲᠠᠯ᠎ᠠ᠎ᠪᠠᠷ ᠪᠠᠢ᠍ᠢ᠍ᠭᠤᠯᠤᠨ ᠪᠠᠶᠠᠯᠡᠬᠦᠯᠬᠦ ᠰᠢᠢ᠍ᠳᠪᠤᠷᠢᠳᠦ ᠢᠯᠠᠯᠳᠠ ᠵᠢ ᠤᠯᠬᠤ ᠵᠠᠩᠬᠢᠯᠠᠭ᠎ᠠ ᠵᠢᠨ ᠵᠢᠯ ᠪᠠᠢ᠍ᠢ᠍ᠵᠦ᠂ ᠵᠠᠰᠠᠭ᠎ᠤᠨ ᠤᠷᠳᠤᠨ᠎ᠤ ᠠᠵᠢᠯ᠎ᠢ ᠰᠠᠢ᠍ᠢ᠍ᠳᠤᠷ ᠬᠢᠬᠦ᠎ᠨᠢ ᠮᠠᠰᠢ ᠴᠢᠬᠤᠯᠠ ᠠᠴᠢ ᠬᠤᠯᠪᠤᠬᠳᠠᠯ᠎ᠲᠠᠢ ᠶᠤᠮ᠃
      ᠲᠤᠤᠷᠠᠬᠢ ᠬᠡᠳᠦᠨ ᠲᠠᠯ᠎ᠠ ᠵᠢᠨ ᠬᠠᠷᠠᠯᠳᠠ ᠵᠢᠨ ᠲᠤᠭᠤᠷᠢᠨ᠎ᠳᠤ ᠠᠵᠢᠯ ᠵᠶ᠋ᠠᠨ ᠠᠬᠢᠭᠤᠯᠬᠤ ᠪᠤᠯᠤᠨ᠎ᠠ᠃
     (ᠨᠢᠭᠡ) ᠪᠤᠬᠢᠷᠳᠤᠯ ᠦᠭᠡᠢ ᠤᠷᠭ᠋ᠠᠨᠢᠭ ᠵᠶ᠋ᠠᠷ ᠴᠢᠭᠯᠡᠯ ᠪᠤᠯᠭ᠋ᠠᠨ ᠤᠳᠦ ᠦᠶ ᠎ᠠ ᠵᠢᠨ ᠲᠠᠷᠢᠶᠠᠯᠠᠩ ᠮᠠᠯ ᠠᠵᠦ ᠠᠬᠤᠢ ᠵᠢ ᠬᠦᠭᠵᠢᠬᠦᠯᠦᠨ᠎ᠠ
      ᠪᠦᠬᠦ ᠰᠢᠶᠠᠨ᠎ᠤ ᠲᠠᠷᠢᠮᠠᠯ᠎ᠤᠨ ᠶᠡᠷᠦᠩᠭᠡᠢ ᠲᠠᠯᠠᠪᠠᠢ ᠵᠢ 119 ᠲᠦᠮᠡᠨ ᠮᠦ᠍᠎ᠳᠤ ᠬᠦᠷᠭᠡᠨ᠎ᠠ᠃ ᠤᠷᠭ᠋ᠠᠨᠢᠭ ᠲᠠᠷᠢᠮᠠᠯ᠎ᠢ ᠶᠡᠭᠡᠪᠠᠷ ᠬᠦᠭᠵᠢᠬᠦᠯᠵᠦ ᠪᠠᠷᠢᠮᠵᠢᠶᠠᠵᠢᠬᠰᠠᠨ ᠰᠠᠭᠤᠷᠢᠨ ᠭᠠᠵᠠᠷ᠎ᠢ 105 ᠲᠦᠮᠡᠨ ᠮᠦ᠍᠎ᠳᠤ ᠬᠦᠷᠬᠡᠵᠦ᠂ ᠲᠦᠬᠦᠭᠡᠷᠦᠮᠵᠢᠳᠦ ᠲᠠᠷᠢᠶᠠᠯᠠᠩ᠎ᠤᠨ ᠲᠠᠯᠠᠪᠠᠢ ᠵᠢ ᠰᠢᠨ᠎ᠠ᠎ᠪᠠᠷ 3000 ᠮᠦ᠍ ᠨᠡᠮᠡᠭᠳᠠᠬᠦᠯᠦᠨ᠂ ᠵᠠᠬ᠎ᠤᠨ ᠦᠨᠳᠤᠰᠤᠨ᠎ᠳᠤ ᠭᠤᠶᠤᠤ ᠲᠠᠷᠢᠬᠤ ᠲᠠᠯᠠᠪᠠᠢ ᠵᠢ 2 ᠲᠦᠮᠡᠨ ᠮᠦ᠍᠂ ᠠᠷᠢᠬᠢ ᠨᠠᠷᠡᠬᠦ ᠦᠵᠦᠮ᠎ᠢ 1000 ᠮᠦ᠍᠂ ᠨᠠᠩᠭᠢ ᠴᠠᠭ᠋ᠠᠨ ᠵᠢ 1000 ᠮᠦ᠍᠂ ᠡᠯᠡᠰᠦᠨ᠎ᠤ ᠲᠤᠳᠤᠷᠭ᠎ᠠ ᠵᠢ 2000 ᠮᠦ᠍ ᠰᠢᠨ᠎ᠠ᠎ᠪᠠᠷ ᠨᠡᠮᠡᠭᠳᠡᠭᠦᠯᠦᠨ᠎ᠠ᠃ ᠢ ᠴᠢᠶᠦᠢ᠍ᠨ ᠮᠠᠯ ᠠᠵᠦ ᠠᠬᠤᠢ ᠵᠢᠨ ᠦᠢ᠍ᠯᠡᠰ᠎ᠤᠨ 20 ᠲᠦᠮᠡᠨ ᠲᠤᠯᠤᠭ᠋ᠠᠢ ᠭᠠᠬᠠᠢ᠂ ᠷᠦ᠍ ᡁᠢ ᠶᠤᠸᠠᠨ ᠮᠠᠯᠵᠢᠯ᠎ᠤᠨ ᠦᠢ᠍ᠯᠡᠰ᠎ᠤᠨ 1 ᠲᠦᠮᠡᠨ ᠰᠠᠭ᠋ᠠᠯᠢ ᠵᠢᠨ ᠦᠨᠢᠶ᠎ᠠ ᠪᠠ ᠠᠯᠠᠰᠢᠨ ᠦᠭᠡᠷ ᠲᠠᠵᠢᠬᠡᠬᠦ ᠲᠦᠷᠦᠯ ᠵᠦᠢ᠍ᠯ᠎ᠢ ᠭᠡᠷᠡᠭᠵᠢᠬᠦᠯᠦᠨ᠂ ᠬᠡᠪᠴᠢᠶᠠᠵᠢᠭᠰᠡᠨ ᠲᠠᠵᠢᠬᠡᠨ ᠦᠷᠡᠵᠢᠬᠦᠯᠬᠦ ᠲᠠᠯᠠᠪᠠᠢ ᠵᠢ 20 ᠰᠢᠨ᠎ᠠ᠎ᠪᠠᠷ ᠪᠠᠢ᠍ᠢ᠍ᠭᠤᠯᠤᠨ᠂ ᠠᠯᠠᠰᠢᠨ ᠬᠤᠨᠢᠨ᠎ᠤ ᠲᠠᠵᠢᠬᠡᠨ ᠦᠷᠡᠵᠢᠬᠦᠯᠬᠦ ᠬᠡᠮᠵᠢᠶ᠎ᠠ ᠵᠢ 145 ᠲᠦᠮᠡ᠎ᠳᠤ ᠬᠦᠷᠬᠡᠨ᠂ ᠤᠷᠭ᠋ᠠᠨᠢᠭ ᠰᠠᠭ᠋ᠠᠯᠢ ᠵᠢᠨ ᠦᠨᠢᠶ᠎ᠠ᠂ ᠠᠯᠠᠰᠢᠨ ᠦᠭᠡᠷ᠂ ᠭᠠᠬᠠᠢ ᠵᠢᠨ ᠲᠤᠭ᠎ᠠ ᠵᠢ ᠲᠤᠰ ᠪᠦᠷᠢ 9 ᠲᠦᠮᠡ᠂ 2 ᠲᠦᠮᠡ ᠪᠠ 10 ᠲᠦᠮᠡ᠎ᠳᠤ ᠬᠦᠷᠬᠡᠨ᠎ᠠ᠃ ᠤᠨᠴᠠᠯᠢᠬᠳᠦ ᠵᠢᠭ᠋ᠠᠰᠦᠨ᠎ᠤ ᠠᠵᠦ ᠦᠢ᠍ᠯᠡᠰ᠎ᠤᠨ ᠲᠠᠯᠠᠪᠠᠢ ᠵᠢ 5000 ᠮᠦ᠍ ᠰᠢᠨ᠎ᠠ᠎ᠪᠠᠷ ᠨᠡᠮᠡᠭᠳᠡᠬᠦᠯᠦᠨ᠂ ᠲᠤᠮᠳᠠᠳᠦ ᠤᠯᠤᠰ᠎ᠤᠨ ᠵᠢᠭ᠋ᠠᠰᠦ ᠬᠦᠬᠢᠳᠠᠨ ᠰᠠᠯᠡᠬᠦᠴᠡᠬᠦ ᠨᠤᠳᠤᠭ᠎ᠢ ᠡᠬᠦᠳᠤᠨ ᠪᠠᠢ᠍ᠢ᠍ᠭᠤᠯᠤᠨ᠎ᠠ᠃ ᠪᠦᠬᠦ ᠤᠯᠤᠰ᠎ᠤᠨ ᠡᠯᠡᠰᠦ ᠡᠪᠡᠰᠦᠨ᠎ᠤ ᠠᠵᠦ ᠦᠢ᠍ᠯᠡᠰ᠎ᠤᠨ ᠬᠦᠭᠵᠢᠯᠳᠠ ᠵᠢᠨ ᠶᠡᠭᠡ ᠬᠤᠷᠠᠯ ᠪᠠ ᠪᠦᠬᠦ ᠤᠯᠤᠰ᠎ᠤᠨ ᠲᠠᠷᠢᠵᠦ ᠲᠡᠵᠢᠬᠡᠬᠦ ᠵᠢ ᠤᠶᠠᠯᠳᠤᠭᠤᠯᠬᠤ ᠡᠷᠬᠢᠯᠳᠡᠳᠦ ᠬᠦᠭᠵᠢᠯᠳᠠ ᠵᠢᠨ ᠲᠤᠬᠠᠢ ᠵᠢᠨ ᠭᠠᠵᠠᠷ᠎ᠤᠨ ᠬᠤᠷᠠᠯ᠎ᠢ ᠬᠤᠷᠠᠯᠳᠤᠭᠤᠯᠬᠤ᠎ᠪᠠᠷ ᠢᠳᠡᠪᠬᠢᠳᠠᠢ ᠲᠠᠮᠡᠴᠡᠨ᠂ ᠬᠤᠷᠠᠯ ᠵᠶ᠋ᠠᠷ ᠲᠠᠮᠵᠢᠨ ᠪᠤᠬᠢᠷᠳᠤᠯ ᠦᠭᠡᠢ ᠤᠷᠭ᠋ᠠᠨᠢᠭ ᠮᠠᠯ ᠲᠠᠷᠢᠶᠠᠯᠠᠩ᠎ᠤᠨ ᠦᠢ᠍ᠯᠡᠰ᠎ᠤᠨ ᠰᠢᠨ᠎ᠠ ᠦᠷ᠎ᠠ ᠪᠦᠳᠦᠭᠡᠯ᠎ᠢ ᠲᠠᠯᠭᠡᠨ ᠦᠵᠡᠬᠦᠯᠦᠨ᠎ᠠ᠃ ᠰᠢᠨ᠎ᠠ ᠲᠦᠷᠦᠯ ᠵᠦᠢ᠍ᠯ᠂ ᠰᠢᠨ᠎ᠠ ᠮᠡᠷᠬᠡᠵᠢᠯ᠎ᠢ ᠶᠡᠭᠡᠪᠠᠷ ᠲᠡᠯᠭᠡᠷᠡᠬᠦᠯᠵᠦ᠂ 3 ᠲᠦᠮᠡᠨ ᠮᠦ᠍ ᠵᠢᠨ ᠡᠯᠡᠰᠦᠨ᠎ᠤ ᠠᠵᠦ ᠦᠢ᠍ᠯᠡᠰ᠎ᠤᠨ ᠬᠦᠷᠢᠶᠠᠯᠠᠩ᠎ᠢ ᠲᠦᠯᠦᠪᠵᠢᠬᠦᠯᠦᠨ ᠪᠠᠢ᠍ᠢ᠍ᠭᠤᠯᠤᠨ᠎ᠠ᠃ ᠭᠠᠵᠠᠷ ᠤᠷᠤᠨ ᠠᠯᠤᠰᠯᠠᠬᠰᠠᠨ ᠲᠠᠷᠢᠶᠠᠨ ᠭᠠᠵᠠᠷ᠎ᠤᠨ ᠵᠢᠱ᠌ᠢᠶ᠎ᠠ ᠦᠵᠡᠬᠦᠯᠬᠦ ᠰᠠᠭᠤᠷᠢᠨ ᠭᠠᠵᠠᠷ᠎ᠤᠨ ᠲᠦᠷᠦᠯ ᠵᠦᠢ᠍ᠯ᠎ᠢ ᠲᠠᠮᠠᠴᠠᠨ ᠤᠯᠵᠦ᠂ 8 ᠲᠦᠮᠡᠨ ᠮᠦ᠍ ᠵᠢᠨ ᠦᠨᠳᠤᠷ ᠪᠠᠷᠢᠮᠵᠢᠶᠠᠳᠦ ᠲᠠᠷᠢᠶᠠᠨ ᠭᠠᠵᠠᠷ᠎ᠤᠨ ᠪᠦᠳᠦᠬᠡᠨ ᠪᠠᠢ᠍ᠢ᠍ᠭᠤᠯᠤᠯᠳᠠ᠂ 5 ᠲᠦᠮᠡᠨ ᠮᠦ᠍ ᠵᠢᠨ ᠦᠨᠳᠤᠷ ᠦᠷ᠎ᠠ ᠠᠰᠢᠬᠳᠦ ᠤᠰᠦ ᠠᠷᠪᠢᠯᠠᠨ ᠤᠰᠤᠯᠠᠬᠤ ᠲᠠᠷᠢᠶᠠᠨ ᠭᠠᠵᠠᠷ᠎ᠤᠨ ᠦᠭᠡᠷᠡᠴᠢᠯᠠᠯᠳᠠ᠂ 4 ᠲᠦᠮᠡᠨ ᠮᠦ᠍ ᠵᠢᠨ ᠬᠦᠨ ᠬᠠᠭ᠋ᠠᠯᠪᠤᠷᠢᠯᠠᠵᠦ ᠬᠦᠨ ᠵᠦᠭᠡᠯᠡᠷᠡᠭᠦᠯᠬᠦ ᠲᠠᠷᠢᠶᠠᠨ ᠭᠠᠵᠠᠷ᠂ 3 ᠲᠦᠮᠡᠨ ᠮᠦ᠍ ᠵᠢᠨ ᠬᠤᠵᠢᠷᠯᠢᠭ ᠲᠠᠷᠢᠶᠠᠨ ᠭᠠᠵᠠᠷ᠎ᠢ ᠦᠭᠡᠷᠡᠴᠢᠯᠡᠭᠦ᠂ 4800 ᠮᠦ᠍ ᠭᠠᠵᠠᠷ ᠰᠢᠷᠦᠢ ᠵᠢ ᠴᠡᠭᠴᠡᠯᠡᠭᠦ ᠵᠡᠷᠭᠡ ᠲᠦᠷᠦᠯ ᠵᠦᠢ᠍ᠯ᠎ᠢ ᠬᠡᠷᠡᠭᠵᠢᠬᠦᠯᠦᠨ᠎ᠠ᠃
     (ᠬᠤᠶᠠᠷ) ᠲᠦᠷᠦᠯ ᠵᠦᠢ᠍ᠯ᠎ᠤᠨ ᠪᠦᠳᠦᠬᠡᠨ ᠪᠠᠢ᠍ᠢ᠍ᠭᠤᠯᠤᠯᠳᠠ᠎ᠪᠠᠷ ᠭᠠᠷᠳᠠᠴᠠ ᠪᠤᠯᠭ᠋ᠠᠨ᠂ ᠠᠵᠦ ᠦᠢ᠍ᠯᠡᠳᠪᠤᠷᠢ ᠵᠢᠨ ᠠᠵᠦ ᠠᠬᠤᠢ ᠵᠢᠨ ᠬᠡᠮᠵᠢᠶ᠎ᠠ ᠵᠢ ᠦᠷᠭᠡᠳᠬᠡᠨ ᠴᠢᠨᠠᠷ᠎ᠢ ᠲᠡᠭᠡᠭᠰᠢᠯᠡᠬᠦᠯᠬᠦ ᠵᠢ ᠠᠬᠢᠭᠤᠯᠤᠨ᠎ᠠ
      ᠠᠵᠦ ᠦᠢ᠍ᠯᠡᠳᠪᠤᠷᠢ ᠵᠢᠨ ᠲᠤᠭᠳᠠᠮᠠᠯ ᠬᠦᠷᠦᠩᠭᠡ ᠵᠢᠨ ᠪᠠᠯᠠ ᠤᠷᠤᠭᠤᠯᠤᠯᠳᠠ ᠵᠢ 16 ᠳ᠋ᠦ᠍ᠢ᠍ᠩᠰᠢᠭᠤᠷ ᠲᠦᠭᠦᠷᠢᠭ᠎ᠠᠴᠠ ᠲᠡᠭᠡᠭᠰᠢ ᠪᠠᠶᠠᠯᠡᠭᠦᠯᠵᠦ᠂ ᠬᠡᠪᠴᠢᠶᠠᠵᠢᠯ᠎ᠠᠴᠠ ᠲᠡᠭᠡᠭᠰᠢᠬᠢ ᠠᠵᠦ ᠦᠢ᠍ᠯᠡᠳᠪᠤᠷᠢ ᠵᠢᠨ ᠨᠡᠮᠡᠭᠳᠠᠯ ᠦᠷᠳᠡᠭ᠎ᠢ 5% ᠎ᠪᠠᠷ ᠨᠡᠮᠡᠭᠳᠠᠬᠦᠯᠦᠨ᠎ᠠ᠃ 1.3 ᠳ᠋ᠦ᠍ᠢ᠍ᠩᠰᠢᠭᠤᠷ ᠲᠦᠭᠦᠷᠢᠭ᠎ᠤᠨ ᠪᠠᠯᠠ ᠤᠷᠤᠭᠤᠯᠤᠬᠰᠠᠨ ᠽᠢ ᠷᠦᠨ ᠲᠠᠷᠢᠶᠠᠯᠠᠩ ᠦᠢ᠍ᠯᠡᠰ᠎ᠤᠨ ᠠᠯᠠᠰᠢᠨ ᠬᠤᠨᠢ ᠲᠠᠵᠢᠬᠡᠨ ᠦᠷᠡᠵᠢᠬᠦᠯᠭᠦ ᠵᠢᠴᠢ ᠮᠢᠬ᠎ᠠ ᠪᠤᠯᠪᠠᠰᠤᠷᠠᠭᠤᠯᠬᠤ ᠦᠢ᠍ᠯᠡᠳᠪᠤᠷᠢ᠂ ᠱᠧᠩ ᠮᠦ᠍ ᠲᠡᠭᠡᠳᠦ ᠰᠢᠨ᠎ᠠ ᠮᠡᠷᠬᠡᠵᠢᠯ᠎ᠤᠨ ᠴᠠᠭ᠋ᠠᠰᠦᠨ ᠬᠠᠢ᠍ᠢ᠍ᠷᠴᠠᠭ ᠪᠤᠭᠤᠳᠠᠯᠯᠠᠬᠤ ᠵᠡᠷᠭᠡ ᠲᠦᠷᠦᠯ ᠵᠦᠢ᠍ᠯ᠎ᠢ ᠡᠬᠢᠯᠡᠬᠦᠯᠵᠦ᠂ ᠢᠦᠢ ᠯᠧ ᠬᠢᠮᠢ ᠵᠢᠨ ᠠᠵᠦ ᠦᠢ᠍ᠯᠡᠳᠪᠤᠷᠢ ᠵᠢᠨ ᠡᠷᠬᠢᠯᠳᠡᠳᠦ ᠠᠵᠦ ᠠᠬᠤᠢ ᠵᠢᠨ ᠲᠦᠷᠦᠯ ᠵᠦᠢ᠍ᠯ᠎ᠢ ᠲᠦᠷᠬᠡᠨ ᠠᠬᠢᠭᠤᠯᠵᠦ᠂ ᠯᠢ ᠴᠤᠸᠠᠨ ᠬᠢᠮᠢ ᠵᠢᠨ ᠠᠵᠦ ᠦᠢ᠍ᠯᠡᠳᠪᠤᠷᠢ ᠵᠢᠨ ᠬᠦᠬᠦᠷᠳᠦ ᠱᠦᠯᠳᠦᠯᠢᠭ᠎ᠤᠨ ᠡᠷᠬᠢᠯᠳᠡᠳᠦ ᠠᠵᠦ ᠠᠬᠤᠢ᠂ ᠠᠩ ᠷᠢ ᠵᠢᠨ ᠰᠢᠨ᠎ᠠ ᠮᠠᠲ᠋ᠧᠷᠢᠶᠠᠯ᠎ᠤᠨ 500 ᠲᠤᠨ ᠦᠨᠳᠤᠷ ᠦᠷ᠎ᠠ ᠠᠰᠢᠬᠳᠦ ᠴᠠᠬᠢᠭᠤᠷ᠎ᠤᠨ ᠢᠯᠳᠡᠰᠦ ᠵᠡᠷᠭᠡ ᠲᠦᠷᠦᠯ ᠵᠦᠢ᠍ᠯ᠎ᠢ ᠪᠦᠳᠦᠬᠡᠨ ᠪᠠᠢ᠍ᠢ᠍ᠭᠤᠯᠤᠨ᠎ᠠ᠃᠎ᠲᠠᠢ ᠱᠦᠨ᠎ᠤ ᠮᠡᠷᠬᠡᠵᠢᠯ᠎ᠤᠨ ᠦᠭᠡᠷᠡᠴᠢᠯᠠᠯᠳᠠ ᠪᠠ ᠨᠡᠬᠦᠯᠭᠡᠨ ᠰᠢᠯᠵᠢᠬᠦᠯᠬᠦ ᠠᠵᠢᠯ᠎ᠢ ᠡᠬᠢᠯᠡᠬᠦᠯᠦᠨ᠎ᠠ᠃ ᠲᠤᠭᠤᠷᠢᠭ᠎ᠤᠨ ᠴᠠᠬᠢᠯᠭ᠋ᠠᠨ ᠬᠠᠩᠭ᠋ᠠᠬᠤ᠂ ᠨᠤᠭᠤᠭ᠋ᠠᠷᠠᠭᠤᠯᠤᠯᠳᠠ᠂ ᠪᠤᠵᠠᠷᠳᠤᠯ᠎ᠢ ᠭᠠᠳᠠᠭᠰᠢᠯᠠᠭᠤᠯᠬᠤ ᠵᠡᠷᠭᠡ ᠰᠠᠭᠤᠷᠢ ᠲᠦᠭᠦᠭᠡᠷᠦᠮᠵᠢ ᠵᠢᠨ ᠪᠦᠳᠦᠭᠡᠨ ᠪᠠᠢ᠍ᠢ᠍ᠭᠤᠯᠤᠯᠳᠠ ᠵᠢ ᠲᠠᠬᠦᠯᠳᠡᠷᠵᠢᠬᠦᠯᠦᠨ᠎ᠠ᠃ ᠳ᠋ᠦ᠍ᠢ᠍ᠩᠰᠢᠭᠤᠷ ᠲᠦᠭᠦᠷᠢᠭ᠎ᠠᠴᠠ ᠲᠡᠭᠡᠭᠰᠢᠬᠢ ᠲᠦᠷᠤᠯ ᠵᠦᠢ᠍ᠯ᠎ᠢ 3 ᠎ᠠᠴᠠ ᠲᠡᠭᠡᠭᠰᠢ ᠲᠠᠳᠠᠨ ᠤᠷᠤᠭᠤᠯᠵᠦ᠂ ᠤᠯᠤᠰ᠎ᠤᠨ ᠲᠤᠳᠤᠭ᠋ᠠᠳᠦ ᠭᠠᠳᠠᠭ᠋ᠠᠳᠦ ᠵᠢᠨ ᠪᠠᠢ᠍ᠢ᠍ᠷᠢᠰᠢᠯ᠎ᠳᠤ᠎ᠨᠢ ᠤᠷᠤᠭᠤᠯᠤᠬᠰᠠᠨ ᠪᠠᠯᠠ ᠮᠦᠩᠬᠦ ᠵᠢ 25 ᠳ᠋ᠦ᠍ᠢ᠍ᠩᠰᠢᠭᠤᠷ ᠲᠦᠭᠦᠷᠢᠭ᠎ᠲᠤ ᠬᠦᠷᠬᠡᠬᠦ᠎ᠪᠠᠷ ᠴᠢᠷᠮᠠᠢ᠍ᠢ᠍ᠨ᠎ᠠ᠃ ᠬᠠᠳᠤᠨ ᠭᠤᠤᠯ᠎ᠤᠨ ᠡᠾᠷᠤᠮᠳᠦ ᠲᠠᠪᠤᠰᠤᠨ᠎ᠤ ᠭᠠᠵᠠᠷ ᠰᠢᠷᠦᠢ ᠵᠢᠨ ᠴᠢᠨᠠᠷ᠎ᠢ ᠰᠠᠢ᠍ᠢ᠍ᠵᠢᠷᠠᠭᠤᠯᠬᠤ ᠵᠢᠴᠢ ᠶᠡᠷᠦ ᠵᠢᠨ ᠬᠠᠳᠠᠭᠤ ᠬᠠᠶᠠᠬᠳᠠᠮᠠᠯ ᠪᠤᠳᠠᠰ᠎ᠢ ᠶᠡᠷᠦᠩᠬᠡᠢ᠍ᠢ᠍ᠯᠠᠨ ᠵᠠᠰᠠᠬᠤ ᠠᠵᠢᠯ᠎ᠢ ᠬᠡᠷᠡᠭᠵᠢᠬᠦᠯᠵᠦ᠂ ᠪᠤᠵᠠᠷ ᠤᠰᠤᠨ᠎ᠤ ᠦᠢ᠍ᠯᠡᠳᠪᠤᠷᠢ ᠵᠢᠨ ᠬᠤᠶᠠᠳᠤᠭ᠋ᠠᠷ ᠬᠤᠭᠤᠴᠠᠭ᠋ᠠᠨ᠎ᠤ ᠠᠵᠢᠯ᠎ᠢ ᠡᠬᠢᠯᠡᠬᠦᠯᠵᠦ᠂ ᠲᠤᠮᠳᠠ ᠤᠰᠤᠨ᠎ᠤ ᠠᠰᠢᠬᠯᠠᠯᠳᠠ ᠵᠢᠨ ᠨᠤᠷᠮ᠎ᠠ ᠵᠢ 70% ᠎ᠠᠴᠠ ᠲᠡᠭᠡᠭᠰᠢ᠎ᠳᠤ ᠬᠦᠷᠬᠡᠨ᠎ᠠ᠃
