ᠳ᠋ᠧᠩᠺᠸᠤ ᠰᠢᠶᠠᠨ᠎ᠤ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠢ ᠲᠤᠭ᠎ᠠ᠎ᠪᠠᠷ ᠣᠶ᠋ᠢᠯᠠᠭ᠋ᠠᠬᠤ᠎ᠨᠢ
ᠨᠡᠶ᠋ᠢᠲᠡᠯᠡᠭᠰᠡᠨ ᠴᠠᠭ᠄ 2019-01-03
2018 ᠣᠨ᠎ᠤ ᠭᠤᠤᠯ ᠪᠣᠯᠬᠤ ᠠᠵᠤ ᠠᠬᠤᠢ ᠵᠢᠨ ᠭᠦᠢᠴᠡᠳᠬᠡᠯ ᠲᠤᠭ᠎ᠠ
● ᠭᠠᠵᠠᠷ ᠣᠷᠣᠨ᠎ᠤ ᠦᠢᠯᠡᠳᠪᠦᠷᠢᠯᠡᠯ᠎ᠤᠨ ᠪᠦᠬᠦ ᠥᠷᠲᠡᠭ᠎ᠢ 47.4 ᠳ᠋ᠦᠩᠰᠢᠭᠤᠷ ᠲᠥᠭᠦᠷᠢᠭ ᠪᠡᠶᠡᠯᠡᠭᠦᠯᠬᠦ᠎ᠪᠠᠷ ᠵᠢᠱ᠌ᠢᠵᠦ ᠪᠠᠶ᠋ᠢᠨ᠎ᠠ
● ᠣᠯᠠᠨ ᠨᠡᠢ᠌ᠲᠡ ᠵᠢᠨ ᠡᠳ᠋᠎ᠤᠨ ᠵᠠᠰᠠᠭ᠎ᠤᠨ ᠲᠥᠰᠦᠪ᠎ᠤᠨ ᠣᠷᠣᠯᠭ᠎ᠠ ᠵᠢ 2.39 ᠳ᠋ᠦᠩᠰᠢᠭᠤᠷ ᠲᠥᠭᠦᠷᠢᠭ ᠪᠡᠶᠡᠯᠡᠭᠦᠯᠬᠦ᠎ᠪᠠᠷ ᠵᠢᠱ᠌ᠢᠵᠦ ᠪᠠᠶ᠋ᠢᠨ᠎ᠠ
● ᠪᠦᠬᠦ ᠨᠡᠶ᠋ᠢᠭᠡᠮ᠎ᠤᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 17 ᠳ᠋ᠦᠩᠰᠢᠭᠤᠷ ᠲᠥᠭᠦᠷᠢᠭ ᠪᠡᠶᠡᠯᠡᠭᠦᠯᠬᠦ᠎ᠪᠠᠷ ᠵᠢᠱ᠌ᠢᠵᠦ ᠪᠠᠶ᠋ᠢᠨ᠎ᠠ
● ᠨᠡᠶ᠋ᠢᠭᠡᠮ᠎ᠤᠨ ᠬᠡᠷᠡᠭᠯᠡᠭᠡᠨ᠎ᠤ ᠵᠦᠢᠯ 18 ᠳ᠋ᠦᠩᠰᠢᠭᠤᠷ ᠲᠥᠭᠦᠷᠢᠭ᠎ᠲᠤ ᠬᠦᠷᠬᠦ᠎ᠪᠠᠷ ᠵᠢᠱ᠌ᠢᠵᠦ ᠪᠠᠶ᠋ᠢᠨ᠎ᠠ
● ᠬᠤᠲᠠ ᠬᠥᠳᠡᠭᠡ ᠵᠢᠨ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 29779 ᠲᠥᠭᠦᠷᠢᠭ ᠪᠠ 17402 ᠲᠥᠭᠦᠷᠢᠭ᠎ᠲᠤ ᠬᠦᠷᠴᠦ᠂ ᠲᠣᠰ ᠲᠣᠰ 7.8 % ᠪᠠ 8 % ᠨᠡᠮᠡᠭᠳᠡᠬᠦ᠎ᠪᠠᠷ ᠵᠢᠱ᠌ᠢᠵᠦ ᠪᠠᠶ᠋ᠢᠨ᠎ᠠ
● ᠵᠢᠱ᠌ᠢᠯᠲᠡ᠎ᠪᠠᠷ ᠭᠤᠷᠪᠠᠨ ᠠᠵᠤ ᠦᠢ᠍ᠯᠡᠰ᠎ᠤᠨ ᠪᠦᠲᠦᠴᠡ 21᠄ 48.4᠄ 30.6 ᠪᠠᠶ᠋ᠢᠭᠰᠠᠨ᠎ᠠᠴᠠ 21.2᠄ 47.1᠄ 31.7 ᠪᠣᠯᠬᠤ 2019 ᠣᠨ᠎ᠤ ᠠᠵᠢᠯ᠎ᠤᠨ ᠲᠣᠬᠢᠷᠠᠭᠤᠯᠤᠯᠲᠠ
ᠶᠡᠷᠦᠩᠬᠡᠶ ᠱᠠᠭ᠋ᠠᠷᠳᠠᠯᠭ᠎ᠠ
● ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠨ᠎ᠠ
● ᠠᠵᠢᠯ ᠣᠯᠭᠤᠯᠲᠠ ᠵᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠮᠥᠩᠭᠦᠨ ᠭᠦᠢᠯᠭᠡᠭᠡ ᠵᠢ ᠲᠣᠭᠲᠠᠪᠤᠷᠢᠵᠢᠭᠤᠯᠵᠤ᠂ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠵᠤ᠂ ᠭᠠᠳᠠᠭ᠋ᠠᠳᠤ ᠪᠡᠯᠡ ᠵᠢ ᠲᠣᠭᠲᠠᠪᠤᠷᠢᠵᠢᠭᠤᠯᠵᠤ᠂ ᠪᠡᠯᠡ ᠣᠷᠣᠭᠤᠯᠤᠯᠲᠠ ᠵᠢ ᠲᠣᠭᠲᠠᠪᠤᠷᠢᠵᠢᠭᠤᠯᠵᠤ᠂ ᠵᠢᠱ᠌ᠢᠯᠲᠡ ᠵᠢ ᠤᠯᠠᠮ ᠨᠢᠭᠡ ᠠᠯᠬᠤᠮ ᠲᠣᠭᠲᠠᠪᠤᠷᠢᠵᠢᠭᠤᠯᠤᠨ᠎ᠠ
● 《ᠠᠷᠤ ᠭᠠᠵᠠᠷ᠎ᠤᠨ ᠵᠢᠶᠠᠩᠨᠠᠨ ᠣᠷᠣᠨ᠂ ᠪᠣᠬᠢᠷᠲᠤᠯ ᠦᠭᠡᠢ ᠬᠥᠭᠵᠢᠯᠲᠡ》 ᠵᠢᠨ ᠬᠤᠰᠢᠭᠤᠴᠢ ᠴᠡᠷᠢᠭ ᠪᠣᠯᠬᠤ ᠲᠡᠮᠡᠴᠡᠯ᠎ᠤᠨ ᠬᠠᠷᠠᠯᠲᠠ ᠵᠢᠨ ᠲᠣᠭᠤᠷᠢᠨ᠎ᠳᠤ᠂ ᠪᠣᠬᠢᠷᠲᠤᠯ ᠦᠭᠡᠢ ᠣᠷᠭ᠋ᠠᠨᠢᠭ᠂ ᠰᠣᠶᠣᠯ ᠵᠢᠭᠤᠯᠴᠢᠯᠠᠯ᠂ ᠠᠷᠢᠭᠤᠨ ᠴᠡᠪᠡᠷ ᠡᠨᠧᠷᠭᠢ ᠵᠢᠨ ᠰᠤᠷᠪᠤᠯᠵᠢ 《ᠭᠤᠷᠪᠠᠨ ᠨᠡᠷ᠎ᠡ ᠵᠢᠨ ᠬᠠᠭᠤᠳᠠᠰᠤ》 ᠵᠢ ᠤᠯᠠᠮ ᠨᠢᠭᠡ ᠠᠯᠬᠤᠮ ᠭᠢᠯᠠᠯᠵᠠᠭᠤᠯᠤᠨ᠎ᠠ
● ᠵᠢᠭᠤᠯᠴᠢᠯᠠᠯ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠬᠦ᠂ ᠬᠢᠲᠠᠳ ᠡᠪᠡᠰᠦᠨ ᠡᠮ᠎ᠤᠨ ᠮᠠᠲ᠋ᠧᠷᠢᠶᠠᠯ᠎ᠢ ᠡᠳ᠋ᠰᠢᠭᠦᠯᠬᠦ᠂ ᠴᠠᠬᠢᠯᠭ᠋ᠠᠨ ᠬᠦᠴᠦᠨ᠎ᠤ ᠰᠢᠨ᠎ᠡ ᠡᠨᠧᠷᠭᠢ ᠵᠢᠨ 《ᠳᠥᠷᠪᠡᠨ ᠶᠡᠭᠡ ᠠᠵᠤ ᠦᠢᠯᠡᠰ》᠎ᠢ ᠰᠢᠯᠢᠳᠡᠭᠵᠢᠭᠦᠯᠦᠨ᠎ᠡ
ᠲᠡᠮᠡᠴᠡᠯ᠎ᠤᠨ ᠭᠤᠤᠯ ᠬᠠᠷᠠᠯᠲᠠ
