ᠮᠠᠨ᠎ᠤ ᠬᠤᠲᠠ ᠵᠢᠨ 46 ᠵᠦᠢ᠍ᠯ᠎ᠤᠨ ᠭᠤᠤᠯᠳᠠᠯᠭ᠎ᠠ᠎ᠲᠠᠢ ᠵᠦᠢ᠍ᠯᠡᠰ᠎ᠨᠢ ᠳᠡᠭᠡᠳᠦ ᠱᠠᠲᠤᠨ᠎ᠤ ᠪᠠᠯᠠ ᠮᠥᠩᠭᠦ ᠵᠢᠨ ᠳᠡᠮᠵᠢᠯᠭᠡ ᠵᠢ ᠤᠯᠪᠠ
ᠨᠡᠶ᠋ᠢᠲᠡᠯᠡᠭᠰᠡᠨ ᠴᠠᠭ᠄ 2024-07-29
ᠡᠨᠡ ᠵᠢᠯ᠎ᠠᠴᠠ ᠨᠠᠰᠢ᠂ ᠮᠠᠨ᠎ᠤ ᠬᠤᠲᠠ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠢᠨᠵᠧᠨᠧᠷᠢᠩ ᠢᠯᠡᠳᠲᠡ ᠦᠷ᠎ᠡ ᠪᠦᠲᠦᠮᠵᠢ ᠣᠯᠪᠠ᠃
105 ᠴᠢᠬᠤᠯᠠ ᠶᠡᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ 1 - 6 ᠰᠠᠷ᠎ᠠ᠎ᠳᠤ 66 ᠲᠥᠷᠥᠯ ᠵᠦᠢ᠍ᠯ᠎ᠢ ᠡᠬᠢᠯᠡᠭᠦᠯᠦᠨ ᠰᠡᠷᠭᠦᠭᠡᠵᠦ᠂ 107.6 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠪᠡ᠃ 《ᠭᠤᠷᠪᠠᠨ ᠤᠮᠠᠷᠠᠲᠤ》 ᠵᠢᠨ ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠂ ᠡᠪᠦᠯ᠎ᠤᠨ ᠤᠯᠠᠷᠢᠯ᠎ᠤᠨ ᠴᠡᠪᠡᠷ ᠳᠤᠯᠠᠭ᠋ᠠᠯᠠᠭ᠎ᠠ ᠵᠡᠷᠭᠡ ᠴᠢᠬᠤᠯᠠ ᠶᠡᠭᠡ ᠲᠥᠷᠥᠯ ᠵᠦᠢ᠍ᠯ᠎ᠢ ᠪᠥᠬᠦ ᠲᠠᠯ᠎ᠠ᠎ᠪᠠᠷ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠪᠠ᠃
133 ᠵᠦᠢ᠍ᠯ᠎ᠤᠨ ᠭᠤᠣᠯᠳᠠᠯᠭ᠎ᠠ᠎ᠲᠠᠢ ᠠᠵᠢᠯ᠎ᠤᠨ ᠵᠦᠢ᠍ᠯᠡᠰ᠎ᠢ ᠨᠠᠶ᠋ᠢᠳᠠᠪᠤᠷᠢᠵᠢᠭᠤᠯᠬᠤ ᠲᠠᠯ᠎ᠠ᠎ᠪᠠᠷ᠂ ᠬᠠᠷᠠᠯᠲᠠ ᠡᠭᠦᠷᠭᠡ᠎ᠪᠠᠨ 3 ᠵᠦᠢ᠍ᠯ ᠪᠡᠶᠡᠯᠡᠭᠦᠯᠵᠦ᠂ 56 ᠵᠦᠢ᠍ᠯ ᠨᠡᠯᠢᠶᠡᠳ ᠲᠦᠷᠭᠡᠨ ᠠᠬᠢᠴᠠ᠎ᠲᠠᠢ ᠪᠤᠯᠵᠤ᠂ 60 ᠵᠦᠢ᠍ᠯ ᠢᠯᠡᠳᠲᠡ ᠠᠬᠢᠴᠠ᠎ᠲᠠᠢ ᠪᠤᠯᠵᠤ᠂ 14 ᠵᠦᠢ᠍ᠯ ᠰᠢᠨ᠎ᠡ ᠠᠬᠢᠴᠠ᠎ᠲᠠᠢ ᠪᠣᠯᠪᠠ᠃ 46 ᠵᠦᠢ᠍ᠯ᠎ᠤᠨ ᠭᠤᠣᠯᠳᠠᠯᠭ᠎ᠠ᠎ᠲᠠᠢ ᠵᠦᠢ᠍ᠯᠡᠰ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠪᠡᠯᠡ ᠮᠥᠩᠭᠦ ᠵᠢᠨ ᠳᠡᠮᠵᠢᠯᠭᠡ ᠵᠢ ᠣᠯᠤᠭᠰᠠᠨ᠎ᠨᠢ 99. 4 ᠳ᠋ᠦᠩᠰᠢᠭᠤᠷ ᠲᠥᠭᠦᠷᠢᠭ ᠬᠦᠷᠪᠡ᠃
ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ᠂ ᠬᠤᠵᠢᠷᠰᠢᠭᠰᠠᠨ ᠲᠠᠷᠢᠶᠠᠨ ᠭᠠᠵᠠᠷ᠎ᠢ ᠶᠡᠷᠦᠩᠬᠡᠶ᠋ᠢᠯᠡᠨ ᠠᠰᠢᠭᠯᠠᠬᠤ ᠲᠤᠷᠰᠢᠯᠲᠠ ᠵᠢᠨ ᠲᠥᠰᠦᠯ᠎ᠢ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠴᠣᠬᠤᠯᠠᠪᠤᠷᠢᠯᠠᠭᠤᠯᠵᠤ᠂ ᠬᠡᠷᠡᠭᠵᠢᠭᠦᠯᠦᠭᠰᠡᠨ ᠲᠠᠯᠠᠪᠠᠢ ᠵᠢ 40.2 ᠲᠦᠮᠡᠨ ᠮᠦ᠍ ᠪᠣᠯᠭ᠋ᠠᠨ ᠲᠣᠬᠢᠷᠠᠭᠤᠯᠵᠤ᠂ ᠬᠤᠵᠢᠷᠯᠢᠭ ᠭᠠᠵᠠᠷ ᠵᠡᠷᠭᠡ ᠲᠠᠷᠢᠶᠠᠨ ᠭᠠᠵᠠᠷ᠎ᠤᠨ ᠪᠡᠯᠡᠳᠬᠡᠯ ᠡᠬᠢ ᠪᠠᠶᠠᠯᠢᠭ᠎ᠢ ᠨᠡᠭᠡᠭᠡᠨ ᠬᠥᠭᠵᠢᠭᠦᠯᠦᠭᠡᠳ 2.09 ᠲᠦᠮᠡᠨ ᠮᠦ᠍ ᠰᠢᠨ᠎ᠡ᠎ᠪᠠᠷ ᠨᠡᠮᠡᠭᠳᠡᠪᠡ᠃ ᠤᠯᠠᠭ᠋ᠠᠨᠪᠤᠬ᠎ᠠ ᠡᠯᠡᠰᠦᠨ ᠴᠦᠯ᠎ᠤᠨ ᠵᠡᠭᠦᠨ ᠬᠤᠶ᠋ᠢᠲᠤ ᠬᠡᠰᠡᠭ᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠢᠵᠢ ᠪᠥᠷᠢᠳᠦᠭᠰᠡᠨ ᠴᠠᠬᠢᠯᠭ᠋ᠠᠨ ᠬᠦᠴᠦᠨ᠎ᠢ ᠭᠠᠳᠠᠭᠰᠢ ᠳᠠᠮᠵᠢᠭᠤᠯᠬᠤ ᠨᠡᠪᠲᠡᠷᠡᠬᠦ ᠵᠠᠮ᠎ᠢ ᠨᠢᠭᠡᠨᠲᠡ ᠤᠯᠤᠰ᠎ᠤᠨ ᠲᠥᠯᠥᠪᠵᠢᠭᠦᠯᠭᠡ᠎ᠳᠤ ᠣᠷᠣᠭᠤᠯᠪᠠ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