ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
ᠨᠡᠶ᠋ᠢᠲᠡᠯᠡᠭᠰᠡᠨ ᠴᠠᠭ᠄ 2023-04-13
ᠭᠣᠣᠯ ᠡᠭᠦᠷᠭᠡ ᠬᠠᠷᠢᠭᠤᠴᠠᠯᠭ᠎ᠠ
(ᠨᠢᠭᠡ) ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠲᠤ ᠬᠠᠮᠵᠢᠨ ᠪᠥᠬᠥ ᠬᠣᠲᠠ ᠵᠢᠨ ᠠᠵᠢᠯ᠎ᠤᠨ ᠪᠠᠶ᠋ᠢᠳᠠᠯ᠎ᠢ ᠣᠶ᠋ᠢᠯᠭ᠋ᠠᠨ ᠡᠵᠡᠮᠰᠢᠭᠦᠯᠦᠨ᠎ᠡ᠃ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠤᠨ ᠵᠢᠭ᠋ᠠᠪᠤᠷᠢ ᠵᠢ ᠦᠨᠳᠦᠰᠦᠯᠡᠨ᠂ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠠᠵᠢᠯ᠎ᠤᠨ ᠪᠠᠶ᠋ᠢᠷᠢᠯᠠᠭᠤᠯᠤᠯᠲᠠ ᠪᠠ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠨᠢᠭᠡᠴᠡ ᠵᠢᠨ ᠬᠣᠭᠣᠷᠣᠨᠳᠣᠬᠢ ᠮᠠᠷᠭᠤᠯᠳᠤᠭ᠋ᠠᠨ᠎ᠲᠠᠢ ᠴᠢᠬᠤᠯᠠ ᠠᠰᠠᠭᠤᠳᠠᠯ᠎ᠢ ᠪᠠᠶ᠋ᠢᠴᠠᠭ᠋ᠠᠨ ᠰᠤᠳᠤᠯᠬᠤ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃
(ᠬᠣᠶᠠᠷ) ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠢ ᠬᠠᠮᠵᠢᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠨᠡᠷ᠎ᠡ᠎ᠪᠠᠷ ᠨᠡᠶ᠋ᠢᠲᠡᠯᠡᠭᠰᠡᠨ ᠠᠯᠪᠠᠨ ᠪᠢᠴᠢᠭ᠎ᠢ ᠵᠣᠬᠢᠶᠠᠨ ᠪᠠᠶ᠋ᠢᠭᠤᠯᠤᠨ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠂ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠤᠨ ᠶᠠᠷᠢᠶ᠎ᠠ ᠵᠡᠷᠭᠡ ᠡᠬᠡ ᠨᠤᠤᠷᠠᠭ᠎ᠢ ᠵᠣᠬᠢᠶᠠᠨ ᠪᠠᠶ᠋ᠢᠭᠤᠯᠵᠤ ᠲᠤᠭᠤᠷᠪᠢᠨ᠎ᠠ᠃
(ᠭᠤᠷᠪᠠ) ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠂ ᠵᠠᠰᠠᠭ᠎ᠤᠨ ᠣᠷᠳᠣᠨ᠎ᠤ ᠬᠤᠷᠠᠯ ᠵᠢᠴᠢ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠤᠨ ᠬᠤᠷᠠᠯ᠎ᠤᠨ ᠶᠠᠪᠤᠳᠠᠯ᠎ᠤᠨ ᠠᠵᠢᠯ᠎ᠢ ᠬᠠᠷᠢᠭᠤᠴᠠᠵᠤ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠢ ᠬᠠᠪᠰᠤᠷᠤᠨ ᠬᠤᠷᠠᠯ ᠵᠶ᠋ᠠᠷ ᠲᠣᠭᠲᠠᠭ᠋ᠠᠭᠰᠠᠨ ᠵᠦᠢ᠍ᠯᠡᠰ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠤᠷᠠᠯ᠎ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
