ᠢᠯᠡ ᠵᠠᠰᠠᠭ   -   ᠪᠠᠶ᠋ᠢᠭᠤᠯᠤᠮᠵᠢ

ᠳ᠋ᠧᠩᠺᠸᠤ ᠰᠢᠶᠠᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ

ᠨᠡᠶ᠋ᠢᠲᠡᠯᠡᠭᠰᠡᠨ ᠴᠠᠭ᠄   2023-03-24

      ᠭᠤᠣᠯ ᠡᠭᠦᠷᠭᠡ ᠬᠠᠷᠢᠭᠤᠴᠠᠯᠭ᠎ᠠ ᠪᠣᠯ᠄
      (ᠨᠢᠭᠡ) ᠦᠨᠳᠦᠰᠦᠲᠡᠨ᠎ᠤ ᠤᠨᠤᠯ ᠪᠠ ᠦᠨᠳᠦᠰᠦᠲᠡᠨ᠎ᠤ ᠠᠵᠢᠯ᠎ᠤᠨ ᠴᠢᠬᠤᠯᠠ ᠶᠡᠭᠡ ᠠᠰᠠᠭᠤᠳᠠᠯ᠎ᠤᠨ ᠲᠤᠬᠠᠢ ᠪᠠᠶ᠋ᠢᠴᠠᠭ᠋ᠠᠨ ᠰᠤᠳᠤᠯᠤᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠦᠬᠦ ᠰᠢᠶᠠᠨ᠎ᠤ ᠦᠨᠳᠦᠰᠦᠲᠡᠨ᠎ᠤ ᠠᠵᠢᠯ ᠪᠠ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠲᠤᠬᠠᠢ ᠲᠦᠷᠦ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠳᠤᠷᠠᠳᠴᠤ᠂ ᠪᠦᠬᠦ ᠰᠢᠶᠠᠨ᠎ᠤ ᠦᠨᠳᠦᠰᠦᠲᠡᠨ᠎ᠤ ᠪᠠ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠢᠨ ᠲᠤᠬᠠᠢ ᠲᠦᠷᠦ ᠵᠢᠨ ᠪᠣᠳᠣᠯᠭ᠎ᠠ ᠵᠢᠨ ᠲᠣᠭᠲᠠᠭ᠋ᠠᠯ᠎ᠢ ᠲᠤᠭᠤᠷᠪᠢᠨ ᠪᠢᠴᠢᠬᠦ ᠵᠢᠨ ᠬᠠᠮᠲᠤ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠰᠢᠪᠠᠳᠠᠨ ᠪᠠᠶ᠋ᠢᠴᠠᠭ᠋ᠠᠨ᠎ᠠ᠃ ᠦᠨᠳᠦᠰᠦᠲᠡᠨ᠎ᠤ ᠤᠨᠤᠯ᠂ ᠦᠨᠳᠦᠰᠦᠲᠡᠨ᠎ᠤ ᠲᠦᠷᠦ ᠵᠢᠨ ᠪᠣᠳᠣᠯᠭ᠎ᠠ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠬᠥᠮᠦᠵᠢᠯ᠎ᠤᠨ ᠠᠵᠢᠯ᠎ᠢ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠃
      (ᠬᠤᠶᠠᠷ) ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢ ᠵᠣᠬᠢᠴᠠᠭᠤᠯᠤᠨ ᠵᠢᠯᠣᠭᠤᠳᠤᠨ᠎ᠠ᠃ ᠦᠨᠳᠦᠰᠦᠲᠡᠨ᠎ᠤ ᠬᠠᠷᠢᠴᠠᠭ᠎ᠠ ᠵᠢ ᠵᠣᠬᠢᠴᠠᠭᠤᠯᠬᠤ ᠠᠵᠢᠯ᠎ᠤᠨ ᠰᠠᠨᠠᠭᠤᠯᠭ᠎ᠠ ᠵᠢ ᠰᠤᠳᠤᠯᠤᠨ ᠳᠤᠷᠠᠳᠴᠤ᠂ ᠦᠨᠳᠦᠰᠦᠲᠡᠨ᠎ᠤ ᠬᠠᠷᠢᠴᠠᠭ᠋ᠠᠨ᠎ᠳᠠᠬᠢ ᠴᠢᠬᠤᠯᠠ ᠶᠡᠭᠡ ᠬᠡᠷᠡᠭ ᠶᠠᠪᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃ ᠴᠥᠭᠡᠨ ᠲᠣᠭ᠋ᠠᠲᠤ ᠦᠨᠳᠦᠰᠦᠲᠡᠨ᠎ᠤ ᠡᠷᠬᠡ ᠠᠰᠢᠭ᠎ᠲᠤ ᠬᠤᠯᠪᠣᠭᠳᠠᠭᠰᠠᠨ ᠬᠡᠷᠡᠭ ᠶᠠᠪᠤᠳᠠᠯ᠎ᠢ ᠬᠢᠨᠠᠨ ᠰᠢᠢ᠍ᠳᠪᠦᠷᠢᠯᠡᠵᠦ᠂ ᠴᠥᠭᠡᠨ ᠲᠣᠭ᠋ᠠᠲᠤ ᠦᠨᠳᠦᠰᠦᠲᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠪᠥᠬᠦ ᠰᠢᠶᠠᠨ᠎ᠤ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠵᠣᠬᠢᠴᠠᠭᠤᠯᠤᠨ ᠬᠠᠮᠠᠭ᠋ᠠᠯᠠᠬᠤ ᠠᠵᠢᠯ᠎ᠳᠤ ᠣᠷᠣᠯᠴᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠵᠤ᠂ ᠤᠯᠤᠰ ᠣᠷᠣᠨ᠎ᠤ ᠨᠢᠭᠡᠳᠦᠯ᠎ᠢ ᠬᠠᠮᠠᠭ᠋ᠠᠯᠠᠨ᠎ᠠ᠃
      (ᠭᠤᠷᠪᠠ) ᠴᠥᠭᠡᠨ ᠲᠣᠭ᠋ᠠᠲᠤ ᠦᠨᠳᠦᠰᠦᠲᠡᠨ ᠪᠠ ᠴᠥᠭᠡᠨ ᠲᠣᠭ᠋ᠠᠲᠤ ᠦᠨᠳᠦᠰᠦᠲᠡᠨ᠎ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠲᠠᠯ᠎ᠠ ᠵᠢᠨ ᠠᠰᠠᠭᠤᠳᠠᠯ᠎ᠢ ᠰᠤᠳᠤᠯᠤᠨ ᠵᠠᠳᠠᠯᠬᠤ ᠵᠢᠨ ᠬᠠᠮᠲᠤ ᠣᠨᠴᠠᠭ᠋ᠠᠶ ᠲᠦᠷᠦ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠤᠨ ᠰᠢᠪᠠᠳᠠᠵᠤ ᠪᠠᠶ᠋ᠢᠭ᠋ᠠᠳ ᠦᠨᠳᠦᠰᠦᠲᠡᠨ᠎ᠤ ᠠᠵᠢᠯ᠎ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠵᠢ ᠎ᠨᠢ ᠭᠦᠢ᠍ᠴᠡᠳᠬᠡᠭᠦᠯᠵᠦ᠂ ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠠᠵᠤ ᠠᠬᠤᠢ ᠵᠢᠨ ᠬᠥᠭᠵᠢᠯᠲᠡ ᠪᠠ ᠨᠡᠶ᠋ᠢᠭᠡᠮ᠎ᠤᠨ ᠦᠢ᠍ᠯᠡᠰ᠎ᠤᠨ ᠬᠤᠯᠪᠣᠭᠳᠠᠯ ᠪᠦᠬᠦᠢ ᠬᠦᠷᠢᠶᠡᠨ᠎ᠳᠠᠬᠢ ᠬᠡᠷᠡᠭᠵᠢᠭᠦᠯᠦᠯᠲᠡ᠂ ᠵᠣᠯᠭ᠋ᠠᠯᠳᠤᠯ᠎ᠢ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ᠂ ᠠᠵᠢᠯ ᠲᠦᠷᠦᠯ᠎ᠤᠨ ᠰᠢᠰᠲ᠋ᠧᠮ ᠵᠶ᠋ᠠᠷ ᠵᠶ᠋ᠠᠨ ᠳᠡᠮᠵᠢᠬᠦ ᠪᠠ ᠠᠵᠤ ᠠᠬᠤᠢ ᠮᠡᠷᠭᠡᠵᠢᠯ᠎ᠤᠨ ᠬᠠᠮᠲᠤᠷᠠᠯᠴᠠᠭ᠎ᠠ᠂ ᠦᠨᠳᠦᠰᠦᠲᠡᠨ᠎ᠤ ᠠᠷᠠᠯᠵᠢᠶ᠎ᠠ᠂ ᠦᠨᠳᠦᠰᠦᠲᠡᠨ᠎ᠤ ᠣᠨᠴᠠ ᠬᠡᠷᠡᠭᠴᠡᠭᠡᠨ᠎ᠤ ᠬᠡᠷᠡᠭᠰᠡᠯ᠎ᠤᠨ ᠦᠢ᠍ᠯᠡᠳᠪᠦᠷᠢᠯᠡᠯ᠎ᠢ ᠵᠣᠬᠢᠴᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ᠎ᠳᠤ ᠣᠷᠣᠯᠴᠠᠨ᠎ᠠ᠃
      (ᠳᠥᠷᠪᠡ) ᠴᠥᠭᠡᠨ ᠲᠣᠭ᠋ᠠᠲᠤ ᠦᠨᠳᠦᠰᠦᠲᠡᠨ᠎ᠤ ᠠᠵᠢᠯ ᠦᠢ᠍ᠯᠡᠰ ᠵᠡᠷᠭᠡ ᠲᠤᠰᠬᠠᠢ ᠵᠦᠢ᠍ᠯ᠎ᠤᠨ ᠲᠥᠯᠦᠪᠵᠢᠭᠦᠯᠭᠡ ᠵᠢ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠨ ᠪᠠᠶ᠋ᠢᠴᠠᠭ᠋ᠠᠵᠤ᠂ ᠪᠥᠬᠦ ᠰᠢᠶᠠᠨ᠎ᠤ ᠠᠵᠤ ᠠᠬᠤᠢ ᠨᠡᠶ᠋ᠢᠭᠡᠮ᠎ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠬᠤ᠎ᠳᠤ ᠣᠷᠣᠯᠴᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠠᠵᠢᠯ ᠦᠢ᠍ᠯᠡᠰ᠎ᠤᠨ ᠬᠥᠭᠵᠢᠯᠲᠡ ᠵᠢ ᠶᠡᠷᠦᠩᠬᠡᠶ᠋ᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮᠵᠢ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠪᠠ ᠦᠨᠳᠦᠰᠦᠲᠡᠨ᠎ᠤ ᠬᠡᠷᠡᠭ ᠶᠠᠪᠤᠳᠠᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠬᠡᠷᠡᠭᠵᠢᠭᠦᠯᠬᠦ ᠵᠢ ᠠᠬᠢᠭᠤᠯᠤᠨ᠎ᠠ᠃
      (ᠲᠠᠪᠤ)  ᠪᠥᠬᠦ ᠰᠢᠶᠠᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠠᠶ᠋ᠢᠰᠢᠶᠠᠨ ᠬᠥᠬᠢᠭᠦᠯᠬᠦ ᠠᠵᠢᠯᠯᠠᠭ᠎ᠠ ᠵᠢ ᠳᠠᠭ᠋ᠠᠭ᠋ᠠᠴᠢᠯᠠᠨ ᠡᠷᠬᠢᠯᠡᠨ᠎ᠡ᠃
