ᠳ᠋ᠸᠩᠺᠸᠦ ᠰᠢᠶᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
ᠨᠡᠶ᠋ᠢᠲᠡᠯᠡᠭᠰᠡᠨ ᠴᠠᠭ᠄ 2024-05-09
ᠭᠣᠣᠯ ᠡᠭᠦᠷᠭᠡ ᠬᠠᠷᠢᠭᠤᠴᠠᠯᠭ᠎ᠠ
(ᠨᠢᠭᠡ) ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠢ ᠥᠷᠨᠢᠭᠦᠯᠵᠦ᠂ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ᠂ ᠲᠥᠯᠥᠪᠵᠢᠭᠦᠯᠭᠡ᠂ ᠲᠥᠯᠥᠪᠯᠡᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
(ᠬᠣᠶᠠᠷ) ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠠᠵᠢᠯ ᠲᠥᠷᠥᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠨ᠎ᠠ᠃
(ᠭᠤᠷᠪᠠ) ᠪᠥᠬᠥ ᠰᠢᠶᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠵᠢᠯᠣᠭᠣᠳᠴᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠤᠮᠳᠠᠬᠢ ᠴᠢᠬᠤᠯᠠ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃
(ᠳᠥᠷᠪᠡ) ᠪᠥᠬᠥ ᠰᠢᠶᠠᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠲᠠᠩᠰᠠ ᠡᠪᠬᠡᠮᠡᠯ ᠪᠠᠶ᠋ᠢᠭᠤᠯᠤᠨ ᠺᠠᠷᠲᠯᠠᠨ ᠳᠠᠩᠰᠠᠯᠠᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠮᠡᠳᠡᠭᠡ ᠵᠠᠩᠭᠢ ᠵᠢ ᠬᠢᠨᠠᠨ ᠬᠡᠮᠵᠢᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃
(ᠲᠠᠪᠤ) ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠥ ᠵᠢᠨ ᠬᠤᠪᠢᠶᠠᠷᠢᠯᠠᠯᠲᠠ ᠵᠢᠨ ᠲᠥᠰᠦᠯ᠎ᠢ ᠲᠣᠭᠲᠠᠭ᠋ᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ᠂ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠠᠵᠢᠯ᠎ᠢ ᠬᠢᠨ᠎ᠠ᠃
(ᠵᠢᠷᠭᠤᠭ᠎ᠠ) ᠨᠠᠮ ᠵᠠᠰᠠᠭ᠎ᠤᠨ ᠪᠠᠢ᠌ᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠠ ᠨᠡᠶ᠋ᠢᠭᠡᠮ᠎ᠤᠨ ᠡᠯ᠎ᠡ ᠡᠲᠡᠭᠡᠳ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠣᠯᠴᠠᠬᠤ ᠵᠢ ᠵᠣᠬᠢᠶᠠᠨ ᠪᠠᠶ᠋ᠢᠭᠤᠯᠤᠨ ᠵᠣᠬᠢᠴᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠲᠠᠯ᠎ᠠ᠎ᠪᠠᠷ᠎ᠬᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠵᠢ ᠬᠠᠷᠢᠭᠤᠴᠠᠨ᠎ᠠ᠃
(ᠳᠣᠯᠣᠭ᠎ᠠ) ᠣᠷᠣᠨ ᠪᠦᠰᠡ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭ᠎ᠠ᠂ ᠳᠡᠭᠡᠳᠦ ᠱᠠᠲᠤᠨ᠎ᠤ ᠪᠠᠢ᠌ᠭᠤᠯᠭ᠎ᠠ ᠨᠢᠭᠡᠴᠢ ᠵᠢᠨ ᠴᠢᠬ ᠲᠣᠭᠲᠠᠭ᠋ᠠᠨ ᠶᠠᠳᠠᠭᠤ᠎ᠠᠴᠠ ᠠᠩᠭᠢᠵᠢᠷᠠᠭᠤᠯᠬᠤ ᠵᠢᠨ ᠵᠣᠬᠢᠴᠠᠭᠤᠯᠤᠨ ᠬᠠᠷᠢᠯᠴᠠᠬᠤ ᠦᠢ᠍ᠯᠡᠴᠢᠯᠡᠭᠡᠨ᠎ᠤ ᠠᠵᠢᠯ᠎ᠢ ᠬᠠᠷᠢᠭᠤᠴᠠᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠶᠠᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠨᠢᠭᠡᠴᠢ ᠵᠢᠨ ᠴᠢᠬ ᠲᠣᠭᠲᠠᠭ᠋ᠠᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃
(ᠨᠠᠢ᠍ᠮᠠ) ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠰᠢᠮᠳᠠᠭᠤᠯᠤᠨ ᠪᠠᠶ᠋ᠢᠴᠠᠭ᠋ᠠᠬᠤ ᠪᠠ ᠰᠢᠯᠭ᠋ᠠᠨ ᠬᠢᠨᠠᠵᠤ ᠦᠨᠡᠯᠡᠨ ᠵᠢᠱ᠌ᠢᠬᠦ ᠠᠵᠢᠯ᠎ᠢ ᠬᠢᠨ᠎ᠠ᠃
(ᠶᠢᠰᠦ) ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ ᠪᠠ ᠵᠢᠯᠣᠭᠣᠳᠬᠤ ᠵᠢ ᠬᠠᠷᠢᠭᠤᠴᠠᠨ᠎ᠠ᠃ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠬᠠᠷᠢᠭᠤᠴᠠᠨ᠎ᠠ᠃
(ᠠᠷᠪᠠ) ᠰᠢᠶᠠᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠳᠠᠭ᠋ᠠᠭ᠋ᠠᠯᠭ᠋ᠠᠭᠰᠠᠨ ᠪᠤᠰᠤᠳ ᠡᠭᠦᠷᠭᠡ᠎ᠨᠦᠭᠦᠳ᠎ᠢ ᠪᠡᠶᠡᠯᠡᠭᠦᠯᠦᠨ᠎ᠡ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