     (ᠭᠤᠷᠪᠠ) ᠤᠨᠴᠠᠯᠢᠬᠳᠦ ᠵᠤᠭ᠋ᠠᠴᠠᠯ ᠵᠶ᠋ᠠᠷ ᠬᠢᠯᠡᠰ ᠴᠡᠭ ᠪᠤᠯᠭ᠋ᠠᠨ ᠭᠤᠷᠪᠠᠳᠤᠭ᠋ᠠᠷ ᠠᠵᠦ ᠦᠢ᠍ᠯᠡᠰ᠎ᠤᠨ ᠬᠦᠭᠵᠢᠯᠳᠠ ᠵᠢᠨ ᠬᠢᠷᠢ ᠲᠦᠪᠰᠢᠨ᠎ᠢ ᠲᠡᠭᠡᠭᠰᠢᠯᠡᠬᠦᠯᠦᠨ᠎ᠠ
     《ᠳ᠋ᠧᠩᠺᠧᠦ ᠰᠢᠶᠠᠨ᠎ᠤ ᠪᠦᠬᠦ ᠬᠡᠪᠴᠢᠶᠠᠨ᠎ᠤ ᠵᠤᠭ᠋ᠠᠴᠠᠯ᠎ᠤᠨ ᠬᠦᠭᠵᠢᠯᠳᠠ ᠵᠢᠨ ᠶᠡᠷᠦᠩᠬᠡᠢ ᠲᠦᠯᠦᠪᠵᠢᠬᠦᠯᠭᠡ》 ᠵᠢ ᠦᠨᠳᠤᠷ ᠪᠠᠷᠢᠮᠵᠢᠶ᠎ᠠ᠎ᠪᠠᠷ ᠨᠠᠢ᠍ᠢ᠍ᠷᠠᠭᠤᠯᠤᠨ ᠪᠠᠶᠠᠯᠡᠬᠦᠯᠦᠨ᠎ᠠ᠃ ᠰᠠᠨ ᠱᠧᠩ ᠬᠦᠩ ᠤᠰᠤᠨ ᠠᠰᠢᠬᠯᠠᠯᠳᠠ ᠵᠢᠨ ᠬᠦᠢ᠍ᠰᠦ ᠪᠠᠷᠢᠯᠭ᠎ᠠ ᠵᠢᠨ ᠦᠵᠡᠮᠵᠢ ᠵᠢᠨ ᠤᠷᠤᠨ᠂ ᠨᠠᠷᠢᠨᠳᠤᠬᠤᠢ ᠵᠢᠨ ᠦᠵᠡᠮᠵᠢ ᠵᠢᠨ ᠤᠷᠤᠨ᠎ᠤ ᠰᠠᠭᠤᠷᠢ ᠲᠦᠭᠦᠭᠡᠷᠦᠮᠵᠢ ᠵᠢ ᠢᠵᠢ ᠪᠦᠷᠢᠳᠤᠬᠦᠯᠦᠨ ᠲᠠᠰ ᠲᠠᠪᠰᠢᠬᠦᠯᠵᠦ᠂ ᠬᠠᠳᠦᠨ ᠭᠤᠤᠯ᠎ᠤᠨ ᠦᠨᠦᠷ ᠠᠮᠳᠠᠳᠦ ᠤᠨᠴᠠᠯᠢᠬᠳᠦ ᠪᠠᠯᠭ᠋ᠠᠰᠦ ᠪᠠ ᠡᠯᠡᠰᠦᠨ᠎ᠳᠤ ᠠᠶᠠᠯᠠᠨ ᠵᠤᠭ᠋ᠠᠴᠠᠬᠤ ᠪᠠᠭᠤᠳᠠᠯ᠂ ᠵᠠᠳᠠᠭ᠋ᠠᠢ ᠤᠮᠪᠠᠯᠳᠠ ᠵᠢᠨ ᠭᠠᠵᠠᠷ ᠵᠡᠷᠭᠡ ᠲᠦᠷᠦᠯ ᠵᠦᠢ᠍ᠯ᠎ᠢ ᠲᠦᠷᠬᠡᠳᠬᠡᠨ ᠪᠠᠢ᠍ᠢ᠍ᠭᠤᠯᠵᠦ᠂ ᠪᠧᠢ ᠬᠠᠢ ᠨᠤᠭᠤ ᠭᠠᠵᠠᠷ᠎ᠤᠨ ᠵᠤᠭ᠋ᠠᠴᠠᠯ ᠰᠡᠯᠡᠭᠦᠴᠡᠯ᠎ᠤᠨ ᠲᠦᠷᠦᠯ ᠵᠦᠢ᠍ᠯ᠎ᠢ ᠡᠬᠢᠯᠡᠬᠦᠯᠦᠨ᠎ᠠ᠃ ᠲᠤᠤᠭᠤᠷ ᠨᠢᠰᠬᠦ ᠨᠢᠰᠬᠡᠯ᠎ᠤᠨ ᠲᠦᠷᠦᠯ ᠵᠦᠢ᠍ᠯ᠎ᠢ ᠪᠠᠢ᠍ᠢ᠍ᠭᠤᠯᠤᠨ᠎ᠠ᠃ ᠬᠡᠷᠡᠯ ᠴᠠᠬᠢᠯᠭ᠋ᠠᠨ᠎ᠤ ᠰᠢᠨᠵᠢᠯᠡᠭᠦ ᠤᠬᠠᠭ᠋ᠠᠨ ᠮᠡᠷᠬᠡᠵᠢᠯ᠎ᠤᠨ ᠵᠢᠱ᠌ᠢᠶ᠎ᠠ ᠦᠵᠡᠬᠦᠯᠬᠦ ᠬᠦᠷᠢᠶᠠᠯᠠᠩ ᠪᠠ ᠡᠯᠡᠰᠦᠨ᠎ᠤ ᠲᠤᠳᠤᠷᠭ᠎ᠠ ᠵᠢᠴᠢ ᠱᠧᠩ ᠮᠦ᠍ ᠲᠡᠭᠡᠳᠦ ᠰᠢᠨ᠎ᠠ ᠮᠡᠷᠬᠡᠵᠢᠯ᠎ᠤᠨ 2 ᠤᠯᠤᠰ᠎ᠤᠨ ᠲᠠᠰ᠎ᠤᠨ 3 A ᠲᠠᠰ᠎ᠤᠨ ᠵᠤᠭ᠋ᠠᠴᠠᠯ᠎ᠤᠨ ᠤᠷᠤᠨ᠎ᠢ ᠢᠳᠡᠪᠬᠢᠳᠠᠢ ᠪᠠᠢ᠍ᠢ᠍ᠭᠤᠯᠤᠨ᠎ᠠ᠃ ᠡᠯᠡᠰᠦᠨ ᠰᠡᠢ᠍ᠢ᠍ᠯᠦᠮᠠᠯ᠂ ᠡᠯᠡᠰᠦᠨ ᠵᠢᠷᠦᠬ᠂ ᠮᠤᠨᠠ ᠠᠭᠤᠯᠠ ᠵᠢᠨ ᠬᠠᠳᠠᠨ ᠵᠢᠷᠦᠬ ᠵᠡᠷᠭᠡ ᠤᠨᠴᠠᠯᠢᠬᠳᠦ ᠵᠤᠭ᠋ᠠᠴᠠᠯ᠎ᠤᠨ ᠲᠠᠸᠠᠷ᠎ᠢ ᠨᠡᠬᠡᠬᠡᠨ ᠬᠦᠭᠵᠢᠬᠦᠯᠦᠨ᠎ᠠ᠃ ᠪᠦᠬᠦ ᠵᠢᠯ᠎ᠳᠤ ᠬᠦᠯᠢᠶᠠᠨ ᠠᠪᠬᠤ ᠵᠤᠭ᠋ᠠᠴᠠᠬᠰᠠᠳ᠎ᠤᠨ ᠲᠤᠭ᠎ᠠ ᠵᠢ 130 ᠲᠦᠮᠡ᠎ᠳᠤ ᠬᠦᠷᠬᠡᠨ᠂ ᠵᠤᠭ᠋ᠠᠴᠠᠯ᠎ᠤᠨ ᠶᠡᠷᠦᠩᠭᠡᠢ᠍ᠢ᠍ᠯᠡᠭᠰᠡᠨ ᠤᠷᠤᠯᠭ᠎ᠠ ᠵᠢ 7.1 ᠳ᠋ᠦ᠍ᠢ᠍ᠩᠰᠢᠭᠤᠷ ᠲᠦᠭᠦᠷᠢᠭ᠎ᠲᠤ ᠬᠦᠷᠬᠡᠵᠦ᠂ ᠲᠤᠰ ᠪᠦᠷᠢ 8.3% ᠪᠠ 15% ᠎ᠪᠠᠷ ᠨᠡᠮᠡᠭᠳᠡᠬᠦᠯᠦᠨ᠎ᠠ᠃ 7.5 ᠳ᠋ᠦ᠍ᠢ᠍ᠩᠰᠢᠭᠤᠷ ᠲᠦᠭᠦᠷᠢᠭ᠎ᠤᠨ ᠪᠠᠯᠠ ᠤᠷᠤᠭᠤᠯᠵᠦ᠂ 5 ᠲᠦᠮᠡᠨ ᠰᠠᠭᠤᠷᠢ ᠡᠬᠦᠯᠡᠨ ᠪᠤᠳᠤᠯᠳᠠ ᠵᠢᠨ ᠲᠦᠷᠦᠯ ᠵᠦᠢ᠍ᠯ᠎ᠢ ᠪᠠᠢ᠍ᠢ᠍ᠭᠤᠯᠤᠨ᠎ᠠ᠃ ᠤᠳᠦ ᠦᠶ᠎ᠠ ᠵᠢᠨ ᠬᠦᠢ᠍ᠯᠭᠡᠭᠡᠨ᠎ᠤ ᠤᠷᠤᠨ ᠲᠤᠭᠤᠷᠢᠭ᠎ᠢ ᠴᠢᠷᠮᠠᠢ᠍ᠢ᠍ᠨ ᠪᠠᠢ᠍ᠢ᠍ᠭᠤᠯᠵᠦ᠂ ᠸᠠᠩ ᠶᠧ ᠳ᠋ᠢ ᠵᠢᠨ ᠭᠤᠶᠤᠤ ᠵᠢᠨ ᠠᠷᠠᠯᠵᠢᠶᠠᠨ᠎ᠤ ᠵᠠᠬ᠎ᠠ ᠵᠢ ᠪᠠᠢ᠍ᠢ᠍ᠭᠤᠯᠤᠨ᠎ᠠ᠃ ᠡᠯᠧᠺᠳ᠋ᠷᠦᠨ ᠬᠤᠳᠠᠯᠳᠤᠭ᠎ᠠ ᠵᠢ ᠬᠦᠳᠡᠭᠡ ᠲᠤᠰᠬᠤᠨ ᠭᠠᠴᠠᠭ᠎ᠠ ᠲᠤᠰᠬᠤᠨ᠎ᠳᠤ ᠴᠦᠮ ᠪᠦᠷᠬᠦᠬᠦᠯᠬᠦ ᠵᠢ ᠪᠠᠶᠡᠯᠡᠭᠦᠯᠵᠦ᠂ ᠦᠪᠠᠷᠳᠡᠭᠡᠨ ᠵᠠᠰᠠᠬᠤ ᠤᠷᠤᠨ᠎ᠤ ᠲᠠᠰ᠎ᠤᠨ ᠡᠯᠧᠺᠳ᠋ᠷᠦᠨ ᠬᠤᠳᠠᠯᠳᠤᠭ᠎ᠠ ᠵᠢᠨ ᠵᠢᠱ᠌ᠢᠶ᠎ᠠ ᠦᠵᠡᠬᠦᠯᠬᠦ ᠰᠢᠶᠠᠨ᠎ᠢ ᠴᠢᠷᠮᠠᠢ᠍ᠢ᠍ᠨ ᠪᠠᠢ᠍ᠢ᠍ᠭᠤᠯᠤᠨ᠎ᠠ᠃
     (ᠲᠦᠷᠪᠠ) ᠰᠢᠨ᠎ᠠ ᠬᠡᠯᠪᠠᠷᠢ ᠵᠢᠨ ᠬᠤᠳᠠ ᠪᠠᠯᠭ᠋ᠠᠰᠤᠵᠢᠯᠳᠠ᠎ᠪᠠᠷ ᠲᠠᠭ᠋ᠠᠭᠤᠯᠤᠬ᠍ᠴᠢ ᠪᠤᠯᠭ᠋ᠠᠨ ᠬᠤᠳᠠ ᠬᠦᠳᠡᠭᠡ ᠵᠢᠨ ᠪᠦᠳᠦᠭᠡᠨ ᠪᠠᠢ᠍ᠢ᠍ᠭᠤᠯᠤᠯᠳᠠ ᠵᠢ ᠨᠢᠬᠡᠳᠤᠯᠳᠠᠢ ᠲᠦᠯᠦᠪᠵᠢᠬᠦᠯᠦᠨ᠎ᠠ
      ᠬᠤᠳᠠ ᠵᠢᠨ ᠪᠦᠳᠦᠬᠡᠨ ᠪᠠᠢ᠍ᠢ᠍ᠭᠤᠯᠤᠯᠳᠠ ᠵᠢᠨ ᠪᠠᠯᠠ ᠤᠷᠤᠭᠤᠯᠤᠯᠳᠠ ᠵᠢ 12 ᠳ᠋ᠦ᠍ᠢ᠍ᠩᠰᠢᠭᠤᠷ ᠲᠦᠭᠦᠷᠢᠭ ᠪᠠᠶᠠᠯᠡᠬᠦᠯᠵᠦ᠂ ᠠᠷᠠᠳ ᠤᠯᠠᠨ᠎ᠤ ᠭᠠᠷᠴᠦ ᠤᠷᠤᠬᠤ᠎ᠳᠤ ᠲᠦᠬᠦᠮ ᠦᠭᠡᠢ ᠵᠠᠮ᠎ᠢ 3.6 ᠺᠢᠯᠦᠮᠧᠳ᠋ᠷ ᠰᠢᠨ᠎ᠠ᠎ᠪᠠᠷ ᠵᠠᠰᠠᠨ᠎ᠠ᠃ 15 ᠲᠦᠮᠡᠨ ᠲᠡᠭᠰᠢ ᠲᠦᠷᠪᠡᠯᠵᠢᠨ ᠮᠧᠲᠷ᠎ᠤᠨ ᠲᠠᠯᠪᠠᠢ ᠪᠦᠬᠦᠢ ᠬᠠᠭᠤᠴᠢᠨ ᠰᠠᠭᠤᠭ᠋ᠠᠯᠢ ᠠᠷᠠᠳ᠎ᠤᠨ ᠲᠤᠭᠤᠷᠢᠭ᠂ ᠪᠤᠢ᠍ᠢ᠍ᠳᠠ ᠪᠦᠭᠯᠡᠬᠦᠦ ᠵᠡᠭᠡᠯᠢ ᠵᠢ 8 ᠲᠦᠮᠡᠨ ᠲᠡᠭᠰᠢ ᠲᠦᠷᠪᠡᠯᠵᠢᠨ ᠮᠧᠲᠷ ᠦᠭᠡᠷᠡᠴᠢᠯᠠᠵᠦ᠂ 50 ᠰᠠᠭᠤᠷᠢ ᠵᠤᠷᠯᠤᠩ᠎ᠢ ᠰᠢᠨ᠎ᠠ᠎ᠪᠠᠷ ᠪᠠᠢ᠍ᠢ᠍ᠭᠤᠯᠤᠨ᠎ᠠ᠃ ᠢᠯᠴᠢ ᠬᠠᠩᠭ᠋ᠠᠬᠤ ᠲᠤᠤᠷ᠎ᠢ ᠦᠷᠬᠡᠳᠬᠡᠨ ᠪᠠᠢ᠍ᠢ᠍ᠭᠤᠯᠬᠤ ᠢᠨᠵᠧᠨᠧᠷᠢᠩ᠎ᠢ ᠪᠠᠶᠠᠯᠡᠬᠦᠯᠵᠦ᠂ ᠡᠯ᠎ᠠ ᠲᠦᠷᠦᠯ᠎ᠤᠨ ᠬᠤᠭᠤᠯᠠᠢ ᠲᠤᠤᠷ᠎ᠢ 31 ᠺᠢᠯᠤᠮᠧᠳ᠋ᠷ ᠲᠠᠪᠢᠰᠴᠦ᠂ ᠲᠦᠪᠯᠡᠷᠡᠬᠦᠯᠦᠨ ᠢᠯᠴᠢ ᠬᠠᠩᠭ᠋ᠠᠬᠤ ᠲᠠᠯᠠᠪᠠᠢ ᠵᠢ ᠰᠢᠨ᠎ᠠ᠎ᠪᠠᠷ 35 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠬᠦᠯᠦᠨ᠂ ᠪᠠᠢ᠍ᠢ᠍ᠭ᠋ᠠᠯᠢ ᠵᠢᠨ ᠰᠢᠳᠠᠮᠠᠬᠠᠢ ᠬᠡᠢ᠍ᠢ ᠵᠢ 500 ᠡᠷᠦᠭᠡ᠎ᠳᠤ ᠤᠷᠤᠭᠤᠯᠤᠨ᠎ᠠ᠃ ᠡᠯ᠎ᠠ ᠲᠦᠷᠦᠯ᠎ᠤᠨ ᠪᠠᠳᠤᠯᠠᠭ᠎ᠠ ᠵᠢᠨ ᠴᠢᠨᠠᠷᠳᠠᠢ ᠤᠷᠤᠨ ᠰᠠᠭᠤᠴᠠ ᠵᠢ 720 ᠢᠵᠢ ᠪᠠᠢ᠍ᠢ᠍ᠭᠤᠯᠤᠨ᠂ ᠪᠤᠷᠦ ᠬᠡᠷᠳᠦ ᠤᠷᠤᠨ᠎ᠢ 680 ᠡᠷᠦᠭᠡ ᠦᠭᠡᠷᠡᠴᠢᠯᠠᠨ᠎ᠠ᠃ ᠬᠤᠳᠠ ᠪᠠᠯᠭ᠋ᠠᠰᠦ ᠵᠢᠨ ᠨᠤᠭᠤᠭ᠋ᠠᠷᠠᠭᠤᠯᠤᠯᠳᠠ ᠵᠢ ᠴᠡᠴᠡᠷᠯᠢᠭᠵᠢᠯᠳᠠ ᠲᠡᠰᠢ ᠬᠦᠭᠵᠢᠬᠦᠯᠵᠦ᠂ ᠨᠤᠭᠤᠭ᠋ᠠᠨ ᠭᠠᠵᠠᠷ᠎ᠤᠨ ᠲᠠᠯᠠᠪᠠᠢ ᠵᠢ 8.6 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠬᠦᠯᠦᠨ᠎ᠠ᠃ 50% ᠎ᠤᠨ ᠬᠠᠭᠤᠴᠢᠨ ᠰᠠᠭᠤᠭ᠋ᠠᠯᠢ ᠠᠷᠠᠳ᠎ᠤᠨ ᠲᠤᠭᠤᠷᠢᠭ᠎ᠤᠨ ᠠᠳᠠᠯ ᠠᠬᠤᠢ ᠵᠢᠨ ᠬᠠᠮᠢᠶᠠᠷᠤᠯᠳᠠ ᠪᠠ ᠠᠮᠦᠷ ᠲᠦᠪᠰᠢᠨ᠎ᠤ ᠡᠷᠬᠢᠯᠳᠠ ᠵᠢ ᠲᠦᠷᠢᠮᠵᠢᠬᠦᠯᠤᠨ᠎ᠠ᠃ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠪᠠᠢ᠍ᠢ᠍ᠯᠳᠤᠬᠤ ᠪᠤᠳᠤᠯᠭ᠎ᠠ ᠵᠢ ᠬᠡᠷᠡᠭᠵᠢᠬᠦᠯᠵᠦ᠂ ᠭᠤᠤᠯ ᠴᠤᠬᠯᠠᠭ᠎ᠠ ᠪᠠᠯᠭ᠋ᠠᠰᠦ ᠬᠢᠬᠡᠳ ᠭᠤᠤᠯᠳᠠᠯᠭ᠎ᠠ᠎ᠲᠠᠢ ᠭᠠᠴᠠᠭ᠎ᠠ ᠲᠤᠰᠬᠤᠨ᠎ᠤ ᠪᠦᠳᠦᠭᠡᠨ ᠪᠠᠢ᠍ᠢ᠍ᠭᠤᠯᠤᠯᠳᠠ ᠵᠢ ᠰᠠᠢ᠍ᠢ᠍ᠳᠤᠷ ᠠᠳᠬᠤᠵᠦ᠂ ᠮᠠᠯᠴᠢᠨ ᠲᠠᠷᠢᠶᠠᠴᠢᠳ᠎ᠤᠨ ᠲᠤᠬᠠᠢ ᠵᠢᠨ ᠭᠠᠵᠠᠷ᠎ᠲᠠᠭᠠᠨ ᠬᠤᠳᠠ ᠤᠷᠤᠬᠤ ᠵᠢ ᠢᠳᠡᠪᠬᠢᠳᠠᠢ ᠲᠦᠯᠬᠢᠨ ᠠᠬᠢᠭᠤᠯᠤᠨ᠎ᠠ᠃ ᠲᠤᠰᠬᠤᠨ᠎ᠤ ᠬᠠᠮᠳᠦ ᠵᠢᠨ ᠠᠵᠦ ᠠᠬᠤᠢ ᠵᠢ ᠲᠠᠰᠤᠷᠠᠯᠳᠠ ᠦᠭᠡᠢ ᠪᠤᠵᠠᠭ᠋ᠠᠢ᠍ᠢ᠍ᠷᠠᠭᠤᠯᠵᠦ᠂ 80% ᠎ᠤᠨ ᠭᠠᠴᠠᠭ᠎ᠠ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠤᠷᠤᠯᠭ᠎ᠠ ᠵᠢ 5 ᠲᠦᠮᠡᠨ ᠲᠦᠭᠦᠷᠢᠭ᠎ᠠᠴᠠ ᠲᠡᠭᠡᠭᠰᠢ᠎ᠳᠤ ᠬᠦᠷᠬᠡᠵᠦ᠂ 20% ᠎ᠤᠨ ᠭᠠᠴᠠᠭ᠎ᠠ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠤᠷᠤᠯᠭ᠎ᠠ ᠵᠢ 10 ᠲᠦᠮᠡᠨ ᠲᠦᠭᠦᠷᠢᠭ᠎ᠠᠴᠠ ᠲᠡᠭᠡᠭᠰᠢ ᠬᠦᠷᠬᠡᠨ᠎ᠠ᠃ ᠤᠷᠴᠢᠨ ᠲᠤᠭᠤᠷᠢᠨ᠎ᠢ ᠴᠡᠭᠴᠡᠯᠡᠨ ᠵᠠᠰᠠᠬᠤ ᠤᠷᠳᠦ ᠬᠤᠭᠤᠴᠠᠭ᠋ᠠᠳᠦ ᠲᠤᠬᠳᠠᠴᠠ ᠵᠢ ᠲᠡᠬᠦᠯᠳᠡᠷᠵᠢᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ᠎ᠤ ᠵᠤᠷᠯᠤᠩ᠎ᠢ ᠦᠭᠡᠷᠡᠴᠢᠯᠡᠬᠦ ᠪᠠ ᠠᠮᠢᠳᠤᠷᠠᠯ᠎ᠤᠨ ᠪᠤᠵᠠᠷ ᠤᠰᠦ ᠵᠢ ᠰᠢᠢ᠍ᠳᠪᠤᠷᠢᠯᠡᠬᠦ ᠢᠨᠵᠧᠨᠧᠷᠢᠩ᠎ᠢ ᠲᠦᠯᠬᠢᠨ ᠠᠬᠢᠭᠤᠯᠤᠨ᠎ᠠ᠃ ᠳ᠋ᠧᠩᠺᠧᠦ᠎ᠠᠴᠠ ᠵᠢᠷᠠᠳᠠᠢ ᠬᠦᠷᠬᠦ ᠵᠠᠰᠠᠮᠠᠯ ᠵᠠᠮ᠎ᠤᠨ ᠪᠦᠳᠦᠭᠡᠨ ᠪᠠᠢ᠍ᠢ᠍ᠭᠤᠯᠤᠯᠳᠠ ᠵᠢᠨ ᠠᠵᠢᠯ᠎ᠢ ᠬᠡᠷᠡᠭᠵᠢᠬᠦᠯᠵᠦ᠂ 110 ᠤᠯᠤᠰ᠎ᠤᠨ ᠵᠠᠮ᠎ᠤᠨ ᠱᠤᠭᠤᠮ᠎ᠢ ᠦᠭᠡᠷᠡᠴᠢᠯᠡᠬᠦ ᠪᠠ ᠪᠤᠭᠤᠳᠦ᠎ᠠᠴᠠ ᠢᠷᠭ᠋ᠠᠢ ᠬᠦᠷᠬᠦ ᠲᠦᠷᠬᠡᠨ᠎ᠤ ᠭᠠᠯᠳᠦ ᠲᠡᠷᠭᠡ ᠵᠢᠨ ᠳ᠋ᠧᠩᠺᠧᠦ ᠵᠢᠨ ᠬᠡᠰᠡᠭ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠪᠦᠬᠦ ᠬᠦᠴᠦᠨ ᠵᠶ᠋ᠠᠷ ᠬᠠᠮᠵᠢᠯᠴᠠᠨ ᠬᠢᠵᠦ᠂ ᠳ᠋ᠧᠩᠺᠧᠦ᠎ᠠᠴᠠ ᠡᠯᠡᠰᠤᠳᠠᠢ᠂ ᠰᠢᠷ᠎ᠠ ᠮᠤᠳᠦ᠎ᠠᠴᠠ ᠵᠢᠢ ᠯᠦ᠍ ᠰᠠᠢ᠍ᠢ ᠬᠦᠷᠬᠦ ᠵᠤᠭ᠋ᠠᠴᠠᠯ᠎ᠤᠨ ᠱᠤᠭᠤᠮ ᠪᠠ 311 ᠮᠤᠵᠢ ᠵᠢᠨ ᠵᠠᠮ᠎ᠢ ᠦᠭᠡᠷᠡᠴᠢᠯᠠᠬᠦ᠂ ᠬᠠᠳᠤᠨᠳᠤᠬᠤᠢ ᠲᠠᠷᠢᠶᠠᠯᠠᠩ᠎ᠤᠨ ᠲᠠᠯᠠᠪᠠᠢ᠎ᠠᠴᠠ ᠨᠠᠷᠢᠨᠳᠤᠬᠤᠢ ᠲᠠᠷᠢᠶᠠᠯᠠᠩ᠎ᠤᠨ ᠲᠠᠯᠠᠪᠠᠢ ᠬᠦᠷᠬᠦ ᠵᠡᠷᠭᠡ ᠵᠠᠰᠠᠮᠠᠯ ᠵᠠᠮ᠎ᠤᠨ ᠢᠨᠵᠧᠨᠧᠷᠢᠩ᠎ᠤᠨ ᠠᠵᠢᠯ ᠲᠠᠭᠤᠰᠬᠠᠨ ᠲᠡᠷᠬᠡ ᠨᠠᠪᠳᠠᠷᠡᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ᠎ᠤ ᠵᠠᠰᠠᠮᠠᠯ ᠵᠠᠮ᠎ᠤᠨ ᠤᠷᠳᠦ ᠵᠢ 221 ᠺᠢᠯᠦᠮᠧᠳ᠋ᠷ ᠰᠢᠨ᠎ᠠ᠎ᠪᠠᠷ ᠦᠭᠡᠷᠡᠴᠢᠯᠠᠨ ᠵᠠᠰᠠᠨ᠎ᠠ᠃ 《ᠤᠯᠠᠭ᠋ᠠᠨᠪᠤᠬ᠎ᠠ ᠵᠢᠨ ᠡᠯᠡᠰᠦᠨ᠎ᠤ ᠪᠤᠬᠢᠷᠳᠤᠯ ᠦᠭᠡᠢ ᠠᠵᠦ ᠦᠢ᠍ᠯᠡᠰ᠎ᠢ ᠵᠤᠬᠢᠰᠳᠠᠢ ᠬᠦᠭᠵᠢᠬᠦᠯᠬᠦ ᠲᠦᠯᠦᠪᠵᠢᠬᠦᠯᠭᠡ》 ᠪᠠ 《ᠤᠯᠠᠭ᠋ᠠᠨᠪᠤᠬ᠎ᠠ ᠵᠢᠨ ᠤᠯᠤᠰ᠎ᠤᠨ ᠡᠯᠡᠰᠦᠨ᠎ᠤ ᠤᠷᠭᠤᠮᠠᠯ᠎ᠤᠨ ᠬᠦᠷᠢᠶᠠᠯᠠᠩ᠎ᠤᠨ ᠲᠦᠯᠤᠪᠵᠢᠬᠦᠯᠭᠡ》 ᠵᠢ ᠨᠠᠢ᠍ᠢ᠍ᠷᠠᠭᠤᠯᠵᠦ᠂ ᠤᠢ ᠰᠢᠭᠤᠢ ᠵᠢᠨ ᠠᠮᠢ ᠠᠬᠤᠢ ᠵᠢᠨ ᠪᠦᠳᠦᠬᠡᠨ ᠪᠠᠢ᠍ᠢ᠍ᠭᠤᠯᠤᠯᠳᠠ ᠵᠢᠨ ᠡᠬᠦᠷᠭᠡ ᠵᠢ 19 ᠲᠦᠮᠡᠨ ᠮᠦ᠍ ᠪᠠᠶᠠᠯᠡᠬᠦᠯᠵᠦ᠂ 139 ᠺᠢᠯᠦᠮᠧᠳ᠋ᠷ ᠤᠷᠳᠦ ᠵᠠᠮ᠎ᠢ ᠨᠤᠭᠤᠭ᠋ᠠᠷᠠᠭᠤᠯᠤᠨ ᠎ᠠ᠃
     (ᠲᠠᠪᠤ) ᠠᠷᠠᠳ ᠤᠯᠠᠨ᠎ᠤ ᠰᠠᠢ᠍ᠢ᠍ᠨ ᠰᠠᠢ᠍ᠢ᠍ᠬᠠᠨ ᠠᠮᠢᠳᠤᠷᠠᠯ᠎ᠢ ᠬᠦᠭᠡᠭᠡᠴᠡᠯᠳᠦᠬᠦ ᠬᠠᠷᠠᠯᠳᠠ ᠵᠢ ᠬᠠᠩᠭ᠋ᠠᠬᠤ᠎ᠪᠠᠷ ᠬᠠᠷᠠᠯᠳᠠ ᠪᠤᠯᠭ᠋ᠠᠨ ᠠᠷᠠᠳ᠎ᠤᠨ ᠠᠮᠢᠳᠤᠷᠠᠯ᠎ᠢ ᠦᠨᠡᠨ ᠬᠦ᠌ ᠪᠠᠳᠤᠯᠠᠨ ᠰᠠᠢ᠍ᠢ᠍ᠵᠢᠷᠠᠭᠤᠯᠤᠨ᠎ᠠ
      ᠬᠤᠳᠠ ᠪᠠᠯᠭ᠋ᠠᠰᠦ ᠵᠢᠨ ᠤᠰᠤᠨ᠎ᠤ ᠡᠬᠢ ᠵᠢ ᠰᠢᠯᠵᠢᠬᠦᠯᠬᠦ ᠵᠢ ᠬᠠᠮᠤᠬ ᠲᠦᠷᠦᠬᠦᠨ᠎ᠤ ᠠᠷᠠᠳ᠎ᠤᠨ ᠠᠮᠢᠳᠤᠷᠠᠯ᠎ᠤᠨ ᠠᠵᠢᠯ ᠪᠤᠯᠭ᠋ᠠᠨ ᠠᠳᠬᠤᠵᠦ᠂ ᠪᠤᠯᠤᠩᠨᠠᠭᠤᠷ ᠪᠠᠯᠭ᠋ᠠᠰᠦ᠂ ᠳ᠋ᠦ᠍ᠢ᠍ᠺᠧᠦ ᠪᠠᠯᠭ᠋ᠠᠰᠦ᠂ ᠤᠯᠠᠭ᠋ᠠᠨᠪᠤᠬ᠎ᠠ ᠲᠠᠷᠢᠶᠠᠯᠠᠩ᠎ᠤᠨ ᠲᠠᠯᠠᠪᠠᠢ ᠪᠠ ᠠᠵᠦ ᠦᠢ᠍ᠯᠡᠳᠪᠤᠷᠢ ᠵᠢᠨ ᠲᠤᠭᠤᠷᠢᠭ᠎ᠲᠤ ᠲᠦᠪᠯᠡᠷᠡᠬᠦᠯᠦᠨ ᠤᠰᠦ ᠬᠠᠩᠬᠠᠭᠤ ᠵᠢ ᠠᠯᠬᠤᠮ ᠠᠯᠬᠤᠮ ᠵᠶ᠋ᠠᠷ ᠪᠠᠶᠠᠯᠡᠬᠦᠯᠦᠨ᠎ᠠ᠃ ᠤᠨᠢᠨ ᠲᠡᠭᠡᠷ᠎ᠠ᠎ᠨᠢ ᠶᠠᠳᠠᠭᠤ ᠵᠢ ᠲᠡᠳᠬᠦᠬᠦ ᠵᠢ ᠬᠦᠨᠵᠡᠭᠡᠢ ᠠᠬᠢᠭᠤᠯᠵᠦ᠂ ᠤᠳᠦ ᠵᠢᠨ ᠬᠡᠷᠡᠭᠵᠢᠬᠦᠯᠵᠦ ᠪᠠᠢ᠍ᠢ᠍ᠭ᠎ᠠ ᠤᠯᠤᠰ᠎ᠤᠨ ᠪᠠᠷᠢᠮᠵᠢᠶ ᠎ᠠ ᠲᠤᠤᠷ᠎ᠠ ᠪᠦᠬᠦ ᠶᠠᠳᠠᠭᠤ ᠬᠦᠴᠢᠷᠳᠡᠯᠳᠠᠢ ᠬᠦᠮᠦᠨ ᠠᠮᠠ ᠵᠢ ᠲᠤᠬᠳᠠᠭᠤᠨ ᠵᠶ᠋ᠠᠷ ᠶᠠᠳᠠᠭᠤ᠎ᠠᠴᠠ ᠠᠩᠬᠢᠵᠢᠷᠠᠭᠤᠯᠬᠤ ᠵᠢ ᠪᠠᠶᠠᠯᠡᠬᠦᠯᠦᠨ᠎ᠠ᠃ ᠠᠵᠢᠯ ᠤᠯᠭᠤᠯᠳᠠ ᠵᠢᠨ ᠲᠤᠬᠳᠠᠭᠤᠨ ᠪᠠᠢ᠍ᠢ᠍ᠳᠠᠯ᠎ᠢ ᠪᠦᠬᠦ ᠬᠦᠴᠦᠨ ᠵᠶ᠋ᠠᠷ ᠪᠠᠳᠤᠯᠠᠵᠦ᠂ ᠪᠦᠬᠦ ᠵᠢᠯ᠎ᠤᠨ ᠰᠢᠨ᠎ᠠ᠎ᠪᠠᠷ ᠨᠡᠮᠡᠭᠳᠡᠬᠦ ᠠᠵᠢᠯ ᠤᠯᠭᠤᠯᠳᠠ ᠵᠢ 750 ᠬᠦᠮᠦᠨ᠎ᠠᠴᠠ ᠲᠡᠭᠡᠭᠰᠢ᠎ᠳᠤ ᠬᠦᠷᠬᠡᠨ᠂ ᠬᠦᠳᠡᠭᠡ ᠲᠤᠰᠬᠤᠨ ᠮᠠᠯᠵᠢᠬᠤ ᠤᠷᠤᠨ᠎ᠤ ᠦᠯᠡᠬᠦᠦ ᠬᠦᠳᠡᠯᠮᠤᠷᠢ ᠬᠦᠴᠦᠨ᠎ᠢ ᠰᠢᠯᠵᠢᠬᠦᠯᠦᠨ ᠠᠵᠢᠯ ᠤᠯᠭᠤᠬᠤ ᠵᠢ 7000 ᠬᠦᠮᠦᠨ ᠤᠳᠠᠭ᠎ᠠ᠎ᠳᠤ ᠬᠦᠷᠬᠡᠵᠦ᠂ ᠬᠤᠳᠠ ᠪᠠᠯᠭ᠋ᠠᠰᠦ ᠵᠢᠨ ᠠᠵᠢᠯ ᠠᠯᠳᠠᠯᠳᠠ ᠵᠢᠨ ᠨᠤᠷᠮ ᠎ᠠ ᠵᠢ 4% ᠎ᠤᠨ ᠲᠤᠳᠤᠷ᠎ᠠ ᠬᠢᠵᠠᠭ᠋ᠠᠷᠯᠠᠨ᠎ᠠ᠃ ᠬᠤᠳᠠ ᠬᠦᠳᠡᠭᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠢ ᠲᠦᠷᠬᠡᠨ ᠬᠦᠭᠵᠢᠬᠦᠯᠵᠦ᠂ ᠠᠮᠢ ᠠᠬᠤᠢ ᠵᠢᠨ ᠨᠠᠰᠤᠵᠢᠯ᠎ᠤᠨ ᠲᠠᠭ᠋ᠠᠳᠬᠠᠯ᠎ᠤᠨ ᠠᠵᠦ ᠦᠢ᠍ᠯᠡᠰ᠎ᠤᠨ ᠬᠦᠷᠢᠶᠠᠯᠠᠩ᠎ᠤᠨ ᠭᠤᠤᠯ ᠴᠤᠬ᠍ᠴᠠ ᠵᠢᠨ ᠪᠠᠷᠢᠯᠭ᠎ᠠ ᠵᠢ ᠲᠠᠭᠤᠰᠬᠠᠨ᠂ ᠤᠷᠤᠰᠢᠭᠤᠯᠭ᠎ᠠ ᠵᠢᠨ ᠭᠠᠵᠠᠷ᠎ᠢ ᠦᠨᠳᠤᠷ ᠪᠠᠷᠢᠮᠵᠢᠶ᠎ᠠ᠎ᠪᠠᠷ ᠰᠢᠨ᠎ᠠ᠎ᠪᠠᠷ ᠪᠠᠢ᠍ᠢ᠍ᠭᠤᠯᠤᠨ᠎ᠠ᠃ ᠰᠤᠷᠬᠤ ᠨᠠᠰᠦᠨ᠎ᠠᠴᠠ ᠡᠮᠦᠨᠡᠬᠢ ᠭᠤᠷᠪᠠᠨ ᠵᠢᠯ᠎ᠤᠨ ᠴᠡᠴᠡᠷᠯᠢᠭ᠎ᠲᠤ ᠤᠷᠤᠬᠤ ᠨᠤᠷᠮ᠎ᠠ ᠵᠢ 95% ᠎ᠠᠴᠠ ᠲᠡᠭᠡᠭᠰᠢ᠎ᠳᠤ ᠬᠦᠷᠬᠡᠬᠦ᠎ᠪᠠᠷ ᠴᠢᠷᠮᠠᠢ᠍ᠢ᠍ᠨ᠎ᠠ᠃ ᠡᠮ ᠡᠮᠨᠡᠯᠭᠡ ᠡᠷᠡᠬᠦᠯ ᠬᠠᠮᠠᠭ᠋ᠠᠯᠠᠯ᠎ᠤᠨ ᠰᠤᠷᠠᠬ ᠵᠠᠩᠬᠢ ᠵᠢᠨ ᠪᠠᠢ᠍ᠢ᠍ᠭᠤᠯᠤᠯᠳᠠ ᠵᠢ ᠲᠦᠷᠬᠡᠳᠬᠡᠵᠦ᠂ ᠮᠤᠩᠭᠤᠯ ᠬᠢᠳᠠᠳ ᠡᠮᠨᠡᠯᠭᠡ ᠵᠢᠨ ᠬᠤᠷᠢᠶᠠᠨ᠎ᠤ ᠡᠬᠦᠳᠠᠨ ᠡᠮᠨᠡᠯᠭᠡ ᠵᠢᠨ ᠠᠰᠠᠷ᠎ᠢ ᠠᠰᠢᠬᠯᠠᠯᠳᠠ᠎ᠳᠤ ᠤᠷᠤᠭᠤᠯᠤᠨ᠎ᠠ᠃ ᠬᠤᠶᠠᠳᠤᠭ᠋ᠠᠷ ᠬᠡᠤᠬᠡᠳ ᠠᠪᠴᠦ ᠪᠤᠯᠬᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠲᠦᠯᠤᠪᠯᠡᠭᠡᠳᠦ ᠦᠷᠡᠵᠢᠯ᠎ᠤᠨ ᠦᠢ᠍ᠯᠡᠴᠢᠯᠡᠬᠡᠨ᠎ᠤ ᠬᠠᠮᠢᠶᠠᠷᠤᠯᠳᠠ ᠵᠢᠨ ᠰᠢᠨ᠎ᠠ ᠵᠢ ᠡᠬᠦᠳᠤᠨ᠎ᠠ᠃ ᠬᠤᠸᠠᠯᠠᠢ᠍ᠢ᠍ᠱ᠌ᠢ ᠵᠢᠨ ᠨᠠᠢ᠍ᠢ᠍ᠷ᠂ ᠪᠦᠬᠦ ᠤᠯᠤᠰ᠎ᠤᠨ ᠵᠢᠭ᠋ᠠᠰᠦ ᠬᠦᠬᠢᠳᠡᠬᠦ ᠨᠠᠢ᠍ᠢ᠍ᠷ᠂ ᠡᠯᠡᠰᠦ ᠲᠤᠭᠤᠯᠬᠤ᠂ ᠪᠠᠷᠳᠠᠭ᠎ᠠ ᠲᠠᠪᠠᠬᠤ ᠵᠡᠷᠭᠡ ᠰᠤᠶᠤᠯ᠎ᠤᠨ ᠠᠵᠢᠯᠯᠠᠭ᠎ᠠ ᠵᠢ ᠦᠷᠬᠦᠯᠵᠢᠯᠠᠨ ᠰᠠᠢ᠍ᠢ᠍ᠳᠤᠷ ᠬᠢᠨ᠎ᠠ᠃ ᠠᠮᠦᠷ ᠲᠦᠪᠰᠢᠨ᠎ᠢ ᠡᠬᠦᠳᠤᠨ ᠪᠠᠢ᠍ᠢ᠍ᠭᠤᠯᠬᠤ ᠠᠵᠢᠯ᠎ᠢ ᠬᠦᠨᠵᠡᠭᠡᠢ᠍ᠢ᠍ᠷᠡᠬᠦᠯᠵᠦ᠂ ᠵᠠᠬᠢᠳᠠᠯ ᠰᠤᠷᠪᠤᠯᠵᠢᠯᠠᠭ᠎ᠠ ᠪᠠ ᠲᠤᠬᠳᠠᠭᠤᠨ ᠪᠠᠢ᠍ᠢ᠍ᠳᠠᠯ᠎ᠢ ᠬᠠᠮᠠᠭ᠋ᠠᠯᠠᠬᠤ ᠦᠷ᠎ᠠ ᠪᠦᠳᠦᠭᠡᠯ᠎ᠢ ᠪᠠᠬᠢᠵᠢᠬᠦᠯᠦᠨ᠂ ᠬᠠᠷᠭ᠋ᠠᠨ ᠲᠠᠪᠳᠠᠮᠵᠢ᠎ᠪᠠᠷ ᠬᠢᠨᠠᠬᠤ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ ᠪᠠ ᠵᠠᠰᠠᠬ ᠵᠠᠬᠢᠷᠭ᠋ᠠᠨ᠎ᠤ ᠲᠦᠷ ᠬᠤᠷᠢᠬᠤ ᠭᠠᠵᠠᠷ᠎ᠢ ᠪᠠᠢ᠍ᠢ᠍ᠭᠤᠯᠵᠦ᠂ ᠰᠢᠨ᠎ᠠ ᠲᠦᠷ ᠬᠤᠷᠢᠬᠤ ᠭᠠᠵᠠᠷ᠎ᠲᠤ ᠨᠡᠬᠦᠨ ᠤᠷᠤᠬᠤ ᠵᠢ ᠪᠠᠶᠠᠯᠡᠬᠦᠯᠦᠨ᠎ᠠ᠃ ᠲᠠᠷᠢᠶᠠᠴᠢᠨ ᠬᠦᠯᠦᠰᠤᠨ ᠠᠵᠢᠯᠴᠢᠨ᠎ᠳᠤ ᠴᠠᠯᠢᠩ ᠦᠷᠢᠳᠦᠬᠦ ᠠᠰᠠᠭᠤᠳᠠᠯ᠎ᠢ ᠰᠠᠷᠬᠡᠢ᠍ᠢ᠍ᠯᠡᠨ ᠰᠢᠢ᠍ᠳᠪᠤᠷᠢᠯᠡᠬᠦ ᠤᠷᠳᠦ ᠬᠤᠭᠤᠴᠠᠭ᠋ᠠᠳᠦ ᠲᠤᠬᠳᠠᠴᠠ ᠵᠢ ᠪᠠᠢ᠍ᠢ᠍ᠭᠤᠯᠤᠨ ᠲᠡᠬᠦᠯᠳᠠᠷᠵᠢᠬᠦᠯᠵᠦ᠂ ᠡᠯ᠎ᠠ ᠲᠦᠷᠦᠯ᠎ᠤᠨ ᠨᠠᠢ᠍ᠢ᠍ᠬᠡᠮ᠎ᠤᠨ ᠵᠦᠷᠢᠴᠠᠯ᠎ᠢ ᠰᠠᠢ᠍ᠢ᠍ᠳᠤᠷ ᠰᠢᠢ᠍ᠳᠪᠤᠷᠢᠯᠡᠨ᠎ᠠ᠃ ᠠᠶᠤᠯᠬᠦᠢ ᠦᠢ᠍ᠯᠡᠳᠪᠤᠷᠢᠯᠠᠯ ᠪᠠ ᠢᠳᠡᠬᠡᠨ ᠪᠤᠯᠤᠨ ᠡᠮ᠎ᠤᠨ ᠵᠦᠢ᠍ᠯ᠎ᠤᠨ ᠬᠢᠨᠠᠯᠳᠠ ᠬᠠᠮᠢᠶᠠᠷᠤᠯᠳᠠ ᠵᠢ ᠴᠢᠩᠭ᠋ᠠᠳᠬᠠᠵᠦ᠂ ᠠᠮᠦᠷ ᠲᠦᠪᠰᠢᠨ᠎ᠤ ᠬᠡᠮ ᠰᠤᠭᠤᠭ᠎ᠢ ᠡᠷᠡᠰ ᠦᠭᠡᠢ᠍ᠢ᠍ᠰᠬᠡᠨ᠎ᠠ᠃
     (ᠵᠢᠷᠭᠤᠭ᠎ᠠ) ᠭᠤᠤᠯᠳᠠᠯᠭ᠎ᠠ᠎ᠲᠠᠢ ᠦᠭᠡᠷᠡᠴᠢᠯᠠᠯᠳᠠ᠎ᠪᠠᠷ ᠰᠢᠪᠳᠤᠯᠤᠯᠳᠠ ᠪᠤᠯᠭ᠋ᠠᠨ ᠬᠦᠭᠵᠢᠯᠳᠠ ᠵᠢᠨ ᠠᠮᠢᠵᠢᠷᠠᠯ᠎ᠤᠨ ᠬᠦᠴᠦᠨ ᠵᠶ᠋ᠠᠨ ᠲᠠᠰᠤᠷᠠᠯᠳᠠ ᠦᠭᠡᠢ ᠴᠢᠩᠭ᠋ᠠᠳᠬᠠᠨ᠎ᠠ
