ᠳ᠋ᠸᠩᠺᠸᠥ ᠰᠢᠶᠠᠨ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ
ᠨᠡᠶ᠋ᠢᠲᠡᠯᠡᠭᠰᠡᠨ ᠴᠠᠭ᠄ 2024-09-13
ᠭᠤᠣᠯ ᠡᠭᠦᠷᠭᠡ ᠬᠠᠷᠢᠭᠤᠴᠠᠯᠭ᠎ᠠ
1. ᠵᠠᠮ ᠲᠡᠭᠡᠭᠡᠪᠦᠷᠢ ᠵᠢᠨ ᠲᠤᠬᠠᠶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ᠂ ᠪᠠᠷᠢᠮᠵᠢᠶ᠎ᠠ ᠪᠣᠯᠤᠨ ᠲᠥᠯᠥᠪᠵᠢᠭᠦᠯᠭᠡ ᠵᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ᠎ᠤ ᠵᠠᠰᠠᠮᠠᠯ ᠵᠠᠮ ᠤᠰᠤᠨ ᠵᠠᠮ᠎ᠤᠨ ᠬᠠᠮᠢᠶ᠎ᠠ ᠪᠦᠬᠦᠢ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠬᠥᠭᠵᠢᠯᠲᠡ ᠵᠢᠨ ᠲᠥᠯᠥᠪᠵᠢᠭᠦᠯᠭᠡ ᠵᠢ ᠲᠣᠭᠲᠠᠭ᠋ᠠᠵᠤ᠂ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠲᠣᠭᠲᠠᠭ᠋ᠠᠬᠤ᠎ᠳᠤ ᠣᠷᠣᠯᠴᠠᠨ᠎ᠠ᠃ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ᠎ᠢ ᠡᠭᠦᠷᠭᠡᠯᠡᠨ᠎ᠡ᠃
2. ᠪᠦᠬᠦ ᠰᠢᠶᠠᠨ᠎ᠤ ᠵᠠᠰᠠᠮᠠᠯ ᠵᠠᠮ ᠤᠰᠤᠨ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠬᠢᠨᠠᠨ ᠵᠢᠯᠣᠭᠤᠳᠤᠨ᠎ᠠ᠃ ᠬᠠᠮᠢᠶ᠎ᠠ ᠪᠦᠬᠦᠢ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠂ ᠪᠡᠯᠡ ᠮᠥᠩᠭᠦ ᠵᠢᠴᠢ ᠡᠳ᠋᠎ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ ᠲᠣᠬᠢᠷᠠᠭᠤᠯᠭ᠎ᠠ ᠵᠡᠷᠭᠡ ᠲᠠᠯ᠎ᠠ᠎ᠳᠤ ᠬᠤᠯᠪᠣᠭᠳᠠᠬᠤ ᠪᠤᠰᠤᠳ ᠰᠠᠨᠠᠭᠤᠯᠭ᠎ᠠ ᠵᠢ ᠳᠤᠷᠠᠳᠴᠤ᠂ ᠬᠠᠮᠢᠶ᠎ᠠ ᠪᠦᠬᠦᠢ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠬᠠᠷᠭᠤᠭᠤᠯᠵᠤ᠂ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠲᠦᠭᠰᠢᠭᠦᠷᠢ ᠵᠢ ᠰᠡᠷᠭᠡᠶ᠋ᠢᠯᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠮᠡᠷᠭᠡᠵᠢᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
3. ᠪᠥᠬᠦ ᠰᠢᠶᠠᠨ᠎ᠤ ᠵᠠᠰᠠᠮᠠᠯ ᠵᠠᠮ ᠤᠰᠤᠨ ᠵᠠᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠠᠵᠢᠯ᠎ᠢ ᠬᠢᠨᠠᠨ ᠵᠢᠯᠣᠭᠤᠳᠤᠨ᠎ᠠ᠃ ᠲᠣᠭᠲᠠᠭ᠋ᠠᠭᠰᠠᠨ ᠡᠷᠬᠡ ᠮᠡᠳᠡᠯ ᠶᠣᠰᠣᠭ᠋ᠠᠷ ᠬᠡᠮᠵᠢᠶ᠎ᠡ᠎ᠠᠴᠠ ᠬᠡᠲᠦᠷᠡᠲᠡᠯ᠎ᠡ ᠲᠡᠭᠡᠭᠡᠪᠦᠷᠢᠯᠡᠬᠦ᠂ ᠵᠠᠮ᠎ᠳᠤ ᠬᠤᠯᠪᠣᠭᠳᠠᠬᠤ ᠪᠠᠷᠢᠯᠭ᠎ᠠ ᠪᠠ ᠰᠦᠢ᠌ᠳᠭᠡᠯ ᠬᠤᠷᠢᠶᠠᠬᠤ ᠵᠠᠰᠠᠮᠠᠯ ᠵᠠᠮ᠎ᠤᠨ ᠬᠠᠮᠢᠶ᠎ᠠ ᠪᠥᠬᠦᠶ ᠵᠦᠢ᠌ᠯᠡᠰᠢ ᠬᠠᠮᠢᠶᠠᠷᠴᠤ᠂ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ᠂ ᠵᠠᠮ᠎ᠤᠨ ᠶᠠᠪᠤᠳᠠᠯ᠂ ᠡᠵᠡᠩᠨᠡᠯᠲᠡ ᠵᠢᠨ ᠦᠢ᠌ᠯᠡᠴᠢᠯᠡᠭᠡ ᠵᠡᠷᠭᠡ ᠠᠵᠢᠯ᠎ᠢ ᠵᠢᠯᠣᠭᠤᠳᠤᠨ᠎ᠠ᠃ ᠰᠢᠶᠠᠨ ᠰᠢᠶᠠᠩ᠎ᠤᠨ ᠵᠠᠰᠠᠮᠠᠯ ᠵᠠᠮ᠂ ᠬᠥᠳᠡᠭᠡ ᠲᠣᠰᠬᠤᠨ᠎ᠤ ᠵᠠᠰᠠᠮᠠᠯ ᠵᠠᠮ᠎ᠤᠨ ᠬᠠᠮᠢᠶ᠎ᠠ ᠪᠦᠬᠦᠢ ᠠᠵᠢᠯ᠎ᠢ ᠳᠠᠭ᠋ᠠᠭ᠋ᠠᠨ ᠡᠷᠬᠢᠯᠡᠨ᠎ᠡ᠃
4. ᠪᠥᠬᠦ ᠰᠢᠶᠠᠨ᠎ᠤ ᠵᠠᠰᠠᠮᠠᠯ ᠵᠠᠮ ᠤᠰᠤᠨ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠠᠵᠢᠯ᠎ᠳᠤ ᠬᠢᠨᠠᠯᠲᠠ ᠲᠠᠯᠪᠢᠨ ᠵᠢᠯᠣᠭᠤᠳᠴᠤ᠂ ᠲᠣᠭᠲᠠᠭ᠋ᠠᠭᠰᠠᠨ ᠡᠷᠬᠡ ᠵᠢᠨ ᠬᠢᠵᠠᠭ᠋ᠠᠷ ᠶᠣᠰᠣᠭ᠋ᠠᠷ ᠵᠠᠰᠠᠮᠠᠯ ᠵᠠᠮ ᠤᠰᠤᠨ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠌ᠯᠤᠨ ᠵᠢᠷᠤᠭ ᠲᠥᠯᠥᠪᠯᠡᠭᠡ ᠵᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠵᠢᠨ ᠪᠠᠶ᠋ᠢᠭᠤᠯᠤᠭᠰᠠᠨ ᠦᠨ᠎ᠡ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠠᠵᠢᠯ ᠡᠷᠭᠢᠯᠡᠬᠦ ᠬᠢᠷᠢ ᠬᠡᠮ᠂ ᠶᠠᠰᠤ ᠴᠢᠨᠠᠷ᠎ᠲᠤ ᠬᠢᠨᠠᠯᠲᠠ ᠲᠠᠯᠪᠢᠬᠤ᠂ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
