ᠪᠠᠶᠠᠨᠨᠠᠭᠤᠷ ᠬᠣᠲᠠ ᠵᠢᠨ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ
ᠨᠡᠶ᠋ᠢᠲᠡᠯᠡᠭᠰᠡᠨ ᠴᠠᠭ᠄ 2023-03-07
ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄
(ᠨᠢᠭᠡ) ᠡᠮ ᠡᠮᠨᠡᠯᠭᠡ ᠵᠢᠨ ᠳᠠᠭ᠋ᠠᠳᠬᠠᠯ᠂ ᠦᠷᠡᠵᠢᠯ᠎ᠤᠨ ᠳᠠᠭ᠋ᠠᠳᠬᠠᠯ᠂ ᠡᠮ ᠡᠮᠨᠡᠯᠭᠡ ᠵᠢᠨ ᠠᠪᠤᠷᠠᠨ ᠲᠤᠰᠠᠯᠠᠯᠲᠠ ᠵᠡᠷᠭᠡ ᠡᠮ ᠡᠮᠨᠡᠯᠭᠡ ᠵᠢᠨ ᠪᠠᠲᠤᠯᠠᠭ᠎ᠠ ᠵᠢᠨ ᠳᠦᠷᠢᠮ᠎ᠤᠨ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠥᠯᠦᠪᠵᠢᠭᠦᠯᠭᠡ ᠪᠠ ᠪᠠᠷᠢᠮᠵᠢᠶ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠬᠣᠲᠠ ᠵᠢᠨ ᠡᠮ ᠡᠮᠨᠡᠯᠭᠡ ᠵᠢᠨ ᠳᠠᠭ᠋ᠠᠳᠬᠠᠯ᠂ ᠦᠷᠡᠵᠢᠯ᠎ᠤᠨ ᠳᠠᠭ᠋ᠠᠳᠬᠠᠯ᠂ ᠡᠮ ᠡᠮᠨᠡᠯᠭᠡ ᠵᠢᠨ ᠠᠪᠤᠷᠠᠨ ᠲᠤᠰᠠᠯᠠᠯᠲᠠ ᠵᠡᠷᠭᠡ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂ ᠳᠦᠷᠢᠮ᠎ᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃
(ᠬᠣᠶᠠᠷ) ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠪᠥᠬᠥ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠲᠥᠰᠥᠪ ᠪᠠ ᠲᠥᠰᠥᠪ᠎ᠤᠨ ᠭᠦᠢ᠍ᠴᠡᠳᠬᠡᠯ᠎ᠤᠨ ᠲᠥᠰᠥᠯ᠎ᠢ ᠨᠠᠢ᠌ᠷᠠᠭᠤᠯᠤᠨ ᠵᠣᠬᠢᠶᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠵᠢ ᠵᠣᠬᠢᠶᠠᠨ ᠪᠠᠢ᠌ᠭᠤᠯᠤᠨ ᠲᠣᠭᠲᠠᠭ᠋ᠠᠬᠤ ᠵᠢᠨ ᠬᠠᠮᠲᠤ ᠬᠡᠷᠡᠭᠵᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠠᠮᠤᠷ ᠲᠦᠪᠰᠢᠨ᠎ᠤ ᠰᠡᠷᠭᠡᠢ᠌ᠯᠡᠨ ᠡᠵᠡᠮᠳᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ
(ᠭᠤᠷᠪᠠ) ᠡᠮᠴᠢᠯᠡᠭᠡᠨ᠎ᠤ ᠪᠠᠲᠤᠯᠠᠭ᠎ᠠ ᠵᠢᠨ ᠬᠣᠲᠠ ᠬᠥᠳᠡᠭᠡ ᠵᠢᠨ ᠡᠮᠴᠢᠯᠡᠭᠡᠨ᠎ᠤ ᠪᠠᠲᠤᠯᠠᠭ᠎ᠠ ᠵᠢᠨ ᠣᠯᠭᠣᠮᠵᠢ ᠵᠢ ᠨᠢᠭᠡᠳᠦᠯᠲᠡᠢ ᠲᠥᠯᠥᠪᠯᠡᠬᠦ ᠪᠠᠷᠢᠮᠵᠢᠶ᠎ᠠ ᠵᠢ ᠵᠣᠬᠢᠶᠠᠨ ᠪᠠᠢ᠌ᠭᠤᠯᠤᠨ ᠲᠤᠭᠤᠷᠪᠢᠵᠤ᠂ ᠪᠡᠯᠡ ᠴᠤᠭᠯᠠᠭᠤᠯᠬᠤ ᠬᠢᠷᠢ ᠬᠡᠮᠵᠢᠶ᠎ᠡ᠎ᠯᠦᠭᠡ ᠵᠣᠬᠢᠴᠠᠯᠳᠤᠭᠰᠠᠨ ᠣᠯᠭᠣᠮᠵᠢ ᠵᠢ ᠲᠣᠬᠢᠷᠠᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠳᠦᠷᠢᠮ᠎ᠤᠨ ᠥᠭᠡᠷᠡᠴᠢᠯᠡᠯᠲᠡ ᠵᠢᠨ ᠲᠥᠰᠥᠯ᠎ᠢ ᠵᠣᠬᠢᠶᠠᠨ ᠪᠠᠢ᠌ᠭᠤᠯᠤᠨ ᠲᠤᠭᠤᠷᠪᠢᠨ ᠲᠣᠭᠲᠠᠭ᠋ᠠᠬᠤ ᠵᠢᠨ
(ᠳᠥᠷᠪᠡ) ᠬᠣᠲᠠ ᠬᠥᠳᠡᠭᠡ ᠵᠢᠨ ᠨᠢᠭᠡᠳᠦᠯᠲᠡᠢ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠂ ᠡᠮᠴᠢᠯᠡᠭᠡᠨ᠎ᠤ ᠦᠢ᠍ᠯᠡᠴᠢᠯᠡᠭᠡᠨ᠎ᠤ ᠪᠡᠯᠡᠳᠬᠡᠮᠵᠢ ᠵᠡᠷᠭᠡ ᠡᠮᠴᠢᠯᠡᠭᠡᠨ᠎ᠤ ᠳᠠᠭ᠋ᠠᠳᠬᠠᠯ᠎ᠤᠨ ᠭᠠᠷᠴᠠᠭ ᠪᠠ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠴᠠᠭ᠎ᠲᠤ ᠵᠥᠪᠰᠢᠶᠡᠷᠡᠨ ᠣᠷᠣᠭᠤᠯᠬᠤ ᠬᠡᠯᠡᠯᠴᠡᠭᠡ ᠵᠢᠨ ᠳᠦᠷᠢᠮ᠎ᠢ ᠲᠤᠤᠱᠯᠠᠭᠤᠯᠤᠨ ᠬᠡᠷᠡᠭᠵᠢᠭᠦᠯᠦᠨ᠎ᠡ᠃
(ᠲᠠᠪᠤ) ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠂ ᠡᠮᠴᠢᠯᠡᠭᠡᠨ᠎ᠤ ᠦᠢ᠍ᠯᠡᠴᠢᠯᠡᠭᠡᠨ᠎ᠤ ᠪᠡᠯᠡᠳᠬᠡᠮᠵᠢ ᠵᠢᠨ ᠰᠦᠢ᠍ᠳᠬᠡᠯ ᠬᠤᠷᠢᠶᠠᠬᠤ ᠵᠡᠷᠭᠡ ᠲᠥᠷᠥ ᠵᠢᠨ ᠪᠣᠳᠣᠯᠭ᠎ᠠ ᠵᠢ ᠵᠣᠬᠢᠶᠠᠨ ᠪᠠᠢ᠌ᠭᠤᠯᠤᠨ ᠲᠣᠭᠲᠠᠭ᠋ᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠵᠦᠢ ᠵᠣᠬᠢᠰᠲᠠᠢ ᠲᠣᠭᠲᠠᠭ᠋ᠠᠬᠤ ᠪᠠ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ ᠵᠢ ᠪᠠᠢ᠌ᠭᠤᠯᠤᠨ᠂ ᠵᠠᠬ᠎ᠠ ᠳᠡᠯᠭᠡᠭᠦᠷ ᠵᠶ᠋ᠡᠷ ᠭᠣᠣᠯᠯᠠᠭᠤᠯᠤᠭᠰᠠᠨ ᠨᠡᠢ᠌ᠭᠡᠮ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ ᠪᠠᠶ᠋ᠢᠭᠤᠯᠬᠤ ᠵᠢ ᠠᠬᠢᠭᠤᠯᠵᠤ᠂ ᠦᠨ᠎ᠡ ᠬᠠᠩᠰᠢ ᠵᠢᠨ ᠮᠡᠳᠡᠭᠡ ᠵᠠᠩᠭᠢ ᠵᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠢ᠌ᠲᠡᠯᠡᠬᠦ
(ᠵᠢᠷᠭᠤᠭ᠎ᠠ) ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ᠎ᠤᠨ ᠪᠠᠢ᠌ᠭᠤᠯᠤᠯᠲᠠ ᠵᠢ ᠠᠬᠢᠭᠤᠯᠤᠨ᠎ᠠ᠃