(ᠳᠥᠷᠪᠡ) ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠶᠡᠬᠡ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠪᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠤᠨ ᠳᠣᠲᠣᠭ᠋ᠠᠳᠤ ᠭᠠᠳᠠᠭ᠋ᠠᠳᠤ ᠶᠠᠪᠤᠳᠠᠯ᠎ᠤᠨ ᠴᠢᠬᠤᠯᠠ ᠠᠵᠢᠯᠯᠠᠭ᠎ᠠ ᠵᠢᠨ ᠲᠣᠬᠢᠷᠠᠭᠤᠯᠤᠯᠲᠠ ᠵᠢ ᠬᠠᠷᠢᠭᠤᠴᠠᠨ᠎ᠠ᠃
(ᠲᠠᠪᠤ) ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ ᠪᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠤᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠵᠢᠭ᠋ᠠᠪᠤᠷᠢ ᠠᠪᠬᠤ ᠵᠦᠢ᠍ᠯᠡᠰ᠎ᠢ ᠬᠠᠷᠢᠭᠤᠴᠠᠨ ᠬᠢᠨᠠᠨ ᠬᠠᠷᠭᠤᠭᠤᠯᠵᠤ᠂ ᠭᠦᠢ᠍ᠴᠡᠳᠬᠡᠬᠦ ᠰᠠᠨᠠᠯ ᠵᠶ᠋ᠠᠨ ᠳᠤᠷᠠᠳᠤᠨ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃
(ᠵᠢᠷᠭᠤᠭ᠎ᠠ) ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠠᠯᠪᠠᠨ ᠪᠢᠴᠢᠭ ᠴᠠᠬᠢᠯᠭ᠋ᠠᠨ ᠮᠡᠳᠡᠭᠡ ᠵᠢ ᠭᠦᠢ᠍ᠴᠡᠳᠬᠡᠬᠦ ᠠᠵᠢᠯ᠎ᠢ ᠬᠠᠷᠢᠭᠤᠴᠠᠵᠤ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠵᠣᠬᠢᠶᠠᠵᠤ ᠲᠠᠷᠬᠠᠭ᠋ᠠᠬᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠬᠠᠤᠯᠢ ᠶᠣᠰᠣᠨ᠎ᠤ ᠴᠢᠨᠠᠷᠲᠠᠶ ᠬᠢᠨᠠᠨ ᠪᠠᠶ᠋ᠢᠴᠠᠭ᠋ᠠᠯᠲᠠ ᠬᠢᠨ᠎ᠠ᠃