      (ᠵᠢᠷᠭᠤᠭ᠎ᠠ) ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠤᠢᠰᠦᠭ ᠪᠢᠴᠢᠭ᠎ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭ᠋ᠠᠯᠠᠬᠤ᠂ ᠤᠯᠠᠮᠵᠢᠯᠠᠨ ᠵᠠᠯᠭ᠋ᠠᠮᠵᠢᠯᠠᠬᠤ ᠠᠵᠢᠯ᠎ᠢ ᠬᠠᠮᠢᠶᠠᠷᠤᠨ᠎ᠠ᠃ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠦᠨᠳᠦᠰᠦᠲᠡᠨ᠎ᠤ ᠰᠤᠷᠭ᠋ᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠠ ᠦᠨᠳᠦᠰᠦᠲᠡᠨ᠎ᠤ ᠲᠤᠯᠭᠤᠷ ᠪᠢᠴᠢᠭ᠎ᠢ ᠴᠤᠭᠯᠠᠭᠤᠯᠬᠤ᠂ ᠡᠮᠬᠢᠳᠬᠡᠬᠦ᠂ ᠬᠡᠪᠯᠡᠬᠦ ᠠᠵᠢᠯ᠎ᠢ ᠵᠢᠯᠣᠭᠤᠳᠤᠨ᠎ᠠ᠃
      (ᠲᠤᠯᠤᠭ᠎ᠠ) ᠦᠨᠳᠦᠰᠦᠲᠡᠨ᠎ᠤ ᠠᠵᠢᠯ᠎ᠤᠨ ᠬᠦᠷᠢᠶᠡᠨ᠎ᠳᠠᠬᠢ ᠭᠠᠳᠠᠭ᠋ᠠᠳᠤ᠎ᠯᠤᠭ᠎ᠠ ᠵᠢᠨ ᠪᠠ ᠰᠢᠶᠠᠩᠭ᠋ᠠᠩ ᠣᠣᠮᠧᠨ ᠲᠠᠶ᠋ᠢᠸᠠᠨ᠎ᠤ ᠬᠤᠯᠪᠣᠭᠳᠠᠯ ᠪᠦᠬᠦᠢ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠵᠣᠬᠢᠶᠠᠨ ᠪᠠᠶ᠋ᠢᠭᠤᠯᠵᠤ ᠵᠣᠬᠢᠴᠠᠭᠤᠯᠤᠨ᠎ᠠ᠃ ᠦᠨᠳᠦᠰᠦᠲᠡᠨ᠎ᠤ ᠬᠡᠷᠡᠭ ᠶᠠᠪᠤᠳᠠᠯ᠎ᠳᠤ ᠬᠤᠯᠪᠣᠭᠳᠠᠬᠤ ᠭᠠᠳᠠᠭ᠋ᠠᠳᠤ ᠤᠬᠠᠭᠤᠯᠭ᠎ᠠ ᠵᠢᠨ ᠠᠵᠢᠯ᠎ᠳᠤ ᠣᠷᠣᠯᠴᠠᠪᠠ᠃
      (ᠨᠠᠢ᠍ᠮᠠ) ᠴᠥᠭᠡᠨ ᠲᠣᠭ᠋ᠠᠲᠤ ᠦᠨᠳᠦᠰᠦᠲᠡᠨ᠎ᠤ ᠴᠢᠳᠠᠪᠤᠷᠢᠲᠠᠨ᠎ᠤ ᠡᠩᠨᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠥᠯᠦᠪᠵᠢᠭᠦᠯᠭᠡ ᠵᠢ ᠲᠣᠭᠲᠠᠭ᠋ᠠᠬᠤ᠎ᠳᠤ ᠣᠷᠣᠯᠴᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ᠎ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠢ ᠬᠠᠮᠵᠢᠨ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ᠎ᠢ ᠬᠥᠮᠥᠵᠢᠭᠦᠯᠬᠦ᠂ ᠬᠥᠮᠥᠵᠢᠭᠦᠯᠬᠦ ᠪᠠ ᠬᠡᠷᠡᠭᠯᠡᠬᠦ ᠠᠵᠢᠯ᠎ᠢ ᠰᠠᠶ᠋ᠢᠲᠤᠷ ᠬᠢᠨ᠎ᠡ᠃
      (ᠶᠢᠰᠦ) ᠰᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠠᠴᠠ ᠳᠠᠭ᠋ᠠᠭ᠋ᠠᠯᠭ᠋ᠠᠭᠰᠠᠨ ᠪᠤᠰᠤᠳ ᠡᠭᠦᠷᠭᠡ᠎ᠨᠦᠭᠦᠳ᠎ᠢ ᠪᠡᠶᠡᠯᠡᠭᠦᠯᠦᠨ᠎ᠡ᠃

ᠢᠷᠡᠯᠲᠡ᠄ ᠲᠤᠰ ᠰᠦᠯᠵᠢᠶ᠎ᠡ