ᠪᠠᠶᠠᠨᠨᠠᠭᠤᠷ ᠬᠣᠲᠠ ᠵᠢᠨ ᠵᠠᠬᠢᠳᠠᠯ ᠰᠤᠷᠪᠤᠯᠵᠢᠯᠠᠭ᠎ᠠ ᠵᠢᠨ ᠲᠣᠪᠴᠢᠶ᠎ᠠ
ᠨᠡᠶ᠋ᠢᠲᠡᠯᠡᠭᠰᠡᠨ ᠴᠠᠭ᠄ 2023-04-13
ᠭᠣᠣᠯ ᠡᠭᠦᠷᠭᠡ ᠬᠠᠷᠢᠭᠤᠴᠠᠯᠭ᠎ᠠ᠄
(ᠨᠢᠭᠡ) ᠡᠯ᠎ᠡ ᠬᠣᠰᠢᠭᠤ ᠰᠢᠶᠠᠨ ᠲᠣᠭᠣᠷᠢᠭ ᠡᠯ᠎ᠡ ᠰᠠᠯᠠᠭ᠎ᠠ ᠮᠥᠴᠢᠷ᠎ᠤᠨ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠢ ᠵᠣᠬᠢᠴᠠᠭᠤᠯᠤᠨ ᠵᠢᠯᠣᠭᠣᠳᠬᠤ ᠵᠢ ᠬᠠᠷᠢᠭᠤᠴᠠᠨ᠎ᠠ᠃
(ᠬᠣᠶᠠᠷ) ᠬᠣᠲᠠ ᠵᠢᠨ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠤᠨ ᠬᠠᠮᠲᠤᠷᠠᠭᠰᠠᠨ ᠬᠤᠷᠠᠯᠳᠤᠭ᠋ᠠᠨ᠎ᠤ ᠠᠯᠪᠠᠨ ᠭᠡᠷ᠎ᠤᠨ ᠡᠳᠦᠷ ᠲᠤᠲᠤᠮ᠎ᠤᠨ ᠠᠵᠢᠯ᠎ᠢ ᠬᠠᠷᠢᠭᠤᠴᠠᠵᠤ᠂ ᠬᠣᠲᠠ ᠵᠢᠨ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠤᠨ ᠬᠠᠮᠲᠤᠷᠠᠭᠰᠠᠨ ᠬᠤᠷᠠᠯᠳᠤᠭ᠋ᠠᠨ᠎ᠤ ᠲᠣᠭᠲᠠᠭ᠋ᠠᠭᠰᠠᠨ ᠵᠦᠢ᠍ᠯᠡᠰ᠎ᠤᠨ ᠨᠠᠶ᠋ᠢᠳᠠᠪᠤᠷᠢᠵᠢᠭᠤᠯᠤᠯᠲᠠ ᠵᠢ ᠰᠢᠪᠠᠳᠠᠨ ᠪᠠᠶ᠋ᠢᠴᠠᠭ᠋ᠠᠨ᠎ᠠ᠃
(ᠭᠤᠷᠪᠠ) ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠂ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠢᠴᠢ ᠤᠳᠤᠷᠢᠳᠬᠤ ᠨᠥᠬᠥᠳ᠎ᠤᠨ ᠲᠤᠰᠢᠶᠠᠨ ᠰᠢᠢ᠍ᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠳᠠᠭ᠋ᠠᠭ᠋ᠠᠨ ᠰᠢᠢ᠍ᠳᠪᠦᠷᠢᠯᠡᠨ᠎ᠡ᠃ ᠠᠷᠠᠳ ᠢᠷᠭᠡᠨ᠂ ᠬᠠᠤᠯᠢ ᠵᠢᠨ ᠬᠥᠮᠦᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠬᠦᠯᠢᠶᠡᠨ ᠠᠪᠬᠤ ᠪᠠ ᠰᠢᠢ᠍ᠳᠪᠦᠷᠢᠯᠡᠬᠦ ᠠᠵᠢᠯ᠎ᠢ ᠬᠠᠷᠢᠭᠤᠴᠠᠨ᠎ᠠ᠃ ᠠᠷᠠᠳ ᠤᠯᠠᠨ᠎ᠤ ᠰᠠᠨᠠᠯ ᠰᠠᠨᠠᠭᠤᠯᠭ᠎ᠠ ᠵᠢ ᠴᠤᠭᠯᠠᠭᠤᠯᠤᠨ᠎ᠠ᠃
(ᠳᠥᠷᠪᠡ) ᠡᠯ᠎ᠡ ᠬᠣᠰᠢᠭᠤ ᠰᠢᠶᠠᠨ ᠲᠣᠭᠣᠷᠢᠭ᠎ᠤᠨ ᠡᠯ᠎ᠡ ᠰᠠᠯᠠᠭ᠎ᠠ ᠮᠥᠴᠢᠷ᠎ᠲᠤ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠰᠢᠯᠵᠢᠭᠦᠯᠦᠨ ᠰᠢᠢ᠍ᠳᠪᠦᠷᠢᠯᠡᠭᠦᠯᠬᠦ᠂ ᠲᠤᠰᠢᠶᠠᠨ ᠰᠢᠢ᠍ᠳᠪᠦᠷᠢᠯᠡᠭᠦᠯᠬᠦ ᠵᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠰᠢᠢ᠍ᠳᠪᠦᠷᠢᠯᠡᠭᠰᠡᠨ ᠪᠠ ᠵᠠᠬᠢᠳᠠᠯ ᠰᠤᠷᠪᠤᠯᠵᠢᠯᠠᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠰᠢᠮᠳᠠᠭᠤᠯᠤᠨ ᠪᠠᠶ᠋ᠢᠴᠠᠭ᠋ᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠵᠣᠬᠢᠴᠠᠭᠤᠯᠤᠨ ᠰᠢᠪᠠᠳᠠᠵᠤ ᠰᠢᠢ᠍ᠳᠪᠦᠷᠢᠯᠡᠬᠦ ᠵᠢ ᠬᠠᠷᠢᠭᠤᠴᠠᠨ᠎ᠠ᠃
