ᠢᠯᠡ ᠵᠠᠰᠠᠭ   -   ᠵᠠᠰᠠᠭ᠎ᠤᠨ ᠠᠵᠢᠯ᠎ᠤᠨ ᠢᠯᠡᠳᠭᠡᠯ

2025 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ

ᠨᠡᠶ᠋ᠢᠲᠡᠯᠡᠭᠰᠡᠨ ᠴᠠᠭ᠄   2025-03-04

                        ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
 — 2025 ᠣᠨ᠎ᠤ 2 ᠰᠠᠷ᠎ᠠ ᠵᠢᠨ 10᠎ᠤ ᠡᠳᠦᠷ ᠳ᠋ᠧᠩᠺᠸᠤ ᠰᠢᠶᠠᠨ᠎ᠤ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ
               ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ  ᠳᠥᠷᠪᠡᠳᠦᠭᠡᠷ ᠬᠤᠷᠠᠯ ᠳᠡᠭᠡᠷ᠎ᠡ

ᠳ᠋ᠧᠩᠺᠧᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠢᠶᠠᠨ᠎ᠤ ᠳᠠᠷᠤᠭ᠎ᠠ     ᠯᠢ ᡁᠢ ᠰᠢᠶᠦ᠋ᠩ

ᠲᠥᠯᠥᠭᠡᠯᠡᠭᠴᠢᠳ ᠠ᠋᠄

ᠤᠳᠤ ᠪᠢ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠪᠣᠯᠤᠨ ᠬᠤᠷᠠᠯ᠎ᠳᠤ ᠰᠤᠯᠠ ᠣᠷᠣᠯᠴᠠᠭᠰᠠᠨ ᠨᠥᠬᠦᠳ ᠰᠠᠨᠠᠯ ᠵᠶ᠋ᠠᠨ ᠳᠤᠷᠠᠳᠬᠤ ᠪᠣᠯᠪᠠᠤ᠃

ᠨᠢᠭᠡ᠂ 2024 ᠣᠨ᠎ᠤ ᠠᠵᠢᠯ᠎ᠤᠨ ᠡᠷᠭᠢᠴᠡᠭᠦᠯᠦᠯ

ᠨᠢᠭᠡ ᠵᠢᠯ᠎ᠤᠨ ᠲᠤᠷᠰᠢ᠂ ᠰᠢᠶᠠᠨ᠎ᠤ ᠨᠠᠮ᠎ᠤᠨ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠪᠦᠬᠦ ᠰᠢᠶᠠᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠣᠯᠭ᠋ᠠᠵᠤ᠂ ᠠᠵᠤ ᠠᠬᠤᠢ ᠵᠢ ᠠᠳᠬᠤᠵᠤ᠂ ᠪᠦᠳᠦᠭᠡᠨ ᠪᠠᠶ᠋ᠢᠭᠤᠯᠤᠯᠲᠠ ᠬᠢᠵᠦ᠂ ᠬᠥᠭᠵᠢᠯᠲᠡ ᠵᠢ ᠡᠷᠢᠯᠬᠢᠯᠡᠵᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠂ ᠪᠦᠬᠦ ᠰᠢᠶᠠᠨ᠎ᠤ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠪᠠ᠃

ᠪᠦᠬᠦ ᠵᠢᠯ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 82 ᠳ᠋ᠦᠩᠰᠢᠭᠤᠷ ᠲᠥᠭᠦᠷᠢᠭ᠎ᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 7.2%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠦᠬᠦ ᠬᠤᠲᠠ᠎ᠳᠤ ᠬᠤᠶᠠᠳᠤᠭ᠋ᠠᠷ᠎ᠲᠤ ᠵᠢᠭᠰᠠᠭ᠋ᠠᠭᠳᠠᠪᠠ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 13.3%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠦᠬᠦ ᠬᠤᠲᠠ᠎ᠳᠤ ᠬᠤᠶᠠᠳᠤᠭ᠋ᠠᠷ᠎ᠲᠤ ᠣᠷᠣᠪᠠ᠃ ᠡᠳ᠋᠎ᠤᠨ ᠵᠠᠰᠠᠭ᠎ᠤᠨ ᠣᠷᠣᠯᠭ᠎ᠠ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ ᠵᠠᠯᠭ᠋ᠠᠭ᠎ᠠ᠎ᠪᠠᠷ ᠭᠤᠷᠪᠠᠨ ᠵᠢᠯ ᠬᠤᠶᠠᠷ ᠣᠷᠣᠨᠲᠤ ᠲᠤᠭ᠎ᠠ᠎ᠪᠠᠷ ᠨᠡᠮᠡᠭᠳᠡᠪᠡ᠃ ᠨᠢᠭᠡᠴᠢ GDP ᠶᠢᠨ ᠡᠨᠧᠷᠭᠢ ᠵᠢᠨ ᠬᠣᠷᠣᠭᠳᠠᠯ᠎ᠤᠨ ᠪᠠᠭᠤᠷᠠᠯᠲᠠ ᠵᠢᠨ ᠬᠡᠮᠵᠢᠶ᠎ᠡ᠎ᠨᠢ ᠠᠷᠪᠠᠨ ᠳᠥᠷᠪᠡᠳᠦᠭᠡᠷ ᠲᠠᠪᠤᠨ ᠵᠢᠯ ᠦ᠋᠊ᠨ ᠲᠥᠯᠥᠪᠵᠢᠭᠦᠯᠭᠡ ᠵᠢ ᠡᠵᠡᠮᠳᠡᠬᠦ ᠬᠠᠷᠠᠯᠲᠠ ᠡᠭᠦᠷᠭᠡ ᠵᠢ ᠳᠠᠪᠠᠭᠤᠯᠤᠨ ᠪᠡᠶᠡᠯᠡᠭᠦᠯᠪᠡ᠃

- ᠲᠥᠷᠥᠯ ᠵᠦᠢ᠍ᠯ ᠵᠶ᠋ᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠪᠦᠲᠦᠮᠵᠢᠲᠡᠶ ᠪᠠᠯᠠ ᠣᠷᠣᠭᠤᠯᠤᠯᠲᠠ ᠵᠢ ᠦᠷᠭᠦᠯᠵᠢᠯᠡᠨ ᠥᠷᠭᠡᠳᠬᠡᠨ᠎ᠡ᠃ ᠲᠥᠷᠥ ᠵᠢᠨ ᠶᠠᠪᠤᠳᠠᠯ᠎ᠤᠨ ᠬᠤᠷᠢᠶᠠᠨ᠎ᠤ ᠳᠡᠮᠵᠢᠬᠦ ᠰᠠᠨᠠᠯ ᠵᠢᠴᠢ ᠡᠯ᠎ᠡ ᠶᠠᠮᠤᠨ ᠵᠥᠪᠯᠡᠯ᠎ᠤᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ᠎ᠲᠠᠢ ᠤᠶᠠᠯᠳᠤᠭᠤᠯᠤᠨ᠂ ᠤᠯᠤᠰ᠎ᠤᠨ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠥᠮᠥᠷᠭᠡ ᠵᠢᠨ ᠨᠥᠭᠡᠴᠡᠯᠡᠬᠦ ᠲᠥᠷᠥᠯ ᠵᠦᠢ᠍ᠯ ᠵᠶ᠋ᠠᠷ 106 ᠪᠠᠲᠤᠯᠠᠵᠤ᠂ ᠶᠡᠷᠦᠩᠬᠡᠶ ᠪᠡᠯᠡ ᠣᠷᠣᠭᠤᠯᠤᠯᠲᠠ᠎ᠨᠢ 2191 ᠳ᠋ᠦᠩᠰᠢᠭᠤᠷ ᠲᠥᠭᠦᠷᠢᠭ᠎ᠢ ᠳᠠᠪᠠᠪᠠ᠃ ᠨᠥᠭᠡᠴᠡᠯᠡᠭᠰᠡᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ 62 ᠪᠠᠶ᠋ᠢᠵᠤ᠂ ᠶᠡᠷᠦᠩᠬᠡᠢ ᠪᠡᠯᠡ ᠣᠷᠣᠭᠤᠯᠤᠯᠲᠠ᠎ᠨᠢ 20.53 ᠳ᠋ᠦᠩᠰᠢᠭᠤᠷ ᠲᠥᠭᠦᠷᠢᠭ ᠪᠣᠯᠤᠨ᠎ᠠ᠃ ᠪᠦᠬᠦ ᠰᠢᠰᠲ᠋ᠧᠮ ᠵᠶ᠋ᠠᠷ ᠵᠶ᠋ᠠᠨ ᠳᠡᠭᠡᠳᠦ ᠱᠠᠲᠤᠨ᠎ᠤ ᠪᠡᠯᠡ ᠮᠥᠩᠭᠦ ᠵᠢ 21.5 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 10.5%᠎ᠪᠠᠷ ᠨᠡᠮᠡᠭᠳᠡᠪᠡ᠃ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ 30 ᠲᠥᠷᠥᠯ ᠵᠦᠢ᠍ᠯ᠎ᠢ ᠬᠡᠷᠡᠭᠵᠢᠭᠦᠯᠵᠦ᠂ ᠣᠷᠣᠨ᠎ᠤ ᠭᠠᠳᠠᠨᠠᠬᠢ (ᠤᠯᠤᠰ᠎ᠤᠨ ᠳᠣᠲᠣᠭ᠋ᠠᠳᠤ) ᠪᠣᠳᠠᠲᠠᠶ᠋ᠢᠵᠢᠭᠤᠯᠤᠭᠰᠠᠨ ᠪᠡᠯᠡ ᠮᠥᠩᠭᠦ 60 ᠳ᠋ᠦᠩᠰᠢᠭᠤᠷ ᠲᠥᠭᠦᠷᠢᠭ ᠪᠠᠶ᠋ᠢᠵᠤ᠂ ᠬᠤᠲᠠ ᠵᠢᠨ ᠪᠠᠭᠤᠯᠭ᠋ᠠᠭᠰᠠᠨ ᠡᠭᠦᠷᠭᠡ ᠵᠢᠨ 375% ᠵᠢ ᠪᠡᠶᠡᠯᠡᠭᠦᠯᠪᠡ᠃ ᠬᠤᠲᠠ ᠵᠢᠨ ᠱᠠᠲᠤᠨ᠎ᠤ 20 ᠴᠢᠬᠤᠯᠠ ᠶᠡᠭᠡ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢ 89.25 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ᠎ᠤᠨ ᠡᠭᠦᠷᠭᠡ ᠵᠢᠨ 110.6% ᠵᠢ ᠪᠡᠶᠡᠯᠡᠭᠦᠯᠪᠡ᠃ 15 ᠲᠥᠷᠥᠯ ᠵᠦᠢ᠍ᠯ᠎ᠨᠢ ᠲᠣᠰ ᠵᠢᠯ᠎ᠤᠨ ᠪᠦᠲᠦᠭᠡᠨ ᠪᠠᠶ᠋ᠢᠭᠤᠯᠤᠯᠲᠠ ᠵᠢ ᠲᠣᠰ ᠵᠢᠯ᠎ᠳᠤ᠎ᠪᠠᠨ ᠠᠰᠢᠭᠯᠠᠯᠲᠠ᠎ᠳᠤ ᠣᠷᠣᠭᠤᠯᠪᠠ᠃

- ᠲᠤᠯᠤᠭ᠋ᠠᠶ᠋ᠢᠯᠠᠨ ᠪᠠᠶ᠋ᠢᠷᠢ ᠲᠣᠭᠲᠠᠭ᠋ᠠᠬᠤ ᠵᠢ ᠪᠠᠷᠢᠮᠲᠠᠯᠠᠵᠤ᠂ ᠠᠮᠢ ᠠᠬᠤᠢ ᠵᠢᠨ ᠬᠠᠯᠬᠠᠪᠴᠢ ᠵᠢ ᠨᠡᠩ ᠪᠠᠲᠤᠳᠬᠠᠪᠠ᠃ 《ᠳ᠋ᠧᠩᠺᠸᠤ ᠵᠢᠨ ᠵᠠᠭᠪᠤᠷ》᠎ᠤᠨ ᠰᠢᠨ᠎ᠡ ᠵᠢ ᠡᠭᠦᠳᠬᠦ ᠵᠢ ᠦᠷᠭᠦᠯᠵᠢᠯᠡᠨ ᠥᠷᠭᠡᠳᠬᠡᠵᠦ᠂ ᠲᠤᠬᠠᠢ ᠵᠢᠨ ᠭᠠᠵᠠᠷ᠎ᠲᠤᠨᠢ ᠮᠠᠲ᠋ᠧᠷᠢᠶᠠᠯ ᠬᠤᠷᠢᠶᠠᠬᠤ᠂ ᠥᠪᠡᠷ᠎ᠤᠨ ᠥᠷᠲᠡᠭ᠎ᠢ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠠᠷᠭ᠎ᠠ ᠬᠡᠮᠵᠢᠶ᠎ᠡ ᠵᠢ ᠪᠦᠲᠦᠮᠵᠢᠲᠡᠢ ᠨᠠᠶ᠋ᠢᠳᠠᠪᠤᠷᠢᠵᠢᠭᠤᠯᠵᠤ᠂ ᠤᠯᠠᠭ᠋ᠠᠨᠪᠤᠬ᠎ᠠ ᠵᠢᠨ ᠡᠯᠡᠰᠦ ᠵᠢ ᠶᠡᠷᠦᠩᠬᠡᠶ᠋ᠢᠯᠡᠨ ᠵᠠᠰᠠᠬᠤ 18.9 ᠲᠦᠮᠡᠨ ᠮᠦ᠍᠂ ᠭᠡᠷᠡᠯ ᠴᠡᠨᠡᠭ ᠵᠶ᠋ᠠᠷ ᠡᠯᠡᠰᠦ ᠵᠢ ᠵᠠᠰᠠᠬᠤ 2.5 ᠲᠦᠮᠡᠨ ᠮᠦ᠍᠂ ᠠᠮᠢ ᠠᠬᠤᠢ ᠵᠢᠨ ᠴᠡᠪᠡᠷ ᠵᠢᠵᠢᠭ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠬᠤ ᠲᠠᠯᠠᠪᠠᠢ ᠵᠢ 60 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠪᠡ᠃ ᠤᠢ ᠰᠢᠭᠤᠢ ᠡᠪᠡᠰᠦ ᠪᠡᠯᠴᠢᠭᠡᠷ᠎ᠢ ᠰᠦᠢ᠍ᠳᠭᠡᠬᠦ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠡᠯ᠎ᠡ ᠲᠦᠷᠦᠯ᠎ᠤᠨ ᠤᠢ ᠰᠢᠭᠤᠢ ᠨᠤᠲᠤᠭ ᠪᠡᠯᠴᠢᠭᠡᠷ᠎ᠤᠨ ᠵᠢᠷᠤᠭ᠎ᠤᠨ ᠲᠣᠯᠪᠤ ᠵᠢ 99.6%᠎ᠪᠠᠷ ᠴᠡᠭᠴᠡᠯᠡᠨ ᠰᠠᠶ᠋ᠢᠵᠢᠷᠠᠭᠤᠯᠵᠤ᠂ ᠴᠡᠭᠴᠡᠯᠡᠨ ᠰᠠᠶ᠋ᠢᠵᠢᠷᠠᠭᠤᠯᠬᠤ ᠠᠵᠢᠯ ᠱᠠᠳᠤᠴᠢ ᠴᠢᠨᠠᠷᠲᠠᠢ ᠦᠷ᠎ᠡ ᠪᠦᠲᠦᠭᠡᠯ ᠤᠯᠪᠠ᠃ ᠤᠢ ᠰᠢᠭᠤᠶ ᠵᠢᠨ ᠦᠢ᠍ᠯᠡᠰ᠎ᠤᠨ ᠨᠡᠭᠦᠷᠡᠰᠦᠲᠥ᠋ᠷᠥᠭᠴᠢ ᠵᠢ ᠰᠢᠩᠭᠡᠭᠡᠨ ᠠᠪᠬᠤ ᠠᠷᠠᠯᠵᠢᠶᠠᠨ᠎ᠤ ᠠᠵᠢᠯ ᠠᠮᠵᠢᠯᠲᠠ᠎ᠲᠠᠢ ᠡᠬᠢᠯᠡᠵᠦ᠂ ᠴᠢᠶᠠᠨ ᠰᠢᠤᠸᠠᠢ ᠰᠧᠨ ᠡᠯᠡᠰᠦᠨ᠎ᠤ ᠠᠵᠤ ᠦᠢ᠍ᠯᠡᠰ᠎ᠤᠨ ᠤᠨᠤᠯ᠎ᠤᠨ ᠦᠢ᠍ᠯᠡᠳᠦᠯᠭᠡ ᠵᠢᠨ ᠰᠠᠭᠤᠷᠢᠨ ᠭᠠᠵᠠᠷ ᠪᠠᠶ᠋ᠢᠭᠤᠯᠤᠭᠳᠠᠪᠠ᠂ ᠳ᠋ᠧᠩᠺᠸᠤ ᠰᠢᠶᠠᠨ 《ᠳᠤᠮᠳᠠᠳᠤ ᠤᠯᠤᠰ᠎ᠤᠨ ᠠᠮᠢ ᠠᠬᠤᠢ ᠵᠢᠨ ᠴᠠᠭ᠋ᠠᠨ ᠭᠤᠶᠣᠣ ᠨᠡᠷᠡᠳᠦ ᠰᠢᠶᠠᠨ》᠂ ᠳ᠋ᠧᠩᠺᠸᠤ ᠰᠢᠶᠠᠨ᠎ᠤ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠬᠠᠮᠲᠤᠯᠢᠭ 《ᠤᠮᠠᠷᠠᠲᠤ ᠬᠢᠯᠢ ᠵᠢᠨ ᠵᠢᠱ᠌ᠢᠶᠡᠴᠢ》 ᠵᠢᠨ ᠢᠷᠠᠭᠤ ᠠᠯᠳᠠᠷ᠎ᠤᠨ ᠴᠣᠯᠠ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ 《ᠳ᠋ᠧᠩᠺᠸᠤ ᠵᠢᠨ ᠵᠠᠭᠪᠤᠷ》 ᠵᠶ᠋ᠠᠷ ᠰᠢ᠎ᠵᠢᠨ᠎ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠦᠢ᠍ᠯᠡᠳᠦᠯᠭᠡ ᠵᠢᠨ ᠬᠡᠷᠡᠭ᠎ᠤᠨ ᠵᠢᠱ᠌ᠢᠶ᠎ᠡ᠎ᠪᠠᠷ ᠰᠣᠩᠭᠤᠭᠳᠠᠪᠠ᠃

