ᠢᠯᠡ ᠵᠠᠰᠠᠭ   -   ᠪᠠᠶ᠋ᠢᠭᠤᠯᠤᠮᠵᠢ

ᠪᠠᠶᠠᠨᠨᠠᠭᠤᠷ ᠬᠣᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ

ᠨᠡᠶ᠋ᠢᠲᠡᠯᠡᠭᠰᠡᠨ ᠴᠠᠭ᠄   2023-12-20

      ᠭᠣᠣᠯ ᠡᠭᠦᠷᠭᠡ ᠬᠠᠷᠢᠭᠤᠴᠠᠯᠭ᠎ᠠ
      (ᠨᠢᠭᠡ) ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠰ᠎ᠤᠨ ᠬᠥᠭᠵᠢᠯᠲᠡ ᠵᠢᠨ ᠬᠣᠯᠪᠣᠭᠳᠠᠯ ᠪᠦᠬᠦᠢ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠂ ᠲᠥᠷᠥ ᠵᠢᠨ ᠪᠣᠳᠣᠯᠭ᠎ᠠ᠂ ᠲᠥᠯᠦᠪᠵᠢᠭᠦᠯᠭᠡ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠵᠤ᠂ ᠪᠥᠬᠥ ᠬᠣᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠲᠥᠷᠥ ᠵᠢᠨ ᠪᠣᠳᠣᠯᠭ᠎ᠠ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ;
      (ᠬᠣᠶᠠᠷ) ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢ ᠵᠣᠬᠢᠴᠠᠭᠤᠯᠤᠨ ᠠᠬᠢᠭᠤᠯᠤᠨ᠎ᠠ;
      (ᠭᠤᠷᠪᠠ) ᠡᠪᠡᠳᠴᠢᠨ ᠡᠮᠭᠡᠭ᠎ᠢ ᠰᠡᠷᠭᠡᠢ᠌ᠯᠡᠨ ᠬᠢᠵᠠᠭ᠋ᠠᠷᠯᠠᠬᠤ ᠲᠥᠯᠦᠪᠵᠢᠭᠦᠯᠭᠡ ᠵᠢᠴᠢ ᠠᠷᠠᠳ ᠲᠦᠮᠡᠨ᠎ᠤ ᠡᠷᠡᠭᠦᠯ ᠮᠡᠨᠳᠦ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠳᠤ ᠬᠦᠨᠳᠦ ᠨᠣᠴᠢᠲᠠᠢ ᠬᠣᠣᠷ ᠬᠥᠨᠥᠭᠡᠯ ᠤᠴᠠᠷᠠᠭᠤᠯᠬᠤ ᠠᠰᠠᠭᠤᠳᠠᠯ᠎ᠳᠤ ᠭᠠᠷ ᠲᠦᠷᠦᠭᠦ ᠠᠷᠭ᠎ᠠ ᠬᠡᠮᠵᠢᠶ᠎ᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠨᠠᠢ᠌ᠳᠠᠪᠤᠷᠢᠵᠢᠭᠤᠯᠵᠤ᠂ ᠤᠯᠤᠰ᠎ᠤᠨ ᠴᠠᠷᠤᠯᠲᠠ ᠵᠢᠨ ᠲᠥᠯᠦᠪᠵᠢᠭᠦᠯᠭᠡ ᠵᠢ ᠬᠡᠷᠡᠭᠵᠢᠭᠦᠯᠦᠨ᠂ ᠡᠷᠡᠭᠦᠯ ᠬᠠᠮᠠᠭ᠋ᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠠᠵᠢᠯ᠎ᠢ ᠬᠠᠷᠢᠭᠤᠴᠠᠵᠤ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠢ ᠰᠡᠷᠭᠡᠢ᠌ᠯᠡᠨ ᠬᠢᠵᠠᠭ᠋ᠠᠷᠯᠠᠬᠤ ᠪᠠ ᠡᠯ᠎ᠡ ᠲᠥᠷᠥᠯ᠎ᠤᠨ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠎ᠢ  ᠵᠣᠬᠢᠶᠠᠨ   ᠪᠠᠢ᠌ᠭᠤᠯᠤᠨ   ᠵᠢᠯᠣᠭᠣᠳᠤᠨ᠎ᠠ᠃   ᠪᠥᠬᠥ  ᠬᠣᠲᠠ ᠵᠢᠨ 《ᠨᠠᠪᠴᠢᠨ ᠲᠠᠮᠠᠬᠢ ᠵᠢ ᠬᠢᠵᠠᠭ᠋ᠠᠷᠯᠠᠬᠤ ᠪᠣᠷᠣ ᠲᠥᠯᠥᠪ᠎ᠤᠨ ᠨᠡᠶ᠋ᠢᠲᠡ ᠵᠢᠨ ᠭᠡᠷ᠎ᠡ》 ᠵᠢ ᠬᠡᠷᠡᠭᠵᠢᠭᠦᠯᠬᠦ ᠠᠵᠢᠯ᠎ᠢ ᠲᠦᠷᠦᠭᠦᠯᠡᠨ ᠬᠢᠨ᠎ᠡ᠃ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠬᠢᠨᠠᠨ ᠬᠡᠮᠵᠢᠵᠦ ᠦᠨᠡᠯᠡᠨ ᠵᠢᠱ᠌ᠢᠬᠦ ᠵᠢ  ᠵᠣᠬᠢᠶᠠᠨ ᠪᠠᠢ᠌ᠭᠤᠯᠤᠨ᠎ᠠ;
      (ᠳᠥᠷᠪᠡ) ᠬᠥᠮᠥᠨ ᠠᠮᠠ ᠵᠢᠨ ᠨᠠᠰᠤᠵᠢᠯᠲᠠ ᠵᠢ ᠠᠷᠭ᠋ᠠᠴᠠᠬᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠬᠤ᠎ᠳᠤ ᠣᠷᠣᠯᠴᠠᠬᠤ ᠵᠢᠨ ᠬᠠᠮᠲᠤ ᠵᠣᠬᠢᠴᠠᠭᠤᠯᠤᠨ ᠨᠠᠢ᠌ᠳᠠᠪᠤᠷᠢᠵᠢᠭᠤᠯᠵᠤ᠂ ᠪᠥᠬᠥ ᠬᠣᠲᠠ ᠵᠢᠨ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠢ᠌ᠭᠤᠯᠤᠯᠲᠠ ᠪᠠ ᠡᠮᠨᠡᠬᠦ ᠰᠤᠪᠢᠯᠠᠬᠤ ᠵᠢ ᠤᠶᠠᠯᠳᠤᠭᠤᠯᠬᠤ ᠠᠵᠢᠯ᠎ᠢ ᠬᠠᠷᠢᠭᠤᠴᠠᠨ ᠠᠬᠢᠭᠤᠯᠤᠨ᠎ᠠ;
      (ᠲᠠᠪᠤ) ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠎ᠤᠨ ᠲᠥᠷᠥ ᠵᠢᠨ ᠪᠣᠳᠣᠯᠭ᠎ᠠ ᠪᠣᠯᠣᠨ ᠦᠨᠳᠦᠰᠦᠨ ᠡᠮ᠎ᠤᠨ ᠵᠦᠢ᠍ᠯ᠎ᠤᠨ ᠳᠦᠷᠢᠮ᠎ᠢ ᠲᠤᠤᠱᠯᠠᠭᠤᠯᠤᠨ ᠨᠠᠢ᠌ᠳᠠᠪᠤᠷᠢᠵᠢᠭᠤᠯᠤᠨ᠎ᠠ;
      (ᠵᠢᠷᠭᠤᠭ᠎ᠠ) ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠳᠠᠬᠢ ᠠᠵᠢᠯ ᠮᠡᠷᠭᠡᠵᠢᠯ᠎ᠤᠨ ᠡᠷᠡᠭᠦᠯ ᠬᠠᠮᠠᠭ᠋ᠠᠯᠠᠯ᠂ ᠰᠠᠴᠤᠷᠠᠭ ᠢᠳᠡᠪᠬᠢ ᠡᠷᠡᠭᠦᠯ ᠬᠠᠮᠠᠭ᠋ᠠᠯᠠᠯ᠂ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠂ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ᠂ ᠤᠯᠠᠨ ᠨᠡᠶ᠋ᠢᠲᠡ ᠵᠢᠨ ᠲᠠᠯᠠᠪᠤᠷ᠎ᠤᠨ ᠡᠷᠡᠭᠦᠯ ᠬᠠᠮᠠᠭ᠋ᠠᠯᠠᠯ᠂  ᠤᠤᠭᠤᠬᠤ ᠤᠰᠤᠨ᠎ᠤ ᠡᠷᠡᠭᠦᠯ ᠬᠠᠮᠠᠭ᠋ᠠᠯᠠᠯ ᠵᠡᠷᠭᠡ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠪᠦ᠍ᠬᠦ ᠬᠤᠳᠠ ᠵᠢᠨ ᠬᠠᠯᠳᠠᠪᠤᠷᠢᠲᠤ ᠡᠪᠡᠳᠴᠢᠨ᠎ᠢ ᠰᠡᠷᠭᠡᠢ᠌ᠯᠡᠨ ᠵᠠᠰᠠᠬᠤ᠎ᠳᠤ ᠬᠢᠨᠠᠯᠲᠠ ᠲᠠᠯᠪᠢᠬᠤ ᠵᠢ ᠬᠠᠷᠢᠭᠤᠴᠠᠵᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠶᠡᠷᠦᠩᠬᠡᠢ᠌ᠯᠡᠭᠰᠡᠨ ᠬᠢᠨᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ;
