ᠢᠯᠡ ᠵᠠᠰᠠᠭ   -   ᠪᠠᠶ᠋ᠢᠭᠤᠯᠤᠮᠵᠢ

ᠳ᠋ᠸᠩᠺᠸᠤ ᠰᠢᠶᠠᠨ᠎ᠤ ᠡᠯᠡᠰᠦ ᠵᠢ ᠰᠡᠷᠭᠡᠢ᠌ᠯᠡᠨ ᠵᠠᠰᠠᠬᠤ ᠲᠣᠪᠴᠢᠶ᠎ᠠ

ᠨᠡᠶ᠋ᠢᠲᠡᠯᠡᠭᠰᠡᠨ ᠴᠠᠭ᠄   2024-05-10

      ᠭᠣᠣᠯ ᠡᠭᠦᠷᠭᠡ ᠬᠠᠷᠢᠭᠤᠴᠠᠯᠭ᠎ᠠ
      (ᠨᠢᠭᠡ) ᠪᠦᠬᠦ ᠰᠢᠶᠠᠨ᠎ᠤ ᠤᠢ ᠰᠢᠭᠤᠶ ᠬᠢᠭᠡᠳ ᠲᠡᠭᠦᠨ᠎ᠤ ᠠᠮᠢ ᠠᠬᠤᠶ ᠵᠢᠨ ᠪᠦᠳᠦᠭᠡᠠ ᠪᠠᠶ᠋ᠢᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ; ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠣᠲᠠ ᠵᠢᠨ ᠠᠮᠢ ᠠᠬᠤᠶ ᠵᠢᠨ ᠣᠷᠴᠢᠨ ᠲᠣᠭᠣᠷᠢᠨ᠎ᠤ ᠪᠥᠲᠥᠭᠡᠨ ᠪᠠᠶ᠋ᠢᠭᠤᠯᠤᠯᠲᠠ᠂ ᠣᠶ ᠰᠢᠭᠤᠶ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ᠂ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠮᠠᠭ᠋ᠠᠯᠠᠯᠲᠠ᠂ ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ ᠵᠢᠴᠢ ᠤᠯᠤᠰ᠎ᠤᠨ ᠭᠣᠤᠯᠳᠠᠯᠭ᠎ᠠ᠎ᠲᠠᠢ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠲᠤᠬᠠᠶ ᠴᠢᠭᠯᠡᠯᠲᠡ᠂ ᠲᠥᠷᠥ ᠵᠢᠨ ᠪᠣᠳᠣᠯᠭ᠎ᠠ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠦᠨ᠎ᠡ; ᠪᠦᠬᠦ ᠰᠢᠶᠠᠨ᠎ᠤ ᠤᠢ ᠰᠢᠭᠤᠶ ᠪᠠ ᠠᠮᠢ ᠠᠬᠤᠶ ᠵᠢᠨ ᠪᠦᠳᠦᠭᠡᠨ ᠪᠠᠶ᠋ᠢᠭᠤᠯᠤᠯᠲᠠ ᠵᠢᠨ ᠲᠦᠷᠦ ᠵᠢᠨ ᠪᠤᠳᠤᠯᠭ᠎ᠠ᠂ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ᠂ ᠳᠤᠮᠳᠠ ᠤᠷᠳᠤ ᠬᠤᠭᠤᠴᠠᠭ᠋ᠠᠨ᠎ᠤ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃
      (ᠬᠣᠶᠠᠷ) ᠪᠥᠬᠥ ᠰᠢᠶᠠᠨ᠎ᠤ ᠣᠶ ᠰᠢᠭᠤᠶ ᠵᠢᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠣᠯᠪᠣᠭᠳᠠᠯ ᠪᠥᠬᠥᠶ ᠠᠵᠢᠯ᠎ᠢ ᠡᠭᠦᠷᠭᠡᠯᠡᠵᠦ᠂ ᠪᠥᠬᠥ ᠰᠢᠶᠠᠨ᠎ᠤ ᠣᠶ ᠰᠢᠭᠤᠶ ᠵᠢᠨ ᠡᠬᠢ ᠪᠠᠶᠠᠯᠢᠭ᠂ ᠬᠠᠭᠤᠷᠠᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠂ ᠴᠢᠭᠢᠭᠯᠢᠭ ᠭᠠᠵᠠᠷ ᠪᠠ ᠡᠯᠡᠰᠦᠨ ᠴᠥᠯ᠎ᠤᠨ ᠪᠠᠶ᠋ᠢᠴᠠᠭ᠋ᠠᠯᠲᠠ᠂ ᠬᠥᠳᠡᠯᠦᠩᠭᠦᠶ ᠬᠢᠨᠠᠨ ᠬᠡᠮᠵᠢᠯᠲᠡ ᠪᠠ ᠦᠨᠡᠯᠡᠨ ᠵᠢᠱ᠌ᠢᠯᠲᠡ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠵᠢᠨ ᠬᠠᠮᠲᠤ ᠬᠠᠮᠢᠶ᠎ᠠ ᠪᠥᠬᠥᠶ ᠮᠡᠳᠡᠭᠡ ᠵᠠᠩᠭᠢ ᠵᠢ ᠨᠡᠶ᠋ᠢᠲᠡᠯᠡᠨ᠎ᠡ᠃
      (ᠭᠤᠷᠪᠠ) ᠤᠢ ᠰᠢᠭᠤᠶ ᠡᠯᠡᠰᠦᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠲᠤᠬᠠᠶ ᠴᠢᠭᠯᠡᠯᠲᠡ᠂ ᠳᠦᠷᠦ ᠵᠢᠨ ᠪᠤᠳᠤᠯᠭ᠎ᠠ ᠵᠢ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠰᠢᠶᠠᠨ᠎ᠤ ᠤᠢ ᠰᠢᠭᠤᠶ ᠵᠢᠨ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠳᠦᠷᠦ ᠵᠢᠨ ᠪᠤᠳᠤᠯᠭ᠎ᠠ᠂ ᠤᠢ ᠰᠢᠭᠤᠶ ᠡᠯᠡᠰᠦᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠪᠠ ᠠᠵᠤ ᠦᠢ᠍ᠯᠡᠰ᠎ᠤᠨ ᠳᠦᠷᠦ ᠵᠢᠨ ᠪᠤᠳᠤᠯᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ; ᠪᠥᠬᠥ ᠰᠢᠶᠠᠨ᠎ᠤ ᠣᠶ ᠰᠢᠭᠤᠶ ᠡᠯᠡᠰᠦᠨ᠎ᠤ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢ ᠵᠢᠯᠣᠭᠣᠳᠴᠤ᠂ ᠣᠶ ᠰᠢᠭᠤᠶ ᠡᠯᠡᠰᠦᠨ᠎ᠤ ᠠᠵᠤ ᠦᠢ᠍ᠯᠡᠰ᠎ᠤᠨ ᠠᠵᠢᠯ ᠲᠥᠷᠥᠯ᠎ᠤᠨ ᠬᠠᠮᠢᠶᠠᠷᠤᠯᠲᠠ ᠵᠢ ᠬᠠᠷᠢᠭᠤᠴᠠᠨ᠂ ᠣᠶ ᠰᠢᠭᠤᠶ ᠵᠢᠨ ᠪᠦᠲᠦᠭᠡᠭᠳᠡᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠬᠤ ᠵᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠲᠠᠸᠠᠷ᠎ᠤᠨ ᠣᠶ ᠵᠢᠨ ᠬᠥᠭᠵᠢᠯᠲᠡ ᠪᠠ ᠠᠰᠢᠭᠯᠠᠯᠲᠠ ᠵᠢ ᠵᠢᠯᠣᠭᠣᠳᠤᠨ᠎ᠠ᠃
      (ᠲᠤᠢ᠍ᠷᠪᠡ) ᠪᠦᠬᠦ ᠰᠢᠶᠠᠨ᠎ᠤ ᠣᠶ᠋ᠢᠵᠢᠭᠤᠯᠵᠤ ᠨᠣᠭᠣᠭ᠋ᠠᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠵᠤ᠂ ᠵᠢᠯᠣᠭᠣᠳᠬᠤ ᠪᠠ ᠲᠡᠭᠦᠨ᠎ᠳᠤ ᠬᠢᠨᠠᠯᠲᠠ ᠲᠠᠯᠪᠢᠵᠤ᠂ ᠪᠦᠬᠦ ᠰᠢᠶᠠᠨ᠎ᠤ ᠣᠶ᠋ᠢᠵᠢᠭᠤᠯᠵᠤ ᠨᠣᠭᠣᠭ᠋ᠠᠷᠠᠭᠤᠯᠬᠤ ᠲᠥᠯᠥᠪᠯᠡᠭᠡ ᠵᠢ ᠲᠣᠭᠲᠠᠭ᠋ᠠᠵᠤ᠂ ᠬᠣᠯᠪᠣᠭᠳᠠᠯ ᠪᠦᠬᠦᠢ ᠰᠢᠶᠠᠨ᠎ᠤ ᠱᠠᠲᠤᠨ᠎ᠤ ᠪᠠᠷᠢᠮᠵᠢᠶ᠎ᠠ ᠪᠠ ᠲᠤᠢ᠍ᠷᠢᠮ᠎ᠢ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ; ᠪᠦᠬᠦ ᠰᠢᠶᠠᠨ᠎ᠤ ᠮᠣᠳᠣ ᠲᠠᠷᠢᠵᠤ ᠣᠶ᠋ᠢᠵᠢᠭᠤᠯᠬᠤ᠂ ᠡᠪᠡᠰᠦ ᠮᠣᠳᠣ ᠲᠠᠷᠢᠬᠤ ᠵᠡᠷᠭᠡ ᠠᠮᠢᠳᠤ ᠪᠣᠳᠠᠰ᠎ᠤᠨ ᠠᠷᠭ᠎ᠠ ᠬᠡᠮᠵᠢᠶ᠎ᠡ᠎ᠪᠠᠷ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠪᠠ ᠡᠯᠡᠰᠦ ᠵᠢ ᠰᠡᠷᠭᠡᠶ᠋ᠢᠯᠡᠨ ᠵᠠᠰᠠᠬᠤ ᠠᠵᠢᠯ᠎ᠢ ᠵᠢᠯᠣᠭᠣᠳᠤᠨ᠎ᠠ; ᠡᠯ᠎ᠡ ᠲᠦᠷᠦᠯ᠎ᠤᠨ ᠨᠡᠶ᠋ᠢᠲᠡ ᠵᠢᠨ ᠠᠰᠠᠷᠠᠮᠵᠢ ᠵᠢᠨ ᠤᠢ ᠪᠠ ᠲᠠᠸᠠᠷ᠎ᠤᠨ ᠤᠢ ᠵᠢ ᠪᠣᠶ᠋ᠢᠵᠢᠭᠤᠯᠬᠤ ᠠᠵᠢᠯ᠎ᠢ ᠵᠢᠯᠣᠭᠣᠳᠤᠨ᠎ᠠ; ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯ᠎ᠢ ᠵᠢᠯᠣᠭᠣᠳᠤᠨ ᠲᠡᠭᠦᠨ᠎ᠳᠤ ᠬᠢᠨᠠᠯᠲᠠ ᠲᠠᠯᠪᠢᠬᠤ ᠵᠢᠨ ᠬᠠᠮᠲᠤ ᠰᠢᠶᠠᠨ᠎ᠤ ᠨᠣᠭᠣᠭ᠋ᠠᠷᠠᠭᠤᠯᠤᠯᠲᠠ ᠵᠢᠨ ᠨᠡᠢ᠌ᠭᠡᠮᠯᠢᠭ᠎ᠤᠨ ᠪᠣᠳᠠᠲᠠᠶ ᠠᠵᠢᠯ᠎ᠢ ᠳᠠᠭ᠋ᠠᠭ᠋ᠠᠨ ᠬᠢᠨ᠎ᠡ; ᠤᠢ ᠰᠢᠭᠤᠶ ᠵᠢᠨ ᠦᠢ᠍ᠯᠡᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠬᠣᠯᠪᠣᠭᠳᠠᠯ ᠪᠦᠬᠦᠢ ᠠᠵᠢᠯ᠎ᠢ ᠡᠭᠦᠷᠭᠡᠯᠡᠨ᠎ᠡ᠃
      (ᠲᠠᠪᠤ) ᠪᠦᠬᠦ ᠰᠢᠶᠠᠨ᠎ᠤ ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠬᠥᠭᠵᠢᠭᠦᠯᠬᠦ᠂ ᠬᠢᠨᠠᠵᠤ ᠬᠠᠮᠢᠶᠠᠷᠬᠤ ᠬᠠᠷᠢᠭᠤᠴᠠᠯᠭ᠎ᠠ ᠵᠢ ᠡᠭᠦᠷᠭᠡᠯᠡᠨ᠎ᠡ; ᠪᠦᠬᠦ ᠰᠢᠶᠠᠨ᠎ᠤ ᠰᠢᠭᠤᠶ᠋ᠢᠲᠤ ᠭᠠᠵᠠᠷ᠎ᠢ ᠬᠠᠮᠠᠭ᠋ᠠᠯᠠᠬᠤ ᠪᠠ ᠠᠰᠢᠭᠯᠠᠬᠤ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠢᠯᠣᠭᠣᠳᠴᠤ᠂ ᠬᠢᠨᠠᠯᠲᠠ ᠲᠠᠯᠪᠢᠵᠤ᠂ ᠬᠡᠷᠡᠭᠵᠢᠭᠦᠯᠦᠨ᠎ᠡ; ᠪᠦᠬᠦ ᠰᠢᠶᠠᠨ᠎ᠤ ᠤᠢ ᠰᠢᠭᠤᠶ ᠵᠢ ᠣᠭᠲᠣᠯᠬᠤ ᠬᠢᠵᠠᠭ᠋ᠠᠷ ᠲᠣᠭ᠎ᠠ ᠵᠢ ᠬᠡᠷᠡᠭᠵᠢᠭᠦᠯᠬᠦ ᠶᠠᠪᠤᠳᠠᠯ᠎ᠳᠤ ᠬᠢᠨᠠᠯᠲᠠ ᠲᠠᠯᠪᠢᠵᠤ᠂ ᠤᠢ ᠰᠢᠭᠤᠶ ᠵᠢᠨ ᠭᠡᠷᠡᠴᠢ ᠪᠠᠷᠢᠮᠲᠠ᠎ᠪᠠᠷ ᠣᠭᠲᠣᠯᠬᠤ ᠪᠠ ᠵᠥᠭᠡᠭᠡᠪᠦᠷᠢᠯᠡᠬᠦ ᠶᠠᠪᠤᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠨ᠎ᠠ; ᠰᠢᠭᠤᠶ᠋ᠢᠲᠤ ᠭᠠᠵᠠᠷ᠂ ᠤᠢ ᠮᠣᠳᠣᠨ᠎ᠤ ᠡᠷᠬᠡ ᠵᠢᠨ ᠬᠠᠮᠢᠶᠠᠷᠤᠯᠲᠠ ᠵᠢ ᠵᠣᠬᠢᠶᠠᠨ ᠪᠠᠶ᠋ᠢᠭᠤᠯᠵᠤ ᠵᠢᠯᠣᠭᠣᠳᠤᠨ᠎ᠠ; ᠤᠢ ᠮᠣᠳᠣᠨ᠎ᠤ ᠡᠷᠬᠡ ᠵᠢ ᠳᠠᠩᠰᠠᠯᠠᠬᠤ᠂ ᠦᠨᠡᠮᠯᠡᠯ ᠣᠯᠭᠣᠬᠤ ᠠᠵᠢᠯ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ; ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠥᠪᠰᠢᠶᠡᠷᠡᠭᠰᠡᠨ ᠰᠢᠭᠤᠶ᠋ᠢᠲᠤ ᠭᠠᠵᠠᠷ᠎ᠢ ᠲᠠᠲᠠᠪᠤᠷᠢᠯᠠᠨ ᠬᠡᠷᠡᠭᠯᠡᠬᠦ᠂ ᠡᠵᠡᠯᠡᠨ ᠬᠡᠷᠡᠭᠯᠡᠬᠦ ᠵᠦᠢ᠍ᠯᠡᠰ᠎ᠢ ᠠᠩᠬ᠎ᠠ ᠬᠢᠨᠠᠬᠤ ᠪᠠ ᠳᠡᠭᠡᠭᠰᠢ ᠮᠡᠳᠡᠭᠦᠯᠵᠦ ᠬᠢᠨᠠᠨ ᠵᠥᠪᠰᠢᠶᠡᠷᠡᠭᠦᠯᠬᠦ ᠠᠵᠢᠯ᠎ᠢ ᠬᠠᠤᠯᠢ ᠶᠣᠰᠣᠭ᠋ᠠᠷ ᠡᠭᠦᠷᠭᠡᠯᠡᠨ᠎ᠡ᠃
      (ᠵᠢᠷᠭᠤᠭ᠎ᠠ) ᠪᠦᠬᠦ ᠰᠢᠶᠠᠨ᠎ᠤ ᠤᠢ ᠰᠢᠭᠤᠶ ᠵᠢᠨ ᠦᠢ᠍ᠯᠡᠰ᠎ᠤᠨ ᠥᠭᠡᠷᠡᠴᠢᠯᠡᠯᠲᠡ ᠵᠢ ᠲᠤᠢ᠍ᠯᠬᠢᠠ ᠠᠬᠢᠭᠤᠯᠬᠤ᠂ ᠲᠠᠷᠢᠶᠠᠴᠢᠳ᠎ᠤᠨ ᠤᠢ ᠰᠢᠭᠤᠶ ᠵᠢᠨ ᠡᠵᠡᠩᠨᠡᠯᠲᠡ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠥᠳᠡᠭᠡ ᠲᠣᠰᠬᠣᠨ᠎ᠤ ᠤᠢ ᠰᠢᠭᠤᠶ ᠵᠢᠨ ᠦᠢ᠍ᠯᠡᠰ᠎ᠢ ᠬᠥᠭᠵᠢᠭᠦᠯᠬᠦ᠂ ᠲᠠᠷᠢᠶᠠᠴᠢᠳ᠎ᠤᠨ ᠤᠢ ᠰᠢᠭᠤᠶ ᠵᠢᠨ ᠦᠢ᠍ᠯᠡᠰ᠎ᠢ ᠡᠵᠡᠩᠨᠡᠬᠦ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠥᠳᠡᠭᠡ ᠲᠣᠰᠬᠣᠨ᠎ᠤ ᠰᠢᠭᠤᠶ᠋ᠢᠲᠤ ᠭᠠᠵᠠᠷ᠎ᠢ ᠳᠠᠭ᠋ᠠᠭ᠋ᠠᠴᠢᠯᠠᠨ ᠡᠵᠡᠩᠨᠡᠬᠦ ᠪᠠ ᠤᠢ ᠮᠣᠳᠣᠨ᠎ᠤ ᠡᠷᠬᠡ ᠵᠢ ᠡᠷᠭᠢᠯᠲᠡ᠎ᠳᠤ ᠣᠷᠣᠭᠤᠯᠬᠤ ᠵᠢ ᠵᠢᠯᠣᠭᠣᠳᠤᠨ ᠲᠡᠭᠦᠨ᠎ᠳᠤ ᠬᠢᠨᠠᠯᠲᠠ ᠲᠠᠯᠪᠢᠵᠤ᠂ ᠤᠢ ᠮᠣᠳᠣᠨ᠎ᠤ ᠡᠷᠬᠡ ᠵᠢᠨ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠪᠠ ᠰᠢᠭᠤᠶ᠋ᠢᠲᠤ ᠭᠠᠵᠠᠷ᠎ᠤᠨ ᠳᠠᠭ᠋ᠠᠭ᠋ᠠᠴᠢᠯᠠᠯᠲᠠ ᠵᠢᠨ ᠭᠡᠷ᠎ᠡ ᠵᠢᠨ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠵᠢ ᠰᠡᠷᠭᠦᠭᠡᠬᠦ ᠠᠵᠢᠯ᠎ᠢ ᠬᠠᠤᠯᠢ ᠶᠣᠰᠣᠭ᠋ᠠᠷ ᠬᠠᠷᠢᠭᠤᠴᠠᠨ᠎ᠠ᠃
