ᠢᠯᠡ ᠵᠠᠰᠠᠭ   -   ᠪᠠᠶ᠋ᠢᠭᠤᠯᠤᠮᠵᠢ

ᠳ᠋ᠧᠩᠺᠸᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ

ᠨᠡᠶ᠋ᠢᠲᠡᠯᠡᠭᠰᠡᠨ ᠴᠠᠭ᠄   2023-03-24

      ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ
      (ᠨᠢᠭᠡ) ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠲᠤ ᠬᠠᠮᠵᠢᠨ ᠪᠦᠬᠦ ᠰᠢᠶᠠᠨ᠎ᠤ ᠠᠵᠢᠯ᠎ᠤᠨ ᠪᠠᠶ᠋ᠢᠳᠠᠯ᠎ᠢ ᠣᠶ᠋ᠢᠯᠠᠭ᠋ᠠᠭᠤᠯᠵᠤ ᠡᠵᠡᠮᠰᠢᠭᠦᠯᠬᠦ ᠬᠡᠷᠡᠭᠲᠡᠢ᠃ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠤᠨ ᠵᠢᠭ᠋ᠠᠪᠤᠷᠢ ᠵᠢ ᠦᠨᠳᠦᠰᠦᠯᠡᠨ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠠᠵᠢᠯ᠎ᠤᠨ ᠪᠠᠶ᠋ᠢᠷᠢᠯᠠᠭᠤᠯᠤᠯᠲᠠ ᠪᠠ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠨᠢᠭᠡᠴᠢ ᠵᠢᠨ ᠬᠤᠭᠤᠷᠣᠨᠳᠣᠬᠢ ᠮᠠᠷᠭᠤᠯᠳᠤᠭ᠋ᠠᠨ᠎ᠲᠠᠢ ᠴᠢᠬᠤᠯᠠ ᠠᠰᠠᠭᠤᠳᠠᠯ᠎ᠢ ᠪᠠᠶ᠋ᠢᠴᠠᠭ᠋ᠠᠨ ᠰᠤᠳᠤᠯᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃
      (ᠬᠤᠶᠠᠷ) ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠢ ᠬᠠᠪᠰᠤᠷᠴᠤ ᠪᠠᠶ᠋ᠢᠭ᠋ᠠᠳ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠨᠡᠷ᠎ᠡ᠎ᠪᠠᠷ ᠨᠡᠶ᠋ᠢᠲᠡᠯᠡᠭᠰᠡᠨ ᠠᠯᠪᠠᠨ ᠪᠢᠴᠢᠭ᠎ᠢ ᠵᠣᠬᠢᠶᠠᠨ ᠪᠠᠶ᠋ᠢᠭᠤᠯᠵᠤ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠤᠨ ᠶᠠᠷᠢᠶ᠎ᠠ ᠵᠡᠷᠭᠡ ᠡᠬᠡ ᠨᠣᠣᠷᠠᠭ᠎ᠢ ᠵᠣᠬᠢᠶᠠᠨ ᠪᠠᠶ᠋ᠢᠭᠤᠯᠵᠤ ᠲᠤᠭᠤᠷᠪᠢᠨ᠎ᠠ᠃
      (ᠭᠤᠷᠪᠠ) ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠂ ᠵᠠᠰᠠᠭ᠎ᠤᠨ ᠣᠷᠳᠣᠨ᠎ᠤ ᠬᠤᠷᠠᠯ ᠵᠢᠴᠢ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠤᠨ ᠬᠤᠷᠠᠯ᠎ᠤᠨ ᠶᠠᠪᠤᠳᠠᠯ᠎ᠤᠨ ᠠᠵᠢᠯ᠎ᠢ ᠬᠠᠷᠢᠭᠤᠴᠠᠵᠤ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠢ ᠬᠠᠪᠰᠤᠷᠴᠤ ᠪᠠᠶ᠋ᠢᠭ᠋ᠠᠳ ᠬᠤᠷᠠᠯ ᠵᠶ᠋ᠠᠷ ᠲᠣᠭᠲᠠᠭ᠋ᠠᠭᠰᠠᠨ ᠤᠴᠢᠷ ᠶᠠᠪᠤᠳᠠᠯ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠷᠠᠯᠳᠤᠭ᠋ᠠᠨ᠎ᠤ ᠬᠢᠨᠠᠨ ᠵᠥᠪᠰᠢᠶᠡᠷᠡᠬᠦ ᠠᠵᠢᠯ᠎ᠢ ᠬᠠᠷᠢᠭᠤᠴᠠᠨ᠎ᠠ᠃
      (ᠳᠥᠷᠪᠡ) ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠶᠡᠭᠡ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠪᠠ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠤᠨ ᠳᠣᠲᠣᠭ᠋ᠠᠳᠤ ᠭᠠᠳᠠᠭ᠋ᠠᠳᠤ ᠶᠠᠪᠤᠳᠠᠯ᠎ᠤᠨ ᠴᠢᠬᠤᠯᠠ ᠠᠵᠢᠯᠯᠠᠭ᠎ᠠ ᠵᠢᠨ ᠲᠣᠬᠢᠷᠠᠭᠤᠯᠤᠯᠲᠠ ᠵᠢ ᠬᠠᠷᠢᠭᠤᠴᠠᠨ᠎ᠠ᠃
      (ᠲᠠᠪᠤ) ᠡᠯ᠎ᠡ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠤᠨ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠢᠭ᠋ᠠᠪᠤᠷᠢ ᠠᠪᠬᠤ ᠤᠴᠢᠷ ᠶᠠᠪᠤᠳᠠᠯ᠎ᠢ ᠬᠠᠷᠢᠭᠤᠴᠠᠨ ᠬᠢᠨᠠᠨ ᠬᠠᠷᠭᠤᠭᠤᠯᠵᠤ᠂ ᠰᠢᠢ᠍ᠳᠪᠦᠷᠢᠯᠡᠬᠦ ᠰᠠᠨᠠᠯ ᠵᠶ᠋ᠠᠨ ᠳᠤᠷᠠᠳᠴᠤ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃
      (ᠵᠢᠷᠭᠤᠭ᠎ᠠ) ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠪᠠ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠪᠢᠴᠢᠭ ᠴᠠᠬᠢᠯᠭ᠋ᠠᠨ ᠮᠡᠳᠡᠭᠡ ᠵᠢ ᠰᠢᠢ᠍ᠳᠪᠦᠷᠢᠯᠡᠬᠦ ᠠᠵᠢᠯ᠎ᠢ ᠬᠠᠷᠢᠭᠤᠴᠠᠨ᠎ᠠ᠃
      (ᠲᠤᠯᠤᠭ᠎ᠠ) ᠡᠯ᠎ᠡ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠤᠨ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠦᠢ᠍ᠯᠡᠰ ᠵᠢᠴᠢ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠤᠨ ᠵᠢᠭ᠋ᠠᠪᠤᠷᠢ ᠴᠣᠬᠤᠯᠠᠪᠤᠷᠢ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠰᠢᠪᠠᠳᠠᠨ ᠪᠠᠶ᠋ᠢᠴᠠᠭ᠋ᠠᠵᠤ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠲᠤ ᠴᠠᠭ ᠲᠤᠬᠠᠢ᠎ᠳᠤᠨᠢ ᠮᠡᠳᠡᠭᠦᠯᠬᠦ ᠬᠡᠷᠡᠭᠲᠡᠢ᠃
