ᠳ᠋ᠸᠩᠺᠸᠦ ᠰᠢᠶᠠᠨ᠎ᠤ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ
ᠨᠡᠶ᠋ᠢᠲᠡᠯᠡᠭᠰᠡᠨ ᠴᠠᠭ᠄ 2023-12-01
ᠭᠤᠤᠯ ᠡᠭᠦᠷᠭᠡ ᠬᠠᠷᠢᠭᠤᠴᠠᠯᠭ᠎ᠠ
(ᠨᠢᠭᠡ) ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠵᠢᠨ ᠪᠠᠲᠤᠯᠠᠭ᠎ᠠ ᠪᠠ ᠲᠥᠪᠬᠢᠨᠡᠭᠦᠯᠦᠨ ᠬᠠᠷᠠᠭ᠋ᠠᠯᠵᠠᠬᠤ ᠵᠡᠷᠭᠡ ᠠᠵᠢᠯ᠎ᠢ ᠰᠠᠶ᠋ᠢᠲᠤᠷ ᠬᠢᠨ᠎ᠠ᠃
(ᠬᠤᠶᠠᠷ) ᠴᠡᠷᠢᠭ᠎ᠤᠨ ᠠᠯᠪᠠᠨ᠎ᠠᠴᠠ ᠬᠠᠯᠠᠭᠳᠠᠭᠰᠠᠨ ᠺᠠᠳ᠋ᠷ᠂ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠺᠠᠳ᠋ᠷ᠂ ᠴᠡᠷᠢᠭ ᠤᠨ ᠠᠯᠪᠠᠨ᠎ᠠᠴᠠ ᠬᠠᠯᠠᠭᠳᠠᠭᠰᠠᠨ ᠪᠠᠶ᠋ᠢᠯᠳᠤᠭᠴᠢ ᠪᠠ ᠴᠡᠷᠢᠭ᠎ᠤᠨ ᠬᠠᠷᠢᠶ᠎ᠠ ᠥᠬᠡᠶ ᠠᠵᠢᠯ᠎ᠠᠴᠠ᠎ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ᠎ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠠ ᠪᠡᠶ᠎ᠡ᠎ᠪᠠᠨ ᠳᠠᠭ᠋ᠠᠭ᠋ᠠᠵᠤ ᠠᠵᠢᠯ ᠰᠣᠩᠭᠤᠬᠤ᠂ ᠠᠵᠢᠯ ᠣᠯᠤᠭᠰᠠᠨ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠲᠤ ᠦᠢ᠍ᠯᠡᠴᠢᠯᠡᠬᠦ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠨ᠎ᠠ᠃
(ᠭᠤᠷᠪᠠ) ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠤᠨ ᠬᠥᠮᠦᠵᠢᠯ ᠪᠣᠯᠪᠠᠰᠤᠷᠠᠭᠤᠯᠤᠯ᠎ᠢ ᠵᠣᠬᠢᠶᠠᠨ ᠪᠠᠶ᠋ᠢᠭᠤᠯᠤᠨ ᠵᠢᠯᠣᠭᠤᠳᠴᠤ᠂ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠵᠢ ᠵᠣᠬᠢᠴᠠᠭᠤᠯᠤᠨ ᠰᠠᠶ᠋ᠢᠲᠤᠷ ᠬᠢᠨ᠎ᠠ᠃
(ᠲᠦᠷᠪᠡ) ᠴᠡᠷᠢᠭ ᠠᠩᠬᠢ ᠵᠢᠨ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠺᠠᠳ᠋ᠷ᠎ᠤᠨ ᠠᠵᠢᠯ᠎ᠢ ᠰᠠᠶ᠋ᠢᠲᠤᠷ ᠬᠢᠨ᠎ᠡ᠃
(ᠲᠠᠪᠤ) ᠰᠢᠷᠬᠠᠲᠤᠵᠤ ᠡᠪᠡᠳᠴᠢᠯᠡᠭᠰᠡᠨ ᠵᠡᠮᠳᠡᠭ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠤᠨ ᠬᠠᠮᠢᠶ᠎ᠠ ᠪᠥᠬᠦᠶ ᠠᠵᠢᠯ᠎ᠢ ᠰᠠᠶ᠋ᠢᠲᠤᠷ ᠬᠢᠵᠦ᠂ ᠴᠡᠷᠢᠭ᠎ᠤᠨ ᠬᠠᠩᠭ᠋ᠠᠯᠭ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃
(ᠵᠢᠷᠭᠤᠭ᠎ᠠ) ᠪᠦᠬᠦ ᠬᠤᠳᠠ ᠵᠢᠨ ᠴᠡᠷᠢᠭ ᠵᠶ᠋ᠠᠨ ᠬᠦᠷᠢᠶᠡᠯᠡᠨ ᠴᠡᠷᠢᠭ᠎ᠤᠨ ᠭᠡᠷ ᠪᠦᠯᠢ ᠵᠢ ᠬᠠᠷᠠᠭ᠋ᠠᠯᠵᠠᠬᠤ ᠠᠵᠢᠯ᠎ᠢ ᠵᠢᠯᠣᠭᠤᠳᠤᠨ᠎ᠠ᠃
(ᠳᠣᠯᠤᠭ᠎ᠠ) ᠦᠷᠡᠭᠳᠡᠭᠰᠡᠨ ᠪᠠᠭ᠋ᠠᠲᠤᠷ ᠵᠢᠴᠢ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠤᠨ ᠢᠷᠠᠭᠤ ᠠᠯᠳᠠᠷ᠎ᠤᠨ ᠱᠠᠩᠨᠠᠯ᠂ ᠦᠷᠡᠭᠳᠡᠭᠰᠡᠨ ᠪᠠᠭ᠋ᠠᠲᠤᠷᠴᠤᠳ᠎ᠢ ᠳᠤᠷᠠᠰᠬᠠᠬᠤ ᠪᠡᠯᠡᠳᠬᠡᠮᠵᠢ ᠵᠢᠨ ᠬᠠᠮᠢᠶᠠᠷᠤᠯᠲᠠ ᠬᠠᠮᠠᠭ᠋ᠠᠯᠠᠯᠲᠠ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ᠎ᠢ ᠰᠠᠶ᠋ᠢᠲᠤᠷ ᠬᠢᠨ᠎ᠠ᠃ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢᠨ ᠦᠢ᠍ᠯᠡ ᠠᠵᠢᠯᠯᠠᠭ᠎ᠠ ᠵᠢ ᠳ᠋ᠦᠩᠨᠡᠨ ᠰᠠᠶ᠋ᠢᠰᠢᠶᠠᠨ ᠤᠬᠠᠭᠤᠯᠤᠨ᠎ᠠ᠃
(ᠨᠠᠢ᠍ᠮᠠ) ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠤᠨ ᠡᠷᠬᠡ ᠠᠰᠢᠭ᠎ᠢ ᠬᠠᠮᠠᠭ᠋ᠠᠯᠠᠬᠤ ᠪᠠ ᠬᠠᠪᠰᠤᠷᠤᠨ ᠲᠡᠳᠬᠦᠵᠦ ᠲᠤᠰᠠᠯᠠᠬᠤ ᠠᠵᠢᠯ᠎ᠢ ᠥᠷᠨᠢᠭᠦᠯᠦᠨ᠎ᠡ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