● ᠭᠤᠤᠯ ᠪᠣᠯᠬᠤ ᠠᠵᠤ ᠠᠬᠤᠢ ᠵᠢᠨ ᠭᠦᠢᠴᠡᠳᠬᠡᠯ ᠲᠤᠭ᠎ᠠ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ ᠪᠦᠬᠦ ᠬᠤᠲᠠ ᠵᠢᠨ ᠳᠤᠮᠳᠠᠴᠢ ᠲᠦᠪᠰᠢᠨ᠎ᠠᠴᠠ ᠥᠨᠳᠥᠷ ᠪᠣᠯᠬᠤ
● ᠨᠡᠮᠡᠭᠳᠡᠯ᠎ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠵᠢ ᠠᠬᠢᠭᠤᠯᠬᠤ᠂ ᠪᠦᠲᠦᠴᠡ ᠵᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ ᠲᠠᠪᠤᠨ ᠭᠤᠤᠯᠳᠠᠯᠭ᠎ᠠ ᠵᠢᠨ ᠲᠣᠭᠤᠷᠢᠨ᠎ᠳᠤ ᠦᠷᠭᠦᠯᠵᠢᠯᠡᠨ ᠠᠵᠢᠯᠯᠠᠬᠤ
● ᠠᠵᠤ ᠠᠬᠤᠶ ᠨᠡᠶ᠋ᠢᠭᠡᠮ᠎ᠤᠨ ᠡᠯ᠎ᠡ ᠵᠦᠢᠯ᠎ᠤᠨ ᠠᠵᠢᠯ ᠦᠢ᠍ᠯᠡᠰ᠎ᠤᠨ ᠰᠠᠶ᠋ᠢᠨ ᠲᠦᠷᠭᠡᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ
ᠨᠠᠢ᠍ᠮᠠᠨ ᠠᠵᠢᠯ᠎ᠤᠨ ᠡᠭᠦᠷᠭᠡ
1᠂ ᠡᠶ᠎ᠡ ᠵᠣᠬᠢᠴᠠᠩᠭᠤᠶ ᠲᠣᠭᠲᠠᠭᠤᠨ ᠪᠠᠶ᠋ᠢᠳᠠᠯ᠎ᠤᠨ ᠲᠣᠭᠤᠷᠢᠨ᠎ᠳᠤ᠂ ᠬᠦᠨᠳᠦ ᠶᠡᠭᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠂ ᠤᠨᠢᠨ ᠳᠡᠭᠡᠷ᠎ᠡ᠎ᠨᠢ ᠶᠠᠳᠠᠭᠤ᠎ᠠᠴᠠ ᠠᠩᠭᠢᠵᠢᠷᠠᠭᠤᠯᠬᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠠᠯ᠎ᠠ᠎ᠪᠠᠷ ᠦᠷᠭᠦᠯᠵᠢᠯᠡᠨ ᠬᠦᠴᠦᠯᠡᠬᠦ ᠬᠡᠷᠡᠭᠲᠡᠶ
2᠂ ᠰᠠᠭᠤᠷᠢ ᠵᠢ ᠪᠠᠬᠢᠯᠡᠬᠦ ᠵᠢᠨ ᠲᠣᠭᠤᠷᠢᠨ᠎ᠳᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠲᠠᠯ᠎ᠠ᠎ᠪᠠᠷ ᠦᠷᠭᠦᠯᠵᠢᠯᠡᠨ ᠬᠦᠴᠦᠯᠡᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠪᠦᠲᠦᠴᠡ ᠵᠢ ᠢᠳᠡᠪᠬᠢᠲᠡᠶ᠎ᠪᠠᠷ ᠰᠢᠯᠢᠳᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠰᠠᠭᠤᠷᠢ ᠪᠡᠯᠡᠳᠬᠡᠮᠵᠢ ᠵᠢ ᠲᠤᠬᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠵᠢᠨ ᠦᠢᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠬᠦ ᠬᠡᠷᠡᠭᠲᠡᠶ᠃
3᠂ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢᠨ ᠲᠣᠭᠤᠷᠢᠨ᠎ᠳᠤ᠂ ᠬᠥᠭᠵᠢᠯᠲᠡ ᠵᠢ ᠪᠠᠲᠤᠳᠬᠠᠬᠤ ᠳᠡᠭᠡᠷ᠎ᠡ ᠦᠷᠭᠦᠯᠵᠢᠯᠡᠨ ᠬᠦᠴᠦᠯᠡᠬᠦ ᠬᠡᠷᠡᠭᠲᠡᠶ᠃ ᠴᠢᠬᠤᠯᠠ ᠶᠡᠭᠡ ᠲᠥᠷᠥᠯ ᠵᠦᠢᠯ᠎ᠢ ᠬᠦᠴᠦ᠎ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠬᠦᠷᠢᠶᠡᠯᠡᠩ᠎ᠤᠨ ᠦᠢᠯᠡᠴᠢᠯᠡᠭᠡᠨ᠎ᠤ ᠴᠢᠳᠠᠮᠵᠢ ᠵᠢ ᠲᠡᠭᠦᠯᠳᠡᠷᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠶ᠃
4᠂ ᠪᠦᠬᠦ ᠬᠡᠪᠴᠢᠶᠡᠨ᠎ᠤ ᠵᠢᠭᠤᠯᠴᠢᠯᠠᠯ᠎ᠤᠨ ᠲᠣᠭᠤᠷᠢᠨ᠎ᠳᠤ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠬᠦ ᠲᠠᠯ᠎ᠠ᠎ᠪᠠᠷ ᠦᠷᠭᠦᠯᠵᠢᠯᠡᠨ ᠴᠢᠷᠮᠠᠶ᠋ᠢᠨ᠎ᠠ᠃ ᠵᠢᠭᠤᠯᠴᠢᠯᠠᠯ᠎ᠤᠨ ᠦᠢ᠍ᠯᠡᠰ᠎ᠢ ᠬᠥᠭᠵᠢᠭᠦᠯᠵᠦ᠂ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠬᠥᠭᠵᠢᠭᠦᠯᠦᠨ᠎ᠡ᠃
5᠂ ᠴᠢᠳᠠᠮᠵᠢ ᠵᠢᠨ ᠳᠡᠰ ᠳᠡᠪᠰᠢᠭᠦᠯᠬᠦ ᠵᠢᠨ ᠲᠣᠭᠤᠷᠢᠨ᠎ᠳᠤ᠂ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠲᠠᠯ᠎ᠠ᠎ᠪᠠᠷ ᠦᠷᠭᠦᠯᠵᠢᠯᠡᠨ ᠬᠦᠴᠦᠯᠡᠬᠦ ᠬᠡᠷᠡᠭᠲᠡᠶ᠃ ᠬᠤᠲᠠ ᠵᠢᠨ ᠴᠢᠳᠠᠮᠵᠢ ᠵᠢ ᠲᠡᠭᠦᠯᠳᠡᠷᠵᠢᠭᠦᠯᠵᠦ᠂ ᠬᠠᠮᠢᠶᠠᠷᠤᠯᠲᠠ ᠵᠢᠨ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠶ᠃
6᠂ ᠥᠭᠡᠷᠡᠴᠢᠯᠡᠯᠲᠡ ᠨᠡᠭᠡᠭᠡᠯᠲᠡ ᠵᠢᠨ ᠲᠣᠭᠤᠷᠢᠨ᠎ᠳᠤ᠂ ᠳᠣᠲᠣᠭ᠋ᠠᠳᠤ ᠠᠮᠢᠳᠤᠷᠠᠯ᠎ᠤᠨ ᠬᠦᠴᠦᠨ᠎ᠢ ᠬᠥᠭᠵᠢᠭᠡᠬᠦ ᠲᠠᠯ᠎ᠠ᠎ᠪᠠᠷ ᠦᠷᠭᠦᠯᠵᠢᠯᠡᠨ ᠬᠦᠴᠦᠯᠡᠨ᠂ ᠭᠤᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ ᠵᠢ ᠲᠦᠷᠭᠡᠳᠬᠡᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃
7᠂ ᠬᠠᠮᠲᠤ᠎ᠪᠠᠷ ᠡᠳ᠋ᠯᠡᠬᠦ ᠬᠥᠭᠵᠢᠯᠲᠡ ᠵᠢᠨ ᠲᠣᠭᠤᠷᠢᠨ᠎ᠳᠤ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠬᠠᠩᠭ᠋ᠠᠬᠤ ᠲᠠᠯ᠎ᠠ᠎ᠪᠠᠷ ᠦᠷᠭᠦᠯᠵᠢᠯᠡᠨ ᠴᠢᠷᠮᠠᠶ᠋ᠢᠨ᠎ᠠ᠃ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠵᠦ᠂ ᠡᠮ ᠡᠮᠨᠡᠯᠭᠡ ᠵᠢᠨ ᠦᠢᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠰᠣᠶᠣᠯ᠎ᠤᠨ ᠴᠡᠴᠡᠭᠯᠡᠯᠲᠡ ᠬᠥᠭᠵᠢᠯᠲᠡ ᠵᠢ ᠠᠬᠢᠭᠤᠯᠵᠤ᠂ ᠨᠡᠶ᠋ᠢᠭᠡᠮ᠎ᠤᠨ ᠵᠠᠰᠠᠯᠲᠠ ᠵᠢᠨ ᠰᠢᠨ᠎ᠡ ᠵᠢ ᠡᠭᠦᠳᠬᠦ ᠵᠢ ᠠᠬᠢᠭᠤᠯᠤᠨ᠎ᠠ
8᠂ ᠰᠤᠷᠲᠠᠯ᠎ᠤᠨ ᠬᠤᠪᠢᠷᠠᠭᠤᠯᠤᠯᠲᠠ ᠵᠢᠨ ᠲᠣᠭᠤᠷᠢᠨ᠎ᠳᠤ᠂ ᠴᠢᠳᠠᠪᠤᠷᠢ ᠪᠣᠯᠤᠨ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠳᠡᠭᠡᠷ᠎ᠡ ᠦᠷᠭᠦᠯᠵᠢᠯᠡᠨ ᠬᠦᠴᠦᠯᠡᠬᠦ ᠬᠡᠷᠡᠭᠲᠡᠶ᠃
ᠢᠷᠡᠯᠲᠡ᠄ ᠲᠤᠰ ᠰᠦᠯᠵᠢᠶ᠎ᠡ