      (ᠨᠠᠢ᠍ᠮᠠ) ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠢᠰᠲ᠋ᠧᠮ᠎ᠤᠨ ᠳᠠᠭ᠋ᠠᠭ᠋ᠠᠨ ᠠᠪᠴᠤ ᠰᠢᠢ᠍ᠳᠪᠦᠷᠢᠯᠡᠬᠦ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢᠨ ᠰᠠᠨᠠᠭᠤᠯᠭ᠎ᠠ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠰᠠᠨᠠᠯ ᠵᠥᠪᠯᠡᠯᠭᠡ ᠵᠢᠨ ᠠᠵᠢᠯ᠎ᠢ ᠵᠣᠬᠢᠶᠠᠨ ᠪᠠᠶ᠋ᠢᠭᠤᠯᠵᠤ ᠵᠢᠯᠣᠭᠤᠳᠤᠨ᠎ᠠ᠃
      (ᠶᠢᠰᠦ) ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠴᠤᠭᠯᠠᠭᠤᠯᠬᠤ᠂ ᠨᠠᠶ᠋ᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ᠎ᠢ ᠬᠠᠷᠢᠭᠤᠴᠠᠵᠤ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠦᠢ᠍ᠯᠡᠴᠢᠯᠡᠭᠡ ᠬᠠᠩᠭ᠋ᠠᠨ᠎ᠠ᠃
      (ᠠᠷᠪᠠ) ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠪᠢᠴᠢᠭ ᠮᠠᠲ᠋ᠧᠷᠢᠶᠠᠯ ᠪᠠ ᠬᠤᠷᠠᠯ᠎ᠤᠨ ᠮᠠᠲ᠋ᠧᠷᠢᠶᠠᠯ᠎ᠤᠨ ᠮᠣᠩᠭᠤᠯ ᠬᠡᠯᠡᠨ᠎ᠤ ᠣᠷᠴᠢᠭᠤᠯᠭ᠎ᠠ ᠵᠢᠨ ᠠᠵᠢᠯ᠎ᠢ ᠬᠠᠷᠢᠭᠤᠴᠠᠨ᠎ᠠ᠃
     (ᠠᠷᠪᠠᠨ ᠨᠢᠭᠡ) ᠠᠵᠤ ᠠᠬᠤᠢ ᠵᠢᠨ ᠠᠮᠢ ᠠᠬᠤᠢ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢᠨ ᠴᠢᠬᠤᠯᠠ ᠶᠡᠭᠡ ᠠᠰᠠᠭᠤᠳᠠᠯ᠎ᠤᠨ ᠲᠤᠬᠠᠢ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠥᠬᠦ ᠰᠢᠶᠠᠨ᠎ᠤ ᠠᠵᠤ ᠠᠬᠤᠢ ᠵᠢᠨ ᠠᠮᠢ ᠠᠬᠤᠢ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠵᠣᠬᠢᠶᠠᠨ ᠪᠠᠶ᠋ᠢᠭᠤᠯᠤᠨ ᠲᠤᠭᠤᠷᠪᠢᠵᠤ᠂ ᠪᠥᠬᠦ ᠰᠢᠶᠠᠨ᠎ᠤ ᠠᠵᠤ ᠠᠬᠤᠢ ᠵᠢᠨ ᠠᠮᠢ ᠠᠬᠤᠢ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢᠨ ᠠᠵᠢᠯ᠎ᠳᠤ ᠪᠠᠶ᠋ᠢᠴᠠᠭ᠋ᠠᠨ ᠰᠤᠳᠤᠯᠤᠯᠲᠠ᠂ ᠦᠨᠡᠯᠡᠯᠲᠡ ᠪᠠ ᠰᠢᠮᠳᠠᠭᠤᠯᠤᠨ ᠪᠠᠶ᠋ᠢᠴᠠᠭ᠋ᠠᠯᠲᠠ ᠬᠢᠨ᠎ᠡ᠃
