ᠢᠯᠡ ᠵᠠᠰᠠᠭ   -   ᠪᠠᠶ᠋ᠢᠭᠤᠯᠤᠮᠵᠢ

ᠪᠠᠶᠠᠨᠨᠠᠭᠤᠷ ᠬᠣᠲᠠ ᠵᠢᠨ ᠴᠡᠷᠢᠭ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ

ᠨᠡᠶ᠋ᠢᠲᠡᠯᠡᠭᠰᠡᠨ ᠴᠠᠭ᠄   2023-04-13

      ᠭᠣᠤᠯ ᠡᠭᠦᠷᠭᠡ ᠬᠠᠷᠢᠭᠤᠴᠠᠯᠭ᠎ᠠ
      (ᠨᠢᠭᠡ) ᠴᠡᠷᠢᠭ᠎ᠠᠴᠠ ᠬᠠᠯᠠᠭᠳᠠᠭᠰᠠᠳ᠎ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠵᠢᠨ ᠪᠠᠲᠤᠯᠠᠭ᠎ᠠ ᠪᠠ ᠲᠥᠪᠬᠢᠨᠡᠭᠦᠯᠦᠨ ᠬᠠᠷᠠᠭ᠋ᠠᠯᠵᠠᠬᠤ ᠵᠡᠷᠭᠡ ᠠᠵᠢᠯ᠎ᠢ ᠰᠠᠶ᠋ᠢᠲᠤᠷ ᠬᠢᠨ᠎ᠠ᠃
      (ᠬᠣᠶᠠᠷ) ᠴᠡᠷᠢᠭ᠎ᠠᠴᠠ ᠬᠠᠯᠠᠭᠳᠠᠭᠰᠠᠨ ᠺᠠᠳ᠋ᠷ᠂ ᠴᠡᠷᠢᠭ᠎ᠠᠴᠠ ᠬᠠᠯᠠᠭᠳᠠᠭᠰᠠᠨ ᠺᠠᠳ᠋ᠷ᠂ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠺᠠᠳ᠋ᠷ᠂ ᠴᠡᠷᠢᠭ᠎ᠠᠴᠠ ᠬᠠᠯᠠᠭᠳᠠᠭᠰᠠᠨ ᠪᠠᠶ᠋ᠢᠯᠳᠤᠭᠴᠢ ᠪᠠ ᠴᠡᠷᠢᠭ᠎ᠤᠨ ᠬᠠᠷᠢᠶ᠎ᠠ ᠥᠬᠡᠶ ᠠᠵᠢᠯ᠎ᠠᠴᠠ᠎ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ᠎ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠠ ᠪᠡᠶ᠎ᠡ᠎ᠪᠠᠨ ᠳᠠᠭ᠋ᠠᠭ᠋ᠠᠵᠤ ᠠᠵᠢᠯ ᠰᠣᠩᠭᠣᠬᠤ᠂ ᠠᠵᠢᠯ ᠣᠯᠤᠭᠰᠠᠨ ᠴᠡᠷᠢᠭ᠎ᠠᠴᠠ ᠬᠠᠯᠠᠭᠳᠠᠭᠰᠠᠳ᠎ᠲᠤ  ᠦᠢ᠍ᠯᠡᠴᠢᠯᠡᠬᠦ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠨ᠎ᠠ᠃
      (ᠭᠤᠷᠪᠠ) ᠴᠡᠷᠢᠭ᠎ᠠᠴᠠ ᠬᠠᠯᠠᠭᠳᠠᠭᠰᠠᠳ᠎ᠤᠨ ᠬᠥᠮᠦᠵᠢᠯ ᠪᠣᠯᠪᠠᠰᠤᠷᠠᠭᠤᠯᠤᠯ᠎ᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠠᠵᠢᠯ ᠣᠯᠵᠤ ᠠᠳᠠᠯ  ᠦᠢ᠍ᠯᠡᠰ ᠴᠣᠭᠴᠠᠯᠠᠬᠤ ᠵᠢ ᠵᠣᠬᠢᠴᠠᠭᠤᠯᠤᠨ ᠰᠠᠶ᠋ᠢᠲᠤᠷ ᠬᠢᠨ᠎ᠠ᠃
      (ᠲᠦᠷᠪᠡ) ᠴᠡᠷᠢᠭ ᠠᠨᠭ᠌ᠬᠢ ᠵᠢᠨ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠺᠠᠳ᠋ᠷ᠎ᠤᠨ ᠠᠵᠢᠯ᠎ᠢ ᠰᠠᠢ᠌ᠲᠤᠷ ᠬᠢᠨ᠎ᠡ᠃
      (ᠲᠠᠪᠤ) ᠰᠢᠷᠬᠠᠲᠤᠵᠤ ᠡᠪᠡᠳᠴᠢᠯᠡᠭᠰᠡᠨ ᠵᠡᠮᠳᠡᠭ ᠴᠡᠷᠢᠭ᠎ᠠᠴᠠ ᠬᠠᠯᠠᠭᠳᠠᠭᠰᠠᠳ᠎ᠤᠨ ᠬᠠᠮᠢᠶ᠎ᠠ ᠪᠥᠬᠥᠶ ᠠᠵᠢᠯ᠎ᠢ ᠰᠠᠶ᠋ᠢᠲᠤᠷ ᠬᠢᠵᠦ᠂ ᠴᠡᠷᠢᠭ᠎ᠤᠨ ᠬᠠᠩᠭ᠋ᠠᠯᠭ᠎ᠠ ᠵᠢᠨ  ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠤᠨ᠎ᠠ᠃
      (ᠵᠢᠷᠭᠤᠭ᠎ᠠ) ᠪᠦᠬᠦ ᠬᠤᠳᠠ ᠵᠢᠨ ᠴᠡᠷᠢᠭ ᠵᠶ᠋ᠠᠨ ᠬᠦᠷᠢᠶᠡᠯᠡᠨ ᠴᠡᠷᠢᠭ᠎ᠤᠨ ᠭᠡᠷ ᠪᠦᠯᠢ ᠵᠢ ᠬᠠᠷᠠᠭ᠋ᠠᠯᠵᠠᠬᠤ ᠠᠵᠢᠯ᠎ᠢ ᠵᠢᠯᠣᠭᠣᠳᠤᠨ᠎ᠠ᠃
      (ᠳᠣᠯᠣᠭ᠎ᠠ) ᠦᠷᠡᠭᠳᠡᠭᠰᠡᠨ ᠪᠠᠭ᠋ᠠᠲᠤᠷ ᠵᠢᠴᠢ ᠴᠡᠷᠢᠭ᠎ᠠᠴᠠ ᠬᠠᠯᠠᠭᠳᠠᠭᠰᠠᠳ᠎ᠤᠨ ᠢᠷᠠᠭᠤ ᠠᠯᠳᠠᠷ᠎ᠤᠨ ᠱᠠᠩᠨᠠᠯ᠂ ᠦᠷᠡᠭᠳᠡᠭᠰᠡᠨ ᠪᠠᠭ᠋ᠠᠲᠤᠷᠴᠤᠳ᠎ᠢ ᠳᠤᠷᠠᠰᠬᠠᠬᠤ ᠪᠡᠯᠡᠳᠬᠡᠮᠵᠢ ᠵᠢᠨ ᠬᠠᠮᠢᠶᠠᠷᠤᠯᠲᠠ ᠬᠠᠮᠠᠭ᠋ᠠᠯᠠᠯᠲᠠ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ᠎ᠢ ᠰᠠᠶ᠋ᠢᠲᠤᠷ ᠬᠢᠨ᠎ᠠ᠃ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢᠨ ᠦᠢ᠍ᠯᠡ ᠠᠵᠢᠯᠯᠠᠭ᠎ᠠ ᠵᠢ ᠳ᠋ᠦᠩᠨᠡᠨ ᠰᠠᠶ᠋ᠢᠰᠢᠶᠠᠨ  ᠤᠬᠠᠭᠤᠯᠤᠨ᠎ᠠ᠃
      (ᠨᠠᠢ᠍ᠮᠠ) ᠴᠡᠷᠢᠭ᠎ᠠᠴᠠ ᠬᠠᠯᠠᠭᠳᠠᠭᠰᠠᠳ᠎ᠤᠨ ᠡᠷᠬᠡ ᠠᠰᠢᠭ᠎ᠢ ᠬᠠᠮᠠᠭ᠋ᠠᠯᠠᠬᠤ ᠪᠠ ᠬᠠᠪᠰᠤᠷᠤᠨ ᠲᠡᠳᠬᠦᠵᠦ ᠲᠤᠰᠠᠯᠠᠬᠤ ᠠᠵᠢᠯ᠎ᠢ ᠥᠷᠨᠢᠭᠦᠯᠦᠨ᠎ᠡ᠃


 

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