(ᠳᠣᠯᠣᠭ᠎ᠠ) ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ ᠪᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠦᠢ᠍ᠯᠡᠰ ᠵᠢᠴᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠤᠨ ᠵᠢᠭ᠋ᠠᠪᠤᠷᠢ ᠴᠣᠬᠣᠯᠠᠪᠤᠷᠢ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠰᠢᠮᠳᠠᠭᠤᠯᠤᠨ ᠪᠠᠶ᠋ᠢᠴᠠᠭ᠋ᠠᠵᠤ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠲᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃
( ᠨᠠᠢ᠍ᠮᠠ) ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠴᠤᠭᠯᠠᠭᠤᠯᠬᠤ᠂ ᠨᠠᠶ᠋ᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ᠎ᠢ ᠬᠠᠷᠢᠭᠤᠴᠠᠵᠤ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠦᠢ᠍ᠯᠡᠴᠢᠯᠡᠭᠡ ᠬᠠᠩᠭ᠋ᠠᠨ᠎ᠠ᠃
(ᠶᠢᠰᠦ) ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠪᠢᠴᠢᠭ ᠮᠠᠲ᠋ᠧᠷᠢᠶᠠᠯ ᠪᠠ ᠬᠤᠷᠠᠯ᠎ᠤᠨ ᠮᠠᠲ᠋ᠧᠷᠢᠶᠠᠯ᠎ᠤᠨ ᠮᠣᠩᠭᠣᠯ ᠬᠡᠯᠡᠨ᠎ᠤ ᠣᠷᠴᠢᠭᠤᠯᠭ᠎ᠠ ᠵᠢᠨ ᠠᠵᠢᠯ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠬᠡᠯᠡᠨ᠎ᠤ ᠰᠦᠯᠵᠢᠶᠡᠨ᠎ᠤ ᠪᠤᠯᠤᠩ᠎ᠢ ᠰᠢᠨᠡᠳᠬᠡᠬᠦ᠂ ᠠᠭᠤᠯᠭ᠎ᠠ ᠵᠢ ᠰᠤᠷᠪᠤᠯᠵᠢᠯᠠᠨ ᠨᠠᠶ᠋ᠢᠷᠠᠭᠤᠯᠬᠤ᠂ ᠣᠷᠴᠢᠭᠤᠯᠬᠤ ᠵᠢ ᠬᠢᠨᠠᠨ ᠲᠣᠭᠲᠠᠭ᠋ᠠᠬᠤ᠂ ᠡᠳᠦᠷ ᠲᠤᠲᠤᠮ᠎ᠤᠨ ᠠᠵᠢᠯᠯᠠᠭ᠋ᠠᠨ᠂ ᠬᠠᠮᠠᠭ᠋ᠠᠯᠠᠨ ᠬᠠᠮᠢᠶᠠᠷᠬᠤ ᠵᠡᠷᠭᠡ ᠠᠵᠢᠯ᠎ᠢ ᠬᠠᠷᠢᠭᠤᠴᠠᠵᠤ᠂ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠬᠡᠯᠡᠨ᠎ᠤ ᠣᠷᠴᠢᠭᠤᠯᠭ᠎ᠠ ᠪᠠ ᠮᠣᠩᠭᠣᠯ ᠬᠡᠯᠡᠨ᠎ᠤ ᠰᠦᠯᠵᠢᠶᠡᠨ ᠤ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠵᠢᠯᠣᠭᠣᠳᠤᠨ᠎ᠠ᠃
(ᠠᠷᠪᠠ) ᠠᠵᠤ ᠠᠬᠤᠶ ᠵᠢᠨ ᠠᠮᠢ ᠠᠬᠤᠶ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢᠨ ᠴᠢᠬᠤᠯᠠ ᠶᠡᠬᠡ ᠠᠰᠠᠭᠤᠳᠠᠯ᠎ᠤᠨ ᠲᠤᠬᠠᠶ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠥᠬᠥ ᠬᠣᠲᠠ ᠵᠢᠨ ᠠᠵᠤ ᠠᠬᠤᠶ ᠵᠢᠨ ᠠᠮᠢ ᠠᠬᠤᠶ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢᠨ ᠬᠠᠮᠢᠶ᠎ᠠ ᠪᠥᠬᠥᠶ ᠪᠢᠴᠢᠭ ᠮᠠᠲ᠋ᠧᠷᠢᠶᠠᠯ᠎ᠢ ᠵᠣᠬᠢᠶᠠᠨ ᠪᠠᠶ᠋ᠢᠭᠤᠯᠤᠨ ᠲᠤᠭᠤᠷᠪᠢᠵᠤ᠂ ᠪᠥᠬᠥ ᠬᠣᠲᠠ ᠵᠢᠨ ᠠᠵᠤ ᠠᠬᠤᠶ ᠵᠢᠨ ᠠᠮᠢ ᠠᠬᠤᠶ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢᠨ ᠠᠵᠢᠯ᠎ᠳᠤ ᠪᠠᠶ᠋ᠢᠴᠠᠭ᠋ᠠᠨ ᠰᠤᠳᠤᠯᠤᠯᠲᠠ᠂ ᠦᠨᠡᠯᠡᠯᠲᠡ ᠪᠠ ᠰᠢᠪᠠᠳᠠᠨ ᠪᠠᠶ᠋ᠢᠴᠠᠭ᠋ᠠᠯᠲᠠ ᠬᠢᠨ᠎ᠠ᠃
(ᠠᠷᠪᠠᠨ ᠨᠢᠭᠡ) ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠶᠡᠷᠦᠩᠬᠡᠶ ᠵᠢᠵᠢᠭᠦᠷ᠎ᠤᠨ ᠠᠵᠢᠯ᠎ᠢ ᠬᠠᠷᠢᠭᠤᠴᠠᠵᠤ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠲᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠪᠠ ᠠᠷᠠᠳ ᠣᠯᠠᠨ᠎ᠤ ᠵᠠᠰᠠᠭ᠎ᠤᠨ ᠶᠠᠪᠤᠳᠠᠯ᠎ᠤᠨ ᠵᠢᠵᠢᠭᠦᠷ᠎ᠤᠨ ᠠᠷᠭ᠎ᠠ ᠵᠠᠮ ᠵᠶ᠋ᠠᠷ ᠲᠤᠰᠬᠠᠭᠰᠠᠨ ᠴᠢᠬᠤᠯᠠ ᠶᠡᠬᠡ ᠪᠠᠴᠢᠮ ᠪᠠᠶ᠋ᠢᠳᠠᠯ᠎ᠢ ᠴᠠᠭ ᠲᠤᠬᠠᠶ᠎ᠳᠤᠨᠢ ᠮᠡᠳᠡᠭᠦᠯᠵᠦ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠤᠨ ᠵᠢᠭ᠋ᠠᠪᠤᠷᠢ ᠵᠢ ᠤᠯᠠᠮᠵᠢᠯᠠᠬᠤ ᠪᠠ ᠰᠢᠮᠳᠠᠭᠤᠯᠤᠨ ᠨᠠᠶ᠋ᠢᠳᠠᠪᠤᠷᠢᠵᠢᠭᠤᠯᠤᠨ᠎ᠠ᠃
(ᠠᠷᠪᠠᠨ ᠬᠣᠶᠠᠷ) ᠪᠥᠬᠥ ᠬᠣᠲᠠ ᠵᠢᠨ ᠣᠷᠣᠨ ᠨᠤᠲᠤᠭ᠎ᠤᠨ ᠣᠶ᠋ᠢᠯᠠᠯᠭ᠎ᠠ ᠵᠢᠨ ᠠᠵᠢᠯ᠎ᠢ ᠵᠢᠯᠣᠭᠣᠳᠬᠤ᠂ ᠰᠢᠮᠳᠠᠭᠤᠯᠬᠤ ᠪᠠ ᠪᠠᠶ᠋ᠢᠴᠠᠭ᠋ᠠᠨ᠎ᠠ᠃
(ᠠᠷᠪᠠᠨ ᠭᠤᠷᠪᠠ) ᠬᠣᠲᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢ ᠬᠠᠮᠢᠶᠠᠷᠤᠨ᠎ᠠ᠃
(ᠠᠷᠪᠠᠨ ᠲᠦᠷᠪᠡ) ᠬᠤᠳᠠ ᠵᠢᠨ ᠨᠠᠮ ᠤᠨ ᠬᠣᠷᠢᠶ᠎ᠠ᠂ ᠵᠠᠰᠠᠭ ᠤᠨ ᠣᠷᠳᠣᠨ ᠠᠴᠠ ᠳᠠᠭ᠋ᠠᠭ᠋ᠠᠯᠭ᠋ᠠᠭᠰᠠᠨ ᠪᠤᠰᠤᠳ ᠡᠭᠦᠷᠭᠡᠨᠦᠭᠦᠳ ᠢ ᠪᠡᠶᠡᠯᠡᠭᠦᠯᠬᠦ ᠬᠡᠷᠡᠭᠲᠡᠶ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