- ᠠᠵᠤ ᠦᠢ᠍ᠯᠡᠰ ᠵᠶ᠋ᠠᠷ ᠳᠠᠶ᠋ᠢᠴᠢᠯᠠᠬᠤ ᠵᠢ ᠪᠠᠷᠢᠮᠲᠠᠯᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠡᠨᠧᠷᠭᠢ ᠣᠯᠭᠤᠵᠤ ᠦᠷ᠎ᠡ ᠠᠰᠢᠭ᠎ᠢ ᠨᠡᠮᠡᠭᠳᠡᠭᠦᠯᠦᠨ᠎ᠡ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ 3.8 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠵᠤ᠂ 13.44 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ ᠪᠠᠶ᠋ᠢᠭᠤᠯᠵᠤ᠂ 5.6 ᠲᠦᠮᠡᠨ ᠮᠦ᠍ ᠬᠤᠵᠢᠷᠯᠢᠭ ᠭᠠᠵᠠᠷ᠎ᠢ ᠥᠭᠡᠷᠡᠴᠢᠯᠡᠬᠦ ᠵᠢ ᠬᠡᠷᠡᠭᠵᠢᠭᠦᠯᠵᠦ᠂ ᠤᠯᠤᠰ᠎ᠤᠨ ᠬᠤᠵᠢᠷᠯᠢᠭ ᠭᠠᠵᠠᠷ᠎ᠢ ᠶᠡᠷᠦᠩᠬᠡᠶ᠋ᠢᠯᠡᠨ ᠠᠰᠢᠭᠯᠠᠬᠤ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠤᠨ ᠰᠢᠯᠭ᠋ᠠᠨ ᠠᠪᠬᠤ᠎ᠳᠤ ᠬᠢᠷᠢ ᠲᠡᠩᠴᠡᠪᠡ᠃ ᠭᠠᠵᠠᠷ ᠰᠢᠷᠣᠶ ᠵᠢᠨ ᠡᠷᠭᠢᠯᠲᠡ ᠵᠢᠨ ᠭᠤᠷᠪᠠᠨ ᠱᠠᠲᠤᠨ᠎ᠤ ᠦᠢ᠍ᠯᠡᠴᠢᠯᠡᠭᠡᠨ᠎ᠤ ᠲᠠᠪᠴᠠᠩ᠎ᠢ 28 ᠪᠠᠶ᠋ᠢᠭᠤᠯᠵᠤ᠂ ᠡᠷᠭᠢᠯᠲᠡ ᠵᠢᠨ ᠲᠠᠯᠠᠪᠠᠢ ᠵᠢ 4.78 ᠲᠦᠮᠡᠨ ᠮᠦ᠍ ᠪᠡᠶᠡᠯᠡᠭᠦᠯᠪᠡ᠃ ᠲᠠᠷᠢᠶᠠᠯᠠᠩ ᠦ᠋᠊ᠨ ᠦᠢ᠍ᠯᠡᠳᠪᠦᠷᠢᠯᠡᠯ ᠦ᠋᠊ᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠲᠠᠯᠠᠪᠠᠢ 63 ᠲᠦ᠍ᠮᠡᠨ ᠮᠦ᠍᠎ᠳᠤ ᠬᠦᠷᠴᠡᠶ᠃ ᠠᠮᠤ ᠪᠤᠳᠠᠭ᠋ᠠᠨ ᠊ᠤ᠊ ᠤᠨᠠᠯᠲᠠ 8 ᠳ᠋ᠦᠩᠱ᠌ᠢᠭᠤᠷ ᠵᠢᠩ ᠵ᠊ ᠳᠠᠪᠠᠵᠤ᠂ ᠥᠪᠡᠷᠲᠡᠭᠡᠨ ᠵᠠᠰᠠᠬᠤ ᠣᠷᠣᠨ ᠊ᠤ᠊ ᠤᠰᠤ ᠠᠷᠪᠢᠯᠠᠵᠤ ᠠᠮᠤ ᠪᠤᠳᠠᠭ᠎ᠠ ᠵᠢ ᠨᠡᠮᠡᠭᠳᠡᠭᠦᠯᠬᠦ ᠠᠵᠢᠯ ᠵ᠊ ᠲᠦᠯᠬᠢᠨ ᠠᠬᠢᠭᠤᠯᠤᠭᠰᠠᠨ ᠱ᠌ᠢᠶᠠᠩ ᠵᠶ᠋ᠠᠷ ᠦᠨᠡᠯᠡᠭᠳᠡᠪᠡ᠃ ᠮᠠᠯ ᠠᠵᠤ ᠠᠬᠤᠢ ᠵᠢᠨ ᠲᠡᠵᠢᠭᠡᠨ ᠦᠷᠡᠵᠢᠭᠦᠯᠬᠦ ᠵᠢᠭᠡᠯᠡᠯᠭᠡ ᠵᠢ 14.6 ᠳ᠋ᠦᠩᠰᠢᠭᠤᠷ ᠲᠥᠭᠦᠷᠢᠭ ᠲᠠᠯᠪᠢᠵᠤ᠂ ᠥᠩᠭᠡᠷᠡᠭᠰᠡᠨ ᠵᠢᠯ᠎ᠤᠳ᠎ᠤᠨ ᠰᠦ ᠵᠢᠨ ᠦᠢ᠍ᠯᠡᠰ᠎ᠤᠨ ᠡᠯ᠎ᠡ ᠲᠥᠷᠥᠯ᠎ᠤᠨ ᠲᠥᠷᠥᠯ ᠵᠦᠢ᠍ᠯ᠎ᠤᠨ ᠪᠡᠯᠡ ᠮᠥᠩᠭᠦ ᠵᠢ 2.23 ᠳ᠋ᠦᠩᠰᠢᠭᠤᠷ ᠲᠥᠭᠦᠷᠢᠭ ᠰᠢᠢ᠍ᠳᠪᠦᠷᠢᠯᠡᠵᠦ᠂ ᠰᠠᠭ᠋ᠠᠯᠢ ᠵᠢᠨ ᠦᠨᠢᠶ᠎ᠡ ᠵᠢᠨ ᠲᠤᠭ᠎ᠠ 17.35 ᠲᠦᠮᠡ᠎ᠳᠤ ᠬᠦᠷᠴᠦ᠂ ᠰᠥᠷᠭᠡᠦ ᠪᠠᠶ᠋ᠢᠳᠠᠯ᠎ᠳᠤ 9% ᠨᠡᠮᠡᠭᠳᠡᠪᠡ᠃ 14.1 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠵᠤ᠂ 《ᠳᠥᠷᠪᠡᠨ ᠬᠦᠷᠢᠶᠡᠯᠡᠩ ᠲᠠᠪᠤᠨ ᠲᠣᠭᠤᠷᠢᠭ》᠎ᠤᠨ ᠪᠥᠲᠥᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂ 2 ᠲᠦᠮᠡᠨ ᠮᠥ᠍ ᠲᠡᠰᠪᠦᠷᠢᠲᠡᠶ ᠹᠢᠯᠢᠮ᠎ᠤᠨ ᠪᠠᠭ᠎ᠠ ᠤᠷᠤᠰᠬᠠᠯ᠎ᠤᠨ ᠳᠤᠰᠤᠯᠭ᠋ᠠᠨ ᠤᠰᠤᠯᠠᠬᠤ ᠮᠡᠷᠭᠡᠵᠢᠯ᠎ᠤᠨ ᠤᠰᠤ ᠠᠷᠪᠢᠯᠠᠬᠤ ᠬᠦᠴᠦᠨ ᠴᠢᠳᠠᠪᠤᠷᠢ ᠵᠢ 50%᠎ᠠᠴᠠ ᠳᠡᠭᠡᠭᠰᠢ᠎ᠳᠤ ᠬᠦᠷᠦᠭᠦᠯᠦᠨ᠎ᠡ᠃ ᠬᠤᠸᠠ ᠯᠠᠢ ᠱ᠌ᠢ ᠭᠤᠸᠠ ᠮᠦ᠍ ᠪᠦᠷᠢ ᠵᠢᠨ ᠳᠤᠮᠳᠠᠴᠢ ᠠᠰᠢᠭ ᠣᠷᠣᠯᠭ᠎ᠠ ᠲᠦᠮᠡᠨ ᠲᠥᠭᠦᠷᠢᠭ᠎ᠢ ᠳᠠᠪᠠᠵᠤ᠂ ᠠᠩᠬ᠎ᠠ ᠤᠳᠠᠭ᠎ᠠ ᠳᠥᠷᠪᠡᠨ ᠤᠯᠠᠷᠢᠯ᠎ᠳᠤ ᠵᠠᠬ᠎ᠠ ᠳᠡᠯᠭᠡᠭᠦᠷ᠎ᠲᠤ ᠭᠠᠷᠬᠤ ᠵᠢ ᠪᠡᠶᠡᠯᠡᠭᠦᠯᠵᠦ᠂ ᠰᠢᠨ᠎ᠡ ᠵᠢ ᠡᠭᠦᠳᠬᠦ ᠴᠡᠪᠡᠷ ᠡᠭᠦᠯᠳᠡᠷ᠎ᠢ ᠪᠥᠬᠦ ᠤᠯᠤᠰ᠎ᠤᠨ ᠨᠡᠶ᠋ᠢᠲᠡᠯᠢᠭ ᠨᠡᠭᠡᠭᠡᠨ ᠬᠥᠭᠵᠢᠭᠦᠯᠦᠭᠰᠡᠨ ᠬᠡᠷᠡᠭ᠎ᠤᠨ ᠵᠢᠱ᠌ᠢᠶ᠎ᠡ᠎ᠪᠠᠷ ᠰᠣᠩᠭᠤᠭᠳᠠᠭᠰᠠᠨ ᠪᠠᠶ᠋ᠢᠨ᠎ᠠ; ᠲᠥᠮᠥᠰᠥ ᠵᠢᠨ ᠲᠠᠯᠠᠪᠠᠶ ᠨᠢᠭᠡᠴᠢ ᠵᠢᠨ ᠤᠨᠠᠯᠲᠠ ᠵᠢ ᠥᠪᠡᠷᠲᠡᠭᠡᠨ ᠵᠠᠰᠠᠬᠤ ᠣᠷᠣᠨ᠎ᠤ ᠥᠨᠳᠥᠷ ᠤᠨᠠᠯᠲᠠ ᠵᠢᠨ ᠲᠡᠮᠳᠡᠭᠯᠡᠯ᠎ᠢ ᠠᠩᠬ᠎ᠠ ᠡᠭᠦᠳᠪᠡ; ᠬᠠᠭᠤᠷᠠᠶ ᠡᠷᠳᠡᠨᠢ ᠰᠢᠰᠢ ᠵᠢᠨ ᠮᠥᠬᠦᠯᠢᠭ 《ᠨᠠᠷᠠᠲᠤ ᠣᠨᠴᠠ ᠰᠢᠯᠢᠳᠡᠭ ᠰᠢᠨ᠎ᠡ》 ᠲᠠᠷᠢᠶᠠᠯᠠᠩ᠎ᠤᠨ ᠪᠦᠲᠦᠭᠡᠭᠳᠡᠬᠦᠨ᠎ᠤ ᠭᠡᠷᠡᠴᠢᠯᠡᠭᠡ᠎ᠪᠠᠷ ᠳᠠᠮᠵᠢᠪᠠ᠃ 3083 ᠲᠦᠮᠡᠨ ᠲᠥᠭᠦᠷᠢᠭ᠎ᠤᠨ ᠪᠠᠯᠠ ᠣᠷᠣᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠥᠬᠦᠭᠡᠷᠦᠮᠵᠢᠲᠦ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠂ ᠬᠤᠸᠠ ᠯᠠᠶ ᠱ᠌ᠢ ᠭᠤᠸᠠ ᠣᠶᠤᠨᠴᠢ ᠠᠵᠤ ᠦᠢ᠍ᠯᠡᠰ᠎ᠤᠨ ᠬᠦᠷᠢᠶᠡᠯᠡᠩ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠬᠥᠮᠥᠷᠭᠡᠯᠡᠨ ᠬᠠᠳᠠᠭ᠋ᠠᠯᠠᠬᠤ ᠵᠡᠷᠭᠡ 8 ᠲᠥᠷᠥᠯ ᠵᠦᠢ᠍ᠯ᠎ᠢ ᠬᠡᠷᠡᠭᠵᠢᠭᠦᠯᠵᠦ᠂ ᠬᠥᠮᠦᠨ ᠳᠤᠮᠳᠠᠴᠢ ᠵᠢᠨ ᠣᠷᠣᠯᠭ᠎ᠠ 1500 ᠲᠥᠭᠦᠷᠢᠭ᠎ᠠᠴᠠ ᠳᠡᠭᠡᠭᠰᠢ ᠨᠡᠮᠡᠭᠳᠡᠵᠦ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ 310 ᠨᠡᠭᠡᠭᠡᠵᠦ᠂ 683 ᠬᠥᠮᠦᠨ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠢ ᠰᠢᠯᠵᠢᠭᠦᠯᠦᠨ ᠠᠵᠢᠯ ᠣᠯᠭᠤᠵᠤ᠂ ᠶᠠᠳᠠᠭᠤ᠎ᠠᠴᠠ ᠠᠩᠭᠢᠵᠢᠷᠠᠭᠰᠠᠨ ᠡᠷᠦᠬᠡ ᠵᠢᠨ ᠵᠢᠯ ᠳᠤᠮᠳᠠᠴᠢ ᠵᠢᠨ ᠣᠷᠣᠯᠭ᠎ᠠ 20541 ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 8.5%᠎ᠪᠠᠷ ᠨᠡᠮᠡᠭᠳᠡᠪᠡ᠃ ᠲᠣᠰᠬᠤᠨ᠎ᠤ ᠱᠠᠲᠤᠨ᠎ᠤ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ 35 ᠥᠷᠲᠡᠭᠡ ᠵᠢ ᠰᠢᠨ᠎ᠡ᠎ᠪᠠᠷ ᠪᠠᠶ᠋ᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ 37 ᠡᠷᠦᠬᠡ ᠵᠢᠨ ᠨᠤᠷᠠᠬᠤ ᠠᠶᠤᠯᠲᠠᠶ ᠬᠡᠷ ᠪᠠᠶ᠋ᠢᠰᠢᠩ᠎ᠢ ᠥᠭᠡᠷᠡᠴᠢᠯᠡᠨ ᠵᠠᠰᠠᠵᠤ᠂ 65 ᠺᠢᠯᠣᠮᠧᠲᠷ ᠵᠠᠰᠠᠮᠠᠯ ᠵᠠᠮ᠎ᠢ ᠰᠡᠯᠪᠢᠨ ᠵᠠᠰᠠᠵᠤ᠂ ᠬᠥᠳᠡᠭᠡ ᠲᠣᠰᠬᠤᠨ᠎ᠤ 3935 ᠡᠷᠦᠬᠡ ᠵᠢᠨ ᠵᠣᠷᠯᠣᠩ᠎ᠢ ᠴᠠᠬᠢᠯᠭ᠋ᠠᠨ ᠪᠣᠯᠭ᠋ᠠᠨ ᠥᠭᠡᠷᠡᠴᠢᠯᠡᠪᠡ᠃ 《ᠲᠦᠮᠡᠨ ᠠᠵᠤ ᠠᠬᠤᠶ᠋ᠢᠯᠠᠯ ᠲᠦᠮᠡᠨ ᠲᠣᠰᠬᠤᠨ᠎ᠢ ᠬᠥᠭᠵᠢᠭᠦᠯᠬᠦ》 ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ 5500 ᠮᠠᠯᠴᠢᠨ ᠲᠠᠷᠢᠶᠠᠴᠢᠨ᠎ᠤ ᠭᠠᠷᠤᠯᠲᠠ᠎ᠪᠠᠨ ᠨᠡᠮᠡᠭᠳᠡᠭᠦᠯᠵᠦ ᠣᠷᠣᠯᠭ᠎ᠠ᠎ᠪᠠᠨ ᠨᠡᠮᠡᠭᠳᠡᠭᠦᠯᠬᠦ ᠵᠢ ᠪᠡᠶᠡᠯᠡᠭᠦᠯᠪᠡ᠃ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠢᠯ ᠪᠦᠷᠢ ᠵᠢᠨ ᠳᠤᠮᠳᠠᠴᠢ ᠣᠷᠣᠯᠭ᠎ᠠ 28.1 ᠲᠦᠮᠡᠨ ᠲᠥᠭᠥᠷᠢᠭ᠎ᠲᠤ ᠬᠦᠷᠴᠦ᠂ 10.6%᠎ᠪᠠᠷ ᠨᠡᠮᠡᠭᠳᠡᠪᠡ᠃ 261 ᠲᠠᠷᠢᠶᠠᠯᠠᠩ ᠎ᠤᠨ ᠬᠤᠷᠰᠢᠶ᠎ᠠ ᠵᠢᠨ ᠡᠵᠡᠩᠨ᠌ᠡᠯᠲᠡ ᠵᠢᠨ ᠣᠷᠤᠯᠭ᠎ᠠ 1.2 ᠳ᠋ᠦ᠍ᠩᠰᠢᠭ᠍ᠤᠷ ᠲᠥᠭᠥᠷᠢᠭ᠎ᠲᠤ ᠬᠦᠷᠴᠡᠶ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠲᠣᠰᠬᠤᠨ 3᠂ ᠬᠥᠳᠡᠭᠡ ᠲᠣᠰᠬᠤᠨ᠎ᠤ ᠵᠠᠰᠠᠯᠲᠠ ᠵᠢᠨ ᠵᠢᠱ᠌ᠢᠶ᠎ᠡ ᠦᠵᠡᠭᠦᠯᠬᠦ ᠲᠣᠰᠬᠤᠨ 5᠂ ᠬᠦᠷᠢᠶ᠎ᠡ ᠬᠠᠰᠢᠶᠠᠨ᠎ᠤ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠲᠣᠰᠬᠤᠨ 4 ᠵᠢ ᠡᠭᠦᠳᠦᠨ ᠪᠠᠶ᠋ᠢᠭᠤᠯᠵᠤ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠪᠦᠳᠦᠭᠡᠨ ᠪᠠᠶ᠋ᠢᠭᠤᠯᠤᠯᠲᠠ ᠨᠡᠩ ᠦᠵᠡᠰᠬᠦᠯᠡᠩᠲᠦ ᠰᠠᠶ᠋ᠢᠬᠠᠨ ᠪᠣᠯᠪᠠ᠃

- ᠬᠡᠯᠬᠢᠶᠡ ᠵᠢᠯ ᠦ᠋᠊ᠨ ᠰᠡᠳᠭᠢᠬᠦᠢ ᠵᠢᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠨᠥᠭᠡᠴᠡ ᠬᠦᠴᠦᠨ ᠵ᠊ ᠪᠠᠷᠢᠮᠲᠠᠯᠠᠬᠤ᠃ 1200 ᠲᠦᠮᠡᠨ ᠲᠥᠭᠦᠷᠢᠭ᠎ᠤᠨ ᠪᠡᠯᠡ ᠣᠷᠣᠭᠤᠯᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠪᠠᠶ᠋ᠢᠭ᠋ᠠᠯᠢ ᠵᠢᠨ ᠰᠢᠲᠠᠮᠠᠬᠠᠶ ᠬᠡᠢ᠂ ᠳᠤᠮᠳᠠ ᠤᠰᠤ᠂ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠵᠢᠨ ᠲᠣᠣᠷ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠦᠨ᠎ᠡ᠃ ᠬᠤᠸᠠ ᠳ᠋ᠢᠶᠠᠨ᠂ ᠬᠤᠸᠠ ᠮᠢᠨ᠂ ᠾᠧ ᠷᠦᠢ᠂ ᠵᠥᠩ ᠯᠢ ᠵᠡᠷᠭᠡ 10 ᠲᠥᠷᠥᠯ ᠵᠦᠢ᠍ᠯ᠎ᠢ ᠣᠷᠣᠭᠤᠯᠤᠨ ᠠᠪᠴᠢᠷᠠᠵᠤ᠂ 62 ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠵᠤ᠂ 4 ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠢ ᠰᠢᠨ᠎ᠡ᠎ᠪᠠᠷ ᠨᠡᠮᠡᠭᠳᠡᠭᠦᠯᠵᠦ᠂ 28 ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠥᠷᠲᠡᠭ᠎ᠢ 87.5 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠤᠯᠤᠰ᠎ᠤᠨ ᠲᠠᠰ᠎ᠤᠨ ᠪᠣᠬᠢᠷᠲᠤᠯ ᠥᠬᠡᠶ ᠦᠢ᠍ᠯᠡᠳᠪᠦᠷᠢ 3᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠥᠬᠡᠶ ᠦᠢ᠍ᠯᠡᠳᠪᠦᠷᠢ 2᠂ ᠰᠢᠨ᠎ᠡ ᠵᠢ ᠡᠭᠦᠳᠬᠦ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ 2᠂ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶ᠋ᠢᠯᠠᠯ 1 ᠨᠡᠮᠡᠭᠳᠡᠪᠡ᠃ ᠮᠧᠩ ᠨᠧᠩ 360 ᠲᠦᠮᠡᠨ ᠺᠢᠯᠣᠸᠠᠲ᠎ᠤᠨ ᠬᠡᠷᠡᠯ ᠴᠡᠨᠡᠭ᠂ ᠠᠯᠲᠠᠨ ᠦᠬᠡᠷ ᠨᠡᠭᠦᠷᠡᠰᠦ ᠴᠠᠬᠢᠯᠭ᠋ᠠᠨ᠎ᠤ 14 ᠲᠦᠮᠡᠨ ᠺᠢᠯᠣᠸᠠᠲ᠎ᠤᠨ ᠠᠮᠢᠳᠤᠯᠢᠭ ᠴᠢᠨᠠᠷᠲᠠᠶ ᠥᠭᠡᠷᠡᠴᠢᠯᠡᠯᠲᠡ ᠵᠡᠷᠭᠡ ᠨᠢᠭᠡ ᠪᠦᠯᠦᠭ ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠲᠣᠤᠷ᠎ᠲᠤ ᠨᠡᠶ᠋ᠢᠯᠡᠭᠦᠯᠦᠨ ᠴᠠᠬᠢᠯᠭ᠋ᠠᠨ ᠭᠠᠷᠭ᠋ᠠᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ 374 ᠲᠦᠮᠡᠨ ᠺᠢᠯᠣᠸᠠᠲ ᠰᠢᠨ᠎ᠡ᠎ᠪᠠᠷ ᠨᠡᠮᠡᠭᠳᠡᠵᠦ᠂ ᠭᠤᠷᠪᠠᠨ ᠵᠢᠯ᠎ᠳᠤ 15 ᠳᠠᠬᠢᠨ ᠨᠡᠮᠡᠭᠳᠡᠨ᠂ ᠪᠥᠬᠦ ᠤᠯᠤᠰ᠎ᠤᠨ ᠲᠠᠩ ᠪᠡᠶ᠎ᠡ ᠵᠢᠨ ᠪᠠᠭᠲᠠᠭ᠋ᠠᠮᠵᠢ᠎ᠪᠠᠷ ᠬᠠᠮᠤᠭ᠎ᠤᠨ ᠶᠡᠭᠡ ᠮᠧᠩ ᠨᠧᠩ 60.5 ᠲᠦᠮᠡᠨ ᠺᠢᠯᠣᠸᠠᠲ / 141 ᠲᠦᠮᠡᠨ ᠺᠢᠯᠣᠸᠠᠲ ᠴᠠᠭ ᠴᠠᠬᠢᠯᠭ᠋ᠠᠨ ᠡᠭᠦᠰᠭᠡᠭᠴᠢ ᠵᠢᠨ ᠬᠠᠵᠠᠭᠤ ᠎ᠳᠠᠬᠢ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡ ᠵᠢ ᠪᠠᠶ᠋ᠢᠭᠤᠯᠤᠨ ᠠᠰᠢᠭᠯᠠᠯᠲᠠ᠎ᠳᠤ ᠣᠷᠣᠭᠤᠯᠵᠤ᠂ ᠤᠯᠠᠭ᠋ᠠᠨᠪᠤᠬ᠎ᠠ ᠵᠢᠨ ᠡᠯᠡᠰᠦᠨ ᠴᠦᠯ᠎ᠤᠨ ᠵᠡᠭᠦᠨ ᠬᠤᠶ᠋ᠢᠲᠤ ᠬᠡᠰᠡᠭ᠎ᠤᠨ ᠰᠢᠨ᠎ᠡ ᠡᠨᠧᠷᠭᠢ ᠵᠢᠨ ᠲᠣᠮᠣ ᠰᠠᠭᠤᠷᠢᠨ ᠭᠠᠵᠠᠷ᠎ᠢ ᠠᠩᠬ᠎ᠠ ᠠᠯᠬᠤᠮ ᠬᠡᠪᠴᠢᠶᠡᠵᠢᠭᠦᠯᠪᠡ᠃

- ᠠᠭᠤᠰᠤᠯᠴᠠᠨ ᠬᠥᠭᠵᠢᠬᠦ ᠵᠢ ᠪᠠᠷᠢᠮᠲᠠᠯᠠᠵᠤ ᠬᠡᠷᠡᠭᠯᠡᠭᠡᠨ ᠊ᠦ᠊ ᠠᠮᠢᠵᠢᠷᠠᠯ᠎ᠤᠨ ᠬᠦᠴᠦᠨ ᠵ᠊ ᠦᠷᠭᠦᠯᠵᠢᠯᠡᠨ ᠪᠠᠳᠠᠷᠠᠭᠤᠯᠤᠶ᠎ᠠ᠃ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠭᠤᠤᠯ ᠴᠣᠭᠴᠠ 11048 ᠪᠣᠯᠵᠣ᠂ ᠠᠳᠠᠯᠢ ᠬᠤᠭᠤᠴᠠᠭ᠋ᠠᠨ᠎ᠤ᠎ᠬᠢ᠎ᠠᠴᠠ 9.3%᠎ᠪᠠᠷ ᠨᠡᠮᠡᠭᠳᠡᠨ᠂ ᠬᠢᠵᠠᠭ᠋ᠠᠷᠯᠠᠭᠰᠠᠨ ᠲᠤᠭ᠎ᠠ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠎ᠳᠤ ᠰᠠᠭᠤᠬᠤ ᠠᠵᠤ ᠠᠬᠤᠶ᠋ᠢᠯᠠᠯ 4 ᠰᠢᠨ᠎ᠡ᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ 1 ᠰᠢᠨ᠎ᠡ᠎ᠪᠠᠷ ᠨᠡᠮᠡᠭᠳᠡᠪᠡ᠃ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠷᠠᠯᠵᠢᠶᠠᠨ᠎ᠤ ᠲᠤᠭ᠎ᠠ ᠬᠡᠮᠵᠢᠶ᠎ᠡ 6 ᠳ᠋ᠦᠩᠰᠢᠭᠤᠷ ᠲᠥᠭᠦᠷᠢᠭ᠎ᠢ ᠳᠠᠪᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 20 %᠎ᠪᠠᠷ ᠨᠡᠮᠡᠭᠳᠡᠪᠡ᠃ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠪᠦᠬᠦ ᠲᠣᠭ᠎ᠠ 2 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 13%᠎ᠪᠠᠷ ᠨᠡᠮᠡᠭᠳᠡᠪᠡ᠃ 1840 ᠲᠦᠮᠡᠨ ᠲᠥᠭᠦᠷᠢᠭ᠎ᠤᠨ ᠪᠡᠯᠡ ᠣᠷᠣᠭᠤᠯᠵᠤ᠂ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠵᠦ᠂ ᠠᠷᠠᠯᠵᠢᠶ᠎ᠠ ᠬᠤᠳᠠᠯᠳᠤᠭ᠎ᠠ ᠪᠠᠷᠠᠭ᠎ᠠ ᠵᠢᠨ ᠭᠦᠢ᠍ᠯᠭᠡᠭᠡᠨ᠎ᠤ ᠠᠴᠢᠶᠠᠯᠠᠪᠤᠷᠢ ᠵᠢᠨ ᠪᠠᠭᠲᠠᠭ᠋ᠠᠮᠵᠢ ᠵᠢ ᠥᠷᠭᠡᠳᠬᠡᠨ ᠳᠡᠰ ᠳᠡᠪᠰᠢᠭᠦᠯᠦᠨ᠎ᠡ᠃ ᠠᠢ ᠱᠠᠩ ᠺᠧᠦ ᠰᠥᠨᠢ ᠵᠢᠨ ᠵᠠᠬ᠎ᠠ ᠳᠡᠯᠭᠡᠭᠦᠷ ᠵ᠊ ᠲᠡᠰ ᠳᠡᠪᠱ᠌ᠢᠭᠦᠯᠬᠦ ᠬᠣᠲᠠ ᠵᠢᠨ ᠰᠥᠨᠢ ᠨᠡᠩ ᠢᠯᠡᠭᠦᠦ《ᠬᠤᠸᠠᠷ ᠫᠤᠤᠵᠢᠩ》 ᠎ᠲᠠᠢ᠃ ᠵᠢᠨ ᠰᠧ ᠭᠠᠩ ᠸᠠᠨ ᠠᠮᠠᠷᠠᠯᠲᠠ ᠵᠢᠨ ᠡᠳᠦᠷ ᠵᠡᠷᠭᠡ 3 ᠪᠠᠭᠤᠳᠠᠯ ᠠᠱ᠌ᠢᠭᠯᠠᠯᠲᠠ᠎ᠳᠤ ᠣᠷᠣᠪᠠ᠃ ᠭᠣᠣᠯᠳᠠᠯᠭ᠎ᠠ᠎ᠲᠠᠢ ᠵᠠᠰᠠᠭ ᠵᠠᠬᠢᠷᠭ᠋ᠠᠨ ᠊ᠤ᠊ ᠲᠣᠰᠭᠣᠨ ᠊ᠤ᠊ ᠬᠥᠮᠦᠨ ᠥᠬᠡᠢ ᠲᠦᠷᠭᠡᠨ ᠬᠦᠷᠭᠡᠯᠲᠡ ᠵᠢᠨ ᠲᠣᠬᠢᠷᠠᠭᠤᠯᠤᠨ ᠬᠦᠷᠭᠡᠬᠦ ᠵᠢ ᠪᠦᠬᠦᠨ ᠵ᠊ ᠪᠦᠷᠬᠦᠭᠦᠯᠬᠦ ᠵᠢ ᠪᠡᠶᠡᠯᠡᠭᠦᠯᠦᠨ᠎ᠡ᠃ ᠬᠤᠸᠠ ᠯᠠᠢ ᠱ᠌ᠢ ᠭᠤᠸᠠ᠂ ᠰᠣᠯᠣᠩᠭ᠎ᠠ ᠠᠯᠢᠮ᠎ᠠ᠂ ᠲᠥᠪᠡᠳ ᠬᠠᠰᠢ ᠵᠢᠨ ᠪᠦᠲᠦᠭᠡᠭᠳᠡᠬᠦᠨ ᠵᠡᠷᠭᠡ᠎ᠨᠢ 《ᠰᠦᠯᠵᠢᠶᠡᠨ᠎ᠤ ᠤᠯᠠᠭ᠋ᠠᠨ ᠣᠨᠴᠠ ᠭᠠᠷᠤᠯᠲᠠ》 ᠪᠣᠯᠤᠭᠰᠠᠨ ᠪᠠᠶ᠋ᠢᠨ᠎ᠠ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠠᠳᠠᠭ᠋ᠠᠯᠠᠮᠵᠢ ᠵᠢᠭᠡᠯᠡᠯᠭᠡ ᠵᠢᠨ ᠦᠯᠡᠳᠡᠪᠦᠷᠢ ᠲᠤᠰ ᠲᠤᠰ 121.6 ᠳ᠋ᠦᠩᠰᠢᠭᠤᠷ ᠲᠥᠭᠦᠷᠢᠭ ᠪᠠ 82.7 ᠳ᠋ᠦᠩᠰᠢᠭᠤᠷ ᠲᠥᠭᠦᠷᠢᠭ᠎ᠲᠤ ᠬᠦᠷᠴᠦ᠂ ᠨᠡᠮᠡᠭᠳᠡᠯ᠎ᠤᠨ ᠬᠤᠷᠳᠤᠴᠠ᠎ᠪᠠᠨ ᠲᠤᠰ ᠲᠤᠰ 8.3% ᠪᠠ 38.3%᠎ᠳᠤ ᠬᠦᠷᠭᠡᠪᠡ᠃ 2180 ᠲᠦᠮᠡᠨ ᠲᠥᠭᠦᠷᠢᠭ᠎ᠤᠨ ᠪᠡᠯᠡ ᠣᠷᠣᠭᠤᠯᠵᠤ᠂ ᠨᠠᠷᠢᠨ ᠨᠠᠭᠤᠷ᠂ ᠭᠤᠪᠢ ᠵᠢᠨ ᠬᠤᠶ᠋ᠢᠲᠤ ᠬᠤᠸᠠᠷᠠᠨ᠂ ᠤᠮᠠᠷᠠᠲᠤ ᠲᠠᠩᠭᠢᠰ᠎ᠤᠨ ᠯᠤᠤᠲᠤ ᠣᠩᠭᠤᠴᠠᠨ᠎ᠤ ᠲᠠᠪᠴᠠᠩ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂ ᠬᠠᠲᠤᠨ ᠭᠤᠣᠯ᠎ᠤᠨ ᠰᠠᠨ ᠱᠧᠩ ᠬᠦᠩ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ ᠤᠯᠤᠰ᠎ᠤᠨ ᠲᠡᠰ᠎ᠤᠨ ᠪᠣᠯᠪᠠᠰᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠨᠢᠭᠡᠴᠡ᠎ᠪᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ᠎ᠤ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠠᠭᠤᠷᠢᠨ ᠭᠠᠵᠠᠷ᠎ᠢ 2 ᠰᠢᠨ᠎ᠡ᠎ᠪᠠᠷ ᠨᠡᠮᠡᠭᠳᠡᠭᠦᠯᠵᠦ᠂ ᠵᠢᠨ ᠮᠠ ᠬᠤ᠌ ᠨᠠᠭᠤᠷ᠎ᠤᠨ ᠬᠥᠪᠡᠭᠡᠨ᠎ᠳᠠᠬᠢ ᠠᠷᠠᠳ᠎ᠤᠨ ᠣᠷᠣᠨ ᠰᠠᠭᠤᠴᠠ ᠤᠯᠤᠰ᠎ᠤᠨ ᠲᠡᠰ᠎ᠤᠨ C ᠲᠠᠰ᠎ᠤᠨ ᠠᠷᠠᠳ᠎ᠤᠨ ᠣᠷᠣᠨ ᠰᠠᠭᠤᠴᠠ᠎ᠪᠠᠷ ᠦᠨᠡᠯᠡᠭᠳᠡᠵᠦ᠂ 《ᠭᠠᠲᠤᠯᠬᠤ · ᠮᠤᠨᠢ ᠠᠭᠤᠯᠠ》 ᠵᠢᠨ ᠭᠤᠣᠯ ᠵᠢᠭᠤᠯᠴᠢᠯᠠᠯ᠎ᠤᠨ ᠠᠩᠬᠠᠳᠠᠭᠴᠢ ᠪᠦᠯᠦᠭ ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠣᠳᠣᠨ ᠵᠠᠮ ᠱᠤᠭᠤᠮ᠎ᠳᠤ ᠰᠣᠩᠭᠤᠭᠳᠠᠪᠠ᠃ ᠪᠣᠷᠣᠲᠣᠬᠤᠶ ᠵᠢᠨ ᠮᠧᠩ ᠰᠢᠶᠠᠩ ᠶᠢᠩ ᠼᠤᠤ᠂ ᠪᠣᠷᠣᠲᠣᠬᠤᠶ ᠵᠢᠨ ᠪᠥᠬᠦ ᠵᠢᠭ᠋ᠠᠰᠤᠨ᠎ᠤ ᠳᠠᠶ᠋ᠢᠯᠠᠯᠭ᠎ᠠ ᠵᠢᠨ ᠤᠷ᠎ᠠ ᠮᠡᠷᠭᠡᠵᠢᠯ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠢ᠍ᠯᠡᠳᠬᠡᠯ᠎ᠳᠤ ᠰᠣᠩᠭᠤᠭᠳᠠᠪᠠ᠃ ᠬᠢᠲᠠᠳ᠎ᠤᠨ ᠬᠠᠯᠠᠭᠤᠨ ᠬᠡᠢ ᠪᠥᠮᠪᠥᠭᠡ ᠵᠢᠨ ᠥᠨᠳᠥᠷ᠎ᠲᠤ ᠨᠢᠰᠬᠦ ᠪᠣᠯᠤᠨ ᠰᠢᠨᠵᠢᠯᠡᠬᠦ ᠤᠬᠠᠭ᠋ᠠᠨ᠎ᠤ ᠲᠤᠷᠰᠢᠯᠲᠠ ᠵᠢᠨ ᠤᠯᠤᠰ᠎ᠤᠨ ᠪᠣᠯᠪᠠᠰᠤᠷᠠᠯ᠎ᠤᠨ ᠡᠭᠦᠷᠭᠡ ᠵᠢ ᠠᠮᠵᠢᠯᠲᠠᠲᠠᠢ ᠬᠦᠯᠢᠶᠡᠨ ᠠᠪᠴᠠᠢ᠃ ᠡᠯ᠎ᠡ ᠵᠦᠢ᠍ᠯ᠎ᠤᠨ ᠪᠠᠶᠠᠷ ᠳᠤᠷᠠᠰᠬᠠᠯ᠎ᠤᠨ ᠡᠳᠦᠷ᠎ᠤᠨ ᠤᠷᠤᠯᠳᠤᠭ᠋ᠠᠨ᠎ᠨᠢ ᠨᠢᠭᠡᠨᠲᠡ ᠬᠡᠷᠡᠭᠯᠡᠭᠡ ᠵᠢ ᠳᠠᠶ᠋ᠢᠴᠢᠯᠠᠬᠤ ᠴᠢᠬᠤᠯᠠ ᠠᠴᠢᠶᠠᠯᠠᠪᠤᠷᠢ ᠪᠣᠯᠵᠣ᠂ ᠨᠡᠶ᠋ᠢᠲᠡ 150.8 ᠲᠦᠮᠡᠨ ᠬᠥᠮᠦᠨ ᠤᠳᠠᠭ᠎ᠠ ᠵᠤᠭ᠋ᠠᠴᠠᠭᠰᠠᠳ᠎ᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 15.4%᠎ᠪᠠᠷ ᠨᠡᠮᠡᠭᠳᠡᠨ᠂ ᠵᠢᠭᠤᠯᠴᠢᠯᠠᠯ᠎ᠤᠨ ᠣᠷᠣᠯᠭ᠎ᠠ 5.5 ᠳ᠋ᠦᠩᠰᠢᠭᠤᠷ ᠲᠥᠭᠦᠷᠢᠭ᠎ᠲᠤ ᠬᠦᠷᠴᠡᠶ᠃

- ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢ ᠨᠢᠭᠡᠳᠬᠡᠬᠦ ᠵᠢ ᠪᠠᠷᠢᠮᠲᠠᠯᠠᠵᠤ᠂ ᠬᠣᠲᠠ ᠪᠠᠯᠭ᠋ᠠᠰᠤᠨ᠎ᠤ ᠳᠦᠷᠰᠦ ᠪᠠᠶ᠋ᠢᠳᠠᠯ᠎ᠢ ᠲᠠᠰᠤᠷᠠᠯᠲᠠ ᠦ᠋ ᠭ᠋ᠡᠢ ᠰᠢᠨᠡᠳᠬᠡᠵᠦ᠃ 2 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠵᠤ᠂ ᠢᠯᠴᠢ ᠬᠠᠩᠭ᠋ᠠᠬᠤ ᠢᠨᠵᠧᠨᠧᠷᠢᠩ᠂ ᠤᠰᠤᠲᠤᠯ᠎ᠢ ᠵᠠᠰᠠᠬᠤ᠂ 《ᠳᠥᠷᠪᠡᠨ ᠲᠥᠷᠥᠯ᠎ᠤᠨ ᠬᠤᠭᠤᠯᠠᠶ ᠵᠢᠨ ᠲᠣᠤᠷ》᠎ᠢ ᠥᠭᠡᠷᠡᠴᠢᠯᠡᠬᠦ ᠵᠡᠷᠭᠡ ᠬᠤᠲᠠ ᠪᠠᠯᠭ᠋ᠠᠰᠤ ᠵᠢ ᠰᠢᠨᠡᠳᠬᠡᠬᠦ ᠲᠥᠷᠥᠯ ᠵᠦᠢ᠍ᠯ᠎ᠢ ᠬᠡᠷᠡᠭᠵᠢᠭᠦᠯᠵᠦ᠂ 28 ᠺᠢᠯᠣᠮᠧᠲᠷ ᠢᠯᠴᠢ ᠬᠠᠩᠭ᠋ᠠᠬᠤ᠂ ᠪᠣᠷᠣᠭ᠋ᠠᠨ᠎ᠤ ᠪᠣᠬᠢᠷ ᠤᠰᠤᠨ᠎ᠤ ᠬᠤᠭᠤᠯᠠᠶ ᠵᠢᠨ ᠲᠣᠤᠷ᠎ᠢ ᠰᠢᠨᠡᠳᠬᠡᠨ ᠥᠭᠡᠷᠡᠴᠢᠯᠡᠵᠦ᠂ 1 ᠬᠤᠭᠤᠯᠠᠨ ᠬᠡᠷ᠎ᠤᠨ ᠬᠤᠭ ᠨᠣᠪᠰᠢ ᠰᠢᠢ᠍ᠳᠪᠦᠷᠢᠯᠡᠬᠦ ᠲᠠᠯᠠᠪᠠᠶ ᠵᠢ ᠰᠢᠨ᠎ᠡ᠎ᠪᠠᠷ ᠪᠠᠶ᠋ᠢᠭᠤᠯᠵᠤ᠂ 10 ᠬᠠᠭᠤᠴᠢᠨ ᠰᠠᠭᠤᠭ᠋ᠠᠯᠢ ᠲᠣᠭᠤᠷᠢᠭ᠎ᠢ ᠥᠭᠡᠷᠡᠴᠢᠯᠡᠨ ᠰᠠᠶ᠋ᠢᠵᠢᠷᠠᠭᠤᠯᠵᠤ᠂ 3 ᠭᠠᠯ ᠤᠨᠲᠠᠷᠠᠭ᠋ᠠᠬᠤ ᠳᠠᠯᠳᠠ ᠬᠡᠮ᠎ᠢ ᠠᠷᠢᠯᠭ᠋ᠠᠨ᠂ 59 ᠬᠤᠲᠠ ᠪᠠᠯᠭ᠋ᠠᠰᠤᠨ᠎ᠤ ᠨᠤᠷᠠᠬᠤ ᠠᠶᠤᠯᠲᠠᠶ ᠬᠠᠭᠤᠴᠢᠨ ᠬᠡᠷ ᠪᠠᠶ᠋ᠢᠰᠢᠩ᠎ᠢ ᠨᠤᠷᠠᠭ᠋ᠠᠵᠤ᠂ 3 《ᠬᠠᠷᠮᠠᠨ ᠴᠡᠴᠡᠷᠯᠢᠭ》᠎ᠢ ᠪᠠᠶ᠋ᠢᠭᠤᠯᠤᠨ᠂ 6 ᠲᠦᠮᠡᠨ ᠲᠡᠭᠰᠢ ᠳᠥᠷᠪᠡᠯᠵᠢᠨ ᠮᠧᠲᠷ᠎ᠤᠨ ᠨᠣᠭᠤᠭ᠋ᠠᠷᠠᠭᠤᠯᠤᠯᠲᠠ ᠵᠢ ᠪᠡᠶᠡᠯᠡᠭᠦᠯᠪᠡ᠃ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠎ᠤᠨ ᠳ᠋ᠧᠩᠺᠸᠦ ᠥᠷᠲᠡᠭᠡ ᠵᠢᠨ ᠭᠤᠣᠯ ᠴᠣᠭᠴᠠ ᠵᠢᠨ ᠠᠵᠢᠯ᠎ᠢ ᠳᠠᠭᠤᠰᠬᠠᠵᠤ᠂ ᠪᠡᠭᠡᠵᠢᠩ᠎ᠠᠴᠠ ᠲᠥᠪᠡᠳ ᠬᠦᠷᠬᠦ ᠲᠦᠷᠭᠡᠨ᠎ᠤ ᠵᠠᠮ᠎ᠤᠨ ᠳ᠋ᠧᠩᠺᠸᠦ ᠵᠢᠨ ᠰᠦᠢ᠍ᠳᠬᠡᠯ ᠬᠤᠷᠢᠶᠠᠬᠤ ᠦᠷᠳᠡᠭᠡ ᠵᠢ ᠥᠷᠭᠡᠳᠬᠡᠨ ᠥᠭᠡᠷᠡᠴᠢᠯᠡᠵᠦ ᠳᠠᠭᠤᠰᠬᠠᠭ᠋ᠠᠳ᠂ ᠤᠯᠤᠰ᠎ᠤᠨ ᠵᠠᠮ᠎ᠤᠨ 110 ᠢᠨᠵᠧᠨᠧᠷᠢᠩ᠂ ᠳ᠋ᠦᠩ ᠹᠧᠩ ᠪᠠᠷᠠᠭᠤᠨ ᠵᠡᠭᠡᠯᠢ᠂ ᠡᠮᠦᠨ᠎ᠡ ᠲᠣᠭᠤᠷᠢᠯ ᠵᠠᠮ᠎ᠢ ᠨᠡᠪᠲᠡᠷᠡᠭᠦᠯᠬᠦ ᠢᠨᠵᠧᠨᠧᠷᠢᠩ᠎ᠢ ᠤᠷᠤᠭᠰᠢᠲᠠᠢ ᠠᠬᠢᠭᠤᠯᠪᠠ᠃ ᠬᠤᠲᠠ ᠵᠢᠨ 4 《ᠰᠣᠷᠪᠢ》 ᠵᠢ ᠴᠡᠭᠴᠡᠯᠡᠨ ᠵᠠᠰᠠᠵᠤ᠂ ᠳ᠋ᠦᠩ ᠹᠧᠩ ᠵᠡᠭᠡᠯᠢ᠂ ᠲᠤᠸᠠᠨ ᠵᠢᠶᠧ ᠵᠠᠮ ᠵᠡᠷᠭᠡ 4 ᠵᠡᠭᠡᠯᠢ ᠭᠤᠳᠤᠮᠵᠢ ᠵᠢᠨ ᠵᠠᠮ᠎ᠤᠨ ᠭᠠᠳᠠᠷᠭᠤ ᠵᠢ ᠰᠢᠨᠡᠳᠬᠡᠵᠦ᠂ 206 ᠵᠠᠮ᠎ᠤᠨ ᠳ᠋ᠧᠩ᠎ᠢ ᠰᠣᠯᠢᠵᠤ᠂ ᠭᠤᠤᠯ ᠪᠣᠯᠬᠤ ᠵᠡᠭᠡᠯᠢ ᠭᠤᠳᠤᠮᠵᠢ᠎ᠳᠤ 《ᠤᠰᠤ᠎ᠪᠠᠷ ᠤᠬᠢᠶᠠᠵᠤ ᠮᠠᠰᠢᠨ ᠵᠶ᠋ᠠᠷ ᠴᠡᠪᠡᠷᠯᠡᠬᠦ》 ᠵᠢ ᠪᠡᠶᠡᠯᠡᠭᠦᠯᠵᠦ᠂ ᠵᠡᠭᠡᠯᠢ ᠵᠢᠨ ᠦᠵᠡᠮᠵᠢ ᠵᠢᠨ ᠦᠷ᠎ᠡ ᠪᠦᠲᠦᠮᠵᠢ ᠵᠢ ᠢᠯᠡᠳᠲᠡ ᠳᠡᠭᠡᠭᠰᠢᠯᠡᠭᠦᠯᠪᠡ᠃ ᠬᠤᠲᠠ ᠵᠢᠨ ᠨᠡᠶ᠋ᠢᠲᠡ ᠵᠢᠨ ᠮᠠᠰᠢᠨ ᠲᠡᠷᠭᠡᠨ᠎ᠤ ᠡᠵᠡᠩᠨᠡᠯᠲᠡ ᠵᠢ ᠰᠡᠷᠭᠦᠭᠡᠵᠦ᠂ ᠴᠠᠬᠢᠯᠭ᠋ᠠᠨ ᠴᠡᠨᠡᠭᠯᠡᠬᠦ ᠪᠠᠭ᠋ᠠᠨ᠎ᠠ ᠵᠢ 43 ᠰᠢᠨ᠎ᠡ᠎ᠪᠠᠷ ᠪᠠᠶ᠋ᠢᠭᠤᠯᠵᠤ᠂ 151 ᠲᠡᠷᠭᠡᠨ ᠵᠣᠭᠰᠣᠭ᠋ᠠᠯ᠎ᠢ ᠵᠠᠭ᠋ᠠᠭᠯᠠᠨ ᠲᠣᠭᠲᠠᠭ᠋ᠠᠵᠤ᠂ ᠰᠠᠭᠤᠭ᠋ᠠᠯᠢ ᠠᠷᠠᠳ᠎ᠤᠨ ᠶᠠᠪᠤᠵᠤ ᠰᠠᠭᠤᠬᠤ᠎ᠳᠤ ᠬᠦᠴᠢᠷ᠂ ᠴᠠᠬᠢᠯᠭ᠋ᠠᠨ ᠴᠡᠨᠡᠭᠯᠡᠬᠦ᠎ᠳᠤ ᠬᠦᠴᠢᠷ᠂ ᠲᠡᠷᠭᠡ ᠵᠣᠭᠰᠣᠭ᠋ᠠᠬᠤ᠎ᠳᠤ ᠬᠦᠴᠢᠷᠲᠡᠢ ᠪᠠᠶ᠋ᠢᠬᠤ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠪᠡ᠃