      ᠠᠵᠦ ᠠᠬᠤᠢ ᠵᠢᠨ ᠪᠠᠢ᠍ᠢ᠍ᠭᠤᠯᠤᠮᠵᠢ ᠵᠢᠨ ᠦᠭᠡᠷᠡᠴᠢᠯᠠᠯᠳᠠ ᠵᠢ ᠬᠦᠨᠵᠡᠭᠡᠢ᠍ᠢ᠍ᠷᠡᠬᠦᠯᠦᠨ᠎ᠠ᠃ ᠤᠯᠤᠰ᠎ᠤᠨ ᠦᠮᠴᠢᠯᠠᠯᠳᠦ ᠲᠠᠷᠢᠶᠠᠯᠠᠩ᠎ᠤᠨ ᠲᠠᠯᠠᠪᠠᠢ ᠵᠢᠨ ᠬᠤᠢ᠍ᠢ᠍ᠨᠡᠬᠢ ᠬᠤᠭᠤᠴᠠᠭ᠋ᠠᠨ᠎ᠤ ᠦᠭᠡᠷᠡᠴᠢᠯᠠᠯᠳᠠ ᠵᠢ ᠯᠠᠪᠳᠠᠭᠤᠨ ᠪᠠᠳᠤᠳᠠᠢ ᠦᠷᠨᠢᠬᠦᠯᠵᠦ᠂ ᠦᠯᠡᠳᠡᠭᠳᠡᠵᠦ ᠪᠦᠬᠦᠢ ᠠᠰᠠᠭᠤᠳᠠᠯ᠎ᠢ ᠵᠤᠬᠢᠰᠳᠠᠢ ᠰᠢᠢ᠍ᠳᠪᠤᠷᠢᠯᠡᠨ᠎ᠠ᠃ ᠬᠠᠮᠤᠬ ᠬᠠᠳᠠᠭᠤ ᠴᠢᠩᠭ᠎ᠠ ᠤᠰᠤᠨ᠎ᠤ ᠦᠨ᠎ᠠ ᠵᠢᠨ ᠶᠡᠷᠦᠩᠭᠡᠢ᠍ᠢ᠍ᠯᠡᠭᠰᠡᠨ ᠦᠭᠡᠷᠡᠴᠢᠯᠠᠯᠳᠠ ᠪᠠ ᠤᠰᠤᠨ᠎ᠤ ᠡᠷᠭᠡ ᠵᠢᠨ ᠲᠦᠷᠢᠮ᠎ᠤᠨ ᠦᠭᠡᠷᠡᠴᠢᠯᠠᠯᠳᠠ ᠵᠢ ᠯᠠᠪᠳᠠᠭᠤᠨ ᠪᠠᠳᠤᠳᠠᠢ ᠠᠬᠢᠭᠤᠯᠵᠦ᠂ 《ᠭᠤᠤᠯ᠎ᠤᠨ ᠲᠠᠷᠤᠭ᠎ᠠ ᠵᠢᠨ ᠲᠦᠷᠢᠮ》᠎ᠢ ᠪᠦᠬᠦ ᠲᠠᠯ᠎ᠠ᠎ᠪᠠᠷ ᠠᠬᠢᠭᠤᠯᠤᠨ᠎ᠠ᠃ ᠵᠠᠰᠠᠭ ᠵᠠᠬᠢᠷᠭ᠋ᠠᠨ᠎ᠤ ᠪᠠᠢ᠍ᠢ᠍ᠭᠤᠯᠤᠮᠵᠢ ᠵᠢᠨ ᠦᠭᠡᠷᠡᠴᠢᠯᠠᠯᠳᠠ ᠵᠢ ᠲᠦᠯᠬᠢᠨ ᠠᠬᠢᠭᠤᠯᠤᠨ᠎ᠠ᠃ ᠡᠯᠧᠺᠳ᠋ᠷᠤᠨᠵᠢᠭᠰᠡᠨ ᠲᠠᠭ᠋ᠠᠭ᠋ᠠᠴᠢᠯᠠᠯᠳᠠ ᠵᠠᠷᠯᠠᠵᠦ ᠬᠦᠯᠢᠶᠠᠬᠦ ᠪᠠ ᠢᠳᠡᠬᠡᠮᠵᠢ ᠵᠢᠨ ᠰᠤᠷᠠᠭ ᠵᠠᠩᠬᠢ ᠵᠢᠨ ᠬᠠᠮᠢᠶᠠᠷᠤᠯᠳᠠ ᠵᠢᠨ ᠲᠦᠷᠢᠮ᠎ᠢ ᠠᠯᠬᠤᠮ ᠠᠯᠬᠤᠮ ᠵᠶ᠋ᠠᠷ ᠬᠡᠷᠡᠭᠵᠢᠬᠦᠯᠵᠦ᠂ ᠬᠢᠨᠠᠨ ᠵᠦᠪᠰᠢᠶᠠᠷᠡᠯᠳᠠ ᠲᠦᠷᠬᠡᠨ᠂ ᠦᠷ᠎ᠠ ᠠᠰᠢᠭ ᠦᠨᠳᠤᠷ᠂ ᠦᠢ᠍ᠯᠡᠴᠢᠯᠡᠭᠡ ᠰᠠᠢ᠍ᠢ᠍ᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠬᠳᠦ ᠵᠢ ᠪᠠᠢ᠍ᠢ᠍ᠭᠤᠯᠤᠨ᠎ᠠ᠃ ᠬᠡᠷᠡᠭ ᠵᠦᠪᠯᠡᠭᠦ ᠲᠦᠷᠢᠮ᠎ᠤᠨ ᠦᠭᠡᠷᠡᠴᠢᠯᠠᠯᠳᠠ ᠵᠢ ᠬᠦᠨᠵᠡᠭᠡᠢ᠍ᠢ᠍ᠷᠡᠬᠦᠯᠵᠦ᠂ ᠠᠵᠦ ᠠᠬᠤᠢ᠍ᠢ᠍ᠯᠠᠯ᠎ᠤᠨ ᠲᠠᠩᠰᠠᠯᠠᠯᠳᠠ ᠵᠢᠨ ᠪᠦᠬᠦ ᠶᠠᠪᠤᠴᠠ ᠵᠢ ᠡᠯᠧᠺᠳ᠋ᠷᠦᠨᠵᠢᠭᠦ ᠵᠢ ᠲᠦᠯᠬᠢᠨ ᠠᠬᠢᠭᠤᠯᠤᠨ᠎ᠠ᠃ ᠪᠠᠢ᠍ᠢ᠍ᠭᠤᠯᠤᠮᠵᠢ ᠵᠢᠨ ᠤᠷᠤᠨ ᠲᠤᠭ᠎ᠠ ᠵᠢ ᠡᠷᠡᠰ ᠬᠢᠵᠠᠭ᠋ᠠᠷᠯᠠᠨ᠂ ᠠᠵᠢᠯ ᠦᠢ᠍ᠯᠡᠰ᠎ᠤᠨ ᠨᠢᠬᠡᠴᠠ ᠵᠢᠨ ᠲᠦᠷᠦᠯ ᠬᠤᠪᠢᠶᠠᠨ ᠦᠭᠡᠷᠡᠴᠢᠯᠠᠯᠳᠠ ᠬᠢᠬᠦ ᠵᠢ ᠠᠬᠢᠭᠤᠯᠤᠨ᠎ᠠ᠃ ᠶᠡᠷᠦᠩᠭᠡᠢ᠍ᠢ᠍ᠯᠡᠭᠰᠡᠨ ᠵᠠᠰᠠᠭ ᠵᠠᠬᠢᠷᠭ᠋ᠠᠨ᠎ᠤ ᠪᠠᠢ᠍ᠢ᠍ᠭᠤᠯᠤᠮᠵᠢ ᠵᠢᠨ ᠦᠭᠡᠷᠡᠴᠢᠯᠠᠯᠳᠠ ᠵᠢ ᠬᠦᠨᠵᠡᠭᠡᠢ᠍ᠢ᠍ᠷᠡᠬᠦᠯᠵᠦ᠂ ᠪᠠᠢ᠍ᠢ᠍ᠭᠤᠯᠤᠮᠵᠢ ᠵᠢᠨ ᠲᠤᠬᠢᠷᠠᠭᠤᠯᠤᠯᠳᠠ᠎ᠨᠢ ᠪᠠᠢ᠍ᠢ᠍ᠷᠢᠰᠢᠯ᠎ᠳᠤ᠎ᠪᠠᠨ ᠬᠦᠷᠦᠭᠰᠡᠨ᠂ ᠪᠠᠢ᠍ᠢ᠍ᠭᠤᠯᠤᠮᠵᠢ ᠵᠢᠨ ᠲᠤᠬᠢᠷᠠᠭᠤᠯᠤᠯᠳᠠ᠎ᠨᠢ ᠪᠠᠢ᠍ᠢ᠍ᠷᠢᠰᠢᠯ᠎ᠳᠤ᠎ᠪᠠᠨ ᠬᠦᠷᠦᠭᠰᠡᠨ᠂ ᠬᠦᠮᠦᠨ᠎ᠤ ᠤᠷᠤᠨ ᠲᠤᠭ᠎ᠠ᠎ᠨᠢ ᠪᠠᠢ᠍ᠢ᠍ᠷᠢᠰᠢᠯ᠎ᠳᠤ᠎ᠪᠠᠨ ᠬᠦᠷᠬᠦ ᠵᠢ ᠬᠢᠵᠦ ᠪᠠᠶᠠᠯᠡᠬᠦᠯᠦᠨ᠎ᠠ᠃ ᠡᠳ᠋᠎ᠤᠨ ᠵᠠᠰᠠᠭ ᠭᠠᠢ᠍ᠢ᠍ᠯᠢ ᠵᠢᠨ ᠪᠠᠢ᠍ᠢ᠍ᠭᠤᠯᠤᠮᠵᠢ ᠵᠢᠨ ᠦᠭᠡᠷᠡᠴᠢᠯᠠᠯᠳᠠ ᠵᠢ ᠬᠦᠨᠵᠡᠭᠡᠢ᠍ᠢ᠍ᠷᠡᠬᠦᠯᠵᠦ᠂ ᠵᠠᠰᠠᠭ᠎ᠤᠨ ᠤᠷᠳᠤᠨ᠎ᠤ ᠦᠷᠢ ᠰᠢᠷᠢ ᠵᠢᠨ ᠬᠠᠮᠢᠶᠠᠷᠤᠯᠳᠠ ᠵᠢ ᠴᠢᠩᠭ᠋ᠠᠳᠬᠠᠵᠦ᠂ ᠮᠦᠩᠬᠦᠨ ᠬᠦᠢ᠍ᠯᠭᠡᠭᠡᠨ᠎ᠤ ᠲᠦᠭᠰᠢᠭᠦᠷᠢ ᠵᠢ ᠪᠦᠳᠦᠮᠵᠢᠳᠠᠢ ᠠᠷᠭ᠋ᠠᠴᠠᠨ᠂ ᠤᠯᠤᠰ᠎ᠤᠨ ᠬᠦᠮᠦᠷᠭᠡ᠎ᠠᠴᠠ ᠲᠦᠪᠯᠡᠷᠡᠭᠦᠯᠦᠨ ᠦᠭᠭᠦ ᠵᠢ ᠪᠦᠬᠦᠨ᠎ᠢ ᠪᠦᠷᠬᠦᠬᠦᠯᠦᠨ᠎ᠠ᠃ ᠰᠤᠷᠭ᠋ᠠᠨ ᠬᠦᠮᠦᠵᠢᠯ᠂ ᠡᠷᠡᠬᠦᠯ ᠬᠠᠮᠠᠭ᠋ᠠᠯᠠᠯ ᠵᠡᠷᠭᠡ ᠪᠤᠰᠤᠳ ᠬᠦᠷᠢᠶ᠎ᠠ ᠴᠠᠷ᠎ᠠ ᠵᠢᠨ ᠦᠭᠡᠷᠡᠴᠢᠯᠠᠯᠳᠠ ᠵᠢ ᠨᠢᠬᠡᠳᠤᠯᠳᠠᠢ ᠲᠦᠯᠦᠪᠵᠢᠬᠦᠯᠦᠨ ᠰᠠᠢ᠍ᠢ᠍ᠳᠤᠷ ᠠᠳᠬᠤᠨ᠎ᠠ᠃
