ᠢᠯᠡ ᠵᠠᠰᠠᠭ   -   ᠵᠠᠰᠠᠭ᠎ᠤᠨ ᠠᠵᠢᠯ᠎ᠤᠨ ᠢᠯᠡᠳᠭᠡᠯ

ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ

ᠨᠡᠶ᠋ᠢᠲᠡᠯᠡᠭᠰᠡᠨ ᠴᠠᠭ᠄   2023-03-24

                            ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
       

          — 2022 ᠣᠨ᠎ᠤ 12 ᠰᠠᠷ᠎ᠠ ᠵᠢᠨ 30᠎ᠤ ᠡᠳᠦᠷ ᠪᠠᠶᠠᠨᠨᠠᠭᠤᠷ ᠬᠤᠲᠠ ᠵᠢᠨ ᠲᠠᠪᠤᠳᠤᠭ᠋ᠠᠷ ᠬᠤᠭᠤᠴᠠᠭ᠋ᠠᠨ᠎ᠤ
                     ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ ᠳᠡᠭᠡᠷ᠎ᠡ

       

              ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠤᠲᠠ ᠵᠢᠨ ᠳᠠᠷᠤᠭ᠎ᠠ   ᠸᠠᠩ ᡁᠢ ᠫᠢᠩ



ᠲᠥᠯᠥᠭᠡᠯᠡᠭᠴᠢᠳ ᠠ᠋᠄
      ᠤᠳᠤ ᠪᠢ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠳᠠ ᠵᠢᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠪᠠ ᠬᠤᠷᠠᠯ᠎ᠳᠤ ᠰᠤᠯᠠ ᠣᠷᠣᠯᠴᠠᠭᠰᠠᠨ ᠨᠥᠬᠦᠳ ᠰᠠᠨᠠᠯ ᠵᠶ᠋ᠠᠨ ᠳᠤᠷᠠᠳᠬᠤ ᠪᠣᠯᠪᠠᠤ᠃
      ᠨᠢᠭᠡ᠂ 2022 ᠣᠨ᠎ᠤ ᠠᠵᠢᠯ᠎ᠤᠨ ᠡᠷᠭᠢᠴᠡᠭᠦᠯᠦᠯ
      2022 ᠣᠨ ᠪᠣᠯ ᠨᠠᠮ ᠪᠠ ᠤᠯᠤᠰ᠎ᠤᠨ ᠲᠡᠦᠬᠡᠨ᠎ᠳᠠᠬᠢ ᠲᠤᠶ᠋ᠢᠯ᠎ᠤᠨ ᠴᠢᠬᠤᠯᠠ ᠨᠢᠭᠡ ᠵᠢᠯ ᠮᠥᠨ᠂ ᠪᠠᠰᠠ ᠴᠤ᠌ ᠲᠤᠰ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠩᠬᠠᠨ᠎ᠤ ᠵᠢᠯ ᠮᠥᠨ᠃ ᠠᠵᠤ ᠠᠬᠤᠢ ᠵᠢᠨ ᠪᠠᠭᠤᠷᠠᠯᠲᠠ᠂ ᠬᠢᠵᠢᠭ᠎ᠤᠨ ᠪᠠᠶ᠋ᠢᠳᠠᠯ᠎ᠤᠨ ᠳᠠᠭ᠋ᠠᠷᠢᠯᠲᠠ ᠵᠡᠷᠭᠡ ᠣᠯᠠᠨ ᠳᠠᠪᠬᠤᠷ ᠰᠢᠯᠭ᠋ᠠᠯᠲᠠ ᠵᠢᠨ ᠡᠮᠦᠨ᠎ᠡ᠂ ᠬᠤᠳᠠ ᠵᠢᠨ ᠨᠠᠮ᠎ᠤᠨ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ 《ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠬᠦ᠂ ᠠᠵᠤ ᠠᠬᠤᠢ ᠵᠢ ᠲᠣᠭᠲᠠᠭᠤᠨ ᠪᠠᠶ᠋ᠢᠯᠭ᠋ᠠᠬᠤ᠂ ᠬᠥᠭᠵᠢᠯᠲᠡ ᠵᠢ ᠠᠮᠤᠷ ᠲᠦᠪᠰᠢᠨ ᠪᠠᠶ᠋ᠢᠯᠭ᠋ᠠᠬᠤ》 ᠴᠢᠬᠤᠯᠠ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠦᠬᠦ ᠬᠤᠳᠠ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠲᠠᠶ᠋ᠢᠴᠢᠯᠠᠵᠤ ᠬᠦᠴᠢᠷ ᠪᠡᠷᠬᠡ ᠵᠢ ᠲᠠᠪᠠᠨ ᠲᠤᠭᠤᠯᠵᠤ᠂ ᠡᠷᠡᠮᠡᠬᠡᠶ᠋ᠢᠯᠡᠨ ᠤᠷᠤᠭᠰᠢᠯᠠᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠦᠢ᠍ᠯᠡᠰ ᠰᠢᠨ᠎ᠡ ᠦᠷ᠎ᠡ ᠪᠦᠲᠦᠮᠵᠢ ᠣᠯᠪᠠ᠃
      ᠨᠢᠭᠡ᠎ᠳᠤ᠂ ᠠᠵᠤ ᠠᠬᠤᠢ ᠵᠢᠨ ᠬᠥᠭᠵᠢᠯᠲᠡ ᠰᠡᠷᠭᠦᠯᠲᠡ ᠵᠢᠨ ᠬᠠᠨᠳᠤᠰᠢ᠎ᠲᠠᠢ ᠪᠣᠯᠪᠠ᠃ ᠠᠵᠤ ᠠᠬᠤᠢ ᠵᠢ ᠲᠣᠭᠲᠠᠪᠤᠷᠢᠵᠢᠭᠤᠯᠬᠤ ᠲᠥᠷᠥ ᠵᠢᠨ ᠪᠣᠳᠣᠯᠭ᠎ᠠ ᠵᠢ 48᠂ ᠵᠠᠯᠭ᠋ᠠᠭᠤᠯᠬᠤ ᠠᠷᠭ᠎ᠠ ᠬᠡᠮᠵᠢᠶ᠎ᠡ ᠵᠢ 21᠂ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢ 135 ᠲᠣᠭᠲᠠᠭ᠋ᠠᠨ ᠨᠠᠶ᠋ᠢᠳᠠᠪᠤᠷᠢᠵᠢᠭᠤᠯᠵᠤ᠂ ᠭᠠᠶ᠋ᠢᠯᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ᠂ ᠦᠯᠡᠳᠡᠪᠦᠷᠢ ᠭᠠᠶ᠋ᠢᠯᠢ ᠵᠢ ᠪᠤᠴᠠᠭ᠋ᠠᠬᠤ᠂ ᠬᠤᠶ᠋ᠢᠰᠢᠯᠠᠭᠤᠯᠤᠨ ᠲᠤᠰᠢᠶᠠᠬᠤ ᠭᠠᠶ᠋ᠢᠯᠢ ᠵᠢᠨ ᠰᠦᠢ᠍ᠳᠬᠡᠯ᠎ᠢ 25.20 ᠳ᠋ᠦᠩᠰᠢᠭᠤᠷ ᠲᠥᠭᠦᠷᠢᠭ ᠰᠢᠨ᠎ᠡ᠎ᠪᠠᠷ ᠨᠡᠮᠡᠭᠳᠡᠭᠦᠯᠵᠦ᠂ ᠵᠢᠭᠡᠯᠡᠯᠭᠡ ᠵᠢ ᠬᠤᠶ᠋ᠢᠰᠢᠯᠠᠭᠤᠯᠤᠨ ᠪᠤᠴᠠᠭ᠋ᠠᠬᠤ ᠵᠢ 32.16 ᠳ᠋ᠦᠩᠰᠢᠭᠤᠷ ᠲᠥᠭᠦᠷᠢᠭ ᠭᠦᠢ᠍ᠴᠡᠳᠬᠡᠵᠦ᠂ ᠠᠵᠤ ᠠᠬᠤᠶ᠋ᠢᠯᠠᠯ᠎ᠢ ᠳᠡᠮᠵᠢᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠲᠥᠷᠥ ᠵᠢᠨ ᠪᠣᠳᠣᠯᠭ᠎ᠠ ᠵᠢᠨ ᠠᠰᠢᠭ ᠤᠯᠵᠠᠪᠤᠷᠢ ᠵᠢ 2.58 ᠳ᠋ᠦᠩᠰᠢᠭᠤᠷ ᠲᠥᠭᠦᠷᠢᠭ ᠤᠯᠭᠤᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ 2.39 ᠲᠦᠮᠡᠨ ᠡᠷᠦᠬᠡ ᠰᠢᠨ᠎ᠡ᠎ᠪᠠᠷ ᠪᠠᠶ᠋ᠢᠭᠤᠯᠤᠭᠳᠠᠪᠠ᠃ 202 ᠴᠢᠬᠤᠯᠠ ᠶᠡᠭᠡ ᠲᠥᠷᠥᠯ ᠵᠦᠢ᠍ᠯ᠎ᠢ ᠬᠡᠷᠡᠭᠵᠢᠭᠦᠯᠵᠦ᠂ 311.18 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠪᠡ᠃ ᠤᠯᠤᠰ᠎ᠤᠨ ᠳᠣᠲᠣᠭ᠋ᠠᠳᠤ ᠵᠢᠨ ᠪᠠᠶ᠋ᠢᠷᠢᠨ᠎ᠳᠤ ᠤᠷᠤᠭᠰᠠᠨ ᠪᠡᠯᠡ ᠮᠥᠩᠭᠦ ᠵᠢ 176.61 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ 10.7%᠎ᠪᠠᠷ ᠨᠡᠮᠡᠭᠳᠡᠪᠡ᠃ ᠵᠠᠰᠠᠭ᠎ᠤᠨ ᠣᠷᠳᠣᠨ᠎ᠤ ᠳᠠᠯᠳᠠ ᠥᠷᠢ ᠥᠭᠴᠡᠭᠡ ᠵᠢ ᠠᠷᠢᠯᠭ᠋ᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠥᠷᠢᠲᠦᠭᠰᠡᠨ ᠵᠣᠭᠤᠰ᠎ᠢ ᠲᠥᠯᠥᠵᠦ ᠵᠢᠯ᠎ᠤᠨ ᠡᠭᠦᠷᠭᠡ᠎ᠪᠠᠨ ᠪᠡᠶᠡᠯᠡᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠮᠥᠩᠭᠦᠨ ᠭᠦᠢ᠍ᠯᠭᠡᠭᠡᠨ᠎ᠤ ᠲᠦᠭᠰᠢᠭᠦᠷᠢ᠂ ᠭᠡᠷ ᠬᠥᠷᠥᠩᠭᠡ ᠵᠢᠨ ᠠᠵᠤ ᠠᠬᠤᠶ᠋ᠢᠯᠠᠯ᠎ᠤᠨ ᠭᠡᠷ᠎ᠡ᠎ᠪᠠᠨ ᠭᠦᠢ᠍ᠴᠡᠳᠬᠡᠬᠦ ᠲᠦᠭᠰᠢᠭᠦᠷᠢ ᠵᠢ ᠲᠣᠬᠢᠲᠠᠢ ᠰᠢᠢ᠍ᠳᠪᠦᠷᠢᠯᠡᠵᠦ᠂ ᠥᠩᠭᠡᠷᠡᠭᠰᠡᠨ ᠵᠢᠯ᠎ᠤᠳ᠎ᠤᠨ ᠵᠢᠯ᠎ᠤᠨ ᠦᠷᠢᠲᠦᠭᠰᠡᠨ ᠴᠠᠯᠢᠩ᠂ ᠲᠥᠷᠥᠯ ᠵᠦᠢ᠍ᠯ᠎ᠢ ᠢᠵᠢ ᠪᠦᠷᠢᠳᠦᠭᠦᠯᠬᠦ ᠵᠡᠷᠭᠡ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠤᠨ ᠪᠡᠯᠡ ᠮᠥᠩᠭᠦ ᠵᠢ 19.87 ᠳ᠋ᠦᠩᠰᠢᠭᠤᠷ ᠲᠥᠭᠦᠷᠢᠭ ᠥᠭᠪᠡ᠃ ᠵᠢᠱ᠌ᠢᠯᠲᠡ᠎ᠪᠠᠷ ᠪᠥᠬᠦ ᠵᠢᠯ᠎ᠳᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 2.6% ᠣᠷᠴᠢᠮ ᠨᠡᠮᠡᠭᠳᠡᠭᠦᠯᠵᠦ᠂ 1000 ᠳ᠋ᠦᠩᠰᠢᠭᠤᠷ ᠲᠥᠭᠦᠷᠢᠭ᠎ᠢ ᠳᠠᠪᠠᠭᠤᠯᠤᠨ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠢ 1% ᠣᠷᠴᠢᠮ ᠨᠡᠮᠡᠭᠳᠡᠭᠦᠯᠵᠦ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠵᠢ 2% ᠣᠷᠴᠢᠮ ᠪᠠᠭᠤᠷᠠᠭᠤᠯᠤᠨ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 10% ᠭᠠᠷᠤᠢ᠎ᠪᠠᠷ ᠨᠡᠮᠡᠭᠳᠡᠭᠦᠯᠵᠦ᠂ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ ᠵᠢ 30% ᠣᠷᠴᠢᠮ ᠨᠡᠮᠡᠭᠳᠡᠭᠦᠯᠦᠨ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢ ᠲᠣᠰ ᠲᠣᠰ 6% ᠪᠠ 9% ᠣᠷᠴᠢᠮ ᠨᠡᠮᠡᠭᠳᠡᠭᠦᠯᠵᠦ᠂ ᠠᠵᠤ ᠠᠬᠤᠢ ᠲᠣᠭᠲᠠᠭᠤᠨ ᠪᠠᠶ᠋ᠢᠬᠤ ᠵᠢᠨ ᠵᠡᠷᠭᠡ᠎ᠳᠤ ᠤᠷᠤᠭᠰᠢᠯᠠᠨ᠂ ᠲᠣᠭᠲᠠᠭᠤᠨ᠎ᠤ ᠳᠠᠭ᠋ᠠᠤ᠎ᠳᠤ ᠰᠠᠶ᠋ᠢᠨ ᠬᠠᠨᠳᠤᠰᠢ᠎ᠲᠠᠢ ᠪᠤᠯᠪᠠ᠃
      ᠬᠤᠶᠠᠷ᠎ᠲᠤ᠂ ᠠᠵᠤ ᠦᠢ᠍ᠯᠡᠰ᠎ᠤᠨ ᠲᠡᠰ ᠳᠡᠪᠰᠢᠬᠦ ᠠᠯᠬᠤᠴᠠ ᠲᠦᠷᠭᠡᠳᠪᠡ᠃ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠣᠷᠣᠨ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠴᠣᠬᠤᠯᠠᠪᠤᠷᠢ ᠵᠢ ᠣᠯᠣᠭᠰᠠᠨ ᠪᠥᠭᠡᠳ ᠲᠦᠷᠭᠡᠪᠴᠢᠯᠡᠨ ᠪᠦᠲᠦᠭᠡᠨ ᠪᠠᠶ᠋ᠢᠭᠤᠯᠤᠭᠳᠠᠵᠤ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ ᠵᠡᠷᠭᠡ ᠡᠷᠳᠡᠮ ᠰᠢᠨᠵᠢᠯᠡᠭᠡᠨ᠎ᠤ ᠶᠡᠭᠡ ᠳᠡᠭᠡᠳᠦ ᠰᠤᠷᠭ᠋ᠠᠭᠤᠯᠢ᠎ᠲᠠᠢ ᠬᠠᠮᠲᠤᠷᠠᠨ ᠬᠠᠲᠠᠭᠤ ᠪᠤᠭᠤᠳᠠᠢ᠂ ᠠᠯᠠᠰᠢᠨ ᠬᠤᠨᠢ᠂ ᠨᠡᠷᠡᠨ ᠬᠤᠸᠠᠷ ᠵᠡᠷᠭᠡ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠠᠶ᠋ᠢᠭᠤᠯᠪᠠ᠃ ᠰᠢᠨ᠎ᠡ᠎ᠪᠠᠷ ᠨᠡᠮᠡᠭᠳᠡᠭᠰᠡᠨ ᠳᠡᠭᠡᠳᠦ ᠰᠢᠨ᠎ᠡ ᠮᠡᠷᠭᠡᠵᠢᠯ᠎ᠤᠨ ᠲᠠᠷᠢᠶᠠᠨ ᠭᠠᠵᠠᠷ 32.50 ᠲᠦᠮᠡᠨ ᠮᠦ᠍᠎ᠳᠤ ᠬᠦᠷᠴᠦ᠂ ᠠᠮᠤ ᠪᠤᠳᠠᠭ᠋ᠠᠨ᠎ᠤ ᠤᠨᠠᠯᠲᠠ 58.17 ᠳ᠋ᠦᠩᠰᠢᠭᠤᠷ ᠵᠢᠩ᠎ᠳᠤ ᠬᠥᠷᠪᠡ᠃ ᠰᠠᠭ᠋ᠠᠯᠢ ᠵᠢᠨ ᠦᠨᠢᠶ᠎ᠡ ᠲᠡᠵᠢᠭᠡᠵᠦ ᠪᠠᠶ᠋ᠢᠭ᠎ᠠ ᠬᠡᠮᠵᠢᠶ᠎ᠡ 30.19 ᠲᠦᠮᠡᠨ ᠲᠣᠯᠣᠭ᠋ᠠᠢ᠎ᠳᠤ ᠬᠦᠷᠴᠦ᠂ 39.5%᠎ᠪᠠᠷ ᠨᠡᠮᠡᠭᠳᠡᠨ᠂ ᠲᠦᠭᠦᠬᠡᠢ ᠰᠦ ᠵᠢᠨ ᠭᠠᠷᠤᠯᠲᠠ ᠵᠢ 112.35 ᠲᠦᠮᠡᠨ ᠲᠣᠨ᠎ᠠᠴᠠ ᠳᠡᠭᠡᠭᠰᠢ᠎ᠳᠤ ᠬᠦᠷᠭᠡᠵᠦ᠂ 30.2%᠎ᠪᠠᠷ ᠨᠡᠮᠡᠭᠳᠡᠪᠡ᠃ ᠳ᠋ᠧᠩᠺᠸᠦ ᠰᠢᠶᠠᠨ᠂ ᠬᠠᠩᠭᠢᠨ ᠬᠤᠶ᠋ᠢᠲᠤ ᠬᠤᠰᠢᠭᠤ᠎ᠨᠢ ᠪᠦᠬᠦ ᠤᠯᠤᠰ᠎ᠤᠨ ᠰᠦ ᠵᠢᠨ ᠦᠢ᠍ᠯᠡᠰ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠦᠬᠦ ᠰᠢᠶᠠᠨ ᠵᠶ᠋ᠠᠷ ᠵᠶ᠋ᠠᠨ ᠠᠬᠢᠭᠤᠯᠬᠤ ᠰᠢᠶᠠᠨ ᠪᠣᠯᠵᠠᠢ᠃ ᠦᠶᠤᠸᠠᠨ ᠰᠢᠶᠠᠨ᠂ ᠬᠠᠩᠭᠢᠨ ᠬᠤᠶ᠋ᠢᠲᠤ ᠬᠤᠰᠢᠭᠤ ᠎ᠨᠢ ᠪᠥᠬᠦ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢᠨ ᠣᠷᠣᠨ᠎ᠤ ᠬᠦᠢ᠍ᠲᠡᠨ ᠵᠶ᠋ᠠᠷ ᠬᠠᠳᠠᠭ᠋ᠠᠯᠠᠵᠤ ᠰᠢᠨ᠎ᠡ ᠰᠣᠷᠭᠤᠭ ᠪᠠᠶ᠋ᠢᠯᠭ᠋ᠠᠬᠤ ᠵᠢ ᠪᠥᠬᠦ ᠰᠢᠶᠠᠨ ᠵᠶ᠋ᠠᠷ ᠵᠶ᠋ᠠᠨ ᠲᠦᠯᠬᠢᠨ ᠠᠬᠢᠭᠤᠯᠬᠤ ᠰᠢᠶᠠᠨ ᠪᠣᠯᠵᠠᠢ᠃ 《ᠲᠡᠭᠷᠢ ᠵᠢᠨ ᠬᠡᠰᠢᠭᠲᠦ ᠪᠣᠷᠣᠳᠣᠬᠤᠢ》 ᠵᠢᠨ ᠨᠠᠷᠠᠲᠤ ᠲᠡᠮᠳᠡᠭ᠎ᠤᠨ ᠥᠷᠲᠡᠭ 260.18 ᠳ᠋ᠦᠩᠰᠢᠭᠤᠷ ᠲᠥᠭᠦᠷᠢᠭ᠎ᠲᠤ ᠬᠦᠷᠴᠦ᠂ 《ᠰᠢᠨ᠎ᠡ ᠴᠠᠭ ᠦᠶ᠎ᠡ ᠵᠢᠨ ᠣᠷᠣᠨ ᠪᠦᠰᠡ ᠵᠢᠨ ᠲᠠᠷᠢᠶᠠᠯᠠᠩ᠎ᠤᠨ ᠨᠠᠷᠠᠲᠤ ᠲᠡᠮᠳᠡᠭ᠎ᠤᠨ 10 ᠵᠢᠯ᠎ᠤᠨ ᠭᠠᠷᠮᠠᠭ᠋ᠠᠢ ᠨᠥᠯᠥᠭᠡᠯᠡᠬᠦ ᠬᠦᠴᠦᠨ᠎ᠲᠠᠢ ᠨᠠᠷᠠᠲᠤ ᠲᠡᠮᠳᠡᠭ》 ᠵᠶ᠋ᠠᠷ ᠦᠨᠡᠯᠡᠭᠳᠡᠪᠡ᠃ 《ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ》᠎ᠤᠨ ᠪᠦᠲᠦᠭᠡᠨ ᠪᠠᠶ᠋ᠢᠭᠤᠯᠤᠯᠲᠠ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ 222.20 ᠲᠦᠮᠡᠨ ᠺᠢᠯᠣᠸᠠᠲ᠎ᠲᠤ ᠬᠦᠷᠴᠦ᠂ 1-11 ᠳ᠋ᠤᠭᠡᠷ ᠰᠠᠷ᠎ᠠ᠎ᠳᠤ ᠲᠠᠷᠢᠶᠠᠯᠠᠩ ᠮᠠᠯ᠎ᠤᠨ ᠭᠠᠷᠤᠯᠲᠠ ᠵᠢᠨ ᠪᠦᠲᠦᠭᠡᠭᠳᠡᠬᠦᠨ᠎ᠤ ᠨᠠᠷᠢᠯᠢᠭ ᠡᠳ᠋ᠰᠢᠭᠦᠯᠬᠦ ᠦᠢ᠍ᠯᠡᠰ᠎ᠤᠨ ᠨᠡᠮᠡᠭᠳᠡᠯ ᠥᠷᠲᠡᠭ 12.7% ᠨᠡᠮᠡᠭᠳᠡᠵᠦ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠲᠣᠰ ᠲᠣᠰ 83.3%᠂ 7.1 ᠳᠠᠬᠢᠨ ᠨᠡᠮᠡᠭᠳᠡᠨ᠂ ᠬᠡᠪᠴᠢᠶᠡᠵᠢᠯ ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠠᠰᠢᠭ ᠤᠯᠵᠠᠪᠤᠷᠢ ᠵᠢᠨ ᠶᠡᠷᠦᠩᠬᠡᠢ ᠬᠡᠮᠵᠢᠶ᠎ᠡ 17.4%᠎ᠪᠠᠷ ᠨᠡᠮᠡᠭᠳᠡᠪᠡ᠃ ᠵᠢᠱ᠌ᠢᠯᠲᠡ᠎ᠪᠠᠷ ᠨᠢᠭᠡᠴᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠡᠨᠧᠷᠭᠢ ᠵᠢᠨ ᠬᠤᠷᠣᠭᠳᠠᠭᠤᠯᠤᠯ᠎ᠤᠨ ᠣᠨ᠎ᠤ ᠬᠠᠷᠠᠯᠲᠠ ᠡᠭᠦᠷᠭᠡ ᠵᠢ ᠪᠡᠶᠡᠯᠡᠭᠦᠯᠪᠡ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠠᠳᠠᠭ᠋ᠠᠯᠠᠮᠵᠢ ᠪᠠ ᠵᠢᠭᠡᠯᠡᠯᠭᠡ ᠵᠢᠨ ᠦᠯᠡᠳᠡᠪᠦᠷᠢ ᠲᠤᠭ᠎ᠠ ᠴᠥᠮ 1000 ᠳ᠋ᠦᠩᠰᠢᠭᠤᠷ ᠲᠥᠭᠦᠷᠢᠭ᠎ᠢ ᠳᠠᠪᠠᠪᠠ᠃
      ᠭᠤᠷᠪᠠ᠎ᠳᠤ᠂ ᠡᠬᠢ ᠪᠠᠶᠠᠯᠢᠭ᠎ᠤᠨ ᠡᠯᠧᠮᠧᠨ᠋ᠲ᠎ᠢ ᠪᠦᠲᠦᠮᠵᠢᠲᠡᠶ᠎ᠪᠠᠷ ᠠᠮᠢᠳᠤᠯᠢᠭ ᠪᠣᠯᠭ᠋ᠠᠨ᠎ᠠ᠃ 《ᠲᠠᠪᠤ ᠵᠢ ᠲᠤᠶ᠋ᠢᠯᠪᠤᠷᠢᠲᠠᠢ ᠪᠠᠶ᠋ᠢᠴᠠᠭ᠋ᠠᠬᠤ》 ᠠᠵᠢᠯᠯᠠᠭ᠎ᠠ ᠵᠢ ᠭᠦᠨᠵᠡᠭᠡᠢ ᠲᠦᠯᠬᠢᠨ ᠠᠬᠢᠭᠤᠯᠵᠤ᠂ ᠵᠥᠪᠰᠢᠶᠡᠷᠡᠭᠦᠯᠬᠦ᠎ᠪᠠᠷ ᠪᠠᠶ᠋ᠢᠭ᠎ᠠ 520 ᠵᠦᠢ᠍ᠯᠡᠰ᠎ᠢ ᠵᠥᠪᠰᠢᠶᠡᠷᠡᠬᠦ ᠶᠣᠰᠣᠲᠠᠢ ᠵᠢ᠎ᠨᠢ ᠪᠦᠬᠦᠨ᠎ᠢ ᠵᠥᠪᠰᠢᠶᠡᠷᠡᠵᠦ᠂ 20 《ᠬᠠᠭ᠋ᠠᠰ ᠳᠤᠷᠭᠤᠨ》 ᠢᠨᠵᠧᠨᠧᠷᠢᠩ᠎ᠤᠨ ᠵᠦᠢ᠍ᠯᠡᠰ᠎ᠢ ᠪᠦᠬᠦᠨ᠎ᠢ ᠰᠡᠷᠭᠦᠭᠡᠨ ᠡᠬᠢᠯᠡᠭᠦᠯᠵᠤ᠂ 3.43 ᠳ᠋ᠦᠩᠰᠢᠭᠤᠷ ᠲᠥᠭᠦᠷᠢᠭ᠎ᠤᠨ ᠳᠠᠷᠤᠭᠳᠠᠵᠤ ᠪᠠᠶ᠋ᠢᠭ᠎ᠠ ᠪᠡᠯᠡ ᠮᠥᠩᠭᠦ ᠵᠢ ᠢᠯᠭ᠋ᠠᠷᠠᠭᠤᠯᠤᠨ ᠲᠤᠰᠢᠶᠠᠵᠤ᠂ ᠵᠥᠪᠰᠢᠶᠡᠷᠡᠭᠰᠡᠨ ᠪᠣᠯᠪᠠᠴᠤ ᠬᠠᠩᠭ᠋ᠠᠭᠰᠠᠨ ᠦᠭᠡᠢ ᠭᠠᠵᠠᠷ ᠰᠢᠷᠣᠢ ᠵᠢ 0.56 ᠲᠦᠮᠡᠨ ᠮᠦ᠍ ᠰᠢᠩᠭᠡᠭᠡᠵᠦ᠂ ᠰᠤᠯᠠ ᠪᠠᠶ᠋ᠢᠭ᠎ᠠ ᠭᠠᠵᠠᠷ ᠰᠢᠷᠣᠢ ᠵᠢ 0.16 ᠲᠦᠮᠡᠨ ᠮᠦ᠍ ᠰᠢᠢ᠍ᠳᠪᠦᠷᠢᠯᠡᠪᠡ᠃ ᠨᠡᠭᠡᠭᠡᠯᠲᠡ ᠵᠢᠨ ᠲᠣᠭᠤᠷᠢᠭ᠎ᠤᠨ ᠪᠡᠯᠡ ᠣᠷᠣᠭᠤᠯᠤᠯᠲᠠ ᠵᠢᠨ ᠡᠷᠴᠢᠮ᠂ ᠪᠠᠭᠲᠠᠭ᠋ᠠᠮᠵᠢ ᠵᠢᠨ ᠨᠣᠷᠮ᠎ᠠ᠂ ᠮᠦ᠍ ᠪᠦᠷᠢ ᠵᠢᠨ ᠳᠤᠮᠳᠠᠴᠢ ᠦᠢ᠍ᠯᠡᠳᠪᠦᠷᠢᠯᠡᠯ᠎ᠤᠨ ᠥᠷᠲᠡᠭ᠂ ᠭᠠᠶ᠋ᠢᠯᠢ ᠲᠠᠲᠠᠪᠤᠷᠢ ᠵᠡᠷᠭᠡ 4 ᠵᠦᠢ᠍ᠯ᠎ᠤᠨ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠤᠭ᠎ᠠ ᠵᠢ ᠲᠣᠭᠲᠠᠭ᠋ᠠᠵᠤ᠂ 11 ᠡᠷᠦᠬᠡ ᠦᠢ᠍ᠯᠡᠳᠪᠦᠷᠢᠯᠡᠬᠦ᠎ᠪᠠᠨ ᠵᠣᠭᠰᠣᠭᠰᠠᠨ ᠠᠵᠤ ᠠᠬᠤᠶ᠋ᠢᠯᠠᠯ᠂ 2 ᠪᠠᠶ᠋ᠢᠭᠤᠯᠬᠤ᠎ᠪᠠᠨ ᠵᠣᠭᠰᠣᠭᠰᠠᠨ ᠲᠥᠷᠥᠯ ᠵᠦᠢ᠍ᠯ᠎ᠢ ᠴᠡᠭᠴᠡᠯᠡᠨ ᠰᠠᠶ᠋ᠢᠵᠢᠷᠠᠭᠤᠯᠵᠤ᠂ ᠬᠦᠷᠢᠶᠡᠯᠡᠩ ᠲᠣᠭᠤᠷᠢᠭ᠎ᠤᠨ ᠬᠦᠳᠡᠯᠭᠡᠬᠦ ᠬᠦᠴᠦᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠢ ᠳᠡᠭᠡᠭᠰᠢᠯᠡᠪᠡ᠃ ᠲᠠᠷᠢᠶᠠᠯᠠᠩ᠎ᠤᠨ ᠤᠰᠤ ᠵᠢ ᠭᠦᠨᠵᠡᠭᠡᠢ ᠠᠷᠪᠢᠯᠠᠵᠤ ᠤᠰᠤ ᠵᠢ ᠬᠢᠵᠠᠭ᠋ᠠᠷᠯᠠᠬᠤ ᠠᠵᠢᠯ᠎ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠤᠰᠤ ᠵᠢ 0.90 ᠳ᠋ᠦᠩᠰᠢᠭᠤᠷ ᠺᠦᠪ ᠮᠧᠳ᠋ᠷ ᠠᠷᠪᠢᠯᠠᠪᠠ᠃ 5 ᠲᠦᠮᠡᠨ ᠮᠦ᠍ ᠲᠠᠷᠢᠶᠠᠨ ᠭᠠᠵᠠᠷ᠎ᠢ ᠨᠥᠬᠦᠪᠦᠷᠢᠯᠡᠬᠦ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠤᠯᠪᠣᠬᠤ ᠲᠥᠷᠥᠯ ᠵᠦᠢ᠍ᠯ 1000 ᠮᠦ᠍ ᠪᠠᠶ᠋ᠢᠵᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠦᠷᠢᠯᠡᠬᠦ ᠵᠢ ᠲᠡᠩᠴᠡᠭᠦᠷᠢᠲᠡᠢ ᠠᠷᠠᠯᠵᠢᠶᠠᠯᠠᠬᠤ ᠵᠢ 3327.42 ᠮᠦ᠍ ᠪᠡᠶᠡᠯᠡᠭᠦᠯᠵᠦ᠂ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠵᠤ ᠦᠯᠡᠳᠡᠪᠦᠷᠢ ᠵᠢᠨ ᠭᠦᠢ᠍ᠴᠡᠳᠬᠡᠯ ᠲᠤᠭ᠎ᠠ ᠵᠢ 587.70 ᠮᠦ᠍ ᠠᠷᠠᠯᠵᠢᠶᠠᠯᠠᠪᠠ᠃
      ᠳᠥᠷᠪᠡ᠎ᠳᠤ᠂ ᠠᠮᠢ ᠠᠬᠤᠢ ᠵᠢᠨ ᠣᠷᠴᠢᠨ ᠲᠤᠭᠤᠷᠢᠨ ᠦᠷᠭᠦᠯᠵᠢᠯᠡᠨ ᠰᠠᠶ᠋ᠢᠵᠢᠷᠠᠪᠠ᠃ 《ᠭᠤᠷᠪᠠᠨ ᠣᠷᠣᠨ ᠭᠤᠷᠪᠠᠨ ᠱᠤᠭᠤᠮ》᠎ᠢ ᠵᠠᠭ᠋ᠠᠭᠯᠠᠨ ᠲᠣᠭᠲᠠᠭ᠋ᠠᠬᠤ ᠠᠵᠢᠯ᠎ᠢ ᠪᠡᠶᠡᠯᠡᠭᠦᠯᠪᠡ᠃ ᠤᠯᠠᠭ᠋ᠠᠨᠰᠤᠬᠠᠢ ᠨᠠᠭᠤᠷ᠎ᠤᠨ ᠰᠠᠪᠠ ᠭᠠᠵᠠᠷ᠎ᠤᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠤᠷᠰᠢᠯᠲᠠ ᠵᠢᠨ ᠢᠨᠵᠧᠨᠧᠷᠢᠩ᠎ᠢ ᠪᠦᠬᠦ ᠲᠠᠯ᠎ᠠ᠎ᠪᠠᠷ ᠳᠠᠭᠤᠰᠬᠠᠵᠤ᠂ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠤᠯᠠᠭ᠋ᠠᠨᠰᠤᠬᠠᠢ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠬᠠᠮᠠᠭ᠋ᠠᠯᠠᠵᠤ ᠵᠠᠰᠠᠬᠤ ᠲᠥᠯᠦᠪᠵᠢᠭᠦᠯᠭᠡ》 ᠵᠢᠨ ᠲᠦᠷᠦᠯ ᠵᠦᠢ᠍ᠯ᠎ᠤᠨ ᠶᠡᠷᠦᠩᠬᠡᠢ ᠪᠡᠯᠡ ᠣᠷᠣᠭᠤᠯᠤᠯᠲᠠ ᠵᠢᠨ 67.9%᠎ᠢ ᠪᠡᠶᠡᠯᠡᠭᠦᠯᠵᠦ᠂ ᠠᠮᠢ ᠠᠬᠤᠢ ᠵᠢᠨ ᠤᠰᠤ ᠵᠢ 5.17 ᠳ᠋ᠦᠩᠰᠢᠭᠤᠷ ᠺᠦᠪ ᠮᠧᠲᠷ ᠨᠥᠬᠦᠪᠦᠷᠢᠯᠡᠪᠡ᠃ ᠲᠥᠪ᠎ᠤᠨ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢ ᠰᠢᠪᠠᠳᠠᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠲᠣᠪᠣᠶ᠋ᠢᠮ᠎ᠠ ᠠᠰᠠᠭᠤᠳᠠᠯ᠎ᠢ ᠴᠡᠭᠴᠡᠯᠡᠨ ᠵᠠᠰᠠᠬᠤ ᠪᠠ ᠬᠠᠳᠤᠨ ᠭᠤᠣᠯ᠎ᠤᠨ ᠵᠠᠮ᠎ᠤᠨ ᠬᠤᠯᠪᠣᠭᠳᠠᠯ ᠪᠦᠬᠦᠢ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠤᠨ ᠣᠨ᠎ᠤ ᠡᠭᠦᠷᠭᠡ᠎ᠪᠠᠨ ᠪᠡᠶᠡᠯᠡᠭᠦᠯᠪᠡ᠃ ᠲᠠᠷᠢᠶᠠᠯᠠᠩ᠎ᠤᠨ ᠣᠯᠠᠨ ᠡᠬᠢᠲᠦ ᠪᠣᠬᠢᠷᠳᠤᠯ᠎ᠤᠨ ᠵᠠᠰᠠᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠬᠢᠮᠢ ᠵᠢᠨ ᠪᠣᠷᠳᠣᠭᠤᠷ᠂ ᠲᠠᠷᠢᠶᠠᠨ ᠡᠮ᠎ᠤᠨ ᠮᠦ᠍ ᠪᠦᠷᠢ ᠵᠢᠨ ᠳᠤᠮᠳᠠᠴᠢ ᠬᠡᠷᠡᠭᠯᠡᠬᠦ ᠬᠡᠮᠵᠢᠶ᠎ᠡ ᠵᠢ ᠲᠣᠰ ᠲᠣᠰ 5.1%᠂ 2.7%᠎ᠪᠠᠷ ᠪᠠᠭᠤᠷᠠᠭᠤᠯᠵᠤ᠂ ᠣᠶ ᠰᠢᠭᠤᠢ ᠪᠡᠯᠴᠢᠭᠡᠷ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢ 57.90 ᠲᠦᠮᠡᠨ ᠮᠦ᠍ ᠪᠡᠶᠡᠯᠡᠭᠦᠯᠪᠡ᠃ 47.66 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠭᠰᠠᠨ ᠤᠮᠠᠷᠠᠲᠤ ᠣᠷᠣᠨ᠎ᠤ ᠡᠪᠦᠯ᠎ᠤᠨ ᠤᠯᠠᠷᠢᠯ᠎ᠤᠨ ᠴᠡᠪᠡᠷ ᠳᠤᠯᠠᠭ᠋ᠠᠯᠠᠭ᠎ᠠ ᠵᠢᠨ ᠵᠦᠢ᠍ᠯᠡᠰ᠎ᠢ ᠪᠣᠳᠠᠲᠠᠢ᠎ᠪᠠᠷ ᠨᠠᠶ᠋ᠢᠳᠠᠪᠤᠷᠢᠵᠢᠭᠤᠯᠵᠤ᠂ ᠠᠮᠢᠳᠤᠷᠠᠯ᠎ᠤᠨ ᠬᠤᠭ ᠨᠣᠪᠰᠢ ᠵᠢ ᠰᠢᠲᠠᠭ᠋ᠠᠵᠤ ᠴᠠᠬᠢᠯᠭ᠋ᠠᠨ ᠭᠠᠷᠭ᠋ᠠᠬᠤ ᠵᠦᠢ᠍ᠯᠡᠰ᠎ᠢ ᠪᠠᠶ᠋ᠢᠭᠤᠯᠵᠤ ᠳᠠᠭᠤᠰᠬᠠᠭ᠋ᠠᠳ ᠠᠰᠢᠭᠯᠠᠯᠲᠠ᠎ᠳᠤ ᠣᠷᠣᠭᠤᠯᠪᠠ᠃ ᠠᠭ᠋ᠠᠷ᠎ᠤᠨ ᠴᠢᠨᠠᠷ᠎ᠤᠨ ᠰᠢᠯᠢᠳᠡᠭ ᠰᠠᠶ᠋ᠢᠨ ᠨᠣᠷᠮ᠎ᠠ 88. 2%᠎ᠲᠤ ᠬᠦᠷᠴᠦ᠂ ᠤᠯᠤᠰ᠎ᠤᠨ ᠡᠵᠡᠮᠳᠡᠯ᠎ᠤᠨ ᠣᠭᠲᠣᠯᠣᠭ᠋ᠠᠰᠤ ᠵᠢᠨ ᠤᠰᠤᠨ᠎ᠤ ᠴᠢᠨᠠᠷ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠥᠷᠪᠡ᠃ ᠦᠶᠤᠸᠠᠨ ᠰᠢᠶᠠᠨ᠎ᠨᠢ ᠪᠦᠬᠦ ᠤᠯᠤᠰ᠎ᠤᠨ ᠵᠢᠷᠭᠤᠳᠤᠭ᠋ᠠᠷ ᠪᠦᠯᠦᠭ᠎ᠤᠨ 《ᠬᠦᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ》 ᠵᠢᠨ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ ᠵᠶ᠋ᠠᠷ ᠨᠡᠷᠡᠶ᠋ᠢᠳᠦᠭᠳᠡᠪᠡ᠃