      (ᠠᠷᠪᠠᠨ ᠬᠤᠶᠠᠷ) ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠶᠡᠷᠦᠩᠬᠡᠢ ᠵᠢᠵᠢᠭᠦᠷ᠎ᠤᠨ ᠠᠵᠢᠯ᠎ᠢ ᠬᠠᠷᠢᠭᠤᠴᠠᠵᠤ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠲᠤ ᠡᠯ᠎ᠡ ᠰᠢᠶᠠᠩ ᠪᠠᠯᠭ᠋ᠠᠰᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠪᠠ ᠠᠷᠠᠳ ᠤᠯᠠᠨ᠎ᠤ ᠵᠠᠰᠠᠭ᠎ᠤᠨ ᠶᠠᠪᠤᠳᠠᠯ᠎ᠤᠨ ᠵᠢᠵᠢᠭᠦᠷ᠎ᠤᠨ ᠠᠷᠭ᠎ᠠ ᠵᠠᠮ ᠵᠶ᠋ᠠᠷ ᠲᠤᠰᠬᠠᠭᠰᠠᠨ ᠴᠢᠬᠤᠯᠠ ᠶᠡᠭᠡ ᠪᠠᠴᠢᠮ ᠪᠠᠶ᠋ᠢᠳᠠᠯ᠎ᠢ ᠴᠠᠭ ᠲᠤᠬᠠᠢ᠎ᠳᠤᠨᠢ ᠮᠡᠳᠡᠭᠦᠯᠵᠦ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠦᠳ᠎ᠤᠨ ᠵᠢᠭ᠋ᠠᠪᠤᠷᠢ ᠵᠢ ᠤᠯᠠᠮᠵᠢᠯᠠᠬᠤ ᠪᠠ ᠰᠢᠪᠠᠳᠠᠨ ᠨᠠᠶ᠋ᠢᠳᠠᠪᠤᠷᠢᠵᠢᠭᠤᠯᠤᠨ᠎ᠠ᠃
      (ᠠᠷᠪᠠᠨ ᠭᠤᠷᠪᠠ) ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠳᠦᠷᠢᠮ᠎ᠤᠨ ᠥᠭᠡᠷᠡᠴᠢᠯᠡᠯᠲᠡ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠠᠵᠢᠯ ᠵᠢᠴᠢ ᠪᠥᠬᠦ ᠰᠢᠶᠠᠨ᠎ᠤ ᠥᠭᠡᠷᠡᠴᠢᠯᠡᠯᠲᠡ᠎ᠳᠤ ᠣᠷᠣᠯᠴᠠᠭᠰᠠᠨ ᠨᠢᠭᠡᠴᠡ ᠵᠢᠨ ᠲᠡᠷᠭᠡ ᠬᠥᠰᠬᠡ ᠵᠢ ᠲᠥᠪᠯᠡᠷᠡᠭᠦᠯᠦᠨ ᠬᠠᠮᠢᠶᠠᠷᠬᠤ ᠠᠵᠢᠯ᠎ᠢ ᠬᠠᠷᠢᠭᠤᠴᠠᠨ᠎ᠠ᠃

      (ᠠᠷᠪᠠᠨ ᠳᠥᠷᠪᠡ) ᠪᠦᠬᠦ ᠰᠢᠶᠠᠨ᠎ᠤ ᠠᠯᠪᠠᠨ᠎ᠳᠤ ᠬᠡᠷᠡᠭᠯᠡᠬᠦ ᠭᠡᠷ ᠪᠠᠶ᠋ᠢᠰᠢᠩ ᠪᠠ ᠤᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠡᠨᠧᠷᠭᠢ ᠠᠷᠪᠢᠯᠠᠵᠤ ᠬᠤᠷᠣᠭᠳᠠᠯ᠎ᠢ ᠪᠠᠭ᠋ᠠᠰᠬᠠᠬᠤ ᠵᠢ ᠪᠦᠷᠢᠳᠬᠡᠬᠦ᠂ ᠬᠢᠨᠠᠯᠲᠠ ᠲᠠᠯᠪᠢᠬᠤ᠂ ᠬᠠᠮᠢᠶᠠᠷᠬᠤ ᠠᠵᠢᠯ᠎ᠢ ᠬᠠᠷᠢᠭᠤᠴᠠᠨ᠎ᠠ᠃
     (ᠠᠷᠪᠠᠨ ᠲᠠᠪᠤ) ᠰᠢᠶᠠᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢ ᠬᠠᠮᠢᠶᠠᠷᠤᠨ᠎ᠠ᠃ (ᠠᠷᠪᠠᠨ ᠵᠢᠷᠭᠤᠭ᠎ᠠ) ᠰᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠠᠴᠠ ᠲᠤᠰᠢᠶᠠᠭᠰᠠᠨ ᠪᠤᠰᠤᠳ ᠡᠭᠦᠷᠭᠡ᠎ᠨᠦᠭᠦᠳ᠎ᠢ ᠪᠡᠶᠡᠯᠡᠭᠦᠯᠦᠨ᠎ᠡ᠃

ᠢᠷᠡᠯᠲᠡ᠄ ᠲᠤᠰ ᠰᠦᠯᠵᠢᠶ᠎ᠡ