ᠳ᠋ᠧᠩᠺᠸᠤ ᠰᠢᠶᠠᠨ᠎ᠤ ᠰᠤᠷᠭ᠋ᠠᠨ ᠬᠥᠮᠦᠵᠢᠯ᠎ᠤᠨ ᠲᠣᠪᠴᠢᠶ᠎ᠠ
ᠨᠡᠶ᠋ᠢᠲᠡᠯᠡᠭᠰᠡᠨ ᠴᠠᠭ᠄ 2023-03-24
ᠭᠤᠣᠯ ᠡᠭᠦᠷᠭᠡ ᠬᠠᠷᠢᠭᠤᠴᠠᠯᠭ᠎ᠠ
(ᠨᠢᠭᠡ) ᠨᠠᠮ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠵᠢᠨ ᠰᠤᠷᠭ᠋ᠠᠨ ᠬᠥᠮᠦᠵᠢᠯ᠎ᠤᠨ ᠠᠵᠢᠯ᠎ᠤᠨ ᠴᠢᠭᠯᠡᠯᠲᠡ᠂ ᠲᠤᠶ᠋ᠢᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠲᠤᠤᠱᠯᠠᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠪᠦᠬᠦ ᠰᠢᠶᠠᠨ᠎ᠤ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠪᠠ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ᠂ ᠲᠤᠶ᠋ᠢᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃
(ᠬᠤᠶᠠᠷ) ᠪᠦᠬᠦ ᠰᠢᠶᠠᠨ᠎ᠤ ᠪᠠᠭᠰᠢ ᠨᠠᠷ᠎ᠤᠨ ᠠᠵᠢᠯ᠎ᠢ ᠭᠤᠣᠯᠯᠠᠨ ᠬᠠᠮᠢᠶᠠᠷᠴᠤ᠂ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ ᠵᠢᠨ ᠪᠠᠭᠰᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠵᠠᠬᠢᠷᠤᠯ ᠪᠠ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠤᠨ᠎ᠠ᠃ ᠡᠯ᠎ᠡ ᠲᠥᠷᠥᠯ᠎ᠤᠨ ᠪᠠᠭᠰᠢ ᠵᠢ ᠤᠷᠢᠨ ᠬᠡᠷᠡᠭᠯᠡᠬᠦ᠂ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠬᠦ ᠵᠢ ᠬᠠᠮᠢᠶᠠᠷᠬᠤ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠵᠢᠯᠣᠭᠤᠳᠤᠨ᠎ᠠ᠃ ᠪᠠᠭᠰᠢ ᠵᠢᠨ ᠬᠢᠷᠢ ᠬᠡᠮ᠎ᠤᠨ ᠳᠦᠷᠢᠮ᠂ ᠪᠠᠭᠰᠢ ᠵᠢᠨ ᠪᠣᠯᠪᠠᠰᠤᠷᠠᠯ ᠪᠠ ᠪᠠᠭᠰᠢ ᠵᠢᠨ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠠᠵᠢᠯ᠎ᠢ ᠵᠢᠯᠤᠭᠤᠳᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ ᠵᠢᠨ ᠪᠠᠭᠰᠢ ᠠᠵᠢᠯᠲᠠᠨ᠎ᠤ ᠣᠷᠣᠨ ᠲᠤᠭ᠎ᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠴᠢᠳᠠᠪᠤᠷᠢᠲᠠᠨ᠎ᠤ ᠠᠵᠢᠯ᠎ᠢ ᠨᠢᠭᠡᠳᠦᠯᠲᠡᠢ ᠲᠥᠯᠥᠪᠯᠡᠨ ᠬᠠᠮᠢᠶᠠᠷᠬᠤ ᠠᠵᠢᠯ᠃
