ᠳ᠋ᠸᠡᠭᠺᠸᠤ ᠰᠢᠶᠠᠨ᠎ᠤ ᠤᠰᠤᠨ ᠠᠰᠢᠭᠯᠠᠯᠲᠠ ᠵᠢᠨ ᠲᠣᠪᠴᠢᠶ᠎ᠠ
ᠨᠡᠶ᠋ᠢᠲᠡᠯᠡᠭᠰᠡᠨ ᠴᠠᠭ᠄ 2024-03-26
ᠭᠣᠣᠯ ᠡᠭᠦᠷᠭᠡ ᠬᠠᠷᠢᠭᠤᠴᠠᠯᠭ᠎ᠠ
ᠨᠢᠭᠡ᠎ᠳᠤ ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠶ᠎ᠪᠠᠷ ᠨᠡᠭᠡᠭᠡᠨ ᠠᠰᠢᠭᠯᠠᠬᠤ ᠵᠢ ᠪᠠᠲᠤᠯᠠᠬᠤ ᠵᠢ ᠬᠠᠷᠢᠭᠤᠴᠠᠵᠤ᠂ ᠪᠦᠬᠦ ᠰᠢᠶᠠᠨ᠎ᠤ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠪᠠ ᠲᠦᠷᠦ ᠵᠢᠨ ᠪᠤᠳᠤᠯᠭ᠎ᠠ᠂ ᠬᠥᠭᠵᠢᠯᠲᠡ ᠵᠢᠨ ᠲᠥᠯᠥᠪᠵᠢᠭᠦᠯᠭᠡ ᠪᠠ ᠣᠨ᠎ᠤ ᠲᠥᠯᠥᠪᠯᠡᠭᠡ ᠵᠢ ᠲᠤᠭᠤᠷᠪᠢᠨ ᠲᠣᠭᠲᠠᠭ᠋ᠠᠨ᠎ᠠ᠃ ᠬᠣᠯᠪᠣᠭᠳᠠᠯ ᠪᠦᠬᠦᠢ ᠣᠷᠣᠨ ᠨᠤᠲᠤᠭ᠎ᠤᠨ ᠴᠢᠨᠠᠷᠲᠠᠶ ᠵᠢᠷᠤᠮᠵᠢᠭᠰᠠᠨ ᠪᠢᠴᠢᠭ ᠮᠠᠲ᠋ᠧᠷᠢᠶᠠᠯ᠎ᠢ ᠲᠤᠭᠤᠷᠪᠢᠵᠤ᠂ ᠪᠦᠬᠦ ᠰᠢᠶᠠᠨ᠎ᠤ ᠤᠰᠤᠨ᠎ᠤ ᠡᠬᠢ ᠪᠠᠶᠠᠯᠢᠭ᠎ᠤᠨ ᠲᠥᠯᠥᠪᠵᠢᠭᠦᠯᠭᠡ᠂ ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ᠂ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠬᠡ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠣᠬᠢᠶᠠᠨ᠎ᠠ᠃
ᠬᠣᠶᠠᠷ᠎ᠲᠤ ᠪᠦᠬᠦ ᠰᠢᠶᠠᠨ᠎ᠤ ᠠᠮᠢᠳᠤᠷᠠᠯ᠂ ᠦᠢ᠍ᠯᠡᠳᠪᠦᠷᠢᠯᠡᠯ ᠡᠵᠡᠩᠨᠡᠯᠲᠡ ᠪᠠ ᠠᠮᠢ ᠠᠬᠤᠶ ᠵᠢᠨ ᠣᠷᠴᠢᠨ ᠨᠥᠬᠥᠴᠡᠯ᠎ᠤᠨ ᠬᠡᠷᠡᠭᠯᠡᠬᠦ ᠤᠰᠤ ᠵᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠵᠢ ᠬᠠᠷᠢᠭᠤᠴᠠᠨ᠎ᠠ᠃ ᠪᠥᠬᠥ ᠰᠢᠶᠠᠨ᠎ᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠳᠥᠭᠡᠨ ᠪᠠᠶ᠋ᠢᠭᠤᠯᠤᠯᠲᠠ ᠵᠢᠨ ᠬᠣᠯᠪᠣᠭᠳᠠᠯ ᠪᠥᠬᠥᠢ ᠲᠥᠷᠢᠮ᠎ᠢ ᠲᠣᠭᠲᠠᠭ᠋ᠠᠯ ᠶᠣᠰᠣᠭ᠋ᠠᠷ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠪᠦᠬᠦ ᠰᠢᠶᠠᠨ᠎ᠤ ᠤᠰᠤᠨ ᠠᠰᠢᠭᠯᠠᠯᠲᠠ ᠵᠢᠨ ᠲᠣᠭᠲᠠᠮᠠᠯ ᠬᠦᠷᠦᠩᠭᠡ ᠵᠢᠨ ᠪᠡᠯᠡ ᠣᠷᠣᠭᠤᠯᠤᠯᠲᠠ ᠵᠢᠨ ᠬᠡᠪᠴᠢᠶ᠎ᠡ ᠪᠠ ᠴᠢᠭᠯᠡᠯ᠎ᠢ ᠬᠠᠷᠢᠭᠤᠴᠠᠨ ᠳᠤᠷᠠᠳᠤᠨ᠎ᠠ᠃
