ᠢᠯᠡ ᠵᠠᠰᠠᠭ   -   ᠪᠠᠶ᠋ᠢᠭᠤᠯᠤᠮᠵᠢ

ᠳ᠋ᠸᠩᠺᠸᠦ ᠰᠢᠶᠠᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ

ᠨᠡᠶ᠋ᠢᠲᠡᠯᠡᠭᠰᠡᠨ ᠴᠠᠭ᠄   2024-03-26

      ᠭᠣᠣᠯ ᠡᠭᠦᠷᠭᠡ ᠬᠠᠷᠢᠭᠤᠴᠠᠯᠭ᠎ᠠ
      (ᠨᠢᠭᠡ) ᠰᠢᠶᠠᠨ᠎ᠤ ᠨᠠᠮ᠎ᠤᠨ ᠬᠣᠷᠢᠶ᠎ᠠ᠂ ᠰᠢᠶᠠᠨ᠎ᠤ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠡᠷᠭᠡ ᠠᠵᠢᠯ᠎ᠢ ᠬᠠᠷᠢᠭᠤᠴᠠᠨ᠎ᠠ᠃ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠂ ᠠᠵᠢᠯ᠎ᠤᠨ ᠲᠥᠯᠥᠪᠯᠡᠭᠡ᠂ ᠪᠠᠷᠢᠮᠵᠢᠶ᠎ᠠ ᠵᠢᠷᠤᠮᠵᠢᠯ᠂ ᠲᠥᠬᠥᠷ ᠲᠦᠷᠢᠮ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
      (ᠬᠣᠶᠠᠷ) ᠰᠢᠶᠠᠨ᠎ᠤ ᠨᠠᠮ᠎ᠤᠨ ᠬᠣᠷᠢᠶ᠎ᠠ᠂ ᠰᠢᠶᠠᠨ᠎ᠤ ᠵᠠᠰᠠᠭ᠎ᠤᠨ ᠣᠷᠳᠣᠨ᠎ᠤ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠬᠤ ᠪᠠ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠠᠬᠢᠭᠤᠯᠬᠤ ᠵᠣᠬᠢᠴᠠᠭᠤᠯᠬᠤ ᠳᠤᠭᠤᠶ᠋ᠢᠯᠠᠩ᠎ᠤᠨ ᠠᠯᠪᠠᠨ ᠬᠡᠷ᠎ᠤᠨ ᠡᠳᠦᠷ ᠲᠤᠲᠤᠮ᠎ᠤᠨ ᠠᠵᠢᠯ᠎ᠢ ᠡᠭᠦᠷᠭᠡᠯᠡᠵᠦ᠂ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠠᠵᠢᠯ᠎ᠢ ᠵᠣᠬᠢᠴᠠᠭᠤᠯᠤᠨ ᠠᠬᠢᠭᠤᠯᠵᠤ᠂ ᠴᠢᠬᠤᠯᠠ ᠶᠡᠬᠡ ᠠᠰᠠᠭᠤᠳᠠᠯ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ ᠬᠠᠮᠢᠶ᠎ᠠ ᠪᠥᠬᠥᠶ ᠠᠵᠢᠯ᠎ᠳᠤ ᠰᠠᠨᠠᠭᠤᠯᠭ᠎ᠠ ᠳᠤᠷᠠᠳᠤᠨ᠎ᠠ᠃
      (ᠭᠤᠷᠪᠠ) ᠪᠦᠬᠦ ᠰᠢᠶᠠᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠢ ᠵᠢᠯᠣᠭᠣᠳᠤᠨ᠎ᠠ᠃ ᠪᠥᠬᠥ ᠰᠢᠶᠠᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠳᠦᠷ ᠲᠤᠲᠤᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠲᠦᠷᠢᠮ᠎ᠢ ᠲᠤᠭᠤᠷᠪᠢᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠪᠥᠬᠥ ᠰᠢᠶᠠᠨ᠎ᠤ ᠵᠠᠰᠠᠭ ᠵᠠᠬᠢᠷᠭ᠋ᠠᠨ᠎ᠤ ᠡᠷᠬᠡ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯᠡᠰ᠎ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶ᠋ᠢᠭᠤᠯᠤᠯᠲᠠ ᠵᠢᠴᠢ ᠬᠡᠷᠡᠭᠯᠡᠭᠡᠨ᠎ᠤ ᠠᠵᠢᠯ᠎ᠢ ᠬᠠᠷᠢᠭᠤᠴᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠤᠪᠤᠷᠠᠯ᠎ᠢ ᠴᠣᠮᠬᠠᠳᠬᠠᠨ ᠰᠢᠯᠢᠳᠡᠭᠵᠢᠭᠦᠯᠵᠦ᠂ ᠨᠢᠭᠡᠳᠦᠯᠲᠡᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠤᠨ᠎ᠠ᠃