      ᠲᠠᠪᠤ᠎ᠳᠤ᠂ ᠥᠭᠡᠷᠡᠴᠢᠯᠡᠯᠲᠡ ᠨᠡᠭᠡᠭᠡᠯᠲᠡ ᠵᠢᠨ ᠦᠷ᠎ᠡ ᠪᠦᠲᠦᠮᠵᠢ ᠢᠯᠡᠳᠲᠡ ᠪᠣᠯᠪᠠ᠃ 《ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠵᠢ ᠲᠥᠪᠯᠡᠷᠡᠭᠦᠯᠦᠨ ᠪᠤᠭᠤᠮᠲᠠ ᠰᠢᠪᠲᠤᠯᠬᠤ ᠣᠨ》᠎ᠤ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ 183 ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠪᠠ᠃ 《ᠳᠦᠷᠪᠡᠨ ᠭᠦᠢ᠍ᠴᠡᠳᠭᠡᠯ》᠎ᠤᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶ᠋ᠢᠷᠡᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠪᠥᠬᠦ ᠶᠠᠪᠤᠴᠠ ᠵᠢ ᠰᠦᠯᠵᠢᠶᠡᠨ ᠳᠡᠭᠡᠷ᠎ᠡ ᠭᠦᠢ᠍ᠴᠡᠳᠬᠡᠭᠰᠡᠨ ᠨᠣᠷᠮ᠎ᠠ 80.6%᠎ᠳᠤ ᠬᠦᠷᠴᠦ᠂ 6422 ᠵᠦᠢ᠍ᠯᠡᠰ᠎ᠢ ᠭᠠᠷ ᠤᠲᠠᠰᠤ᠎ᠪᠠᠷ ᠭᠦᠢ᠍ᠴᠡᠳᠬᠡᠬᠦ ᠵᠢ ᠪᠡᠶᠡᠯᠡᠭᠦᠯᠵᠦ᠂ 13302 ᠵᠦᠢ᠍ᠯ᠎ᠤᠨ ᠤᠴᠢᠷ ᠶᠠᠪᠤᠳᠠᠯ᠎ᠢ ᠡᠯᠧᠺᠲᠷᠣᠨ ᠦᠨᠡᠮᠯᠡᠯ ᠵᠶ᠋ᠠᠷ ᠰᠢᠢ᠍ᠳᠪᠦᠷᠢᠯᠡᠵᠦ᠂ 298 ᠵᠦᠢ᠍ᠯ᠎ᠤᠨ ᠤᠴᠢᠷ ᠶᠠᠪᠤᠳᠠᠯ᠎ᠢ 《ᠨᠢᠭᠡ ᠤᠴᠢᠷ᠎ᠢ ᠨᠢᠭᠡ ᠯᠡ ᠤᠳᠠᠭ᠎ᠠ᠎ᠳᠤ ᠰᠢᠢ᠍ᠳᠪᠦᠷᠢᠯᠡᠬᠦ》 ᠵᠢ ᠪᠡᠶᠡᠯᠡᠭᠦᠯᠵᠦ᠂ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠭᠤᠨ ᠤᠲᠠᠰᠤ ᠵᠢ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠂ ᠰᠢᠢ᠍ᠳᠪᠦᠷᠢᠯᠡᠭᠰᠡᠨ ᠨᠣᠷᠮ᠎ᠠ᠂ ᠬᠠᠨᠤᠮᠵᠢᠲᠠᠶ ᠨᠣᠷᠮ᠎ᠠ ᠲᠤᠰ ᠲᠤᠰ 100%᠂ 89.9%᠂ 90.2%᠎ᠲᠤ ᠬᠦᠷᠪᠡ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠬᠤᠳᠠ᠎ᠳᠤ ᠬᠠᠷᠢᠶᠠᠯᠠᠭᠳᠠᠬᠤ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠳᠤ ᠪᠠᠶ᠋ᠢᠯᠳᠤᠬᠤ ᠪᠣᠳᠣᠯᠭ᠎ᠠ ᠵᠢᠨ ᠳᠠᠬᠢᠨ ᠵᠣᠬᠢᠶᠠᠨ ᠪᠠᠶ᠋ᠢᠭᠤᠯᠬᠤ ᠪᠠ ᠲᠤᠰᠬᠠᠶ᠋ᠢᠵᠢᠭᠤᠯᠤᠨ ᠡᠮᠬᠢᠯᠡᠨ ᠨᠡᠶ᠋ᠢᠯᠡᠭᠦᠯᠬᠦ ᠠᠵᠢᠯ᠎ᠢ ᠪᠡᠶᠡᠯᠡᠭᠦᠯᠵᠦ᠂ ᠡᠳ᠋ ᠬᠥᠷᠥᠩᠭᠡ ᠵᠢᠨ ᠥᠷᠢᠲᠦᠯ᠎ᠤᠨ ᠨᠤᠷᠮ᠎ᠠ᠂ ᠡᠵᠡᠩᠨᠡᠯᠲᠡ ᠵᠢᠨ ᠶᠡᠷᠦᠩᠬᠡᠢ ᠣᠷᠣᠯᠭ᠎ᠠ ᠵᠡᠷᠭᠡ ᠭᠤᠣᠯ ᠪᠣᠯᠬᠤ ᠡᠵᠡᠩᠨᠡᠯᠲᠡ ᠵᠢᠨ ᠭᠦᠢ᠍ᠴᠡᠳᠬᠡᠬᠦ ᠲᠤᠭ᠎ᠠ ᠵᠢ ᠪᠦᠬᠦ ᠲᠠᠯ᠎ᠠ᠎ᠪᠠᠷ ᠰᠠᠶ᠋ᠢᠵᠢᠷᠠᠭᠤᠯᠵᠤ᠂ ᠠᠯᠳᠠᠪᠤᠷᠢ᠎ᠲᠠᠢ ᠪᠠᠶ᠋ᠢᠭᠰᠠᠨ᠎ᠠᠴᠠ ᠣᠯᠵᠠᠪᠤᠷᠢ᠎ᠲᠠᠢ ᠪᠤᠯᠵᠤ ᠦᠷ᠎ᠡ ᠪᠦᠲᠦᠮᠵᠢ ᠢᠯᠡᠳᠲᠡ ᠪᠣᠯᠪᠠ᠃ ᠪᠣᠭᠤᠮᠲᠠ ᠵᠢᠨ ᠵᠢᠯᠣᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠰᠢᠨ᠎ᠡ ᠵᠢ ᠡᠭᠦᠳᠴᠦ ᠠᠵᠢᠯᠯᠠᠵᠤ᠂ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠢ ᠪᠠᠶ᠋ᠢᠩᠭᠤᠵᠢᠭᠤᠯᠤᠨ ᠠᠵᠢᠯᠯᠠᠭᠤᠯᠪᠠ᠃ ᠵᠢᠱ᠌ᠢᠯᠲᠡ᠎ᠪᠠᠷ ᠪᠥᠬᠦ ᠬᠤᠲᠠ ᠵᠢᠨ ᠭᠠᠳᠠᠭ᠋ᠠᠳᠤ ᠠᠷᠠᠯᠵᠢᠶᠠᠨ᠎ᠤ ᠶᠡᠷᠦᠩᠬᠡᠢ ᠬᠡᠮᠵᠢᠶ᠎ᠡ 331 ᠳ᠋ᠦᠩᠰᠢᠭᠤᠷ ᠲᠥᠭᠦᠷᠢᠭ᠎ᠲᠤ ᠬᠦᠷᠴᠦ᠂ 41.7%᠎ᠪᠠᠷ ᠨᠡᠮᠡᠭᠳᠡᠵᠦ᠂ ᠭᠠᠭᠴᠠᠮᠤᠳᠤ ᠪᠣᠭᠤᠮᠲᠠ᠎ᠪᠠᠷ ᠨᠡᠪᠲᠡᠷᠡᠭᠰᠡᠨ ᠪᠠᠷᠠᠭ᠋ᠠᠨ᠎ᠤ ᠬᠡᠮᠵᠢᠶ᠎ᠡ 1900 ᠲᠦᠮᠡᠨ ᠲᠣᠨ᠎ᠳᠤ ᠬᠦᠷᠴᠦ᠂ 135.7%᠎ᠪᠠᠷ ᠨᠡᠮᠡᠭᠳᠡᠵᠦ᠂ ᠣᠨᠴᠠᠯᠢᠭᠲᠤ ᠲᠠᠷᠢᠶᠠᠯᠠᠩ ᠮᠠᠯ᠎ᠤᠨ ᠭᠠᠷᠤᠯᠲᠠ ᠵᠢᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ ᠵᠢᠨ ᠬᠡᠮᠵᠢᠶ᠎ᠡ 14 ᠵᠢᠯ ᠳᠠᠷᠠᠭ᠋ᠠᠯᠠᠨ ᠪᠥᠬᠦ ᠣᠷᠣᠨ᠎ᠤ ᠲᠡᠷᠢᠭᠦᠨ᠎ᠳᠤ ᠣᠷᠣᠵᠤ᠂ 6 ᠶᠡᠭᠡ ᠲᠢᠪ᠂ 102 ᠤᠯᠤᠰ ᠪᠠ ᠭᠠᠵᠠᠷ ᠣᠷᠣᠨ᠎ᠳᠤ ᠪᠣᠷᠣᠯᠠᠭᠤᠯᠤᠭᠳᠠᠵᠤ ᠪᠠᠶ᠋ᠢᠨ᠎ᠠ᠃
      ᠵᠢᠷᠭᠤᠭ᠎ᠠ᠎ᠳᠤ᠂ ᠵᠣᠯ ᠵᠢᠷᠭ᠋ᠠᠯ᠎ᠤᠨ ᠵᠢᠭ᠋ᠠᠯᠲᠠ ᠲᠤᠭ᠎ᠠ ᠶᠡᠭᠡ᠎ᠪᠠᠷ ᠳᠡᠭᠡᠭᠰᠢᠯᠡᠪᠡ᠃ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠤᠯᠠᠨ ᠡᠭᠡᠯᠵᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠤᠷᠢᠭᠯᠠᠨ ᠴᠣᠬᠢᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠵᠤ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠭᠦᠯ ᠮᠡᠨᠳᠤ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠬᠠᠮᠠᠭ᠋ᠠᠯᠠᠪᠠ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠵᠢ ᠪᠠᠬᠢᠵᠢᠭᠦᠯᠦᠨ ᠥᠷᠭᠡᠳᠬᠡᠵᠦ᠂ ᠶᠠᠳᠠᠭᠤ᠎ᠠᠴᠠ ᠠᠩᠭᠢᠵᠢᠷᠠᠭᠤᠯᠤᠭᠰᠠᠨ ᠬᠥᠮᠥᠨ ᠠᠮᠠ ᠵᠢᠨ ᠵᠢᠯ᠎ᠤᠨ ᠳᠤᠮᠳᠠᠴᠢ ᠴᠡᠪᠡᠷ ᠣᠷᠣᠯᠭ᠎ᠠ 15.2% ᠵᠶ᠋ᠠᠷ ᠨᠡᠮᠡᠭᠳᠡᠵᠦ᠂ ᠦᠶᠤᠸᠠᠨ ᠰᠢᠶᠠᠨ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠰᠢᠶᠠᠨ ᠵᠶ᠋ᠠᠷ ᠰᠣᠩᠭᠤᠭᠳᠠᠪᠠ᠃ ᠬᠤᠳᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠤᠷᠮ᠎ᠠ ᠵᠢ 3.8%᠎ᠪᠠᠷ ᠬᠢᠵᠠᠭ᠋ᠠᠷᠯᠠᠪᠠ᠃ ᠪᠤᠷᠤ ᠭᠡᠷᠲᠤ ᠲᠣᠭᠤᠷᠢᠭ᠎ᠤᠨ 4412 ᠢᠵᠢ ᠭᠡᠷ ᠪᠠᠶ᠋ᠢᠰᠢᠩ᠂ ᠬᠠᠭᠤᠴᠢᠨ ᠰᠠᠭᠤᠭ᠋ᠠᠯᠢ ᠲᠣᠭᠤᠷᠢᠭ᠎ᠤᠨ 11873 ᠡᠷᠦᠬᠡ ᠵᠢ ᠰᠢᠨᠡᠳᠬᠡᠨ ᠵᠠᠰᠠᠵᠤ᠂ ᠨᠢᠭᠡᠨᠲᠡ ᠬᠤᠳᠠᠯᠳᠤᠭ᠋ᠠᠳ ᠬᠤᠭᠤᠴᠠᠭ᠎ᠠ ᠬᠡᠲᠦᠷᠡᠲᠡᠯ᠎ᠡ ᠲᠤᠰᠢᠶᠠᠨ ᠥᠭᠬᠦ᠎ᠳᠤ ᠬᠦᠴᠢᠷᠲᠡᠢ ᠭᠡᠷ ᠬᠥᠷᠥᠩᠭᠡ ᠵᠢᠨ ᠲᠥᠷᠥᠯ ᠵᠦᠢ᠍ᠯ᠎ᠢ 28 ᠰᠡᠷᠭᠦᠭᠡᠨ ᠠᠵᠢᠯᠯᠠᠭᠤᠯᠪᠠ᠃ ᠪᠤᠭᠤᠲᠤ᠎ᠠᠴᠠ ᠢᠷᠭ᠋ᠠᠢ ᠬᠦᠷᠬᠦ ᠳᠡᠭᠡᠲᠦ ᠬᠤᠷᠳᠤ ᠵᠢᠨ ᠲᠡᠮᠦᠷ ᠵᠠᠮ᠎ᠤᠨ ᠪᠥᠬᠦ ᠱᠤᠭᠤᠮ᠎ᠤᠨ ᠠᠵᠢᠯ᠎ᠢ ᠡᠬᠢᠯᠡᠭᠦᠯᠵᠦ᠂ G335 ᠬᠦᠨᠬᠤᠳᠳᠤᠭ᠎ᠠᠴᠠ ᠬᠠᠯᠢᠭᠤᠲᠤ ᠬᠦᠷᠬᠦ ᠬᠡᠰᠡᠭ᠂ S311 ᠴᠤᠤ ᠶᠠᠩ᠎ᠠᠴᠠ ᠵᠢᠶᠠᠨ ᠹᠧᠩ ᠲᠠᠷᠢᠶᠠᠯᠠᠩ᠎ᠤᠨ ᠲᠠᠯᠠᠪᠠᠶ ᠬᠦᠷᠬᠦ ᠬᠡᠰᠡᠭ᠎ᠤᠨ ᠵᠠᠰᠠᠮᠠᠯ ᠵᠠᠮ᠂ ᠯᠢᠨ ᠾᠧ ᠵᠢᠨ ᠬᠤᠶ᠋ᠢᠲᠤ ᠭᠠᠷᠤᠴᠠ ᠵᠢᠨ ᠵᠠᠰᠠᠮᠠᠯ ᠵᠠᠮ᠎ᠤᠨ ᠰᠢᠨᠡᠴᠢᠯᠡᠯᠲᠡ ᠵᠢ ᠳᠠᠭᠤᠰᠬᠠᠵᠤ ᠲᠡᠷᠭᠡ ᠨᠡᠪᠲᠡᠷᠡᠭᠦᠯᠪᠡ᠃ 1537 ᠺᠢᠯᠣᠮᠧᠲᠷ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠰᠢᠨ᠎ᠡ᠎ᠪᠠᠷ ᠪᠠᠶ᠋ᠢᠭᠤᠯᠪᠠ᠃ 7 ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠢ ᠠᠵᠢᠯ ᠡᠬᠢᠯᠡᠭᠦᠯᠦᠨ ᠪᠠᠶ᠋ᠢᠭᠤᠯᠵᠤ᠂ ᠠᠯᠪᠠᠨ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ᠎ᠤᠨ ᠠᠵᠢᠯᠲᠠᠨ᠎ᠤ ᠶᠡᠷᠦᠩᠬᠡᠢ ᠬᠡᠮᠵᠢᠶᠡᠨ᠎ᠤ ᠬᠠᠮᠢᠶᠠᠷᠤᠯᠲᠠ᠂ ᠳᠤᠮᠳᠠᠳᠤ ᠪᠠᠭ᠎ᠠ ᠰᠤᠷᠭ᠋ᠠᠭᠤᠯᠢ ᠵᠢᠨ ᠠᠮᠵᠢᠯᠲᠠ ᠪᠦᠲᠦᠮᠵᠢ ᠵᠢᠨ ᠴᠠᠯᠢᠩ᠎ᠤᠨ ᠳᠦᠷᠢᠮ᠂ ᠳᠤᠮᠳᠠᠳᠤ ᠰᠤᠷᠭ᠋ᠠᠭᠤᠯᠢ ᠪᠠ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠵᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ ᠲᠣᠭᠲᠠᠭᠤᠨ ᠵᠶ᠋ᠠᠷ ᠳᠡᠭᠡᠭᠰᠢᠯᠡᠪᠡ᠃ 《ᠨᠡᠶ᠋ᠢᠰᠯᠡᠯ᠎ᠤᠨ ᠠᠨᠠᠭ᠋ᠠᠬᠤ ᠤᠬᠠᠭ᠋ᠠᠨ᠎ᠤ ᠶᠡᠭᠡ ᠰᠤᠷᠭ᠋ᠠᠭᠤᠯᠢ ᠵᠢᠨ ᠬᠠᠷᠢᠶᠠᠲᠤ ᠪᠡᠭᠡᠵᠢᠩ᠎ᠤᠨ ᠬᠢᠲᠠᠳ ᠡᠮᠨᠡᠯᠭᠡ ᠵᠢᠨ ᠬᠤᠷᠢᠶ᠎ᠠ ᠵᠢᠨ ᠥᠪᠥᠷ ᠮᠣᠩᠭᠤᠯ᠎ᠤᠨ ᠡᠮᠨᠡᠯᠭᠡ ᠵᠢᠨ ᠬᠤᠷᠢᠶ᠎ᠠ》 ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ ᠮᠠᠨ᠎ᠤ ᠬᠤᠲᠠ᠎ᠳᠤ ᠣᠷᠣᠭᠤᠯᠬᠤ ᠵᠢᠨ ᠬᠠᠮᠲᠤ ᠲᠦᠷᠭᠡᠪᠴᠢᠯᠡᠨ ᠪᠠᠶ᠋ᠢᠭᠤᠯᠵᠤ᠂ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠪᠠ ᠠᠪᠤᠷᠠᠨ ᠵᠠᠰᠠᠬᠤ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ ᠦᠷᠭᠦᠯᠵᠢᠯᠡᠨ ᠭᠦᠨᠵᠡᠭᠡᠶ᠋ᠢᠷᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠬᠦᠮᠦᠰ᠎ᠤᠨ ᠰᠡᠳᠬᠢᠯ᠎ᠳᠤ ᠭᠦᠨ ᠰᠠᠭᠤᠭᠳᠠᠵᠤ᠂ ᠤᠷᠠᠳ᠎ᠤᠨ ᠬᠤᠶ᠋ᠢᠲᠤ ᠬᠤᠰᠢᠭᠤ ᠪᠥᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠤᠰᠢᠭᠤ᠎ᠪᠠᠷ ᠰᠤᠩᠭᠤᠭᠳᠠᠪᠠ᠃ ᠬᠤᠶᠠᠷ᠎ᠢ ᠬᠦᠷᠢᠶᠡᠯᠡᠨ ᠬᠠᠮᠲᠤ᠎ᠪᠠᠷ ᠪᠠᠶ᠋ᠢᠭᠤᠯᠬᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ᠂ ᠴᠡᠷᠢᠭ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡ ᠪᠠᠲᠤᠯᠠᠭ᠎ᠠ ᠵᠡᠷᠭᠡ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠲᠡᠯᠡᠶ ᠵᠢᠨ ᠴᠡᠷᠢᠭ᠎ᠤᠨ ᠪᠠᠶᠠᠨᠨᠠᠭᠤᠷ ᠣᠩᠭᠤᠴᠠ ᠵᠢᠭᠰᠠᠭ᠋ᠠᠯ᠎ᠳᠤ ᠣᠷᠣᠪᠠ᠃ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ᠂ ᠠᠶᠤᠯᠭᠦᠢ ᠦᠢ᠍ᠯᠡᠳᠪᠦᠷᠢᠯᠡᠯ᠂ ᠢᠳᠡᠭᠡᠨ᠎ᠤ ᠵᠦᠢ᠍ᠯ ᠡᠮ᠎ᠤᠨ ᠵᠦᠢ᠍ᠯ᠎ᠤᠨ ᠠᠮᠤᠷ ᠲᠦᠪᠰᠢᠨ᠂ ᠵᠠᠬᠢᠳᠠᠯ ᠰᠣᠷᠪᠤᠯᠵᠢᠯᠠᠭ᠎ᠠ ᠲᠤᠭᠲᠠᠭᠤᠨ ᠪᠠᠶ᠋ᠢᠳᠠᠯ᠎ᠢ ᠬᠠᠮᠠᠭ᠋ᠠᠯᠠᠬᠤ ᠪᠠᠶ᠋ᠢᠳᠠᠯ ᠶᠡᠷᠦᠩᠬᠡᠢ᠎ᠳᠡᠭᠡᠨ ᠲᠣᠭᠲᠠᠭᠤᠨ ᠪᠠᠶ᠋ᠢᠵᠤ᠂ ᠨᠡᠶ᠋ᠢᠭᠡᠮ᠎ᠤᠨ ᠶᠡᠭᠡ ᠲᠠᠯ᠎ᠠ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠪᠠᠶ᠋ᠢᠨ᠎ᠠ᠃
      ᠲᠤᠯᠤᠭ᠎ᠠ᠎ᠳᠤ᠂ ᠲᠤᠰ ᠪᠡᠶ᠎ᠡ ᠵᠢᠨ ᠪᠠᠶ᠋ᠢᠭᠤᠯᠤᠯᠲᠠ ᠪᠦᠬᠦ ᠲᠠᠯ᠎ᠠ᠎ᠪᠠᠷ ᠴᠢᠩᠭ᠋ᠠᠷᠠᠪᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠰᠤᠷᠤᠯᠴᠠᠨ ᠡᠵᠡᠮᠰᠢᠵᠦ ᠨᠠᠶ᠋ᠢᠳᠠᠪᠤᠷᠢᠵᠢᠭᠤᠯᠵᠤ᠂ 《ᠬᠤᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ ᠤᠬᠠᠮᠰᠠᠷ᠎ᠠᠴᠠ᠎ᠪᠠᠨ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠬᠡᠷᠡᠭᠲᠡᠢ᠃ ᠬᠤᠲᠠ ᠵᠢᠨ ᠨᠠᠮ᠎ᠤᠨ ᠬᠤᠷᠢᠶ᠎ᠠ ᠵᠢᠨ ᠡᠭᠦᠷᠭᠡᠯᠡᠨ ᠠᠵᠢᠯᠯᠠᠬᠤ ᠵᠢ ᠴᠢᠩᠭ᠎ᠠ ᠨᠠᠶ᠋ᠢᠳᠠᠪᠤᠷᠢᠵᠢᠭᠤᠯᠵᠤ᠂ 《ᠲᠠᠪᠤᠨ ᠶᠡᠭᠡ ᠠᠵᠢᠯᠯᠠᠭ᠎ᠠ》 ᠵᠢ ᠨᠠᠶ᠋ᠢᠳᠠᠪᠤᠷᠢᠵᠢᠭᠤᠯᠬᠤ ᠵᠢ ᠴᠢᠩᠭ᠎ᠠ ᠠᠳᠬᠤᠨ᠂ 《ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭ᠋ᠠᠨ》 ᠪᠠᠶ᠋ᠢᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠺᠠᠳ᠋ᠷ᠎ᠤᠨ ᠡᠩᠨᠡᠭᠡ ᠵᠢᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠰᠢᠨ᠎ᠡ ᠪᠣᠯᠪᠠ᠃ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠢᠷᠤᠮᠵᠢᠭᠤᠯᠤᠯᠲᠠ ᠵᠢᠨ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠪᠡ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ᠂ ᠠᠵᠢᠯ᠎ᠤᠨ ᠬᠢᠨᠠᠯᠲᠠ ᠪᠠ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠳᠤᠷᠠᠳᠤᠯᠭ᠎ᠠ ᠵᠢ ᠪᠦᠬᠦᠨ᠎ᠢ ᠰᠢᠢ᠍ᠳᠪᠦᠷᠢᠯᠡᠨ ᠳᠠᠭᠤᠰᠬᠠᠵᠤ᠂ ᠬᠠᠨᠤᠮᠵᠢ ᠵᠢᠨ ᠨᠤᠷᠮ᠎ᠠ ᠵᠢ ᠲᠤᠰ ᠲᠤᠰ 98.0%᠂ 100%᠎ᠳᠤ ᠬᠦᠷᠭᠡᠪᠡ᠃ ᠦᠨᠡᠨᠬᠦ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠵᠢ ᠪᠠᠲᠤ ᠪᠠᠬᠢ ᠪᠤᠢ ᠪᠣᠯᠭ᠋ᠠᠵᠤ᠂ ᠬᠤᠳᠠ ᠵᠢᠨ ᠲᠤᠰ ᠱᠠᠲᠤᠨ᠎ᠤ ᠭᠤᠣᠯᠳᠠᠯᠭ᠎ᠠ ᠵᠢᠨ ᠪᠤᠰᠤ᠂ ᠵᠠᠪᠠᠯ ᠬᠡᠷᠡᠭᠰᠡᠬᠦ ᠪᠤᠰᠤ ᠵᠠᠷᠤᠯᠭ᠎ᠠ ᠵᠢ 3.50 ᠳ᠋ᠦᠩᠰᠢᠭᠤᠷ ᠲᠥᠭᠦᠷᠢᠭ ᠪᠠᠭ᠋ᠠᠰᠬᠠᠨ᠂ ᠶᠡᠷᠦᠩᠬᠡᠶ᠋ᠢᠯᠡᠭᠰᠡᠨ ᠪᠠᠭ᠋ᠠᠰᠬᠠᠭᠰᠠᠨ ᠨᠤᠷᠮ᠎ᠠ 14.4% ᠪᠠᠶ᠋ᠢᠵᠤ᠂ ᠪᠦᠬᠦ ᠬᠤᠳᠠ ᠵᠢᠨ 《ᠠᠯᠪᠠᠨ᠎ᠤ ᠭᠤᠷᠪᠠᠨ ᠵᠠᠷᠤᠳᠠᠯ》᠎ᠢ 13.4%᠎ᠪᠠᠷ ᠪᠠᠭᠤᠷᠠᠭᠤᠯᠪᠠ᠃
      ᠲᠥᠯᠥᠭᠡᠯᠡᠭᠴᠢᠳ ᠠ᠋! ᠥᠩᠭᠡᠷᠡᠬᠦ ᠭᠡᠵᠦ ᠪᠠᠶ᠋ᠢᠭ᠎ᠠ ᠨᠢᠭᠡ ᠵᠢᠯ᠎ᠤᠨ ᠬᠦᠴᠢᠷᠳᠡᠯ ᠵᠢᠱ᠌ᠢᠭᠰᠡᠨ᠎ᠠᠴᠠ ᠤᠯᠠᠨ ᠪᠠᠶ᠋ᠢᠵᠤ᠂ ᠦᠷ᠎ᠡ ᠪᠦᠲᠦᠮᠵᠢ᠎ᠨᠢ ᠵᠢᠱ᠌ᠢᠭᠰᠡᠨ᠎ᠠᠴᠠ ᠰᠠᠶ᠋ᠢᠨ ᠪᠣᠯᠪᠠ᠃ ᠪᠢᠳᠡ ᠰᠢ ᠵᠢᠨ ᠫᠢᠩ ᠶᠡᠷᠦᠩᠬᠡᠢ ᠱᠦᠵᠢ ᠵᠢᠨ ᠴᠢᠩ ᠰᠡᠳᠬᠢᠯ᠎ᠤᠨ ᠨᠠᠶ᠋ᠢᠳᠠᠯᠭ᠎ᠠ ᠵᠢᠨ ᠵᠣᠷᠢᠭᠵᠢᠭᠤᠯᠤᠯ ᠪᠠ ᠤᠷᠢᠶᠠᠯᠠᠯ᠎ᠤᠨ ᠳᠣᠣᠷ᠎ᠠ ᠪᠦᠬᠦ ᠬᠤᠲᠠ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠥᠭᠵᠢᠯᠲᠡ ᠵᠢ ᠠᠳᠬᠤᠨ᠂ ᠬᠢᠵᠢᠭ᠎ᠲᠠᠢ ᠪᠠᠶ᠋ᠢᠯᠳᠤᠵᠤ᠂ ᠲᠣᠭᠲᠠᠭᠤᠨ᠎ᠢ ᠪᠠᠲᠤᠯᠠᠨ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠂ ᠲᠦᠭᠰᠢᠭᠦᠷᠢ ᠥᠷᠢᠰᠦᠯᠳᠦᠭᠡᠨ ᠰᠣᠯᠪᠢᠴᠠᠨ ᠳᠠᠪᠬᠤᠴᠠᠭᠰᠠᠨ ᠳᠠᠷᠤᠯᠲᠠ ᠵᠢ ᠲᠤᠭᠤᠯᠵᠤ᠂ ᠠᠵᠤ ᠠᠬᠤᠢ ᠨᠡᠶ᠋ᠢᠭᠡᠮ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠪᠡᠶᠡᠯᠡᠭᠦᠯᠵᠦ᠂ ᠣᠳᠣᠬᠢᠴᠢᠯᠠᠭᠰᠠᠨ ᠪᠠᠶᠠᠨᠨᠠᠭᠤᠷ᠎ᠤᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠬᠠᠭᠤᠳᠠᠰᠤ ᠵᠢ ᠪᠢᠴᠢᠭᠯᠡᠭᠰᠡᠨ ᠪᠠᠶ᠋ᠢᠨ᠎ᠠ᠃
      ᠡᠳᠡᠭᠡᠷ ᠠᠮᠵᠢᠯᠲᠠ ᠵᠢ ᠣᠯᠣᠭᠰᠠᠨ᠎ᠤ ᠦᠨᠳᠦᠰᠦ᠎ᠨᠢ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠭᠤᠣᠯᠯᠠᠭᠴᠢ᠂ ᠪᠦᠬᠦ ᠨᠠᠮ᠎ᠤᠨ ᠭᠤᠣᠯᠯᠠᠭᠴᠢ ᠳᠠᠭ᠋ᠠᠭᠤᠯᠤᠨ ᠵᠠᠮᠴᠢᠯᠠᠭᠰᠠᠨ᠎ᠳᠤ ᠪᠤᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠣᠭᠤᠳᠤᠯᠭ᠎ᠠ᠎ᠳᠤ ᠪᠤᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠣᠨ ᠬᠤᠳᠠ ᠵᠢᠨ ᠨᠠᠮ᠎ᠤᠨ ᠬᠤᠷᠢᠶ᠎ᠠ ᠵᠢᠨ ᠵᠥᠪ ᠤᠳᠤᠷᠢᠳᠤᠯᠭ᠎ᠠ᠂ ᠬᠤᠳᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠂ ᠤᠯᠤᠰ ᠲᠦᠷᠦ ᠵᠢᠨ ᠵᠥᠪᠯᠡᠯᠭᠡᠨ ᠪᠣᠯᠣᠨ ᠨᠡᠶ᠋ᠢᠭᠡᠮ᠎ᠤᠨ ᠡᠯ᠎ᠡ ᠡᠲᠡᠭᠡᠳ᠎ᠤᠨ ᠬᠦᠴᠦᠲᠡᠢ ᠳᠡᠮᠵᠢᠯᠭᠡ᠂ ᠪᠦᠬᠦ ᠬᠤᠳᠠ ᠵᠢᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠪᠦᠯᠬᠦᠮᠳᠡᠨ ᠲᠡᠮᠡᠴᠡᠭᠰᠡᠨ ᠦᠷ᠎ᠡ ᠪᠦᠲᠦᠮᠵᠢ ᠮᠦᠨ᠃ ᠠᠳᠡ᠂ ᠪᠢ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠪᠦᠬᠦ ᠬᠤᠳᠠ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠪᠠᠶᠠᠨᠨᠠᠭᠤᠷ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠪᠦᠬᠦ ᠨᠠᠶ᠋ᠢᠵᠠ ᠨᠠᠷ᠎ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
      ᠤᠷᠤᠭᠰᠢᠯᠠᠯᠲᠠ ᠵᠢᠨ ᠠᠶᠠᠨ᠎ᠳᠤ ᠪᠡᠯᠡᠨ ᠵᠠᠮ ᠭᠡᠵᠦ ᠦᠭᠡᠢ᠃ ᠪᠢᠳᠡ ᠬᠥᠭᠵᠢᠯᠲᠡ ᠵᠢᠨ ᠳᠤᠮᠳᠠ ᠪᠠᠰᠠ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭ᠋ᠠᠷᠠᠵᠤ ᠪᠠᠶ᠋ᠢᠬᠤ ᠵᠢ ᠰᠡᠷᠭᠡᠭ ᠵᠶ᠋ᠠᠷ ᠲᠠᠨᠢᠵᠤ ᠣᠯᠪᠠ᠃ ᠬᠠᠮᠤᠭ᠎ᠤᠨ ᠶᠡᠭᠡ ᠠᠰᠠᠭᠤᠳᠠᠯ ᠪᠣᠯ ᠠᠵᠤ ᠠᠬᠤᠢ ᠵᠢᠨ ᠶᠡᠷᠦᠩᠬᠡᠢ ᠬᠡᠮᠵᠢᠶ᠎ᠡ ᠪᠠᠭ᠎ᠠ᠂ ᠬᠥᠭᠵᠢᠯᠲᠡ ᠭᠦᠢ᠍ᠴᠡᠳ ᠪᠤᠰᠤ ᠪᠠᠶ᠋ᠢᠬᠤ ᠶᠠᠪᠤᠳᠠᠯ ᠪᠣᠯᠣᠨ᠎ᠠ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠠᠯᠬᠤᠴᠠ ᠤᠳᠠᠭ᠋ᠠᠨ ᠪᠠᠶ᠋ᠢᠵᠤ᠂ ᠲᠠᠷᠢᠶᠠᠯᠠᠩ ᠮᠠᠯ᠎ᠤᠨ ᠭᠠᠷᠤᠯᠲᠠ ᠵᠢᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠡᠳ᠋ᠰᠢᠭᠦᠯᠬᠦ᠂ ᠭᠠᠳᠠᠭ᠋ᠠᠳᠤ᠎ᠠᠴᠠ ᠣᠷᠣᠭᠤᠯᠬᠤ ᠡᠬᠢ ᠪᠠᠶᠠᠯᠢᠭ᠎ᠢ ᠨᠤᠲᠤᠭᠰᠢᠯᠠᠭᠤᠯᠤᠨ ᠪᠤᠯᠪᠠᠰᠤᠷᠠᠭᠤᠯᠬᠤ ᠴᠢᠳᠠᠮᠵᠢ ᠬᠦᠷᠦᠯᠴᠡᠬᠦ ᠦᠭᠡᠢ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠪᠣᠶ ᠪᠣᠯᠤᠭᠰᠠᠨ ᠠᠵᠤ ᠦᠢ᠍ᠯᠡᠰ᠎ᠤᠨ ᠬᠤᠪᠢ ᠵᠢᠨ ᠵᠢᠩ ᠪᠠᠭ᠎ᠠ᠂ ᠲᠤᠯᠭ᠋ᠠᠭᠤᠷᠢ ᠠᠵᠤ ᠦᠢ᠍ᠯᠡᠰ᠎ᠤᠨ ᠬᠡᠯᠬᠢᠶ᠎ᠡ ᠣᠬᠤᠷ᠂ ᠪᠦᠲᠦᠭᠡᠭᠳᠡᠬᠦᠨ᠎ᠤ ᠨᠡᠮᠡᠯᠲᠡ ᠥᠷᠲᠡᠭ ᠳᠣᠣᠷ᠎ᠠ᠂ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ ᠪᠠᠭᠤᠷᠠᠢ ᠪᠠᠶ᠋ᠢᠨ᠎ᠠ᠃ ᠬᠠᠮᠤᠭ᠎ᠤᠨ ᠶᠡᠭᠡ ᠬᠢᠵᠠᠭ᠋ᠠᠷᠯᠠᠯ ᠪᠣᠯ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ᠂ ᠪᠦᠲᠦᠴᠡ ᠰᠢᠯᠢᠳᠡᠭ ᠪᠢᠰᠢ᠂ ᠢᠯᠠᠩᠭᠤᠶ᠎ᠠ ᠳᠡᠭᠡᠳᠦ ᠲᠡᠰ ᠳᠠᠪᠬᠤᠷᠭ᠎ᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠲᠤᠶ᠋ᠢᠯ ᠵᠶ᠋ᠠᠷ ᠲᠤᠲᠠᠭᠳᠠᠵᠤ᠂ ᠠᠵᠤ ᠠᠬᠤᠢ ᠵᠢᠨ ᠨᠡᠮᠡᠭᠳᠡᠯ᠎ᠳᠤ ᠦᠵᠡᠭᠦᠯᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢ ᠨᠡᠮᠡᠷᠢ ᠵᠢᠨ ᠨᠤᠷᠮ᠎ᠠ ᠳᠣᠣᠷ᠎ᠠ ᠪᠠᠶ᠋ᠢᠬᠤ ᠶᠠᠪᠤᠳᠠᠯ ᠪᠣᠯᠣᠨ᠎ᠠ᠃ ᠬᠠᠮᠤᠭ᠎ᠤᠨ ᠶᠡᠭᠡ ᠳᠠᠯᠳᠠ ᠲᠦᠭᠰᠢᠭᠦᠷᠢ ᠪᠤᠯ ᠠᠵᠤ ᠠᠬᠤᠢ ᠮᠥᠩᠭᠦᠨ ᠭᠦᠢ᠍ᠯᠭᠡᠭᠡᠨ᠎ᠤ ᠬᠦᠷᠢᠶᠡᠨ᠎ᠳᠠᠬᠢ ᠲᠦᠭᠰᠢᠭᠦᠷᠢ ᠵᠢ ᠮᠥᠨ ᠬᠦ᠌ ᠣᠮᠲᠣᠭ᠋ᠠᠶ᠋ᠢᠯᠠᠵᠤ ᠪᠣᠯᠣᠰᠢ ᠦᠭᠡᠢ᠂ ᠣᠷᠴᠢᠨ ᠲᠤᠭᠤᠷᠢᠨ᠎ᠤ ᠬᠢᠵᠠᠭ᠋ᠠᠷᠯᠠᠯ ᠡᠳᠦᠷ ᠢᠷᠡᠬᠦᠶ᠎ᠡ ᠴᠢᠩᠭ᠋ᠠᠷᠠᠵᠤ᠂ ᠤᠯᠠᠭ᠋ᠠᠨᠰᠤᠬᠠᠢ ᠨᠠᠭᠤᠷ᠎ᠤᠨ ᠰᠠᠪᠠ ᠭᠠᠵᠠᠷ᠎ᠤᠨ ᠭᠤᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ᠎ᠤ ᠣᠷᠴᠢᠨ ᠲᠤᠭᠤᠷᠢᠨ ᠮᠥᠨ ᠬᠦ᠌ ᠬᠡᠪᠡᠷᠡᠭ ᠪᠠᠶ᠋ᠢᠭᠰᠠᠭ᠋ᠠᠷ᠃ ᠬᠠᠮᠤᠭ᠎ᠤᠨ ᠶᠡᠭᠡ ᠳᠤᠲᠠᠭᠤᠳᠠᠯ ᠪᠣᠯ ᠰᠢᠯᠢᠳᠡᠭ ᠰᠤᠷᠭ᠋ᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠢᠨ ᠡᠬᠢ ᠪᠠᠶᠠᠯᠢᠭ ᠲᠤᠲᠠᠭᠳᠠᠵᠤ᠂ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠬᠠᠷᠢᠴᠠᠩᠭᠤᠢ᠎ᠪᠠᠷ ᠪᠠᠭᠤᠷᠠᠢ ᠪᠠᠶ᠋ᠢᠵᠤ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠢᠯᠡᠳᠲᠡ ᠲᠤᠲᠠᠭᠳᠠᠵᠤ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠢ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠦᠭᠡᠢ ᠪᠠᠶ᠋ᠢᠬᠤ ᠶᠠᠪᠤᠳᠠᠯ ᠪᠣᠯᠣᠨ᠎ᠠ᠃ ᠬᠠᠮᠤᠭ᠎ᠤᠨ ᠶᠡᠭᠡ ᠰᠢᠯᠭ᠋ᠠᠯᠲᠠ ᠪᠣᠯ ᠲᠦᠭᠡᠮᠡᠯ ᠬᠠᠷᠢᠯᠴᠠᠭ᠎ᠠ᠎ᠲᠠᠢ᠂ ᠪᠦᠬᠦ ᠲᠠᠯ᠎ᠠ ᠵᠢᠨ ᠰᠢᠰᠲ᠋ᠧᠮ᠎ᠲᠠᠢ᠂ ᠬᠥᠭᠵᠢᠯᠲᠡ ᠬᠤᠪᠢᠷᠠᠯᠲᠠ ᠵᠢᠨ ᠦᠵᠡᠯᠲᠡ᠎ᠪᠠᠷ ᠬᠡᠷᠡᠭ ᠪᠣᠳᠠᠰ᠎ᠢ ᠠᠵᠢᠭᠯᠠᠬᠤ ᠪᠠ ᠪᠣᠳᠣᠯᠬᠢᠯᠠᠭᠰᠠᠨ ᠵᠶ᠋ᠠᠷ ᠬᠦᠷᠦᠯᠴᠡᠬᠦ ᠦᠭᠡᠢ᠂ ᠢᠷᠡᠭᠡᠳᠦᠶ᠋ᠢᠴᠢ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠵᠢᠨ ᠴᠢᠨᠠᠷᠲᠠᠢ ᠲᠥᠯᠦᠪᠵᠢᠭᠦᠯᠭᠡ᠂ ᠪᠦᠬᠦᠯᠢ ᠴᠣᠭᠴᠠ ᠵᠢᠨ ᠴᠢᠨᠠᠷᠲᠠᠢ ᠠᠬᠢᠭᠤᠯᠤᠯᠲᠠ᠎ᠪᠠᠷ ᠬᠦᠷᠦᠯᠴᠡᠬᠦ ᠦᠭᠡᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《ᠳᠤᠯᠤᠭ᠎ᠠ ᠵᠢ ᠲᠠᠶᠠᠭᠳᠠᠬᠤ》 ᠪᠠ ᠬᠤᠳᠠ ᠵᠢᠨ ᠨᠠᠮ᠎ᠤᠨ ᠬᠤᠷᠢᠶ᠎ᠠ ᠵᠢᠨ 《ᠲᠠᠪᠤ ᠵᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠬᠦ》 ᠱᠠᠭ᠋ᠠᠷᠳᠠᠯᠭ᠎ᠠ᠎ᠲᠠᠢ ᠬᠠᠷᠢᠴᠠᠭᠤᠯᠪᠠᠯ ᠪᠠᠰᠠ ᠮᠠᠰᠢ ᠤᠯᠠᠨ ᠠᠰᠠᠭᠤᠳᠠᠯ ᠣᠷᠣᠰᠢᠵᠤ ᠪᠠᠶ᠋ᠢᠨ᠎ᠠ᠃ ᠡᠳᠡᠭᠡᠷ ᠠᠰᠠᠭᠤᠳᠠᠯ᠎ᠳᠤ ᠪᠢᠳᠡ ᠨᠢᠭᠡᠨᠲᠡ ᠠᠯᠢ ᠣᠯᠠᠨ ᠠᠷᠭ᠎ᠠ ᠬᠡᠮᠵᠢᠶ᠎ᠡ ᠠᠪᠴᠤ᠂ ᠣᠳᠣ ᠶᠠᠭ ᠪᠦᠬᠦ ᠬᠦᠴᠦᠨ ᠵᠶ᠋ᠠᠷ ᠵᠶ᠋ᠠᠨ ᠰᠢᠢ᠍ᠳᠪᠦᠷᠢᠯᠡᠵᠦ ᠪᠠᠶ᠋ᠢᠨ᠎ᠠ᠂ ᠪᠦᠬᠦ ᠬᠤᠲᠠ ᠵᠢᠨ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠶᠠᠭ᠋ᠠᠬᠢᠭᠰᠠᠨ ᠴᠤ᠌ ᠬᠥᠰᠡᠷᠳᠡᠭᠦᠯᠬᠦ ᠦᠭᠡᠢ᠃
      ᠬᠤᠶᠠᠷ᠂ 2023 ᠣᠨ᠎ᠤ ᠭᠤᠣᠯᠳᠠᠯᠭ᠎ᠠ᠎ᠲᠠᠢ ᠠᠵᠢᠯ
      2023 ᠣᠨ ᠪᠣᠯ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠡᠬᠢᠯᠡᠯᠲᠡ ᠵᠢᠨ ᠵᠢᠯ ᠮᠥᠨ᠂ ᠮᠠᠨ᠎ᠤ ᠬᠤᠲᠠ ᠵᠢᠨ ᠤᠳᠤᠬᠢᠴᠢᠯᠠᠭᠰᠠᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠠᠶᠠᠨ ᠵᠶ᠋ᠠᠨ ᠡᠬᠢᠯᠡᠭᠦᠯᠵᠦ᠂ ᠠᠵᠤ ᠠᠬᠤᠢ ᠵᠢᠨ ᠬᠥᠭᠵᠢᠯᠲᠡ ᠵᠢᠨ ᠲᠠᠰ ᠳᠡᠪᠰᠢᠬᠦ ᠵᠢ ᠪᠡᠶᠡᠯᠡᠭᠦᠯᠬᠦ᠂ ᠳᠠᠪᠠᠯᠲᠠ ᠦᠰᠦᠷᠡᠯᠲᠡ ᠵᠢᠨ ᠵᠠᠩᠭᠢᠯᠠᠭ᠎ᠠ ᠵᠢᠨ ᠵᠢᠯ ᠮᠥᠨ᠃ ᠪᠢᠳᠡ ᠬᠤᠳᠠ ᠵᠢᠨ ᠨᠠᠮ᠎ᠤᠨ ᠬᠤᠷᠢᠶᠠᠨ᠎ᠤ ᠲᠠᠪᠤᠳᠤᠭ᠋ᠠᠷ ᠬᠤᠭᠤᠴᠠᠭ᠋ᠠᠨ᠎ᠤ ᠳᠥᠷᠪᠡᠳᠦᠭᠡᠷ ᠪᠥᠬᠦᠳᠡ ᠬᠤᠷᠠᠯ ᠵᠢᠴᠢ ᠪᠦᠬᠦ ᠬᠤᠳᠠ ᠵᠢᠨ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ᠎ᠠᠴᠠ ᠳᠤᠷᠠᠳᠤᠭᠰᠠᠨ ᠶᠡᠷᠦᠩᠬᠡᠢ ᠱᠠᠭ᠋ᠠᠷᠳᠠᠯᠭ᠎ᠠ ᠪᠠ ᠭᠤᠣᠯᠳᠠᠯᠭ᠎ᠠ᠎ᠲᠠᠢ ᠡᠭᠦᠷᠭᠡ ᠵᠢᠨ ᠶᠣᠰᠣᠭ᠋ᠠᠷ ᠢᠲᠡᠭᠡᠯ ᠵᠣᠷᠢᠭ ᠵᠶ᠋ᠠᠨ ᠪᠠᠲᠤᠳᠬᠠᠨ᠂ ᠰᠢᠷᠭ᠋ᠠᠭᠤ ᠬᠠᠲᠠᠭᠤᠵᠢᠯᠲᠠᠢ᠎ᠪᠠᠷ ᠠᠵᠢᠯᠯᠠᠵᠤ᠂ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠰᠢᠨ᠎ᠡ ᠪᠠᠶ᠋ᠢᠳᠠᠯ᠎ᠢ ᠴᠢᠷᠮᠠᠶ᠋ᠢᠨ ᠪᠤᠢ ᠪᠣᠯᠭ᠋ᠠᠬᠤ ᠬᠡᠷᠡᠭᠲᠡᠢ᠃
      ᠵᠠᠰᠠᠭ᠎ᠤᠨ ᠣᠷᠳᠣᠨ᠎ᠤ ᠠᠵᠢᠯ᠎ᠤᠨ ᠶᠡᠷᠦᠩᠬᠡᠢ ᠱᠠᠭ᠋ᠠᠷᠳᠠᠯᠭ᠎ᠠ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢᠨ ᠲᠣᠭᠤᠷᠢᠨ᠎ᠳᠤ᠂ ᠰᠢᠨ᠎ᠡ ᠬᠥᠭᠵᠢᠯᠲᠡ ᠵᠢᠨ ᠤᠨᠤᠯᠵᠢᠬᠤᠨ᠎ᠢ ᠪᠦᠷᠢᠨ ᠭᠦᠢ᠍ᠴᠡᠳ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠬᠤ ᠰᠠᠭᠤᠷᠢᠨ ᠳᠡᠭᠡᠷ᠎ᠡ ᠲᠦᠷᠭᠡᠨ ᠤᠷᠤᠭᠰᠢᠯᠠᠨ ᠰᠢᠯᠢᠳᠡᠭ ᠵᠶ᠋ᠠᠷ ᠤᠷᠤᠭᠰᠢᠯᠠᠵᠤ᠂ ᠴᠢᠨᠠᠷ ᠰᠠᠶ᠋ᠢᠲᠠᠢ ᠠᠵᠤ ᠠᠬᠤᠢ ᠵᠢᠨ ᠬᠥᠭᠵᠢᠯᠲᠡ᠎ᠪᠠᠷ ᠭᠤᠣᠯ ᠪᠣᠯᠭ᠋ᠠᠵᠤ᠂ ᠥᠨᠳᠥᠷ ᠬᠢᠷᠢ ᠲᠦᠪᠰᠢᠨ ᠪᠦᠬᠦᠢ ᠠᠮᠢ ᠠᠬᠤᠢ ᠵᠢᠨ ᠬᠠᠮᠠᠭ᠋ᠠᠯᠠᠯᠲᠠ᠎ᠪᠠᠷ ᠤᠷᠢᠲᠠᠯ ᠪᠣᠯᠭ᠋ᠠᠵᠤ᠂ ᠴᠢᠨᠠᠷ ᠰᠠᠶ᠋ᠢᠲᠠᠢ ᠠᠷᠠᠳ᠎ᠤᠨ ᠠᠮᠢᠳᠤᠷᠠᠯ ᠵᠶ᠋ᠠᠷ ᠦᠨᠳᠦᠰᠦ ᠪᠣᠯᠭ᠋ᠠᠵᠤ᠂ ᠥᠨᠳᠥᠷ ᠪᠦᠲᠦᠮᠵᠢᠲᠡᠶ ᠨᠡᠶ᠋ᠢᠭᠡᠮ᠎ᠤᠨ ᠵᠠᠰᠠᠯᠲᠠ᠎ᠪᠠᠷ ᠲᠦᠰᠢᠭ ᠪᠣᠯᠭ᠋ᠠᠨ᠂ ᠥᠨᠳᠥᠷ ᠪᠠᠷᠢᠮᠵᠢᠶᠠᠲᠤ ᠨᠠᠮ᠎ᠤᠨ ᠪᠠᠶ᠋ᠢᠭᠤᠯᠤᠯᠲᠠ᠎ᠪᠠᠷ ᠪᠠᠲᠤᠯᠠᠭ᠎ᠠ ᠪᠣᠯᠭ᠋ᠠᠵᠤ᠂ 《ᠳᠥᠷᠪᠡᠨ ᠲᠣᠭᠤᠷᠢᠭ》 《ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ》᠎ᠢ ᠪᠦᠲᠦᠭᠡᠨ ᠪᠠᠶ᠋ᠢᠭᠤᠯᠬᠤ ᠬᠠᠷᠠᠯᠲᠠ ᠵᠢᠨ ᠪᠠᠶ᠋ᠢᠷᠢ ᠲᠣᠭᠲᠠᠭ᠋ᠠᠯᠲᠠ ᠵᠢ ᠲᠣᠭᠲᠠᠭ᠋ᠠᠵᠤ᠂ ᠠᠵᠤ ᠠᠬᠤᠢ ᠵᠢᠨ ᠴᠢᠨᠠᠷ ᠴᠢᠨᠰᠠᠭ᠎ᠠ ᠵᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠵᠢ ᠵᠣᠬᠢᠰᠲᠠᠢ ᠨᠡᠮᠡᠭᠳᠡᠭᠦᠯᠬᠦ ᠵᠢ ᠠᠬᠢᠭᠤᠯᠤᠨ᠂ ᠣᠳᠣᠬᠢᠴᠢᠯᠠᠭᠰᠠᠨ ᠪᠠᠶᠠᠨᠨᠠᠭᠤᠷ᠎ᠤᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠬᠠᠭᠤᠳᠠᠰᠤ ᠵᠢ ᠪᠢᠴᠢᠭᠯᠡᠨ᠎ᠡ᠃
      ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠪᠣᠯ᠄ ᠪᠦᠬᠦ ᠬᠤᠳᠠ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ᠎ᠢ 6% ᠣᠷᠴᠢᠮ ᠵᠶ᠋ᠠᠷ ᠨᠡᠮᠡᠭᠳᠡᠭᠦᠯᠦᠨ᠎ᠡ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ᠎ᠢ 6% ᠣᠷᠴᠢᠮ ᠵᠶ᠋ᠠᠷ ᠨᠡᠮᠡᠭᠳᠡᠭᠦᠯᠦᠨ᠎ᠡ; ᠡᠩ᠎ᠤᠨ ᠤᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠲᠥᠰᠥᠪ᠎ᠤᠨ ᠣᠷᠣᠯᠭ᠎ᠠ ᠵᠢ 2022 ᠣᠨ᠎ᠤ ᠲᠥᠰᠥᠪ᠎ᠤᠨ ᠲᠤᠭ᠎ᠠ᠎ᠠᠴᠠ 4% ᠣᠷᠴᠢᠮ ᠵᠶ᠋ᠠᠷ ᠨᠡᠮᠡᠭᠳᠡᠭᠦᠯᠦᠨ᠎ᠡ; ᠲᠣᠭᠲᠠᠮᠠᠯ ᠬᠦᠷᠦᠩᠭᠡ ᠵᠢᠨ ᠪᠡᠯᠡ ᠣᠷᠣᠭᠤᠯᠤᠯᠲᠠ ᠵᠢ 10%᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠵᠢ 5% ᠣᠷᠴᠢᠮ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠣᠷᠣᠯᠭ᠎ᠠ ᠵᠢ ᠲᠤᠰ ᠲᠤᠰ 6%᠂ 8% ᠣᠷᠴᠢᠮ ᠵᠶ᠋ᠠᠷ ᠨᠡᠮᠡᠭᠳᠡᠭᠦᠯᠦᠨ᠎ᠡ; ᠥᠪᠡᠷᠲᠡᠭᠡᠨ ᠵᠠᠰᠠᠬᠤ ᠣᠷᠣᠨ᠎ᠠᠴᠠ ᠪᠠᠭᠤᠯᠭ᠋ᠠᠭᠰᠠᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠬᠦ ᠲᠤᠭ᠎ᠠ ᠪᠣᠯᠣᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠠᠯᠲᠠ ᠡᠭᠦᠷᠭᠡ ᠵᠢ ᠪᠥᠬᠦ ᠲᠠᠯ᠎ᠠ᠎ᠪᠠᠷ ᠪᠡᠶᠡᠯᠡᠭᠦᠯᠦᠨ᠎ᠡ᠃
      ᠡᠶ᠋ᠢᠮᠦ ᠬᠠᠷᠠᠯᠲᠠ ᠵᠢ ᠲᠣᠭᠲᠠᠭ᠋ᠠᠭᠰᠠᠨ᠎ᠨᠢ ᠣᠳᠣᠬᠠᠨ᠎ᠤ ᠠᠵᠤ ᠠᠬᠤᠢ ᠵᠢᠨ ᠠᠵᠢᠯᠯᠠᠭ᠋ᠠᠨ᠎ᠤ ᠪᠠᠶ᠋ᠢᠳᠠᠯ᠂ ᠤᠳᠤ ᠪᠠᠶ᠋ᠢᠭ᠎ᠠ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠂ ᠭᠤᠣᠯᠳᠠᠯᠭ᠎ᠠ᠎ᠲᠠᠢ ᠲᠦᠷᠦᠯ ᠵᠦᠢ᠍ᠯ᠎ᠤᠨ ᠲᠣᠬᠢᠷᠠᠭᠤᠯᠤᠯᠲᠠ ᠵᠢᠴᠢ ᠠᠯᠢ ᠤᠯᠠᠨ ᠲᠣᠭᠲᠠᠭ᠋ᠠᠯᠲᠤ ᠪᠤᠰᠤ ᠬᠦᠴᠦᠨ ᠵᠦᠢ᠍ᠯ᠎ᠢ ᠭᠦᠢ᠍ᠴᠡᠳ ᠪᠣᠳᠣᠯᠬᠢᠯᠠᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠵᠣᠯᠭ᠋ᠠᠭᠤᠯᠵᠤ᠂ ᠬᠦᠴᠢᠷᠳᠡᠯ ᠪᠠ ᠥᠷᠢᠰᠦᠯᠳᠦᠭᠡᠨ᠎ᠢ ᠪᠠᠷᠤᠭᠴᠠᠭ᠋ᠠᠯᠠᠭᠰᠠᠨ ᠪᠣᠯᠬᠤᠷ ᠵᠢᠱ᠌ᠢᠯᠲᠡ ᠵᠢ ᠬᠥᠲᠥᠯᠥᠨ ᠵᠢᠯᠤᠭᠤᠳᠴᠤ᠂ ᠢᠲᠡᠭᠡᠯ ᠵᠣᠷᠢᠭ᠎ᠢ ᠬᠥᠪᠴᠢᠯᠡᠨ᠂ ᠬᠦᠴᠦᠨ ᠴᠢᠳᠠᠯ᠎ᠢ ᠨᠢᠭᠲᠠᠷᠠᠭᠤᠯᠬᠤ᠎ᠳᠤ ᠠᠰᠢᠭᠲᠠᠢ ᠶᠤᠮ᠃ ᠡᠳᠡᠭᠡᠷ ᠬᠠᠷᠠᠯᠲᠠ ᠵᠢ ᠪᠡᠶᠡᠯᠡᠭᠦᠯᠬᠦ᠎ᠳᠤ ᠪᠢᠳᠡ ᠬᠥᠭᠵᠢᠯᠲᠡ᠎ᠪᠠᠨ ᠲᠦᠷᠭᠡᠳᠬᠡᠵᠦ᠂ ᠬᠥᠭᠵᠢᠯᠲᠡ ᠵᠢ ᠶᠡᠭᠡ᠎ᠪᠠᠷ ᠠᠳᠬᠤᠬᠤ ᠤᠨᠤᠯᠵᠢᠬᠤᠨ᠎ᠢ ᠪᠠᠲᠤ ᠪᠠᠬᠢ ᠪᠣᠶ ᠪᠣᠯᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠪᠠᠷᠢᠮᠵᠢᠶ᠎ᠠ᠎ᠪᠠᠨ ᠳᠡᠭᠡᠭᠰᠢᠯᠡᠭᠦᠯᠵᠦ᠂ ᠥᠪᠡᠷ᠎ᠤᠨ ᠪᠡᠶ᠎ᠡ᠎ᠳᠡᠭᠡᠨ ᠳᠠᠷᠤᠯᠲᠠ ᠥᠭᠴᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠳᠣᠣᠷᠠᠬᠢ ᠠᠷᠪᠠᠨ ᠲᠠᠯ᠎ᠠ ᠵᠢᠨ ᠠᠵᠢᠯ᠎ᠢ ᠭᠤᠣᠯᠳᠠᠯᠭ᠎ᠠ᠎ᠲᠠᠢ ᠰᠠᠶ᠋ᠢᠲᠤᠷ ᠬᠢᠨ᠎ᠡ᠄
      (ᠨᠢᠭᠡ) ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠪᠠᠷ ᠬᠥᠲᠥᠯᠥᠮᠵᠢ ᠪᠣᠯᠭ᠋ᠠᠵᠤ᠂ ᠪᠦᠲᠦᠮᠵᠢᠲᠡᠶ ᠪᠡᠯᠡ ᠣᠷᠣᠭᠤᠯᠤᠯᠲᠠ ᠵᠢ ᠬᠦᠴᠦᠯᠡᠨ ᠥᠷᠭᠡᠳᠬᠡᠨ᠎ᠡ᠃ 《ᠲᠥᠷᠥᠯ ᠵᠦᠢ᠍ᠯ ᠵᠶ᠋ᠠᠷ ᠭᠤᠣᠯ ᠪᠣᠯᠭ᠋ᠠᠬᠤ》 ᠣᠨᠣᠯᠵᠢᠬᠤᠨ᠎ᠢ ᠪᠠᠲᠤ ᠪᠠᠬᠢ ᠪᠣᠶ ᠪᠣᠯᠭ᠋ᠠᠵᠤ᠂ ᠲᠥᠷᠥᠯ ᠵᠦᠢ᠍ᠯ ᠵᠶ᠋ᠠᠷ ᠪᠡᠯᠡ ᠣᠷᠣᠭᠤᠯᠤᠯᠲᠠ ᠵᠢ ᠳᠠᠶ᠋ᠢᠴᠢᠯᠠᠬᠤ᠂ ᠪᠡᠯᠡ ᠣᠷᠣᠭᠤᠯᠤᠯᠲᠠ᠎ᠪᠠᠷ ᠨᠡᠮᠡᠭᠳᠡᠯ᠎ᠤᠨ ᠬᠡᠮᠵᠢᠶ᠎ᠡ ᠵᠢ ᠠᠬᠢᠭᠤᠯᠬᠤ᠂ ᠨᠡᠮᠡᠭᠳᠡᠯ᠎ᠤᠨ ᠬᠡᠮᠵᠢᠶ᠎ᠡ᠎ᠪᠠᠷ ᠪᠦᠲᠦᠴᠡ ᠵᠢ ᠰᠢᠯᠢᠳᠡᠭᠵᠢᠭᠦᠯᠬᠦ᠎ᠳᠤ ᠲᠦᠰᠢᠭᠯᠡᠨ᠂ ᠲᠥᠷᠥᠯ ᠵᠦᠢ᠍ᠯ᠎ᠤᠨ 《ᠣᠷᠣᠭᠤᠯᠤᠯᠲᠠ》᠎ᠪᠠᠷ ᠠᠵᠤ ᠠᠬᠤᠢ ᠵᠢᠨ 《ᠲᠣᠭᠲᠠᠭᠤᠨ》᠎ᠢ ᠠᠬᠢᠭᠤᠯᠤᠨ᠎ᠠ᠃
      ᠲᠥᠷᠥᠯ ᠵᠦᠢ᠍ᠯ᠎ᠢ ᠥᠨᠳᠥᠷ ᠦᠷ᠎ᠡ ᠪᠦᠲᠦᠮᠵᠢ᠎ᠲᠠᠢ ᠪᠦᠲᠦᠭᠡᠨ ᠪᠠᠶ᠋ᠢᠭᠤᠯᠤᠨ᠎ᠠ᠃ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠡᠷᠲᠡᠯᠡᠵᠦ ᠪᠣᠳᠠᠲᠠᠶ᠋ᠢᠵᠢᠭᠤᠯᠵᠤ᠂ ᠬᠢᠨᠠᠨ ᠵᠥᠪᠰᠢᠶᠡᠷᠡᠬᠦ᠂ ᠡᠯᠧᠮᠧᠨ᠋ᠲ ᠨᠦᠬᠦᠴᠡᠯ᠎ᠤᠨ ᠪᠠᠲᠤᠯᠠᠭ᠎ᠠ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠡᠷᠭᠡ ᠠᠰᠠᠭᠤᠳᠠᠯ᠎ᠢ ᠪᠥᠬᠦ ᠶᠠᠪᠤᠴᠠ᠎ᠳᠤ ᠮᠥᠷᠳᠡᠨ ᠰᠢᠢ᠍ᠳᠪᠦᠷᠢᠯᠡᠵᠦ᠂ 194 ᠵᠦᠢ᠍ᠯ᠎ᠤᠨ ᠴᠢᠬᠤᠯᠠ ᠶᠡᠭᠡ ᠲᠥᠷᠥᠯ ᠵᠦᠢ᠍ᠯ᠎ᠢ ᠡᠬᠢᠯᠡᠭᠦᠯᠦᠨ ᠠᠵᠢᠯᠯᠠᠭᠤᠯᠵᠤ᠂ 396 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠦᠨ᠎ᠡ᠃ ᠳᠡᠭᠡᠳᠤ ᠰᠢᠨ᠎ᠡ ᠮᠡᠷᠭᠡᠵᠢᠯ᠎ᠤᠨ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠡᠷᠭᠡ 39 ᠵᠦᠢ᠍ᠯ᠎ᠤᠨ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ᠎ᠤ ᠲᠥᠷᠥᠯ ᠵᠦᠢ᠍ᠯ᠂ ᠹᠯᠣᠷ ᠠᠭᠤᠯᠤᠭᠰᠠᠨ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠢᠨ ᠰᠢᠨ᠎ᠡ ᠮᠠᠲ᠋ᠧᠷᠢᠶᠠᠯ ᠵᠡᠷᠭᠡ ᠠᠵᠤ ᠦᠢ᠍ᠯᠡᠰ᠎ᠤᠨ ᠬᠥᠭᠵᠢᠯᠲᠡ ᠵᠢᠨ ᠲᠥᠷᠥᠯ ᠵᠦᠢ᠍ᠯ 39᠂ 100 ᠲᠦᠮᠡᠨ ᠺᠢᠯᠣᠸᠠᠲ᠎ᠤᠨ 《ᠬᠡᠷᠡᠯ᠎ᠤᠨ ᠬᠠᠳᠠᠭ᠋ᠠᠯᠠᠯᠲᠠ + ᠠᠮᠢ ᠠᠬᠤᠢ ᠵᠢᠨ ᠵᠠᠰᠠᠯᠲᠠ》 ᠵᠡᠷᠭᠡ ᠡᠨᠧᠷᠭᠢ ᠵᠢᠨ ᠲᠥᠷᠥᠯ ᠵᠦᠢ᠍ᠯ 12᠂ G110 ᠬᠤᠶᠠᠷ ᠮᠤᠳᠤ᠎ᠠᠴᠠ ᠳ᠋ᠧᠩᠺᠸᠦ ᠬᠦᠷᠬᠦ ᠬᠡᠰᠡᠭ᠎ᠤᠨ ᠵᠠᠰᠠᠮᠠᠯ ᠵᠠᠮ ᠵᠡᠷᠭᠡ ᠵᠠᠮ ᠬᠠᠷᠢᠯᠴᠠᠭ᠋ᠠᠨ᠎ᠤ ᠲᠥᠷᠥᠯ ᠵᠦᠢ᠍ᠯ 17᠂ ᠵᠠᠰᠠᠮᠠᠯ ᠵᠠᠮ ᠲᠡᠮᠦᠷ ᠵᠠᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠲᠥᠪ ᠵᠡᠷᠭᠡ ᠪᠠᠷᠠᠭ᠋ᠠᠨ᠎ᠤ ᠭᠦᠢ᠍ᠯᠭᠡᠭᠡᠨ᠎ᠤ ᠲᠥᠷᠥᠯ ᠵᠦᠢ᠍ᠯ 10᠂ ᠪᠠᠷᠢᠮᠵᠢᠶᠠᠵᠢᠭᠰᠠᠨ ᠦᠢ᠍ᠯᠡᠳᠪᠦᠷᠢ ᠵᠢᠨ ᠪᠠᠶ᠋ᠢᠰᠢᠩ ᠵᠡᠷᠭᠡ ᠬᠤᠲᠠ ᠪᠠᠯᠭ᠋ᠠᠰᠤ ᠵᠢᠨ ᠬᠦᠷᠢᠶᠡᠯᠡᠩ ᠲᠣᠭᠤᠷᠢᠭ᠎ᠤᠨ ᠰᠠᠭᠤᠷᠢ ᠲᠦᠭᠦᠭᠡᠷᠦᠮᠵᠢ ᠵᠢᠨ ᠲᠥᠷᠥᠯ ᠵᠦᠢ᠍ᠯ 14᠂ ᠤᠰᠤ ᠵᠢ ᠶᠡᠷᠦᠩᠬᠡᠶ᠋ᠢᠯᠡᠨ ᠠᠰᠢᠭᠯᠠᠬᠤ ᠵᠡᠷᠭᠡ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠲᠥᠷᠥᠯ ᠵᠦᠢ᠍ᠯ 15᠂ ᠨᠡᠶ᠋ᠢᠭᠡᠮ᠎ᠤᠨ ᠦᠢ᠍ᠯᠡᠰ᠎ᠤᠨ ᠲᠥᠷᠥᠯ ᠵᠦᠢ᠍ᠯ 23᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠪᠠ ᠭᠡᠷ ᠬᠥᠷᠥᠩᠭᠡ ᠵᠢᠨ ᠲᠥᠷᠥᠯ ᠵᠦᠢ᠍ᠯ 25 ᠵᠢ ᠬᠡᠷᠡᠭᠵᠢᠭᠦᠯᠦᠨ᠎ᠡ᠃ 5G ᠵᠢᠨ ᠰᠠᠭᠤᠷᠢ ᠥᠷᠲᠡᠭᠡ ᠵᠢ 800᠎ᠠᠴᠠ ᠳᠡᠭᠡᠭᠰᠢ ᠰᠢᠨ᠎ᠡ᠎ᠪᠠᠷ ᠪᠠᠶ᠋ᠢᠭᠤᠯᠤᠨ᠎ᠠ᠃ ᠪᠤᠭᠤᠲᠤ᠎ᠠᠴᠠ ᠢᠷᠭ᠋ᠠᠢ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠪᠠᠶᠠᠨᠨᠠᠭᠤᠷ ᠥᠷᠲᠡᠭᠡ ᠵᠢ ᠪᠠᠶ᠋ᠢᠭᠤᠯᠵᠤ ᠳᠠᠭᠤᠰᠬᠠᠭ᠋ᠠᠳ ᠠᠰᠢᠭᠯᠠᠯᠲᠠ᠎ᠳᠤ ᠣᠷᠣᠭᠤᠯᠤᠨ᠎ᠠ᠃
      ᠥᠨᠳᠥᠷ ᠡᠬᠢᠯᠡᠯᠲᠡ᠎ᠲᠠᠢ᠎ᠪᠠᠷ ᠲᠦᠷᠦᠯ ᠵᠦᠢ᠍ᠯ᠎ᠢ ᠲᠦᠯᠦᠪᠵᠢᠭᠦᠯᠦᠨ᠎ᠠ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢᠨ ᠤᠳᠤᠷᠢᠳᠤᠮᠵᠢ ᠵᠢ ᠳᠠᠭ᠋ᠠᠵᠤ᠂ ᠰᠠᠭᠤᠷᠢ ᠲᠦᠬᠦᠭᠡᠷᠦᠮᠵᠢ᠂ ᠠᠵᠤ ᠦᠢ᠍ᠯᠡᠰ᠎ᠤᠨ ᠪᠦᠲᠦᠭᠡᠨ ᠪᠠᠶ᠋ᠢᠭᠤᠯᠤᠯᠲᠠ᠂ ᠣᠯᠠᠨ ᠨᠡᠶ᠋ᠢᠲᠡ ᠵᠢᠨ ᠦᠢ᠍ᠯᠡᠴᠢᠯᠡᠭᠡᠨ ᠵᠡᠷᠭᠡ ᠬᠦᠷᠢᠶ᠎ᠡ ᠴᠠᠷᠠᠭ᠎ᠠ ᠵᠢᠨ ᠲᠣᠭᠤᠷᠢᠨ᠎ᠳᠤ᠂ ᠲᠥᠷᠥᠯ ᠵᠦᠢ᠍ᠯ᠎ᠤᠨ ᠰᠤᠳᠤᠯᠤᠨ ᠲᠥᠰᠥᠪᠯᠡᠬᠦ ᠠᠵᠢᠯ᠎ᠢ ᠪᠣᠳᠠᠲᠠᠶ᠋ᠢᠵᠢᠭᠤᠯᠤᠨ ᠨᠠᠷᠢᠯᠢᠭ ᠬᠢᠵᠦ᠂ ᠨᠢᠭᠡ ᠪᠦᠯᠦᠭ ᠰᠠᠭᠤᠷᠢ ᠲᠦᠬᠦᠭᠡᠷᠦᠮᠵᠢ ᠵᠢᠨ ᠨᠢᠷᠤᠭᠤᠪᠴᠢ ᠴᠢᠨᠠᠷᠲᠠᠢ᠂ ᠪᠦᠲᠦᠴᠡ ᠵᠢᠨ ᠲᠣᠬᠢᠷᠠᠭᠤᠯᠤᠯᠲᠠ ᠵᠢᠨ ᠲᠤᠯᠭ᠋ᠠᠭᠤᠷᠢᠯᠠᠬᠤ ᠴᠢᠨᠠᠷᠲᠠᠢ᠂ ᠠᠵᠤ ᠦᠢ᠍ᠯᠡᠰ᠎ᠤᠨ ᠰᠦᠷᠦᠭᠵᠢᠯ᠎ᠤᠨ ᠤᠳᠤᠷᠢᠳᠤᠮᠵᠢ ᠵᠢᠨ ᠴᠢᠨᠠᠷᠲᠠᠢ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠲᠥᠷᠥᠯ ᠵᠦᠢ᠍ᠯ᠎ᠢ ᠲᠥᠯᠥᠪᠵᠢᠭᠦᠯᠵᠦ᠂ ᠰᠢᠯᠢᠨ ᠰᠣᠩᠭᠤᠵᠤ ᠢᠯᠭ᠋ᠠᠨ ᠲᠣᠳᠣᠯᠠᠵᠤ᠂ ᠲᠣᠬᠢᠷᠠᠭᠤᠯᠤᠨ ᠰᠢᠯᠢᠳᠡᠭᠵᠢᠭᠦᠯᠵᠦ᠂ ᠲᠥᠷᠥᠯ ᠵᠦᠢ᠍ᠯ᠎ᠤᠨ ᠬᠥᠮᠥᠷᠭᠡ ᠵᠢ ᠲᠡᠭᠦᠯᠳᠡᠷᠵᠢᠭᠦᠯᠵᠦ᠂ ᠨᠠᠩ ᠣᠯᠠᠨ ᠲᠥᠷᠥᠯ ᠵᠦᠢ᠍ᠯ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠡᠮᠵᠢᠬᠦ ᠬᠡᠪᠴᠢᠶᠡᠨ᠎ᠳᠤ ᠣᠷᠣᠭᠤᠯᠬᠤ ᠵᠢ ᠠᠬᠢᠭᠤᠯᠤᠨ᠎ᠠ᠃
      ᠲᠥᠷᠥᠯ ᠵᠦᠢ᠍ᠯ᠎ᠢ ᠴᠢᠨᠠᠷ ᠰᠠᠶ᠋ᠢᠲᠠᠢ᠎ᠪᠠᠷ ᠤᠷᠢᠨ ᠤᠷᠤᠭᠤᠯᠤᠨ᠎ᠠ᠃ ᠠᠷᠠᠯᠵᠢᠶᠠᠴᠢᠨ ᠤᠷᠢᠬᠤ ᠠᠵᠢᠯ᠎ᠢ ᠶᠡᠭᠡ᠎ᠪᠠᠷ ᠠᠳᠬᠤᠬᠤ ᠢᠯᠡ ᠲᠣᠳᠣ ᠤᠳᠤᠷᠢᠳᠤᠮᠵᠢ ᠵᠢ ᠪᠤᠶ ᠪᠣᠯᠭ᠋ᠠᠵᠤ᠂ 《ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ》 ᠵᠢᠴᠢ ᠮᠠᠨ᠎ᠤ ᠬᠤᠲᠠ ᠵᠢᠨ 12 ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠪᠦᠲᠦᠭᠡᠨ ᠪᠠᠶ᠋ᠢᠭᠤᠯᠬᠤ ᠵᠢᠨ ᠲᠣᠭᠤᠷᠢᠨ᠎ᠳᠤ᠂ ᠠᠵᠢᠯ ᠲᠥᠷᠥᠯ᠎ᠤᠨ ᠳᠠᠭ᠋ᠠᠭᠤᠯᠤᠭᠴᠢ ᠪᠠ ᠨᠠᠷᠠᠲᠤ ᠠᠵᠤ ᠠᠬᠤᠶ᠋ᠢᠯᠠᠯ᠎ᠢ ᠴᠢᠩᠭ᠎ᠠ ᠠᠩᠬᠠᠷᠴᠤ᠂ ᠬᠤᠳᠠᠯᠳᠤᠭ᠋ᠠᠴᠢᠨ ᠤᠷᠢᠬᠤ ᠣᠨᠣᠯᠵᠢᠬᠤᠨ᠎ᠢ ᠬᠤᠪᠢᠷᠠᠭᠤᠯᠤᠨ᠂ ᠬᠤᠳᠠᠯᠳᠤᠭ᠋ᠠᠴᠢᠨ ᠤᠷᠢᠬᠤ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠪᠥᠬᠦ ᠬᠦᠷᠢᠶ᠎ᠡ ᠴᠠᠷᠠᠭ᠎ᠠ ᠪᠥᠬᠦ ᠰᠠᠯᠠᠭ᠎ᠠ ᠮᠥᠴᠢᠷ ᠵᠶ᠋ᠠᠷ ᠵᠶ᠋ᠠᠨ ᠬᠤᠳᠠᠯᠳᠤᠭ᠋ᠠᠴᠢᠨ ᠤᠷᠢᠵᠤ᠂ ᠪᠥᠬᠦ ᠵᠢᠯ᠎ᠳᠤ ᠤᠯᠤᠰ᠎ᠤᠨ ᠳᠣᠲᠣᠭ᠋ᠠᠳᠤ ᠵᠢᠨ ᠪᠠᠶ᠋ᠢᠷᠢᠨ᠎ᠳᠤ ᠬᠦᠷᠦᠭᠰᠡᠨ ᠪᠡᠯᠡ ᠮᠥᠩᠭᠦ ᠵᠢ 15%᠎ᠠᠴᠠ ᠳᠡᠭᠡᠭᠰᠢ ᠨᠡᠮᠡᠭᠳᠡᠭᠦᠯᠦᠨ᠎ᠡ᠃ ᠬᠤᠳᠠᠯᠳᠤᠭ᠋ᠠᠴᠢᠨ ᠤᠷᠢᠬᠤ ᠶᠠᠰᠤ ᠴᠢᠨᠠᠷ᠎ᠢ ᠶᠡᠬᠡᠪᠡᠷ ᠳᠡᠭᠡᠭᠰᠢᠯᠡᠭᠦᠯᠵᠦ᠂ ᠶᠠᠷᠢᠯᠴᠠᠬᠤ᠂ ᠭᠡᠷ᠎ᠡ ᠲᠣᠭᠲᠠᠬᠤ᠂ ᠪᠦᠲᠦᠭᠡᠨ ᠪᠠᠶ᠋ᠢᠭᠤᠯᠬᠤ᠂ ᠡᠵᠡᠩᠨᠡᠬᠦ ᠡᠯ᠎ᠡ ᠭᠤᠭᠴᠤᠭ᠎ᠠ ᠵᠢᠨ ᠪᠥᠬᠦ ᠴᠤᠪᠤᠷᠠᠯ᠎ᠤᠨ ᠦᠢ᠍ᠯᠡᠴᠢᠯᠡᠭᠡ ᠵᠢ ᠰᠠᠶ᠋ᠢᠲᠤᠷ ᠬᠢᠵᠦ᠂ ᠰᠢᠨ᠎ᠡ᠎ᠪᠠᠷ ᠭᠡᠷ᠎ᠡ ᠲᠣᠭᠲᠠᠭᠰᠠᠨ ᠲᠥᠷᠥᠯ ᠵᠦᠢ᠍ᠯ᠎ᠤᠨ ᠲᠥᠷᠥᠯ ᠵᠦᠢ᠍ᠯ ᠲᠣᠭᠲᠠᠭ᠋ᠠᠬᠤ ᠭᠠᠷᠳᠠᠮ᠎ᠢ ᠭᠦᠢ᠍ᠴᠡᠳᠬᠡᠵᠦ ᠳᠠᠭᠤᠰᠬᠠᠭᠰᠠᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ ᠵᠢ ᠲᠣᠰ ᠲᠣᠰ 65%᠂ 45%᠎ᠳᠤ ᠴᠢᠷᠮᠠᠶ᠋ᠢᠨ ᠬᠦᠷᠦᠭᠦᠯᠵᠦ᠂ ᠪᠠᠶ᠋ᠢᠷᠢᠨ᠎ᠳᠤ ᠬᠦᠷᠦᠭᠰᠡᠨ ᠪᠡᠯᠡ ᠮᠥᠩᠭᠦ ᠵᠢ 20%᠎ᠠᠴᠠ ᠳᠡᠭᠡᠭᠰᠢ ᠨᠡᠮᠡᠭᠳᠡᠭᠦᠯᠦᠨ᠎ᠡ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠬᠤᠲᠠ᠂ ᠬᠤᠰᠢᠭᠤ ᠰᠢᠶᠠᠨ ᠲᠣᠭᠤᠷᠢᠭ᠎ᠤᠨ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠪᠡᠯᠡ ᠣᠷᠣᠭᠤᠯᠬᠤ᠂ ᠬᠤᠷᠰᠢᠨ ᠪᠡᠯᠡ ᠣᠷᠣᠭᠤᠯᠬᠤ᠂ ᠡᠯᠧᠮᠧᠨ᠋ᠲ ᠨᠦᠬᠦᠴᠡᠯ ᠵᠶ᠋ᠠᠷ ᠬᠤᠪᠢ ᠣᠷᠣᠭᠤᠯᠬᠤ ᠵᠡᠷᠭᠡ ᠠᠷᠭ᠎ᠠ ᠮᠠᠶᠢᠭ ᠵᠶ᠋ᠠᠷ ᠲᠥᠷᠥᠯ ᠵᠦᠢ᠍ᠯ᠎ᠢ ᠤᠷᠢᠨ ᠤᠷᠤᠭᠤᠯᠬᠤ ᠪᠠ ᠪᠦᠲᠦᠭᠡᠨ ᠪᠠᠶ᠋ᠢᠭᠤᠯᠬᠤ᠎ᠳᠤ ᠣᠷᠤᠯᠴᠠᠬᠤ ᠵᠢ ᠳᠡᠮᠵᠢᠨ᠎ᠡ᠃
      (ᠬᠤᠶᠠᠷ) ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ᠎ᠪᠠᠷ ᠴᠢᠭᠯᠡᠯ ᠪᠣᠯᠭ᠋ᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠦ ᠲᠠᠯ᠎ᠠ᠎ᠪᠠᠷ ᠠᠬᠢᠭᠤᠯᠤᠨ᠎ᠠ᠃ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠬᠦ 《ᠶᠢᠰᠦᠨ ᠶᠡᠭᠡ ᠢᠨᠵᠧᠨᠧᠷᠢᠩ》᠎ᠢ ᠬᠡᠷᠡᠭᠵᠢᠭᠦᠯᠬᠦ᠎ᠪᠠᠷ ᠭᠤᠣᠯᠳᠠᠯᠭ᠎ᠠ ᠪᠣᠯᠭ᠋ᠠᠵᠤ᠂ ᠲᠤᠭ᠎ᠠ ᠬᠡᠮᠵᠢᠶ᠎ᠡ ᠵᠢ ᠥᠷᠭᠡᠳᠬᠡᠬᠦ᠂ ᠴᠢᠨᠠᠷ᠎ᠢ ᠳᠡᠭᠡᠭᠰᠢᠯᠡᠭᠦᠯᠬᠦ᠂ ᠭᠠᠷᠤᠯᠲᠠ ᠵᠢ ᠨᠡᠮᠡᠭᠳᠡᠭᠦᠯᠬᠦ᠎ᠪᠠᠷ ᠦᠷᠭᠦᠯᠵᠢᠯᠡᠨ ᠬᠦᠴᠦᠯᠡᠨ ᠴᠢᠷᠮᠠᠶ᠋ᠢᠵᠤ᠂ ᠬᠠᠲᠤᠨ ᠭᠤᠣᠯ᠎ᠤᠨ ᠰᠠᠪᠠ ᠭᠠᠵᠠᠷ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠤᠷᠤᠨ᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠲᠥᠪᠯᠡᠷᠡᠭᠰᠡᠨ ᠣᠷᠣᠨ᠎ᠢ ᠲᠦᠷᠭᠡᠪᠴᠢᠯᠡᠨ ᠪᠠᠶ᠋ᠢᠭᠤᠯᠵᠤ᠂ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠭᠠᠷᠤᠯᠲᠠ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ ᠰᠢᠨ᠎ᠡ ᠬᠡᠪ ᠳᠠᠭᠤᠷᠢᠶᠠᠯ᠎ᠢ ᠪᠣᠶ ᠪᠣᠯᠭ᠋ᠠᠨ᠎ᠠ᠃
      ᠲᠠᠷᠢᠶᠠᠯᠠᠩ ᠮᠠᠯ ᠠᠵᠤ ᠠᠬᠤᠢ ᠵᠢᠨ ᠬᠡᠪᠴᠢᠶᠡᠵᠢᠯᠲᠡ᠂ ᠠᠵᠤ ᠦᠶ᠋ᠢᠯᠡᠰᠵᠢᠯᠲᠡ᠂ ᠨᠠᠷᠠᠲᠤ ᠲᠡᠮᠳᠡᠭᠵᠢᠯᠲᠡ ᠵᠢ ᠠᠬᠢᠭᠤᠯᠤᠨ᠎ᠠ᠃ ᠤᠯᠤᠰ᠎ᠤᠨ ᠰᠢᠨ᠎ᠡ ᠨᠢᠭᠡ ᠡᠭᠡᠯᠵᠢ ᠵᠢᠨ ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠮᠵᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠨᠠᠶ᠋ᠢᠳᠠᠪᠤᠷᠢᠵᠢᠭᠤᠯᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠣᠳᠠᠲᠠᠢ᠎ᠪᠠᠷ ᠠᠳᠬᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠳᠠᠯᠳᠠ ᠬᠦᠴᠦᠨ᠎ᠢ ᠠᠭᠤᠳᠠᠯᠤᠨ ᠳᠡᠭᠡᠭᠰᠢᠯᠡᠭᠦᠯᠬᠦ ᠵᠢ ᠪᠣᠳᠣᠯᠬᠢᠯᠠᠵᠤ᠂ ᠪᠥᠬᠦ ᠬᠤᠲᠠ᠎ᠪᠠᠷ ᠵᠶ᠋ᠠᠨ ᠳᠡᠭᠡᠳᠦ ᠰᠢᠨ᠎ᠡ ᠮᠡᠷᠭᠡᠵᠢᠯ᠎ᠤᠨ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ᠂ ᠵᠠᠭᠤᠨ ᠲᠦᠮᠡᠨ ᠮᠦ᠍ ᠵᠢᠨ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠢ ᠵᠢᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ᠂ ᠵᠠᠭᠤᠨ ᠲᠦᠮᠡᠨ ᠰᠠᠭ᠋ᠠᠯᠢ ᠵᠢᠨ ᠦᠨᠢᠶ᠎ᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠢᠨᠵᠧᠨᠧᠷᠢᠩ᠎ᠢ ᠭᠤᠣᠯᠳᠠᠯᠭ᠎ᠠ᠎ᠲᠠᠢ ᠬᠡᠷᠡᠭᠵᠢᠭᠦᠯᠵᠦ᠂ ᠪᠥᠬᠦ ᠬᠤᠲᠠ᠎ᠪᠠᠷ ᠵᠶ᠋ᠠᠨ ᠳᠡᠭᠡᠳᠦ ᠰᠢᠨ᠎ᠡ ᠮᠡᠷᠭᠡᠵᠢᠯ᠎ᠤᠨ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠤᠯᠤᠰ᠎ᠤᠨ ᠵᠢᠱ᠌ᠢᠶ᠎ᠡ ᠦᠵᠡᠭᠦᠯᠬᠦ ᠤᠷᠤᠨ᠎ᠢ ᠪᠥᠬᠦ ᠬᠦᠴᠦᠨ ᠵᠶ᠋ᠠᠷ ᠵᠶ᠋ᠠᠨ ᠴᠢᠷᠮᠠᠶ᠋ᠢᠨ ᠤᠯᠵᠤ᠂ 5 ᠵᠢᠯ᠎ᠤᠨ ᠬᠤᠭᠤᠴᠠᠭ᠋ᠠᠨ᠎ᠳᠤ ᠪᠥᠬᠦ ᠬᠤᠲᠠ ᠵᠢᠨ 1089.53 ᠲᠦᠮᠡᠨ ᠮᠦ᠍ ᠵᠢᠨ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠴᠥᠮ ᠳᠡᠭᠡᠳᠦ ᠰᠢᠨ᠎ᠡ ᠮᠡᠷᠭᠡᠵᠢᠯ᠎ᠤᠨ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠶ᠋ᠢᠭᠤᠯᠵᠤ᠂ ᠵᠢᠯ᠎ᠤᠨ ᠳᠣᠲᠣᠷ᠎ᠠ 100 ᠲᠦᠮᠡᠨ ᠮᠦ᠍ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ; ᠪᠡᠯᠡᠳᠭᠡᠮᠵᠢᠲᠦ ᠲᠠᠷᠢᠶᠠᠯᠠᠩ ᠪᠠ ᠬᠠᠰᠢᠶᠠᠯᠠᠨ ᠲᠡᠵᠢᠭᠡᠵᠦ ᠦᠷᠡᠵᠢᠭᠦᠯᠬᠦ ᠬᠦᠷᠢᠶᠡᠯᠡᠩ ᠲᠣᠭᠤᠷᠢᠭ᠎ᠢ 100 ᠪᠠᠶ᠋ᠢᠭᠤᠯᠤᠨ᠎ᠠ; ᠰᠠᠭ᠋ᠠᠯᠢ ᠵᠢᠨ ᠦᠨᠢᠶ᠎ᠡ ᠲᠡᠵᠢᠭᠡᠨ ᠠᠷᠠᠴᠢᠯᠠᠬᠤ ᠬᠡᠮᠵᠢᠶ᠎ᠡ ᠵᠢ 33 ᠲᠦᠮᠡ᠎ᠠᠴᠠ ᠳᠡᠭᠡᠭᠰᠢ᠎ᠳᠤ ᠬᠦᠷᠦᠭᠦᠯᠵᠦ᠂ ᠰᠠᠭ᠋ᠠᠯᠢ ᠵᠢᠨ ᠲᠥᠷᠥᠯ᠎ᠤᠨ ᠭᠠᠷᠤᠯᠲᠠ ᠵᠢ 120 ᠲᠦᠮᠡᠨ ᠲᠣᠨ᠎ᠠᠴᠠ ᠳᠡᠭᠡᠭᠰᠢ᠎ᠳᠤ ᠬᠦᠷᠦᠭᠦᠯᠵᠦ᠂ ᠡᠳᠦᠷ᠎ᠲᠤ 2000 ᠲᠣᠨ ᠴᠠᠭ᠋ᠠᠨ ᠢᠳᠡᠭᠡ ᠡᠳ᠋ᠰᠢᠭᠦᠯᠬᠦ ᠲᠥᠷᠥᠯ ᠵᠦᠢ᠍ᠯ᠎ᠢ ᠪᠣᠳᠠᠲᠠᠶ᠋ᠢᠵᠢᠭᠤᠯᠤᠨ ᠪᠦᠲᠦᠭᠡᠨ ᠪᠠᠶ᠋ᠢᠭᠤᠯᠬᠤ ᠵᠢ ᠠᠬᠢᠭᠤᠯᠤᠨ᠎ᠠ᠃ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠰᠢᠯᠢᠳᠡᠭ᠎ᠢ ᠪᠣᠶ᠋ᠢᠵᠢᠭᠤᠯᠤᠨ ᠬᠦᠴᠦᠷᠬᠡᠭ᠎ᠢ ᠲᠡᠳᠬᠦᠬᠦ᠎ᠳᠤ ᠠᠩᠬᠠᠷᠤᠯ ᠵᠶ᠋ᠠᠨ ᠬᠠᠨᠳᠤᠭᠤᠯᠵᠤ᠂ ᠠᠮᠢ ᠠᠬᠤᠢ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ᠂ ᠠᠯᠠᠰᠢᠨ ᠬᠤᠨᠢᠨ᠎ᠤ ᠠᠵᠤ ᠦᠢ᠍ᠯᠡᠰ᠎ᠤᠨ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠂ ᠬᠠᠲᠠᠭᠤ ᠪᠤᠭᠤᠳᠠᠢ ᠵᠢᠨ ᠨᠡᠮᠡᠭᠳᠡᠯ᠎ᠢ ᠨᠡᠮᠡᠭᠳᠡᠭᠦᠯᠦᠨ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠭᠤᠣᠯᠳᠠᠯᠭ᠎ᠠ᠎ᠲᠠᠢ ᠬᠡᠷᠡᠭᠵᠢᠭᠦᠯᠵᠦ᠂ ᠪᠣᠬᠢᠷᠳᠤᠯ ᠦᠭᠡᠢ ᠣᠷᠭ᠋ᠠᠨᠢᠭ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ 200 ᠲᠦᠮᠡᠨ ᠮᠦ᠍᠎ᠠᠴᠠ ᠳᠡᠭᠡᠭᠰᠢ ᠪᠠᠶ᠋ᠢᠯᠭ᠋ᠠᠬᠤ ᠵᠢ ᠪᠠᠲᠤᠯᠠᠨ᠂ ᠣᠷᠭ᠋ᠠᠨᠢᠭ ᠪᠣᠬᠢᠷᠳᠤᠯ ᠦᠭᠡᠢ ᠪᠦᠲᠦᠭᠡᠭᠳᠡᠬᠦᠨ᠎ᠢ 15᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠲᠠᠯᠠᠪᠠᠶ ᠵᠢ 100 ᠲᠦᠮᠡᠨ ᠮᠦ᠍ ᠵᠢ ᠳᠡᠯᠭᠡᠷᠡᠭᠦᠯᠦᠨ᠎ᠡ; ᠠᠯᠠᠰᠢᠨ ᠬᠤᠨᠢᠨ᠎ᠤ ᠰᠠᠶ᠋ᠢᠨ ᠡᠭᠦᠯᠳᠡᠷ᠎ᠢ ᠦᠷᠡᠵᠢᠭᠦᠯᠦᠨ ᠪᠣᠶ᠋ᠢᠵᠢᠭᠤᠯᠬᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠯᠠᠰᠢᠨ ᠬᠤᠨᠢᠨ᠎ᠤ ᠲᠡᠵᠢᠭᠡᠪᠦᠷᠢ ᠵᠢᠨ ᠬᠡᠮᠵᠢᠶ᠎ᠡ ᠵᠢ 2200 ᠲᠦᠮᠡᠨ ᠲᠤᠯᠤᠭ᠋ᠠᠢ ᠣᠷᠴᠢᠮ᠎ᠳᠤ ᠲᠣᠭᠲᠠᠪᠤᠷᠢᠵᠢᠭᠤᠯᠤᠨ᠎ᠠ; ᠪᠠᠶᠠᠨᠨᠠᠭᠤᠷ ᠪᠤᠭᠤᠳᠠᠢ ᠵᠢᠨ ᠰᠢᠷᠢᠰ ᠰᠢᠨ᠎ᠡ ᠡᠭᠦᠯᠳᠡᠷ᠎ᠢ ᠳᠡᠯᠭᠡᠷᠡᠭᠦᠯᠵᠦ᠂ ᠪᠤᠭᠤᠳᠠᠢ ᠲᠠᠷᠢᠬᠤ ᠲᠠᠯᠠᠪᠠᠢ ᠵᠢ 100 ᠲᠦᠮᠡᠨ ᠮᠦ᠍ ᠣᠷᠴᠢᠮ᠎ᠳᠤ ᠬᠦᠷᠭᠡᠨ᠎ᠡ᠃ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ ᠥᠷᠲᠡᠭ᠎ᠤᠨ ᠬᠡᠯᠬᠢᠶ᠎ᠡ ᠵᠢ ᠳᠡᠭᠡᠭᠰᠢᠯᠡᠭᠦᠯᠬᠦ ᠵᠢ ᠪᠣᠳᠣᠯᠬᠢᠯᠠᠵᠤ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠂ ᠠᠵᠤ ᠦᠶ᠋ᠢᠯᠡᠰᠵᠢᠯᠲᠡ ᠵᠢᠨ ᠬᠥᠲᠥᠴᠢ ᠠᠵᠤ ᠠᠬᠤᠶ᠋ᠢᠯᠠᠯ᠎ᠢ ᠪᠣᠶ᠋ᠢᠵᠢᠭᠤᠯᠬᠤ᠂ ᠨᠠᠷᠠᠲᠤ ᠲᠡᠮᠳᠡᠭᠲᠦ ᠵᠢ ᠪᠠᠶ᠋ᠢᠭᠤᠯᠬᠤ ᠢᠨᠵᠧᠨᠧᠷᠢᠩ᠎ᠢ ᠭᠤᠣᠯᠳᠠᠯᠭ᠎ᠠ᠎ᠲᠠᠢ ᠬᠡᠷᠡᠭᠵᠢᠭᠦᠯᠵᠦ᠂ ᠬᠠᠲᠠᠭᠤ ᠪᠤᠭᠤᠳᠠᠢ᠂ ᠠᠯᠠᠰᠢᠨ ᠬᠤᠨᠢ ᠵᠡᠷᠭᠡ ᠵᠢᠨ ᠲᠣᠭᠤᠷᠢᠨ᠎ᠳᠤ ᠡᠭᠦᠯᠳᠡᠷ ᠰᠣᠩᠭᠤᠨ ᠪᠣᠶ᠋ᠢᠵᠢᠭᠤᠯᠬᠤ ᠮᠡᠷᠭᠡᠵᠢᠯ᠎ᠤᠨ ᠪᠣᠭᠤᠮᠲᠠ ᠰᠢᠪᠲᠤᠯᠬᠤ ᠵᠢ ᠥᠷᠨᠢᠭᠦᠯᠵᠦ᠂ 15᠎ᠠᠴᠠ ᠳᠡᠭᠡᠭᠰᠢ ᠰᠢᠨ᠎ᠡ ᠡᠭᠦᠯᠳᠡᠷ᠎ᠢ ᠬᠢᠨᠠᠨ ᠲᠣᠭᠲᠠᠭ᠋ᠠᠵᠤ ᠳᠠᠩᠰᠠᠯᠠᠬᠤ᠎ᠪᠠᠷ ᠴᠢᠷᠮᠠᠶ᠋ᠢᠨ᠎ᠠ; ᠲᠤᠰᠬᠠᠢ ᠠᠵᠢᠯ᠎ᠤᠨ ᠬᠤᠷᠰᠢᠶ᠎ᠠ ᠪᠠ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ ᠵᠢ 100 ᠵᠢ ᠪᠣᠶ᠋ᠢᠵᠢᠭᠤᠯᠤᠨ ᠲᠡᠳᠬᠦᠵᠦ᠂ ᠬᠥᠯᠳᠡᠭᠡᠨ ᠬᠠᠳᠠᠭ᠋ᠠᠯᠠᠵᠤ ᠰᠢᠨ᠎ᠡ ᠰᠣᠷᠭᠤᠭ ᠪᠠᠶ᠋ᠢᠯᠭ᠋ᠠᠬᠤ ᠪᠡᠯᠡᠳᠬᠡᠮᠵᠢ ᠵᠢ 100 ᠵᠢ ᠪᠠᠶ᠋ᠢᠭᠤᠯᠤᠨ ᠳᠠᠭᠤᠰᠬᠠᠵᠤ᠂ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠲᠠᠯᠠᠪᠠᠶ ᠵᠢ 100 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠶ᠋ᠢᠯᠡᠰᠵᠢᠭᠰᠡᠨ ᠬᠥᠲᠥᠴᠢ ᠠᠵᠤ ᠠᠬᠤᠶ᠋ᠢᠯᠠᠯ᠎ᠢ 15᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠲᠠᠷᠢᠶᠠᠯᠠᠩ ᠮᠠᠯ᠎ᠤᠨ ᠭᠠᠷᠤᠯᠲᠠ ᠵᠢᠨ ᠪᠦᠲᠦᠭᠡᠭᠳᠡᠬᠦᠨ᠎ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠵᠢ 75%᠎ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ; 《ᠲᠡᠭᠷᠢ ᠵᠢᠨ ᠬᠡᠰᠢᠭᠲᠦ ᠪᠣᠷᠣᠳᠣᠬᠤᠢ》 ᠵᠢᠨ ᠡᠷᠬᠡ ᠣᠯᠭᠤᠭᠰᠠᠨ ᠪᠦᠲᠦᠭᠡᠭᠳᠡᠬᠦᠨ᠎ᠢ 10᠎ᠠᠴᠠ ᠳᠡᠭᠡᠭᠰᠢ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ᠎ᠤᠨ ᠪᠦᠲᠦᠭᠡᠭᠳᠡᠬᠦᠨ᠎ᠢ 10᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠃
      ᠦᠷ᠎ᠡ ᠪᠦᠲᠦᠮᠵᠢ ᠵᠢ ᠪᠠᠬᠢᠵᠢᠭᠦᠯᠬᠦ᠂ ᠲᠠᠬᠢᠨ ᠶᠠᠳᠠᠭᠤᠷᠠᠬᠤ ᠵᠢ ᠰᠡᠷᠭᠡᠶ᠋ᠢᠯᠡᠬᠦ᠂ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ᠎ᠪᠠᠷ ᠬᠦᠴᠦᠯᠡᠨ ᠴᠢᠷᠮᠠᠶ᠋ᠢᠨ᠎ᠠ᠃ ᠲᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠪᠠᠶ᠋ᠢᠳᠠᠯ᠎ᠢ ᠬᠢᠨᠠᠨ ᠬᠡᠮᠵᠢᠬᠦ᠂ ᠬᠠᠪᠰᠤᠷᠤᠨ ᠲᠡᠳᠬᠦᠬᠦ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠤᠷᠢᠭ᠎ᠠ ᠱᠤᠭᠤᠮ᠎ᠢ ᠪᠠᠲᠤ ᠰᠠᠬᠢᠨ᠎ᠠ᠃ 《ᠲᠦᠮᠡᠨ ᠠᠵᠤ ᠠᠬᠤᠶ᠋ᠢᠯᠠᠯ ᠵᠶ᠋ᠠᠷ ᠲᠦᠮᠡᠨ ᠲᠣᠰᠬᠤᠨ᠎ᠢ ᠬᠥᠭᠵᠢᠭᠦᠯᠦᠨ ᠮᠠᠨᠳᠤᠭᠤᠯᠬᠤ》 ᠠᠵᠢᠯᠯᠠᠭ᠎ᠠ ᠵᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠬᠤ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ ᠣᠯᠭᠤᠬᠤ ᠠᠵᠢᠯ᠎ᠢ ᠰᠠᠶ᠋ᠢᠲᠤᠷ ᠬᠢᠵᠦ᠂ ᠶᠠᠳᠠᠭᠤ᠎ᠠᠴᠠ ᠠᠩᠭᠢᠵᠢᠷᠠᠭᠰᠠᠨ ᠠᠷᠠᠳ ᠲᠦᠮᠡᠨ᠎ᠤ ᠳᠣᠲᠣᠭ᠋ᠠᠳᠤ ᠵᠢᠨ ᠬᠥᠭᠵᠢᠯᠲᠡ ᠵᠢᠨ ᠬᠦᠳᠡᠯᠭᠡᠬᠦ ᠬᠦᠴᠦᠨ᠎ᠢ ᠴᠢᠩᠭ᠋ᠠᠷᠠᠭᠤᠯᠤᠨ᠂ ᠶᠠᠳᠠᠭᠤ᠎ᠠᠴᠠ ᠠᠩᠭᠢᠵᠢᠷᠠᠭᠰᠠᠨ ᠠᠷᠠᠳ ᠲᠦᠮᠡᠨ᠎ᠤ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ ᠵᠢ ᠪᠥᠬᠦ ᠬᠤᠲᠠ ᠵᠢᠨ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ᠎ᠠᠴᠠ ᠥᠨᠳᠥᠷ ᠪᠠᠶ᠋ᠢᠬᠤ ᠵᠢ ᠪᠠᠲᠤᠯᠠᠨ᠎ᠠ᠃ ᠠᠷᠭ᠎ᠠ ᠪᠦᠬᠦᠨ᠎ᠢ ᠰᠦᠪᠡᠭᠴᠢᠯᠡᠨ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠵᠦ᠂ ᠨᠠᠩ ᠨᠢᠭᠲᠠ ᠲᠠᠷᠢᠶᠠᠯᠠᠩ ᠠᠵᠤ ᠠᠬᠤᠶ᠋ᠢᠯᠠᠯ᠎ᠤᠨ ᠠᠰᠢᠭ ᠲᠤᠰᠠ ᠵᠢ ᠬᠤᠯᠪᠣᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠲᠤ ᠵᠢᠨ ᠠᠵᠤ ᠠᠬᠤᠢ ᠵᠢ ᠶᠡᠬᠡᠪᠡᠷ ᠬᠥᠭᠵᠢᠭᠦᠯᠦᠨ᠂ ᠬᠡᠪᠴᠢᠶᠡᠵᠢᠭᠰᠡᠨ ᠡᠵᠡᠩᠨᠡᠯᠲᠡ ᠵᠢ ᠠᠬᠢᠭᠤᠯᠵᠤ᠂ ᠬᠥᠳᠡᠯᠮᠦᠷᠢ ᠬᠦᠴᠦᠨ᠎ᠤ ᠭᠠᠷᠭ᠋ᠠᠯᠭ᠎ᠠ ᠵᠢ ᠲᠥᠯᠥᠪᠯᠡᠭᠡ᠎ᠲᠠᠢ᠎ᠪᠠᠷ ᠵᠣᠬᠢᠶᠠᠨ ᠪᠠᠶ᠋ᠢᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠳᠡᠭᠡᠭᠰᠢᠯᠡᠭᠦᠯᠵᠦ᠂ ᠪᠣᠳᠠᠰ᠎ᠤᠨ ᠠᠮᠢᠳᠤᠷᠠᠯ᠎ᠢ ᠴᠢᠨᠡᠭᠡᠯᠢᠭᠵᠢᠭᠦᠯᠦᠨ᠎ᠡ᠃
      ᠬᠥᠳᠡᠭᠡ ᠲᠣᠰᠬᠤᠨ᠎ᠤ ᠬᠥᠭᠵᠢᠯᠲᠡ᠂ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ᠂ ᠬᠥᠳᠡᠭᠡ ᠲᠣᠰᠬᠤᠨ᠎ᠤ ᠵᠠᠰᠠᠯᠲᠠ ᠵᠢ ᠲᠦᠯᠬᠢᠨ ᠠᠬᠢᠭᠤᠯᠤᠨ᠎ᠠ᠃ ᠰᠢᠷᠭ᠋ᠠᠭᠤ ᠴᠢᠷᠮᠠᠶ᠋ᠢᠨ ᠣᠷᠣᠰᠢᠨ ᠰᠠᠭᠤᠬᠤ᠂ ᠦᠢ᠍ᠯᠡᠰ ᠡᠷᠬᠢᠯᠡᠬᠦ᠎ᠳᠤ ᠲᠣᠬᠢᠷᠠᠮᠵᠢᠲᠠᠢ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠪᠦᠲᠦᠭᠡᠨ ᠪᠠᠶ᠋ᠢᠭᠤᠯᠤᠨ᠎ᠠ᠃ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠲᠦᠷᠭᠡᠳᠬᠡᠵᠦ᠂ ᠬᠥᠳᠡᠭᠡ ᠲᠣᠰᠬᠤᠨ᠎ᠤ ᠬᠥᠭᠵᠢᠯᠲᠡ ᠵᠢᠨ ᠳᠤᠮᠳᠠ ᠤᠷᠳᠤ ᠬᠤᠭᠤᠴᠠᠭ᠋ᠠᠨ᠎ᠤ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠰᠢᠶᠠᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠴᠢᠳᠠᠮᠵᠢ ᠵᠢ ᠴᠢᠩᠭ᠋ᠠᠳᠬᠠᠵᠤ᠂ ᠲᠣᠰᠬᠤᠨ᠎ᠤ ᠱᠠᠲᠤᠨ᠎ᠤ ᠠᠷᠠᠳ ᠲᠦᠮᠡᠨ᠎ᠳᠤ ᠦᠢ᠍ᠯᠡᠴᠢᠯᠡᠬᠦ ᠴᠢᠳᠠᠮᠵᠢ ᠵᠢ ᠳᠡᠭᠡᠭᠰᠢᠯᠡᠭᠦᠯᠵᠦ᠂ ᠬᠤᠳᠠ ᠬᠥᠳᠡᠭᠡ ᠵᠢᠨ ᠡᠯᠧᠮᠧᠨ᠋ᠲ ᠬᠤᠣᠰ ᠴᠢᠭᠯᠡᠯ ᠵᠶ᠋ᠠᠷ ᠰᠢᠯᠵᠢᠬᠦ ᠵᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ᠎ᠤ ᠤᠯᠠᠨ ᠵᠦᠢ᠍ᠯ᠎ᠤᠨ ᠴᠢᠳᠠᠮᠵᠢ ᠵᠢ ᠥᠷᠭᠡᠳᠬᠡᠵᠦ᠂ ᠬᠥᠳᠡᠭᠡ ᠲᠣᠰᠬᠤᠨ᠎ᠤ ᠤᠯᠠᠨ ᠡᠰᠢᠲᠦ ᠦᠷᠳᠡᠭ᠎ᠢ ᠠᠭᠤᠳᠠᠯᠵᠤ᠂ ᠬᠥᠳᠡᠭᠡ ᠲᠣᠰᠬᠤᠨ᠎ᠤ ᠵᠢᠭᠤᠯᠴᠢᠯᠠᠯ᠂ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠎ᠠ᠂ ᠡᠷᠡᠭᠦᠯᠵᠢᠯ ᠰᠤᠪᠢᠯᠠᠯᠲᠠ ᠰᠡᠯᠡᠭᠦᠴᠡᠯ᠂ ᠲᠠᠷᠢᠶᠠᠯᠠᠩ᠎ᠤᠨ ᠶᠠᠪᠤᠳᠠᠯ᠎ᠢ ᠪᠡᠶᠡᠴᠢᠯᠡᠨ ᠣᠶ᠋ᠢᠯᠠᠭ᠋ᠠᠬᠤ ᠵᠡᠷᠭᠡ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠪᠣᠶ᠋ᠢᠵᠢᠭᠤᠯᠤᠨ᠎ᠠ᠃ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠦᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠢ 800 ᠺᠢᠯᠣᠮᠧᠲᠷ ᠰᠢᠨ᠎ᠡ᠎ᠪᠠᠷ ᠥᠭᠡᠷᠡᠴᠢᠯᠡᠨ ᠵᠠᠰᠠᠵᠤ᠂ 350 ᠡᠷᠦᠬᠡ ᠵᠢᠨ ᠨᠤᠷᠠᠬᠤ ᠠᠶᠤᠯᠲᠠᠢ ᠭᠡᠷ ᠪᠠᠶ᠋ᠢᠰᠢᠩ᠎ᠢ ᠥᠭᠡᠷᠡᠴᠢᠯᠡᠨ ᠵᠠᠰᠠᠵᠤ᠂ 4.26 ᠲᠦᠮᠡᠨ ᠡᠷᠦᠬᠡ ᠵᠢᠨ ᠨᠡᠭᠦᠷᠡᠰᠦ ᠵᠢ ᠴᠠᠬᠢᠯᠭ᠋ᠠᠨ ᠪᠣᠯᠭ᠋ᠠᠨ ᠥᠭᠡᠷᠡᠴᠢᠯᠡᠵᠦ᠂ 111 ᠠᠶ᠋ᠢᠯ ᠲᠣᠰᠬᠤᠨ᠎ᠤ ᠨᠣᠭᠤᠭ᠋ᠠᠷᠠᠭᠤᠯᠤᠯᠲᠠ ᠵᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ 4880 ᠡᠷᠦᠬᠡ ᠵᠢᠨ ᠵᠣᠷᠯᠣᠩ᠎ᠢ ᠥᠭᠡᠷᠡᠴᠢᠯᠡᠨ ᠵᠠᠰᠠᠵᠤ᠂ ᠪᠣᠬᠢᠷ ᠤᠰᠤ ᠵᠢ ᠰᠢᠢ᠍ᠳᠪᠦᠷᠢᠯᠡᠬᠦ ᠴᠢᠳᠠᠮᠵᠢ᠎ᠲᠠᠢ ᠪᠠᠶ᠋ᠢᠭᠤᠯᠤᠮᠵᠢᠲᠤ ᠪᠠᠯᠭ᠋ᠠᠰᠤ ᠵᠢ 75%᠎ᠠᠴᠠ ᠳᠡᠭᠡᠭᠰᠢ᠎ᠳᠤ ᠬᠦᠷᠦᠭᠦᠯᠦᠨ᠎ᠡ᠃ ᠬᠥᠳᠡᠭᠡ ᠲᠣᠰᠬᠤᠨ᠎ᠤ ᠵᠠᠰᠠᠯᠲᠠ ᠵᠢ ᠴᠢᠩᠭ᠋ᠠᠳᠬᠠᠨ ᠰᠠᠶ᠋ᠢᠵᠢᠷᠠᠭᠤᠯᠵᠤ᠂ ᠬᠠᠤᠯᠢᠵᠢᠯ᠎ᠤᠨ ᠬᠥᠮᠦᠵᠢᠯ᠎ᠢ ᠴᠢᠩᠭ᠋ᠠᠳᠬᠠᠵᠤ᠂ ᠬᠤᠪᠢ ᠬᠤᠷᠠᠮᠳᠤᠭᠤᠯᠬᠤ ᠳᠦᠷᠢᠮ᠂ ᠨᠠᠷᠢᠨ ᠳᠠᠩᠰᠠ ᠵᠢᠨ ᠳᠦᠷᠢᠮ᠂ ᠪᠢᠴᠢᠯ ᠵᠠᠰᠠᠯᠲᠠ ᠵᠡᠷᠭᠡ ᠬᠥᠳᠡᠭᠡ ᠲᠣᠰᠬᠤᠨ᠎ᠤ ᠵᠠᠰᠠᠯᠲᠠ ᠵᠢᠨ ᠵᠠᠭᠪᠤᠷ᠎ᠢ ᠳᠡᠯᠭᠡᠷᠡᠭᠦᠯᠦᠨ᠎ᠡ᠃ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠠᠵᠢᠯᠯᠠᠭ᠎ᠠ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠡᠯ᠎ᠡ ᠲᠥᠷᠥᠯ᠎ᠤᠨ ᠲᠠᠷᠢᠶᠠᠯᠠᠬᠤ᠂ ᠲᠠᠷᠢᠶᠠᠯᠠᠩ᠎ᠤᠨ ᠰᠤᠨᠢᠷᠬᠠᠯᠲᠠᠢ᠂ ᠲᠠᠷᠢᠶᠠᠯᠠᠩ᠎ᠤᠨ ᠦᠨᠦᠷ ᠠᠮᠲᠠ᠎ᠲᠠᠢ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠣᠶᠤᠨ᠎ᠤ ᠠᠮᠢᠳᠤᠷᠠᠯ᠎ᠤᠨ ᠡᠯᠪᠡᠭ ᠳᠡᠯᠪᠡᠭ ᠪᠠᠶ᠋ᠢᠬᠤ ᠵᠢ ᠪᠡᠶᠡᠯᠡᠭᠦᠯᠦᠨ᠎ᠡ᠃
      (ᠭᠤᠷᠪᠠ) ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠎ᠪᠠᠷ ᠤᠳᠤᠷᠢᠳᠤᠮᠵᠢ ᠪᠣᠯᠭ᠋ᠠᠵᠤ᠂ ᠠᠵᠤ ᠦᠢ᠍ᠯᠡᠳᠪᠦᠷᠢ ᠵᠢᠨ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ ᠳᠡᠭᠡᠳᠦ ᠦᠵᠦᠭᠦᠷᠴᠢᠯᠡᠬᠦ᠂ ᠣᠶᠤᠨᠴᠢᠯᠠᠬᠤ᠂ ᠪᠣᠬᠢᠷᠳᠤᠯ ᠦᠭᠡᠢ ᠴᠢᠭᠯᠡᠯ᠎ᠢ ᠪᠠᠷᠢᠮᠲᠠᠯᠠᠵᠤ᠂ ᠬᠡᠯᠬᠢᠶᠡᠰᠦ ᠵᠢ ᠤᠷᠲᠤᠳᠬᠠᠨ ᠬᠡᠯᠬᠢᠶᠡᠰᠦ ᠵᠢ ᠨᠥᠬᠦᠪᠦᠷᠢᠯᠡᠵᠦ ᠬᠡᠯᠬᠢᠶᠡᠰᠦ ᠵᠢ ᠴᠢᠩᠭ᠋ᠠᠳᠬᠠᠬᠤ ᠬᠠᠮ ᠠᠷᠭ᠎ᠠ ᠪᠠᠷᠢᠯ᠎ᠢ ᠰᠠᠶ᠋ᠢᠲᠤᠷ ᠬᠡᠷᠡᠭᠵᠢᠭᠦᠯᠵᠦ᠂ ᠳᠠᠪᠠᠭᠤᠯᠢᠭ ᠠᠵᠤ ᠦᠢ᠍ᠯᠡᠰ᠎ᠤᠨ ᠪᠥᠭᠡᠮᠨᠡᠷᠡᠨ ᠪᠦᠯᠦᠭᠯᠡᠬᠦ ᠵᠢ ᠠᠬᠢᠭᠤᠯᠵᠤ᠂ ᠬᠠᠲᠤᠨ ᠭᠤᠣᠯ᠎ᠤᠨ ᠰᠠᠪᠠ ᠭᠠᠵᠠᠷ᠎ᠤᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢᠨ ᠬᠤᠰᠢᠭᠤᠴᠢ ᠣᠷᠣᠨ᠎ᠢ ᠲᠦᠷᠭᠡᠨ ᠪᠠᠶ᠋ᠢᠭᠤᠯᠵᠤ᠂ ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠳᠤᠮᠳᠠ ᠰᠢᠨ᠎ᠡ ᠰᠢᠪᠲᠤᠯᠤᠯᠲᠠ ᠵᠢ ᠪᠡᠶᠡᠯᠡᠭᠦᠯᠦᠨ᠎ᠡ᠃
      ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠭᠤᠣᠯᠯᠠᠬᠤ ᠠᠵᠤ ᠦᠢ᠍ᠯᠡᠰ᠎ᠤᠨ ᠲᠣᠭᠤᠷᠢᠨ᠎ᠳᠤ᠂ ᠪᠦᠲᠦᠭᠡᠭᠳᠡᠬᠦᠨ᠎ᠤ ᠰᠢᠨ᠎ᠡ ᠵᠢ ᠡᠭᠦᠳᠬᠦ᠂ ᠢᠳᠡᠭᠡᠨ᠎ᠤ ᠰᠤᠳᠤᠯᠤᠨ ᠨᠡᠭᠡᠭᠡᠬᠦ ᠵᠢ ᠢᠳᠡᠪᠬᠢᠲᠡᠢ ᠥᠷᠨᠢᠭᠦᠯᠵᠦ᠂ ᠤᠷᠢᠳᠴᠢᠯᠠᠨ ᠦᠢ᠍ᠯᠡᠳᠦᠭᠰᠡᠨ ᠨᠣᠭᠤᠭ᠎ᠠ ᠵᠠᠭᠤᠰᠢ᠂ ᠰᠤᠯᠠ ᠢᠳᠡᠭᠡᠨ ᠵᠡᠷᠭᠡ ᠦᠢ᠍ᠯᠡᠳᠦᠯᠲᠦ ᠴᠢᠨᠠᠷᠲᠠᠢ ᠢᠳᠡᠭᠡᠨ᠎ᠢ ᠶᠡᠬᠡᠪᠡᠷ ᠬᠥᠭᠵᠢᠭᠦᠯᠵᠦ᠂ ᠪᠦᠲᠦᠭᠡᠭᠳᠡᠬᠦᠨ᠎ᠤ ᠨᠡᠮᠡᠯᠲᠡ ᠥᠷᠲᠡᠭ ᠪᠠ ᠦᠨ᠎ᠡ ᠥᠰᠬᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ 《ᠭᠤᠷᠪᠠᠨ ᠬᠤᠨᠢ》 ᠵᠢᠨ ᠠᠵᠤ ᠦᠢ᠍ᠯᠡᠰ᠎ᠢ ᠳᠡᠮᠵᠢᠬᠦ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠬᠤᠨᠢᠨ ᠨᠣᠣᠰᠣ ᠵᠢ ᠰᠠᠯᠭ᠋ᠠᠨ ᠰᠠᠮᠨᠠᠬᠤ ᠠᠵᠤ ᠦᠢ᠍ᠯᠡᠰ᠎ᠤᠨ ᠬᠦᠷᠢᠶᠡᠯᠡᠩ᠂ ᠨᠣᠣᠰᠣ ᠨᠣᠯᠤᠥᠷ᠎ᠤᠨ ᠪᠦᠲᠦᠭᠡᠭᠳᠡᠬᠦᠨ᠎ᠤ ᠠᠵᠤ ᠦᠢ᠍ᠯᠡᠰ᠎ᠤᠨ ᠬᠦᠷᠢᠶᠡᠯᠡᠩ᠂ ᠬᠤᠨᠢᠨ ᠠᠷᠠᠰᠤᠨ᠎ᠤ ᠢᠳᠡᠭᠡᠨᠵᠢᠭᠦᠯᠦᠨ ᠡᠳ᠋ᠰᠢᠭᠦᠯᠬᠦ ᠲᠥᠪ ᠵᠡᠷᠭᠡ ᠵᠢ ᠪᠦᠲᠦᠭᠡᠨ ᠪᠠᠶ᠋ᠢᠭᠤᠯᠵᠤ᠂ ᠪᠣᠬᠢᠷᠳᠤᠯ ᠦᠭᠡᠢ ᠲᠠᠷᠢᠶᠠᠯᠠᠩ ᠮᠠᠯ᠎ᠤᠨ ᠭᠠᠷᠤᠯᠲᠠ ᠵᠢᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠠᠵᠤ ᠦᠢ᠍ᠯᠡᠰ᠎ᠤᠨ ᠨᠡᠮᠡᠭᠳᠡᠯ ᠥᠷᠲᠡᠭ᠎ᠢ 10%᠎ᠠᠴᠠ ᠳᠡᠭᠡᠭᠰᠢ ᠨᠡᠮᠡᠭᠳᠡᠭᠦᠯᠦᠨ᠎ᠡ᠃ ᠰᠢᠨ᠎ᠡ ᠬᠡᠯᠪᠡᠷᠢ ᠵᠢᠨ ᠲᠡᠮᠦᠷᠯᠢᠭ ᠬᠠᠶ᠋ᠢᠯᠤᠭᠤᠯᠬᠤ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠰᠦᠷᠦᠭᠵᠢᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠬᠡᠯᠬᠢᠶᠡᠰᠦ ᠵᠢ ᠤᠷᠲᠤᠳᠬᠠᠨ ᠬᠡᠯᠬᠢᠶᠡᠰᠦ ᠵᠢ ᠨᠥᠬᠦᠪᠦᠷᠢᠯᠡᠬᠦ᠂ ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ᠂ ᠡᠮᠬᠢᠯᠡᠨ ᠨᠡᠶ᠋ᠢᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠵᠤ ᠦᠢ᠍ᠯᠡᠰ᠎ᠤᠨ ᠲᠠᠰ ᠳᠡᠪᠰᠢᠬᠦ ᠵᠢ ᠠᠬᠢᠭᠤᠯᠤᠨ᠎ᠠ᠃ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠶ᠋ᠢᠯᠠᠯ᠎ᠤᠨ ᠲᠣᠭ᠋ᠠᠵᠢᠭᠤᠯᠤᠭᠰᠠᠨ ᠦᠨᠡᠯᠡᠨ ᠵᠢᠱ᠌ᠢᠵᠦ ᠣᠨᠣᠰᠢᠯᠠᠬᠤ ᠵᠢ ᠪᠡᠶᠡᠯᠡᠭᠦᠯᠵᠦ᠂ ᠲᠣᠭ᠋ᠠᠵᠢᠭᠤᠯᠤᠭᠰᠠᠨ ᠦᠢ᠍ᠯᠡᠳᠪᠦᠷᠢ ᠵᠢᠨ ᠲᠠᠰᠤᠭ᠂ ᠣᠶᠤᠨᠲᠤ ᠦᠢ᠍ᠯᠡᠳᠪᠦᠷᠢ ᠵᠢ 10᠎ᠠᠴᠠ ᠳᠡᠭᠡᠭᠰᠢ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠡᠭᠡᠭᠰᠢᠬᠢ ᠲᠤᠰᠬᠠᠢ ᠨᠠᠷᠢᠯᠢᠭ ᠣᠨᠴᠠ ᠰᠢᠨ᠎ᠡ ᠪᠠ ᠰᠢᠨ᠎ᠡ ᠵᠢ ᠡᠭᠦᠳᠬᠦ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠎ᠢ 15 ᠡᠷᠦᠬᠡ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠃
      ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠠᠭᠤᠰᠤᠯᠴᠠᠨ ᠪᠦᠯᠦᠭᠯᠡᠨ ᠬᠥᠭᠵᠢᠬᠦ ᠵᠢ ᠲᠦᠯᠬᠢᠨ ᠠᠬᠢᠭᠤᠯᠤᠨ᠎ᠠ᠃ ᠬᠡᠷᠡᠯ ᠢᠯᠴᠢ ᠵᠢᠨ ᠡᠨᠧᠷᠭᠢ ᠬᠠᠳᠠᠭ᠋ᠠᠯᠠᠬᠤ ᠰᠢᠨᠵᠢᠯᠡᠬᠦ ᠤᠬᠠᠭ᠋ᠠᠨ᠎ᠤ ᠰᠢᠨ᠎ᠡ ᠵᠢ ᠡᠭᠦᠳᠬᠦ ᠬᠦᠷᠢᠶᠡᠯᠡᠩ (ᠨᠢᠭᠡᠳᠦᠭᠡᠷ ᠬᠤᠭᠤᠴᠠᠭ᠎ᠠ)᠂ ᠭᠤᠷᠪᠠᠨ ᠨᠢᠭᠡ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠦᠭᠡᠢ ᠠᠵᠤ ᠦᠢ᠍ᠯᠡᠰ᠎ᠤᠨ ᠬᠦᠷᠢᠶᠡᠯᠡᠩ᠎ᠢ ᠲᠦᠷᠭᠡᠪᠴᠢᠯᠡᠨ ᠪᠠᠶ᠋ᠢᠭᠤᠯᠵᠤ᠂᠎ᠲᠠᠢ ᠶᠠᠩ ᠭ᠋ᠸᠦ ᠰᠤᠪᠠᠭ᠎ᠤᠨ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡ ᠵᠢᠨ ᠬᠢᠨᠠᠨ ᠵᠥᠪᠰᠢᠶᠡᠷᠡᠬᠦ ᠵᠢ ᠠᠬᠢᠭᠤᠯᠤᠨ᠂ ᠤᠯᠠᠭ᠋ᠠᠨᠪᠤᠬ᠎ᠠ ᠵᠢᠨ ᠡᠯᠡᠰᠦᠨ ᠴᠥᠯ᠎ᠤᠨ ᠲᠣᠮᠣ ᠬᠡᠯᠪᠡᠷᠢ ᠵᠢᠨ ᠳᠠᠬᠢᠨ ᠡᠭᠦᠰᠴᠦ ᠪᠣᠯᠬᠤ ᠡᠨᠧᠷᠭᠢ ᠵᠢ ᠭᠠᠳᠠᠭᠰᠢ ᠬᠦᠷᠭᠡᠬᠦ ᠰᠠᠭᠤᠷᠢᠨ ᠭᠠᠵᠠᠷ᠎ᠢ ᠵᠥᠪᠰᠢᠶᠡᠷᠡᠨ ᠪᠦᠲᠦᠭᠡᠨ ᠪᠠᠶ᠋ᠢᠭᠤᠯᠬᠤ᠎ᠪᠠᠷ ᠴᠢᠷᠮᠠᠶ᠋ᠢᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ 300 ᠲᠦᠮᠡᠨ ᠺᠢᠯᠣᠸᠠᠲ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠂ ᠴᠡᠪᠡᠷ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠠᠵᠤ ᠦᠢ᠍ᠯᠡᠰ᠎ᠤᠨ ᠨᠡᠮᠡᠭᠳᠡᠯ ᠥᠷᠲᠡᠭ᠎ᠢ 10%᠎ᠠᠴᠠ ᠳᠡᠭᠡᠭᠰᠢ ᠨᠡᠮᠡᠭᠳᠡᠭᠦᠯᠦᠨ᠎ᠡ᠃ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠤᠨ ᠰᠦᠷᠦᠭᠵᠢᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠣᠯᠠᠨ ᠲᠠᠯᠠᠰᠲᠤ ᠴᠠᠬᠢᠭᠤᠷ᠂ ᠪᠢᠳᠤᠷᠢᠶ᠎ᠠ᠂ ᠪᠠᠯ ᠴᠢᠯᠠᠭᠤᠨ ᠠᠯᠺᠧᠨ ᠵᠡᠷᠭᠡ ᠠᠵᠤ ᠦᠢ᠍ᠯᠡᠰ᠎ᠢ ᠪᠣᠶ᠋ᠢᠵᠢᠭᠤᠯᠤᠨ ᠬᠥᠭᠵᠢᠭᠦᠯᠵᠦ᠂ ᠬᠡᠷᠡᠯ ᠴᠡᠨᠡᠭ᠎ᠤᠨ ᠴᠠᠬᠢᠭᠤᠷ ᠮᠠᠲ᠋ᠧᠷᠢᠶᠠᠯ᠂ ᠲᠠᠯᠠᠰᠵᠢᠭᠰᠠᠨ ᠰᠢᠳᠠᠮ᠂ ᠢᠯᠲᠠᠰᠤ᠂ ᠳ᠋ᠢᠶᠠᠨ ᡂᠢ᠂ ᠲᠣᠨᠣᠭᠯᠠᠭ᠋ᠠᠰᠤ ᠵᠢ ᠬᠡᠯᠬᠢᠶᠡᠵᠢᠭᠦᠯᠬᠦ ᠵᠢ ᠠᠬᠢᠭᠤᠯᠤᠨ᠎ᠠ᠃ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠰᠦᠷᠦᠭᠵᠢᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠵᠢᠩᠬᠢᠨᠢ ᠡᠮ᠎ᠤᠨ ᠮᠠᠲ᠋ᠧᠷᠢᠶᠠᠯ᠎ᠤᠨ ᠬᠡᠪᠴᠢᠶᠡᠲᠦ ᠲᠠᠷᠢᠮᠠᠯ᠎ᠢ ᠨᠡᠮᠡᠭᠳᠡᠭᠦᠯᠵᠦ᠂ ᠠᠮᠢᠳᠤ ᠪᠣᠳᠠᠰ᠎ᠤᠨ ᠡᠮ ᠦᠢ᠍ᠯᠡᠳᠬᠦ ᠠᠵᠤ ᠠᠬᠤᠶ᠋ᠢᠯᠠᠯ᠎ᠤᠨ ᠳᠣᠣᠷᠠᠳᠤ ᠤᠷᠤᠰᠬᠠᠯ᠎ᠤᠨ ᠦᠢ᠍ᠯᠡᠳᠬᠦᠨ᠎ᠢ ᠨᠡᠭᠡᠭᠡᠨ ᠬᠥᠭᠵᠢᠭᠦᠯᠬᠦ ᠵᠢ ᠳᠡᠮᠵᠢᠵᠦ᠂ ᠣᠷᠣᠨ ᠨᠤᠲᠤᠭ᠎ᠤᠨ ᠣᠨᠴᠠᠯᠢᠭᠲᠤ ᠠᠵᠤ ᠦᠢ᠍ᠯᠡᠰ᠎ᠢ ᠪᠣᠶ᠋ᠢᠵᠢᠭᠤᠯᠤᠨ ᠪᠣᠶ ᠪᠣᠯᠭ᠋ᠠᠨ᠎ᠠ᠃ ᠲᠣᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠰᠦᠷᠦᠭᠵᠢᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠬᠡᠷᠡᠯ ᠢᠯᠴᠢ ᠵᠢᠨ ᠲᠣᠨᠤᠭ ᠲᠥᠬᠦᠭᠡᠷᠦᠮᠵᠢ ᠪᠠ ᠲᠠᠷᠢᠶᠠᠯᠠᠩ ᠮᠠᠯ ᠠᠵᠤ ᠠᠬᠤᠢ ᠵᠢᠨ ᠮᠠᠰᠢᠨ ᠦᠢ᠍ᠯᠡᠳᠬᠦ ᠵᠢ ᠶᠡᠬᠡᠪᠡᠷ ᠬᠥᠭᠵᠢᠭᠦᠯᠵᠦ᠂ ᠪᠣᠳᠠᠲᠠᠶ᠋ᠢᠵᠢᠭᠤᠯᠤᠨ ᠠᠵᠢᠯ ᠡᠬᠢᠯᠡᠭᠦᠯᠦᠭᠰᠡᠨ ᠲᠣᠨᠤᠭ ᠲᠥᠬᠦᠭᠡᠷᠦᠮᠵᠢ ᠦᠢ᠍ᠯᠡᠳᠬᠦ ᠠᠵᠤ ᠠᠬᠤᠶ᠋ᠢᠯᠠᠯ᠎ᠤᠨ ᠰᠢᠨ᠎ᠡ ᠡᠨᠧᠷᠭᠢ ᠵᠢᠨ ᠨᠡᠭᠡᠭᠡᠨ ᠬᠥᠭᠵᠢᠭᠦᠯᠦᠯᠲᠡ᠎ᠳᠤ ᠣᠷᠤᠯᠴᠠᠬᠤ ᠵᠢ ᠳᠡᠮᠵᠢᠨ᠎ᠡ᠃
      ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠬᠥᠭᠵᠢᠭᠦᠯᠦᠨ ᠮᠠᠨᠳᠤᠭᠤᠯᠬᠤ ᠵᠢ ᠲᠦᠯᠬᠢᠨ ᠠᠬᠢᠭᠤᠯᠤᠨ᠎ᠠ᠃ 《ᠮᠦ᠍ ᠪᠦᠷᠢ ᠵᠢᠨ ᠳᠤᠮᠳᠠᠴᠢ ᠤᠷᠤᠯᠭ᠎ᠠ᠎ᠪᠠᠷ ᠮᠠᠩᠯᠠᠢ ᠰᠢᠯᠭ᠋ᠠᠷᠠᠭᠤᠯᠬᠤ》 ᠦᠨᠡᠯᠡᠯᠲᠡ ᠵᠢᠨ ᠰᠢᠰᠲ᠋ᠧᠮ᠎ᠢ ᠪᠠᠶ᠋ᠢᠭᠤᠯᠵᠤ᠂ ᠭᠠᠵᠠᠷ ᠬᠡᠷᠡᠭᠯᠡᠬᠦ ᠭᠦᠢ᠍ᠴᠡᠳᠬᠡᠯ ᠲᠤᠭ᠎ᠠ ᠵᠡᠷᠭᠡ ᠡᠬᠢ ᠪᠠᠶᠠᠯᠢᠭ᠎ᠤᠨ ᠡᠯᠧᠮᠧᠨ᠋ᠲ᠎ᠢ ᠵᠦᠷᠢᠶᠡᠴᠢᠯᠡᠨ ᠲᠣᠬᠢᠷᠠᠭᠤᠯᠬᠤ ᠵᠢ ᠬᠡᠷᠡᠭᠵᠢᠭᠦᠯᠦᠨ᠎ᠡ᠃ 《ᠨᠢᠰᠦᠭᠦᠷ ᠠᠵᠤ ᠠᠬᠤᠢ》 ᠵᠢ ᠵᠣᠷᠢᠭᠵᠢᠭᠤᠯᠤᠨ ᠳᠡᠯᠭᠡᠷᠡᠭᠦᠯᠵᠦ᠂ ᠦᠢ᠍ᠯᠡᠳᠪᠦᠷᠢᠯᠡᠯ᠎ᠤᠨ ᠥᠷᠲᠡᠭ ᠪᠠ ᠭᠠᠶ᠋ᠢᠯᠢ ᠲᠠᠲᠠᠪᠤᠷᠢ ᠵᠢ ᠲᠥᠷᠥᠯ ᠵᠦᠢ᠍ᠯ᠎ᠤᠨ ᠬᠠᠷᠢᠶᠠᠯᠠᠯ᠎ᠤᠨ ᠬᠤᠪᠢᠳᠠᠯ ᠵᠶ᠋ᠠᠷ ᠲᠣᠭ᠋ᠠᠴᠠᠭ᠎ᠠ ᠬᠢᠨ᠎ᠡ᠃ 《ᠣᠷᠣᠨ ᠪᠦᠰᠡ ᠵᠢᠨ ᠦᠨᠡᠯᠡᠨ ᠵᠢᠱ᠌ᠢᠯᠲᠡ + ᠪᠠᠷᠢᠮᠵᠢᠶᠠᠲᠤ ᠭᠠᠵᠠᠷ》 ᠭᠠᠵᠠᠷ ᠰᠢᠷᠣᠢ ᠵᠢᠨ ᠵᠠᠭᠪᠤᠷ᠎ᠢ ᠬᠡᠷᠡᠭᠵᠢᠭᠦᠯᠵᠦ᠂ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ ᠰᠢᠷᠣᠢ ᠵᠢᠨ 《ᠪᠠᠷᠢᠮᠵᠢᠶᠠᠲᠤ ᠭᠠᠵᠠᠷ》᠎ᠲᠤ ᠬᠠᠩᠭ᠋ᠠᠬᠤ ᠭᠠᠵᠠᠷ ᠰᠢᠷᠣᠢ ᠵᠢᠨ ᠬᠠᠷᠢᠴᠠᠯ᠎ᠢ 30%᠎ᠠᠴᠠ ᠳᠡᠭᠡᠭᠰᠢ᠎ᠳᠤ ᠬᠦᠷᠭᠡᠨ᠎ᠡ᠃ ᠬᠦᠷᠢᠶᠡᠯᠡᠩ ᠲᠣᠭᠤᠷᠢᠭ᠎ᠤᠨ ᠰᠠᠭᠤᠷᠢ ᠲᠦᠭᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠦᠷᠢᠶᠡᠯᠡᠩ ᠲᠣᠭᠤᠷᠢᠭ᠎ᠤᠨ ᠶᠡᠷᠦᠩᠬᠡᠶ᠋ᠢᠯᠡᠭᠰᠡᠨ ᠳᠠᠭ᠋ᠠᠭ᠋ᠠᠬᠤ ᠴᠢᠳᠠᠪᠤᠷᠢ ᠵᠢ ᠳᠡᠭᠡᠭᠰᠢᠯᠡᠭᠦᠯᠵᠦ᠂ ᠪᠣᠬᠢᠷᠳᠤᠯ ᠦᠭᠡᠢ ᠠᠵᠤ ᠠᠬᠤᠶ᠋ᠢᠯᠠᠯ ᠪᠠ ᠪᠣᠬᠢᠷᠳᠤᠯ ᠦᠭᠡᠢ ᠪᠦᠲᠦᠭᠡᠭᠳᠡᠬᠦᠨ᠎ᠢ 10᠎ᠠᠴᠠ ᠳᠡᠭᠡᠭᠰᠢ ᠡᠭᠦᠳᠦᠨ ᠪᠠᠶ᠋ᠢᠭᠤᠯᠵᠤ᠂ ᠪᠥᠬᠦ ᠵᠢᠯ᠎ᠳᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠢ 20᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠃
      (ᠳᠥᠷᠪᠡ) ᠪᠠᠭᠲᠠᠭ᠋ᠠᠮᠵᠢ ᠵᠢ ᠥᠷᠭᠡᠳᠬᠡᠨ ᠲᠠᠰ ᠳᠡᠪᠰᠢᠭᠦᠯᠬᠦ᠎ᠪᠠᠷ ᠭᠤᠣᠯᠳᠠᠯᠭ᠎ᠠ ᠪᠣᠯᠭ᠋ᠠᠵᠤ᠂ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠦᠨ ᠪᠤᠵᠠᠭ᠋ᠠᠶ᠋ᠢᠷᠠᠭᠤᠯᠤᠨ᠎ᠠ᠃ ᠴᠢᠨᠠᠷ ᠰᠠᠶ᠋ᠢᠲᠠᠢ ᠥᠨᠳᠥᠷ ᠦᠷ᠎ᠡ ᠪᠦᠲᠦᠮᠵᠢᠲᠡᠶ ᠦᠢ᠍ᠯᠡᠴᠢᠯᠡᠭᠡᠨ᠎ᠤ ᠦᠢ᠍ᠯᠡᠰ᠎ᠤᠨ ᠰᠢᠨ᠎ᠡ ᠰᠢᠰᠲ᠋ᠧᠮᠵᠢ ᠵᠢ ᠢᠳᠡᠪᠬᠢᠲᠡᠢ ᠪᠠᠶ᠋ᠢᠭᠤᠯᠵᠤ᠂ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠢ ᠲᠤᠰᠬᠠᠶ᠋ᠢᠵᠢᠭᠤᠯᠬᠤ ᠪᠠ ᠥᠷᠲᠡᠭ᠎ᠤᠨ ᠬᠡᠯᠬᠢᠶ᠎ᠡ ᠵᠢᠨ ᠳᠡᠭᠡᠳᠦ ᠦᠵᠦᠭᠦᠷ ᠲᠡᠶ᠋ᠢᠰᠢ ᠤᠷᠲᠤᠳᠬᠠᠬᠤ᠂ ᠠᠮᠢᠳᠤᠷᠠᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠢ ᠴᠢᠨᠠᠷ ᠰᠠᠶ᠋ᠢᠲᠠᠢ ᠪᠠ ᠣᠯᠠᠨ ᠶᠠᠩᠵᠤᠲᠤ ᠲᠡᠶ᠋ᠢᠰᠢ ᠲᠠᠰ ᠳᠡᠪᠰᠢᠭᠦᠯᠬᠦ ᠵᠢ ᠲᠦᠯᠬᠢᠨ ᠠᠬᠢᠭᠤᠯᠤᠨ᠎ᠠ᠃
      ᠬᠡᠷᠡᠭᠯᠡᠭᠡᠨ᠎ᠤ ᠳᠠᠯᠳᠠ ᠬᠦᠴᠦᠨ᠎ᠢ ᠭᠦᠢ᠍ᠴᠡᠳ ᠪᠠᠳᠠᠷᠠᠭᠤᠯᠤᠨ᠎ᠠ᠃ ᠬᠠᠨᠳᠤᠯᠭ᠋ᠠᠲᠤ ᠴᠢᠨᠠᠷ ᠵᠶ᠋ᠠᠷ ᠨᠠᠩ ᠴᠢᠩᠭ᠎ᠠ᠂ ᠦᠨ᠎ᠡ ᠴᠠᠨ᠎ᠠ᠎ᠪᠠᠷ ᠨᠠᠩ ᠥᠨᠳᠥᠷ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠬᠡᠷᠡᠭᠯᠡᠭᠡᠨ᠎ᠤ ᠨᠥᠬᠦᠴᠡᠯ᠎ᠢ ᠰᠠᠶ᠋ᠢᠵᠢᠷᠠᠭᠤᠯᠤᠨ᠂ ᠬᠡᠷᠡᠭᠯᠡᠭᠡᠨ᠎ᠤ ᠠᠬᠤᠢ ᠪᠠᠶ᠋ᠢᠳᠠᠯ᠎ᠢ ᠰᠢᠨ᠎ᠡ᠎ᠪᠠᠷ ᠡᠭᠦᠳᠦᠨ᠎ᠡ᠃ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ ᠬᠤᠭᠤᠯᠠ ᠤᠮᠳᠠ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ ᠬᠡᠷᠡᠭᠯᠡᠭᠡ ᠵᠢᠨ ᠬᠡᠪ᠎ᠤᠨ ᠪᠠᠶ᠋ᠢᠳᠠᠯ᠎ᠢ ᠰᠡᠷᠭᠦᠭᠡᠬᠦ ᠵᠢ ᠠᠬᠢᠭᠤᠯᠵᠤ᠂ ᠮᠠᠰᠢᠨ ᠲᠡᠷᠭᠡ᠂ ᠣᠶᠤᠨᠯᠢᠭ ᠭᠡᠷ᠎ᠤᠨ ᠬᠡᠷᠡᠭᠯᠡᠯ ᠭᠡᠷ᠎ᠤᠨ ᠴᠠᠬᠢᠯᠭ᠋ᠠᠨ ᠬᠡᠷᠡᠭᠰᠡᠯ ᠵᠡᠷᠭᠡ ᠲᠠᠸᠠᠷ᠎ᠤᠨ ᠬᠡᠷᠡᠭᠯᠡᠭᠡ ᠵᠢ ᠬᠥᠭᠵᠢᠭᠡᠵᠦ᠂ ᠬᠢᠵᠠᠭ᠋ᠠᠷᠯᠠᠭᠳᠠᠭᠰᠠᠨ ᠬᠡᠷᠡᠭᠯᠡᠭᠡ ᠵᠢ ᠠᠯᠢ ᠲᠦᠷᠭᠡᠨ ᠵᠶ᠋ᠠᠷ ᠬᠥᠭᠵᠢᠭᠡᠵᠦ᠂ ᠲᠠᠯᠳᠠ ᠬᠦᠴᠦᠨ᠎ᠲᠠᠢ ᠬᠡᠷᠡᠭᠯᠡᠭᠡ ᠵᠢ ᠬᠥᠭᠵᠢᠭᠡᠨ᠎ᠡ᠃ ᠶᠡᠷᠦᠩᠬᠡᠶ᠋ᠢᠯᠡᠭᠰᠡᠨ ᠠᠷᠭ᠎ᠠ ᠪᠣᠳᠣᠯᠭ᠎ᠠ ᠵᠢ ᠬᠡᠷᠡᠭᠯᠡᠨ᠂ ᠭᠡᠷ ᠪᠠᠶ᠋ᠢᠰᠢᠩ᠎ᠤᠨ ᠦᠨ᠎ᠡ ᠵᠢ ᠲᠣᠭᠲᠠᠪᠤᠷᠢᠵᠢᠭᠤᠯᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ᠂ ᠵᠠᠪᠠᠯ ᠬᠡᠷᠡᠭᠰᠡᠬᠦ ᠪᠠ ᠰᠠᠶ᠋ᠢᠵᠢᠷᠠᠭᠤᠯᠬᠤ ᠴᠢᠨᠠᠷᠲᠠᠢ ᠣᠷᠣᠨ ᠰᠠᠭᠤᠴᠠ ᠵᠢᠨ ᠬᠡᠷᠡᠭᠴᠡᠭᠡ ᠵᠢ ᠳᠡᠮᠵᠢᠨ᠎ᠡ᠃ ᠰᠦᠯᠵᠢᠶᠡᠨ᠎ᠤ ᠰᠢᠭᠤᠳ ᠨᠡᠪᠲᠡᠷᠡᠭᠦᠯᠭᠡ ᠵᠡᠷᠭᠡ ᠲᠠᠪᠴᠠᠩ᠎ᠤᠨ ᠠᠵᠤ ᠠᠬᠤᠢ ᠵᠢ ᠬᠥᠭᠵᠢᠭᠦᠯᠵᠦ᠂ ᠤᠯᠤᠰ᠎ᠤᠨ ᠲᠡᠰ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠪᠥᠬᠦ ᠵᠢᠯ᠎ᠳᠤ ᠬᠢᠵᠠᠭ᠋ᠠᠷᠯᠠᠭᠰᠠᠨ ᠲᠤᠭ᠎ᠠ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠣᠷᠣᠨ ᠰᠠᠭᠤᠴᠠ ᠬᠤᠭᠤᠯᠠᠨ᠎ᠤ ᠠᠵᠤ ᠠᠬᠤᠶ᠋ᠢᠯᠠᠯ᠎ᠢ 50 ᠡᠷᠦᠬᠡ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠢ 10 ᠡᠷᠦᠬᠡ᠎ᠠᠴᠠ ᠳᠡᠭᠡᠭᠰᠢ ᠨᠡᠮᠡᠭᠳᠡᠭᠦᠯᠦᠨ᠎ᠡ᠃
      ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠲᠦᠷᠭᠡᠪᠴᠢᠯᠡᠨ ᠰᠡᠷᠭᠦᠭᠡᠨ᠎ᠡ᠃ ᠰᠣᠶᠣᠯ᠎ᠤᠨ ᠠᠭᠤᠯᠬᠤᠨ ᠪᠠ ᠵᠤᠭ᠋ᠠᠴᠠᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠵᠤ᠂ ᠨᠢᠭᠡ ᠪᠦᠯᠦᠭ ᠰᠣᠶᠣᠯ ᠵᠢᠭᠤᠯᠴᠢᠯᠠᠯ᠎ᠤᠨ ᠬᠤᠳᠠᠯᠳᠤᠭ᠎ᠠ᠂ ᠲᠠᠷᠢᠶᠠᠯᠠᠩ ᠰᠣᠶᠣᠯ ᠵᠢᠭᠤᠯᠴᠢᠯᠠᠯ᠎ᠤᠨ ᠶᠡᠷᠦᠩᠬᠡᠶ᠋ᠢᠯᠡᠭᠰᠡᠨ ᠴᠣᠭᠴᠠ ᠵᠢ ᠪᠣᠶ ᠪᠣᠯᠭ᠋ᠠᠵᠤ᠂ ᠬᠥᠳᠡᠭᠡ ᠲᠣᠰᠬᠤᠨ᠎ᠤ ᠵᠢᠭᠤᠯᠴᠢᠯᠠᠯ᠂ ᠬᠤᠪᠢ᠎ᠪᠠᠷ ᠵᠶ᠋ᠠᠨ ᠲᠡᠷᠭᠡ ᠵᠢᠯᠤᠭᠤᠳᠴᠤ ᠪᠠᠷᠲᠠᠭ᠎ᠠ ᠰᠢᠨᠵᠢᠯᠡᠬᠦ᠂ ᠡᠷᠡᠭᠦᠯᠵᠢᠯ ᠰᠤᠪᠢᠯᠠᠯᠲᠠ ᠠᠮᠠᠷᠠᠯᠲᠠ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠬᠥᠭᠵᠢᠭᠦᠯᠦᠨ᠎ᠡ᠃ ᠨᠠᠷᠢᠨ ᠨᠠᠭᠤᠷ᠎ᠤᠨ ᠤᠰᠤᠨ᠎ᠤ ᠣᠩᠭᠤᠴᠠᠨ ᠪᠠᠭᠤᠴᠠ᠂ ᠡᠩᠭᠡᠷᠭᠡᠨ ᠡᠯᠡᠰᠦᠨ ᠨᠠᠭᠤᠷ᠎ᠤᠨ ᠬᠤᠪᠢ ᠵᠢᠨ ᠲᠡᠷᠭᠡᠨ ᠪᠠᠭᠤᠴᠠ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠭᠤᠪᠢ ᠵᠢᠨ ᠰᠦᠯᠵᠢᠶᠡᠨ ᠳᠤᠤᠷᠠᠬᠢ ᠰᠣᠶᠣᠯ᠎ᠤᠨ ᠪᠦᠲᠦᠭᠡᠯᠴᠢ ᠠᠵᠢᠯᠯᠠᠭ᠎ᠠ ᠵᠢ ᠰᠠᠶ᠋ᠢᠲᠤᠷ ᠡᠷᠬᠢᠯᠡᠵᠥ᠂ ᠬᠠᠲᠤᠨ ᠭᠤᠣᠯ᠎ᠤᠨ ᠲᠤᠬᠤᠢ ᠶᠠᠪᠠᠭ᠋ᠠᠨ ᠵᠡᠭᠡᠯᠢ ᠵᠢ ᠪᠥᠬᠦ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠭᠤᠯᠴᠢᠯᠠᠯ᠎ᠤᠨ ᠵᠡᠭᠡᠯᠢ ᠲᠣᠭᠤᠷᠢᠭ ᠪᠣᠯᠭ᠋ᠠᠨ ᠪᠦᠲᠦᠭᠡᠨ ᠪᠠᠶ᠋ᠢᠭᠤᠯᠤᠨ᠎ᠠ᠃ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠶᠡᠬᠡᠪᠡᠷ ᠥᠷᠨᠢᠭᠦᠯᠵᠦ᠂ ᠮᠥᠰᠥ ᠴᠠᠰᠤᠨ᠎ᠤ ᠠᠵᠤ ᠦᠢ᠍ᠯᠡᠰ᠎ᠢ ᠬᠥᠭᠵᠢᠭᠦᠯᠦᠨ᠂ ᠮᠥᠰᠥ ᠴᠠᠰᠤᠨ᠎ᠤ ᠨᠠᠶ᠋ᠢᠷ ᠨᠠᠭ᠋ᠠᠳᠤᠮ᠎ᠤᠨ ᠠᠵᠢᠯᠯᠠᠭ᠎ᠠ ᠵᠡᠷᠭᠡ ᠰᠣᠶᠣᠯ ᠵᠤᠭ᠋ᠠᠴᠠᠯ᠎ᠤᠨ ᠪᠠᠶᠠᠷ ᠳᠤᠷᠠᠰᠬᠠᠯ᠎ᠤᠨ ᠠᠵᠢᠯᠯᠠᠭ᠎ᠠ ᠵᠢ ᠰᠠᠶ᠋ᠢᠲᠤᠷ ᠡᠷᠬᠢᠯᠡᠨ᠎ᠡ᠃ ᠪᠥᠬᠦ ᠵᠢᠯ᠎ᠤᠨ ᠵᠢᠭᠤᠯᠴᠢᠯᠠᠯ᠎ᠤᠨ ᠬᠥᠮᠥᠨ᠎ᠤ ᠲᠤᠭ᠎ᠠ᠂ ᠵᠢᠭᠤᠯᠴᠢᠯᠠᠯ᠎ᠤᠨ ᠣᠷᠣᠯᠭ᠎ᠠ ᠵᠢ ᠲᠣᠰ ᠲᠣᠰ 15%᠂ 20%᠎ᠠᠴᠠ ᠳᠡᠭᠡᠭᠰᠢ ᠨᠡᠮᠡᠭᠳᠡᠭᠦᠯᠦᠨ᠎ᠡ᠃
      ᠤᠳᠤ ᠦᠶ᠎ᠡ ᠵᠢᠨ ᠮᠥᠩᠭᠦᠨ ᠭᠦᠢ᠍ᠯᠭᠡᠭᠡᠨ᠎ᠤ ᠦᠢ᠍ᠯᠡᠰ᠎ᠢ ᠶᠡᠬᠡᠪᠡᠷ ᠬᠦᠭᠵᠢᠭᠦᠯᠦᠨ᠎ᠡ᠃ ᠠᠵᠤ ᠠᠬᠤᠶ᠋ᠢᠯᠠᠯ᠎ᠢ ᠲᠣᠭᠲᠠᠪᠤᠷᠢᠵᠢᠭᠤᠯᠤᠨ ᠬᠦᠴᠢᠷᠳᠡᠯ᠎ᠢ ᠲᠠᠶ᠋ᠢᠯᠬᠤ ᠵᠢ ᠳᠡᠮᠵᠢᠬᠦ ᠮᠥᠩᠭᠦᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠢ ᠨᠠᠷᠢᠯᠢᠭ ᠨᠠᠶ᠋ᠢᠳᠠᠪᠤᠷᠢᠵᠢᠭᠤᠯᠤᠨ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠤᠭᠤᠳᠴᠤ ᠢᠲᠡᠭᠡᠮᠵᠢᠲᠦ ᠵᠢᠭᠡᠯᠡᠯᠭᠡ ᠲᠠᠯᠪᠢᠬᠤ ᠵᠢ ᠨᠡᠮᠡᠭᠳᠡᠭᠦᠯᠵᠦ᠂ ᠦᠢ᠍ᠯᠡᠳᠬᠦᠨ᠎ᠤ ᠦᠢ᠍ᠯᠡᠴᠢᠯᠡᠭᠡ ᠵᠢᠨ ᠰᠢᠨ᠎ᠡ ᠵᠢ ᠡᠭᠦᠳᠴᠦ᠂ ᠪᠥᠬᠦ ᠬᠤᠲᠠ ᠵᠢᠨ ᠵᠢᠭᠡᠯᠡᠯᠭᠡ ᠵᠢᠨ ᠦᠯᠡᠳᠡᠪᠦᠷᠢ ᠲᠤᠭ᠎ᠠ ᠵᠢ 100 ᠳ᠋ᠦᠩᠰᠢᠭᠤᠷ ᠲᠥᠭᠦᠷᠢᠭ᠎ᠠᠴᠠ ᠳᠡᠭᠡᠭᠰᠢ ᠨᠡᠮᠡᠭᠳᠡᠭᠦᠯᠦᠨ᠎ᠡ᠃ 《ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠡᠭᠦᠯᠡᠨ ᠲᠠᠪᠴᠠᠩ》᠎ᠢ ᠰᠠᠶ᠋ᠢᠲᠤᠷ ᠬᠡᠷᠡᠭᠯᠡᠨ᠂ ᠵᠠᠰᠠᠭ ᠮᠦᠩᠭᠦᠨ ᠭᠦᠢ᠍ᠯᠭᠡᠭᠡ ᠠᠵᠤ ᠠᠬᠤᠶ᠋ᠢᠯᠠᠯ᠎ᠢ ᠵᠣᠯᠭ᠋ᠠᠭᠤᠯᠬᠤ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠭᠤᠣᠯᠳᠠᠯᠭ᠎ᠠ᠎ᠲᠠᠢ ᠠᠵᠤ ᠦᠢ᠍ᠯᠡᠰ ᠪᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠥᠭᠵᠢᠯᠲᠡ ᠵᠢ ᠬᠠᠨᠳᠤᠯᠭ᠎ᠠ᠎ᠲᠠᠢ᠎ᠪᠠᠷ ᠲᠡᠳᠬᠦᠨ ᠳᠡᠮᠵᠢᠵᠦ᠂ ᠨᠡᠶ᠋ᠢᠳᠡᠮ ᠬᠠᠷᠠᠭ᠋ᠠᠯᠵᠠᠬᠤ ᠵᠢᠵᠢᠭ ᠪᠢᠴᠢᠯ ᠵᠢᠭᠡᠯᠡᠯᠭᠡ ᠵᠢᠨ ᠦᠯᠡᠳᠡᠪᠦᠷᠢ ᠲᠤᠭ᠎ᠠ ᠵᠢ 20 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃ ᠠᠵᠤ ᠠᠬᠤᠶ᠋ᠢᠯᠠᠯ᠎ᠤᠨ ᠰᠲ᠋ᠤᠺ᠎ᠤᠨ ᠵᠠᠬ᠎ᠠ᠎ᠳᠤ ᠭᠠᠷᠴᠤ ᠪᠣᠶ᠋ᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠪᠰᠤᠷᠤᠨ ᠵᠢᠯᠤᠭᠤᠳᠴᠤ ᠳᠠᠩᠰᠠᠯᠠᠭᠤᠯᠤᠭᠰᠠᠨ ᠠᠵᠤ ᠠᠬᠤᠶ᠋ᠢᠯᠠᠯ 2 ᠰᠢᠨ᠎ᠡ᠎ᠪᠠᠷ ᠨᠡᠮᠡᠭᠳᠡᠭᠦᠯᠦᠨ᠎ᠡ᠃
      (ᠲᠠᠪᠤ) ᠠᠮᠢ ᠠᠬᠤᠢ ᠵᠢ ᠰᠠᠶ᠋ᠢᠵᠢᠷᠠᠭᠤᠯᠬᠤ᠎ᠪᠠᠷ ᠬᠠᠷᠠᠯᠲᠠ ᠪᠣᠯᠭ᠋ᠠᠵᠤ᠂ ᠬᠠᠮᠠᠭ᠋ᠠᠯᠠᠵᠤ ᠵᠠᠰᠠᠬᠤ ᠵᠢ ᠦᠷᠭᠦᠯᠵᠢᠯᠡᠨ ᠰᠠᠶ᠋ᠢᠲᠤᠷ ᠠᠳᠬᠤᠨ᠎ᠠ᠃ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ 《ᠲᠠᠪᠤᠨ ᠶᠡᠭᠡ ᠰᠢᠪᠲᠤᠯᠤᠯᠲᠠ ᠵᠢᠨ ᠳᠠᠶ᠋ᠢᠯᠠᠯᠳᠤᠭ᠋ᠠᠨ》᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ᠂ ᠪᠣᠬᠢᠷᠳᠤᠯ᠎ᠢ ᠪᠠᠭ᠋ᠠᠰᠬᠠᠬᠤ᠂ ᠨᠣᠭᠤᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠭᠦᠯᠬᠦ ᠵᠢ ᠬᠠᠮᠵᠢᠯᠴᠠᠨ ᠠᠬᠢᠭᠤᠯᠵᠤ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠣᠷᠣᠨ᠎ᠢ ᠲᠦᠷᠭᠡᠪᠴᠢᠯᠡᠨ ᠪᠠᠶ᠋ᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ᠎ᠳᠤ ᠰᠢᠨ᠎ᠡ ᠡᠭᠦᠷᠭᠡᠯᠡᠯ᠎ᠢ ᠪᠡᠶᠡᠯᠡᠭᠦᠯᠦᠨ᠎ᠡ᠃