ᠭᠤᠷᠪᠠ᠎ᠳᠤ ᠪᠦᠬᠦ ᠰᠢᠶᠠᠨ᠎ᠤ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠠᠵᠢᠯ᠎ᠢ ᠵᠢᠯᠣᠭᠣᠳᠴᠤ᠂ ᠤᠰᠤ ᠵᠢ ᠠᠷᠪᠢᠯᠠᠵᠤ ᠬᠡᠷᠡᠭᠯᠡᠬᠦ ᠲᠤᠬᠠᠶ ᠤᠯᠤᠰ᠎ᠤᠨ ᠲᠦᠷᠦ ᠵᠢᠨ ᠪᠤᠳᠤᠯᠭ᠎ᠠ ᠵᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠰᠢᠶᠠᠨ᠎ᠤ ᠤᠰᠤ ᠵᠢ ᠠᠷᠪᠢᠯᠠᠵᠤ ᠬᠡᠷᠡᠭᠯᠡᠬᠦ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠴᠤ ᠲᠡᠭᠦᠨ᠎ᠳᠤ ᠬᠢᠨᠠᠯᠲᠠ ᠲᠠᠯᠪᠢᠨ᠎ᠠ᠃
ᠲᠦᠷᠪᠡ᠎ᠳᠤ ᠪᠦᠬᠦ ᠰᠢᠶᠠᠨ᠎ᠤ ᠤᠰᠤᠨ ᠵᠦᠢ ᠤᠰᠤᠨ᠎ᠤ ᠡᠬᠢ ᠪᠠᠶᠠᠯᠢᠭ᠂ ᠭᠣᠣᠯ ᠨᠠᠭᠤᠷ ᠴᠥᠭᠥᠷᠥᠮ ᠪᠠ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠠᠵᠢᠯ᠎ᠳᠤ ᠬᠢᠨᠠᠯᠲᠠ ᠲᠠᠯᠪᠢᠬᠤ ᠵᠢ ᠬᠠᠷᠢᠭᠤᠴᠠᠨ᠎ᠠ᠃ ᠤᠰᠤᠨ ᠠᠰᠢᠭᠯᠠᠯᠲᠠ ᠵᠢᠨ ᠲᠥᠬᠥᠭᠡᠷᠦᠮᠵᠢ᠂ ᠤᠰᠤᠨ ᠣᠷᠣᠨ ᠵᠢᠴᠢ ᠡᠷᠭᠢ ᠵᠢᠨ ᠱᠤᠭᠤᠮ᠎ᠢ ᠬᠠᠮᠢᠶᠠᠷᠬᠤ᠂ ᠬᠠᠮᠠᠭ᠋ᠠᠯᠠᠬᠤ ᠪᠠ ᠶᠡᠷᠦᠩᠬᠡᠶ᠋ᠢᠯᠡᠨ ᠠᠰᠢᠭᠯᠠᠬᠤ ᠵᠢ ᠵᠢᠯᠣᠭᠣᠳᠤᠨ᠎ᠠ᠃ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠳᠥᠭᠡᠨ ᠪᠠᠶ᠋ᠢᠭᠤᠯᠤᠯᠲᠠ ᠬᠢᠭᠡᠳ ᠠᠵᠢᠯᠯᠠᠭ᠋ᠠᠨ᠎ᠤ ᠬᠠᠮᠢᠶᠠᠷᠤᠯᠲᠠ ᠵᠢ ᠵᠣᠬᠢᠶᠠᠨ ᠪᠠᠶ᠋ᠢᠭᠤᠯᠤᠨ ᠵᠢᠯᠣᠭᠣᠳᠤᠨ᠎ᠠ᠃
