ᠢᠯᠡ ᠵᠠᠰᠠᠭ   -   ᠪᠠᠶ᠋ᠢᠭᠤᠯᠤᠮᠵᠢ

ᠳ᠋ᠧᠩᠺᠸᠤ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ

ᠨᠡᠶ᠋ᠢᠲᠡᠯᠡᠭᠰᠡᠨ ᠴᠠᠭ᠄   2023-03-24

       ᠭᠤᠣᠯ ᠡᠭᠦᠷᠭᠡ ᠬᠠᠷᠢᠭᠤᠴᠠᠯᠭ᠎ᠠ
      (ᠨᠢᠭᠡ) ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠲᠤᠬᠠᠢ ᠤᠯᠤᠰ᠂ ᠳᠡᠭᠡᠳᠦ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠴᠢᠭᠯᠡᠯᠲᠡ ᠲᠥᠷᠥ ᠵᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠪᠣᠳᠠᠲᠠᠢ ᠠᠵᠢᠯ᠎ᠤᠨ ᠱᠠᠭ᠋ᠠᠷᠳᠠᠯᠭ᠎ᠠ ᠵᠢ ᠲᠤᠤᠱᠯᠠᠭᠤᠯᠤᠨ ᠬᠡᠷᠡᠭᠵᠢᠭᠦᠯᠵᠦ᠂ ᠮᠠᠨ᠎ᠤ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠲᠥᠷᠥ ᠵᠢᠨ ᠪᠣᠳᠣᠯᠭ᠎ᠠ ᠵᠢ ᠰᠤᠳᠤᠯᠵᠤ᠂ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠵᠢᠯ᠎ᠤᠨ ᠳᠦᠷᠢᠮ ᠲᠣᠭᠲᠠᠭ᠋ᠠᠯ᠂ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠤᠭᠤᠷᠪᠢᠨ ᠪᠢᠴᠢᠨ᠎ᠡ᠃
      (ᠬᠤᠶᠠᠷ) ᠪᠦᠬᠦ ᠰᠢᠶᠠᠨ᠎ᠤ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠨᠥᠯᠥᠭᠡᠯᠡᠭᠰᠡᠨ᠂ ᠤᠯᠤᠰ ᠣᠷᠣᠨ᠎ᠤ ᠤᠯᠤᠰ ᠲᠦᠷᠦ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠠᠮᠤᠷ ᠲᠦᠪᠰᠢᠨ᠎ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶ᠋ᠢᠳᠠᠯ᠎ᠢ ᠡᠵᠡᠮᠰᠢᠵᠦ᠂ ᠪᠠᠶ᠋ᠢᠳᠠᠯ᠎ᠢ ᠵᠠᠳᠠᠯᠵᠤ᠂ ᠠᠷᠭ᠋ᠠᠴᠠᠬᠤ ᠪᠣᠳᠣᠯᠭ᠎ᠠ ᠲᠣᠭᠲᠠᠭ᠋ᠠᠨ᠎ᠠ᠃