(ᠭᠤᠷᠪᠠ) ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠵᠢᠨ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠴᠢᠭᠯᠡᠯᠲᠡ᠂ ᠲᠦᠷᠦ ᠵᠢᠨ ᠪᠣᠳᠣᠯᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠰᠢᠶᠠᠨ᠎ᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠤᠷᠳᠤ ᠰᠢᠭ᠋ ᠬᠤᠭᠤᠴᠠᠭ᠋ᠠᠨ᠎ᠤ ᠪᠠ ᠤᠷᠳᠤ ᠬᠤᠭᠤᠴᠠᠭ᠋ᠠᠨ᠎ᠤ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠨ᠎ᠠ᠃ ᠰᠠᠯᠠᠭ᠎ᠠ ᠮᠥᠴᠢᠷ᠂ ᠠᠵᠢᠯ ᠲᠦᠷᠦᠯ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠠᠵᠢᠯ᠎ᠢ ᠵᠣᠬᠢᠴᠠᠭᠤᠯᠤᠨ ᠵᠢᠯᠤᠭᠤᠳᠬᠤ ᠪᠠ ᠬᠢᠨᠠᠯᠲᠠ ᠲᠠᠯᠪᠢᠵᠤ ᠪᠠᠶ᠋ᠢᠴᠠᠭ᠋ᠠᠨ᠎ᠠ᠃ ᠨᠡᠶ᠋ᠢᠲᠡᠯᠢᠭ ᠬᠡᠯᠡ ᠪᠠ ᠨᠡᠶ᠋ᠢᠲᠡᠯᠢᠭ ᠬᠡᠯᠡ ᠵᠢ ᠲᠦᠭᠡᠮᠡᠯᠵᠢᠭᠦᠯᠬᠦ ᠪᠠᠭᠰᠢ ᠵᠢᠨ ᠪᠣᠯᠪᠠᠰᠤᠷᠠᠯ᠎ᠤᠨ ᠠᠵᠢᠯ᠎ᠢ ᠵᠢᠯᠣᠭᠤᠳᠤᠨ᠎ᠠ᠃
(ᠳᠥᠷᠪᠡ) ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠨ ᠬᠥᠮᠦᠵᠢᠯ᠎ᠢ ᠨᠢᠭᠡᠳᠦᠯᠲᠡᠢ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠠᠵᠢᠯ᠎ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠳᠤᠮᠳᠠᠳᠤ ᠵᠡᠷᠭᠡ ᠵᠢᠨ᠂ ᠠᠩᠬ᠎ᠠ ᠵᠡᠷᠭᠡ ᠵᠢᠨ ᠰᠤᠷᠭ᠋ᠠᠨ ᠬᠥᠮᠦᠵᠢᠯ᠎ᠤᠨ ᠡᠯ᠎ᠡ ᠲᠦᠷᠦᠯ᠎ᠤᠨ ᠰᠤᠷᠭ᠋ᠠᠭᠤᠯᠢ ᠪᠠᠶ᠋ᠢᠭᠤᠯᠬᠤ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠬᠤ᠎ᠳᠤ ᠬᠢᠨᠠᠯᠲᠠ ᠲᠠᠯᠪᠢᠨ᠎ᠠ᠃ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠪᠦᠷᠢᠳᠬᠡᠯ᠎ᠢ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠵᠢᠯᠣᠭᠤᠳᠤᠨ᠎ᠠ᠃