(ᠳᠣᠯᠣᠭ᠎ᠠ) ᠴᠢᠭ᠋ ᠲᠣᠭᠲᠠᠭ᠋ᠠᠭᠰᠠᠨ ᠡᠮ ᠡᠮᠨᠡᠯᠭᠡ ᠵᠢᠨ ᠪᠠᠢ᠌ᠭᠤᠯᠤᠮᠵᠢ ᠵᠢᠨ ᠵᠥᠪᠯᠡᠯᠴᠡᠭᠡᠷ ᠪᠠ ᠲᠣᠭ᠋ᠠᠴᠠᠭ᠎ᠠ ᠬᠢᠬᠦ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠢᠲᠡᠭᠡᠮᠵᠢ ᠵᠢᠨ ᠦᠨᠡᠯᠡᠯᠲᠡ ᠵᠢᠨ ᠰᠢᠰᠲ᠋ᠧᠮᠵᠢ ᠪᠠ ᠮᠡᠳᠡᠭᠡ ᠵᠠᠩᠭᠢ ᠨᠡᠢ᠌ᠲᠡᠯᠡᠬᠦ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠬᠡᠪᠴᠢᠶᠡᠨ᠎ᠳᠤ ᠣᠷᠣᠭᠤᠯᠤᠭᠰᠠᠨ ᠡᠮᠴᠢᠯᠡᠭᠡᠨ᠎ᠤ ᠦᠢ᠍ᠯᠡᠴᠢᠯᠡᠭᠡᠨ᠎ᠤ ᠦᠢᠯᠡ ᠠᠵᠢᠯᠯᠠᠭ᠎ᠠ ᠪᠠ ᠡᠮᠴᠢᠯᠡᠭᠡᠨ᠎ᠤ ᠵᠠᠷᠤᠳᠠᠯ᠎ᠢ ᠬᠢᠨᠠᠨ ᠬᠠᠮᠢᠶᠠᠷᠴᠤ᠂ ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠳᠠᠬᠢ ᠬᠠᠤᠯᠢ ᠲᠣᠭᠲᠠᠭ᠋ᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠨ᠎ᠡ᠃
(ᠨᠠᠢ᠍ᠮᠠ) ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠬᠡᠬᠦ ᠬᠠᠮᠢᠶᠠᠷᠤᠯᠲᠠ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ᠂ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠬᠠᠷᠢᠭᠤᠴᠠᠨ᠎ᠠ᠃ᠣᠨᠳᠣᠣ ᠭᠠᠵᠠᠷ᠎ᠲᠤ ᠡᠮᠴᠢᠯᠡᠭᠦᠯᠬᠦ ᠵᠢ ᠬᠠᠮᠢᠶᠠᠷᠬᠤ ᠪᠠ ᠵᠠᠷᠤᠳᠠᠯ᠎ᠢ ᠳ᠋ᠦᠩᠨᠡᠨ ᠪᠤᠳᠤᠬᠤ ᠲᠥᠷᠥ ᠵᠢᠨ ᠪᠣᠳᠣᠯᠭ᠎ᠠ ᠵᠢ ᠵᠣᠬᠢᠶᠠᠨ ᠪᠠᠢ᠌ᠭᠤᠯᠤᠨ ᠲᠣᠭᠲᠠᠭ᠋ᠠᠬᠤ ᠪᠠ ᠲᠡᠭᠦᠯᠳᠡᠷᠵᠢᠭᠦᠯᠦᠨ᠎ᠡ᠃ᠡᠮᠴᠢᠯᠡᠭᠡᠨ᠎ᠤ ᠪᠠᠲᠤᠯᠠᠭ᠎ᠠ ᠵᠢᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ᠎ᠢ ᠪᠠᠢ᠌ᠭᠤᠯᠤᠨ ᠪᠦᠷᠢᠨᠰᠢᠭᠦᠯᠦᠨ᠎ᠡ᠃ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠳᠠᠬᠢ ᠬᠠᠮᠲᠤᠷᠠᠯᠴᠠᠭ᠎ᠠ ᠰᠣᠯᠢᠯᠴᠠᠭ᠎ᠠ ᠵᠢ ᠥᠷᠨᠢᠭᠦᠯᠦᠨ᠎ᠡ᠃
(ᠶᠢᠰᠦ) ᠬᠤᠳᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠳᠠᠭ᠋ᠠᠭ᠋ᠠᠯᠭ᠋ᠠᠭᠰᠠᠨ ᠪᠤᠰᠤᠳ ᠡᠭᠦᠷᠭᠡ᠎ᠨᠦᠭᠦᠳ᠎ᠢ ᠪᠡᠶᠡᠯᠡᠭᠦᠯᠦᠨ᠎ᠡ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