      ᠲᠦᠯᠦᠭᠡᠯᠡᠭᠴᠢᠳ ᠡ᠂ ᠪᠤᠯᠤᠳ ᠲᠠᠪᠳᠠᠬᠤ᠎ᠳᠤ ᠦᠪᠠᠷ ᠵᠶ᠋ᠠᠨ ᠬᠠᠳᠠᠭᠤ ᠪᠠᠢ᠍ᠢ᠍ᠬᠤ ᠬᠡᠷᠡᠭᠳᠠᠢ᠃ ᠪᠢᠳᠠ ᠬᠠᠤᠯᠢᠵᠢᠬᠰᠠᠨ ᠵᠠᠰᠠᠭ᠂ ᠦᠢ᠍ᠯᠡᠴᠢᠯᠡᠭᠡᠨ᠎ᠤ ᠵᠠᠰᠠᠭ᠂ ᠠᠷᠢᠭᠤᠨ ᠴᠢᠬᠡᠴᠢ ᠵᠠᠰᠠᠭ᠎ᠤᠨ ᠪᠠᠢ᠍ᠢ᠍ᠭᠤᠯᠤᠯᠳᠠ ᠵᠢ ᠴᠢᠨᠠᠬᠰᠢᠳᠠ ᠴᠢᠩᠭ᠋ᠠᠳᠬᠠᠨ᠂ ᠬᠠᠤᠯᠢ ᠴᠠᠭ᠋ᠠᠵᠠ ᠵᠢᠨ ᠦᠵᠡᠯ ᠤᠬᠠᠮᠰᠠᠷ ᠪᠠ ᠠᠷᠭ᠎ᠠ ᠬᠡᠯᠪᠠᠷᠢ᠎ᠪᠠᠷ ᠡᠷᠭᠡ ᠡᠬᠦᠷᠭᠡ᠎ᠪᠠᠨ ᠬᠦᠢ᠍ᠴᠡᠳᠬᠡᠬᠦ ᠬᠡᠷᠡᠭᠳᠠᠢ᠃ 《ᠬᠤᠶᠠᠷ᠎ᠢ ᠰᠤᠷᠤᠯᠴᠠᠵᠦ ᠬᠢᠷᠢ ᠲᠠᠩᠴᠡᠭᠰᠡᠨ ᠨᠠᠮ᠎ᠤᠨ ᠬᠡᠰᠢᠬᠦᠨ ᠪᠤᠯᠬᠤ》 ᠰᠤᠷᠤᠯᠴᠠᠯᠭ᠎ᠠ ᠬᠦᠮᠤᠵᠢᠯ᠎ᠢ ᠪᠠᠢ᠍ᠢ᠍ᠩᠭᠤᠵᠢᠭᠤᠯᠤᠨ ᠲᠦᠷᠢᠮᠵᠢᠬᠦᠯᠬᠦ ᠵᠢ ᠯᠠᠪᠳᠠᠭᠤᠨ ᠠᠬᠢᠭᠤᠯᠵᠦ᠂ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠤᠯᠠᠮ ᠲᠡᠭᠡᠭᠰᠢᠯᠡᠬᠦᠯᠵᠦ᠂ ᠠᠯᠵᠠᠭᠤ ᠬᠤᠢ᠍ᠢ᠍ᠷᠭᠤ ᠬᠤᠢ᠍ᠢ᠍ᠰᠢᠯᠠᠭᠤᠯᠬᠤ ᠵᠡᠷᠭᠡ ᠠᠰᠠᠭᠤᠳᠠᠯ᠎ᠢ ᠦᠨᠡᠨ ᠬᠦ᠌ ᠰᠢᠢ᠍ᠳᠪᠤᠷᠢᠯᠠᠨ᠎ᠠ᠃ ᠭᠤᠤᠯᠳᠠᠯᠭ᠎ᠠ ᠵᠢ ᠠᠳᠬᠤᠨ ᠲᠤᠳᠠᠬᠳᠠᠯ ᠵᠶ᠋ᠠᠨ ᠨᠦᠬᠦᠪᠦᠷᠢᠯᠡᠨ ᠪᠠᠭᠤᠷᠠᠢ ᠲᠠᠯ᠎ᠠ᠎ᠪᠠᠨ ᠬᠦᠴᠦᠷᠭᠡᠭᠵᠢᠬᠦᠯᠵᠦ ᠬᠦᠨᠳᠦ ᠶᠡᠬᠡ ᠲᠦᠭᠰᠢᠭᠦᠷᠢ ᠵᠢ ᠰᠠᠷᠡᠮᠵᠢᠯᠡᠭᠦ᠂ ᠤᠨᠢᠨ ᠲᠡᠭᠡᠷ᠎ᠠ᠎ᠨᠢ ᠶᠠᠳᠠᠭᠤ ᠵᠢ ᠲᠡᠳᠬᠦᠬᠦ᠂ ᠪᠣᠬᠢᠷᠲᠤᠯ᠎ᠢ ᠰᠡᠷᠭᠡᠶ᠋ᠢᠯᠡᠬᠦ ᠵᠡᠷᠭᠡ ᠭᠤᠷᠪᠠᠨ ᠶᠡᠭᠡ ᠡᠬᠦᠷᠭᠡ ᠵᠢ ᠦᠷᠬᠦᠯᠵᠢᠯᠡᠨ ᠠᠬᠢᠭᠤᠯᠵᠦ᠂ ᠠᠷᠠᠳ᠎ᠲᠤ ᠪᠤᠳᠠᠳᠠᠢ ᠠᠵᠢᠯ ᠬᠢᠵᠦ ᠠᠷᠢᠭᠤᠨ ᠴᠢᠬᠡᠴᠢ᠎ᠪᠠᠷ ᠬᠠᠨᠳᠤᠨ ᠠᠷᠠᠳ᠎ᠤᠨ ᠢᠳᠡᠭᠡᠯ᠎ᠢ ᠤᠯᠬᠤ᠎ᠪᠠᠷ ᠴᠢᠷᠮᠠᠢ᠍ᠢ᠍ᠨ᠎ᠠ᠃
      ᠲᠦᠯᠦᠭᠡᠯᠡᠭᠴᠢᠳ ᠡ᠂ ᠰᠢᠨ᠎ᠠ ᠴᠠᠭ ᠦᠶ᠎ᠠ ᠵᠢᠨ ᠲᠤᠮᠳᠠᠳᠦ ᠵᠢᠨ ᠬᠦᠰᠡᠯ ᠵᠡᠬᠦᠳᠦ ᠪᠢᠳᠠᠨ᠎ᠢ ᠳᠠᠯᠠᠯᠵᠤ ᠪᠤᠢ᠂ ᠠᠷᠠᠳ ᠤᠯᠠᠨ᠎ᠤ ᠰᠠᠢ᠍ᠢ᠍ᠨ ᠰᠠᠢ᠍ᠢ᠍ᠬᠠᠨ ᠠᠮᠢᠳᠤᠷᠠᠯ᠎ᠤᠨ ᠲᠤᠬᠠᠢ ᠬᠦᠰᠡᠯ ᠬᠦᠬᠡᠬᠡᠴᠡᠯᠳᠤᠯ ᠴᠦ᠍ ᠪᠢᠳᠠᠨ᠎ᠢ ᠤᠷᠮᠠᠰᠢᠭᠤᠯᠵᠦ ᠪᠤᠢ᠃ ᠪᠢᠳᠠ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠲᠤᠮᠳᠠᠳᠦ ᠤᠯᠤᠰ᠎ᠤᠨ ᠤᠨᠴᠠᠯᠢᠭ᠎ᠲᠠᠢ ᠨᠡᠢ᠍ᠢ᠍ᠬᠡᠮ ᠵᠢᠷᠦᠮ᠎ᠤᠨ ᠦᠵᠡᠯ ᠰᠠᠨᠠᠭ᠋ᠠᠨ᠎ᠤ ᠲᠤᠬ᠎ᠢ ᠦᠨᠳᠤᠷ ᠮᠠᠨᠳᠤᠭᠤᠯᠵᠦ᠂ ᠨᠠᠮ᠎ᠤᠨ ᠠᠷᠪᠠ ᠶᠢᠰᠤᠳᠤᠭᠡᠷ ᠶᠡᠭᠡ ᠬᠤᠷᠠᠯ᠎ᠤᠨ ᠵᠤᠷᠢᠭ ᠰᠠᠨᠠᠭ᠎ᠠ ᠪᠠ ᠰᠢᠶᠠᠨ᠎ᠤ ᠨᠠᠮ᠎ᠤᠨ ᠬᠤᠷᠢᠶᠠᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠤᠳᠠᠭ᠎ᠠ ᠵᠢᠨ (ᠦᠷᠬᠡᠳᠭᠡᠭᠰᠡᠨ) ᠬᠤᠷᠠᠯ᠎ᠤᠨ ᠵᠤᠷᠢᠭ ᠰᠠᠨᠠᠭ᠎ᠠ ᠵᠢ ᠬᠦᠨᠵᠡᠭᠡᠢ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠦ᠂ ᠰᠢᠶᠠᠨ᠎ᠤ ᠨᠠᠮ᠎ᠤᠨ ᠬᠤᠷᠢᠶᠠᠨ᠎ᠤ ᠪᠠᠳᠦ ᠴᠢᠩᠭ᠎ᠠ ᠤᠳᠤᠷᠢᠳᠤᠯᠭ᠎ᠠ ᠲᠤᠤᠷ᠎ᠠ ᠤᠬ ᠰᠠᠨᠠᠭ᠎ᠠ᠎ᠪᠠᠨ ᠦᠯᠦ ᠮᠠᠷᠳᠠᠨ ᠡᠬᠦᠷᠭᠡ ᠬᠠᠷᠢᠭᠤᠴᠠᠯᠭ᠎ᠠ᠎ᠪᠠᠨ ᠪᠠᠳᠦ ᠴᠠᠬᠡᠵᠢᠯᠡᠵᠦ᠂ ᠵᠤᠷᠢᠬᠳᠠᠢ᠎ᠪᠠᠷ ᠤᠷᠤᠬᠰᠢᠯᠠᠨ ᠬᠦᠴᠢᠷ ᠪᠠᠷᠭᠡ ᠵᠢ ᠲᠠᠭ᠋ᠠᠭ᠋ᠠᠵᠦ ᠲᠠᠢ᠍ᠢ᠍ᠯᠳᠡᠭ ᠮᠤᠩᠭᠤᠯ ᠮᠤᠷᠢᠨ᠎ᠤ ᠵᠤᠷᠢᠬ ᠰᠠᠨᠠᠭ᠎ᠠ ᠵᠢ ᠪᠠᠳᠠᠷᠠᠭᠤᠯᠵᠦ᠂ ᠪᠦᠯᠬᠦᠮᠳᠠᠨ ᠤᠷᠤᠬᠰᠢᠯᠠᠵᠦ ᠴᠤᠴᠠᠯᠳᠠ ᠦᠭᠡᠢ ᠴᠢᠷᠮᠠᠢ᠍ᠢ᠍ᠨ᠂ ᠪᠠᠶᠠᠨᠨᠠᠭᠤᠷ᠎ᠤᠨ 《ᠠᠷᠤ ᠭᠠᠵᠠᠷ᠎ᠤᠨ ᠵᠢᠶᠠᠩᠨᠠᠨ ᠪᠤᠬᠢᠷᠳᠤᠯ ᠦᠭᠡᠢ᠎ᠪᠠᠷ ᠬᠦᠭᠵᠢᠨ ᠮᠠᠨᠳᠤᠬᠤ》 ᠵᠢᠨ ᠡᠮᠦᠨ᠎ᠠ ᠡᠩᠨᠡᠬᠡᠨ᠎ᠳᠤ ᠬᠤᠰᠢᠭᠤᠷᠠᠵᠦ᠂ ᠠᠮᠢ ᠠᠬᠤᠢ᠍ᠢ᠍ᠵᠢᠬᠰᠠᠨ ᠪᠠᠶᠠᠨ ᠴᠢᠨᠡᠭᠡᠯᠢᠭ ᠡᠶ᠎ᠠ ᠵᠤᠬᠢᠴᠠᠯ᠎ᠲᠠᠢ ᠦᠵᠡᠰᠬᠦᠯᠡᠩᠳᠦ ᠰᠠᠢ᠍ᠢ᠍ᠬᠠᠨ ᠰᠢᠨ᠎ᠠ ᠳ᠋ᠧᠩᠺᠧᠦ ᠵᠢᠨ ᠠᠤᠭ᠎ᠠ ᠵᠢᠷᠦᠬ᠎ᠢ ᠬᠠᠮᠲᠤ᠎ᠪᠠᠷ ᠵᠢᠷᠤᠭᠯᠠᠰᠤᠭ᠋ᠠᠢ!

ᠢᠷᠡᠯᠲᠡ᠄ ᠲᠤᠰ ᠰᠦᠯᠵᠢᠶ᠎ᠡ