(ᠲᠠᠪᠤ) ᠲᠣᠰ ᠰᠠᠯᠠᠭ᠎ᠠ ᠮᠥᠴᠢᠷ᠎ᠤᠨ ᠵᠶ᠋ᠠᠨ ᠰᠤᠷᠭ᠋ᠠᠨ ᠬᠥᠮᠦᠵᠢᠯ᠎ᠤᠨ ᠵᠠᠷᠤᠳᠠᠯ᠎ᠢ ᠨᠢᠭᠡᠳᠦᠯᠲᠡᠢ ᠲᠥᠯᠥᠪᠯᠡᠨ ᠬᠠᠮᠢᠶᠠᠷᠬᠤ ᠵᠢ ᠬᠠᠷᠢᠭᠤᠴᠠᠵᠤ᠂ ᠰᠤᠷᠭ᠋ᠠᠨ ᠬᠥᠮᠦᠵᠢᠯ᠎ᠤᠨ ᠵᠠᠷᠤᠳᠠᠯ᠎ᠢ ᠴᠤᠭᠯᠠᠭᠤᠯᠤᠨ ᠬᠡᠷᠡᠭᠯᠡᠬᠦ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠬᠤ᠎ᠳᠤ ᠣᠷᠣᠯᠴᠠᠨ᠎ᠠ᠃ ᠰᠤᠷᠭ᠋ᠠᠨ ᠬᠥᠮᠦᠵᠢᠯ᠎ᠤᠨ ᠵᠠᠷᠤᠳᠠᠯ᠎ᠢ ᠬᠡᠷᠡᠭᠯᠡᠵᠦ ᠪᠠᠶ᠋ᠢᠭ᠎ᠠ ᠪᠠᠶ᠋ᠢᠳᠠᠯ᠎ᠢ ᠬᠢᠨᠠᠨ ᠬᠡᠮᠵᠢᠵᠦ᠂ ᠪᠦᠬᠦ ᠰᠢᠶᠠᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠬᠠᠷᠢᠭᠤᠴᠠᠨ ᠪᠦᠷᠢᠳᠬᠡᠨ᠎ᠡ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠰᠣᠷᠣᠭᠴᠢ ᠵᠢ ᠲᠤᠰᠠᠯᠠᠬᠤ ᠠᠵᠢᠯ᠎ᠢ ᠵᠢᠯᠤᠭᠤᠳᠬᠤ ᠵᠢᠨ ᠬᠠᠮᠲᠤ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃
(ᠵᠢᠷᠭᠤᠭ᠎ᠠ) ᠰᠠᠭᠤᠷᠢ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠢᠭᠡᠳ ᠬᠥᠭᠵᠢᠯᠲᠡ ᠵᠢ ᠵᠢᠯᠣᠭᠤᠳᠤᠨ᠎ᠠ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠲᠡᠩᠴᠡᠭᠦᠷᠢᠲᠡᠢ ᠬᠥᠭᠵᠢᠭᠦᠯᠬᠦ ᠪᠠ ᠰᠤᠷᠭ᠋ᠠᠨ ᠬᠥᠮᠦᠵᠢᠯ᠎ᠤᠨ ᠭᠤᠣᠯᠴᠢ ᠪᠠᠶ᠋ᠢᠬᠤ ᠵᠢ ᠠᠬᠢᠭᠤᠯᠬᠤ ᠵᠢ ᠬᠠᠷᠢᠭᠤᠴᠠᠨ᠎ᠠ᠃ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠂ ᠠᠷᠠᠳ᠎ᠠᠴᠠ ᠡᠷᠭᠢᠯᠡᠭᠰᠡᠨ ᠰᠠᠭᠤᠷᠢ ᠰᠤᠷᠭ᠋ᠠᠨ ᠬᠥᠮᠦᠵᠢᠯ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ ᠪᠠ ᠣᠨᠴᠣᠭᠤᠢ ᠰᠤᠷᠭ᠋ᠠᠨ ᠬᠥᠮᠦᠵᠢᠯ᠎ᠤᠨ ᠠᠵᠢᠯ᠎ᠢ ᠵᠢᠯᠣᠭᠤᠳᠤᠨ᠎ᠠ᠃ ᠰᠠᠭᠤᠷᠢ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠬᠤ ᠦᠨᠳᠦᠰᠦᠨ ᠱᠠᠭ᠋ᠠᠷᠳᠠᠯᠭ᠎ᠠ ᠵᠢ ᠲᠣᠭᠲᠠᠭ᠋ᠠᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢ ᠵᠢᠯᠣᠭᠤᠳᠤᠨ᠎ᠠ᠃ ᠬᠡᠪ ᠴᠢᠨᠠᠷ᠎ᠤᠨ ᠰᠤᠷᠭ᠋ᠠᠨ ᠬᠥᠮᠦᠵᠢᠯ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠶᠣᠰᠣ ᠮᠣᠷᠠᠯ ᠤᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠶ᠋ᠢᠬᠠᠨ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠠᠶ᠋ᠢᠭᠤᠯᠤᠨ᠎ᠠ᠃ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠵᠢᠷᠤᠮᠵᠢᠭᠤᠯᠤᠨ ᠬᠠᠮᠢᠶᠠᠷᠴᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠢᠴᠢᠶᠡᠯ ᠰᠤᠷᠤᠯᠭ᠎ᠠ ᠵᠢᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠦᠨ᠎ᠡ᠃
(ᠳᠣᠯᠤᠭ᠎ᠠ) ᠠᠵᠢᠯ ᠣᠯᠭᠤᠯᠲᠠ ᠵᠢ ᠠᠬᠢᠭᠤᠯᠬᠤ᠂ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠤᠯᠬᠤ᠎ᠪᠠᠷ ᠤᠳᠤᠷᠢᠳᠤᠮᠵᠢ ᠪᠣᠯᠭ᠋ᠠᠭᠰᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠬᠢᠭᠡᠳ ᠥᠭᠡᠷᠡᠴᠢᠯᠡᠯᠲᠡ ᠵᠢ ᠵᠢᠯᠣᠭᠤᠳᠤᠨ᠎ᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠤᠷᠭ᠋ᠠᠭᠤᠯᠢ ᠪᠠ ᠲᠤᠰᠬᠠᠢ ᠮᠡᠷᠭᠡᠵᠢᠯ᠎ᠤᠨ ᠪᠠᠶ᠋ᠢᠷᠢᠰᠢᠯ᠎ᠤᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠣᠷᠣᠨ ᠨᠤᠲᠤᠭ᠎ᠤᠨ ᠵᠢᠭ᠋ᠠᠬᠤ ᠮᠠᠲ᠋ᠧᠷᠢᠶᠠᠯ᠎ᠢ ᠵᠣᠬᠢᠶᠠᠨ ᠪᠠᠶ᠋ᠢᠭᠤᠯᠤᠨ ᠬᠢᠨᠠᠨ ᠲᠣᠭᠲᠠᠭ᠋ᠠᠬᠤ ᠪᠠ ᠠᠵᠢᠯ ᠮᠡᠷᠭᠡᠵᠢᠯ᠎ᠤᠨ ᠵᠢᠯᠣᠭᠤᠳᠤᠯᠭ᠎ᠠ ᠵᠢᠨ ᠠᠵᠢᠯ᠎ᠢ ᠥᠷᠨᠢᠭᠦᠯᠦᠨ᠎ᠡ᠃ ᠠᠷᠠᠳ᠎ᠠᠴᠠ ᠡᠷᠭᠢᠯᠡᠭᠰᠡᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ᠂ ᠮᠠᠯᠴᠢᠨ ᠲᠠᠷᠢᠶᠠᠴᠢᠨ᠎ᠤ ᠰᠤᠷᠭ᠋ᠠᠨ ᠬᠥᠮᠦᠵᠢᠯ᠂ ᠨᠡᠶ᠋ᠢᠭᠡᠮ ᠲᠣᠭᠤᠷᠢᠭ᠎ᠤᠨ ᠰᠤᠷᠭ᠋ᠠᠨ ᠬᠥᠮᠦᠵᠢᠯ ᠵᠢᠴᠢ ᠡᠯ᠎ᠡ ᠲᠥᠷᠥᠯ᠎ᠤᠨ ᠨᠠᠰᠤᠨ᠎ᠳᠤ ᠭᠦᠷᠦᠭᠰᠡᠳ᠎ᠤᠨ ᠰᠤᠷᠭ᠋ᠠᠨ ᠬᠥᠮᠦᠵᠢᠯ᠎ᠢ ᠨᠢᠭᠡᠳᠦᠯᠲᠡᠢ ᠲᠥᠯᠥᠪᠯᠡᠨ᠎ᠡ᠃