(ᠲᠠᠪᠤ) ᠵᠠᠬᠢᠳᠠᠯ ᠰᠤᠷᠪᠤᠯᠵᠢᠯᠠᠭ᠎ᠠ ᠵᠢᠨ ᠠᠰᠠᠭᠤᠳᠠᠯ᠎ᠢ ᠵᠢᠭᠰᠠᠭ᠋ᠠᠨ ᠪᠠᠶ᠋ᠢᠴᠠᠭ᠋ᠠᠵᠤ ᠠᠷᠢᠯᠭ᠋ᠠᠬᠤ ᠳᠦᠷᠢᠮ᠎ᠢ ᠲᠣᠭᠲᠠᠭ᠋ᠠᠬᠤ ᠪᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠵᠢᠨ ᠪᠠᠶ᠋ᠢᠳᠠᠯ᠎ᠢ ᠵᠠᠳᠠᠯᠵᠤ᠂ ᠲᠤᠷᠰᠢᠯᠭ᠎ᠠ ᠪᠠ ᠠᠷᠭ᠎ᠠ ᠬᠢᠳᠡᠯ᠎ᠢ ᠳ᠋ᠦᠩᠨᠡᠨ᠂ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠬᠣᠯᠪᠣᠭᠳᠠᠯ ᠪᠦᠬᠦᠢ ᠰᠠᠨᠠᠯ ᠪᠠ ᠰᠠᠨᠠᠭᠤᠯᠭ᠎ᠠ ᠳᠤᠷᠠᠳᠬᠤ ᠵᠢ ᠬᠠᠷᠢᠭᠤᠴᠠᠨ᠎ᠠ᠃
(ᠵᠢᠷᠭᠤᠭ᠎ᠠ) ᠵᠠᠬᠢᠳᠠᠯ ᠰᠤᠷᠪᠤᠯᠵᠢᠯᠠᠭ᠎ᠠ ᠵᠢᠨ ᠥᠭᠡᠷᠡᠴᠢᠯᠡᠯᠲᠡ ᠵᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠵᠢᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠪᠣᠳᠠᠲᠤ ᠪᠠᠶ᠋ᠢᠳᠠᠯ᠎ᠢ ᠦᠨᠳᠦᠰᠦᠯᠡᠨ ᠬᠣᠯᠪᠣᠭᠳᠠᠯ ᠪᠦᠬᠦᠢ ᠠᠵᠢᠯ᠎ᠤᠨ ᠠᠷᠭ᠎ᠠ ᠵᠢ ᠲᠣᠭᠲᠠᠭ᠋ᠠᠨ᠎ᠠ᠃ ᠪᠦᠬᠦ ᠬᠣᠲᠠ ᠵᠢᠨ ᠵᠠᠬᠢᠳᠠᠯ ᠰᠤᠷᠪᠤᠯᠵᠢᠯᠠᠭ᠎ᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ ᠵᠢᠯᠣᠭᠣᠳᠤᠨ᠎ᠠ᠃
(ᠳᠣᠯᠣᠭ᠎ᠠ) ᠪᠦᠬᠦ ᠬᠣᠲᠠ ᠵᠢᠨ ᠵᠠᠬᠢᠳᠠᠯ ᠰᠤᠷᠪᠤᠯᠵᠢᠯᠠᠭ᠎ᠠ ᠵᠢᠨ ᠰᠠᠯᠠᠭ᠎ᠠ ᠮᠥᠴᠢᠷ᠎ᠤᠨ ᠡᠩᠨᠡᠭᠡᠨ᠎ᠤ ᠪᠠᠶ᠋ᠢᠭᠤᠯᠤᠯᠲᠠ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠠ ᠪᠣᠯᠪᠠᠰᠤᠷᠠᠭᠤᠯᠤᠯ᠎ᠤᠨ ᠠᠵᠢᠯ᠎ᠢ ᠬᠠᠷᠢᠭᠤᠴᠠᠨ ᠵᠢᠯᠣᠭᠣᠳᠤᠨ᠎ᠠ᠃
(ᠨᠠᠢ᠍ᠮᠠ) ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠤᠨ ᠤᠬᠠᠭᠤᠯᠭ᠎ᠠ᠂ ᠮᠡᠳᠡᠭᠡ ᠵᠠᠩᠭᠢ ᠨᠡᠶ᠋ᠢᠲᠡᠯᠡᠬᠦ ᠪᠠ ᠭᠠᠳᠠᠭ᠋ᠠᠳᠤ ᠰᠣᠯᠢᠯᠴᠠᠭ᠎ᠠ ᠵᠢ ᠵᠣᠬᠢᠴᠠᠭᠤᠯᠤᠨ᠎ᠠ᠃
(ᠶᠢᠰᠦ) ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠳᠠᠭ᠋ᠠᠭ᠋ᠠᠯᠭ᠋ᠠᠭᠰᠠᠨ ᠪᠤᠰᠤᠳ ᠠᠵᠢᠯ᠎ᠤᠨ ᠡᠭᠦᠷᠭᠡ ᠵᠢ ᠪᠡᠶᠡᠯᠡᠭᠦᠯᠦᠨ᠎ᠡ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