ᠲᠠᠪᠤ᠎ᠳᠤ ᠤᠰᠤ ᠰᠢᠷᠣᠶ ᠵᠢ ᠬᠠᠮᠠᠭ᠋ᠠᠯᠠᠬᠤ ᠠᠵᠢᠯ᠎ᠢ ᠬᠠᠷᠢᠭᠤᠴᠠᠵᠤ᠂ ᠪᠦᠬᠦ ᠰᠢᠶᠠᠨ᠎ᠤ ᠤᠰᠤ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠤᠰᠤᠯᠠᠯᠲᠠ ᠵᠢᠨ ᠣᠷᠣᠨ᠎ᠤ ᠤᠰᠤᠯᠠᠯᠲᠠ ᠵᠢᠨ ᠤᠰᠤ ᠵᠠᠯᠠᠬᠤ ᠪᠠᠷᠢᠯᠭ᠎ᠠ ᠵᠢᠨ ᠪᠥᠳᠥᠭᠡᠨ ᠪᠠᠶ᠋ᠢᠭᠤᠯᠤᠯᠲᠠ ᠪᠣᠯᠤᠨ ᠥᠭᠡᠷᠡᠴᠢᠯᠡᠯᠲᠡ ᠵᠢ ᠵᠣᠬᠢᠴᠠᠭᠤᠯᠤᠨ ᠥᠷᠨᠢᠭᠦᠯᠦᠨ᠎ᠡ᠃ ᠤᠰᠤᠨ᠎ᠤ ᠶᠠᠪᠤᠳᠠᠯ᠎ᠢ ᠬᠢᠨᠠᠨ ᠪᠠᠶ᠋ᠢᠴᠠᠭ᠋ᠠᠬᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠶᠤᠯ ᠥᠭᠡᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ ᠵᠢᠯᠣᠭᠣᠳᠤᠨ᠎ᠠ᠃
ᠵᠢᠷᠭᠤᠭ᠎ᠠ᠎ᠳᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠨ ᠬᠣᠷᠢᠭᠯᠠᠬᠤ ᠠᠵᠢᠯ᠎ᠢ ᠬᠠᠷᠢᠭᠤᠴᠠᠵᠤ᠂ ᠭᠠᠮᠰᠢᠭ᠎ᠢ ᠶᠡᠷᠦᠩᠬᠡᠶ᠋ᠢᠯᠡᠨ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠲᠥᠯᠥᠪᠵᠢᠭᠦᠯᠭᠡ ᠵᠢᠨ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠦᠶᠡᠷ ᠭᠠᠩ᠎ᠤᠨ ᠭᠠᠮᠰᠢᠭ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶ᠋ᠢᠯᠡᠨ ᠬᠠᠮᠠᠭ᠋ᠠᠯᠠᠬᠤ ᠪᠠᠷᠢᠮᠵᠢᠶ᠎ᠠ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃
ᠳᠣᠯᠣᠭ᠎ᠠ᠎ᠳᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠢ ᠬᠠᠷᠢᠭᠤᠴᠠᠵᠤ᠂ ᠰᠢᠶᠠᠨ᠎ᠤ ᠱᠠᠲᠤᠨ᠎ᠤ ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠠᠯᠪᠠᠨ ᠬᠡᠷ᠎ᠤᠨ ᠡᠳᠦᠷ ᠲᠤᠲᠤᠮ᠎ᠤᠨ ᠠᠵᠢᠯ᠎ᠢ ᠡᠭᠦᠷᠭᠡᠯᠡᠵᠦ᠂ ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠡᠯ᠎ᠡ ᠵᠦᠢ᠍ᠯ᠎ᠤᠨ ᠠᠵᠢᠯ᠎ᠤᠨ ᠰᠢᠶᠠᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