ᠪᠠᠶᠠᠨᠨᠠᠭᠤᠷ ᠬᠣᠲᠠ ᠵᠢᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ
ᠨᠡᠶ᠋ᠢᠲᠡᠯᠡᠭᠰᠡᠨ ᠴᠠᠭ᠄ 2023-03-07
ᠭᠣᠣᠯ ᠡᠭᠦᠷᠭᠡ ᠬᠠᠷᠢᠭᠤᠴᠠᠯᠭ᠎ᠠ ᠪᠣᠯ᠄
(ᠨᠢᠭᠡ) ᠦᠨᠳᠦᠰᠦᠲᠡᠨ᠎ᠤ ᠤᠨᠤᠯ ᠪᠠ ᠦᠨᠳᠦᠰᠦᠲᠡᠨ᠎ᠤ ᠠᠵᠢᠯ᠎ᠤᠨ ᠴᠢᠬᠤᠯᠠ ᠶᠡᠬᠡ ᠠᠰᠠᠭᠤᠳᠠᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠦᠬᠦ ᠬᠤᠳᠠ ᠵᠢᠨ ᠦᠨᠳᠦᠰᠦᠲᠡᠨ᠎ᠤ ᠠᠵᠢᠯ ᠪᠠ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠲᠤᠬᠠᠢ ᠲᠦᠷᠦ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠳᠤᠷᠠᠳᠴᠤ᠂ ᠪᠦᠬᠦ ᠬᠤᠳᠠ ᠵᠢᠨ ᠦᠨᠳᠦᠰᠦᠲᠡᠨ᠎ᠤ ᠪᠠ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠢᠨ ᠲᠤᠬᠠᠢ ᠲᠦᠷᠦ ᠵᠢᠨ ᠪᠣᠳᠣᠯᠭ᠎ᠠ ᠵᠢᠨ ᠲᠣᠭᠲᠠᠭ᠋ᠠᠯ᠎ᠢ ᠲᠤᠭᠤᠷᠪᠢᠨ ᠪᠢᠴᠢᠬᠦ ᠵᠢᠨ ᠬᠠᠮᠲᠤ ᠬᠡᠷᠡᠭᠵᠢᠭᠦᠯᠵᠦ ᠪᠠᠢ᠌ᠭ᠎ᠠ ᠪᠠᠢ᠌ᠳᠠᠯ᠎ᠢ ᠰᠢᠪᠠᠳᠠᠨ ᠪᠠᠢ᠌ᠴᠠᠭ᠋ᠠᠨ᠎ᠠ᠃ ᠦᠨᠳᠦᠰᠦᠲᠡᠨ᠎ᠤ ᠤᠨᠤᠯ᠂ ᠦᠨᠳᠦᠰᠦᠲᠡᠨ᠎ᠤ ᠲᠦᠷᠦ ᠵᠢᠨ ᠪᠣᠳᠣᠯᠭ᠎ᠠ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠬᠥᠮᠦᠵᠢᠯ᠎ᠤᠨ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠦᠨ᠎ᠡ᠃
(ᠬᠣᠶᠠᠷ) ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠢ᠌ᠭᠤᠯᠤᠯ ᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢ ᠵᠣᠬᠢᠴᠠᠭᠤᠯᠤᠨ ᠵᠢᠯᠣᠭᠣᠳᠤᠨ᠎ᠠ᠃ ᠦᠨᠳᠦᠰᠦᠲᠡᠨ᠎ᠤ ᠬᠠᠷᠢᠴᠠᠭ᠎ᠠ ᠵᠢ ᠵᠣᠬᠢᠴᠠᠭᠤᠯᠬᠤ ᠠᠵᠢᠯ᠎ᠤᠨ ᠰᠠᠨᠠᠭᠤᠯᠭ᠎ᠠ ᠵᠢ ᠰᠤᠳᠤᠯᠤᠨ ᠳᠤᠷᠠᠳᠴᠤ᠂ ᠦᠨᠳᠦᠰᠦᠲᠡᠨ᠎ᠤ ᠬᠠᠷᠢᠴᠠᠭ᠋ᠠᠨ᠎ᠳᠠᠬᠢ ᠴᠢᠬᠤᠯᠠ ᠶᠡᠬᠡ ᠬᠡᠷᠡᠭ ᠶᠠᠪᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃ ᠴᠥᠭᠡᠨ ᠲᠣᠭ᠋ᠠᠲᠤ ᠦᠨᠳᠦᠰᠦᠲᠡᠨ᠎ᠤ ᠡᠷᠬᠡ ᠠᠰᠢᠭ᠎ᠲᠤ ᠬᠣᠯᠪᠣᠭᠳᠠᠭᠰᠠᠨ ᠬᠡᠷᠡᠭ ᠶᠠᠪᠤᠳᠠᠯ᠎ᠢ ᠬᠢᠨᠠᠨ ᠰᠢᠢ᠍ᠳᠪᠦᠷᠢᠯᠡᠵᠦ᠂ ᠴᠥᠭᠡᠨ ᠲᠣᠭ᠋ᠠᠲᠤ ᠦᠨᠳᠦᠰᠦᠲᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠪᠥᠬᠥ ᠬᠣᠲᠠ ᠵᠢᠨ ᠨᠡᠢ᠌ᠭᠡᠮ᠎ᠤᠨ ᠲᠣᠭᠲᠠᠭᠤᠨ ᠪᠠᠢ᠌ᠳᠠᠯ᠎ᠢ ᠵᠣᠬᠢᠴᠠᠭᠤᠯᠤᠨ ᠬᠠᠮᠠᠭ᠋ᠠᠯᠠᠬᠤ ᠠᠵᠢᠯ᠎ᠳᠤ ᠣᠷᠣᠯᠴᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠵᠤ᠂ ᠤᠯᠤᠰ ᠣᠷᠣᠨ᠎ᠤ ᠨᠢᠭᠡᠳᠦᠯ᠎ᠢ ᠬᠠᠮᠠᠭ᠋ᠠᠯᠠᠨ᠎ᠠ᠃
(ᠭᠤᠷᠪᠠ) ᠴᠥᠭᠡᠨ ᠲᠣᠭ᠋ᠠᠲᠤ ᠦᠨᠳᠦᠰᠦᠲᠡᠨ ᠪᠠ ᠴᠥᠭᠡᠨ ᠲᠣᠭ᠋ᠠᠲᠤ ᠦᠨᠳᠦᠰᠦᠲᠡᠨ᠎ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠠᠯ᠎ᠠ ᠵᠢᠨ ᠠᠰᠠᠭᠤᠳᠠᠯ᠎ᠢ ᠰᠤᠳᠤᠯᠤᠨ ᠵᠠᠳᠠᠯᠬᠤ ᠵᠢᠨ ᠬᠠᠮᠲᠤ ᠣᠨᠴᠠᠭ᠋ᠠᠶ ᠲᠦᠷᠦ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠤᠨ ᠰᠢᠪᠠᠳᠠᠵᠤ ᠪᠠᠢ᠌ᠭ᠋ᠠᠳ ᠦᠨᠳᠦᠰᠦᠲᠡᠨ᠎ᠤ ᠠᠵᠢᠯ᠎ᠤᠨ ᠬᠣᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠵᠢ᠎ᠨᠢ ᠭᠦᠢ᠍ᠴᠡᠳᠬᠡᠭᠦᠯᠵᠦ᠂ ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠠᠵᠤ ᠠᠬᠤᠢ ᠵᠢᠨ ᠬᠥᠭᠵᠢᠯᠲᠡ ᠪᠠ ᠨᠡᠢ᠌ᠭᠡᠮ᠎ᠤᠨ ᠦᠢ᠍ᠯᠡᠰ᠎ᠤᠨ ᠬᠣᠯᠪᠣᠭᠳᠠᠯ ᠪᠦᠬᠦᠢ ᠬᠦᠷᠢᠶᠡᠨ᠎ᠳᠠᠬᠢ ᠬᠡᠷᠡᠭᠵᠢᠭᠦᠯᠦᠯᠲᠡ᠂ ᠵᠣᠯᠭ᠋ᠠᠯᠳᠤᠯ᠎ᠢ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ᠂ ᠠᠵᠢᠯ ᠲᠦᠷᠦᠯ᠎ᠤᠨ ᠰᠢᠰᠲ᠋ᠧᠮ ᠵᠶ᠋ᠡᠷ ᠵᠶ᠋ᠡᠨ ᠳᠡᠮᠵᠢᠬᠦ ᠪᠠ ᠠᠵᠤ ᠠᠬᠤᠢ ᠮᠡᠷᠭᠡᠵᠢᠯ᠎ᠤᠨ ᠬᠠᠮᠲᠤᠷᠠᠯᠴᠠᠭ᠎ᠠ᠂ ᠦᠨᠳᠦᠰᠦᠲᠡᠨ᠎ᠤ ᠠᠷᠠᠯᠵᠢᠶ᠎ᠠ᠂ ᠦᠨᠳᠦᠰᠦᠲᠡᠨ᠎ᠤ ᠣᠨᠴᠠ ᠬᠡᠷᠡᠭᠴᠡᠭᠡᠨ᠎ᠤ ᠬᠡᠷᠡᠭᠰᠡᠯ᠎ᠤᠨ ᠦᠢ᠍ᠯᠡᠳᠪᠦᠷᠢᠯᠡᠯ᠎ᠢ ᠵᠣᠬᠢᠴᠠᠭᠤᠯᠬᠤ ᠵᠡᠷᠭᠡ ᠬᠣᠯᠪᠣᠭᠳᠠᠯ ᠪᠦᠬᠦᠢ ᠠᠵᠢᠯ᠎ᠳᠤ ᠣᠷᠣᠯᠴᠠᠨ᠎ᠠ᠃ ᠬᠣᠰᠢᠭᠤ ᠰᠢᠶᠠᠨ ᠲᠣᠭᠣᠷᠢᠭ᠎ᠤᠨ ᠦᠨᠳᠦᠰᠦᠲᠡᠨ᠎ᠤ ᠠᠵᠢᠯ ᠪᠠ ᠮᠣᠩᠭᠣᠯ ᠬᠡᠯᠡ ᠪᠢᠴᠢᠭ᠎ᠤᠨ ᠠᠵᠢᠯ᠎ᠳᠤ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠬᠢᠨ᠎ᠡ᠃