      ᠭᠤᠣᠯᠳᠠᠯᠭ᠎ᠠ᠎ᠲᠠᠢ ᠠᠮᠢ ᠠᠬᠤᠢ ᠵᠢᠨ ᠣᠷᠣᠨ ᠪᠦᠰᠡ ᠵᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠨ᠎ᠠ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠠᠮᠢ ᠠᠬᠤᠢ ᠵᠢ ᠵᠠᠰᠠᠨ ᠰᠡᠷᠭᠦᠭᠡᠬᠦ ᠲᠥᠯᠦᠪᠵᠢᠭᠦᠯᠭᠡ ᠵᠢ ᠨᠠᠶ᠋ᠢᠷᠠᠭᠤᠯᠤᠨ ᠵᠤᠬᠢᠶᠠᠨ᠎ᠠ᠃ ᠬᠠᠲᠤᠨ ᠭᠤᠣᠯ᠎ᠤᠨ ᠠᠮᠢ ᠠᠬᠤᠢ ᠵᠢᠨ ᠵᠠᠰᠠᠯᠲᠠ ᠬᠠᠮᠠᠭ᠋ᠠᠯᠠᠯᠲᠠ ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠬᠠᠲᠤᠨ ᠭᠤᠣᠯ᠎ᠤᠨ ᠲᠠᠩ ᠣᠷᠣᠨ᠎ᠤ ᠣᠨ᠎ᠤ ᠰᠠᠭᠤᠭ᠋ᠠᠯᠢ ᠠᠷᠠᠳ᠎ᠢ ᠨᠡᠭᠦᠯᠭᠡᠬᠦ᠂ ᠪᠠᠶ᠋ᠢᠭᠤᠯᠬᠤ ᠪᠠ ᠲᠠᠩ ᠣᠷᠣᠨ᠎ᠤ ᠲᠠᠷᠢᠶᠠᠯᠠᠬᠤ ᠵᠢ ᠴᠠᠭ᠋ᠠᠵᠠᠯᠠᠬᠤ ᠬᠢᠵᠠᠭ᠋ᠠᠷᠯᠠᠬᠤ ᠡᠭᠦᠷᠭᠡ ᠵᠢ ᠪᠡᠶᠡᠯᠡᠭᠦᠯᠦᠨ᠎ᠡ᠃ ᠤᠯᠠᠭ᠋ᠠᠨᠰᠤᠬᠠᠢ ᠵᠢᠨ ᠵᠠᠰᠠᠯᠲᠠ ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠤᠯᠠᠭ᠋ᠠᠨᠰᠤᠬᠠᠢ ᠵᠢᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠬᠠᠮᠠᠭ᠋ᠠᠯᠠᠵᠤ ᠵᠠᠰᠠᠬᠤ ᠲᠥᠯᠦᠪᠵᠢᠭᠦᠯᠭᠡ》 ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠤᠯᠠᠭ᠋ᠠᠨᠰᠤᠬᠠᠢ᠎ᠢ ᠤᠯᠤᠰ᠎ᠤᠨ ᠴᠢᠬᠤᠯᠠ ᠨᠤᠭᠤ ᠭᠠᠵᠠᠷ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠬᠤ ᠵᠢ ᠠᠬᠢᠭᠤᠯᠤᠨ᠎ᠠ᠃ ᠲᠠᠪᠤ᠂ ᠳᠣᠯᠣᠳᠤᠭ᠋ᠠᠷ ᠤᠰᠤ ᠲᠠᠲᠠᠷᠠᠭᠤᠯᠬᠤ ᠶᠡᠷᠦᠩᠬᠡᠢ ᠰᠤᠪᠠᠭ᠎ᠤᠨ ᠬᠠᠵᠠᠭᠤ ᠵᠢᠨ ᠨᠤᠭᠤ ᠭᠠᠵᠠᠷ᠎ᠢ ᠴᠡᠪᠡᠷᠰᠢᠭᠦᠯᠬᠦ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠭᠤᠣᠯ ᠰᠤᠪᠠᠭ᠎ᠤᠨ ᠨᠠᠭᠤᠷ᠎ᠲᠤ ᠣᠷᠣᠬᠤ ᠤᠰᠤᠨ᠎ᠤ ᠴᠢᠨᠠᠷ᠎ᠢ ᠳᠡᠭᠡᠭᠰᠢᠯᠡᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠂ ᠤᠢ ᠰᠢᠭᠤᠢ (ᠪᠡᠯᠴᠢᠭᠡᠷ) ᠵᠢᠨ ᠳᠠᠷᠤᠭ᠎ᠠ ᠵᠢᠨ ᠳᠦᠷᠢᠮ᠎ᠢ ᠭᠦᠢ᠍ᠴᠡᠳ ᠲᠦᠢ᠍ᠯᠪᠤᠷᠢᠲᠠᠢ ᠨᠠᠶ᠋ᠢᠳᠠᠪᠤᠷᠢᠵᠢᠭᠤᠯᠤᠨ᠎ᠠ᠃ ᠪᠡᠯᠴᠢᠭᠡᠷᠯᠡᠭᠦᠯᠬᠦ ᠵᠢ ᠵᠣᠭᠰᠣᠭ᠋ᠠᠵᠤ ᠦᠨᠵᠢᠭᠦᠯᠦᠨ ᠮᠠᠯᠵᠢᠬᠤ ᠪᠡᠯᠴᠢᠭᠡᠷ ᠮᠠᠯ᠎ᠢ ᠲᠡᠩᠴᠡᠭᠦᠷᠢ᠎ᠲᠠᠢ ᠪᠠᠶ᠋ᠢᠯᠭ᠋ᠠᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ 55.45 ᠲᠦᠮᠡᠨ ᠮᠦ᠍ ᠵᠢᠨ ᠣᠶ ᠰᠢᠭᠤᠢ ᠪᠡᠯᠴᠢᠭᠡᠷ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠦᠨ᠎ᠡ᠃ ᠠᠮᠢ ᠠᠬᠤᠢ ᠵᠢᠨ ᠦᠢ᠍ᠯᠡᠳᠬᠦᠨ᠎ᠤ ᠦᠷᠳᠡᠭ᠎ᠢ ᠪᠡᠶᠡᠯᠡᠭᠦᠯᠬᠦ ᠲᠣᠭᠲᠠᠴᠠ ᠵᠢ ᠬᠠᠶ᠋ᠢᠨ ᠰᠦᠪᠡᠭᠴᠢᠯᠡᠵᠦ᠂ 《ᠠᠭᠤᠷᠬᠠᠢ + ᠭᠡᠷᠡᠯ ᠸᠣᠯᠲ》 《ᠡᠯᠡᠰᠦ ᠮᠠᠩᠬ᠎ᠠ + ᠭᠡᠷᠡᠯ ᠸᠣᠯᠲ》 ᠵᠡᠷᠭᠡ ᠠᠮᠢ ᠠᠬᠤᠢ ᠵᠢᠨ ᠵᠠᠰᠠᠯᠲᠠ ᠵᠢᠨ ᠰᠢᠨ᠎ᠡ ᠵᠠᠭᠪᠤᠷ᠎ᠢ ᠵᠢᠱ᠌ᠢᠶ᠎ᠡ ᠦᠵᠡᠭᠦᠯᠦᠨ ᠳᠡᠯᠭᠡᠷᠡᠭᠦᠯᠵᠦ᠂ ᠠᠵᠤ ᠦᠢ᠍ᠯᠡᠰ᠎ᠤᠨ ᠠᠮᠢ ᠠᠬᠤᠶ᠋ᠢᠵᠢᠯᠲᠠ᠂ ᠠᠮᠢ ᠠᠬᠤᠢ ᠵᠢᠨ ᠠᠵᠤ ᠦᠢ᠍ᠯᠡᠰᠵᠢᠯᠲᠡ ᠵᠢ ᠲᠦᠯᠬᠢᠨ ᠠᠬᠢᠭᠤᠯᠵᠤ᠂ ᠪᠦᠬᠦ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠬᠤᠳᠠ ᠵᠢ ᠢᠳᠡᠪᠬᠢᠲᠡᠢ ᠡᠭᠦᠳᠦᠨ ᠪᠠᠶ᠋ᠢᠭᠤᠯᠤᠨ᠎ᠠ᠃
      ᠬᠥᠬᠡᠮᠳᠦᠭ ᠲᠡᠭᠷᠢ᠂ ᠨᠣᠮᠢᠨ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠨ᠎ᠡ᠃ ᠡᠪᠦᠯ᠎ᠤᠨ ᠤᠯᠠᠷᠢᠯ᠎ᠤᠨ ᠴᠡᠪᠡᠷ ᠳᠤᠯᠠᠭ᠋ᠠᠯᠠᠭ᠎ᠠ ᠵᠢᠨ ᠲᠥᠷᠥᠯ ᠵᠦᠢ᠍ᠯ᠎ᠢ ᠲᠦᠷᠭᠡᠳᠬᠡᠨ ᠠᠬᠢᠭᠤᠯᠵᠤ᠂ 14.64 ᠲᠦᠮᠡᠨ᠎ᠠᠴᠠ ᠳᠡᠭᠡᠭᠰᠢ ᠡᠷᠦᠬᠡ ᠵᠢ ᠥᠭᠡᠷᠡᠴᠢᠯᠡᠨ ᠳᠠᠭᠤᠰᠬᠠᠵᠤ᠂ ᠠᠭ᠋ᠠᠷ᠎ᠤᠨ ᠴᠢᠨᠠᠷ᠎ᠤᠨ ᠰᠢᠯᠢᠳᠡᠭ ᠨᠣᠷᠮ᠎ᠠ ᠵᠢ 86.7%᠎ᠠᠴᠠ ᠳᠡᠭᠡᠭᠰᠢ᠎ᠳᠤ ᠬᠦᠷᠦᠭᠦᠯᠦᠨ᠎ᠡ᠃ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠪᠠᠷᠢᠮᠵᠢᠶ᠎ᠠ ᠵᠢ ᠨᠠᠷᠢᠯᠢᠭ ᠣᠨᠣᠴᠠᠲᠠᠢ᠎ᠪᠠᠷ ᠳᠡᠭᠡᠭᠰᠢᠯᠡᠭᠦᠯᠬᠦ ᠵᠢ ᠲᠦᠯᠬᠢᠨ ᠠᠬᠢᠭᠤᠯᠤᠨ᠎ᠠ᠃ ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ᠎ᠢ ᠰᠡᠷᠭᠡᠶ᠋ᠢᠯᠡᠨ ᠵᠠᠰᠠᠬᠤ ᠪᠤᠭᠤᠮᠲᠠ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ᠎ᠢ ᠵᠠᠰᠠᠬᠤ ᠲᠦᠷᠪᠡᠨ ᠵᠢᠯ᠎ᠤᠨ ᠠᠵᠢᠯᠯᠠᠭ᠎ᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠵᠠᠰᠠᠯᠲᠠ ᠵᠢᠨ ᠵᠢᠱ᠌ᠢᠶ᠎ᠡ ᠦᠵᠡᠭᠦᠯᠬᠦ ᠴᠡᠭ᠎ᠢ 100 ᠰᠢᠨ᠎ᠡ᠎ᠪᠠᠷ ᠨᠡᠮᠡᠭᠳᠡᠭᠦᠯᠵᠦ᠂ ᠬᠢᠮᠢ ᠵᠢᠨ ᠪᠣᠷᠳᠣᠭᠤᠷ᠂ ᠲᠠᠷᠢᠶᠠᠨ ᠡᠮ᠎ᠤᠨ ᠮᠦ᠍ ᠪᠦᠷᠢ ᠵᠢᠨ ᠳᠤᠮᠳᠠᠴᠢ ᠬᠡᠷᠡᠭᠯᠡᠬᠦ ᠬᠡᠮᠵᠢᠶ᠎ᠡ ᠵᠢ ᠲᠤᠰ ᠲᠤᠰ 5%᠂ 2.5%᠎ᠠᠴᠠ ᠳᠡᠭᠡᠭᠰᠢ ᠪᠠᠭᠤᠷᠠᠭᠤᠯᠵᠤ᠂ ᠠᠰᠢᠭᠯᠠᠯᠲᠠ ᠵᠢᠨ ᠨᠤᠷᠮ᠎ᠠ ᠵᠢ ᠴᠥᠮ 42%᠎ᠲᠤ ᠬᠦᠷᠭᠡᠨ᠎ᠡ᠃ ᠲᠥᠪ᠎ᠤᠨ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢ ᠰᠢᠪᠠᠳᠠᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠤᠨ ᠣᠨ᠎ᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠪᠡᠶᠡᠯᠡᠭᠦᠯᠦᠨ᠎ᠡ᠃
      ᠡᠯ᠎ᠡ ᠲᠦᠷᠦᠯ᠎ᠤᠨ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠰᠢᠭᠯᠠᠬᠤ ᠵᠢ ᠲᠦᠯᠬᠢᠨ ᠠᠬᠢᠭᠤᠯᠤᠨ᠎ᠠ᠃ 《ᠲᠠᠪᠤ ᠵᠢ ᠲᠤᠶ᠋ᠢᠯᠪᠤᠷᠢᠲᠠᠢ ᠪᠠᠶ᠋ᠢᠴᠠᠭ᠋ᠠᠬᠤ》 ᠠᠵᠢᠯᠯᠠᠭ᠎ᠠ ᠵᠢᠨ ᠦᠷ᠎ᠡ ᠪᠦᠲᠦᠮᠵᠢ ᠵᠢ ᠪᠠᠬᠢᠵᠢᠭᠦᠯᠦᠨ ᠥᠷᠭᠡᠳᠬᠡᠨ᠎ᠡ᠃ ᠭᠠᠵᠠᠷ ᠰᠢᠷᠣᠢ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠭᠦᠨᠵᠡᠭᠡᠶ᠋ᠢᠷᠡᠭᠦᠯᠦᠨ᠂ 5 ᠲᠦᠮᠡᠨ ᠮᠦ᠍ ᠲᠠᠷᠢᠶᠠᠨ ᠭᠠᠵᠠᠷ᠎ᠢ ᠨᠥᠬᠦᠪᠦᠷᠢᠯᠡᠬᠦ ᠪᠦᠲᠦᠭᠡᠨ ᠪᠠᠶ᠋ᠢᠭᠤᠯᠤᠯᠲᠠ᠂ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠤᠯᠪᠣᠬᠤ ᠲᠥᠷᠥᠯ ᠵᠦᠢ᠍ᠯ᠎ᠢ 300 ᠮᠦ᠍ ᠬᠡᠷᠡᠭᠵᠢᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭ᠋ᠠᠭ᠋ᠠᠳᠤᠢ 4900 ᠮᠦ᠍ ᠭᠠᠵᠠᠷ ᠰᠢᠷᠣᠢ ᠵᠢ ᠰᠢᠩᠭᠡᠭᠡᠵᠦ᠂ ᠰᠤᠯᠠ ᠪᠠᠶ᠋ᠢᠭ᠎ᠠ 700 ᠮᠦ᠍ ᠭᠠᠵᠠᠷ ᠰᠢᠷᠣᠢ ᠵᠢ ᠰᠢᠢ᠍ᠳᠪᠦᠷᠢᠯᠡᠪᠡ᠃ 《ᠤᠰᠤ ᠵᠢ ᠳᠦᠷᠪᠡ᠎ᠪᠠᠷ ᠲᠣᠭᠲᠠᠭ᠋ᠠᠬᠤ》 ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠵᠦ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠣᠯᠣᠨ ᠡᠷᠴᠢᠮ᠎ᠤᠨ ᠬᠢᠵᠠᠭ᠋ᠠᠷᠯᠠᠯ᠎ᠢ ᠴᠢᠩᠳᠠᠯᠠᠵᠤ᠂ 1.17 ᠳ᠋ᠦᠩᠰᠢᠭᠤᠷ ᠺᠦᠪ ᠮᠧᠲᠷ᠎ᠠᠴᠠ ᠳᠡᠭᠡᠭᠰᠢ ᠲᠠᠷᠢᠶᠠᠯᠠᠩ᠎ᠤᠨ ᠤᠰᠤ ᠠᠷᠪᠢᠯᠠᠵᠤ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ ᠵᠢ 0.479 ᠪᠣᠯᠲᠠᠯ᠎ᠠ ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠤᠷᠣᠭᠳᠠᠯ᠎ᠢ ᠪᠠᠭ᠋ᠠᠰᠬᠠᠬᠤ ᠪᠤᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠡᠨᠧᠷᠭᠢ ᠵᠢᠨ ᠬᠤᠷᠣᠭᠳᠠᠯ᠎ᠤᠨ 《ᠬᠤᠶᠠᠷ᠎ᠢ ᠬᠢᠵᠠᠭ᠋ᠠᠷᠯᠠᠬᠤ》 ᠵᠢ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢᠨ 《ᠬᠤᠶᠠᠷ᠎ᠢ ᠬᠢᠵᠠᠭ᠋ᠠᠷᠯᠠᠬᠤ》 ᠲᠡᠶ᠋ᠢᠰᠢ ᠬᠤᠪᠢᠷᠠᠭᠤᠯᠬᠤ ᠵᠢ ᠲᠦᠯᠬᠢᠨ ᠠᠬᠢᠭᠤᠯᠵᠤ᠂ ᠰᠢᠨ᠎ᠡ᠎ᠪᠠᠷ ᠪᠠᠶ᠋ᠢᠭᠤᠯᠬᠤ ᠵᠦᠢ᠍ᠯᠡᠰ᠎ᠲᠤ ᠴᠥᠮ 《ᠬᠤᠶᠠᠷ ᠲᠡᠷᠢᠭᠦᠨ》᠎ᠤ ᠬᠢᠨᠠᠨ ᠪᠠᠶ᠋ᠢᠴᠠᠭ᠋ᠠᠬᠤ ᠪᠠᠷᠢᠮᠵᠢᠶ᠎ᠠ ᠵᠢ ᠬᠡᠷᠡᠭᠵᠢᠭᠦᠯᠦᠨ᠎ᠡ᠃
      (ᠵᠢᠷᠭᠤᠭ᠎ᠠ) ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ᠎ᠪᠠᠷ ᠬᠥᠲᠥᠯᠥᠮᠵᠢ ᠪᠣᠯᠭ᠋ᠠᠵᠤ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ᠎ᠤ ᠬᠠᠮᠵᠢᠯᠴᠠᠨ ᠬᠦᠭᠵᠢᠬᠦ ᠵᠢ ᠠᠬᠢᠭᠤᠯᠤᠨ᠎ᠠ᠃ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠣᠳᠠᠲᠤ ᠬᠡᠷᠡᠭᠴᠡᠭᠡ ᠵᠢ ᠪᠣᠳᠣᠯᠬᠢᠯᠠᠨ᠂ ᠰᠤᠷᠭ᠋ᠠᠨ ᠬᠥᠮᠦᠵᠢᠯ᠎ᠢ ᠴᠢᠩᠭ᠋ᠠᠳᠬᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠬᠥᠭᠵᠢᠭᠦᠯᠬᠦ᠂ ᠴᠢᠳᠠᠪᠤᠷᠢᠲᠠᠨ᠎ᠢ ᠬᠥᠮᠥᠵᠢᠭᠦᠯᠬᠦ ᠵᠢ ᠨᠢᠭᠡᠳᠦᠯᠲᠡᠢ ᠲᠥᠯᠥᠪᠯᠡᠨ ᠰᠠᠶ᠋ᠢᠲᠤᠷ ᠠᠳᠬᠤᠵᠤ᠂ ᠤᠳᠤᠬᠢᠴᠢᠯᠠᠭᠰᠠᠨ ᠪᠠᠶᠠᠨᠨᠠᠭᠤᠷ᠎ᠤᠨ ᠪᠦᠲᠦᠭᠡᠨ ᠪᠠᠶ᠋ᠢᠭᠤᠯᠤᠯᠲᠠ᠎ᠳᠤ ᠰᠠᠭᠤᠷᠢ ᠵᠢ ᠰᠠᠶ᠋ᠢᠲᠤᠷ ᠲᠠᠯᠪᠢᠵᠤ ᠪᠠᠲᠤᠳᠬᠠᠨ᠎ᠠ᠃
      ᠠᠷᠠᠳ ᠲᠦᠮᠡᠨ᠎ᠤ ᠰᠠᠨᠠᠭ᠋ᠠᠨ᠎ᠳᠤ ᠨᠡᠶ᠋ᠢᠴᠡᠭᠰᠡᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠨ᠎ᠠ᠃ ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠡᠬᠢᠯᠡᠨ ᠬᠡᠷᠡᠭᠵᠢᠭᠦᠯᠵᠦ᠂ ᠲᠦᠭᠡᠮᠡᠯ ᠠᠰᠢᠭ ᠬᠦᠷᠲᠡᠭᠡᠬᠦ ᠠᠮᠤᠷ ᠲᠦᠪᠰᠢᠨ ᠴᠢᠨᠠᠷ ᠰᠠᠶ᠋ᠢᠲᠠᠢ ᠪᠠᠶ᠋ᠢᠬᠤ ᠵᠢ ᠲᠦᠭᠡᠮᠡᠯᠵᠢᠭᠦᠯᠬᠦ᠎ᠪᠠᠷ ᠤᠳᠤᠷᠢᠳᠤᠮᠵᠢ ᠪᠣᠯᠭ᠋ᠠᠵᠤ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠵᠢᠷᠤᠮᠵᠢᠯ᠎ᠲᠠᠢ ᠬᠥᠭᠵᠢᠯᠲᠡ ᠵᠢ ᠠᠬᠢᠭᠤᠯᠤᠨ᠎ᠠ; ᠪᠥᠬᠦ ᠰᠤᠷᠤᠭᠴᠢᠳ᠎ᠤᠨ ᠪᠥᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ᠎ᠪᠠᠷ ᠤᠳᠤᠷᠢᠳᠤᠮᠵᠢ ᠪᠣᠯᠭ᠋ᠠᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠵᠢ ᠠᠬᠢᠭᠤᠯᠤᠨ᠎ᠠ; ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠶᠡᠬᠡᠪᠡᠷ ᠳᠡᠭᠡᠭᠰᠢᠯᠡᠭᠦᠯᠬᠦ᠎ᠪᠠᠷ ᠤᠳᠤᠷᠢᠳᠤᠮᠵᠢ ᠪᠣᠯᠭ᠋ᠠᠵᠤ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠠᠭᠤᠯᠤᠭᠳᠠᠬᠤᠨ᠎ᠤ ᠬᠡᠯᠪᠡᠷᠢ ᠵᠢᠨ ᠬᠥᠭᠵᠢᠯᠲᠡ ᠵᠢ ᠠᠬᠢᠭᠤᠯᠤᠨ᠎ᠠ; ᠠᠵᠢᠯ ᠣᠯᠭᠤᠬᠤ ᠪᠠ ᠰᠤᠷᠭ᠋ᠠᠭᠤᠯᠢ ᠳᠡᠪᠰᠢᠬᠦ ᠵᠢ ᠵᠡᠷᠭᠡᠪᠡᠷ ᠴᠢᠬᠤᠯᠠᠴᠢᠯᠠᠬᠤ᠎ᠪᠠᠷ ᠤᠳᠤᠷᠢᠳᠤᠮᠵᠢ ᠪᠣᠯᠭ᠋ᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ; ᠣᠷᠣᠨ ᠨᠤᠲᠤᠭ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠰᠢᠯᠢᠳᠡᠭ ᠴᠢᠳᠠᠪᠤᠷᠢᠲᠠᠨ᠎ᠤ ᠡᠬᠢ ᠪᠠᠶᠠᠯᠢᠭ᠎ᠤᠨ ᠲᠤᠯᠭ᠋ᠠᠭᠤᠷᠢᠯᠠᠯ ᠬᠠᠩᠭ᠋ᠠᠬᠤ᠎ᠪᠠᠷ ᠤᠳᠤᠷᠢᠳᠤᠮᠵᠢ ᠪᠣᠯᠭ᠋ᠠᠵᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠣᠨᠴᠠᠯᠢᠭᠲᠤ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠪᠠᠶᠠᠨᠨᠠᠭᠤᠷ ᠬᠤᠲᠠ ᠵᠢᠨ ᠳᠥᠷᠪᠡᠳᠦᠭᠡᠷ ᠳᠤᠮᠳᠠᠳᠤ ᠰᠤᠷᠭ᠋ᠠᠭᠤᠯᠢ᠂ ᠮᠤᠨᠠ ᠠᠭᠤᠯᠠ ᠵᠢᠨ ᠲᠤᠷᠰᠢᠯᠲᠠ ᠵᠢᠨ ᠰᠤᠷᠭ᠋ᠠᠭᠤᠯᠢ ᠵᠡᠷᠭᠡ 6 ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠢ ᠰᠢᠨ᠎ᠡ᠎ᠪᠠᠷ ᠪᠠᠶ᠋ᠢᠭᠤᠯᠵᠤ᠂ 3930 ᠡᠷᠳᠡᠮ᠎ᠤᠨ ᠴᠣᠯᠠ ᠵᠢ ᠰᠢᠨ᠎ᠡ᠎ᠪᠠᠷ ᠨᠡᠮᠡᠭᠳᠡᠭᠦᠯᠦᠨ᠎ᠡ᠃ ᠵᠡᠭᠦᠨ ᠡᠮᠦᠨᠡᠲᠦ ᠵᠢᠨ ᠶᠡᠭᠡ ᠰᠤᠷᠭ᠋ᠠᠭᠤᠯᠢ ᠵᠢᠨ ᠠᠰᠫᠢᠷᠠᠨᠲ᠎ᠤᠨ ᠰᠤᠷᠭ᠋ᠠᠨ ᠬᠥᠮᠦᠵᠢᠯ᠎ᠢ ᠳᠡᠮᠵᠢᠬᠦ ᠪᠦᠯᠬᠦᠮ᠎ᠢ ᠰᠢᠨ᠎ᠡ᠎ᠪᠠᠷ ᠨᠡᠮᠡᠭᠳᠡᠭᠦᠯᠬᠦ᠎ᠪᠠᠷ ᠴᠢᠷᠮᠠᠶ᠋ᠢᠨ᠎ᠠ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠲᠤᠯᠭ᠋ᠠᠭᠤᠷᠢᠯᠠᠯ ᠪᠠ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠨ᠎ᠠ᠃ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠥᠪᠥᠷ ᠮᠣᠩᠭᠤᠯ᠎ᠢ ᠬᠥᠭᠵᠢᠭᠦᠯᠬᠦ》 ᠠᠵᠢᠯᠯᠠᠭ᠎ᠠ ᠵᠢ ᠨᠠᠶ᠋ᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠠᠲᠤᠯᠠᠭ᠋ᠠᠲᠤ ᠨᠡᠮᠡᠭᠳᠡᠯ᠎ᠤᠨ ᠲᠣᠭᠲᠠᠴᠠ ᠵᠢ ᠳᠡᠭᠦᠯᠳᠡᠷᠵᠢᠭᠦᠯᠵᠦ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠪᠠᠶ᠋ᠢᠷᠢ ᠰᠠᠭᠤᠷᠢ ᠵᠢ ᠳᠤᠪᠤᠶ᠋ᠢᠯᠭ᠋ᠠᠵᠤ᠂ ᠤᠯᠤᠰ᠎ᠤᠨ ᠲᠠᠷᠢᠶᠠᠯᠠᠩ᠎ᠤᠨ ᠳᠡᠭᠡᠳᠤ ᠰᠢᠨ᠎ᠡ ᠮᠡᠷᠭᠡᠵᠢᠯ᠎ᠤᠨ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠥᠯ᠎ᠢ ᠥᠨᠳᠥᠷ ᠪᠠᠷᠢᠮᠵᠢᠶ᠎ᠠ᠎ᠪᠠᠷ ᠲᠦᠯᠬᠢᠨ ᠠᠬᠢᠭᠤᠯᠵᠤ᠂ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ ᠵᠢᠨ ᠰᠤᠳᠤᠯᠭ᠋ᠠᠨ᠎ᠤ ᠬᠦᠷᠢᠶᠡᠯᠡᠩ᠂ ᠬᠥᠷᠥᠰᠥ ᠰᠢᠷᠣᠢ ᠭᠠᠵᠠᠷ᠎ᠤᠨ ᠴᠢᠳᠠᠮᠵᠢ ᠵᠢ ᠳᠡᠭᠡᠭᠰᠢᠯᠡᠭᠦᠯᠬᠦ ᠰᠢᠨ᠎ᠡ ᠵᠢ ᠡᠭᠦᠳᠬᠦ ᠲᠥᠪ ᠵᠡᠷᠭᠡ 10 ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠪᠠᠶ᠋ᠢᠭᠤᠯᠵᠤ᠂ ᠰᠢᠨ᠎ᠡ ᠡᠭᠦᠯᠳᠡᠷ᠎ᠢ ᠪᠣᠶ᠋ᠢᠵᠢᠭᠤᠯᠬᠤ᠂ ᠲᠠᠷᠢᠶᠠᠯᠠᠩ ᠮᠠᠯ᠎ᠤᠨ ᠭᠠᠷᠤᠯᠲᠠ ᠵᠢᠨ ᠪᠦᠲᠦᠭᠡᠭᠳᠡᠬᠦᠨ᠎ᠢ ᠨᠠᠷᠢᠯᠢᠭ ᠪᠣᠯᠪᠠᠰᠤᠷᠠᠭᠤᠯᠬᠤ ᠵᠡᠷᠭᠡ 10 ᠵᠦᠢ᠍ᠯ᠎ᠤᠨ ᠵᠠᠩᠭᠢᠯᠠᠭ᠎ᠠ ᠵᠢᠨ ᠮᠡᠷᠭᠡᠵᠢᠯ᠎ᠤᠨ ᠪᠣᠭᠤᠮᠲᠠ ᠰᠢᠪᠲᠤᠯᠬᠤ ᠠᠵᠢᠯ᠎ᠢ ᠥᠷᠨᠢᠭᠦᠯᠵᠦ᠂ ᠲᠦᠮᠡᠨ ᠮᠦ᠍ ᠬᠠᠲᠠᠭᠤ ᠪᠤᠭᠤᠳᠠᠢ᠂ ᠠᠷᠪᠠᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠵᠡᠷᠭᠡ 10 ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠵᠤ᠂ ᠤᠯᠤᠰ᠎ᠤᠨ ᠭᠤᠤᠯᠯᠠᠭᠴᠢ ᠬᠥᠯᠳᠡᠭᠡᠵᠦ ᠬᠡᠯᠬᠢᠶᠡᠵᠢᠭᠦᠯᠬᠦ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ ᠭᠠᠵᠠᠷ᠂ ᠨᠡᠷᠡᠨ ᠬᠤᠸᠠᠷ᠎ᠤᠨ ᠠᠵᠤ ᠦᠢ᠍ᠯᠡᠰ᠎ᠤᠨ ᠰᠦᠷᠦᠭᠵᠢᠯ ᠵᠡᠷᠭᠡ 10 ᠵᠦᠢ᠍ᠯ᠎ᠤᠨ ᠭᠤᠣᠯᠳᠠᠯᠭ᠎ᠠ᠎ᠲᠠᠢ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ᠂ ᠠᠵᠤ ᠦᠢ᠍ᠯᠡᠰ᠎ᠤᠨ ᠠᠭᠤᠰᠤᠯᠴᠠᠨ ᠨᠡᠶ᠋ᠢᠯᠡᠯ᠂ ᠠᠳᠠᠯ ᠦᠢ᠍ᠯᠡᠰ ᠴᠣᠭᠴᠠᠯᠠᠵᠤ ᠨᠡᠪᠴᠢᠭᠦᠯᠬᠦ ᠵᠡᠷᠭᠡ 10 ᠵᠦᠢ᠍ᠯ᠎ᠤᠨ ᠭᠤᠣᠯᠳᠠᠯᠭ᠎ᠠ᠎ᠲᠠᠢ ᠢᠨᠵᠧᠨᠧᠷᠢᠩ᠎ᠢ ᠠᠬᠢᠭᠤᠯᠤᠨ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ 5᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠦᠮᠴᠢᠯᠡᠯ᠎ᠤᠨ ᠡᠷᠬᠡ᠎ᠲᠠᠢ ᠲᠠᠷᠢᠮᠠᠯ᠎ᠤᠨ ᠰᠢᠨ᠎ᠡ ᠡᠭᠦᠯᠳᠡᠷ᠎ᠢ 10᠎ᠠᠴᠠ ᠳᠡᠭᠡᠭᠰᠢ ᠪᠣᠶ᠋ᠢᠵᠢᠭᠤᠯᠵᠤ᠂ ᠲᠠᠷᠢᠶᠠᠯᠠᠩ᠎ᠤᠨ ᠳᠡᠭᠡᠳᠤ ᠰᠢᠨ᠎ᠡ ᠮᠡᠷᠭᠡᠵᠢᠯ᠎ᠤᠨ ᠣᠷᠣᠨ᠎ᠤ ᠦᠢ᠍ᠯᠡᠳᠪᠦᠷᠢᠯᠡᠯ᠎ᠤᠨ ᠪᠥᠬᠦ ᠥᠷᠲᠡᠭ᠎ᠢ 140 ᠳ᠋ᠦᠩᠰᠢᠭᠤᠷ ᠲᠥᠭᠦᠷᠢᠭ᠎ᠲᠤ ᠬᠦᠷᠦᠭᠦᠯᠦᠨ᠎ᠡ᠃ 《ᠬᠤᠰᠢᠭᠤᠴᠢᠯᠠᠬᠤ》᠂ 《ᠬᠠᠨᠳᠤᠯᠭ᠎ᠠ᠎ᠲᠠᠢ᠎ᠪᠠᠷ ᠨᠠᠶ᠋ᠢᠳᠠᠬᠤ》 ᠵᠡᠷᠭᠡ ᠠᠷᠭ᠎ᠠ ᠮᠠᠶᠢᠭ᠎ᠢ ᠠᠪᠴᠤ᠂ ᠦᠷ᠎ᠡ ᠵᠢᠨ ᠦᠢ᠍ᠯᠡᠰ᠎ᠢ ᠬᠥᠭᠵᠢᠭᠦᠯᠬᠦ᠂ ᠤᠰᠤ ᠠᠷᠪᠢᠯᠠᠵᠤ ᠤᠰᠤ ᠵᠢ ᠬᠢᠵᠠᠭ᠋ᠠᠷᠯᠠᠬᠤ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠵᠢ ᠬᠡᠷᠡᠭᠵᠢᠭᠦᠯᠵᠦ᠂ ᠨᠢᠭᠡ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠤᠢ ᠪᠣᠯᠭ᠋ᠠᠬᠤ ᠪᠠ ᠬᠤᠪᠢᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ ᠵᠢᠨ ᠬᠤᠪᠢ ᠨᠡᠮᠡᠷᠢ ᠵᠢᠨ ᠨᠤᠷᠮ᠎ᠠ ᠵᠢ ᠳᠡᠭᠡᠭᠰᠢᠯᠡᠭᠦᠯᠦᠨ᠎ᠡ᠃
      ᠴᠢᠳᠠᠪᠤᠷᠢᠲᠠᠨ ᠵᠶ᠋ᠠᠷ ᠬᠤᠲᠠ᠎ᠪᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠦᠨ᠎ᠡ᠃ ᠪᠣᠳᠠᠲᠤ᠂ ᠬᠡᠷᠡᠭᠯᠡᠭᠡᠨ᠎ᠤ᠂ ᠦᠷ᠎ᠡ ᠪᠦᠲᠦᠮᠵᠢ ᠵᠢᠨ ᠤᠳᠤᠷᠢᠳᠤᠮᠵᠢ ᠵᠢ ᠲᠤᠪᠤᠶ᠋ᠢᠯᠭ᠋ᠠᠵᠦ᠂ ᠣᠷᠣᠭᠤᠯᠤᠨ ᠠᠪᠴᠢᠷᠠᠬᠤ᠂ ᠬᠥᠮᠥᠵᠢᠭᠦᠯᠬᠦ᠂ ᠬᠡᠷᠡᠭᠯᠡᠬᠦ᠂ ᠦᠯᠡᠳᠡᠭᠡᠬᠦ ᠪᠦᠬᠦ ᠬᠡᠯᠬᠢᠶ᠎ᠡ᠎ᠪᠠᠷ ᠬᠦᠴᠦᠯᠡᠵᠦ᠂ ᠴᠢᠳᠠᠪᠤᠷᠢᠲᠠᠨ᠎ᠤ ᠡᠩᠨᠡᠭᠡ ᠵᠢᠨ 《ᠲᠤᠭ᠎ᠠ ᠬᠡᠮᠵᠢᠶ᠎ᠡ》᠂ 《ᠴᠢᠨᠠᠷ》᠎ᠢ ᠵᠡᠷᠭᠡᠪᠡᠷ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠢ᠃ ᠣᠶᠤᠲᠠᠳ᠎ᠤᠨ 《ᠪᠤᠴᠠᠵᠤ ᠢᠷᠡᠬᠦ ᠢᠨᠵᠧᠨᠧᠷᠢᠩ》 ᠪᠠ ᠲᠣᠰ ᠨᠤᠲᠤᠭ᠎ᠤᠨ ᠴᠢᠳᠠᠪᠤᠷᠢᠲᠠᠨ᠎ᠤ 《ᠪᠤᠴᠠᠵᠤ ᠢᠷᠡᠬᠦ ᠢᠨᠵᠧᠨᠧᠷᠢᠩ》᠎ᠢ ᠬᠡᠷᠡᠭᠵᠢᠭᠦᠯᠵᠦ᠂ ᠡᠯ᠎ᠡ ᠲᠥᠷᠥᠯ᠎ᠤᠨ ᠴᠢᠳᠠᠪᠤᠷᠢᠲᠠᠨ᠎ᠢ ᠤᠷᠢᠨ ᠠᠪᠴᠢᠷᠠᠵᠤ ᠮᠠᠨ᠎ᠤ ᠬᠤᠲᠠ᠎ᠳᠤ ᠪᠡᠯᠡ ᠣᠷᠣᠭᠤᠯᠤᠨ ᠦᠢ᠍ᠯᠡᠰ ᠬᠦᠭᠵᠢᠭᠦᠯᠵᠦ ᠪᠦᠲᠦᠭᠡᠨ ᠴᠤᠭᠴᠠᠯᠠᠭᠤᠯᠤᠨ᠎ᠠ᠃ ᠳ᠋ᠣᠺᠲ᠋ᠣᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ᠎ᠤᠨ ᠥᠷᠲᠡᠭᠡ ᠵᠢ 10 ᠰᠢᠨ᠎ᠡ᠎ᠪᠠᠷ ᠬᠥᠮᠥᠵᠢᠭᠦᠯᠦᠨ ᠪᠣᠶ᠋ᠢᠵᠢᠭᠤᠯᠵᠤ᠂ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠰᠡᠬᠦ ᠪᠠ ᠲᠤᠲᠠᠭᠳᠠᠵᠤ ᠪᠠᠶ᠋ᠢᠭ᠎ᠠ ᠴᠢᠳᠠᠪᠤᠷᠢᠲᠠᠨ᠎ᠢ 50 ᠬᠥᠮᠥᠨ᠎ᠠᠴᠠ ᠳᠡᠭᠡᠭᠰᠢ ᠣᠷᠣᠭᠤᠯᠤᠨ ᠠᠪᠴᠢᠷᠠᠵᠤ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠢ 1000 ᠬᠥᠮᠥᠨ᠎ᠠᠴᠠ ᠳᠡᠭᠡᠭᠰᠢ ᠢᠯᠡ᠎ᠪᠠᠷ ᠤᠷᠢᠨ ᠬᠡᠷᠡᠭᠯᠡᠨ᠎ᠡ᠃ ᠴᠢᠳᠠᠪᠤᠷᠢᠲᠠᠨ᠎ᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠦᠨᠡᠨᠬᠦ ᠰᠠᠶ᠋ᠢᠲᠤᠷ ᠬᠢᠵᠦ᠂ ᠴᠠᠯᠢᠩ ᠬᠥᠯᠥᠰᠦ ᠣᠯᠭᠤᠮᠵᠢ᠂ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ᠂ ᠭᠡᠷ ᠪᠦᠯᠢ ᠵᠢᠨ᠎ᠬᠢᠨ᠎ᠤ ᠠᠵᠢᠯ ᠣᠯᠬᠤ᠂ ᠡᠮᠴᠢᠯᠡᠭᠡ ᠣᠷᠣᠨ ᠰᠠᠭᠤᠴᠠ ᠵᠡᠷᠭᠡ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠴᠢᠳᠠᠪᠤᠷᠢᠲᠠᠨ᠎ᠢ ᠦᠨᠡᠨ ᠰᠡᠳᠬᠢᠯ᠎ᠠᠴᠠ᠎ᠪᠠᠨ ᠬᠠᠶ᠋ᠢᠷᠠᠯᠠᠵᠤ᠂ ᠴᠢᠳᠠᠪᠤᠷᠢᠲᠠᠨ᠎ᠢ ᠪᠥᠬᠦ ᠰᠡᠳᠬᠢᠯ ᠵᠶ᠋ᠠᠷ ᠵᠶ᠋ᠠᠨ ᠬᠥᠮᠥᠵᠢᠭᠦᠯᠵᠦ᠂ ᠴᠢᠳᠠᠪᠤᠷᠢᠲᠠᠨ᠎ᠢ ᠪᠥᠬᠦ ᠰᠡᠳᠬᠢᠯ ᠵᠶ᠋ᠠᠷ ᠵᠶ᠋ᠠᠨ ᠤᠷᠢᠨ ᠠᠪᠴᠢᠷᠠᠵᠤ᠂ ᠴᠢᠳᠠᠪᠤᠷᠢᠲᠠᠨ ᠪᠠᠶᠠᠨᠨᠠᠭᠤᠷ᠎ᠠᠴᠠ ᠴᠤᠯᠭᠤᠷᠴᠤ᠂ ᠪᠠᠶᠠᠨᠨᠠᠭᠤᠷ ᠵᠶ᠋ᠠᠨ ᠴᠢᠳᠠᠪᠤᠷᠢᠲᠠᠨ ᠴᠤᠭᠴᠠᠯᠠᠨ᠎ᠠ᠃
      (ᠳᠣᠯᠤᠭ᠎ᠠ) ᠥᠭᠡᠷᠡᠴᠢᠯᠡᠯᠲᠡ ᠨᠡᠭᠡᠭᠡᠯᠲᠡ᠎ᠪᠠᠷ ᠬᠦᠳᠡᠯᠭᠡᠬᠦ ᠬᠦᠴᠦᠨ ᠪᠣᠯᠭ᠋ᠠᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠴᠢᠨᠠᠷ ᠰᠠᠶ᠋ᠢᠲᠠᠢ ᠬᠥᠭᠵᠢᠯᠲᠡ ᠵᠢᠨ ᠭᠤᠣᠯᠳᠠᠯᠭ᠎ᠠ᠎ᠲᠠᠢ ᠬᠦᠴᠢᠷ ᠲᠦᠪᠡᠭᠲᠡᠢ ᠲᠦᠭᠵᠢᠷᠡᠯ᠎ᠢ ᠣᠨᠢᠯᠠᠵᠤ᠂ ᠥᠭᠡᠷᠡᠴᠢᠯᠡᠯᠲᠡ ᠵᠢᠨ ᠡᠭᠦᠷᠭᠡ ᠪᠣᠯᠣᠨ ᠨᠡᠭᠡᠭᠡᠯᠲᠡ ᠵᠢᠨ ᠠᠷᠭ᠎ᠠ ᠬᠡᠮᠵᠢᠶ᠎ᠡ ᠵᠢ ᠭᠦᠨᠵᠡᠭᠡᠢ ᠠᠬᠢᠭᠤᠯᠤᠨ ᠪᠣᠳᠠᠲᠠᠶ᠋ᠢᠵᠢᠭᠤᠯᠵᠤ᠂ ᠰᠢᠨ᠎ᠡ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠬᠥᠭᠵᠢᠭᠡᠵᠦ᠂ ᠰᠢᠨ᠎ᠡ ᠳᠠᠪᠠᠭᠤᠯᠢᠭ᠎ᠢ ᠡᠭᠦᠳᠴᠦ᠂ ᠰᠢᠨ᠎ᠡ ᠬᠦᠳᠡᠯᠭᠡᠬᠦ ᠬᠦᠴᠦᠨ᠎ᠢ ᠪᠣᠶ᠋ᠢᠵᠢᠭᠤᠯᠤᠨ᠎ᠠ᠃
      ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠲᠣᠭ᠋ᠠᠴᠢᠯᠠᠭᠰᠠᠨ ᠵᠠᠰᠠᠭ᠎ᠤᠨ ᠣᠷᠳᠣᠨ᠎ᠢ ᠲᠦᠷᠭᠡᠳᠬᠡᠨ ᠪᠠᠶ᠋ᠢᠭᠤᠯᠵᠤ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠵᠤ᠂ 《ᠮᠦᠩᠬᠡ ᠰᠤᠪᠠᠭ · ᠳᠦᠷᠪᠡᠨ ᠭᠦᠢ᠍ᠴᠡᠳᠭᠡᠯ》 ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠤᠭ᠎ᠠ ᠪᠠᠷᠢᠮᠲᠠ ᠵᠢ ᠬᠠᠮᠲᠤᠪᠠᠷ ᠭᠥᠷᠳᠡᠬᠦ ᠲᠣᠭᠲᠠᠴᠠ ᠵᠢ ᠲᠡᠭᠦᠯᠳᠡᠷᠵᠢᠭᠦᠯᠵᠦ᠂ 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠭᠡᠬᠦ》 ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠪᠥᠬᠦ ᠬᠤᠲᠠ᠎ᠳᠤ ᠨᠡᠶ᠋ᠢᠳᠡᠮ ᠭᠦᠢ᠍ᠴᠡᠳᠬᠡᠬᠦ》 《ᠣᠨᠳᠣᠣ ᠭᠠᠵᠠᠷ᠎ᠲᠤ ᠭᠦᠢ᠍ᠴᠡᠳᠬᠡᠵᠦ ᠪᠣᠯᠬᠤ》 《ᠡᠯᠧᠺᠲᠷᠣᠨ ᠦᠨᠡᠮᠯᠡᠯ ᠵᠶ᠋ᠠᠷ ᠭᠦᠢ᠍ᠴᠡᠳᠬᠡᠬᠦ》 ᠵᠢ ᠥᠷᠨᠢᠭᠦᠯᠵᠦ᠂ 《ᠭᠡᠷᠡᠴᠢᠯᠡᠯ ᠦᠭᠡᠢ ᠬᠤᠲᠠ》 ᠵᠢ ᠪᠣᠶ ᠪᠣᠯᠭ᠋ᠠᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠢ ᠤᠴᠢᠷ ᠶᠠᠪᠤᠳᠠᠯ᠎ᠢ ᠳᠦᠭᠦᠮ ᠵᠶ᠋ᠠᠷ ᠪᠦᠲᠦᠭᠡᠯᠭᠡᠵᠦ᠂ ᠰᠠᠭ᠋ᠠᠲᠠᠭ᠋ᠠᠬᠤ ᠦᠭᠡᠢ ᠪᠠᠶ᠋ᠢᠯᠭ᠋ᠠᠨ᠎ᠠ᠃ 12345 ᠬᠠᠯᠠᠭᠤᠨ ᠤᠲᠠᠰᠤᠨ᠎ᠤ ᠦᠢ᠍ᠯᠡᠴᠢᠯᠡᠭᠡᠨ᠎ᠤ ᠦᠷ᠎ᠡ ᠪᠦᠲᠦᠮᠵᠢ ᠪᠠ ᠴᠢᠨᠠᠷ᠎ᠢ ᠳᠡᠭᠡᠭᠰᠢᠯᠡᠭᠦᠯᠵᠦ᠂ ᠣᠯᠠᠨ ᠲᠦᠮᠡᠨ᠎ᠤ ᠲᠤᠰᠬᠠᠭᠰᠠᠨ ᠠᠰᠠᠭᠤᠳᠠᠯ᠎ᠳᠤ ᠬᠠᠷᠢᠭᠤ ᠥᠭᠬᠦ ᠠᠰᠠᠭᠤᠳᠠᠯ᠎ᠢ ᠬᠢᠨᠠᠮᠠᠭ᠋ᠠᠢ ᠰᠢᠢ᠍ᠳᠪᠦᠷᠢᠯᠡᠨ᠎ᠡ᠃ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠨᠠᠩ ᠣᠯᠠᠨ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ 《ᠭᠤᠶᠤᠴᠢᠯᠠᠬᠤ ᠦᠭᠡᠢ᠎ᠪᠠᠷ ᠡᠳ᠋ᠯᠡᠬᠦ》 《ᠡᠳ᠋ᠯᠡᠬᠦ ᠶᠣᠰᠣᠲᠠᠢ ᠵᠢ᠎ᠨᠢ ᠴᠥᠮ ᠡᠳ᠋ᠯᠡᠬᠦ》 ᠵᠢ ᠪᠡᠶᠡᠯᠡᠭᠦᠯᠬᠦ ᠵᠢ ᠲᠦᠯᠬᠢᠨ ᠠᠬᠢᠭᠤᠯᠵᠤ᠂ ᠠᠷᠠᠳ᠎ᠤᠨ ᠡᠵᠡᠩᠨᠡᠭᠰᠡᠨ ᠪᠠ ᠳᠤᠮᠳᠠ ᠵᠢᠵᠢᠭ ᠠᠵᠤ ᠠᠬᠤᠶ᠋ᠢᠯᠠᠯ᠎ᠳᠤ ᠥᠷᠢᠲᠦᠵᠦ ᠪᠠᠶ᠋ᠢᠭ᠎ᠠ ᠲᠠᠩᠰᠠᠨ ᠵᠣᠭᠤᠰ᠎ᠢ ᠬᠥᠳᠡᠯᠦᠩᠭᠦᠢ᠎ᠪᠠᠷ ᠴᠡᠪᠡᠷᠯᠡᠨ᠎ᠡ᠃ ᠠᠵᠤ ᠠᠬᠤᠶ᠋ᠢᠯᠠᠯ᠎ᠳᠤ ᠬᠤᠯᠪᠣᠭᠳᠠᠭᠰᠠᠨ ᠵᠠᠰᠠᠭ ᠵᠠᠬᠢᠷᠭ᠋ᠠᠨ᠎ᠤ ᠰᠢᠢ᠍ᠳᠪᠦᠷᠢᠯᠡᠯᠲᠡ ᠵᠢᠨ 《ᠲᠣᠷᠭ᠋ᠠᠬᠤ᠎ᠠᠴᠠ ᠬᠡᠯᠲᠦᠷᠢᠭᠦᠯᠬᠦ᠂ ᠬᠥᠩᠭᠡᠨ ᠵᠶ᠋ᠠᠷ ᠲᠣᠷᠭ᠋ᠠᠬᠤ》 ᠨᠠᠷᠢᠨ ᠬᠠᠭᠤᠳᠠᠰᠤ ᠵᠢᠨ ᠲᠣᠭᠲᠠᠴᠠ ᠪᠠ 《ᠱᠠᠭ᠋ᠠᠷᠳᠠᠯᠭ᠎ᠠ ᠪᠠᠶ᠋ᠢᠪᠠᠯ ᠵᠠᠪᠠᠯ ᠬᠠᠩᠭ᠋ᠠᠵᠤ᠂ ᠤᠴᠢᠷ ᠦᠭᠡᠢ ᠪᠣᠯ ᠬᠠᠷᠰᠢᠯᠠᠬᠤ ᠦᠭᠡᠢ》 ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ ᠲᠣᠭᠲᠠᠴᠠ ᠵᠢ ᠪᠠᠶ᠋ᠢᠭᠤᠯᠤᠨ᠎ᠠ᠃
      ᠨᠡᠭᠡᠭᠡᠯᠲᠡ ᠬᠢᠵᠦ ᠬᠠᠮᠲᠤᠷᠠᠯᠴᠠᠬᠤ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠦᠨ᠎ᠡ᠃ 《ᠨᠢᠭᠡ ᠪᠦᠰᠡ ᠨᠢᠭᠡ ᠵᠠᠮ》 ᠪᠠ 《ᠳᠤᠮᠳᠠᠳᠤ ᠮᠣᠩᠭᠤᠯ ᠣᠷᠣᠰ᠎ᠤᠨ ᠠᠵᠤ ᠠᠬᠤᠢ ᠵᠢᠨ ᠬᠤᠩᠭᠢᠯ》᠎ᠤᠨ ᠪᠦᠲᠦᠭᠡᠨ ᠪᠠᠶ᠋ᠢᠭᠤᠯᠤᠯᠲᠠ᠎ᠳᠤ ᠭᠦᠨᠵᠡᠭᠡᠢ ᠣᠷᠣᠯᠴᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠵᠢ ᠪᠦᠲᠦᠭᠡᠨ ᠪᠠᠶ᠋ᠢᠭᠤᠯᠬᠤ᠎ᠳᠤ ᠰᠢᠨ᠎ᠡ ᠳᠠᠪᠠᠭᠤᠯᠢᠭ᠎ᠢ ᠡᠭᠦᠳᠦᠨ᠎ᠡ᠃ ᠪᠣᠭᠤᠮᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠬᠠᠭᠤᠷᠠᠢ ᠵᠠᠮ᠎ᠤᠨ ᠬᠢᠯᠢ ᠵᠢᠨ ᠪᠣᠭᠤᠮᠲᠠ ᠵᠢᠨ ᠬᠡᠯᠪᠡᠷᠢ ᠵᠢᠨ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠬᠤᠲᠠ ᠵᠢ ᠢᠳᠡᠪᠬᠢᠲᠡᠢ᠎ᠪᠠᠷ ᠡᠭᠦᠳᠦᠨ ᠪᠠᠶ᠋ᠢᠭᠤᠯᠤᠨ᠎ᠠ᠃ ᠲᠡᠮᠦᠷ ᠵᠠᠮ᠎ᠤᠨ ᠪᠣᠭᠤᠮᠲᠠ᠂ ᠬᠢᠯᠢ ᠠᠯᠤᠰᠯᠠᠭᠰᠠᠨ ᠠᠭ᠋ᠠᠷ᠎ᠤᠨ ᠲᠡᠮᠦᠷ ᠵᠠᠮ᠎ᠤᠨ ᠴᠤᠪᠤᠭ᠎ᠠ ᠲᠡᠷᠭᠡ ᠵᠢ ᠲᠦᠷᠭᠡᠳᠬᠡᠨ ᠪᠠᠶ᠋ᠢᠭᠤᠯᠵᠤ᠂ ᠪᠣᠭᠤᠮᠲᠠ ᠵᠢᠨ ᠵᠢᠯᠣᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠵᠢᠨ ᠲᠤᠰᠬᠠᠢ ᠨᠡᠪᠲᠡᠷᠡᠬᠦ ᠵᠠᠮ᠂ ᠳᠤᠮᠳᠠᠳᠤ ᠤᠯᠤᠰ᠎ᠤᠨ ᠬᠥᠩᠭᠡᠨ ᠴᠠᠭ᠋ᠠᠨ᠎ᠤ ᠬᠡᠦᠷᠡᠰᠦᠨ ᠨᠡᠭᠦᠷᠡᠰᠦᠨ᠎ᠤ ᠬᠡᠦᠷᠡᠰᠦᠨ ᠬᠤᠭᠤᠴᠠᠭ᠋ᠠᠲᠤ ᠪᠠᠷᠠᠭ᠎ᠠ ᠵᠢᠨ ᠭᠠᠷᠳᠠᠮ ᠭᠦᠢ᠍ᠴᠡᠳᠭᠡᠬᠦ ᠬᠥᠮᠥᠷᠭᠡ ᠵᠡᠷᠭᠡ ᠲᠥᠷᠥᠯ ᠵᠦᠢ᠍ᠯ᠎ᠢ ᠪᠠᠶ᠋ᠢᠭᠤᠯᠤᠨ ᠳᠠᠭᠤᠰᠬᠠᠵᠤ᠂ ᠴᠢᠨᠠᠷ ᠰᠠᠶ᠋ᠢᠲᠠᠢ ᠣᠨᠴᠠᠯᠢᠭᠲᠤ ᠲᠠᠷᠢᠶᠠᠯᠠᠩ ᠮᠠᠯ᠎ᠤᠨ ᠭᠠᠷᠤᠯᠲᠠ ᠵᠢᠨ ᠪᠦᠲᠦᠭᠡᠭᠳᠡᠬᠦᠨ᠎ᠤ ᠠᠷᠠᠯᠵᠢᠶ᠎ᠠ ᠵᠢᠨ ᠬᠡᠪᠴᠢᠶ᠎ᠡ ᠵᠢ ᠦᠷᠭᠦᠯᠵᠢᠯᠡᠨ ᠥᠷᠭᠡᠳᠬᠡᠨ᠂ ᠪᠣᠭᠤᠮᠲᠠ᠎ᠪᠠᠷ ᠨᠡᠪᠲᠡᠷᠡᠬᠦ ᠪᠠᠷᠠᠭ᠎ᠠ ᠵᠢᠨ ᠬᠡᠮᠵᠢᠶ᠎ᠡ ᠵᠢ 2000 ᠲᠦᠮᠡᠨ ᠲᠣᠨ᠎ᠠᠴᠠ ᠳᠡᠭᠡᠭᠰᠢ᠎ᠳᠤ ᠬᠦᠷᠦᠭᠦᠯᠵᠦ᠂ ᠵᠠᠰᠠᠮᠠᠯ ᠵᠠᠮ᠎ᠤᠨ ᠪᠣᠭᠤᠮᠲᠠ᠎ᠪᠠᠷ ᠨᠡᠪᠲᠡᠷᠡᠬᠦ ᠪᠠᠷᠠᠭ᠎ᠠ ᠵᠢᠨ ᠬᠡᠮᠵᠢᠶ᠎ᠡ᠂ ᠭᠠᠳᠠᠭ᠋ᠠᠳᠤ ᠠᠷᠠᠯᠵᠢᠶ᠎ᠠ ᠵᠢᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠶᠡᠷᠦᠩᠬᠡᠢ ᠲᠤᠭ᠎ᠠ ᠵᠢ ᠪᠥᠬᠦ ᠣᠷᠣᠨ᠎ᠤ 《ᠬᠤᠣᠰ ᠨᠢᠭᠡᠳᠦᠭᠡᠷ》᠎ᠢ ᠪᠠᠲᠤᠯᠠᠨ᠎ᠠ᠃ ᠨᠠᠷᠮᠠᠢ ᠪᠣᠭᠤᠮᠲᠠ ᠵᠢᠨ ᠠᠵᠤ ᠠᠬᠤᠢ ᠵᠢ ᠶᠡᠬᠡᠪᠡᠷ ᠬᠥᠭᠵᠢᠭᠦᠯᠵᠦ᠂ ᠪᠣᠭᠤᠮᠲᠠ᠎ᠪᠠᠷ ᠳᠠᠶ᠋ᠢᠴᠢᠯᠠᠬᠤ᠂ ᠬᠢᠯᠢ ᠬᠢᠵᠠᠭ᠋ᠠᠷ ᠲᠤᠳᠤᠭ᠋ᠠᠲᠤ ᠤᠷᠤᠨ ᠬᠠᠷᠢᠯᠴᠠᠨ ᠬᠥᠳᠡᠯᠦᠯᠴᠡᠬᠦ᠂ ᠣᠷᠣᠨ ᠪᠦᠰᠡ ᠬᠤᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠪᠣᠭᠤᠮᠲᠠ ᠬᠢᠭᠡᠳ ᠭᠠᠶ᠋ᠢᠯᠢ ᠪᠠᠲᠤᠯᠠᠬᠤ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠤᠷᠢᠭ᠂ ᠪᠣᠭᠤᠮᠲᠠ ᠵᠢᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ᠎ᠤᠨ ᠳᠠᠭ᠋ᠠᠭ᠋ᠠᠨ ᠠᠪᠴᠤ ᠪᠣᠯᠪᠠᠰᠤᠷᠠᠭᠤᠯᠵᠤ ᠬᠤᠪᠢᠷᠠᠭᠤᠯᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠭᠠᠳᠠᠭ᠋ᠠᠳᠤ᠎ᠠᠴᠠ ᠣᠷᠣᠭᠤᠯᠤᠭᠰᠠᠨ ᠨᠡᠭᠦᠷᠡᠰᠦᠨ᠎ᠤ ᠡᠬᠢ ᠪᠠᠶᠠᠯᠢᠭ᠎ᠢ ᠪᠣᠯᠪᠠᠰᠤᠷᠠᠭᠤᠯᠵᠤ ᠬᠤᠪᠢᠷᠠᠭᠤᠯᠬᠤ ᠨᠤᠷᠮ᠎ᠠ ᠵᠢ 43.3%᠎ᠠᠴᠠ 60% ᠪᠣᠯᠲᠠᠯ᠎ᠠ ᠳᠡᠭᠡᠭᠰᠢᠯᠡᠭᠦᠯᠦᠨ᠎ᠡ᠃ 《ᠤᠷᠠᠳ᠎ᠤᠨ ᠬᠤᠶ᠋ᠢᠲᠤ ᠬᠤᠰᠢᠭᠤ ᠨᠤᠮᠧᠷᠲᠤ》 ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠢᠨ ᠬᠡᠮᠵᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ ᠲᠠᠯᠠᠢ ᠳᠠᠭ᠋ᠠᠤ ᠵᠢᠨ ᠬᠥᠭᠵᠢᠭᠰᠡᠨ ᠭᠠᠵᠠᠷ ᠣᠷᠣᠨ᠂ ᠬᠠᠳᠤᠨ ᠭᠤᠣᠯ ᠳᠠᠭ᠋ᠠᠤ ᠵᠢᠨ ᠬᠤᠳᠠ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠨᠡᠭᠡᠭᠡᠯᠲᠡᠲᠤ ᠬᠡᠯᠪᠡᠷᠢ ᠵᠢᠨ ᠠᠵᠤ ᠠᠬᠤᠢ ᠵᠢᠨ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
      (ᠨᠠᠢ᠍ᠮᠠ) ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠎ᠪᠠᠷ ᠦᠨᠳᠦᠰᠦ ᠪᠣᠯᠭ᠋ᠠᠵᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠴᠢᠳᠠᠯ ᠵᠶ᠋ᠠᠷ ᠵᠶ᠋ᠠᠨ ᠬᠢᠵᠦ ᠴᠢᠷᠮᠠᠶ᠋ᠢᠬᠤ ᠵᠢ ᠪᠠᠷᠢᠮᠲᠠᠯᠠᠵᠤ᠂ ᠠᠷᠠᠳ ᠤᠯᠠᠨ᠎ᠤ ᠪᠠᠴᠢᠮ ᠪᠡᠷᠬᠡ ᠵᠤᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠲᠡᠩᠴᠡᠭᠦᠷᠢᠲᠦ ᠴᠢᠨᠠᠷ ᠪᠠ ᠬᠦᠷᠦᠯᠴᠡᠬᠦᠶ᠋ᠢᠴᠡ ᠴᠢᠨᠠᠷ᠎ᠢ ᠴᠢᠩᠭ᠋ᠠᠳᠬᠠᠨ᠎ᠠ᠃
      ᠠᠵᠢᠯ ᠣᠯᠭᠤᠯᠲᠠ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠨ᠎ᠡ᠃ ᠠᠵᠤ ᠠᠬᠤᠶ᠋ᠢᠯᠠᠯ᠎ᠢ ᠳᠡᠮᠵᠢᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ 《ᠠᠵᠢᠯ᠎ᠲᠠᠢ ᠬᠥᠮᠥᠨ ᠦᠭᠡᠢ》 ᠭᠡᠷ ᠪᠦᠯᠢ ᠵᠡᠷᠭᠡ ᠬᠦᠴᠢᠷᠳᠡᠯᠲᠡᠢ ᠬᠦᠮᠦᠰ᠎ᠢ ᠨᠠᠷᠢᠨ ᠣᠨᠣᠴᠠᠲᠠᠢ᠎ᠪᠠᠷ ᠬᠠᠪᠰᠤᠷᠤᠨ ᠲᠡᠳᠬᠦᠵᠦ᠂ ᠪᠥᠬᠦ ᠵᠢᠯ᠎ᠳᠤ ᠬᠤᠲᠠ ᠪᠠᠯᠭ᠋ᠠᠰᠤᠨ᠎ᠤ 8300 ᠬᠥᠮᠥᠨ᠎ᠳᠤ ᠰᠢᠨ᠎ᠡ᠎ᠪᠠᠷ ᠠᠵᠢᠯ ᠣᠯᠭᠤᠵᠤ᠂ ᠬᠤᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ ᠵᠢ 5% ᠵᠢᠨ ᠳᠣᠲᠣᠷ᠎ᠠ ᠬᠢᠵᠠᠭ᠋ᠠᠷᠯᠠᠨ᠎ᠠ᠃ 《ᠥᠷᠢ ᠰᠢᠷᠢ ᠵᠢ ᠰᠢᠢ᠍ᠳᠪᠦᠷᠢᠯᠡᠬᠦ》 ᠵᠢ 《ᠥᠷᠢ ᠰᠢᠷᠢ ᠵᠢ ᠰᠡᠷᠭᠡᠶ᠋ᠢᠯᠡᠬᠦ》 ᠲᠡᠶ᠋ᠢᠰᠢ ᠬᠤᠪᠢᠷᠠᠭᠤᠯᠬᠤ ᠵᠢ ᠠᠬᠢᠭᠤᠯᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨᠬᠦ ᠪᠠᠲᠤᠯᠠᠨ᠎ᠠ᠃ ᠪᠠᠲᠤᠯᠠᠪᠠᠰᠤ ᠵᠣᠬᠢᠬᠤ ᠵᠢ᠎ᠨᠢ ᠴᠥᠮ ᠪᠠᠲᠤᠯᠠᠵᠤ᠂ ᠲᠤᠰᠠᠯᠠᠪᠠᠰᠤ ᠵᠣᠬᠢᠬᠤ ᠵᠢ᠎ᠨᠢ ᠴᠥᠮ ᠲᠤᠰᠠᠯᠠᠬᠤ ᠵᠢ ᠪᠠᠷᠢᠮᠲᠠᠯᠠᠵᠤ᠂ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠪᠦᠷᠬᠦᠴᠡ ᠵᠢᠨ ᠨᠤᠷᠮ᠎ᠠ ᠵᠢ 86%᠎ᠠᠴᠠ ᠳᠡᠭᠡᠭᠰᠢ᠎ᠳᠤ ᠬᠦᠷᠭᠡᠵᠦ᠂ ᠡᠮ ᠡᠮᠨᠡᠯᠭᠡ ᠵᠢᠨ ᠦᠨᠳᠦᠰᠦᠨ ᠳᠠᠭ᠋ᠠᠳᠬᠠᠯ᠎ᠳᠤ ᠣᠷᠣᠯᠴᠠᠭᠰᠠᠨ ᠨᠤᠷᠮ᠎ᠠ ᠵᠢ 95%᠎ᠠᠴᠠ ᠳᠡᠭᠡᠭᠰᠢ ᠬᠡᠮᠵᠢᠶᠡᠨ᠎ᠳᠤ ᠲᠣᠭᠲᠠᠪᠤᠷᠢᠵᠢᠭᠤᠯᠵᠤ᠂ ᠨᠡᠶ᠋ᠢᠭᠡᠮ᠎ᠤᠨ ᠠᠪᠤᠷᠠᠨ ᠲᠤᠰᠠᠯᠠᠬᠤ ᠰᠢᠰᠲ᠋ᠧᠮ᠎ᠢ ᠲᠡᠭᠦᠯᠳᠡᠷᠵᠢᠭᠦᠯᠵᠦ᠂ ᠬᠤᠳᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠯᠠᠪᠳᠠᠭᠤᠨ ᠵᠶ᠋ᠠᠷ ᠳᠡᠭᠡᠭᠰᠢᠯᠡᠭᠦᠯᠦᠨ᠎ᠡ᠃ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡ ᠪᠠᠲᠤᠯᠠᠭ᠎ᠠ ᠵᠢ ᠳᠡᠭᠦᠯᠳᠡᠷᠵᠢᠭᠦᠯᠦᠨ᠎ᠡ᠃
      ᠡᠷᠡᠭᠦᠯ ᠮᠡᠨᠳᠦ ᠪᠠᠶᠠᠨᠨᠠᠭᠤᠷ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠭᠤᠣᠯ ᠴᠣᠭᠴᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂ ᠬᠤᠲᠠ ᠵᠢᠨ ᠬᠤᠶᠠᠳᠤᠭ᠋ᠠᠷ ᠡᠮᠨᠡᠯᠭᠡ ᠵᠢᠨ ᠬᠤᠷᠢᠶ᠎ᠠ ᠵᠢ ᠪᠠᠶ᠋ᠢᠭᠤᠯᠤᠨ ᠳᠠᠭᠤᠰᠬᠠᠵᠤ ᠠᠰᠢᠭᠯᠠᠯᠲᠠ᠎ᠳᠤ ᠤᠷᠤᠭᠤᠯᠤᠨ᠎ᠠ᠃ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ ᠴᠢᠳᠠᠪᠤᠷᠢ ᠵᠢ ᠥᠷᠭᠡᠳᠬᠡᠬᠦ ᠵᠢ ᠠᠬᠢᠭᠤᠯᠵᠤ᠂ ᠯᠢᠨ ᠾᠧ ᠲᠣᠭᠤᠷᠢᠭ᠎ᠤᠨ ᠠᠷᠠᠳ᠎ᠤᠨ ᠡᠮᠨᠡᠯᠭᠡ ᠵᠢᠨ ᠬᠤᠷᠢᠶ᠎ᠠ᠂ ᠡᠬᠡ ᠨᠢᠯᠬᠠᠰ᠎ᠤᠨ ᠡᠷᠡᠭᠦᠯ ᠮᠡᠨᠳᠦ ᠵᠢᠨ ᠡᠮᠨᠡᠯᠭᠡ ᠵᠢᠨ ᠬᠤᠷᠢᠶ᠎ᠠ ᠵᠢ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠤᠷᠢᠶ᠎ᠠ ᠪᠤᠯᠭ᠋ᠠᠨ ᠪᠠᠶ᠋ᠢᠭᠤᠯᠵᠤ᠂ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠡᠮᠴᠢᠯᠡᠭᠡᠨ᠎ᠤ ᠡᠬᠢ ᠪᠠᠶᠠᠯᠢᠭ᠎ᠤᠨ ᠪᠠᠭᠲᠠᠭ᠋ᠠᠮᠵᠢ ᠵᠢ ᠥᠷᠭᠡᠳᠬᠡᠬᠦ ᠵᠢ ᠴᠢᠩᠭ᠋ᠠᠳᠬᠠᠵᠤ᠂ ᠬᠢᠲᠠᠳ ᠡᠮ ᠡᠮᠨᠡᠯᠭᠡ ᠵᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠦᠨ ᠬᠦᠭᠵᠢᠭᠦᠯᠦᠨ᠎ᠡ᠃ ᠰᠡᠷᠭᠡᠶ᠋ᠢᠯᠡᠬᠦ᠎ᠪᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠬᠠᠯᠳᠠᠪᠤᠷᠢᠲᠤ ᠡᠪᠡᠳᠴᠢᠨ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠠᠵᠢᠯ᠎ᠢ ᠴᠢᠩᠭ᠋ᠠᠳᠬᠠᠨ᠎ᠠ᠃ ᠤᠯᠤᠰ ᠵᠶ᠋ᠠᠨ ᠬᠠᠶ᠋ᠢᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠨᠡᠩ ᠢᠯᠡᠭᠦᠦ ᠬᠠᠨᠳᠤᠯᠭ᠋ᠠᠲᠤ ᠴᠢᠨᠠᠷᠲᠠᠢ᠎ᠪᠠᠷ ᠥᠷᠨᠢᠭᠦᠯᠵᠦ᠂ ᠤᠯᠠᠨ ᠲᠦᠮᠡᠨ᠎ᠢ ᠬᠥᠲᠥᠯᠥᠨ ᠵᠢᠯᠤᠭᠤᠳᠴᠤ ᠡᠷᠡᠭᠦᠯ ᠬᠠᠮᠠᠭ᠋ᠠᠯᠠᠯ᠎ᠤᠨ ᠰᠠᠶ᠋ᠢᠨ ᠰᠠᠶ᠋ᠢᠬᠠᠨ ᠵᠠᠩ ᠳᠠᠳᠬᠠᠯ᠎ᠲᠠᠢ ᠪᠣᠯᠭ᠋ᠠᠵᠤ᠂ ᠪᠣᠯᠪᠠᠰᠤᠨ ᠡᠷᠡᠭᠦᠯ ᠠᠮᠢᠳᠤᠷᠠᠯ᠎ᠤᠨ ᠠᠷᠭ᠎ᠠ ᠮᠠᠶᠢᠭ᠎ᠢ ᠦᠢ᠍ᠯᠡᠳᠦᠯᠭᠡᠵᠢᠭᠦᠯᠦᠨ᠎ᠡ᠃
      ᠨᠠᠰᠤᠵᠢᠯ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠰ ᠪᠠ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠲᠦᠯᠬᠢᠨ ᠠᠬᠢᠭᠤᠯᠵᠤ᠂ ᠭᠡᠷ᠎ᠲᠡᠭᠡᠨ ᠰᠠᠭᠤᠬᠤ ᠪᠤᠯᠤᠨ ᠨᠡᠶ᠋ᠢᠭᠡᠮ ᠲᠣᠭᠤᠷᠢᠭ᠎ᠤᠨ ᠪᠠᠶ᠋ᠢᠭᠤᠯᠤᠮᠵᠢ ᠵᠢ ᠬᠠᠷᠢᠯᠴᠠᠨ ᠵᠣᠬᠢᠴᠠᠭᠤᠯᠤᠭᠰᠠᠨ᠂ ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠵᠢ ᠤᠶᠠᠯᠳᠤᠭᠤᠯᠤᠭᠰᠠᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠤᠨ᠎ᠠ᠃ ᠨᠡᠶ᠋ᠢᠳᠡᠮ ᠬᠠᠷᠠᠭ᠋ᠠᠯᠵᠠᠬᠤ ᠮᠠᠶᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠶᠡᠬᠡᠪᠡᠷ ᠬᠥᠭᠵᠢᠭᠦᠯᠵᠦ᠂ ᠭᠡᠷ᠎ᠲᠡᠭᠡᠨ ᠰᠠᠭᠤᠬᠤ ᠮᠠᠶᠢᠭ᠎ᠤᠨ ᠨᠡᠶ᠋ᠢᠭᠡᠮ ᠲᠣᠭᠤᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠢ ᠲᠡᠭᠦᠯᠳᠡᠷᠵᠢᠭᠦᠯᠦᠨ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠦᠢ᠍ᠯᠡᠴᠢᠯᠡᠭᠡ ᠥᠷᠨᠢᠭᠦᠯᠬᠦ ᠵᠢ ᠳᠡᠮᠵᠢᠵᠦ᠂ ᠠᠵᠢᠯ ᠡᠷᠭᠢᠯᠡᠬᠦ ᠡᠮᠴᠢ ᠵᠢᠨ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠣᠯᠠᠨ ᠴᠡᠭ᠎ᠲᠤ ᠣᠴᠢᠵᠤ ᠠᠵᠢᠯ ᠡᠷᠭᠢᠯᠡᠬᠦ ᠵᠢ ᠵᠣᠷᠢᠭᠵᠢᠭᠤᠯᠤᠨ᠂ ᠬᠤᠶᠠᠳᠤᠭ᠋ᠠᠷ ᠳᠡᠰ᠎ᠠᠴᠠ ᠳᠡᠭᠡᠭᠰᠢᠬᠢ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶ᠎ᠠ᠎ᠳᠤ ᠨᠠᠰᠤᠲᠠᠶ᠋ᠢᠴᠤᠳ᠎ᠤᠨ ᠠᠨᠠᠭ᠋ᠠᠬᠤ ᠤᠬᠠᠭ᠋ᠠᠨ᠎ᠤ ᠰᠠᠯᠠᠭ᠎ᠠ ᠭᠠᠷᠭ᠋ᠠᠬᠤ ᠬᠠᠷᠢᠴᠠᠯ᠎ᠢ 75%᠎ᠳᠤ ᠬᠦᠷᠭᠡᠨ᠎ᠡ᠃ ᠭᠡᠷ᠎ᠲᠡᠭᠡᠨ ᠬᠤᠴᠣᠷᠤᠭᠰᠠᠨ᠂ ᠭᠠᠭᠴᠠᠭ᠋ᠠᠷ ᠰᠠᠭᠤᠭᠰᠠᠨ᠂ ᠭᠠᠭᠴᠠ ᠬᠡᠦᠬᠡᠳ ᠵᠶ᠋ᠠᠨ ᠠᠯᠳᠠᠭᠰᠠᠨ ᠨᠠᠰᠤᠲᠠᠶ᠋ᠢᠴᠤᠳ᠎ᠢ ᠬᠠᠯᠠᠮᠵᠢᠯᠠᠨ ᠬᠠᠶ᠋ᠢᠷᠠᠯᠠᠵᠤ᠂ ᠨᠠᠰᠤᠲᠠᠶ᠋ᠢᠴᠤᠳ᠎ᠤᠨ ᠭᠡᠷ ᠪᠦᠯᠢ ᠵᠢᠨ ᠡᠮᠴᠢ ᠵᠢᠨ ᠭᠡᠷ᠎ᠡ ᠲᠣᠭᠲᠠᠬᠤ ᠦᠢ᠍ᠯᠡᠴᠢᠯᠡᠭᠡ ᠵᠢ ᠪᠤᠳᠠᠳᠠᠶ᠋ᠢᠵᠢᠭᠤᠯᠤᠨ᠎ᠠ᠃
      ᠰᠣᠶᠣᠯ ᠪᠡᠶ᠎ᠡ ᠵᠢᠨ ᠲᠠᠮᠢᠷ᠎ᠤᠨ ᠦᠢ᠍ᠯᠡᠰ᠎ᠢ ᠲᠦᠷᠭᠡᠪᠴᠢᠯᠡᠨ ᠬᠥᠭᠵᠢᠭᠦᠯᠦᠨ᠎ᠡ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠡᠶ᠋ᠢᠭᠡᠮ ᠵᠢᠷᠤᠮ᠎ᠤᠨ ᠭᠤᠣᠯᠯᠠᠬᠤ ᠦᠷᠲᠡᠭ᠎ᠤᠨ ᠦᠵᠡᠯᠲᠡ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠤᠯᠠᠭ᠋ᠠᠨᠮᠥ᠋ᠴᠢᠷ᠎ᠤᠨ 《ᠰᠤᠷᠤᠯᠴᠠᠬᠤ᠂ ᠡᠭᠦᠳᠬᠦ᠂ ᠲᠣᠭᠯᠠᠬᠤ》 ᠠᠵᠢᠯᠯᠠᠭ᠎ᠠ ᠵᠢ ᠥᠷᠨᠢᠭᠦᠯᠵᠦ᠂ 《ᠮᠢᠨᠤ ᠪᠣᠷᠣᠳᠣᠬᠤᠢ》 《ᠦᠵᠡᠰᠬᠦᠯᠡᠩᠲᠦ ᠰᠠᠶ᠋ᠢᠬᠠᠨ ᠤᠯᠠᠭ᠋ᠠᠨᠰᠤᠬᠠᠢ》 《ᠬᠠᠲᠤᠨ ᠭᠤᠣᠯ ᠵᠡᠭᠦᠨᠰᠢ ᠤᠷᠤᠰᠤᠨ᠎ᠠ》 ᠵᠡᠷᠭᠡ ᠨᠢᠭᠡ ᠪᠦᠯᠦᠭ ᠰᠣᠳᠣᠨ ᠪᠦᠲᠦᠭᠡᠯ᠎ᠢ ᠡᠭᠦᠳᠦᠨ ᠪᠦᠲᠦᠭᠡᠪᠡ᠃ ᠰᠣᠶᠣᠯ ᠵᠶ᠋ᠠᠷ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠬᠥᠳᠡᠭᠡ ᠲᠣᠰᠬᠤᠨ᠎ᠤ ᠰᠣᠶᠣᠯ᠎ᠤᠨ ᠪᠠᠶ᠋ᠢᠭᠤᠯᠤᠯᠲᠠ ᠵᠢᠨ ᠥᠯᠢᠭᠡᠷ ᠳᠠᠭᠤᠷᠢᠶᠠᠯ ᠪᠣᠯᠬᠤ ᠲᠣᠰᠬᠤᠨ ᠪᠠᠯᠭ᠋ᠠᠰᠤ᠂ ᠵᠢᠱ᠌ᠢᠶ᠎ᠡ ᠦᠵᠡᠭᠦᠯᠬᠦ ᠰᠣᠶᠣᠯ᠎ᠤᠨ ᠲᠣᠮᠣ ᠬᠦᠷᠢᠶᠡᠯᠡᠩ᠎ᠢ 20᠎ᠠᠴᠠ ᠳᠡᠭᠡᠭᠰᠢ ᠪᠠᠶ᠋ᠢᠭᠤᠯᠤᠨ᠎ᠠ᠃ ᠲᠡᠦᠬᠡ ᠵᠢᠨ ᠳᠤᠷᠠᠰᠬᠠᠯᠲᠤ ᠵᠦᠢ᠍ᠯ ᠪᠠ ᠰᠣᠶᠣᠯ᠎ᠤᠨ ᠥᠪ᠎ᠢ ᠬᠠᠮᠠᠭ᠋ᠠᠯᠠᠬᠤ ᠡᠷᠴᠢᠮ᠎ᠢ ᠴᠢᠩᠭ᠋ᠠᠷᠠᠭᠤᠯᠤᠨ᠎ᠠ᠃ ᠪᠦᠬᠦ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠢᠳᠡᠪᠬᠢᠲᠡᠢ ᠪᠡᠯᠡᠳᠭᠡᠨ᠎ᠡ᠃
      ᠬᠤᠳᠠ ᠵᠢᠨ ᠪᠦᠲᠦᠭᠡᠨ ᠪᠠᠶ᠋ᠢᠭᠤᠯᠤᠯᠲᠠ ᠵᠢ ᠪᠤᠳᠠᠲᠠᠢ ᠪᠦᠲᠦᠮᠵᠢᠲᠡᠢ ᠠᠬᠢᠭᠤᠯᠤᠨ᠎ᠠ᠃ ᠬᠤᠲᠠ ᠲᠤᠭᠤᠷᠢᠭ᠎ᠢ ᠬᠠᠮᠲᠤᠪᠠᠷ ᠪᠠᠶ᠋ᠢᠭᠤᠯᠬᠤ ᠵᠢ ᠪᠠᠷᠢᠮᠲᠠᠯᠠᠵᠤ᠂ ᠤᠳᠤᠬᠢᠴᠢᠯᠠᠭᠰᠠᠨ ᠠᠮᠢ ᠠᠬᠤᠢ ᠵᠢᠨ ᠲᠠᠷᠢᠶ᠎ᠠ ᠬᠦᠷᠢᠶᠡᠯᠡᠩ᠎ᠤᠨ ᠬᠤᠳᠠ ᠵᠢ ᠲᠦᠷᠭᠡᠪᠴᠢᠯᠡᠨ ᠪᠦᠲᠦᠭᠡᠨ ᠪᠠᠶ᠋ᠢᠭᠤᠯᠵᠤ᠂ ᠬᠤᠳᠠ ᠵᠢ ᠰᠢᠨᠡᠳᠬᠡᠬᠦ ᠠᠵᠢᠯᠯᠠᠭ᠎ᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ 91 ᠬᠠᠭᠤᠴᠢᠨ ᠵᠢᠵᠢᠭ ᠲᠣᠭᠤᠷᠢᠭ᠂ ᠪᠤᠷᠤ ᠭᠡᠷᠲᠤ ᠲᠣᠭᠤᠷᠢᠭ᠎ᠤᠨ 6600 ᠢᠵᠢ ᠪᠠᠶ᠋ᠢᠰᠢᠩ᠎ᠠᠴᠠ ᠢᠯᠡᠭᠦᠤ ᠥᠭᠡᠷᠡᠴᠢᠯᠡᠨ ᠵᠠᠰᠠᠪᠠ᠃ ᠬᠤᠳᠠ ᠪᠠᠯᠭ᠋ᠠᠰᠤᠨ᠎ᠤ ᠵᠠᠮ᠂ ᠤᠰᠤ ᠬᠠᠩᠭ᠋ᠠᠬᠤ ᠤᠰᠤ ᠵᠠᠯᠠᠬᠤ᠂ ᠢᠯᠴᠢ ᠬᠡᠢ ᠬᠠᠩᠭ᠋ᠠᠬᠤ ᠵᠡᠷᠭᠡ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠬᠡᠷᠡᠭᠵᠢᠭᠦᠯᠵᠦ᠂ ᠡᠯ᠎ᠡ ᠲᠦᠷᠦᠯ᠎ᠤᠨ ᠬᠤᠭᠤᠯᠠᠢ ᠵᠢᠨ ᠲᠣᠣᠷ᠎ᠢ 120 ᠺᠢᠯᠣᠮᠧᠲᠷ ᠰᠢᠨ᠎ᠡ᠎ᠪᠠᠷ ᠨᠡᠮᠡᠭᠳᠡᠭᠦᠯᠦᠨ᠎ᠡ᠃ ᠬᠤᠲᠠ ᠵᠢᠨ 《ᠰᠢᠷᠬ᠎ᠠ ᠰᠣᠷᠪᠢ》 ᠵᠢ ᠪᠥᠬᠦ ᠬᠦᠴᠦᠨ ᠵᠶ᠋ᠠᠷ ᠵᠶ᠋ᠠᠨ ᠴᠡᠭᠴᠡᠯᠡᠨ ᠵᠠᠰᠠᠵᠤ᠂ ᠲᠥᠪ ᠬᠤᠲᠠ ᠵᠢᠨ ᠲᠣᠭᠤᠷᠢᠭ᠎ᠤᠨ 《ᠤᠳᠠᠭ᠋ᠠᠨ ᠨᠤᠷᠠᠭ᠋ᠠᠵᠤ ᠳᠡᠶ᠋ᠢᠯᠬᠦ ᠦᠭᠡᠢ》 《ᠨᠤᠷᠠᠭ᠋ᠠᠭᠰᠠᠨ ᠴᠤ᠌ ᠦᠯᠡᠳᠡᠭᠳᠡᠯ᠎ᠲᠠᠢ》 ᠵᠡᠷᠭᠡ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠦᠷᠭᠦᠯᠵᠢᠯᠡᠨ ᠰᠢᠢ᠍ᠳᠪᠦᠷᠢᠯᠡᠵᠦ᠂ ᠨᠢᠭᠡᠨᠲᠡ ᠬᠤᠳᠠᠯᠳᠤᠭᠰᠠᠨ ᠬᠤᠭᠤᠴᠠᠭ᠎ᠠ ᠬᠡᠲᠦᠷᠡᠭᠰᠡᠨ ᠭᠡᠷ ᠬᠥᠷᠥᠩᠭᠡ ᠵᠢᠨ ᠲᠥᠷᠥᠯ ᠵᠦᠢ᠍ᠯ᠎ᠢ ᠰᠡᠷᠭᠦᠭᠡᠵᠦ᠂ 《ᠲᠤᠰᠢᠶᠠᠬᠤ ᠪᠠᠲᠤᠯᠠᠪᠤᠷᠢᠲᠠᠢ ᠠᠰᠠᠷ》᠎ᠤᠨ ᠡᠭᠦᠷᠭᠡ ᠵᠢ 7883 ᠢᠵᠢ ᠪᠡᠶᠡᠯᠡᠭᠦᠯᠪᠡ᠃ ᠬᠤᠲᠠ ᠵᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠣᠷᠣᠨ ᠰᠠᠭᠤᠴᠠ ᠵᠢᠨ ᠵᠢᠵᠢᠭ ᠲᠣᠭᠤᠷᠢᠭ᠎ᠤᠨ ᠠᠳᠠᠯ ᠠᠬᠤᠢ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
      (ᠶᠢᠰᠦ) ᠠᠮᠤᠷ ᠲᠦᠪᠰᠢᠨ ᠲᠣᠭᠲᠠᠭᠤᠨ ᠵᠶ᠋ᠠᠷ ᠬᠤᠷᠢᠭ᠎ᠠ ᠱᠤᠭᠤᠮ ᠪᠣᠯᠭ᠋ᠠᠵᠤ᠂ ᠰᠠᠶ᠋ᠢᠨ ᠰᠠᠶ᠋ᠢᠬᠠᠨ ᠨᠡᠶ᠋ᠢᠭᠡᠮ᠎ᠤᠨ ᠣᠷᠴᠢᠨ ᠲᠣᠭᠤᠷᠢᠨ᠎ᠢ ᠪᠣᠶ ᠪᠣᠯᠭ᠋ᠠᠨ᠎ᠠ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ᠂ ᠨᠡᠶ᠋ᠢᠭᠡᠮ᠎ᠤᠨ ᠠᠮᠤᠷ ᠲᠦᠪᠰᠢᠨ ᠪᠠ ᠲᠣᠭᠲᠠᠭᠤᠨ᠎ᠢ ᠬᠠᠮᠠᠭ᠋ᠠᠯᠠᠬᠤ ᠵᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠡᠯ᠎ᠡ ᠬᠦᠷᠢᠶᠡᠨ᠎ᠳᠠᠬᠢ ᠲᠦᠭᠰᠢᠭᠦᠷᠢ ᠵᠢᠨ ᠲᠠᠯᠳᠠ ᠭᠡᠮ᠎ᠢ ᠴᠢᠩᠭ᠎ᠠ ᠰᠡᠷᠭᠡᠶ᠋ᠢᠯᠡᠵᠦ᠂ ᠠᠮᠤᠷ ᠠᠮᠤᠭᠤᠯᠠᠩ ᠵᠣᠯ ᠵᠢᠷᠭ᠋ᠠᠯᠲᠤ ᠪᠠᠶᠠᠨᠨᠠᠭᠤᠷ᠎ᠢ ᠲᠦᠷᠭᠡᠳᠬᠡᠨ ᠪᠠᠶ᠋ᠢᠭᠤᠯᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠬᠢᠵᠢᠭᠦᠯᠬᠦ᠎ᠳᠤ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠨ᠎ᠠ᠃
      ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠬᠦᠴᠦᠯᠡᠨ ᠰᠠᠶ᠋ᠢᠲᠤᠷ ᠬᠢᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠦᠷᠭᠦᠯᠵᠢᠯᠡᠨ ᠪᠠᠲᠤ ᠪᠠᠬᠢ ᠪᠤᠢ ᠪᠣᠯᠭ᠋ᠠᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠢᠯᠡ᠂ ᠲᠥᠷᠥᠭᠳᠡᠯ᠎ᠲᠠᠢ ᠪᠥᠭᠡᠳ ᠪᠦᠲᠦᠮᠵᠢᠲᠡᠶ ᠰᠠᠶ᠋ᠢᠲᠤᠷ ᠬᠢᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠥᠮᠥᠵᠢᠭᠦᠯᠦᠨ ᠬᠥᠲᠥᠯᠥᠨ ᠵᠢᠯᠤᠭᠤᠳᠴᠤ᠂ ᠨᠠᠮ᠎ᠤᠨ ᠠᠴᠢ ᠵᠢ ᠴᠢᠩ ᠰᠡᠳᠬᠢᠯ᠎ᠠᠴᠠ᠎ᠪᠠᠨ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠪᠥᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠤᠲᠠ ᠵᠢ ᠢᠳᠡᠪᠬᠢᠲᠡᠢ᠎ᠪᠠᠷ ᠡᠭᠦᠳᠦᠨ ᠪᠠᠶ᠋ᠢᠭᠤᠯᠵᠤ᠂ 《ᠭᠤᠷᠪᠠᠨ ᠰᠠᠯᠵᠤ ᠴᠢᠳᠠᠬᠤ ᠦᠭᠡᠢ》 《ᠲᠠᠪᠤ ᠵᠢ ᠮᠡᠳᠡᠷᠡᠬᠦ》 《ᠳᠥᠷᠪᠡ ᠵᠢ ᠬᠠᠮᠲᠤᠳᠬᠠᠬᠤ》 ᠵᠢ ᠬᠥᠮᠥᠰ᠎ᠤᠨ ᠰᠡᠳᠬᠢᠯ᠎ᠳᠤ ᠨᠠᠩ ᠭᠦᠨ ᠬᠠᠳᠠᠩᠰᠢᠭᠤᠯᠤᠨ᠎ᠠ᠃ ᠱᠠᠰᠢᠨ ᠰᠤᠷᠲᠠᠬᠤᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠬᠠᠮᠢᠶᠠᠷᠴᠤ᠂ ᠱᠠᠰᠢᠨ ᠰᠤᠷᠲᠠᠬᠤᠨ᠎ᠤ ᠡᠶ᠎ᠡ ᠵᠣᠬᠢᠴᠠᠯ᠎ᠢ ᠲᠠᠰᠤᠷᠠᠯᠲᠠ ᠦᠭᠡᠢ ᠠᠬᠢᠭᠤᠯᠤᠨ᠎ᠠ᠃
      ᠡᠯ᠎ᠡ ᠬᠦᠷᠢᠶᠡᠨ᠎ᠤ ᠲᠦᠭᠰᠢᠭᠦᠷᠢ ᠵᠢ ᠰᠠᠨᠠᠭ᠋ᠠᠴᠢᠯᠠᠭ᠎ᠠ᠎ᠠᠴᠠ᠎ᠪᠠᠨ ᠰᠡᠷᠭᠡᠶ᠋ᠢᠯᠡᠨ᠎ᠡ᠃ ᠬᠤᠷᠢᠭ᠎ᠠ ᠱᠤᠭᠤᠮ᠎ᠤᠨ ᠰᠡᠳᠬᠢᠬᠦᠢ ᠵᠢ ᠪᠠᠲᠤ ᠪᠤᠢ ᠪᠣᠯᠭ᠋ᠠᠵᠤ᠂ ᠲᠦᠭᠰᠢᠭᠦᠷᠢ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ᠂ ᠰᠡᠷᠭᠡᠶ᠋ᠢᠯᠡᠨ ᠡᠵᠡᠮᠳᠡᠬᠦ ᠵᠢ ᠬᠠᠮᠵᠢᠯᠴᠠᠭᠤᠯᠬᠤ᠂ ᠰᠡᠷᠭᠡᠶ᠋ᠢᠯᠡᠨ ᠠᠷᠢᠯᠭ᠋ᠠᠬᠤ ᠲᠣᠭᠲᠠᠴᠠ ᠵᠢ ᠪᠦᠷᠢᠨᠰᠢᠭᠦᠯᠵᠦ᠂ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠂ ᠪᠠᠶ᠋ᠢᠭ᠋ᠠᠯᠢ ᠵᠢᠨ ᠭᠠᠮᠰᠢᠭ᠂ ᠠᠶᠤᠯᠭᠦᠢ ᠦᠢ᠍ᠯᠡᠳᠪᠦᠷᠢᠯᠡᠯ᠂ ᠠᠮᠢ ᠠᠬᠤᠢ ᠵᠢᠨ ᠣᠷᠴᠢᠨ ᠨᠥᠬᠦᠴᠡᠯ ᠵᠡᠷᠭᠡ ᠬᠦᠷᠢᠶᠡᠨ᠎ᠳᠠᠬᠢ ᠲᠦᠭᠰᠢᠭᠦᠷᠢ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠰᠢᠰᠲ᠋ᠧᠮ᠎ᠤᠨ ᠴᠢᠨᠠᠷᠲᠠᠢ ᠲᠦᠭᠰᠢᠭᠦᠷᠢ ᠦᠯᠦ ᠭᠠᠷᠭ᠋ᠠᠬᠤ ᠬᠢᠵᠠᠭ᠋ᠠᠷ ᠱᠤᠭᠤᠮ᠎ᠢ ᠡᠷᠡᠰ ᠰᠠᠬᠢᠨ᠎ᠠ᠃ ᠵᠠᠰᠠᠭ᠎ᠤᠨ ᠣᠷᠳᠣᠨ᠎ᠤ ᠲᠠᠯᠳᠠ ᠥᠷᠢ ᠥᠭᠴᠡᠭᠡ ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠠᠷᠢᠯᠭ᠋ᠠᠵᠤ᠂ ᠡᠳ᠋᠎ᠤᠨ ᠵᠠᠰᠠᠭ ᠮᠥᠩᠭᠦᠨ ᠭᠦᠢ᠍ᠯᠭᠡᠭᠡᠨ᠎ᠤ ᠲᠦᠭᠰᠢᠭᠦᠷᠢ ᠵᠢ ᠪᠦᠲᠦᠮᠵᠢᠲᠡᠶ᠎ᠪᠠᠷ ᠰᠡᠷᠭᠡᠶ᠋ᠢᠯᠡᠨ ᠠᠷᠢᠯᠭ᠋ᠠᠵᠤ᠂ ᠲᠦᠭᠰᠢᠭᠦᠷᠢ ᠶᠡᠬᠡᠲᠡᠢ ᠣᠷᠣᠨ ᠨᠤᠲᠤᠭ᠎ᠤᠨ ᠬᠠᠤᠯᠢ ᠵᠢᠨ ᠬᠥᠮᠥᠨ᠎ᠤ ᠪᠠᠩᠬᠢ ᠵᠢᠨ ᠲᠦᠭᠰᠢᠭᠦᠷᠢ ᠵᠢ ᠰᠢᠢ᠍ᠳᠪᠦᠷᠢᠯᠡᠬᠦ ᠠᠵᠢᠯ᠎ᠢ ᠥᠷᠨᠢᠭᠦᠯᠵᠦ᠂ ᠭᠡᠷ ᠬᠥᠷᠥᠩᠭᠡ ᠵᠢᠨ ᠠᠵᠤ ᠠᠬᠤᠶ᠋ᠢᠯᠠᠯ᠎ᠤᠨ ᠭᠡᠷ᠎ᠡ᠎ᠪᠠᠨ ᠭᠦᠢ᠍ᠴᠡᠳᠬᠡᠬᠦ ᠲᠦᠭᠰᠢᠭᠦᠷᠢ ᠵᠢ ᠦᠷᠭᠦᠯᠵᠢᠯᠡᠨ ᠠᠷᠢᠯᠭ᠋ᠠᠨ᠎ᠠ᠃
      ᠨᠡᠶ᠋ᠢᠭᠡᠮ᠎ᠤᠨ ᠵᠠᠰᠠᠯᠲᠠ ᠵᠢᠨ ᠦᠢ᠍ᠯᠡᠳᠦᠯ ᠴᠢᠳᠠᠮᠵᠢ ᠵᠢ ᠳᠡᠭᠡᠭᠰᠢᠯᠡᠭᠦᠯᠦᠨ᠎ᠡ᠃ ᠬᠤᠲᠠ ᠵᠢᠨ ᠬᠡᠪᠴᠢᠶᠡᠨ᠎ᠳᠠᠬᠢ ᠨᠡᠶ᠋ᠢᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠤᠨ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ᠎ᠳᠤ ᠰᠢᠨ᠎ᠡ ᠵᠢ ᠡᠭᠦᠳᠴᠦ ᠴᠢᠩᠭ᠋ᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠠᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠦᠴᠦᠲᠡᠢ ᠴᠣᠬᠢᠯᠲᠠ ᠥᠭᠴᠦ᠂ ᠳᠣᠲᠣᠭ᠋ᠠᠳᠤ ᠵᠢ ᠬᠠᠮᠠᠭ᠋ᠠᠯᠠᠬᠤ ᠶᠡᠷᠦᠩᠬᠡᠶ᠋ᠢᠯᠡᠭᠰᠡᠨ ᠬᠥᠮᠦᠵᠢᠯ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠤᠯᠠᠨ ᠲᠦᠮᠡᠨ᠎ᠤ ᠰᠠᠨᠠᠯ ᠱᠠᠭ᠋ᠠᠷᠳᠠᠯᠭ᠎ᠠ᠎ᠪᠠᠨ ᠢᠯᠡᠳᠬᠡᠬᠦ᠂ ᠠᠰᠢᠭ ᠲᠤᠰᠠ ᠵᠢ ᠵᠣᠬᠢᠴᠠᠭᠤᠯᠬᠤ᠂ ᠡᠷᠬᠡ ᠠᠰᠢᠭ᠎ᠢ ᠪᠠᠲᠤᠯᠠᠬᠤ ᠵᠠᠮ᠎ᠢ ᠰᠠᠭ᠋ᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠵᠠᠬᠢᠳᠠᠯ ᠰᠣᠷᠪᠤᠯᠵᠢᠯᠠᠭ᠎ᠠ ᠵᠢᠨ ᠵᠦᠢ᠍ᠯᠡᠰ᠎ᠢ ᠴᠠᠭ ᠲᠤᠬᠠᠢ᠎ᠳᠤᠨᠢ ᠭᠥᠯᠢᠶᠡᠨ ᠠᠪᠴᠤ ᠰᠢᠢ᠍ᠳᠪᠦᠷᠢᠯᠡᠬᠦ ᠨᠤᠷᠮ᠎ᠠ᠂ ᠬᠤᠭᠤᠴᠠᠭ᠎ᠠ ᠶᠣᠰᠣᠭ᠋ᠠᠷ ᠰᠢᠢ᠍ᠳᠪᠦᠷᠢᠯᠡᠵᠦ ᠳᠠᠭᠤᠰᠬᠠᠬᠤ ᠨᠤᠷᠮ᠎ᠠ ᠵᠢ 100%᠎ᠳᠤ ᠬᠦᠷᠭᠡᠵᠦ᠂ ᠤᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠶ᠋ᠢᠬᠤ ᠨᠤᠷᠮ᠎ᠠ ᠵᠢ 95%᠎ᠠᠴᠠ ᠳᠡᠭᠡᠭᠰᠢ᠎ᠳᠤ ᠬᠦᠷᠭᠡᠨ᠎ᠡ᠃ ᠪᠠᠴᠢᠮ ᠪᠠᠶ᠋ᠢᠳᠠᠯ᠎ᠢ ᠠᠷᠭ᠋ᠠᠴᠠᠬᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠵᠤ᠂ ᠪᠠᠶ᠋ᠢᠩᠭᠤ ᠵᠢᠨ ᠴᠢᠨᠠᠷᠲᠠᠢ ᠠᠶᠤᠯ ᠦᠭᠡᠢ ᠦᠢ᠍ᠯᠡᠳᠪᠦᠷᠢᠯᠡᠯ᠎ᠤᠨ ᠶᠡᠭᠡ ᠪᠠᠶ᠋ᠢᠴᠠᠭ᠋ᠠᠯᠲᠠ ᠶᠡᠭᠡ ᠴᠡᠭᠴᠡᠯᠡᠨ ᠵᠠᠰᠠᠯᠲᠠ ᠵᠢ ᠦᠷᠨᠢᠭᠦᠯᠵᠦ᠂ ᠠᠶᠤᠯᠲᠠᠢ ᠬᠢᠮᠢ ᠵᠢᠨ ᠪᠣᠳᠠᠰ᠂ ᠬᠤᠲᠠ ᠪᠠᠯᠭ᠋ᠠᠰᠤᠨ᠎ᠤ ᠰᠢᠲᠠᠮᠠᠬᠠᠢ ᠬᠡᠢ᠂ ᠥᠪᠡᠷ ᠵᠶ᠋ᠠᠨ ᠪᠠᠷᠢᠭᠰᠠᠨ ᠭᠡᠷ ᠪᠠᠶ᠋ᠢᠰᠢᠩ᠎ᠤᠨ ᠠᠮᠤᠷ ᠲᠦᠪᠰᠢᠨ᠎ᠢ ᠲᠥᠪᠯᠡᠷᠡᠭᠦᠯᠦᠨ ᠵᠠᠰᠠᠬᠤ᠂ ᠵᠠᠮ ᠲᠡᠭᠡᠭᠡᠪᠦᠷᠢ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠂ ᠬᠢᠵᠠᠭ᠋ᠠᠷ᠎ᠲᠠᠢ ᠣᠷᠣᠨ ᠵᠠᠢ᠂ ᠥᠨᠳᠥᠷ ᠭᠠᠵᠠᠷ᠎ᠠᠴᠠ ᠤᠨᠠᠬᠤ᠂ ᠮᠠᠰᠢᠨ ᠮᠧᠬᠠᠨᠢᠭ᠎ᠤᠨ ᠭᠡᠮᠲᠦᠯ᠎ᠤᠨ ᠲᠤᠰᠬᠠᠢ ᠴᠡᠭᠴᠡᠯᠡᠨ ᠵᠠᠰᠠᠯᠲᠠ ᠵᠢ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠡᠭᠦᠰᠬᠦ ᠵᠢ ᠡᠷᠡᠰ ᠬᠤᠷᠢᠭᠯᠠᠨ᠎ᠠ᠃ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠬᠤᠲᠠ ᠵᠢ ᠡᠭᠦᠳᠦᠨ ᠪᠠᠶ᠋ᠢᠭᠤᠯᠤᠨ᠎ᠠ᠃
      (ᠠᠷᠪᠠ) ᠰᠤᠷᠲᠠᠯ᠎ᠤᠨ ᠪᠠᠶ᠋ᠢᠭᠤᠯᠤᠯᠲᠠ᠎ᠪᠠᠷ ᠭᠠᠷᠳᠠᠴᠠ ᠪᠣᠯᠭ᠋ᠠᠵᠤ᠂ ᠠᠷᠠᠳ ᠲᠦᠮᠡᠨ᠎ᠤ ᠰᠠᠨᠠᠭ᠋ᠠᠨ᠎ᠳᠤ ᠨᠡᠶ᠋ᠢᠴᠡᠭᠰᠡᠨ ᠵᠠᠰᠠᠭ᠎ᠤᠨ ᠣᠷᠳᠣᠨ᠎ᠢ ᠪᠠᠶ᠋ᠢᠭᠤᠯᠤᠨ᠎ᠠ᠃ 《ᠭᠤᠷᠪᠠᠨ ᠡᠷᠬᠡᠪᠰᠢ》 ᠵᠢ ᠦᠢ᠍ᠯᠡᠳᠦᠯᠭᠡᠵᠢᠭᠦᠯᠵᠦ᠂ ᠰᠢᠰᠲ᠋ᠧᠮᠲᠦ ᠦᠵᠡᠯᠲᠡ ᠵᠢ ᠪᠠᠷᠢᠮᠲᠠᠯᠠᠵᠤ᠂ ᠬᠤᠷᠢᠭ᠎ᠠ ᠱᠤᠭᠤᠮ᠎ᠤᠨ ᠰᠡᠳᠬᠢᠬᠦᠢ ᠵᠢ ᠪᠠᠲᠤ ᠪᠤᠢ ᠪᠣᠯᠭ᠋ᠠᠵᠤ᠂ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ᠎ᠪᠠᠷ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃
      ᠤᠯᠤᠰ ᠲᠦᠷᠦ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠰᠠᠶ᠋ᠢᠲᠤᠷ ᠬᠡᠷᠡᠭᠵᠢᠭᠦᠯᠵᠦ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠰᠤᠷᠤᠯᠴᠠᠵᠤ᠂ ᠪᠦᠬᠦ ᠲᠠᠯ᠎ᠠ᠎ᠪᠠᠷ ᠡᠵᠡᠮᠰᠢᠵᠤ᠂ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ 《ᠬᠤᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ᠂ ᠤᠯᠤᠰ ᠲᠦᠷᠦ᠂ ᠦᠢ᠍ᠯᠡ ᠠᠵᠢᠯᠯᠠᠭ᠎ᠠ ᠳᠡᠭᠡᠷ᠎ᠡ ᠢᠮᠠᠭᠲᠠ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠬᠤ ᠬᠡᠷᠡᠭᠲᠡᠢ᠃
      ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠴᠢᠩᠳᠠᠯᠠᠨ᠎ᠠ᠃ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢᠷᠤᠮ᠎ᠤᠨ ᠳᠦᠷᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠠᠷᠠᠳᠴᠢᠯᠠᠯ ᠵᠶ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠬᠢᠷᠢ ᠬᠡᠮᠵᠢᠶ᠎ᠡ ᠵᠢ ᠦᠨᠡᠨᠬᠦ ᠳᠡᠭᠡᠭᠰᠢᠯᠡᠭᠦᠯᠦᠨ᠎ᠡ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠂ ᠤᠯᠤᠰ ᠲᠦᠷᠦ ᠵᠢᠨ ᠵᠥᠪᠯᠡᠯᠭᠡᠨ᠂ ᠨᠡᠶ᠋ᠢᠭᠡᠮ᠎ᠤᠨ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ ᠬᠢᠨᠠᠨ ᠪᠤᠳᠤᠬᠤ᠂ ᠲᠤᠭ᠎ᠠ ᠪᠦᠷᠢᠳᠭᠡᠯ᠎ᠤᠨ ᠬᠢᠨᠠᠯᠲᠠ ᠵᠢ ᠴᠢᠩᠭ᠋ᠠᠳᠬᠠᠨ᠎ᠠ᠃ ᠪᠣᠷᠳᠣᠭᠤᠷ᠎ᠤᠨ ᠪᠣᠬᠢᠷᠳᠤᠯ᠎ᠢ ᠰᠡᠷᠭᠡᠶ᠋ᠢᠯᠡᠨ ᠵᠠᠰᠠᠬᠤ᠂ ᠲᠠᠷᠢᠶᠠᠯᠠᠩ᠎ᠤᠨ ᠤᠰᠤ ᠵᠢ ᠠᠷᠪᠢᠯᠠᠨ ᠬᠡᠷᠡᠭᠯᠡᠬᠦ ᠵᠡᠷᠭᠡ ᠬᠠᠤᠯᠢ ᠲᠣᠭᠲᠠᠭ᠋ᠠᠬᠤ ᠠᠵᠢᠯ᠎ᠢ ᠬᠠᠮᠵᠢᠯᠴᠠᠨ ᠰᠠᠶ᠋ᠢᠲᠤᠷ ᠬᠢᠨ᠎ᠡ᠃ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠲᠣᠳᠣᠷᠬᠠᠢ ᠬᠠᠭᠤᠳᠠᠰᠤ ᠵᠢᠨ ᠮᠠᠶᠢᠭ᠎ᠤᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠪᠦᠬᠦ ᠶᠠᠪᠤᠴᠠ᠎ᠳᠤ 《ᠶᠣᠰᠣ ᠬᠡᠯᠡᠬᠦ ᠮᠠᠶᠢᠭ》᠎ᠤᠨ ᠵᠠᠰᠠᠭ᠎ᠢ ᠬᠡᠷᠡᠭᠵᠢᠭᠦᠯᠦᠨ᠎ᠡ᠃ ᠪᠦᠬᠦ ᠤᠯᠤᠰ᠎ᠤᠨ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠤᠳᠠ ᠵᠢ ᠢᠳᠡᠪᠬᠢᠲᠡᠢ ᠡᠭᠦᠳᠦᠨ ᠪᠠᠶ᠋ᠢᠭᠤᠯᠤᠨ᠎ᠠ᠃
      ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠨ᠎ᠠ᠃ ᠬᠠᠷᠢᠭᠤ ᠮᠡᠳᠡᠭᠦᠯᠬᠦ ᠦᠵᠡᠯ ᠤᠬᠠᠮᠰᠠᠷ᠂ ᠰᠢᠯᠭ᠋ᠠᠯᠲᠠ ᠲᠤᠰᠢᠶᠠᠬᠤ ᠦᠵᠡᠯ ᠤᠬᠠᠮᠰᠠᠷ᠂ ᠦᠷ᠎ᠡ ᠪᠦᠲᠦᠮᠵᠢ ᠵᠢᠨ ᠦᠵᠡᠯ ᠤᠬᠠᠮᠰᠠᠷ᠎ᠢ ᠴᠢᠩᠭ᠋ᠠᠳᠬᠠᠵᠤ᠂ 《ᠡᠭᠦᠷᠭᠡ ᠪᠠᠶ᠋ᠢᠷᠢᠯᠠᠭᠤᠯᠬᠤ᠂ ᠡᠬᠡ ᠲᠠᠩᠰᠠ ᠪᠠᠶ᠋ᠢᠭᠤᠯᠬᠤ᠂ ᠵᠢᠯᠣᠭᠤᠳᠤᠨ ᠱᠠᠭ᠋ᠠᠷᠳᠠᠬᠤ᠂ ᠦᠨᠡᠯᠡᠨ ᠵᠢᠱ᠌ᠢᠵᠦ ᠦᠷ᠎ᠡ ᠪᠦᠲᠦᠮᠵᠢ ᠵᠢ ᠠᠰᠠᠭᠤᠬᠤ᠂ ᠦᠷ᠎ᠡ ᠪᠦᠲᠦᠮᠵᠢ ᠵᠢ ᠪᠠᠬᠢᠵᠢᠭᠦᠯᠬᠦ》 ᠪᠥᠬᠦ ᠬᠡᠯᠬᠢᠶ᠎ᠡ ᠵᠢᠨ ᠠᠵᠢᠯ᠎ᠢ ᠠᠬᠢᠭᠤᠯᠬᠤ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ ᠵᠢ ᠰᠡᠳᠬᠢᠯ᠎ᠠᠴᠠ᠎ᠪᠠᠨ ᠮᠡᠳᠡᠷᠡᠵᠦ᠂ ᠬᠠᠷᠢᠭᠤᠴᠠᠯᠭ᠎ᠠ ᠵᠢ ᠡᠭᠦᠷᠭᠡᠯᠡᠵᠦ᠂ ᠬᠠᠷᠢᠭᠤᠴᠠᠯᠭ᠎ᠠ ᠵᠢ ᠭᠦᠢ᠍ᠴᠡᠳᠬᠡᠬᠦ ᠵᠢ ᠪᠡᠶᠡᠯᠡᠭᠦᠯᠦᠨ᠎ᠡ᠃ ᠬᠤᠲᠠ ᠵᠢᠨ ᠨᠠᠮ᠎ᠤᠨ ᠬᠤᠷᠢᠶ᠎ᠠ ᠵᠢᠨ ᠡᠭᠦᠷᠭᠡᠯᠡᠨ ᠠᠵᠢᠯᠯᠠᠬᠤ ᠵᠢ ᠴᠢᠩᠭ᠎ᠠ ᠨᠠᠶ᠋ᠢᠳᠠᠪᠤᠷᠢᠵᠢᠭᠤᠯᠵᠤ᠂ 《ᠲᠠᠪᠤᠨ ᠶᠡᠭᠡ ᠠᠵᠢᠯᠯᠠᠭ᠎ᠠ》 ᠵᠢ ᠨᠠᠶ᠋ᠢᠳᠠᠪᠤᠷᠢᠵᠢᠭᠤᠯᠬᠤ ᠵᠢ ᠴᠢᠩᠭ᠎ᠠ ᠠᠳᠬᠤᠨ᠂ 《ᠳᠣᠯᠤᠭ᠎ᠠ ᠵᠢ ᠲᠠᠶᠠᠭᠳᠠᠬᠤ》᠂ 《ᠲᠠᠪᠤ ᠵᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠬᠦ》 ᠵᠢ ᠡᠷᠡᠰ ᠪᠡᠶᠡᠯᠡᠭᠦᠯᠵᠦ᠂ 《ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭ᠋ᠠᠨ》᠎ᠤ ᠠᠷᠬᠠᠭ ᠭᠡᠮ᠎ᠢ ᠬᠦᠴᠦᠯᠡᠨ ᠰᠢᠢ᠍ᠳᠪᠦᠷᠢᠯᠡᠨ᠎ᠡ᠃ ᠪᠠᠲᠤ ᠪᠠᠬᠢ ᠰᠢᠢ᠍ᠳᠪᠦᠷᠢᠯᠡᠬᠦ ᠰᠡᠳᠬᠢᠬᠦᠢ᠂ ᠲᠤᠭ᠎ᠠ ᠪᠠᠷᠢᠮᠲᠠ ᠵᠢᠨ ᠰᠡᠳᠬᠢᠬᠦᠢ᠂ ᠪᠢᠲᠡᠭᠦᠦ ᠴᠠᠭ᠋ᠠᠷᠢᠭ᠎ᠤᠨ ᠰᠡᠳᠬᠢᠬᠦᠢ ᠵᠢ ᠪᠤᠢ ᠪᠣᠯᠭ᠋ᠠᠵᠤ᠂ ᠪᠣᠳᠠᠲᠠᠢ ᠠᠵᠢᠯ ᠬᠢᠵᠦ᠂ ᠪᠣᠳᠠᠲᠠᠢ ᠠᠷᠭ᠎ᠠ ᠰᠦᠪᠡᠭᠴᠢᠯᠡᠵᠦ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠬᠡᠷᠡᠭᠲᠡᠢ᠃
      ᠪᠦᠯᠬᠦᠮᠳᠡᠨ ᠲᠡᠮᠡᠴᠡᠬᠦ ᠵᠢ ᠪᠠᠷᠢᠮᠲᠠᠯᠠᠨ᠎ᠠ᠃ 《ᠨᠢᠭᠡ ᠬᠥᠯᠭᠡ ᠰᠢᠲᠠᠷ᠎ᠠ》 ᠵᠢᠨ ᠦᠵᠡᠯ ᠰᠠᠨᠠᠭ᠎ᠠ ᠵᠢ ᠴᠢᠩᠭ᠋ᠠᠳᠬᠠᠵᠤ᠂ ᠶᠠᠪᠤᠳᠠᠯ ᠪᠦᠬᠦᠨ᠎ᠳᠤ ᠶᠡᠭᠡ ᠲᠠᠯ᠎ᠠ ᠵᠢ ᠦᠵᠡᠵᠦ᠂ ᠬᠠᠮᠵᠢᠯᠴᠠᠬᠤ ᠵᠢ ᠡᠷᠬᠢᠮᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠰᠠᠶ᠋ᠢᠲᠤᠷ ᠬᠢᠵᠦ᠂ ᠪᠦᠬᠦᠯᠢ ᠴᠣᠭᠴᠠ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠲᠠᠶ᠋ᠢᠴᠢᠯᠠᠵᠤ ᠪᠣᠯᠬᠤ ᠢᠳᠡᠪᠬᠢ ᠬᠦᠴᠦᠨ ᠪᠦᠬᠦᠨ᠎ᠢ ᠲᠠᠶ᠋ᠢᠴᠢᠯᠠᠵᠦ᠂ 《ᠪᠠᠲᠤ ᠪᠣᠯᠣᠳ》 ᠮᠡᠲᠦ ᠪᠦᠯᠬᠦᠮᠳᠡᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠵᠢᠯ ᠬᠢᠵᠦ ᠦᠢ᠍ᠯᠡᠰ ᠪᠣᠰᠬᠠᠬᠤ ᠤᠶᠤᠨ ᠤᠬᠠᠭ᠋ᠠᠨ ᠪᠠ ᠬᠦᠴᠦᠨ ᠴᠢᠳᠠᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠨᠢᠭᠲᠠᠷᠠᠭᠤᠯᠬᠤ ᠬᠡᠷᠡᠭᠲᠡᠢ᠃ ᠠᠷᠠᠳᠴᠢᠯᠠᠯ ᠲᠥᠪᠯᠡᠷᠡᠯ᠎ᠤᠨ ᠶᠣᠰᠣ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠬᠠᠮᠲᠤ ᠵᠢᠨ ᠤᠶᠤᠨ ᠤᠬᠠᠭ᠋ᠠᠨ᠎ᠳᠤ ᠴᠢᠩᠭ᠎ᠠ ᠲᠦᠰᠢᠭᠯᠡᠨ ᠠᠵᠢᠯ ᠵᠶ᠋ᠠᠨ ᠠᠬᠢᠭᠤᠯᠬᠤ ᠬᠡᠷᠡᠭᠲᠡᠢ᠃
      ᠠᠷᠢᠭᠤᠨ ᠴᠢᠬᠡᠴᠢ ᠵᠢ ᠴᠢᠩᠳᠠᠯᠠᠨ᠎ᠠ᠃ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠭᠦᠨᠵᠡᠭᠡᠢ ᠲᠦᠯᠬᠢᠨ ᠠᠬᠢᠭᠤᠯᠵᠤ᠂ ᠲᠥᠪ ᠬᠤᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠰᠢ ᠦᠭᠡᠢ ᠨᠠᠶ᠋ᠢᠳᠠᠪᠤᠷᠢᠵᠢᠭᠤᠯᠤᠨ᠂ 《ᠲᠦᠷᠪᠡᠨ ᠰᠤᠷᠲᠠᠯ》᠎ᠢ ᠵᠠᠯᠠᠷᠠᠭᠤᠯᠤᠨ ᠵᠠᠰᠠᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠦᠨ᠎ᠡ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠮᠡᠳᠡᠵᠦ ᠪᠠᠶ᠋ᠢᠭ᠋ᠠᠳ ᠵᠣᠷᠢᠭᠤᠳᠠ ᠵᠥᠷᠢᠴᠡᠬᠦ᠂ ᠠᠷᠠᠳ ᠤᠯᠠᠨ᠎ᠢ ᠬᠦᠨᠦᠭᠡᠬᠦ᠂ ᠬᠠᠭ᠍ᠤᠤᠯᠢ ᠢᠳᠡᠵᠦ ᠬᠠᠤᠯᠢ ᠵᠢ ᠭᠠᠵᠢᠭᠤᠳᠠᠭᠤᠯᠬᠤ ᠦᠢ᠍ᠯᠡ ᠠᠵᠢᠯᠯᠠᠭ᠎ᠠ ᠵᠢ ᠴᠢᠩᠭ᠎ᠠ ᠵᠠᠯᠬᠠᠭ᠋ᠠᠨ ᠰᠢᠢ᠍ᠳᠭᠡᠵᠦ᠂ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶᠡᠨ᠎ᠳᠠᠬᠢ ᠢᠯᠵᠠᠷᠠᠯ᠎ᠢ ᠴᠡᠭᠴᠡᠯᠡᠨ ᠵᠠᠰᠠᠬᠤ ᠠᠵᠢᠯ᠎ᠢ ᠭᠦᠨᠵᠡᠭᠡᠶ᠋ᠢᠷᠡᠭᠦᠯᠦᠨ᠎ᠡ᠃ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠵᠢ ᠪᠠᠲᠤ ᠪᠠᠬᠢ ᠪᠤᠢ ᠪᠣᠯᠭ᠋ᠠᠵᠤ᠂ ᠪᠠᠴᠢᠮ ᠬᠡᠷᠡᠭᠴᠡᠭᠡᠨ᠎ᠤ ᠪᠤᠰᠤ᠂ ᠵᠠᠪᠠᠯ ᠬᠡᠷᠡᠭᠰᠡᠬᠦ ᠪᠤᠰᠤ ᠵᠠᠷᠤᠯᠭ᠎ᠠ ᠵᠢ ᠶᠡᠭᠡ᠎ᠪᠠᠷ ᠪᠠᠭ᠋ᠠᠰᠬᠠᠵᠤ᠂ 《ᠠᠯᠪᠠᠨ᠎ᠤ ᠭᠤᠷᠪᠠᠨ ᠵᠠᠷᠤᠳᠠᠯ》᠎ᠢ ᠴᠢᠩᠭ᠎ᠠ ᠬᠢᠵᠠᠭ᠋ᠠᠷᠯᠠᠨ᠎ᠠ᠃
      ᠲᠥᠯᠥᠭᠡᠯᠡᠭᠴᠢᠳ ᠠ᠋! ᠬᠠᠲᠠᠭᠤᠵᠢᠯᠲᠠᠢ ᠴᠢᠷᠮᠠᠶ᠋ᠢᠪᠠᠯ ᠬᠦᠰᠡᠯ ᠵᠡᠭᠦᠳᠦ᠎ᠪᠠᠨ ᠲᠡᠷᠭᠡᠯᠰᠢᠭᠦᠯᠵᠦ᠂ ᠢᠷᠡᠭᠡᠳᠦᠢ᠎ᠪᠠᠨ ᠲᠡᠮᠡᠴᠡᠨ ᠣᠯᠣᠨ᠎ᠠ᠃ ᠪᠢᠳᠡ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠵᠢᠨ ᠨᠠᠮ᠎ᠤᠨ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠣᠳᠣᠬᠢᠴᠢᠯᠠᠭᠰᠠᠨ ᠪᠠᠶᠠᠨᠨᠠᠭᠤᠷ᠎ᠤᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠵᠡᠭᠡᠶ᠎ᠡ

 

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