      (ᠳᠥᠷᠪᠡ) ᠪᠦᠬᠦ ᠰᠢᠶᠠᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠬᠠᠷᠢᠭᠤᠴᠠᠨ᠎ᠠ᠃ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ᠂ ᠰᠢᠶᠠᠨ᠎ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ ᠥᠷᠨᠢᠭᠦᠯᠬᠦ ᠵᠢ ᠵᠢᠯᠣᠭᠣᠳᠴᠤ᠂  ᠵᠣᠬᠢᠴᠠᠭᠤᠯᠵᠤ᠂ ᠬᠢᠨᠠᠯᠲᠠ ᠲᠠᠯᠪᠢᠨ᠎ᠠ᠃
      (ᠲᠠᠪᠤ) ᠰᠢᠶᠠᠨ᠎ᠤ ᠲᠣᠰ ᠱᠠᠲᠤᠨ᠎ᠤ ᠪᠣᠳᠠᠲᠤ ᠴᠣᠭᠴᠠᠲᠤ ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠤᠨ ᠠᠵᠢᠯᠯᠠᠭ᠎ᠠ ᠬᠠᠮᠢᠶᠠᠷᠤᠯᠲᠠ ᠵᠢ ᠵᠢᠯᠣᠭᠣᠳᠤᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠭᠦᠢ᠍ᠴᠡᠳᠬᠡᠬᠦ ᠵᠢ ᠵᠣᠬᠢᠶᠠᠨ ᠪᠠᠶ᠋ᠢᠭᠤᠯᠤᠨ ᠵᠣᠬᠢᠴᠠᠭᠤᠯᠵᠤ᠂ ᠬᠢᠨᠠᠯᠲᠠ ᠲᠠᠯᠪᠢᠵᠤ ᠬᠠᠮᠢᠶᠠᠷᠤᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠦᠨᠡᠯᠡᠨ ᠵᠢᠱ᠌ᠢᠬᠦ ᠠᠵᠢᠯ᠎ᠢ ᠬᠠᠷᠢᠭᠤᠴᠠᠨ ᠥᠷᠨᠢᠭᠦᠯᠦᠨ᠎ᠡ᠃
      (ᠵᠢᠷᠭᠤᠭ᠎ᠠ) ᠪᠥᠬᠥ ᠰᠢᠶᠠᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠠ ᠣᠨ᠎ᠤ ᠬᠢᠨᠠᠨ ᠰᠢᠯᠭ᠋ᠠᠯᠲᠠ ᠵᠢᠨ ᠠᠵᠢᠯ᠎ᠢ ᠬᠠᠷᠢᠭᠤᠴᠠᠨ᠎ᠠ᠃ ᠬᠣᠯᠪᠣᠭᠳᠠᠯ ᠪᠥᠬᠥᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢᠨ ᠯᠠᠪᠯᠠᠭ᠎ᠠ᠂ ᠵᠠᠭ᠋ᠠᠯᠳᠤᠯᠭ᠎ᠠ᠂ ᠰᠠᠨᠠᠭᠤᠯᠭ᠎ᠠ ᠵᠢᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃
      (ᠳᠣᠯᠣᠭ᠎ᠠ) ᠳ᠋ᠸᠩᠺᠸᠦ ᠰᠢᠶᠠᠨ᠎ᠤ 《ᠢᠨᠲᠸᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ 《ᠢᠨᠲᠸᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠬᠡᠷᠡᠭᠯᠡᠯᠲᠡ ᠵᠢ ᠠᠬᠢᠭᠤᠯᠤᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠯᠧᠺᠲᠷᠣᠨ ᠬᠢᠨᠠᠨ ᠪᠠᠶ᠋ᠢᠴᠠᠭ᠋ᠠᠯᠲᠠ ᠵᠢ ᠬᠡᠷᠡᠭᠵᠢᠭᠦᠯᠦᠨ᠎ᠡ᠃
      (ᠨᠠᠢ᠍ᠮᠠ) ᠰᠢᠶᠠᠨ᠎ᠤ ᠨᠠᠮ᠎ᠤᠨ ᠬᠣᠷᠢᠶ᠎ᠠ᠂ ᠰᠢᠶᠠᠨ᠎ᠤ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ᠎ᠨᠦᠭᠦᠳ᠎ᠢ ᠪᠡᠶᠡᠯᠡᠭᠦᠯᠦᠨ᠎ᠡ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