(ᠳᠥᠷᠪᠡ) ᠴᠥᠭᠡᠨ ᠲᠣᠭ᠋ᠠᠲᠤ ᠦᠨᠳᠦᠰᠦᠲᠡᠨ᠎ᠤ ᠠᠵᠢᠯ ᠦᠢ᠍ᠯᠡᠰ ᠵᠡᠷᠭᠡ ᠲᠤᠰᠬᠠᠢ ᠵᠦᠢ᠍ᠯ᠎ᠤᠨ ᠲᠥᠯᠦᠪᠵᠢᠭᠦᠯᠭᠡ ᠵᠢ ᠬᠡᠷᠡᠭᠵᠢᠭᠦᠯᠦᠭᠰᠡᠨ ᠪᠠᠢ᠌ᠳᠠᠯ᠎ᠳᠤ ᠬᠢᠨᠠᠯᠲᠠ ᠲᠠᠯᠪᠢᠨ ᠪᠠᠢ᠌ᠴᠠᠭ᠋ᠠᠵᠤ᠂ ᠪᠥᠬᠥ ᠬᠣᠲᠠ ᠵᠢᠨ ᠠᠵᠤ ᠠᠬᠤᠢ ᠨᠡᠢ᠌ᠭᠡᠮ᠎ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠬᠤ᠎ᠳᠤ ᠣᠷᠣᠯᠴᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠠᠵᠢᠯ ᠦᠢ᠍ᠯᠡᠰ᠎ᠤᠨ ᠬᠥᠭᠵᠢᠯᠲᠡ ᠵᠢ ᠶᠡᠷᠦᠩᠬᠡᠢ᠌ᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮᠵᠢ ᠵᠢ ᠪᠠᠢ᠌ᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠪᠠ ᠦᠨᠳᠦᠰᠦᠲᠡᠨ᠎ᠤ ᠬᠡᠷᠡᠭ ᠶᠠᠪᠤᠳᠠᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠬᠡᠷᠡᠭᠵᠢᠭᠦᠯᠬᠦ ᠵᠢ ᠠᠬᠢᠭᠤᠯᠤᠨ᠎ᠠ᠃
(ᠲᠠᠪᠤ) ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠦᠨᠳᠦᠰᠦᠲᠡᠨ᠎ᠤ ᠬᠡᠷᠡᠭ ᠶᠠᠪᠤᠳᠠᠯ᠎ᠤᠨ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠪᠠᠨ ᠭᠦᠢ᠍ᠴᠡᠳᠬᠡᠬᠦ ᠵᠢ ᠵᠢᠯᠤᠭᠣᠳᠴᠤ᠂ ᠪᠥᠬᠥ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠠᠢ᠌ᠰᠢᠶᠠᠨ ᠬᠥᠬᠢᠭᠦᠯᠬᠦ ᠠᠵᠢᠯᠯᠠᠭ᠎ᠠ ᠵᠢ ᠳᠠᠭ᠋ᠠᠭ᠋ᠠᠴᠢᠯᠠᠨ ᠡᠷᠬᠢᠯᠡᠨ᠎ᠡ᠃