      (ᠭᠤᠷᠪᠠ) ᠪᠦᠬᠦ ᠰᠢᠶᠠᠨ᠎ᠤ ᠨᠥᠯᠥᠭᠡ ᠶᠡᠬᠡᠲᠡᠢ ᠬᠡᠷᠡᠭ᠂ ᠠᠮᠤᠷ ᠲᠦᠪᠰᠢᠨ᠎ᠤ ᠲᠠᠯ᠎ᠠ᠎ᠪᠠᠷ᠎ᠬᠢ ᠠᠳᠡᠭᠳᠡᠯ ᠪᠠ ᠦᠢ᠍ᠮᠡᠭᠡᠨ᠎ᠢ ᠰᠢᠢ᠍ᠳᠪᠦᠷᠢᠯᠡᠨ᠎ᠡ᠃
      (ᠲᠤᠶ᠋ᠢᠷᠪᠡ) ᠨᠡᠶ᠋ᠢᠭᠡᠮ᠎ᠤᠨ ᠠᠮᠤᠷ ᠲᠦᠪᠰᠢᠨ ᠡᠮᠬᠢ ᠵᠢᠷᠤᠮ᠎ᠳᠤ ᠬᠤᠣᠷ ᠬᠥᠨᠥᠭᠡᠯ ᠤᠴᠠᠷᠠᠭᠤᠯᠤᠭᠰᠠᠨ ᠤᠢ᠍ᠢ᠍ᠯᠠ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠨ᠎ᠡ; ᠬᠠᠤᠯᠢ ᠶᠣᠰᠣᠭ᠋ᠠᠷ ᠠᠮᠤᠷ ᠲᠦᠪᠰᠢᠨ᠎ᠢ ᠬᠠᠮᠠᠭ᠋ᠠᠯᠠᠵᠤ᠂ ᠡᠷᠦᠬᠡ ᠵᠢᠨ ᠶᠠᠪᠤᠳᠠᠯ᠂ ᠬᠢᠯᠢ᠎ᠪᠠᠷ ᠣᠷᠣᠵᠤ ᠭᠠᠷᠬᠤ ᠬᠠᠮᠢᠶᠠᠷᠤᠯᠲᠠ; ᠣᠯᠠᠨ ᠨᠡᠶ᠋ᠢᠲᠡ ᠵᠢᠨ ᠮᠡᠳᠡᠭᠡ ᠵᠠᠩᠭᠢ ᠵᠢᠨ ᠰᠦᠯᠵᠢᠶ᠎ᠡ ᠵᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ ᠵᠢᠨ ᠠᠵᠢᠯ; ᠳᠣᠷᠣ ᠵᠢᠨ ᠪᠠᠶ᠋ᠢᠭᠤᠯᠤᠯᠭ᠎ᠠ᠂ ᠨᠡᠶ᠋ᠢᠭᠡᠮ᠎ᠤᠨ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠪᠠ ᠭᠤᠣᠯᠳᠠᠯᠭ᠎ᠠ ᠪᠣᠯᠬᠤ ᠪᠦ᠍ᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠮᠤᠷ᠎ᠢ ᠬᠠᠮᠠᠭ᠋ᠠᠯᠠᠬᠤ ᠪᠠ ᠤᠯᠠᠨ ᠲᠦᠮᠡᠨᠴᠢ ᠴᠢᠨᠠᠷ᠎ᠲᠠᠢ ᠠᠮᠤᠷ᠎ᠢ ᠬᠠᠮᠠᠭ᠋ᠠᠯᠠᠬᠤ ᠵᠣᠬᠢᠶᠠᠨ ᠪᠠᠶ᠋ᠢᠭᠤᠯᠤᠯᠲᠠ ᠵᠢᠨ ᠠᠮᠤᠷ᠎ᠢ ᠬᠠᠮᠠᠭ᠋ᠠᠯᠠᠬᠤ ᠠᠵᠢᠯ᠎ᠳᠤ ᠪᠦ᠍ᠬᠦ ᠰᠢᠶᠠᠨ᠎ᠤ ᠤᠯᠤᠰ ᠳᠣᠷᠣ ᠵᠢᠨ ᠲᠣᠭᠲᠠᠭᠤᠨ ᠪᠠᠶ᠋ᠢᠳᠠᠯ᠂ ᠨᠡᠶ᠋ᠢᠭᠡᠮ᠎ᠤᠨ ᠠᠮᠤᠷ ᠲᠦᠪᠰᠢᠨ᠎ᠳᠤ ᠬᠤᠣᠷ ᠬᠥᠨᠥᠭᠡᠯ ᠤᠴᠠᠷᠠᠭᠤᠯᠬᠤ ᠬᠠᠤᠯᠢ᠎ᠠᠴᠠ ᠵᠥᠷᠢᠴᠡᠭᠰᠡᠨ ᠡᠯ᠎ᠡ ᠵᠦᠢ᠍ᠯ᠎ᠤᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠨᠡᠶ᠋ᠢᠭᠡᠮ᠎ᠤᠨ ᠠᠮᠤᠷ ᠲᠦᠪᠰᠢᠨ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠶᠡᠬᠡᠪᠡᠷ ᠴᠢᠩᠭ᠋ᠠᠳᠬᠠᠵᠤ᠂ ᠠᠶᠤᠯᠭᠦᠢ ᠨᠡᠶ᠋ᠢᠭᠡᠮ ᠲᠣᠭᠤᠷᠢᠭ᠎ᠢ ᠢᠳᠡᠪᠬᠢᠲᠡᠢ᠎ᠪᠠᠷ ᠡᠭᠦᠳᠦᠨ ᠪᠠᠶ᠋ᠢᠭᠤᠯᠵᠤ᠂ ᠬᠥᠮᠥᠨ ᠠᠮᠠ ᠪᠠ ᠡᠷᠦᠭᠡ ᠠᠮᠠ ᠵᠢᠨ ᠬᠠᠮᠢᠶᠠᠷᠤᠯᠲᠠ ᠵᠢ ᠪᠣᠳᠠᠲᠠᠢ ᠬᠡᠷᠡᠭᠵᠢᠭᠦᠯᠦᠨ᠂ ᠨᠡᠶ᠋ᠢᠭᠡᠮ᠎ᠤᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠤᠯᠠᠨ ᠲᠦᠮᠡᠨ᠎ᠢ ᠢᠳᠡᠪᠬᠢᠲᠡᠢ᠎ᠪᠠᠷ ᠬᠠᠪᠰᠤᠷᠤᠨ ᠲᠤᠰᠠᠯᠠᠵᠤ᠂ ᠪᠣᠳᠠᠲᠠᠢ ᠠᠰᠠᠭᠤᠳᠠᠯ᠎ᠢ᠎ᠨᠢ ᠰᠢᠢ᠍ᠳᠪᠦᠷᠢᠯᠡᠨ᠎ᠡ᠃
      (ᠲᠠᠪᠤ) ᠰᠠᠬᠢᠨ ᠬᠤᠷᠢᠬᠤ ᠭᠠᠵᠠᠷ ᠪᠠ ᠲᠤᠶ᠋ᠢᠷ ᠬᠤᠷᠢᠬᠤ ᠭᠠᠵᠠᠷ᠎ᠤᠨ ᠬᠠᠮᠢᠶᠠᠷᠤᠯᠲᠠ ᠪᠠ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠬᠠᠷᠢᠭᠤᠴᠠᠨ᠎ᠠ᠃
      (ᠵᠢᠷᠭᠤᠭ᠎ᠠ) ᠬᠠᠤᠯᠢ ᠲᠤᠶ᠋ᠢᠷᠢᠮ᠎ᠤᠨ ᠪᠠᠶ᠋ᠢᠭᠤᠯᠤᠯᠲᠠ ᠪᠠ ᠬᠠᠤᠯᠢ ᠬᠡᠷᠡᠭᠵᠢᠭᠦᠯᠬᠦ ᠠᠵᠢᠯ᠎ᠢ ᠬᠠᠤᠯᠢ ᠶᠣᠰᠣᠭ᠋ᠠᠷ ᠬᠡᠷᠡᠭᠵᠢᠭᠦᠯᠵᠦ ᠥᠷᠨᠢᠭᠦᠯᠦᠨ᠎ᠡ᠃
      (ᠲᠤᠯᠤᠭ᠎ᠠ) ᠳᠣᠲᠣᠭ᠋ᠠᠳᠤ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠭᠤᠯᠤᠭᠳᠠᠴᠠ ᠵᠢ ᠴᠢᠷᠮᠠᠶ᠋ᠢᠨ ᠳᠡᠭᠡᠭᠰᠢᠯᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ ᠪᠠ ᠮᠡᠳᠡᠭᠡ ᠬᠤᠯᠪᠣᠭ᠋ᠠᠨ᠎ᠤ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃
     (ᠨᠠᠢ᠍ᠮᠠ) ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠪᠠᠶ᠋ᠢᠭᠤᠯᠤᠯᠲᠠ ᠵᠢᠨ ᠠᠵᠢᠯ᠎ᠢ ᠬᠠᠷᠢᠭᠤᠴᠠᠨ᠎ᠠ; ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶᠡᠨ᠎ᠳᠤ ᠠᠷᠠᠳ᠎ᠤᠨ ᠲᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠤᠯᠭ᠎ᠠ ᠵᠢᠨ ᠠᠵᠢᠯᠲᠠᠨ᠎ᠤ ᠪᠣᠯᠪᠠᠰᠤᠷᠠᠭᠤᠯᠤᠯ᠂ ᠬᠥᠮᠦᠵᠢᠯ ᠪᠠ ᠤᠬᠠᠭᠤᠯᠭ᠎ᠠ ᠵᠢᠨ ᠲᠥᠯᠦᠪᠵᠢᠭᠦᠯᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠴᠠᠭᠳᠠᠭ᠎ᠠ ᠵᠢ ᠴᠢᠩᠭ᠎ᠠ ᠵᠠᠰᠠᠬᠤ ᠪᠠ ᠴᠠᠭᠳᠠᠭ᠎ᠠ᠎ᠳᠤ ᠬᠠᠷᠠᠭ᠋ᠠᠯᠵᠠᠯ ᠦᠵᠡᠭᠦᠯᠬᠦ ᠵᠢ ᠭᠦᠢ᠍ᠴᠡᠳ ᠬᠠᠷᠠᠭᠤᠯᠬᠤ ᠬᠡᠷᠡᠭᠲᠡᠢ᠃
      (ᠶᠢᠰᠦ) ᠠᠵᠤ ᠠᠬᠤᠢ ᠵᠢᠨ ᠲᠠᠯ᠎ᠠ᠎ᠪᠠᠷ᠎ᠬᠢ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠬᠤᠷᠢᠭᠯᠠᠨ ᠵᠣᠭᠰᠣᠭ᠋ᠠᠵᠤ᠂ ᠤᠯᠤᠰ ᠣᠷᠣᠨ᠂ ᠬᠠᠤᠯᠢ ᠵᠢᠨ ᠬᠥᠮᠥᠨ᠂ ᠠᠷᠠᠳ ᠢᠷᠭᠡᠳ᠎ᠤᠨ ᠠᠵᠤ ᠠᠬᠤᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠪᠦᠬᠦ ᠰᠢᠶᠠᠨ᠎ᠤ ᠠᠵᠤ ᠠᠬᠤᠢ ᠵᠢᠨ ᠡᠮᠬᠢ ᠵᠢᠷᠤᠮ᠎ᠢ ᠬᠠᠮᠠᠭ᠋ᠠᠯᠠᠨ᠎ᠠ᠃
      (ᠠᠷᠪᠠ) ᠮᠠᠨ᠎ᠤ ᠰᠢᠶᠠᠨ᠎ᠳᠤ ᠠᠵᠢᠯ ᠪᠠᠶ᠋ᠢᠴᠠᠭ᠋ᠠᠬᠤ᠎ᠪᠠᠷ ᠢᠷᠡᠭᠰᠡᠨ ᠤᠳᠤᠷᠢᠳᠬᠤ ᠬᠥᠮᠥᠰ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠠᠵᠢᠯ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃
      (ᠠᠷᠪᠠᠨ ᠨᠢᠭᠡ) ᠪᠦᠬᠦ ᠰᠢᠶᠠᠨ᠎ᠤ ᠬᠤᠣᠷᠲᠤ ᠡᠳ᠋᠎ᠢ ᠨᠢᠭᠤᠴᠠ᠎ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢ᠍ᠯᠡᠳᠦᠭᠰᠡᠨ ᠪᠠ ᠬᠠᠤᠯᠢ ᠪᠤᠰᠤ᠎ᠪᠠᠷ ᠳᠠᠷᠢᠭᠰᠠᠨ ᠵᠡᠷᠭᠡ ᠬᠡᠷᠡᠭ᠎ᠲᠤ ᠴᠣᠬᠢᠯᠲᠠ ᠥᠭᠭᠦᠭᠰᠡᠨ᠂ ᠲᠡᠩᠨᠡᠠ ᠢᠯᠡᠷᠡᠭᠦᠯᠦᠭᠰᠡᠨ᠃
      (ᠠᠷᠪᠠᠨ ᠬᠤᠶᠠᠷ) ᠪᠦᠬᠦ ᠰᠢᠶᠠᠨ᠎ᠤ ᠠᠶᠤᠯᠲᠠᠢ ᠪᠣᠳᠠᠰ᠎ᠢ ᠦᠢ᠍ᠯᠡᠳᠪᠦᠷᠢᠯᠡᠬᠦ᠂ ᠬᠠᠳᠠᠭ᠋ᠠᠯᠠᠬᠤ᠂ ᠲᠡᠭᠡᠭᠡᠪᠦᠷᠢᠯᠡᠵᠦ ᠪᠣᠷᠣᠯᠠᠭᠤᠯᠬᠤ᠂ ᠬᠡᠷᠡᠭᠯᠡᠬᠦ ᠵᠢᠨ ᠠᠶᠤᠯᠭᠦᠢ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
