ᠢᠯᠡ ᠵᠠᠰᠠᠭ   -   ᠲᠤᠭ᠎ᠠ ᠪᠦᠷᠢᠳᠬᠡᠯ

ᠡᠳ᠋᠎ᠤᠨ ᠵᠠᠰᠠᠭ᠎ᠤᠨ ᠶᠠᠮᠤᠨ᠎ᠠᠴᠠ 20.37 ᠳ᠋ᠦᠩᠰᠢᠭᠤᠷ ᠲᠥᠭᠥᠷᠢᠭ ᠪᠠᠭᠤᠯᠭ᠋ᠠᠪᠠ

ᠨᠡᠶ᠋ᠢᠲᠡᠯᠡᠭᠰᠡᠨ ᠴᠠᠭ᠄   2024-07-31

      ᠰᠤᠷᠪᠤᠯᠵᠢᠯᠠᠬ᠍ᠴᠢ ᠡᠳ᠋᠎ᠤᠨ ᠵᠠᠰᠠᠭ᠎ᠤᠨ ᠶᠠᠮᠤᠨ᠎ᠠᠴᠠ ᠣᠢ᠌ᠯᠠᠭ᠋ᠠᠭᠰᠠᠨ ᠵᠶ᠋ᠠᠷ ᠡᠨᠡ ᠡᠳᠦᠷ (7 ᠰᠠᠷ᠎ᠠ ᠵᠢᠨ 31᠎ᠤ ᠡᠳᠦᠷ) ᠡᠳ᠋᠎ᠤᠨ ᠵᠠᠰᠠᠭ᠎ᠤᠨ ᠶᠠᠮᠤᠨ᠎ᠠᠴᠠ ᠲᠥᠪ᠎ᠤᠨ ᠡᠳ᠋᠎ᠤᠨ ᠵᠠᠰᠠᠭ᠎ᠤᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠭᠠᠮᠰᠢᠭ᠎ᠠᠴᠠ ᠰᠡᠷᠭᠡᠢ᠌ᠯᠡᠬᠦ ᠭᠠᠮᠰᠢᠭ᠎ᠠᠴᠠ ᠠᠪᠤᠷᠠᠬᠤ 20.37 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠪᠠᠭᠤᠯᠭ᠋ᠠᠵᠤ᠂ ᠾᠧᠪᠧᠢ᠂ ᠱᠠᠨ ᠰᠢ᠂ ᠥᠪᠥᠷ ᠮᠣᠩᠭᠣᠯ᠂ ᠯᠢᠶᠣᠤᠨᠢᠩ᠂ ᠭᠢᠷᠢᠨ᠂ ᠬᠠᠷᠠᠮᠥ᠋ᠷᠡᠨ᠂ ᠵᠢᠶᠠᠩᠰᠤ᠂ ᠠᠨᠾᠦ᠋ᠢ᠂ ᠵᠢᠶᠠᠩᠰᠢ᠂ ᠱᠠᠨᠳᠦ᠋ᠩ᠂ ᠾᠧᠨᠠᠨ᠂ ᠬᠤᠪᠧᠢ᠂ ᠬᠤᠨᠠᠨ᠂ ᠱᠠᠨᠰᠢ᠂ ᠭᠠᠨᠰᠤ ᠵᠡᠷᠭᠡ ᠭᠠᠵᠠᠷ᠎ᠤᠨ ᠨᠠᠮᠤᠷ᠎ᠤᠨ ᠠᠮᠤ ᠪᠤᠳᠠᠭ᠋ᠠᠨ᠎ᠤ ᠲᠠᠷᠢᠮᠠᠯ᠎ᠤᠨ 《ᠨᠢᠭᠡ ᠰᠦᠷᠴᠢᠯᠲᠡ᠎ᠪᠠᠷ ᠣᠯᠠᠨ ᠲᠠᠯ᠎ᠠ ᠵᠢ ᠠᠬᠢᠭᠤᠯᠬᠤ》 ᠰᠦᠷᠴᠢᠯᠳᠡ᠎ᠪᠠᠷ ᠪᠣᠷᠳᠣᠭᠤᠷ ᠤᠷᠤᠭᠤᠯᠬᠤ ᠠᠵᠢᠯ᠎ᠢ ᠬᠡᠷᠡᠭᠵᠢᠭᠦᠯᠬᠦ ᠵᠢ ᠳᠡᠮᠵᠢᠪᠡ᠃ ᠡᠭᠦᠨ᠎ᠳᠤ ᠥᠪᠥᠷ ᠮᠣᠩᠭᠣᠯ᠂ ᠯᠢᠶᠣᠤᠨᠢᠩ᠂ ᠭᠢᠷᠢᠨ᠂ ᠬᠠᠷᠠᠮᠥ᠋ᠷᠡᠨ ᠵᠡᠷᠭᠡ 4 ᠮᠤᠵᠢ (ᠥᠪᠡᠷᠲᠡᠭᠡᠨ ᠵᠠᠰᠠᠬᠤ ᠣᠷᠣᠨ)᠎ᠳᠤ 8.76 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠪᠦᠭᠦ ᠬᠡᠪᠴᠢᠶᠡᠨ᠎ᠤ 43% ᠵᠢ ᠡᠵᠡᠯᠡᠪᠡ᠃
      ᠲᠥᠪ᠎ᠤᠨ ᠡᠳ᠋᠎ᠤᠨ ᠵᠠᠰᠠᠭ᠎ᠠᠴᠠ ᠡᠷᠳᠡᠨᠢ ᠰᠢᠰᠢ᠂ ᠰᠢᠷ᠎ᠠ ᠪᠤᠷᠴᠠᠭ᠂ ᠵᠤᠨ᠎ᠤ ᠲᠤᠲᠤᠷᠭ᠎ᠠ ᠵᠡᠷᠭᠡ ᠭᠣᠣᠯ ᠪᠤᠯᠬᠤ ᠨᠠᠮᠤᠷ᠎ᠤᠨ ᠠᠮᠤ ᠪᠤᠳᠠᠭ᠋ᠠᠨ᠎ᠤ ᠲᠠᠷᠢᠮᠠᠯ᠎ᠳᠤ ᠤᠷᠭᠤᠮᠠᠯ᠎ᠤᠨ ᠤᠷᠭᠤᠯᠲᠠ ᠵᠢ ᠲᠣᠬᠢᠷᠠᠭᠤᠯᠬᠤ ᠡᠳ᠋᠂ ᠨᠠᠪᠴᠢᠨ᠎ᠤ ᠪᠣᠷᠳᠣᠭᠤᠷ᠂ ᠰᠥᠷᠬᠦ ᠵᠢ ᠡᠰᠡᠷᠭᠦᠴᠡᠬᠦ ᠡᠳ᠋᠂ ᠪᠠᠺᠲ᠋ᠧᠷᠢ ᠠᠯᠠᠬᠤ ᠬᠣᠷᠣᠬᠠᠢ ᠠᠯᠠᠬᠤ ᠡᠳ᠋ ᠵᠡᠷᠭᠡ ᠵᠢᠨ ᠰᠦᠷᠴᠢᠯᠳᠡ᠎ᠳᠤ ᠭᠣᠣᠯᠳᠠᠯᠭ᠎ᠠ᠎ᠲᠠᠢ ᠨᠥᠬᠥᠪᠦᠷᠢ ᠣᠯᠭᠣᠨ᠎ᠠ᠃ ᠲᠠᠷᠢᠶᠠᠴᠢᠳ᠎ᠤᠨ ᠬᠣᠷᠰᠢᠶ᠎ᠠ᠂ ᠦᠢ᠍ᠯᠡᠴᠢᠯᠡᠭᠡᠨ᠎ᠤ ᠲᠤᠰᠬᠠᠢ ᠡᠷᠦᠭᠡ᠂ ᠲᠠᠷᠢᠶᠠᠯᠠᠩ᠎ᠤᠨ ᠦᠢ᠍ᠯᠡᠴᠢᠯᠡᠭᠡᠨ᠎ᠤ ᠲᠥᠷᠥᠯ᠎ᠤᠨ ᠠᠵᠤ ᠠᠬᠤᠢ᠌ᠯᠠᠯ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠂ ᠬᠠᠩᠭ᠋ᠠᠨ ᠪᠣᠷᠣᠯᠠᠭᠤᠯᠬᠤ ᠬᠣᠷᠰᠢᠶ᠎ᠠ ᠵᠡᠷᠭᠡ ᠨᠥᠬᠥᠴᠡᠯ᠎ᠳᠤ ᠨᠡᠢ᠌ᠴᠡᠬᠦ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ ᠳᠡᠮᠵᠢᠵᠦ᠂ 《ᠨᠢᠭᠡᠳᠦᠯᠲᠡᠢ ᠰᠡᠷᠭᠡᠢ᠌ᠯᠡᠨ ᠨᠢᠭᠡᠳᠦᠯᠲᠡᠢ ᠵᠠᠰᠠᠬᠤ》 ᠠᠷᠭ᠎ᠠ ᠮᠠᠶᠢᠭ ᠵᠶ᠋ᠠᠷ ᠰᠦᠷᠴᠢᠯᠳᠡ᠎ᠪᠠᠷ ᠪᠣᠷᠳᠣᠭᠤᠷ ᠤᠷᠤᠭᠤᠯᠬᠤ ᠠᠵᠢᠯ᠎ᠢ ᠲᠦᠯᠬᠢᠨ ᠠᠬᠢᠭᠤᠯᠵᠤ᠂ ᠨᠠᠮᠤᠷ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠲᠣᠭᠲᠠᠪᠤᠷᠢᠵᠢᠭᠤᠯᠤᠨ᠂ ᠪᠦᠭᠦ ᠵᠢᠯ᠎ᠤᠨ ᠠᠮᠤ ᠪᠤᠳᠠᠭ᠋ᠠᠨ᠎ᠤ ᠡᠯᠪᠡᠭ ᠬᠤᠷᠢᠶᠠᠯᠲᠠ ᠣᠯᠬᠤ᠎ᠳᠤ ᠬᠦᠴᠦᠲᠡᠢ ᠪᠠᠲᠤᠯᠠᠭ᠎ᠠ ᠬᠠᠩᠭ᠋ᠠᠨ᠎ᠠ᠃ ᠡᠳ᠋᠎ᠤᠨ ᠵᠠᠰᠠᠭ᠎ᠤᠨ ᠶᠠᠮᠤᠨ᠎ᠠᠴᠠ ᠬᠣᠯᠪᠣᠭᠳᠠᠯ ᠪᠦᠬᠦᠢ ᠭᠠᠵᠠᠷ ᠣᠷᠣᠨ᠎ᠢ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ᠎ᠪᠠᠨ ᠴᠢᠩᠭ᠋ᠠᠳᠬᠠᠵᠤ᠂ ᠰᠦᠷᠴᠢᠯᠳᠡ ᠵᠢᠨ ᠠᠵᠢᠯ᠎ᠤᠨ ᠦᠷ᠎ᠡ ᠳ᠋ᠦᠩ᠎ᠢ ᠢᠯᠡ ᠨᠡᠢ᠌ᠲᠡᠯᠡᠬᠦ ᠠᠵᠢᠯ᠎ᠢ ᠰᠠᠢ᠌ᠲᠤᠷ ᠬᠢᠵᠦ᠂ ᠨᠡᠢ᠌ᠭᠡᠮ᠎ᠤᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠢ ᠭᠡᠵᠦ ᠱᠠᠭ᠋ᠠᠷᠳᠠᠪᠠ᠃

                     ᠢᠷᠡᠯᠲᠡ᠄ ᠲᠥᠪ ᠲᠸᠯᠸᠢᠰ᠎ᠤᠨ ᠰᠣᠨᠢᠨ ᠮᠡᠳᠡᠭᠡ ᠰᠢᠯᠵᠢᠶ᠎ᠡ



 

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