(ᠵᠢᠷᠭᠤᠭ᠎ᠠ) ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠤᠢ᠌ᠰᠦᠭ ᠪᠢᠴᠢᠭ᠎ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭ᠋ᠠᠯᠠᠬᠤ᠂ ᠤᠯᠠᠮᠵᠢᠯᠠᠨ ᠵᠠᠯᠭ᠋ᠠᠮᠵᠢᠯᠠᠬᠤ ᠠᠵᠢᠯ᠎ᠢ ᠬᠠᠮᠢᠶᠠᠷᠤᠨ᠎ᠠ᠃ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠦᠨᠳᠦᠰᠦᠲᠡᠨ᠎ᠤ ᠰᠤᠷᠭ᠋ᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠠ ᠦᠨᠳᠦᠰᠦᠲᠡᠨ᠎ᠤ ᠲᠤᠯᠭᠤᠷ ᠪᠢᠴᠢᠭ᠎ᠢ ᠴᠤᠭᠯᠠᠭᠤᠯᠬᠤ᠂ ᠡᠮᠬᠢᠳᠬᠡᠬᠦ᠂ ᠬᠡᠪᠯᠡᠬᠦ ᠠᠵᠢᠯ᠎ᠢ ᠵᠢᠯᠣᠭᠣᠳᠤᠨ᠎ᠠ᠃
(ᠲᠤᠯᠤᠭ᠎ᠠ) ᠦᠨᠳᠦᠰᠦᠲᠡᠨ᠎ᠤ ᠠᠵᠢᠯ᠎ᠤᠨ ᠬᠦᠷᠢᠶᠡᠨ᠎ᠳᠠᠬᠢ ᠭᠠᠳᠠᠭ᠋ᠠᠳᠤ᠎ᠯᠤᠭ᠎ᠠ ᠵᠢᠨ ᠪᠠ ᠰᠢᠶᠠᠩᠭ᠋ᠠᠩ ᠣᠣᠮᠧᠨ ᠲᠠᠢ᠌ᠸᠠᠨ᠎ᠤ ᠬᠣᠯᠪᠣᠭᠳᠠᠯ ᠪᠦᠬᠦᠢ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠵᠣᠬᠢᠶᠠᠨ ᠪᠠᠢ᠌ᠭᠤᠯᠵᠤ ᠵᠣᠬᠢᠴᠠᠭᠤᠯᠤᠨ᠎ᠠ᠃ ᠦᠨᠳᠦᠰᠦᠲᠡᠨ᠎ᠤ ᠬᠡᠷᠡᠭ ᠶᠠᠪᠤᠳᠠᠯ᠎ᠳᠤ ᠬᠣᠯᠪᠣᠭᠳᠠᠬᠤ ᠭᠠᠳᠠᠭ᠋ᠠᠳᠤ ᠤᠬᠠᠭᠤᠯᠭ᠎ᠠ ᠵᠢᠨ ᠠᠵᠢᠯ᠎ᠳᠤ ᠣᠷᠣᠯᠴᠠᠪᠠ᠃
(ᠨᠠᠢ᠍ᠮᠠ) ᠴᠥᠭᠡᠨ ᠲᠣᠭ᠋ᠠᠲᠤ ᠦᠨᠳᠦᠰᠦᠲᠡᠨ᠎ᠤ ᠴᠢᠳᠠᠪᠤᠷᠢᠲᠠᠨ᠎ᠤ ᠡᠩᠨᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ ᠵᠢ ᠲᠣᠭᠲᠠᠭ᠋ᠠᠬᠤ᠎ᠳᠤ ᠣᠷᠣᠯᠴᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ᠎ᠲᠠᠢ ᠬᠠᠷᠢᠯᠴᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠬᠠᠮᠵᠢᠨ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ᠎ᠢ ᠬᠥᠮᠥᠵᠢᠭᠦᠯᠬᠦ᠂ ᠬᠥᠮᠥᠵᠢᠭᠦᠯᠬᠦ ᠪᠠ ᠬᠡᠷᠡᠭᠯᠡᠬᠦ ᠠᠵᠢᠯ᠎ᠢ ᠰᠠᠢ᠌ᠲᠤᠷ ᠬᠢᠨ᠎ᠡ᠃
(ᠶᠢᠰᠦ) ᠬᠤᠳᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠳᠠᠭ᠋ᠠᠭ᠋ᠠᠯᠭ᠋ᠠᠭᠰᠠᠨ ᠪᠤᠰᠤᠳ ᠡᠭᠦᠷᠭᠡ᠎ᠨᠦᠭᠦᠳ᠎ᠢ ᠪᠡᠶᠡᠯᠡᠭᠦᠯᠦᠨ᠎ᠡ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