      (ᠲᠤᠯᠤᠭ᠎ᠠ) ᠡᠮᠴᠢᠯᠡᠭᠡᠨ᠎ᠤ ᠪᠠᠢ᠌ᠭᠤᠯᠤᠮᠵᠢ᠂ ᠡᠮᠴᠢᠯᠡᠭᠡᠨ᠎ᠤ ᠦᠢ᠍ᠯᠡᠴᠢᠯᠡᠭᠡᠨ᠎ᠤ ᠠᠵᠢᠯ ᠲᠦᠷᠦᠯ᠎ᠤᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠤᠨ᠎ᠠ;
      (ᠨᠠᠢ᠍ᠮᠠ) ᠲᠥᠯᠥᠪᠯᠡᠭᠡ᠎ᠲᠠᠢ᠎ᠪᠠᠷ ᠬᠡᠦᠬᠡᠳ ᠠᠪᠬᠤ ᠵᠢ ᠬᠠᠮᠢᠶᠠᠷᠬᠤ ᠪᠠ ᠦᠢ᠍ᠯᠡᠴᠢᠯᠡᠬᠦ ᠠᠵᠢᠯ;
      (ᠶᠢᠰᠦ) ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠂ ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠰᠢᠰᠲ᠋ᠧᠮᠵᠢ ᠪᠠ ᠶᠡᠷᠦᠩᠬᠡᠢ ᠰᠠᠯᠠᠭ᠋ᠠᠨ᠎ᠤ ᠡᠮᠴᠢ ᠵᠢᠨ ᠡᠩᠨᠡᠭᠡ ᠵᠢᠨ ᠪᠠᠢ᠌ᠭᠤᠯᠤᠯᠲᠠ ᠵᠢ ᠵᠢᠯᠤᠭᠣᠳᠴᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠤᠨ᠎ᠠ;
      (ᠠᠷᠪᠠ) ᠮᠣᠩᠭᠣᠯ ᠡᠮ ᠡᠮᠨᠡᠯᠭᠡ ᠬᠢᠲᠠᠳ ᠡᠮ ᠡᠮᠨᠡᠯᠭᠡ ᠵᠢᠨ ᠦᠢ᠍ᠯᠡᠰ ᠎ᠤᠨ ᠬᠥᠭᠵᠢᠯᠲᠡ ᠵᠢ ᠪᠠᠲᠤᠯᠠᠬᠤ ᠪᠠ ᠠᠬᠢᠭᠤᠯᠤᠨ᠎ᠠ;
      (ᠠᠷᠪᠠᠨ ᠨᠢᠭᠡ) ᠪᠥᠬᠥ ᠬᠣᠲᠠ ᠵᠢᠨ ᠡᠷᠡᠭᠦᠯᠵᠢᠯ᠎ᠤᠨ ᠡᠲᠡᠭᠡᠳ᠎ᠤᠨ ᠡᠮᠴᠢᠯᠡᠭᠡ ᠡᠷᠡᠭᠦᠯᠵᠢᠯ᠎ᠤᠨ ᠠᠵᠢᠯ ᠪᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠲᠤᠯᠠᠭ᠎ᠠ ᠵᠢᠨ ᠡᠭᠦᠷᠭᠡ ᠵᠢ ᠬᠠᠷᠢᠭᠤᠴᠠᠨ᠎ᠠ;
      (ᠠᠷᠪᠠᠨ ᠬᠣᠶᠠᠷ) ᠪᠥᠬᠥ ᠬᠣᠲᠠ ᠵᠢᠨ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠠᠵᠢᠯ᠎ᠢ ᠬᠠᠷᠢᠭᠤᠴᠠᠨ᠎ᠠ;
      (ᠠᠷᠪᠠᠨ ᠭᠤᠷᠪᠠ) ᠬᠤᠳᠠ ᠵᠢᠨ ᠨᠠᠮ᠎ᠤᠨ ᠬᠣᠷᠢᠶ᠎ᠠ᠂ ᠬᠤᠳᠠ ᠵᠢᠨ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ᠎ᠨᠦᠭᠦᠳ᠎ᠢ ᠪᠡᠶᠡᠯᠡᠭᠦᠯᠦᠨ᠎ᠡ᠃


 

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