      (ᠳᠣᠯᠣᠭ᠎ᠠ) ᠪᠥᠬᠥ ᠰᠢᠶᠠᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠵᠠᠰᠠᠬᠤ ᠠᠵᠢᠯ᠎ᠢ ᠬᠠᠷᠢᠭᠤᠴᠠᠵᠤ᠂ ᠡᠯᠡᠰᠦᠷᠬᠡᠭᠵᠢᠭᠰᠡᠨ ᠭᠠᠵᠠᠷ ᠰᠢᠷᠣᠶ ᠵᠢᠨ ᠡᠯᠡᠰᠦᠷᠬᠡᠭᠵᠢᠯ᠎ᠤᠨ ᠡᠬᠢ ᠪᠠᠶᠠᠯᠢᠭ᠎ᠢ ᠬᠦᠴᠦ᠎ᠪᠠᠨ ᠬᠠᠮᠲᠤᠳᠬᠠᠨ ᠨᠡᠭᠡᠭᠡᠨ ᠠᠰᠢᠭᠯᠠᠬᠤ᠎ᠳᠤ ᠬᠢᠨᠠᠯᠲᠠ ᠲᠠᠯᠪᠢᠵᠤ᠂ ᠡᠯ᠎ᠡ ᠲᠥᠷᠥᠯ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ  ᠵᠦᠢ᠍ᠯ᠎ᠤᠨ ᠭᠠᠵᠠᠷ ᠰᠢᠷᠣᠶ ᠵᠢᠨ ᠡᠯᠡᠰᠦᠷᠬᠡᠭᠵᠢᠯ᠂ ᠡᠯᠡᠰᠦᠷᠬᠡᠭᠵᠢᠯ᠎ᠳᠤ ᠦᠵᠡᠭᠦᠯᠬᠦ ᠨᠥᠯᠥᠭᠡ ᠵᠢ ᠬᠢᠨᠠᠨ ᠬᠠᠷᠭᠤᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠡᠯᠡᠰᠦᠨ ᠰᠢᠭᠤᠷᠭ᠎ᠠ ᠵᠢᠨ ᠭᠠᠮᠰᠢᠭ᠎ᠢ ᠤᠷᠢᠳᠴᠢᠯᠠᠨ ᠵᠢᠱ᠌ᠢᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠤᠨ᠎ᠠ᠃
      (ᠨᠠᠢ᠍ᠮᠠ) ᠪᠥᠬᠥ ᠰᠢᠶᠠᠨ᠎ᠤ ᠨᠤᠭᠤ ᠭᠠᠵᠠᠷ᠎ᠢ ᠬᠠᠮᠠᠭ᠋ᠠᠯᠠᠬᠤ ᠠᠵᠢᠯ᠎ᠢ ᠬᠠᠷᠢᠭᠤᠴᠠᠨ᠎ᠠ; ᠪᠦᠬᠦ ᠰᠢᠶᠠᠨ᠎ᠤ ᠬᠠᠭᠤᠷᠠᠶ ᠵᠢᠨ ᠬᠡᠭᠡᠷ᠎ᠡ ᠵᠢᠨ ᠠᠮᠢᠳᠠᠨ ᠤᠷᠭᠤᠮᠠᠯ᠎ᠢ ᠬᠠᠮᠠᠭ᠋ᠠᠯᠠᠬᠤ ᠪᠠ ᠬᠠᠮᠢᠶᠠᠷᠬᠤ ᠠᠵᠢᠯ᠎ᠢ ᠬᠠᠷᠢᠭᠤᠴᠠᠨ᠎ᠠ; ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠎ᠢ ᠵᠦᠶ ᠵᠣᠬᠢᠰᠲᠠᠶ ᠨᠡᠭᠡᠭᠡᠨ ᠠᠰᠢᠭᠯᠠᠬᠤ ᠵᠢ ᠬᠠᠷᠢᠭᠤᠴᠠᠨ᠎ᠠ᠃
      (ᠶᠢᠰᠦ) ᠪᠥᠬᠥ ᠰᠢᠶᠠᠨ᠎ᠤ ᠣᠶ ᠰᠢᠭᠤᠶ ᠵᠢᠨ ᠭᠠᠯ ᠰᠡᠷᠭᠡᠶ᠋ᠢᠯᠡᠬᠦ ᠠᠵᠢᠯ᠎ᠢ ᠬᠠᠷᠢᠭᠤᠴᠠᠵᠤ᠂ ᠪᠥᠬᠥ ᠰᠢᠶᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠠᠯᠪᠠᠨ ᠬᠡᠷ᠎ᠤᠨ ᠪᠣᠳᠠᠲᠠᠶ ᠠᠵᠢᠯ᠎ᠢ ᠡᠭᠦᠷᠭᠡᠯᠡᠨ᠎ᠡ; ᠪᠦᠬᠦ ᠰᠢᠶᠠᠨ᠎ᠤ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ; ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠵᠢᠯᠣᠭᠣᠳᠴᠤ᠂ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢ ᠬᠠᠷᠢᠭᠤᠴᠠᠵᠤ᠂ ᠪᠦᠬᠦ ᠰᠢᠶᠠᠨ᠎ᠤ ᠤᠢ ᠰᠢᠭᠤᠶ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠵᠢᠯᠣᠭᠣᠳᠤᠨ᠎ᠠ; ᠪᠥᠬᠥ ᠰᠢᠶᠠᠨ᠎ᠤ ᠣᠶ ᠰᠢᠭᠤᠶ ᠵᠢᠨ ᠬᠥᠨᠥᠭᠡᠯᠲᠡᠶ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ᠂ ᠬᠢᠵᠢᠭ᠎ᠢ ᠪᠠᠶ᠋ᠢᠴᠠᠭ᠋ᠠᠬᠤ ᠵᠢᠴᠢ ᠭᠠᠳᠠᠨ᠎ᠠ᠎ᠠᠴᠠ ᠢᠷᠡᠭᠰᠡᠨ ᠬᠥᠨᠥᠭᠡᠯᠲᠡᠶ ᠠᠮᠢᠳᠤ ᠪᠣᠳᠠᠰ᠎ᠤᠨ ᠲᠦᠷᠢᠮᠡᠬᠡᠶ᠋ᠢᠯᠡᠯ᠎ᠢ ᠬᠠᠮᠢᠶᠠᠷᠬᠤ ᠠᠵᠢᠯ᠎ᠢ ᠬᠠᠷᠢᠭᠤᠴᠠᠨ᠎ᠠ; ᠪᠦᠬᠦ ᠰᠢᠶᠠᠨ᠎ᠤ ᠤᠢ ᠰᠢᠭᠤᠶ ᠵᠢᠨ ᠦᠷ᠎ᠡ ᠴᠢᠬᠢ ᠵᠢᠨ ᠠᠵᠢᠯ᠎ᠢ ᠬᠠᠷᠢᠭᠤᠴᠠᠨ᠎ᠠ; ᠤᠢ ᠰᠢᠭᠤᠶ ᠬᠢᠭᠡᠳ ᠲᠡᠭᠦᠨ᠎ᠤ ᠠᠮᠢ ᠠᠬᠤᠶ ᠵᠢᠨ ᠪᠦᠳᠦᠭᠡᠠ ᠪᠠᠶ᠋ᠢᠭᠤᠯᠤᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠰᠤᠷᠭ᠋ᠠᠨ ᠬᠥᠮᠦᠵᠢᠯ᠎ᠤᠨ ᠠᠵᠢᠯ᠎ᠢ ᠵᠣᠬᠢᠶᠠᠨ ᠪᠠᠶ᠋ᠢᠭᠤᠯᠵᠤ ᠵᠢᠯᠣᠭᠣᠳᠤᠨ᠎ᠠ᠃
      (ᠠᠷᠪᠠ) ᠤᠢ ᠰᠢᠭᠤᠶ ᠵᠢᠴᠢ ᠲᠡᠭᠦᠨ᠎ᠤ ᠠᠮᠢ ᠠᠬᠤᠶ ᠵᠢᠨ ᠪᠦᠳᠦᠭᠡᠠ ᠪᠠᠶ᠋ᠢᠭᠤᠯᠤᠯᠲᠠ ᠵᠢᠨ ᠡᠳ᠋᠎ᠤᠨ ᠵᠠᠰᠠᠭ᠂ ᠮᠥᠩᠭᠥᠨ ᠭᠦᠢ᠍ᠯᠭᠡᠭᠡ᠂ ᠦᠨ᠎ᠡ ᠬᠠᠩᠰᠢ᠂ ᠠᠷᠠᠯᠵᠢᠶ᠎ᠠ᠂ ᠭᠠᠶ᠋ᠢᠯᠢ ᠰᠦᠢ᠍ᠳᠬᠡᠯ ᠵᠡᠷᠭᠡ ᠠᠵᠤ ᠠᠬᠤᠶ ᠵᠢᠨ ᠲᠤᠬᠢᠷᠡᠭᠤᠯᠦᠯᠳᠠ ᠵᠢᠨ ᠰᠠᠨᠠᠯ᠎ᠢ ᠵᠣᠬᠢᠶᠠᠨ ᠪᠠᠶ᠋ᠢᠭᠤᠯᠤᠨ ᠲᠤᠭᠤᠷᠪᠢᠨ ᠲᠣᠭᠲᠠᠭ᠋ᠠᠵᠤ᠂ ᠤᠢ ᠰᠢᠭᠤᠶ ᠵᠢᠴᠢ ᠲᠡᠭᠦᠨ᠎ᠤ ᠠᠮᠢ ᠠᠬᠤᠶ ᠵᠢᠨ ᠪᠦᠳᠦᠭᠡᠠ ᠪᠠᠶ᠋ᠢᠭᠤᠯᠤᠯᠲᠠ ᠵᠢᠨ ᠠᠮᠢ ᠠᠬᠤᠶ ᠵᠢᠨ ᠨᠥᠬᠥᠪᠥᠷᠢ ᠥᠭᠬᠦ ᠲᠤᠢ᠍ᠷᠢᠮ᠎ᠢ ᠪᠠᠶ᠋ᠢᠭᠤᠯᠵᠤ ᠬᠡᠷᠡᠭᠵᠢᠭᠦᠯᠬᠦ ᠵᠢ ᠵᠣᠬᠢᠶᠠᠨ ᠪᠠᠶ᠋ᠢᠭᠤᠯᠵᠤ ᠵᠢᠯᠣᠭᠣᠳᠤᠨ᠎ᠠ; ᠰᠠᠯᠠᠭ᠎ᠠ ᠮᠥᠴᠢᠷ᠎ᠤᠨ ᠲᠥᠰᠦᠪ᠂ ᠣᠶ ᠰᠢᠭᠤᠶ ᠵᠢᠴᠢ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠣᠨ᠎ᠤ ᠦᠢ᠍ᠯᠡᠳᠪᠦᠷᠢᠯᠡᠯ᠎ᠤᠨ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ; ᠰᠢᠶᠠᠨ᠎ᠤ ᠱᠠᠲᠤᠨ᠎ᠤ ᠤᠢ ᠰᠢᠭᠤᠶ ᠵᠢᠨ ᠦᠢ᠍ᠯᠡᠰ᠎ᠤᠨ ᠪᠡᠯᠠ ᠮᠥᠩᠭᠥ ᠵᠢ ᠬᠠᠮᠢᠶᠠᠷᠴᠤ᠂ ᠤᠯᠤᠰ᠎ᠤᠨ ᠥᠮᠴᠢᠯᠡᠯ᠎ᠤᠨ ᠤᠢ ᠰᠢᠭᠤᠶ ᠵᠢᠨ ᠡᠳ᠋ ᠬᠦᠷᠦᠩᠭᠡ ᠵᠢᠨ ᠬᠠᠮᠢᠶᠠᠷᠤᠯᠲᠠ᠎ᠳᠤ ᠬᠢᠨᠠᠯᠲᠠ ᠲᠠᠯᠪᠢᠵᠤ᠂ ᠪᠦᠬᠦ ᠰᠢᠶᠠᠨ᠎ᠤ ᠤᠢ ᠰᠢᠭᠤᠶ ᠵᠢᠴᠢ ᠠᠮᠢ ᠠᠬᠤᠶ ᠵᠢᠨ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ᠎ᠤᠨ ᠪᠡᠯᠠ ᠮᠥᠩᠭᠥ ᠵᠢᠨ ᠬᠠᠮᠢᠶᠠᠷᠤᠯᠲᠠ ᠪᠠ ᠬᠡᠷᠡᠭᠯᠡᠯᠲᠡ᠎ᠳᠤ ᠬᠢᠨᠠᠯᠲᠠ ᠲᠠᠯᠪᠢᠨ᠎ᠠ᠃
      (ᠠᠷᠪᠠᠨ ᠨᠢᠭᠡ) ᠡᠭᠦᠷᠭᠡ ᠴᠢᠳᠠᠪᠤᠷᠢ᠎ᠪᠠᠨ ᠭᠦᠢ᠍ᠴᠡᠳᠬᠡᠬᠦ᠎ᠯᠦᠭᠡ ᠵᠣᠬᠢᠴᠠᠯᠳᠤᠭᠰᠠᠨ ᠬᠠᠷᠢᠭᠤᠴᠠᠯᠭ᠎ᠠ ᠵᠢ ᠡᠭᠦᠷᠭᠡᠯᠡᠨ᠎ᠡ᠃
      (ᠠᠷᠪᠠᠨ ᠬᠣᠶᠠᠷ) ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠶᠠᠪᠤᠳᠠᠯ᠎ᠤᠳ᠎ᠢ ᠳᠠᠭ᠋ᠠᠭ᠋ᠠᠨ ᠠᠪᠴᠤ ᠭᠦᠢ᠍ᠴᠡᠳᠬᠡᠨ᠎ᠡ᠃
 

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