      (ᠠᠷᠪᠠᠨ ᠭᠤᠷᠪᠠ) ᠮᠠᠨ᠎ᠤ ᠰᠢᠶᠠᠨ᠎ᠤ ᠣᠨᠴᠠ ᠲᠦᠷᠦᠯ᠎ᠤᠨ ᠠᠵᠢᠯ ᠲᠦᠷᠦᠯ᠎ᠢ ᠬᠠᠤᠯᠢ ᠶᠣᠰᠣᠭ᠋ᠠᠷ ᠬᠠᠮᠢᠶᠠᠷᠤᠨ᠎ᠠ᠃
      (ᠠᠷᠪᠠᠨ ᠳᠥᠷᠪᠡ) ᠪᠦᠬᠦ ᠰᠢᠶᠠᠨ᠎ᠤ ᠭᠠᠵᠢᠭᠤ ᠨᠣᠮᠯᠠᠯ᠎ᠤᠨ ᠵᠣᠬᠢᠶᠠᠨ ᠪᠠᠶ᠋ᠢᠭᠤᠯᠤᠯᠲᠠ ᠵᠢᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠰᠡᠷᠭᠡᠶ᠋ᠢᠯᠡᠨ ᠰᠢᠢ᠍ᠳᠪᠦᠷᠢᠯᠡᠬᠦ ᠠᠵᠢᠯ᠎ᠢ ᠬᠠᠷᠢᠭᠤᠴᠠᠨ᠎ᠠ᠃
      (ᠠᠷᠪᠠᠨ ᠲᠠᠪᠤ) ᠪᠦᠬᠦ ᠰᠢᠶᠠᠨ᠎ᠤ ᠰᠦᠷᠳᠡᠭᠦᠯᠬᠦ ᠠᠵᠢᠯᠯᠠᠭ᠎ᠠ ᠵᠢ ᠰᠡᠷᠭᠡᠶ᠋ᠢᠯᠡᠬᠦ᠂ ᠲᠠᠩᠨᠠᠬᠤ᠂ ᠴᠣᠬᠢᠯᠲᠠ ᠥᠭᠬᠦ ᠠᠵᠢᠯ᠎ᠢ ᠵᠣᠬᠢᠶᠠᠨ ᠪᠠᠶ᠋ᠢᠭᠤᠯᠤᠨ ᠰᠡᠳᠬᠢᠵᠦ᠂ ᠵᠢᠯᠤᠭᠤᠳᠴᠤ᠂ ᠵᠣᠬᠢᠴᠠᠭᠤᠯᠤᠨ᠎ᠠ᠃
      (ᠠᠷᠪᠠᠨ ᠵᠢᠷᠭᠤᠭ᠎ᠠ) ᠰᠢᠶᠠᠨ᠎ᠤ ᠲᠤᠰ ᠱᠠᠲᠤᠨ᠎ᠤ ᠵᠠᠷᠤᠳᠠᠯ᠎ᠤᠨ ᠬᠠᠮᠢᠶᠠᠷᠤᠯᠲᠠ ᠵᠢᠨ ᠠᠷᠭ᠎ᠠ ᠵᠡᠷᠭᠡ ᠲᠤᠶ᠋ᠢᠷᠢᠮ᠎ᠢ ᠲᠤᠭᠤᠷᠪᠢᠨ ᠲᠣᠭᠲᠠᠭ᠋ᠠᠬᠤ ᠪᠠ ᠳᠣᠲᠣᠭ᠋ᠠᠳᠤ ᠵᠢ ᠬᠠᠮᠠᠭ᠋ᠠᠯᠠᠬᠤ ᠲᠣᠨᠣᠭᠯᠠᠯ᠂ ᠤᠭᠰᠠᠷᠠᠭᠤᠯᠤᠨ ᠲᠣᠨᠣᠭᠯᠠᠬᠤ ᠪᠠᠷᠢᠮᠵᠢᠶ᠎ᠠ ᠵᠢ ᠬᠡᠷᠡᠭᠵᠢᠭᠦᠯᠦᠨ᠎ᠡ᠃
      (ᠠᠷᠪᠠᠨ ᠲᠤᠯᠤᠭ᠎ᠠ) ᠰᠢᠶᠠᠨ᠎ᠤ ᠤᠢ ᠰᠢᠭᠤᠢ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢ ᠬᠠᠮᠢᠶᠠᠷᠤᠨ᠎ᠠ᠃
      (ᠠᠷᠪᠠᠨ ᠨᠠᠢ᠍ᠮᠠ) ᠬᠠᠤᠯᠢ ᠴᠠᠭ᠋ᠠᠵᠠ᠎ᠠᠴᠠ ᠣᠯᠭᠤᠭᠰᠠᠨ ᠪᠤᠰᠤᠳ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠵᠦ᠂ ᠰᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠠ ᠳᠡᠭᠡᠳᠦ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠲᠤᠰᠢᠶᠠᠭᠰᠠᠨ ᠪᠤᠰᠤᠳ ᠠᠵᠢᠯ᠎ᠢ ᠳᠠᠭ᠋ᠠᠭ᠋ᠠᠨ ᠬᠢᠨ᠎ᠡ᠃

ᠢᠷᠡᠯᠲᠡ᠄ ᠲᠤᠰ ᠰᠦᠯᠵᠢᠶ᠎ᠡ