5. ᠪᠥᠬᠦ ᠰᠢᠶᠠᠨ᠎ᠤ ᠵᠠᠰᠠᠮᠠᠯ ᠵᠠᠮ ᠤᠰᠤᠨ ᠵᠠᠮ᠎ᠤᠨ ᠲᠡᠭᠡᠭᠡᠪᠦᠷᠢ ᠵᠢᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠠᠵᠢᠯ᠎ᠢ ᠬᠢᠨᠠᠨ ᠵᠢᠯᠣᠭᠤᠳᠤᠨ᠎ᠠ᠃ ᠲᠣᠭᠲᠠᠭ᠋ᠠᠭᠰᠠᠨ ᠡᠷᠬᠡ ᠮᠡᠳᠡᠯ ᠵᠶ᠋ᠠᠷ ᠵᠶ᠋ᠠᠨ ᠵᠠᠮ ᠤᠰᠤᠨ ᠵᠠᠮ ᠲᠡᠭᠡᠭᠡᠪᠦᠷᠢ ᠵᠢᠨ ᠵᠠᠬ᠎ᠠ ᠳᠡᠯᠭᠡᠭᠦᠷ᠎ᠤᠨ ᠵᠥᠪᠰᠢᠶᠡᠷᠡᠯ᠎ᠤᠨ ᠠᠵᠢᠯ᠎ᠢ ᠬᠠᠷᠢᠭᠤᠴᠠᠨ᠎ᠠ᠃ ᠬᠤᠲᠠ ᠵᠢᠨ ᠨᠡᠶ᠋ᠢᠲᠡ ᠵᠢᠨ ᠮᠠᠰᠢᠨ ᠲᠡᠷᠭᠡᠨ᠎ᠤ ᠬᠠᠮᠢᠶᠠᠷᠤᠯᠲᠠ ᠵᠢ ᠵᠢᠯᠣᠭᠤᠳᠤᠨ᠎ᠠ᠃ ᠭᠠᠷᠠᠮ᠎ᠢ ᠠᠷᠠᠴᠢᠯᠠᠨ ᠬᠠᠮᠠᠭ᠋ᠠᠯᠠᠬᠤ ᠵᠢ ᠵᠢᠯᠣᠭᠤᠳᠴᠤ᠂ ᠣᠩᠭᠤᠴᠠ ᠰᠠᠯ ᠳᠠᠩᠰᠠᠯᠠᠬᠤ᠂ ᠰᠢᠯᠭ᠋ᠠᠨ ᠪᠠᠶ᠋ᠢᠴᠠᠭ᠋ᠠᠬᠤ ᠪᠠ ᠣᠩᠭᠤᠴᠠᠴᠢᠨᠤ ᠬᠠᠮᠢᠶᠠᠷᠤᠯᠲᠠ ᠵᠢ ᠵᠢᠯᠣᠭᠤᠳᠤᠨ᠎ᠠ᠃ ᠤᠰᠤᠨ ᠳᠡᠭᠡᠷᠡᠬᠢ ᠵᠠᠮ ᠬᠠᠷᠢᠯᠴᠠᠭ᠎ᠠ ᠵᠢ ᠵᠠᠬᠢᠷᠤᠨ ᠬᠠᠮᠢᠶᠠᠷᠬᠤ᠂ ᠴᠢᠮᠡᠭᠡ ᠬᠤᠯᠪᠣᠭ᠎ᠠ᠎ᠪᠠᠷ ᠵᠠᠮᠴᠢᠯᠠᠬᠤ ᠵᠡᠷᠭᠡ ᠠᠵᠢᠯ᠎ᠢ ᠵᠢᠯᠣᠭᠤᠳᠤᠨ᠎ᠠ᠃ ᠵᠢᠭ᠋ᠠᠰᠤᠨ ᠣᠩᠭᠤᠴᠠ ᠵᠢ ᠰᠢᠯᠭ᠋ᠠᠨ ᠪᠠᠶ᠋ᠢᠴᠠᠭ᠋ᠠᠬᠤ ᠪᠠ ᠬᠢᠨᠠᠨ ᠬᠠᠮᠢᠶᠠᠷᠬᠤ ᠵᠢ ᠵᠢᠯᠣᠭᠤᠳᠤᠨ᠎ᠠ᠃
6. ᠪᠦᠬᠦ ᠰᠢᠶᠠᠨ᠎ᠤ ᠵᠠᠰᠠᠮᠠᠯ ᠵᠠᠮ ᠤᠰᠤᠨ ᠵᠠᠮ᠎ᠤᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠠᠵᠢᠯ᠎ᠢ ᠬᠢᠨᠠᠨ ᠵᠢᠯᠣᠭᠤᠳᠤᠨ᠎ᠠ᠃ ᠵᠠᠰᠠᠮᠠᠯ ᠵᠠᠮ ᠤᠰᠤᠨ ᠵᠠᠮ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠳᠦᠷᠢᠮ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠥᠬᠦᠶ ᠵᠠᠮ᠎ᠤᠨ ᠲᠣᠤᠷ᠎ᠤᠨ ᠠᠵᠢᠯᠯᠠᠭ᠋ᠠᠨ᠎ᠤ ᠪᠠᠶ᠋ᠢᠳᠠᠯ᠎ᠢ ᠬᠢᠨᠠᠨ ᠬᠡᠮᠵᠢᠵᠦ ᠵᠠᠳᠠᠯᠵᠤ᠂ ᠬᠠᠮᠢᠶ᠎ᠠ ᠪᠥᠬᠦᠶ ᠮᠡᠳᠡᠭᠡ ᠵᠠᠩᠭᠢ ᠵᠢ ᠨᠡᠶ᠋ᠢᠲᠡᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶ᠎ᠠ ᠪᠦᠬᠦᠢ ᠡᠨᠳᠡᠯ᠎ᠢ ᠪᠠᠶ᠋ᠢᠴᠠᠭ᠋ᠠᠨ ᠰᠢᠢ᠍ᠳᠪᠥᠷᠢᠯᠡᠬᠥ ᠵᠢ ᠬᠠᠤᠯᠢ ᠶᠣᠰᠣᠭ᠋ᠠᠷ ᠵᠣᠬᠢᠶᠠᠨ ᠪᠠᠶ᠋ᠢᠭᠤᠯᠬᠤ ᠪᠤᠶᠤ ᠲᠡᠭᠦᠨ᠎ᠳᠤ ᠣᠷᠣᠯᠴᠠᠨ᠎ᠠ᠃
7᠂ ᠪᠦᠬᠦ ᠰᠢᠶᠠᠨ᠎ᠤ ᠵᠠᠰᠠᠮᠠᠯ ᠵᠠᠮ ᠤᠰᠤᠨ ᠵᠠᠮ᠎ᠤᠨ ᠠᠵᠢᠯ ᠲᠥᠷᠥᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠢᠨᠠᠨ ᠵᠢᠯᠣᠭᠤᠳᠤᠨ᠎ᠠ᠃ ᠲᠣᠭᠲᠠᠭᠰᠠᠨ ᠬᠠᠷᠢᠶᠠᠯᠠᠯ᠎ᠤᠨ ᠬᠡᠷᠡᠭ᠎ᠢ ᠬᠦᠯᠢᠶᠡᠨ ᠠᠪᠴᠤ ᠰᠢᠢ᠍ᠳᠪᠦᠷᠢᠯᠡᠨ᠎ᠡ᠃
8. ᠪᠥᠬᠦ ᠰᠢᠶᠠᠨ᠎ᠤ ᠵᠠᠰᠠᠮᠠᠯ ᠵᠠᠮ ᠤᠰᠤᠨ ᠵᠠᠮ᠎ᠤᠨ ᠠᠵᠢᠯ ᠲᠥᠷᠥᠯ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠡᠨᠧᠷᠭᠢ ᠠᠷᠪᠢᠯᠠᠬᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠳᠤ ᠬᠢᠨᠠᠯᠲᠠ ᠲᠠᠯᠪᠢᠨ᠎ᠠ᠃
9. ᠪᠦᠬᠦ ᠰᠢᠶᠠᠨ᠎ᠤ ᠵᠠᠰᠠᠮᠠᠯ ᠵᠠᠮ ᠤᠰᠤᠨ ᠵᠠᠮ᠎ᠤᠨ ᠠᠵᠢᠯ ᠲᠥᠷᠥᠯ᠎ᠤᠨ ᠥᠭᠡᠷᠡᠴᠢᠯᠡᠯᠲᠡ ᠵᠢᠨ ᠠᠵᠢᠯ ᠪᠠ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠥᠷᠨᠢᠭᠦᠯᠦᠨ᠎ᠡ᠃
10. ᠰᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
11 . ᠬᠣᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠃
ᠢᠷᠡᠯᠲᠡ᠄ ᠳ᠋ᠸᠩᠺᠸᠦ ᠰᠢᠶᠠᠨ᠎ᠤ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