(ᠨᠠᠢ᠍ᠮᠠ) ᠠᠷᠠᠳ᠎ᠠᠴᠠ ᠡᠷᠭᠢᠯᠡᠭᠰᠡᠨ ᠰᠤᠷᠭ᠋ᠠᠨ ᠬᠥᠮᠦᠵᠢᠯ᠎ᠤᠨ ᠨᠢᠭᠡᠳᠦᠯᠲᠡᠢ ᠲᠥᠯᠦᠪᠵᠢᠭᠦᠯᠭᠡ ᠪᠠ ᠬᠤᠷᠸ᠎ᠠ ᠬᠠᠮᠢᠶᠠᠷᠤᠯᠲᠠ ᠵᠢ ᠴᠢᠩᠭ᠋ᠠᠳᠬᠠᠵᠤ᠂ ᠠᠷᠠᠳ ᠠᠴᠠ ᠡᠷᠭᠢᠯᠡᠭᠰᠡᠨ ᠰᠤᠷᠭ᠋ᠠᠨ ᠬᠥᠮᠦᠵᠢᠯ᠎ᠤᠨ ᠬᠤᠷᠸ᠎ᠠ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠰᠤᠷᠭ᠋ᠠᠭᠤᠯᠢ ᠡᠷᠭᠢᠯᠡᠬᠦ ᠡᠮᠬᠢ ᠳᠢᠭᠯᠢᠮ᠎ᠢ ᠵᠢᠷᠤᠮᠵᠢᠭᠤᠯᠤᠨ᠎ᠠ᠃
(ᠶᠢᠰᠦ) ᠰᠤᠷᠭ᠋ᠠᠨ ᠬᠥᠮᠦᠵᠢᠯ᠎ᠤᠨ ᠬᠢᠨᠠᠨ ᠵᠢᠯᠤᠭᠤᠳᠬᠤ ᠠᠵᠢᠯ᠎ᠢ ᠵᠢᠯᠤᠭᠤᠳᠬᠤ ᠵᠢᠨ ᠬᠠᠮᠲᠤ ᠵᠣᠬᠢᠶᠠᠨ ᠪᠠᠶ᠋ᠢᠭᠤᠯᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠬᠢᠨᠠᠨ ᠵᠢᠯᠤᠭᠤᠳᠴᠤ ᠪᠠᠶ᠋ᠢᠴᠠᠭ᠋ᠠᠬᠤ ᠪᠠ ᠦᠨᠡᠯᠡᠨ ᠵᠢᠱ᠌ᠢᠵᠦ ᠰᠢᠯᠭ᠋ᠠᠨ ᠠᠪᠬᠤ ᠠᠵᠢᠯ᠎ᠢ ᠬᠠᠷᠢᠭᠤᠴᠠᠨ᠎ᠠ᠃ ᠰᠠᠭᠤᠷᠢ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠬᠢᠷᠢ ᠬᠡᠮᠵᠢᠶ᠎ᠡ ᠪᠠ ᠶᠠᠰᠤ ᠴᠢᠨᠠᠷ᠎ᠢ ᠬᠢᠨᠠᠨ ᠰᠢᠯᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠤᠷᠭ᠋ᠠᠨ ᠬᠥᠮᠦᠵᠢᠯ᠎ᠤᠨ ᠬᠢᠨᠠᠨ ᠵᠢᠯᠤᠭᠤᠳᠬᠤ ᠮᠡᠳᠡᠭᠦᠯᠦᠯᠲᠡ ᠵᠢ ᠨᠡᠶ᠋ᠢᠲᠡᠯᠡᠨ᠎ᠡ᠃
(ᠠᠷᠪᠠ) ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ᠂ ᠦᠵᠡᠯ ᠰᠠᠨᠠᠭ᠎ᠠ ᠤᠯᠤᠰ ᠲᠥᠷᠥ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠵᠢᠯᠣᠭᠤᠳᠤᠨ᠎ᠠ᠃ ᠡᠯ᠎ᠡ ᠲᠥᠷᠥᠯ᠎ᠤᠨ ᠰᠤᠷᠭ᠋ᠠᠭᠤᠯᠢ ᠵᠢᠨ ᠶᠣᠰᠣ ᠮᠣᠷᠠᠯ᠎ᠤᠨ ᠬᠥᠮᠦᠵᠢᠯ᠂ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ ᠬᠢᠭᠡᠳ ᠡᠷᠡᠭᠦᠯ ᠮᠡᠨᠳᠦ ᠵᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠵᠢᠨ ᠬᠥᠮᠦᠵᠢᠯ ᠵᠢᠴᠢ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠦᠵᠢᠯ᠎ᠤᠨ ᠠᠵᠢᠯ᠎ᠢ ᠵᠢᠯᠣᠭᠤᠳᠤᠨ᠎ᠠ᠃
(ᠠᠷᠪᠠᠨ ᠨᠢᠭᠡ) ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠠᠵᠢᠯ ᠵᠢᠴᠢ ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ᠎ᠳᠤ ᠣᠷᠣᠰᠢᠵᠤ ᠪᠠᠶ᠋ᠢᠭ᠎ᠠ ᠬᠡᠮ ᠦᠶᠯᠡᠳᠬᠦ ᠦᠶᠯᠡ ᠠᠵᠢᠯᠯᠠᠭ᠎ᠠ ᠵᠢ ᠰᠢᠢ᠍ᠳᠬᠡᠬᠦ ᠵᠢ ᠬᠠᠷᠢᠭᠤᠴᠠᠨ᠎ᠠ᠃ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠠᠴᠠ ᠳᠣᠷᠣᠭᠰᠢᠬᠢ ᠡᠯ᠎ᠡ ᠲᠥᠷᠥᠯ᠎ᠤᠨ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠤᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠎ᠬᠢ ᠭᠠᠳᠠᠭ᠋ᠠᠳᠤ᠎ᠲᠠᠢ ᠬᠠᠮᠲᠤᠷᠠᠨ ᠠᠵᠢᠯᠯᠠᠬᠤ ᠪᠠ ᠰᠣᠯᠢᠯᠴᠠᠭ᠎ᠠ ᠬᠢᠬᠦ ᠵᠢᠴᠢ ᠭᠠᠳᠠᠭ᠋ᠠᠳᠤ ᠤᠬᠠᠭᠤᠯᠭ᠎ᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃
(ᠠᠷᠪᠠᠨ ᠬᠤᠶᠠᠷ) ᠪᠥᠬᠦ ᠰᠢᠶᠠᠨ᠎ᠤ ᠰᠤᠷᠭ᠋ᠠᠨ ᠬᠥᠮᠦᠵᠢᠯ᠎ᠤᠨ ᠮᠡᠳᠡᠭᠡ ᠵᠠᠩᠭᠢᠵᠢᠯᠲᠠ᠂ ᠰᠤᠷᠭ᠋ᠠᠨ ᠬᠥᠮᠦᠵᠢᠯ᠎ᠤᠨ ᠲᠣᠨᠤᠭ ᠲᠥᠬᠦᠭᠡᠷᠦᠮᠵᠢ ᠵᠢᠨ ᠮᠡᠷᠭᠡᠵᠢᠯ᠂ ᠵᠢᠭ᠋ᠠᠨ ᠰᠤᠷᠭ᠋ᠠᠯᠲᠠ ᠵᠢᠨ ᠰᠤᠳᠤᠯᠭ᠋ᠠᠨ ᠪᠠ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ᠎ᠢ ᠵᠢᠯᠣᠭᠤᠳᠤᠨ᠎ᠠ᠃
(ᠠᠷᠪᠠᠨ ᠭᠤᠷᠪᠠ) ᠪᠥᠬᠦ ᠰᠢᠶᠠᠨ᠎ᠤ ᠰᠤᠷᠭ᠋ᠠᠭᠤᠯᠢ ᠵᠢᠨ ᠠᠮᠤᠷ ᠲᠦᠪᠰᠢᠨ ᠲᠣᠭᠲᠠᠭᠤᠨ ᠪᠠᠶ᠋ᠢᠳᠠᠯ ᠪᠠ ᠠᠷᠤ ᠲᠠᠯ᠎ᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
(ᠠᠷᠪᠠᠨ ᠳᠥᠷᠪᠡ) ᠰᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠠᠴᠠ ᠳᠠᠭ᠋ᠠᠭ᠋ᠠᠯᠭ᠋ᠠᠭᠰᠠᠨ ᠪᠤᠰᠤᠳ ᠡᠭᠦᠷᠭᠡ᠎ᠨᠦᠭᠦᠳ᠎ᠢ ᠪᠡᠶᠡᠯᠡᠭᠦᠯᠬᠦ ᠬᠡᠷᠡᠭᠲᠡᠢ᠃
ᠢᠷᠡᠯᠲᠡ᠄ ᠲᠤᠰ ᠰᠦᠯᠵᠢᠶ᠎ᠡ