- ᠠᠷᠠᠳ᠎ᠤᠨ ᠠᠮᠢᠳᠤᠷᠠᠯ ᠵᠶ᠋ᠠᠷ ᠦᠨᠳᠦᠰᠦ ᠪᠣᠯᠭ᠋ᠠᠬᠤ ᠵᠢ ᠪᠠᠷᠢᠮᠲᠠᠯᠠᠵᠤ᠂ ᠠᠷᠠᠳ ᠲᠦᠮᠡᠨ᠎ᠤ ᠪᠤᠶᠠᠨ ᠵᠢᠷᠭ᠋ᠠᠯ᠎ᠢ ᠦᠷᠭᠦᠯᠵᠢᠯᠡᠨ ᠨᠡᠮᠡᠭᠳᠡᠭᠦᠯᠦᠨ᠎ᠡ᠃ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠣᠷᠣᠭᠤᠯᠤᠯᠲᠠ 1.3 ᠳ᠋ᠦᠩᠰᠢᠭᠤᠷ ᠲᠥᠭᠦᠷᠢᠭ᠎ᠲᠤ ᠬᠦᠷᠴᠦ᠂ 《ᠬᠤᠶᠠᠷ᠎ᠢ ᠨᠡᠮᠡᠭᠳᠡᠭᠦᠯᠬᠦ᠎ᠠᠴᠠ ᠪᠢᠰᠢ ᠬᠠᠰᠤᠭᠳᠠᠭᠤᠯᠬᠤ ᠦᠭᠡᠢ》 ᠪᠠᠶ᠋ᠢᠬᠤ ᠵᠢ ᠪᠡᠶᠡᠯᠡᠭᠦᠯᠪᠡ᠃ 2400 ᠲᠦᠮᠡᠨ ᠲᠥᠭᠦᠷᠢᠭ᠎ᠤᠨ ᠪᠡᠯᠡ ᠣᠷᠣᠭᠤᠯᠵᠤ᠂ ᠰᠤᠷᠭ᠋ᠠᠭᠤᠯᠢ ᠵᠢᠨ ᠪᠠᠶ᠋ᠢᠷᠢ ᠵᠢ ᠰᠡᠯᠪᠢᠨ ᠵᠠᠰᠠᠬᠤ᠂ ᠭᠠᠯ ᠤᠨᠲᠠᠷᠠᠭ᠋ᠠᠬᠤ ᠴᠡᠭᠴᠡᠯᠡᠨ ᠰᠠᠶ᠋ᠢᠵᠢᠷᠠᠭᠤᠯᠬᠤ ᠪᠠ ᠶᠡᠭᠡ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠮᠡᠳᠡᠭᠡ ᠵᠠᠩᠭᠢᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠡᠷᠭᠡ ᠲᠥᠷᠥᠯ ᠵᠦᠢ᠍ᠯ᠎ᠢ ᠬᠡᠷᠡᠭᠵᠢᠭᠦᠯᠦᠨ᠎ᠡ᠃ 17 ᠪᠠᠭᠱ᠌ᠢ ᠱ᠌ᠢᠶᠠᠩ ᠊ᠤ᠊ ᠬᠣᠶᠠᠳᠤᠭ᠋ᠠᠷ ᠨᠢᠯᠬ᠎ᠠ ᠬᠡᠦᠬᠡᠳ ᠦ᠋᠊ᠨ ᠴᠡᠴᠡᠷᠯᠢᠭ ᠵ᠊ ᠢᠯᠡ᠎ᠪᠠᠷ ᠤᠷᠢᠵᠤ ᠬᠣᠲᠠ ᠵᠢᠨ ᠳᠡᠰ ᠦ᠋᠊ᠨ ᠵᠢᠱ᠌ᠢᠶ᠎ᠡ ᠦᠵᠡᠭᠦᠯᠬᠦ ᠬᠦᠷᠢᠶᠡᠯᠡᠩ᠎ᠳᠤ ᠳᠡᠪᠱ᠌ᠢᠭᠦᠯᠪᠡ᠃ ᠶᠡᠭᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ ᠵᠢᠨ ᠵᠢᠩᠬᠢᠨᠢ ᠠᠩᠭᠢ᠎ᠳᠤ ᠤᠷᠤᠭᠰᠠᠨ ᠨᠣᠷᠮ᠎ᠠ ᠠᠳᠠᠯᠢ ᠬᠤᠭᠤᠴᠠᠭ᠋ᠠᠨ᠎ᠤ᠎ᠬᠢ᠎ᠠᠴᠠ 14%᠎ᠪᠠᠷ ᠨᠡᠮᠡᠭᠳᠡᠵᠦ᠂ ᠰᠤᠷᠭ᠋ᠠᠨ ᠬᠥᠮᠦᠵᠢᠯ᠎ᠤᠨ ᠶᠠᠰᠤ ᠴᠢᠨᠠᠷ ᠲᠣᠭᠲᠠᠭᠤᠨ ᠵᠶ᠋ᠠᠷ ᠳᠡᠭᠡᠭᠰᠢᠯᠡᠪᠡ᠃ 1875 ᠲᠦᠮᠡᠨ ᠲᠥᠭᠦᠷᠢᠭ᠎ᠤᠨ ᠪᠡᠯᠡ ᠣᠷᠣᠭᠤᠯᠵᠤ᠂ ᠰᠢᠶᠠᠨ᠎ᠤ ᠡᠮᠨᠡᠯᠭᠡ ᠵᠢᠨ ᠬᠤᠷᠢᠶᠠᠨ᠎ᠤ ᠡᠮᠨᠡᠯᠭᠡ ᠵᠢᠨ ᠮᠡᠷᠭᠡᠵᠢᠯ᠎ᠤᠨ ᠠᠰᠠᠷ᠎ᠢ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠲᠦᠷᠦᠯ ᠵᠦᠢ᠍ᠯ᠎ᠢ ᠪᠠᠶ᠋ᠢᠭᠤᠯᠤᠨ ᠠᠰᠢᠭᠯᠠᠯᠲᠠ᠎ᠳᠤ ᠣᠷᠣᠭᠤᠯᠵᠤ᠂ ᠬᠤᠶᠠᠳᠤᠭ᠋ᠠᠷ ᠲᠡᠰ᠎ᠤᠨ ᠬᠥᠬᠡ ᠲᠡᠰ᠎ᠤᠨ ᠡᠮᠨᠡᠯᠭᠡ ᠵᠢᠨ ᠬᠤᠷᠢᠶᠠᠨ᠎ᠤ ᠳᠠᠬᠢᠨ ᠬᠢᠨᠠᠯᠲᠠ ᠵᠢ ᠥᠩᠭᠡᠷᠡᠭᠡᠪᠡ᠃ ᠡᠷᠡᠭᠦᠯ ᠬᠠᠮᠠᠭ᠋ᠠᠯᠠᠯ᠎ᠤᠨ ᠬᠣᠷᠢᠶ᠎ᠠ ᠪᠦᠬᠦ ᠤᠯᠤᠰ᠎ᠤᠨ ᠦᠷᠡᠵᠢᠯ ᠦ᠋᠊ᠨ ᠨᠥᠬᠥᠷᠰᠡᠭ ᠲᠡᠷᠢᠭᠦᠨ ᠊ᠦ᠊ ᠨᠢᠭᠡᠴᠡ᠎ᠪᠠᠷ ᠰᠣᠩᠭᠣᠭᠳᠠᠨ᠂᠎ᠳᠤ ᠩ᠊ ᠺᠤ ᠦ ᠵᠢᠨ ᠳᠡᠯᠡᠬᠡᠢ ᠵᠢᠨ ᠵᠡᠭᠦᠦ ᠲᠥᠭᠡᠨᠡᠯ ᠭᠡ ᠵᠢᠨ ᠰᠤᠷᠭ᠋ᠠᠨ ᠬᠥᠮᠦᠵᠢᠯ ᠦ᠋᠊ᠨ ᠰᠠᠭᠤᠷᠢᠨ ᠭᠠᠵᠠᠷ᠎ᠲᠤ ᠰᠣᠩᠭᠣᠭᠳᠠᠨ ᠣᠷᠣᠵᠠᠢ᠃ ᠤᠷᠢᠳ ᠬᠤᠵᠢᠳ ᠣᠷᠣᠨ᠎ᠤ ᠳᠣᠲᠣᠷ᠎ᠠ ᠭᠠᠳᠠᠨᠠᠬᠢ ᠵᠢᠭ᠋ᠠᠨ ᠰᠤᠷᠭ᠋ᠠᠯᠲᠠ ᠵᠢᠨ ᠲᠠᠰ᠎ᠤᠨ ᠡᠮᠴᠢ ᠵᠢ 139 ᠬᠥᠮᠦᠨ ᠤᠳᠠᠭ᠎ᠠ ᠣᠷᠣᠭᠤᠯᠤᠨ ᠠᠪᠴᠢᠷᠠᠵᠤ ᠮᠠᠨ᠎ᠤ ᠰᠢᠶᠠᠨ᠎ᠳᠤ ᠬᠦᠷᠴᠦ ᠣᠨᠣᠰᠢᠯᠠᠨ ᠡᠮᠨᠡᠬᠦ ᠦᠢ᠍ᠯᠡᠴᠢᠯᠡᠭᠡ ᠥᠷᠨᠢᠭᠦᠯᠵᠦ᠂ 3 ᠰᠤᠮᠤ ᠪᠠᠯᠭ᠋ᠠᠰᠤ᠎ᠨᠢ ᠤᠯᠤᠰ᠎ᠤᠨ ᠡᠷᠡᠭᠦᠯ ᠬᠠᠮᠠᠭ᠋ᠠᠯᠠᠯ᠎ᠤᠨ ᠰᠢᠶᠠᠩ ᠪᠠᠯᠭ᠋ᠠᠰᠤ ᠵᠢ ᠡᠭᠦᠳᠦᠨ ᠪᠠᠶ᠋ᠢᠭᠤᠯᠵᠤ ᠬᠢᠨᠠᠨ ᠲᠣᠭᠲᠠᠭ᠋ᠠᠵᠤ ᠰᠢᠯᠭ᠋ᠠᠨ ᠠᠪᠬᠤ ᠵᠢ ᠪᠡᠶᠡᠯᠡᠭᠦᠯᠵᠦ᠂ 47 ᠦᠨᠳᠦᠰᠦᠨ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠥᠷᠲᠡᠭᠡ ᠴᠡᠭ᠎ᠢ ᠪᠠᠶ᠋ᠢᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠪᠠ᠃ ᠨᠥᠭᠴᠢᠭᠰᠡᠨ ᠪᠠᠭ᠋ᠠᠲᠤᠷᠴᠤᠳ᠎ᠤᠨ ᠳᠤᠷᠠᠰᠬᠠᠯ᠎ᠤᠨ ᠲᠠᠯᠠᠪᠠᠢ ᠪᠠᠶ᠋ᠢᠭᠤᠯᠵᠤ᠃ ᠣᠯᠠᠨ ᠨᠡᠶ᠋ᠢᠲᠡ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ ᠬᠡᠷᠡᠭᠲᠡᠶ᠃ ᠡᠳᠦᠷ᠎ᠤᠨ ᠬᠦᠴᠦᠨ᠎ᠤ ᠵᠠᠬ᠎ᠠ ᠳᠡᠯᠭᠡᠭᠦᠷ ᠲᠣᠭᠲᠠᠭᠤᠨ ᠵᠶ᠋ᠠᠷ ᠥᠷᠭᠡᠳᠴᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ 766 ᠬᠥᠮᠦᠨ ᠪᠠᠶ᠋ᠢᠵᠤ᠂ ᠬᠤᠲᠠ ᠪᠠᠯᠭ᠋ᠠᠰᠤᠨ᠎ᠤ 540 ᠬᠥᠮᠦᠨ᠎ᠳᠤ ᠰᠢᠨ᠎ᠡ᠎ᠪᠠᠷ ᠠᠵᠢᠯ ᠣᠯᠭᠤᠵᠤ᠂ ᠬᠥᠳᠡᠭᠡ ᠲᠣᠰᠬᠤᠨ᠎ᠤ 6576 ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠪᠠ᠃ 5 ᠲᠣᠰᠬᠤᠨ (ᠨᠡᠶ᠋ᠢᠭᠡᠮ ᠲᠣᠭᠤᠷᠢᠭ)᠎ᠤ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠬᠠᠷᠢᠯᠴᠠᠨ ᠬᠠᠪᠰᠤᠷᠤᠯᠴᠠᠬᠤ ᠵᠣᠯ ᠵᠢᠷᠭ᠋ᠠᠯ᠎ᠤᠨ ᠬᠦᠷᠢᠶᠡᠯᠡᠩ᠎ᠢ ᠰᠢᠨ᠎ᠡ᠎ᠪᠠᠷ ᠪᠠᠶ᠋ᠢᠭᠤᠯᠵᠤ᠂ 1 ᠬᠥᠳᠡᠭᠡ ᠲᠣᠰᠬᠤᠨ᠎ᠤ ᠨᠠᠰᠤᠵᠢᠯ᠎ᠤᠨ ᠠᠰᠠᠷᠠᠮᠵᠢ ᠵᠢᠨ ᠬᠠᠷᠢᠯᠴᠠᠨ ᠬᠠᠪᠰᠤᠷᠤᠯᠴᠠᠬᠤ ᠵᠣᠯ ᠵᠢᠷᠭ᠋ᠠᠯ᠎ᠤᠨ ᠬᠦᠷᠢᠶᠡᠯᠡᠩ᠎ᠢ ᠳᠡᠭᠡᠭᠰᠢᠯᠡᠭᠦᠯᠦᠨ ᠥᠭᠡᠷᠡᠴᠢᠯᠡᠵᠦ᠂ ᠣᠨᠴᠠ ᠬᠦᠴᠢᠷᠳᠡᠯᠲᠡᠶ ᠬᠡᠷ ᠪᠦᠯᠢ ᠵᠢᠨ ᠨᠠᠰᠤᠵᠢᠯᠲᠠ᠎ᠳᠤ ᠲᠣᠬᠢᠷᠠᠭᠤᠯᠤᠨ 220 ᠡᠷᠦᠬᠡ ᠵᠢ ᠥᠭᠡᠷᠡᠴᠢᠯᠡᠨ ᠵᠠᠰᠠᠵᠤ᠂ 《ᠨᠢᠭᠡ ᠨᠠᠰᠤᠲᠠᠨ ᠨᠢᠭᠡ ᠪᠠᠭ᠎ᠠ》 ᠦᠢ᠍ᠯᠡᠴᠢᠯᠡᠭᠡᠨ᠎ᠤ ᠪᠠᠲᠤᠯᠠᠭ᠎ᠠ ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠪᠡ᠃

- ᠠᠶᠤᠯ ᠲᠦᠭᠱ᠌ᠢᠭᠦᠷᠢ ᠵᠢ ᠰᠡᠷᠭᠡᠢ᠍ᠯᠡᠬᠦ ᠵᠢ ᠪᠠᠷᠢᠮᠲᠠᠯᠠᠵᠤ ᠨᠡᠢ᠍ᠭᠡᠮ ᠦ᠋᠊ᠨ ᠶᠡᠬᠡ ᠲᠠᠯ᠎ᠠ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠪᠠᠢ᠍ᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠠᠵᠢᠯ᠎ᠢ ᠪᠣᠳᠠᠲᠠᠢ ᠪᠥᠭᠡᠳ ᠲᠦᠷᠦᠭᠳᠡᠯ᠎ᠲᠠᠢ ᠪᠦᠲᠦᠮᠵᠢᠲᠡᠢ ᠨᠠᠶ᠋ᠢᠳᠠᠪᠤᠷᠢᠵᠢᠭᠤᠯᠵᠤ᠂ 《ᠵᠢᠷᠭᠤᠭ᠋ᠠᠨ ᠦᠭᠡ》 ᠵᠢᠨ ᠪᠣᠳᠠᠲᠤ ᠶᠠᠪᠤᠳᠠᠯ ᠪᠠ ᠶᠣᠰᠣ ᠤᠴᠢᠷ᠎ᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠵᠤ᠂ 《ᠰᠡᠳᠬᠢᠯ ᠵᠶ᠋ᠠᠨ ᠨᠢᠭᠡᠳᠬᠡᠬᠦ》 ᠭᠤᠣᠯ ᠰᠡᠳᠦᠪᠲᠦ ᠴᠡᠴᠡᠷᠯᠢᠭ ᠵᠡᠷᠭᠡ 12 ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢᠱ᠌ᠢᠶ᠎ᠡ ᠦᠵᠡᠭᠦᠯᠬᠦ ᠴᠡᠭ᠎ᠢ ᠲᠡᠰ ᠳᠡᠪᠰᠢᠭᠦᠯᠦᠨ᠎ᠡ᠃ ᠦᠨᠳᠦᠰᠦᠨ ᠱᠠᠲᠤᠨ᠎ᠤ ᠲᠣᠮᠢᠯᠠᠭᠰᠠᠨ ᠰᠠᠯᠪᠤᠷᠢ 2 ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠪᠡ᠃ ᠪᠥᠬᠦ ᠬᠤᠲᠠ ᠵᠢᠨ ᠠᠩᠬᠠᠳᠠᠭᠴᠢ ᠠᠯᠪᠠᠨ ᠵᠢᠷᠤᠮ᠎ᠤᠨ ᠴᠠᠭᠳᠠᠭ᠎ᠠ ᠵᠢᠨ ᠦᠢ᠍ᠯᠡᠴᠢᠯᠡᠭᠡᠨ᠎ᠤ ᠥᠷᠲᠡᠭᠡ ᠫᠠᠶ᠋ᠢᠰᠠ ᠡᠯᠭᠦᠨ ᠪᠠᠶ᠋ᠢᠭᠤᠯᠤᠭᠳᠠᠵᠤ᠂ 《ᠬᠥᠬᠡ ᠣᠭᠲᠠᠷᠭᠤᠶ ᠠᠯᠪᠠᠨ ᠵᠢᠷᠤᠮ᠎ᠤᠨ ᠴᠠᠭᠳᠠᠭ᠎ᠠ》 ᠵᠢᠨ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠵᠠᠰᠠᠬᠤ ᠰᠢᠨ᠎ᠡ ᠵᠠᠭᠪᠤᠷ᠎ᠢ ᠡᠭᠦᠳᠦᠨ ᠪᠠᠶ᠋ᠢᠭᠤᠯᠵᠤ᠂ 《ᠳᠥᠷᠪᠡᠨ ᠭᠠᠵᠠᠷ ᠨᠢᠭᠡ ᠲᠥᠪ ᠨᠢᠭᠡ ᠲᠥᠪ》 ᠪᠠ 《ᠰᠢᠭᠦᠬᠦ ᠬᠤᠷᠢᠶ᠎ᠠ +》 ᠡᠶᠡᠳᠡᠭᠦᠯᠬᠦ ᠲᠣᠭᠲᠠᠴᠠ ᠵᠢ ᠡᠭᠦᠳᠦᠨ ᠪᠠᠶ᠋ᠢᠭᠤᠯᠵᠤ᠂ ᠵᠠᠬᠢᠳᠠᠯ ᠰᠤᠷᠪᠤᠯᠵᠢᠯᠠᠭ᠎ᠠ ᠵᠢᠨ ᠭᠤᠷᠪᠠᠨ ᠨᠣᠷᠮ᠎ᠠ ᠵᠢᠨ ᠲᠣᠭᠲᠠᠭᠤᠨ ᠪᠠᠶ᠋ᠢᠬᠤ ᠵᠢᠨ ᠵᠡᠷᠭᠡ᠎ᠳᠤ ᠳᠡᠭᠡᠭᠰᠢᠯᠡᠵᠡᠶ᠃ ᠦᠶᠡᠷ ᠤᠰᠤᠳ ᠠᠯ᠎ᠤᠨ ᠭᠠᠮᠱ᠌ᠢᠭ ᠵ᠊ ᠰᠡᠷᠭᠡᠢ᠍ᠯᠡᠬᠦ ᠲᠥᠪ᠎ᠨᠢ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠪᠦᠬᠦ ᠤᠯᠤᠰ᠎ᠤᠨ ᠪᠠᠢ᠍ᠭ᠋ᠠᠯᠢ ᠵᠢᠨ ᠭᠠᠮᠱ᠌ᠢᠭ᠎ᠤᠨ ᠶᠡᠷᠦᠩᠬᠡᠢ᠍ᠯᠡᠭᠰᠡᠨ ᠠᠶᠤᠯ ᠲᠦᠭᠱ᠌ᠢᠭᠦᠷᠢ ᠵᠢᠨ ᠨᠡᠢ᠍ᠳᠡᠮ ᠪᠠᠢ᠍ᠴᠠᠭ᠋ᠠᠯᠲᠠ ᠵᠢᠨ ᠲᠡᠷᠢᠭᠦᠨ ᠊ᠦ᠊ ᠨᠢᠭᠡᠴᠡ᠎ᠪᠠᠷ ᠦᠨᠡᠯᠡᠭᠳᠡᠪᠡ᠃ ᠠᠶᠤᠯᠭᠦᠢ ᠦᠢ᠍ᠯᠡᠳᠪᠦᠷᠢᠯᠡᠯ᠂ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ᠂ ᠴᠠᠯᠢᠩ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ᠂ ᠶᠡᠷᠦᠩᠬᠡᠶ᠋ᠢᠯᠡᠨ ᠵᠠᠰᠠᠵᠤ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠂ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠡᠷᠭᠡ ᠠᠵᠢᠯ᠎ᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ ᠰᠢᠶᠠᠨ᠎ᠤ ᠬᠡᠪᠴᠢᠶᠡᠨ᠎ᠤ ᠶᠡᠭᠡ ᠲᠠᠯ᠎ᠠ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠵᠤ᠂ ᠣᠯᠠᠨ ᠲᠦᠮᠡᠨ᠎ᠤ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ᠃

- ᠥᠭᠡᠷᠡᠴᠢᠯᠡᠯᠲᠡ ᠵᠢ ᠭᠦᠨᠵᠡᠭᠡᠢ᠍ᠷᠡᠭᠦᠯᠬᠦ ᠵᠢ ᠪᠠᠷᠢᠮᠲᠠᠯᠠᠵᠤ ᠲᠡᠦᠬᠡ ᠵᠢᠨ ᠬᠦᠴᠢᠷ ᠠᠰᠠᠭᠤᠳᠠᠯ ᠵ᠊ ᠬᠦᠴᠦᠲᠡᠢ ᠱ᠌ᠢᠢ᠍ᠳᠪᠦᠷᠢᠯᠡᠨ᠎ᠡ᠃ 《ᠮᠥᠩᠬᠡ ᠰᠤᠪᠠᠭ · ᠲᠦᠷᠪᠡ ᠵᠢ ᠭᠦᠢ᠍ᠴᠡᠤᠡᠭᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠰᠦᠯᠵᠢᠶᠡᠨ ᠳᠡᠭᠡᠷ᠎ᠡ ᠭᠦᠢ᠍ᠴᠡᠳᠬᠡᠵᠦ ᠪᠣᠯᠬᠤ ᠨᠣᠷᠮ᠎ᠠ 99.1%᠎ᠳᠤ ᠬᠦᠷᠴᠦ᠂ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠵᠦᠢ᠍ᠯᠡᠰ᠎ᠢ ᠨᠡᠶ᠋ᠢᠲᠡ 13406 ᠬᠤᠪᠢ ᠰᠢᠢ᠍ᠳᠪᠦᠷᠢᠯᠡᠪᠡ᠃ 12345 ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢᠨ ᠠᠵᠢᠯ᠎ᠤᠨ ᠬᠠᠭᠤᠳᠠᠰᠤ 4836 ᠬᠤᠪᠢ ᠵᠢ ᠭᠥᠯᠢᠶᠡᠨ ᠠᠪᠴᠤ ᠰᠢᠢ᠍ᠳᠪᠦᠷᠢᠯᠡᠵᠦ᠂ ᠴᠤᠤᠷᠢᠶᠠᠲᠤᠭᠰᠠᠨ ᠨᠣᠷᠮ᠎ᠠ᠂ ᠰᠢᠢ᠍ᠳᠪᠦᠷᠢᠯᠡᠭᠰᠡᠨ ᠨᠣᠷᠮ᠎ᠠ᠂ ᠬᠠᠨᠤᠮᠵᠢᠲᠠᠶ ᠨᠣᠷᠮ᠎ᠠ ᠪᠥᠬᠦ ᠬᠤᠲᠠ ᠵᠢᠨ ᠡᠮᠦᠨ᠎ᠡ ᠡᠩᠨᠡᠭᠡᠨ᠎ᠳᠤ ᠣᠷᠣᠪᠠ᠃ ᠬᠠ ᠲᠧᠩ ᠲᠤᠤ ᠬᠠᠢ ᠤᠯᠤᠰ᠎ᠤᠨ ᠳᠡᠰ ᠦ᠋᠊ᠨ ᠪᠠᠢ᠍ᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵ᠊ ᠱ᠌ᠢᠯᠢᠳᠡᠭᠵᠢᠭᠦᠯᠦᠨ ᠲᠣᠬᠢᠷᠠᠭᠤᠯᠬᠤ ᠵᠢ ᠤᠷᠤᠭᠱ᠌ᠢᠲᠠᠢ ᠪᠡᠶᠡᠯᠡᠭᠦᠯᠪᠡ᠃ ᠤᠤᠯ᠎ᠤᠨ ᠬᠠᠲᠠᠭᠤ ᠪᠡᠶᠡᠲᠦ ᠤᠰᠤᠨ᠎ᠤ ᠦᠢ᠍ᠯᠡᠳᠪᠦᠷᠢ᠂ ᠪᠢᠨ ᠬᠤᠢ ᠡᠮ᠎ᠤᠨ ᠦᠢ᠍ᠯᠡᠰ᠂ ᠸᠠᠩ ᠶᠧ ᠴᠠᠭ᠋ᠠᠨ ᠭᠤᠶᠣᠣ ᠠᠷᠠᠯᠵᠢᠶᠠᠨ᠎ᠤ ᠵᠠᠬ᠎ᠠ ᠳᠡᠯᠭᠡᠭᠦᠷ ᠵᠡᠷᠭᠡ ᠭᠤᠷᠪᠠᠨ ᠭᠠᠵᠠᠷ᠎ᠤᠨ ᠦᠯᠡᠳᠡᠭᠳᠡᠯ ᠲᠦᠷᠦᠯ ᠵᠦᠢ᠍ᠯ᠎ᠢ ᠪᠦᠬᠦᠨ᠎ᠢ ᠠᠮᠢᠯᠠᠭᠤᠯᠤᠨ᠎ᠠ᠃ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠨ ᠪᠠᠶ᠋ᠢᠴᠠᠭ᠋ᠠᠯᠲᠠ᠂ ᠬᠠᠲᠤᠨ ᠭᠤᠣᠯ᠎ᠤᠨ ᠰᠠᠪᠠ ᠭᠠᠵᠠᠷ᠎ᠤᠨ ᠰᠡᠷᠡᠮᠵᠢ ᠵᠢᠨ ᠹᠢᠯᠢᠮ᠎ᠤᠨ ᠬᠠᠷᠢᠭᠤ ᠲᠤᠰᠬᠠᠭᠰᠠᠨ ᠠᠰᠠᠭᠤᠳᠠᠯ᠎ᠤᠨ ᠣᠨ᠎ᠤ ᠡᠭᠦᠷᠭᠡ ᠵᠢ ᠪᠦᠬᠦᠨ᠎ᠢ ᠴᠡᠭᠴᠡᠯᠡᠨ ᠰᠠᠶ᠋ᠢᠵᠢᠷᠠᠭᠤᠯᠵᠤ ᠪᠡᠶᠡᠯᠡᠭᠦᠯᠪᠡ᠃ 《ᠭᠤᠷᠪᠠᠨ ᠬᠦᠴᠢᠷ》 ᠠᠰᠠᠭᠤᠳᠠᠯ᠎ᠢ ᠰᠢᠢ᠍ᠳᠪᠦᠷᠢᠯᠡᠬᠦ ᠵᠢ ᠥᠨᠳᠥᠷ ᠪᠠᠶ᠋ᠢᠷᠢᠨ᠎ᠳᠤ ᠲᠠᠯᠪᠢᠵᠤ᠂ ᠰᠠᠭᠤᠭ᠋ᠠᠯᠢ ᠠᠷᠠᠳ᠎ᠲᠤ 560 ᠡᠷᠦᠬᠡ ᠥᠯᠥ ᠬᠥᠳᠡᠯᠬᠦ ᠬᠥᠷᠥᠩᠭᠡ ᠵᠢᠨ ᠳᠠᠩᠰᠠᠯᠠᠯᠲᠠ ᠬᠢᠵᠦ᠂ 12 ᠡᠷᠦᠬᠡ ᠵᠢ ᠪᠤᠴᠠᠭ᠋ᠠᠨ ᠨᠡᠭᠦᠯᠭᠡᠪᠡ᠃ 108 ᠴᠢᠳᠠᠪᠤᠷᠢᠲᠠᠨ᠎ᠤ ᠨᠥᠭᠡᠴᠡ ᠵᠢ ᠵᠢᠭᠰᠠᠭ᠋ᠠᠭᠰᠠᠨ ᠦᠭᠡᠢ ᠦᠯᠡᠳᠡᠭᠳᠡᠯ ᠠᠰᠠᠭᠤᠳᠠᠯ᠎ᠢ ᠲᠤᠶ᠋ᠢᠯᠪᠤᠷᠢᠲᠠᠢ ᠰᠢᠢ᠍ᠳᠪᠦᠷᠢᠯᠡᠪᠡ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠬᠡᠪᠴᠢᠶ᠎ᠡ ᠵᠦᠢ ᠵᠣᠬᠢᠰᠲᠠᠶ᠂ ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠤ ᠪᠠᠩᠬᠢ ᠵᠢᠨ ᠪᠠᠶ᠋ᠢᠭᠤᠯᠤᠮᠵᠢ ᠵᠢᠨ ᠠᠰᠠᠭᠤᠳᠠᠯ᠎ᠤᠨ ᠡᠳ᠋ ᠬᠥᠷᠥᠩᠭᠡ ᠵᠢ ᠢᠯᠭ᠋ᠠᠷᠠᠭᠤᠯᠤᠨ ᠬᠤᠷᠢᠶᠠᠵᠤ ᠰᠢᠢ᠍ᠳᠪᠦᠷᠢᠯᠡᠬᠦ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠣᠨ᠎ᠤ ᠡᠭᠦᠷᠭᠡ ᠵᠢ ᠳᠠᠪᠠᠭᠤᠯᠤᠨ ᠪᠡᠶᠡᠯᠡᠭᠦᠯᠵᠦ᠂ ᠬᠥᠳᠡᠭᠡ ᠲᠣᠰᠬᠤᠨ᠎ᠤ ᠢᠲᠡᠭᠡᠮᠵᠢ ᠵᠢᠨ ᠬᠤᠷᠰᠢᠶ᠎ᠠ ᠵᠢᠨ ᠥᠭᠡᠷᠡᠴᠢᠯᠡᠯᠲᠡ ᠰᠢᠨ᠎ᠡ ᠠᠬᠢᠴᠠ᠎ᠲᠠᠢ ᠪᠣᠯᠵᠤ᠂ ᠮᠥᠩᠭᠦᠨ ᠭᠦᠢ᠍ᠯᠭᠡᠭᠡᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃

ᠨᠢᠭᠡ ᠵᠢᠯ᠎ᠤᠨ ᠲᠤᠷᠰᠢ᠂ ᠪᠢᠳᠡ ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠪᠠᠶ᠋ᠢᠩᠭᠤᠵᠢᠭᠤᠯᠵᠤ ᠣᠷᠳᠣ ᠬᠤᠭᠤᠴᠠᠭ᠎ᠠ᠎ᠪᠠᠷ ᠪᠦᠲᠦᠮᠵᠢᠲᠡᠶ ᠪᠣᠯᠭ᠋ᠠᠬᠤ ᠵᠢ ᠯᠠᠪᠳᠠᠭᠤᠨ ᠪᠠᠲᠤᠲᠠᠶ ᠠᠬᠢᠭᠤᠯᠪᠠ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠪᠣᠯᠤᠨ 《ᠭᠤᠷᠪᠠᠨ ᠴᠢᠬᠤᠯᠠ ᠨᠢᠭᠡ ᠶᠡᠭᠡ》 ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠵᠢ ᠴᠥᠬᠦᠷᠡᠰᠢ ᠦᠭᠡᠢ ᠪᠠᠷᠢᠮᠲᠠᠯᠠᠵᠤ᠂ 《ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭ᠋ᠠᠨ》 ᠪᠠ 《ᠤᠳᠠᠭ᠋ᠠᠨ ᠪᠦᠳᠦᠭᠦᠯᠢᠭ》 ᠰᠤᠷᠲᠠᠯ᠎ᠤᠨ ᠠᠰᠠᠭᠤᠳᠠᠯ᠎ᠢ ᠡᠷᠡᠰ ᠴᠡᠭᠴᠡᠯᠡᠨ ᠵᠠᠰᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠷᠭᠦᠯᠵᠢᠯᠡᠨ ᠬᠥᠩᠭᠡᠷᠡᠭᠦᠯᠦᠨ᠎ᠡ᠃ ᠭᠤᠣᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠭᠤᠭᠴᠤᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ 23 ᠵᠦᠢ᠍ᠯ᠎ᠤᠨ ᠬᠢᠨᠠᠨ ᠪᠣᠳᠣᠬᠤ ᠲᠥᠷᠥᠯ ᠵᠦᠢ᠍ᠯ᠎ᠢ ᠪᠡᠶᠡᠯᠡᠭᠦᠯᠵᠦ᠂ ᠢᠨᠵᠧᠨᠧᠷᠢᠩ᠎ᠤᠨ ᠳ᠋ᠦᠩᠨᠡᠨ ᠪᠣᠳᠣᠯᠲᠠ ᠵᠢ 1805 ᠲᠦᠮᠡᠨ ᠲᠥᠭᠦᠷᠢᠭ ᠬᠢᠨᠠᠨ ᠬᠠᠰᠤᠪᠠ᠃ 8585 ᠲᠦᠮᠡᠨ ᠲᠥᠭᠦᠷᠢᠭ᠎ᠤᠨ ᠪᠡᠯᠡ ᠮᠥᠩᠭᠦ ᠣᠷᠣᠭᠤᠯᠵᠤ᠂ 《ᠦᠨᠡᠮᠯᠡᠯ ᠠᠪᠬᠤ᠎ᠳᠤ ᠬᠦᠴᠢᠷ》 《ᠰᠤᠷᠭ᠋ᠠᠭᠤᠯᠢ ᠵᠢᠨ ᠬᠦᠷᠢᠶᠡᠨ᠎ᠤ ᠬᠤᠭᠤᠯᠠ》 ᠵᠢ ᠵᠠᠰᠠᠬᠤ᠂ ᠣᠷᠣᠰᠢᠭᠤᠯᠭ᠎ᠠ ᠵᠢᠨ ᠥᠭᠡᠷᠡᠴᠢᠯᠡᠯᠲᠡ ᠵᠡᠷᠭᠡ ᠬᠦᠷᠢᠶᠡᠨ᠎ᠤ ᠲᠤᠪᠤᠶ᠋ᠢᠮ᠎ᠠ ᠠᠰᠠᠭᠤᠳᠠᠯ᠎ᠢ 22 ᠰᠢᠢ᠍ᠳᠪᠦᠷᠢᠯᠡᠪᠡ᠃ ᠲᠥᠰᠦᠪ ᠦ᠋᠊ᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠮᠵᠢᠯᠲᠠ ᠪᠦᠲᠦᠮᠵᠢ ᠵᠢᠨ ᠬᠠᠷᠠᠯᠲᠠ ᠵᠢ ᠬᠢᠨᠠᠨ ᠬᠠᠷᠭᠤᠭᠤᠯᠵᠤ ᠬᠥᠮᠥᠷᠭᠡ᠎ᠳᠤ ᠣᠷᠣᠭᠤᠯᠤᠭᠰᠠᠨ 585 ᠲᠥᠷᠥᠯ ᠵᠦᠢ᠍ᠯ ᠪᠣᠯᠤᠨ᠎ᠠ᠃ ᠤᠯᠤᠰ᠎ᠤᠨ ᠥᠮᠴᠢᠯᠡᠯ ᠦ᠋᠊ᠨ ᠠᠵᠤ ᠠᠬᠤᠶ᠋ᠢᠯᠠᠯ᠎ᠤᠨ ᠡᠳ᠋ ᠬᠥᠷᠥᠩᠭᠡ 23.4 ᠳ᠋ᠦᠩᠰᠢᠭᠤᠷ ᠲᠥᠭᠥᠷᠢᠭ᠎ᠲᠤ ᠬᠦᠷᠴᠦ᠂ ᠡᠵᠡᠩᠨᠡᠯᠲᠡ ᠵᠢᠨ ᠴᠢᠨᠠᠷᠲᠠᠶ ᠣᠷᠣᠯᠭ᠎ᠠ 5300 ᠲᠦᠮᠡᠨ ᠲᠥᠭᠥᠷᠢᠭ ᠪᠠᠶ᠋ᠢᠵᠤ᠂ ᠲᠤᠰ ᠲᠤᠰ 73% ᠪᠠ 75%᠎ᠪᠠᠷ ᠨᠡᠮᠡᠭᠳᠡᠪᠡ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ᠂ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ 《ᠲᠠᠪᠤᠨ ᠠᠵᠤ ᠠᠬᠤᠢ ᠵᠢ ᠲᠦᠭᠡᠮᠡᠯᠵᠢᠭᠦᠯᠬᠦ》 ᠠᠵᠢᠯ ᠱᠠᠳᠤᠴᠢ ᠴᠢᠨᠠᠷᠲᠠᠢ ᠦᠷ᠎ᠡ ᠪᠦᠲᠦᠭᠡᠯ ᠤᠯᠪᠠ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠠᠤᠯᠢ ᠶᠣᠰᠣᠭ᠋ᠠᠷ ᠬᠢᠨᠠᠯᠲᠠ ᠲᠠᠯᠪᠢᠬᠤ᠂ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠪᠠ ᠨᠡᠶ᠋ᠢᠭᠡᠮ᠎ᠤᠨ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ ᠬᠢᠨᠠᠨ ᠪᠤᠳᠤᠬᠤ᠂ ᠡᠳ᠋᠎ᠤᠨ ᠵᠠᠰᠠᠭ᠂ ᠲᠤᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠵᠢ ᠲᠠᠰᠤᠷᠠᠯᠲᠠ ᠦᠭᠡᠢ ᠴᠢᠩᠭ᠋ᠠᠳᠬᠠᠨ᠎ᠠ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢᠨ ᠰᠠᠨᠠᠭᠤᠯᠭ᠎ᠠ 44 ᠬᠤᠪᠢ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠰᠠᠨᠠᠯ ᠳᠤᠷᠠᠳᠤᠯᠭ᠎ᠠ ᠵᠢ 68 ᠬᠤᠪᠢ ᠥᠨᠳᠥᠷ ᠪᠦᠲᠦᠮᠵᠢᠲᠡᠶ᠎ᠪᠠᠷ ᠭᠦᠢ᠍ᠴᠡᠳᠬᠡᠪᠡ᠃ ᠠᠷᠠᠳ᠎ᠤᠨ ᠵᠡᠪᠰᠡᠭᠲᠦ ᠬᠦᠴᠦᠨ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ᠂ ᠡᠮᠡᠭᠲᠡᠶ᠋ᠢᠴᠦᠳ ᠬᠡᠦᠬᠡᠳ᠂ ᠵᠡᠮᠳᠡᠭᠴᠦᠳ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠭᠠᠶ᠋ᠢᠯᠢ ᠵᠢᠨ ᠶᠠᠪᠤᠳᠠᠯ᠂ ᠴᠡᠷᠢᠭ᠎ᠠᠴᠠ ᠬᠠᠯᠠᠭᠳᠠᠭᠰᠠᠳ᠎ᠤᠨ ᠶᠠᠪᠤᠳᠠᠯ ᠵᠡᠷᠭᠡ ᠠᠵᠢᠯ ᠴᠥᠮ ᠪᠠᠶᠠᠷᠯᠠᠭᠤᠰᠢᠲᠠᠶ ᠠᠮᠵᠢᠯᠲᠠ ᠣᠯᠪᠠ᠃

ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ᠎ᠳᠤ᠂ ᠳ᠋ᠧᠩᠺᠸᠤ ᠰᠢᠶᠠᠨ᠎ᠤ ᠣᠯᠤᠭᠰᠠᠨ ᠳᠠᠪᠰᠢᠯᠲᠠ ᠨᠢᠭᠡᠪᠦᠷᠢ ᠴᠥᠮ ᠬᠢᠯᠪᠠᠷ ᠪᠤᠰᠤ᠎ᠪᠠᠷ ᠢᠷᠡᠭᠰᠡᠨ ᠶᠤᠮ᠃ ᠡᠳᠡᠭᠡᠷ ᠠᠮᠵᠢᠯᠲᠠ ᠵᠢ ᠣᠯᠤᠭᠰᠠᠨ᠎ᠨᠢ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠵᠢᠯᠤᠭᠤᠳᠤᠯᠭ᠎ᠠ᠎ᠠᠴᠠ ᠰᠠᠯᠵᠤ ᠴᠢᠳᠠᠬᠤ ᠦᠭᠡᠢ᠂ ᠬᠤᠳᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠤᠨ ᠰᠢᠶᠠᠨ᠎ᠤ ᠨᠠᠮ᠎ᠤᠨ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭ᠋ᠠᠨᠴᠢ ᠰᠢᠢ᠍ᠳᠪᠦᠷᠢᠲᠦ ᠪᠤᠳᠤᠯᠭ᠎ᠠ᠎ᠠᠴᠠ ᠰᠠᠯᠵᠤ ᠴᠢᠳᠠᠬᠤ ᠦᠭᠡᠢ᠂ ᠰᠢᠶᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠂ ᠤᠯᠤᠰ ᠲᠦᠷᠦ ᠵᠢᠨ ᠵᠥᠪᠯᠡᠯᠭᠡᠨ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠤᠨ ᠪᠦᠲᠦᠮᠵᠢᠲᠡᠢ ᠬᠢᠨᠠᠯᠲᠠ᠂ ᠬᠦᠴᠦᠲᠡᠢ ᠳᠡᠮᠵᠢᠯᠭᠡ᠎ᠠᠴᠠ ᠰᠠᠯᠵᠤ ᠴᠢᠳᠠᠬᠤ ᠦᠭᠡᠢ᠂ ᠨᠡᠩ ᠴᠤ᠌ ᠪᠦᠬᠦ ᠰᠢᠶᠠᠨ᠎ᠤ ᠳᠡᠭᠡᠳᠦ ᠲᠤᠤᠷᠠᠳᠤ ᠱᠠᠲᠤᠨ᠎ᠤ ᠳ᠋ᠧᠩᠺᠸᠤ ᠵᠢᠨ ᠬᠥᠮᠦᠨ ᠨᠢᠭᠡᠪᠦᠷᠢ ᠵᠢᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠡᠷᠡᠯᠬᠡᠭᠯᠡᠨ ᠲᠡᠮᠡᠴᠡᠵᠦ ᠤᠷᠤᠭᠰᠢᠯᠠᠨ ᠲᠠᠪᠰᠢᠬᠤ᠎ᠠᠴᠠ ᠰᠠᠯᠵᠤ ᠴᠢᠳᠠᠬᠤ ᠦᠭᠡᠢ ᠶᠤᠮ᠃ ᠠᠳᠡ᠂ ᠪᠢ ᠳ᠋ᠧᠩᠺᠸᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠡᠯ᠎ᠡ ᠠᠷᠠᠳ᠎ᠤᠨ ᠪᠦᠯᠬᠦᠮ ᠪᠣᠯᠤᠨ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠠᠬᠠᠮᠠᠳ ᠺᠠᠳ᠋ᠷ᠂ ᠪᠦᠬᠦ ᠰᠢᠶᠠᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠵᠢᠴᠢ ᠳ᠋ᠧᠩᠺᠸᠤ ᠵᠢᠨ ᠬᠥᠭᠵᠢᠯᠲᠡ ᠵᠢ ᠬᠠᠯᠠᠮᠵᠢᠯᠠᠨ ᠠᠩᠬᠠᠷᠴᠤ ᠪᠠᠶ᠋ᠢᠭ᠎ᠠ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠬᠦ ᠵᠢᠨ ᠬᠠᠮᠲᠤ ᠡᠷᠬᠢᠮ ᠳᠡᠭᠡᠳᠦ ᠬᠦᠨᠳᠦᠳᠬᠡᠯ ᠵᠶ᠋ᠠᠨ ᠳᠡᠪᠰᠢᠭᠦᠯᠵᠦ ᠪᠠᠶ᠋ᠢᠨ᠎ᠠ!

ᠲᠥᠯᠥᠭᠡᠯᠡᠭᠴᠢᠳ ᠡ᠂ ᠠᠶᠤᠯ ᠲᠦᠭᠰᠢᠭᠦᠷᠢ ᠵᠢ ᠪᠣᠳᠣᠯᠬᠢᠯᠠᠪᠠᠯ ᠰᠠᠶᠢ ᠠᠮᠤᠷ ᠲᠦᠪᠰᠢᠨ ᠪᠠᠶ᠋ᠢᠵᠤ ᠴᠢᠳᠠᠨ᠎ᠠ᠃ ᠠᠮᠵᠢᠯᠲᠠ᠎ᠪᠠᠨ ᠨᠤᠲᠠᠯᠠᠬᠤ ᠵᠢᠨ ᠬᠠᠮᠲᠤ᠂ ᠣᠳᠣᠬᠠᠨ᠎ᠳᠤ ᠮᠠᠨ᠎ᠤ ᠰᠢᠶᠠᠨ ᠮᠥᠨ ᠬᠦ᠌ ᠬᠦᠴᠢᠷ᠎ᠢ ᠳᠠᠪᠠᠵᠤ᠂ ᠤᠷᠤᠭᠰᠢᠯᠠᠯᠲᠠ ᠵᠢᠨ ᠵᠠᠮ ᠳᠡᠭᠡᠷ᠎ᠡ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭ᠋ᠠᠷᠠᠵᠤ ᠪᠠᠶ᠋ᠢᠨ᠎ᠠ᠄ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠵᠥᠷᠢᠴᠡᠯ ᠢᠯᠡᠷᠬᠡᠶ᠂ ᠥᠷᠢ ᠥᠭᠴᠡᠭᠡ ᠵᠢ ᠠᠷᠢᠯᠭ᠋ᠠᠬᠤ ᠳᠠᠷᠤᠯᠲᠠ ᠨᠡᠯᠢᠶᠡᠳ ᠶᠡᠭᠡ ᠪᠠᠶ᠋ᠢᠨ᠎ᠠ; ᠮᠠᠯᠵᠢᠬᠤ ᠲᠠᠷᠢᠶᠠᠯᠠᠬᠤ ᠣᠷᠣᠨ ᠳᠤᠷ᠎ᠠ᠎ᠪᠠᠷ ᠵᠶ᠋ᠠᠨ ᠠᠲᠠᠷ ᠬᠠᠭ᠋ᠠᠯᠪᠤᠷᠢᠯᠠᠬᠤ ᠵᠢ ᠣᠯᠠᠨᠲᠠ ᠬᠤᠷᠢᠭᠯᠠᠵᠤ᠂ ᠠᠮᠢ ᠠᠬᠤᠶ ᠵᠢ ᠬᠠᠮᠠᠭ᠋ᠠᠯᠠᠬᠤ ᠪᠠ ᠰᠡᠷᠭᠦᠭᠡᠬᠦ ᠡᠭᠦᠷᠭᠡ ᠬᠦᠨᠳᠦ ᠵᠠᠮ ᠬᠤᠯᠠ ᠪᠠᠶ᠋ᠢᠨ᠎ᠠ; ᠠᠷᠠᠳ᠎ᠤᠨ ᠠᠮᠢᠳᠤᠷᠠᠯ᠎ᠤᠨ ᠥᠷᠢ ᠥᠭᠴᠡᠭᠡ ᠨᠡᠯᠢᠶᠡᠳ ᠣᠯᠠᠨ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ ᠣᠯᠠᠨ ᠲᠦᠮᠡᠨ᠎ᠤ ᠬᠦᠰᠡᠯ ᠡᠷᠡᠮᠡᠯᠵᠡᠯ᠎ᠠᠴᠠ ᠪᠠᠰᠠ ᠵᠥᠷᠢᠶ᠎ᠡ᠎ᠲᠠᠢ ᠪᠠᠶ᠋ᠢᠨ᠎ᠠ; ᠣᠨᠴᠠ ᠵᠠᠷᠢᠮ ᠺᠠᠳ᠋ᠷ ᠰᠡᠳᠬᠢᠬᠦᠶ᠂ ᠴᠢᠳᠠᠪᠤᠷᠢ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠴᠢᠬᠤᠯᠠᠲᠠᠶ᠂ ᠠᠵᠢᠯ᠎ᠢ ᠠᠩᠬᠠᠷᠬᠤ᠂ ᠨᠠᠶ᠋ᠢᠳᠠᠪᠤᠷᠢᠵᠢᠭᠤᠯᠤᠯᠲᠠ ᠵᠢ ᠠᠳᠬᠤᠬᠤ᠂ ᠲᠡᠷᠢᠭᠦᠨ᠎ᠳᠤ ᠣᠷᠣᠬᠤ᠎ᠪᠠᠷ ᠴᠢᠷᠮᠠᠶ᠋ᠢᠬᠤ ᠤᠬᠠᠮᠰᠠᠷ ᠴᠢᠩᠭ᠎ᠠ ᠪᠤᠰᠤ ᠵᠡᠷᠭᠡ ᠪᠠᠶ᠋ᠢᠨ᠎ᠠ᠃ ᠡᠳᠡᠭᠡᠷ ᠠᠰᠠᠭᠤᠳᠠᠯ᠎ᠤᠨ ᠡᠮᠦᠨ᠎ᠡ᠂ ᠪᠢᠳᠡ ᠡᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠰᠢᠢ᠍ᠳᠪᠦᠷᠢᠯᠡᠬᠦ ᠬᠡᠷᠡᠭᠲᠡᠢ᠃

ᠬᠤᠶᠠᠷ᠂ 2025 ᠣᠨ᠎ᠤ ᠭᠤᠣᠯ ᠪᠣᠯᠬᠤ ᠠᠵᠢᠯ

2025 ᠣᠨ ᠪᠣᠯ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠠᠩᠭᠢᠯᠠᠭ᠎ᠠ ᠵᠢᠨ ᠵᠢᠯ ᠮᠥᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠲᠡᠭᠦᠰᠬᠦ ᠵᠢᠯ ᠮᠥᠨ᠂ ᠪᠠᠰᠠ ᠴᠤ᠌ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠪᠠᠶ᠋ᠢᠷᠢᠯᠠᠭᠤᠯᠬᠤ ᠵᠢᠯ ᠮᠥᠨ᠂ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠢ ᠰᠠᠶ᠋ᠢᠲᠤᠷ ᠬᠢᠬᠦ᠎ᠨᠢ ᠴᠢᠬᠤᠯᠠ ᠶᠡᠭᠡ ᠠᠴᠢ ᠬᠤᠯᠪᠣᠭᠳᠠᠯ᠎ᠲᠠᠢ᠂ ᠴᠢᠬᠤᠯᠠ ᠶᠡᠭᠡ ᠬᠠᠷᠢᠭᠤᠴᠠᠯᠭ᠎ᠠ᠎ᠲᠠᠢ ᠶᠤᠮ᠃

ᠰᠢᠶᠠᠨ᠎ᠤ ᠨᠠᠮ᠎ᠤᠨ ᠬᠤᠷᠢᠶᠠᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠣᠯᠣᠳᠤᠭ᠋ᠠᠷ ᠪᠥᠬᠦᠳᠡ ᠬᠤᠷᠠᠯ᠎ᠠᠴᠠ ᠭᠠᠷᠭ᠋ᠠᠭᠰᠠᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠶᠣᠰᠣᠭ᠋ᠠᠷ᠂ ᠵᠠᠰᠠᠭ᠎ᠤᠨ ᠣᠷᠳᠣᠨ᠎ᠤ ᠠᠵᠢᠯ᠎ᠤᠨ ᠶᠡᠷᠦᠩᠬᠡᠶ ᠱᠠᠭ᠋ᠠᠷᠳᠠᠯᠭ᠎ᠠ ᠪᠣᠯ᠄ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠬᠤᠲᠠ ᠵᠢᠨ ᠨᠠᠮ᠎ᠤᠨ ᠬᠤᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠬᠤ》᠎ᠪᠠᠷ ᠬᠦᠴᠦᠷᠬᠡᠭ ᠶᠡᠭᠡ ᠤᠯᠤᠰ ᠲᠥᠷᠥ ᠵᠢᠨ ᠵᠢᠯᠣᠭᠤᠳᠤᠮᠵᠢ ᠪᠣᠯᠭ᠋ᠠᠵᠤ᠂ ᠨᠢᠭᠡ ᠭᠤᠤᠯ ᠰᠢᠵᠢᠮ᠎ᠢ ᠲᠤᠭᠤᠰᠢᠯᠠᠭᠤᠯᠬᠤ᠎ᠪᠠᠷ ᠴᠢᠷᠮᠠᠶ᠋ᠢᠵᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠭᠦᠨᠵᠡᠭᠡᠶ᠋ᠢᠷᠡᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠠᠬᠢᠭᠤᠯᠵᠤ᠂ 《ᠲᠠᠪᠤᠨ ᠥᠨᠳᠥᠷ ᠲᠠᠪᠤᠨ ᠲᠣᠭᠤᠷᠢᠭ》᠎ᠢ ᠪᠥᠲᠥᠭᠡᠨ ᠪᠠᠶ᠋ᠢᠭᠤᠯᠬᠤ ᠲᠠᠯ᠎ᠠ᠎ᠪᠠᠷ ᠨᠠᠩ ᠶᠡᠭᠡ ᠠᠬᠢᠴᠠ᠎ᠲᠠᠢ ᠪᠣᠯᠵᠣ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠴᠢᠨᠠᠷ ᠰᠠᠶ᠋ᠢᠲᠠᠶ ᠪᠡᠶᠡᠯᠡᠭᠦᠯᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠰᠠᠶ᠋ᠢᠨ ᠡᠬᠢᠯᠡᠯᠲᠡ ᠵᠢ ᠪᠡᠶᠡᠯᠡᠭᠦᠯᠬᠦ᠎ᠳᠤ ᠪᠠᠲᠤ ᠪᠠᠬᠢ ᠰᠠᠭᠤᠷᠢ ᠲᠠᠯᠪᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠳ᠋ᠧᠩᠺᠸᠤ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠨ᠎ᠡ᠃

ᠪᠦᠬᠦ ᠰᠢᠶᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠤᠤᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠢ 7%᠎ᠠᠴᠠ ᠳᠡᠭᠡᠭᠰᠢ ᠨᠡᠮᠡᠭᠳᠡᠭᠦᠯᠦᠨ᠎ᠡ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠢ 10%᠎ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 10%᠎ᠠᠴᠠ ᠳᠡᠭᠡᠭᠰᠢ ᠨᠡᠮᠡᠭᠳᠡᠭᠦᠯᠦᠨ᠎ᠡ; ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠵᠢ 5%᠎ᠠᠴᠠ ᠳᠡᠭᠡᠭᠰᠢ ᠨᠡᠮᠡᠭᠳᠡᠭᠦᠯᠦᠨ᠎ᠡ; ᠡᠩ᠎ᠤᠨ ᠣᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠲᠥᠰᠦᠪ᠎ᠤᠨ ᠣᠷᠣᠯᠭ᠎ᠠ ᠵᠢ ᠠᠳᠠᠯᠢ ᠪᠠᠷᠢᠮᠵᠢᠶ᠎ᠠ᠎ᠪᠠᠷ 4%᠎ᠠᠴᠠ ᠳᠡᠭᠡᠭᠰᠢ ᠨᠡᠮᠡᠭᠳᠡᠭᠦᠯᠦᠨ᠎ᠡ; ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ ᠨᠡᠮᠡᠭᠳᠡᠯ᠎ᠢ ᠠᠵᠤ ᠠᠬᠤᠶ ᠵᠢᠨ ᠨᠡᠮᠡᠭᠳᠡᠯ᠎ᠲᠠᠢ ᠦᠨᠳᠦᠰᠦᠨ᠎ᠳᠡᠭᠡᠨ ᠠᠳᠠᠯᠢ ᠪᠣᠯᠭ᠋ᠠᠨ᠎ᠠ᠃

ᠳᠡᠭᠡᠷ᠎ᠡ ᠳᠤᠷᠠᠳᠤᠭᠰᠠᠨ ᠬᠠᠷᠠᠯᠲᠠ ᠵᠢᠨ ᠲᠣᠭᠤᠷᠢᠨ᠎ᠳᠤ᠂ ᠳᠣᠤᠷᠠᠬᠢ 8 ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠠᠳᠬᠤᠨ᠎ᠠ᠄

ᠨᠢᠭᠡ᠎ᠳᠤ᠂ ᠪᠦᠲᠦᠮᠵᠢᠲᠡᠢ ᠪᠡᠯᠡ ᠣᠷᠣᠭᠤᠯᠤᠯᠲᠠ ᠵᠢ ᠦᠷᠭᠦᠯᠵᠢᠯᠡᠨ ᠥᠷᠭᠡᠳᠬᠡᠵᠦ᠂ ᠠᠵᠤ ᠠᠬᠤᠢ ᠵᠢᠨ ᠬᠥᠭᠵᠢᠯᠲᠡ᠎ᠳᠤ ᠨᠡᠩ ᠤᠯᠠᠨ ᠴᠢᠨᠠᠷ ᠰᠠᠶ᠋ᠢᠲᠠᠢ᠂ ᠥᠨᠳᠥᠷ ᠦᠷ᠎ᠡ ᠪᠦᠲᠦᠮᠵᠢ᠎ᠲᠠᠢ ᠬᠦᠴᠦᠲᠡᠢ ᠲᠤᠯᠭ᠋ᠠᠭᠤᠷᠢᠯᠠᠯ ᠨᠡᠮᠡᠷᠢᠯᠡᠬᠦ ᠬᠡᠷᠡᠭᠲᠡᠢ᠃ 《ᠲᠦᠷᠦᠯ ᠵᠦᠢ᠍ᠯ᠎ᠢ ᠠᠳᠬᠤᠬᠤ ᠪᠣᠯ ᠳᠠᠷᠤᠢ ᠬᠥᠭᠵᠢᠯᠲᠡ ᠵᠢ ᠠᠳᠬᠤᠵᠤ ᠪᠠᠶ᠋ᠢᠭ᠎ᠠ ᠶᠠᠪᠤᠳᠠᠯ ᠮᠥᠨ᠂ ᠲᠦᠷᠦᠯ ᠵᠦᠢ᠍ᠯ᠎ᠢ ᠪᠣᠳᠣᠯᠬᠢᠯᠠᠬᠤ ᠪᠣᠯ ᠳᠠᠷᠤᠢ ᠢᠷᠡᠭᠡᠳᠦᠢ ᠵᠢ ᠰᠦᠪᠡᠭᠴᠢᠯᠡᠵᠦ ᠪᠠᠶ᠋ᠢᠭ᠎ᠠ ᠶᠠᠪᠤᠳᠠᠯ ᠮᠥᠨ》 ᠭᠡᠬᠦ ᠤᠢ᠍ᠢ᠍ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠪᠦᠬᠦ ᠬᠦᠴᠦᠨ ᠵᠶ᠋ᠠᠷ ᠵᠶ᠋ᠠᠨ ᠲᠦᠷᠦᠯ ᠵᠦᠢ᠍ᠯ᠎ᠢ ᠠᠳᠬᠤᠵᠤ᠂ ᠪᠡᠯᠡ ᠣᠷᠣᠭᠤᠯᠤᠯᠲᠠ ᠵᠢ ᠠᠬᠢᠭᠤᠯᠬᠤ ᠬᠡᠷᠡᠭᠲᠡᠢ᠃

(ᠬᠤᠶᠠᠷ)ᠲᠠᠷᠢᠶᠠᠯᠠᠩ ᠮᠠᠯ ᠠᠵᠤ ᠠᠬᠤᠶ ᠵᠢ ᠤᠶᠠᠯᠳᠤᠭᠤᠯᠬᠤ ᠵᠢ ᠲᠦᠯᠬᠢᠨ ᠠᠬᠢᠭᠤᠯᠬᠤ ᠵᠢ ᠪᠠᠷᠢᠮᠲᠠᠯᠠᠨ᠂ ᠲᠠᠷᠢᠶᠠᠯᠠᠩ᠎ᠢ ᠲᠦᠷᠭᠡᠳᠬᠡᠨ ᠬᠡᠪᠴᠢᠶᠡᠵᠢᠭᠦᠯᠦᠭᠰᠡᠨ᠂ ᠠᠵᠤ ᠦᠢ᠍ᠯᠡᠰᠴᠢᠯᠡᠭᠦᠯᠬᠦ ᠬᠥᠭᠵᠢᠯᠲᠡ ᠵᠢᠨ ᠵᠠᠮ᠎ᠳᠤ ᠣᠷᠣᠭᠤᠯᠬᠤ ᠬᠡᠷᠡᠭᠲᠡᠶ᠃ ᠬᠥᠳᠡᠭᠡ ᠠᠵᠤ ᠠᠬᠤᠢ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠪᠦᠬᠦ ᠬᠦᠴᠦᠨ ᠵᠶ᠋ᠠᠷ ᠵᠶ᠋ᠠᠨ ᠬᠤᠷᠢᠭ᠎ᠠ ᠱᠤᠭᠤᠮ᠎ᠢ ᠰᠠᠬᠢᠵᠤ᠂ ᠦᠷ᠎ᠡ ᠪᠦᠲᠦᠭᠡᠯ ᠵᠶ᠋ᠠᠨ ᠪᠠᠬᠢᠵᠢᠭᠦᠯᠵᠦ᠂ ᠬᠥᠭᠵᠢᠯ ᠮᠠᠨᠳᠤᠯ᠎ᠢ ᠠᠬᠢᠭᠤᠯᠵᠤ᠂ ᠬᠥᠳᠡᠭᠡ ᠠᠵᠤ ᠠᠬᠤᠢ ᠵᠢ ᠬᠦᠴᠦᠷᠬᠡᠭᠵᠢᠭᠦᠯᠵᠦ᠂ ᠬᠥᠳᠡᠭᠡ ᠲᠣᠰᠬᠤᠨ᠎ᠢ ᠦᠵᠡᠰᠬᠦᠯᠡᠩᠲᠦ ᠰᠠᠶ᠋ᠢᠬᠠᠨ ᠪᠣᠯᠭ᠋ᠠᠵᠤ᠂ ᠲᠠᠷᠢᠶᠠᠴᠢᠳ᠎ᠢ ᠪᠠᠶᠠᠵᠢᠭᠤᠯᠬᠤ ᠬᠡᠷᠡᠭᠲᠡᠢ᠃

(ᠭᠤᠷᠪᠠ)ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠦᠢ᠍ᠯᠡᠳᠪᠦᠷᠢ ᠵᠢ ᠠᠭ᠋ᠠᠵᠢᠮ ᠵᠶ᠋ᠠᠷ ᠨᠡᠮᠡᠭᠳᠡᠯ᠎ᠢ ᠲᠣᠭᠲᠠᠪᠤᠷᠢᠵᠢᠭᠤᠯᠬᠤ᠂ ᠨᠥᠭᠡᠴᠡ ᠬᠦᠴᠦᠨ᠎ᠢ ᠴᠢᠩᠭ᠋ᠠᠷᠠᠭᠤᠯᠬᠤ ᠬᠥᠭᠵᠢᠯᠲᠡ ᠵᠢᠨ ᠲᠤᠯᠭ᠋ᠠᠭᠤᠷᠢ ᠪᠣᠯᠭ᠋ᠠᠬᠤ ᠬᠡᠷᠡᠭᠲᠡᠢ᠃ ᠬᠠᠭᠤᠴᠢᠨ᠎ᠢ ᠦᠭᠡᠷᠡᠴᠢᠯᠡᠨ ᠰᠢᠨ᠎ᠡ ᠵᠢ ᠬᠦᠮᠦᠵᠢᠭᠦᠯᠬᠦ᠂ ᠰᠢᠯᠢᠳᠡᠭ᠎ᠢ ᠪᠤᠶ᠋ᠢᠵᠢᠭᠤᠯᠤᠨ ᠰᠢᠨ᠎ᠡ ᠵᠢ ᠱᠤᠭᠤᠬᠤ ᠵᠢ ᠪᠠᠷᠢᠮᠲᠠᠯᠠᠵᠤ᠂ ᠠᠵᠤ ᠦᠢ᠍ᠯᠡᠰ᠎ᠤᠨ ᠬᠡᠯᠬᠢᠶ᠎ᠡ ᠵᠢ ᠬᠦᠴᠦᠯᠡᠨ ᠤᠷᠲᠤᠳᠬᠠᠵᠤ᠂ ᠠᠵᠤ ᠦᠢ᠍ᠯᠡᠰ᠎ᠤᠨ ᠪᠦᠯᠦᠭᠵᠢᠯ᠎ᠢ ᠪᠤᠢ ᠪᠣᠯᠭ᠋ᠠᠵᠤ᠂ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠲᠠᠰᠤᠷᠠᠯᠲᠠ ᠦᠭᠡᠢ ᠪᠤᠵᠠᠭ᠋ᠠᠶ᠋ᠢᠷᠠᠭᠤᠯᠤᠨ᠎ᠠ᠃

(ᠲᠦᠷᠪᠡ)ᠬᠡᠷᠡᠭᠯᠡᠭᠡᠨ᠎ᠤ ᠳᠠᠯᠳᠠ ᠬᠦᠴᠦᠨ᠎ᠢ ᠪᠦᠬᠦ ᠲᠠᠯ᠎ᠠ᠎ᠪᠠᠷ ᠠᠭᠤᠳᠠᠯᠵᠤ᠂ ᠭᠤᠷᠪᠠᠳᠤᠭ᠋ᠠᠷ ᠠᠵᠤ ᠦᠢ᠍ᠯᠡᠰ᠎ᠢ ᠦᠢ᠍ᠷ᠎ᠠ ᠵᠢᠨ ᠵᠢᠯ᠎ᠤᠳ᠎ᠤᠨ ᠪᠠᠶᠠᠰᠤᠯ᠎ᠲᠠᠢ᠂ ᠬᠤᠯᠠᠳᠠᠬᠢᠨ᠎ᠠᠴᠠ ᠢᠷᠡᠭᠰᠡᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠪᠠᠳᠠᠷᠠᠭᠤᠯᠬᠤ ᠬᠡᠷᠡᠭᠲᠡᠢ᠃ ᠬᠡᠷᠡᠭᠯᠡᠭᠡᠨ᠎ᠤ ᠣᠷᠴᠢᠨ ᠲᠣᠭᠤᠷᠢᠨ᠎ᠢ ᠦᠷᠭᠦᠯᠵᠢᠯᠡᠨ ᠰᠢᠯᠢᠳᠡᠭᠵᠢᠭᠦᠯᠵᠦ᠂ ᠬᠡᠷᠡᠭᠯᠡᠭᠡᠨ᠎ᠤ ᠪᠠᠶ᠋ᠢᠳᠠᠯ᠎ᠢ ᠪᠠᠶᠠᠯᠢᠭᠵᠢᠭᠤᠯᠤᠨ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠬᠡᠷᠡᠭᠯᠡᠭᠡ ᠵᠢ ᠲᠠᠲᠠᠬᠤ ᠪᠠ ᠬᠡᠷᠡᠭᠯᠡᠭᠡ ᠵᠢ ᠭᠠᠳᠠᠭᠰᠢ ᠶᠠᠪᠤᠭᠤᠯᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃

(ᠲᠠᠪᠤ)ᠬᠤᠲᠠ ᠵᠢᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠤᠲᠠ ᠵᠢ ᠦᠷᠭᠦᠯᠵᠢᠯᠡᠨ ᠥᠩᠭᠡ ᠵᠢᠰᠦ᠎ᠲᠠᠢ ᠪᠣᠯᠭ᠋ᠠᠵᠤ᠂ ᠴᠢᠨᠠᠷ ᠰᠠᠶ᠋ᠢᠲᠠᠢ ᠥᠪᠡᠷᠮᠢᠴᠡ ᠲᠠᠲᠠᠬᠤ ᠬᠦᠴᠦᠨ᠎ᠲᠠᠢ ᠪᠣᠯᠭ᠋ᠠᠨ᠎ᠠ᠃ ᠬᠤᠲᠠ ᠵᠢᠨ ᠰᠢᠨᠡᠴᠢᠯᠡᠯᠲᠡ ᠵᠢᠨ 《ᠲᠠᠪᠤᠨ ᠵᠦᠢ᠍ᠯ᠎ᠤᠨ ᠠᠵᠢᠯᠯᠠᠭ᠎ᠠ》᠎ᠪᠠᠷ ᠭᠠᠷᠳᠠᠴᠠ ᠪᠣᠯᠭ᠋ᠠᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ᠂ ᠬᠤᠲᠠ ᠵᠢᠨ ᠪᠠᠶ᠋ᠢᠳᠠᠯ᠎ᠳᠤᠨᠢ ᠳᠣᠭᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠲᠠ ᠵᠢᠨ ᠴᠢᠳᠠᠮᠵᠢ ᠵᠢᠨ ᠪᠡᠯᠡᠳᠬᠡᠮᠵᠢ ᠵᠢᠨ ᠳᠤᠲᠠᠭᠤᠳᠠᠯ᠎ᠢ ᠨᠥᠬᠦᠪᠥᠷᠢᠯᠡᠵᠦ᠂ ᠣᠷᠣᠰᠢᠨ ᠰᠠᠭᠤᠬᠤ᠎ᠳᠤ ᠲᠣᠬᠢᠷᠠᠮᠵᠢᠲᠠᠶ᠂ ᠠᠵᠢᠯᠯᠠᠬᠤ᠎ᠳᠤ ᠲᠣᠬᠢᠷᠠᠮᠵᠢᠲᠠᠶ᠂ ᠵᠤᠭ᠋ᠠᠴᠠᠬᠤ᠎ᠳᠤ ᠲᠣᠬᠢᠷᠠᠮᠵᠢᠲᠠᠶ ᠬᠤᠲᠠ ᠵᠢ ᠪᠥᠬᠦ ᠬᠦᠴᠦᠨ ᠵᠶ᠋ᠠᠷ ᠵᠶ᠋ᠠᠨ ᠪᠥᠲᠥᠭᠡᠨ ᠪᠠᠶ᠋ᠢᠭᠤᠯᠤᠨ᠎ᠠ᠃

(ᠵᠢᠷᠭᠤᠭ᠎ᠠ)ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠰᠠᠶ᠋ᠢᠲᠤᠷ ᠠᠳᠬᠤᠵᠤ᠂ ᠬᠥᠬᠡᠮᠳᠦᠭ ᠨᠣᠭᠤᠭ᠋ᠠᠨ ᠠᠭᠤᠯᠠ ᠤᠰᠤ ᠵᠢ ᠦᠨ᠎ᠡ ᠦᠷᠳᠡᠭ᠎ᠲᠠᠢ᠂ ᠦᠷᠭᠦᠯᠵᠢᠯᠡᠬᠦ ᠠᠯᠳᠠ ᠮᠥᠩᠭᠦᠨ ᠠᠭᠤᠯᠠ ᠪᠣᠯᠭ᠋ᠠᠬᠤ ᠬᠡᠷᠡᠭᠲᠡᠢ᠃ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠵᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠤᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠥᠬᠦ ᠲᠠᠯ᠎ᠠ᠎ᠪᠠᠷ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ᠎ᠡ᠃

(ᠳᠤᠯᠤᠭ᠎ᠠ)ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠦᠷᠭᠦᠯᠵᠢᠯᠡᠨ ᠨᠡᠮᠡᠭᠳᠡᠭᠦᠯᠵᠦ᠂ ᠤᠯᠠᠨ ᠲᠦᠮᠡᠨ᠎ᠳᠤ ᠨᠡᠩ ᠤᠯᠠᠨ ᠨᠢᠳᠤᠨ᠎ᠳᠤ ᠦᠵᠡᠭᠳᠡᠮ᠎ᠡ᠂ ᠭᠠᠷ᠎ᠲᠤ ᠪᠠᠷᠢᠭᠳᠠᠮ᠎ᠠ ᠬᠥᠭᠵᠢᠯᠲᠡ ᠵᠢᠨ ᠠᠰᠢᠭ ᠲᠤᠰᠠ ᠬᠦᠷᠲᠡᠭᠡᠨ᠎ᠡ᠃ 《ᠠᠷᠠᠳ᠎ᠤᠨ ᠠᠮᠢᠳᠤᠷᠠᠯ᠎ᠢ ᠲᠡᠷᠢᠭᠦᠨ ᠪᠠᠶ᠋ᠢᠷᠢᠨ᠎ᠳᠤ ᠲᠠᠯᠪᠢᠬᠤ》 ᠵᠢ ᠪᠠᠷᠢᠮᠲᠠᠯᠠᠵᠤ᠂ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ᠂ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠨᠡᠩ ᠲᠡᠭᠦᠯᠳᠡᠷ᠂ ᠨᠡᠩ ᠪᠠᠲᠤᠯᠠᠭ᠎ᠠ᠎ᠲᠠᠢ᠂ ᠨᠡᠩ ᠦᠷᠭᠦᠯᠵᠢᠯᠡᠬᠦ ᠪᠣᠯᠭ᠋ᠠᠬᠤ ᠬᠡᠷᠡᠭᠲᠡᠢ᠃

(ᠨᠠᠢ᠍ᠮᠠ)ᠲᠣᠰ ᠪᠡᠶ᠎ᠡ ᠵᠢᠨ ᠪᠠᠶ᠋ᠢᠭᠤᠯᠤᠯᠲᠠ᠎ᠪᠠᠨ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠵᠠᠰᠠᠭ᠎ᠤᠨ ᠣᠷᠳᠣᠨ᠎ᠢ ᠢᠮᠠᠭᠲᠠ ᠬᠠᠷᠢᠭᠤᠴᠠᠯᠭ᠎ᠠ ᠡᠭᠦᠷᠭᠡᠯᠡᠬᠦ ᠵᠢ ᠡᠷᠬᠢᠮᠯᠡᠬᠦ᠂ ᠪᠣᠳᠠᠲᠠᠶ ᠠᠵᠢᠯᠯᠠᠬᠤ ᠵᠢ ᠴᠢᠬᠤᠯᠠᠴᠢᠯᠠᠬᠤ ᠰᠢᠯᠢᠳᠡᠭ ᠰᠤᠷᠲᠠᠯ᠎ᠢ ᠪᠠᠷᠢᠮᠲᠠᠯᠠᠬᠤ ᠬᠡᠷᠡᠭᠲᠡᠶ᠃ ᠪᠢᠳᠡ ᠠᠵᠢᠯ᠎ᠤᠨ ᠪᠦᠲᠦᠮᠵᠢ ᠵᠢᠨ ᠲᠤᠬᠠᠶ ᠵᠥᠪ ᠦᠵᠡᠯᠲᠡ ᠵᠢ ᠪᠠᠲᠤ ᠪᠠᠬᠢ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ ᠠᠵᠢᠯᠯᠠᠬᠤ ᠵᠢ ᠲᠡᠷᠢᠭᠦᠨ᠎ᠳᠤ ᠲᠠᠯᠪᠢᠵᠤ᠂ ᠬᠢᠳᠡᠯ᠎ᠠᠴᠠ ᠳᠡᠭᠡᠷ᠎ᠡ ᠪᠠᠶ᠋ᠢᠯᠭ᠋ᠠᠬᠤ ᠵᠢ ᠪᠠᠷᠢᠮᠲᠠᠯᠠᠨ᠂ ᠵᠠᠰᠠᠭ᠎ᠤᠨ ᠣᠷᠳᠣᠨ᠎ᠤ ᠠᠵᠢᠯ᠎ᠢ ᠨᠡᠩ ᠪᠣᠳᠠᠲᠠᠶ᠂ ᠦᠷ᠎ᠡ ᠪᠦᠲᠦᠮᠵᠢ ᠵᠢ ᠨᠡᠩ ᠥᠨᠳᠥᠷ ᠪᠣᠯᠭ᠋ᠠᠬᠤ᠎ᠪᠠᠷ ᠴᠢᠷᠮᠠᠶ᠋ᠢᠨ᠎ᠠ᠃

ᠲᠥᠯᠥᠭᠡᠯᠡᠭᠴᠢᠳ ᠡ᠂ ᠠᠶᠠᠨ ᠵᠠᠮ ᠲᠦᠮᠡᠨ ᠭᠠᠵᠠᠷ᠎ᠤᠨ ᠴᠣᠭ ᠵᠢᠪᠬᠤᠭ᠎ᠠ ᠲᠡᠭᠦᠯᠳᠡᠷ᠂ ᠬᠦᠨᠳᠦ ᠡᠭᠦᠷᠭᠡ ᠬᠦᠴᠢᠷ ᠳᠠᠬᠢᠨ ᠮᠣᠷᠳᠠᠨ᠎ᠠ! ᠪᠢᠳᠡ ᠰᠢ᠎ᠵᠢᠨ᠎ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠤᠨ ᠰᠢᠶᠠᠨ᠎ᠤ ᠨᠠᠮ᠎ᠤᠨ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ ᠵᠢ ᠲᠡᠮᠡᠴᠡᠬᠦ᠂ ᠬᠦᠴᠦᠯᠡᠨ ᠴᠢᠷᠮᠠᠶ᠋ᠢᠬᠤ᠂ ᠦᠨᠡᠨᠴᠢ ᠰᠢᠳᠤᠷᠭᠤ᠎ᠪᠠᠷ ᠬᠠᠷᠢᠭᠤᠴᠠᠯᠭ᠎ᠠ ᠡᠭᠦᠷᠭᠡᠯᠡᠬᠦ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ ᠵᠶ᠋ᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠳ᠋ᠧᠩᠺᠸᠤ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠶ᠎ᠡ!

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