ᠢᠯᠡ ᠵᠠᠰᠠᠭ   -   ᠲᠤᠭ᠎ᠠ ᠪᠦᠷᠢᠳᠬᠡᠯ

7.5% ᠵᠢᠨ ᠬᠦᠨᠳᠦᠴᠡ ᠬᠡᠳᠦᠢ ᠶᠡᠭᠡ ᠪᠤᠢ? — ᠥᠪᠥᠷ ᠮᠣᠩᠭᠤᠯ᠎ᠤᠨ ᠠᠵᠤ ᠠᠬᠤᠢ ᠵᠢᠨ 《ᠬᠠᠭ᠋ᠠᠰ ᠵᠢᠯ᠎ᠤᠨ ᠮᠡᠳᠡᠭᠦᠯᠦᠯᠲᠡ》 ᠵᠢ ᠲᠤᠭ᠎ᠠ᠎ᠪᠠᠷ ᠥᠭᠦᠯᠡᠬᠦᠢ

ᠨᠡᠶ᠋ᠢᠲᠡᠯᠡᠭᠰᠡᠨ ᠴᠠᠭ᠄   2024-07-31

     ᠨᠢᠭᠡ ᠵᠢᠯ᠎ᠤᠨ ᠬᠠᠭ᠋ᠠᠰ᠎ᠨᠢ ᠥᠩᠭᠡᠷᠡᠬᠦ᠎ᠪᠠᠷ 《ᠬᠤᠭᠤᠴᠠᠭ᠋ᠠᠨ ᠳᠤᠮᠳᠠᠬᠢ ᠰᠢᠯᠭ᠋ᠠᠯᠲᠠ》 ᠵᠢᠨ ᠬᠢᠷᠢ ᠪᠦᠲᠦᠮᠵᠢ ᠶᠠᠮᠠᠷ ᠵᠡᠷᠭᠡ ᠪᠠᠶ᠋ᠢᠬᠤ᠎ᠨᠢ ᠤᠯᠠᠨ᠎ᠤ ᠠᠩᠬᠠᠷᠤᠯ᠎ᠢ ᠤᠨᠴᠠᠭ᠋ᠠᠢ ᠲᠠᠲᠠᠨ᠎ᠠ᠃
     ᠳᠡᠭᠡᠷ᠎ᠡ ᠬᠠᠭ᠋ᠠᠰ ᠵᠢᠯ᠎ᠳᠤ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 7.5%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠪᠠᠷ ᠲᠦᠷᠦᠭᠦᠦ ᠤᠯᠠᠷᠢᠯ᠎ᠤᠨ᠎ᠬᠢ᠎ᠠᠴᠠ ᠵᠠᠭᠤᠨ᠎ᠤ ᠬᠠᠷᠢᠴᠠᠯ ᠵᠶ᠋ᠠᠷ 0.4 ᠬᠤᠪᠢ ᠳᠠᠪᠠᠵᠤ᠂ ᠠᠳᠠᠯᠢ ᠬᠤᠭᠤᠴᠠᠭ᠋ᠠᠨ᠎ᠤ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠶ᠋ᠠᠷ 1.5 ᠬᠤᠪᠢ ᠳᠠᠪᠠᠪᠠ᠃
    7.5% ᠵᠢᠨ ᠨᠡᠮᠡᠭᠳᠡᠯ ᠪᠣᠯ ᠭᠢᠯᠪᠡᠷ ᠪᠤᠰᠤ ᠠᠮᠵᠢᠯᠲᠠ ᠶᠤᠮᠰᠠᠨ᠂ ᠡᠨᠡ ᠪᠣᠯ ᠨᠡᠭᠦᠷᠡᠰᠦ ᠵᠡᠷᠭᠡ ᠭᠤᠣᠯ ᠪᠤᠯᠬᠤ ᠡᠨᠧᠷᠭᠢ ᠵᠢᠨ ᠦᠢ᠍ᠯᠡᠳᠬᠦᠨ᠎ᠤ ᠦᠨ᠎ᠡ ᠬᠠᠩᠰᠢ ᠨᠡᠶ᠋ᠢᠳᠡᠮ ᠳᠣᠣᠷ᠎ᠠ ᠮᠥᠷᠲᠡᠭᠡᠨ ᠬᠡᠷᠡᠭᠴᠡᠭᠡ ᠭᠦᠢ᠍ᠴᠡᠳ ᠪᠤᠰᠤ ᠭᠠᠳᠠᠭ᠋ᠠᠳᠤ ᠣᠷᠴᠢᠨ ᠨᠥᠬᠦᠴᠡᠯ᠎ᠤᠨ ᠳᠣᠣᠷ᠎ᠠ ᠣᠯᠣᠭᠰᠠᠨ᠂ ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠦᠴᠦᠷᠬᠡᠭ ᠶᠡᠭᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢ ᠬᠠᠷᠠᠭᠤᠯᠤᠭᠰᠠᠨ᠂ ᠨᠡᠩ ᠴᠤ᠌ ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠠᠵᠠ ᠳᠤᠭᠢᠶᠠᠯ᠎ᠢ ᠪᠠᠲᠤ ᠡᠵᠡᠮᠳᠡᠵᠦ᠂ ᠢᠲᠡᠭᠡᠯ ᠵᠣᠷᠢᠭ ᠵᠶ᠋ᠠᠨ ᠪᠠᠲᠤᠳᠬᠠᠨ᠂ ᠪᠠᠶ᠋ᠢᠷᠢ ᠲᠣᠭᠲᠠᠭ᠋ᠠᠯᠲᠠ᠎ᠪᠠᠨ ᠤᠨᠤᠪᠴᠢᠳᠠᠢ ᠣᠯᠵᠤ᠂ ᠢᠯᠠᠯᠲᠠ ᠵᠢᠨ ᠡᠷᠴᠢᠨ ᠳᠡᠭᠡᠷ᠎ᠡ᠎ᠪᠠᠨ ᠦᠷᠭᠦᠯᠵᠢᠯᠡᠨ ᠤᠷᠤᠭᠰᠢᠯᠠᠬᠤ᠎ᠳᠠᠭᠠᠨ ᠬᠤᠷᠠᠮᠳᠤᠭᠤᠯᠤᠭᠰᠠᠨ ᠬᠦᠴᠦᠷᠬᠡᠭ ᠶᠡᠭᠡ ᠬᠥᠭᠵᠢᠯᠲᠡ ᠵᠢᠨ ᠡᠷᠴᠢ ᠬᠦᠴᠦᠨ ᠪᠠ ᠬᠥᠳᠡᠯᠭᠡᠬᠦ ᠡᠨᠧᠷᠭᠢ ᠵᠢ ᠢᠯᠡᠷᠡᠭᠦᠯᠦᠭᠰᠡᠨ ᠠᠮᠵᠢᠯᠲᠠ ᠪᠢᠯᠡ᠃
    7.5% ᠵᠢᠨ ᠬᠦᠨᠳᠦᠴᠡ ᠬᠡᠳᠦᠢ ᠶᠡᠭᠡ ᠪᠤᠢ? ᠡᠭᠦᠨ᠎ᠤ ᠬᠠᠷᠢᠭᠤᠯᠲᠠ᠎ᠨᠢ ᠥᠪᠥᠷ ᠮᠣᠩᠭᠤᠯ᠎ᠤᠨ ᠰᠢᠨ᠎ᠡ ᠡᠨᠧᠷᠭᠢ᠎ᠪᠠᠷ ᠰᠢᠨ᠎ᠡ ᠠᠵᠤ ᠦᠢ᠍ᠯᠡᠳᠪᠦᠷᠢ ᠵᠢ ᠳᠠᠶ᠋ᠢᠴᠢᠯᠡᠵᠤ᠂ ᠰᠢᠨ᠎ᠡ ᠡᠨᠧᠷᠭᠢ ᠵᠢᠨ ᠬᠦᠷᠢᠶᠡᠨ᠎ᠳᠤ ᠲᠠᠭᠢᠨ ᠨᠢᠭᠡ ᠠᠵᠤ ᠦᠢ᠍ᠯᠡᠳᠪᠦᠷᠢ ᠵᠢᠨ ᠥᠪᠥᠷ ᠮᠣᠩᠭᠤᠯ᠎ᠢ ᠴᠣᠭᠴᠠᠯᠠᠬᠤ᠎ᠪᠠᠷ ᠴᠢᠷᠮᠠᠶ᠋ᠢᠬᠤ ᠲᠡᠮᠡᠴᠡᠯ᠎ᠤᠨ ᠦᠢ᠍ᠯᠡᠳᠦᠯᠭᠡ᠎ᠳᠤ ᠪᠤᠢ᠃
     ᠡᠨᠡ ᠵᠢᠯ᠎ᠠᠴᠠ ᠨᠠᠭ᠋ᠠᠰᠢ᠂ ᠮᠠᠨ᠎ᠤ ᠣᠷᠣᠨ ᠪᠦᠭᠦ ᠠᠵᠤ ᠦᠢ᠍ᠯᠡᠰ᠎ᠤᠨ ᠬᠡᠯᠬᠢᠶ᠎ᠡ ᠵᠢᠨ ᠰᠡᠳᠬᠢᠬᠦᠢ ᠵᠢ ᠪᠠᠷᠢᠮᠲᠠᠯᠠᠨ᠂ ᠰᠢᠨ᠎ᠡ ᠡᠨᠧᠷᠭᠢ ᠵᠢᠨ ᠬᠥᠲᠥᠯᠥᠨ ᠳᠠᠭ᠋ᠠᠭᠤᠯᠵᠤ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠢᠭᠡ ᠲᠠᠯ᠎ᠠ᠎ᠪᠠᠷ ᠰᠢᠨ᠎ᠡ ᠡᠨᠧᠷᠭᠢ ᠵᠢ ᠨᠡᠭᠡᠭᠡᠵᠦ ᠬᠥᠭᠵᠢᠭᠦᠯᠬᠦ ᠵᠢ ᠠᠳᠬᠤᠨ᠂ ᠨᠦᠭᠦᠭᠡ ᠲᠠᠯ᠎ᠠ᠎ᠪᠠᠷ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ᠂ ᠡᠵᠡᠩᠨᠡᠨ ᠬᠠᠮᠢᠶᠠᠷᠬᠤ ᠦᠢ᠍ᠯᠡᠴᠢᠯᠡᠭᠡ ᠵᠡᠷᠭᠡ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠠᠵᠤ ᠦᠢ᠍ᠯᠡᠰ᠎ᠤᠨ ᠬᠥᠭᠵᠢᠯᠲᠡ ᠵᠢ ᠠᠳᠬᠤᠵᠤ᠂ ᠰᠢᠨ᠎ᠡ ᠡᠨᠧᠷᠭᠢ ᠵᠢᠨ ᠠᠵᠤ ᠦᠢ᠍ᠯᠡᠰ ᠨᠢᠰᠬᠦ ᠮᠡᠲᠦ ᠲᠦᠷᠭᠡᠨ ᠬᠥᠭᠵᠢᠯᠲᠡ᠎ᠲᠠᠢ ᠪᠣᠯᠵᠠᠢ᠃
     ᠡᠨᠡ ᠵᠢᠯ᠎ᠤᠨ 5 ᠰᠠᠷ᠎ᠠ ᠵᠢᠨ ᠰᠡᠭᠦᠯᠴᠢ ᠪᠤᠯᠳᠠᠯ᠎ᠠ᠂ ᠪᠦᠭᠦ ᠣᠷᠣᠨ᠎ᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠶᠡᠷᠦᠩᠬᠡᠢ ᠪᠠᠭᠲᠠᠭ᠋ᠠᠮᠵᠢ 10158 ᠲᠦᠮᠡᠨ ᠺᠢᠯᠣᠸᠠᠲ᠎ᠲᠤ ᠬᠦᠷᠴᠦ᠂ ᠴᠠᠭᠢᠯᠭ᠋ᠠᠨ ᠬᠦᠴᠦᠨ᠎ᠤ ᠮᠠᠰᠢᠨ ᠴᠣᠭᠴᠠᠯᠠᠪᠤᠷᠢ ᠵᠢᠨ ᠶᠡᠷᠦᠩᠬᠡᠢ ᠪᠠᠭᠲᠠᠭ᠋ᠠᠮᠵᠢ ᠵᠢᠨ 45% ᠵᠢ ᠡᠵᠡᠯᠡᠬᠦ ᠪᠣᠯᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠵᠠᠭᠤᠨ᠎ᠤ ᠬᠠᠷᠢᠴᠠᠯ ᠵᠶ᠋ᠠᠷ 7.3 ᠬᠤᠪᠢ ᠳᠠᠪᠠᠵᠤ᠂ ᠪᠦᠭᠦ ᠤᠯᠤᠰ᠎ᠤᠨ ᠠᠩᠬᠠᠳᠠᠭᠴᠢ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠶᠡᠷᠦᠩᠬᠡᠢ ᠪᠠᠭᠲᠠᠭ᠋ᠠᠮᠵᠢ ᠳ᠋ᠦᠩᠰᠢᠭᠤᠷ ᠺᠢᠯᠣᠸᠠᠲ᠎ᠢ ᠳᠠᠪᠠᠭᠰᠠᠨ ᠮᠤᠵᠢ ᠣᠷᠣᠨ ᠪᠣᠯᠪᠠ᠃
     ᠡᠨᠡ᠎ᠨᠢ ᠬᠡᠪᠴᠢᠶ᠎ᠡ ᠵᠢᠨ ᠰᠢᠪᠲᠤᠯᠤᠯᠲᠠ ᠲᠡᠳᠦᠢ ᠪᠢᠰᠢ᠂ ᠨᠡᠩ ᠴᠤ᠌ ᠶᠠᠰᠤ ᠴᠢᠨᠠᠷ᠎ᠤᠨ ᠰᠢᠪᠲᠤᠯᠤᠯᠲᠠ ᠪᠠᠶ᠋ᠢᠵᠤ᠂ ᠪᠦᠭᠦ ᠣᠷᠣᠨ᠎ᠤ ᠴᠠᠭᠢᠯᠭ᠋ᠠᠨ ᠬᠦᠴᠦᠨ᠎ᠤ 《ᠪᠣᠬᠢᠷᠳᠤᠯ ᠦᠭᠡᠢ ᠵᠢᠨ ᠬᠡᠮᠵᠢᠶ᠎ᠡ》 ᠠᠯᠬᠤᠮ ᠠᠯᠬᠤᠮ ᠵᠶ᠋ᠠᠷ ᠨᠡᠮᠡᠭᠳᠡᠭᠰᠡᠨ ᠪᠠᠶ᠋ᠢᠨ᠎ᠠ᠃
     ᠳᠡᠭᠡᠷ᠎ᠡ ᠬᠠᠭ᠋ᠠᠰ ᠵᠢᠯ᠎ᠳᠤ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠰᠢᠨ᠎ᠡ ᠡᠨᠧᠷᠭᠢ᠎ᠪᠠᠷ ᠴᠠᠭᠢᠯᠭ᠋ᠠᠨ ᠭᠠᠷᠭ᠋ᠠᠭᠰᠠᠨ ᠬᠡᠮᠵᠢᠶ᠎ᠡ 947.9 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 21.4%᠎ᠪᠠᠷ ᠨᠡᠮᠡᠭᠳᠡᠪᠡ; ᠰᠢᠨ᠎ᠡ ᠡᠨᠧᠷᠭᠢ᠎ᠪᠠᠷ ᠴᠠᠭᠢᠯᠭ᠋ᠠᠨ ᠭᠠᠷᠭ᠋ᠠᠭᠰᠠᠨ ᠬᠡᠮᠵᠢᠶ᠎ᠡ᠎ᠨᠢ ᠪᠦᠭᠦ ᠴᠠᠭᠢᠯᠭ᠋ᠠᠨ ᠭᠠᠷᠭ᠋ᠠᠭᠰᠠᠨ ᠬᠡᠮᠵᠢᠶ᠎ᠡ ᠵᠢᠨ 24.3% ᠵᠢ ᠡᠵᠡᠯᠡᠵᠦ᠂ ᠡᠵᠡᠯᠡᠬᠦ ᠬᠠᠷᠢᠴᠠᠯ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠵᠠᠭᠤᠨ᠎ᠤ ᠬᠠᠷᠢᠴᠠᠯ ᠵᠶ᠋ᠠᠷ 1.9 ᠬᠤᠪᠢ ᠳᠡᠭᠡᠭᠰᠢᠯᠡᠪᠡ᠃ ᠡᠭᠦᠨ᠎ᠳᠤ ᠰᠠᠯᠬᠢᠨ ᠬᠦᠴᠦ᠎ᠪᠠᠷ 792.4 ᠳ᠋ᠦᠩᠰᠢᠭᠤᠷ ᠺᠢᠯᠣᠸᠠᠲ ᠴᠠᠭ ᠴᠠᠭᠢᠯᠭ᠋ᠠᠨ ᠭᠠᠷᠭ᠋ᠠᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 18.6%᠎ᠪᠠᠷ ᠨᠡᠮᠡᠭᠳᠡᠨ᠂ ᠭᠡᠷᠡᠯᠴᠢ ᠴᠡᠨᠡᠭ ᠵᠶ᠋ᠠᠷ 147.5 ᠳ᠋ᠦᠩᠰᠢᠭᠤᠷ ᠺᠢᠯᠣᠸᠠᠲ ᠴᠠᠭ ᠴᠠᠭᠢᠯᠭ᠋ᠠᠨ ᠭᠠᠷᠭ᠋ᠠᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 43.1%᠎ᠪᠠᠷ ᠨᠡᠮᠡᠭᠳᠡᠪᠡ᠃
     ᠡᠳᠦᠭᠡ ᠥᠪᠥᠷ ᠮᠣᠩᠭᠤᠯ ᠶᠠᠭ ᠪᠦᠭᠦ ᠤᠯᠤᠰ᠎ᠲᠤ ᠡᠩ ᠲᠡᠷᠢᠭᠦᠨ᠎ᠳᠤ ᠰᠢᠨ᠎ᠡ ᠡᠨᠧᠷᠭᠢ᠎ᠪᠠᠷ ᠭᠤᠣᠯ ᠴᠣᠭᠴᠠ ᠪᠤᠯᠭ᠋ᠠᠬᠰᠠᠨ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠢ ᠴᠣᠭᠴᠠᠯᠠᠬᠤ ᠬᠠᠷᠠᠯᠲᠠ ᠵᠢ ᠪᠠᠲᠤ ᠡᠵᠡᠮᠳᠡᠨ᠂ ᠰᠢᠨ᠎ᠡ ᠡᠨᠧᠷᠭᠢ ᠵᠢ ᠨᠡᠭᠡᠭᠡᠵᠦ ᠬᠥᠭᠵᠢᠭᠦᠯᠬᠦ ᠪᠠ ᠲᠣᠨᠣᠭᠯᠠᠯ ᠦᠢ᠍ᠯᠡᠳᠬᠦ ᠦᠢ᠍ᠯᠡᠰ᠎ᠢ ᠱᠠᠯᠠᠪᠳᠠᠭᠤᠯᠤᠨ ᠬᠥᠭᠵᠢᠭᠦᠯᠵᠦ ᠪᠠᠶ᠋ᠢᠨ᠎ᠠ᠃ ᠵᠢᠱ᠌ᠢᠯᠲᠡ᠎ᠪᠠᠷ ᠵᠢᠯ᠎ᠤᠨ ᠡᠴᠦᠰ ᠪᠤᠯᠬᠤ᠎ᠳᠤ ᠪᠦᠭᠦ ᠣᠷᠣᠨ᠎ᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠶᠡᠷᠦᠩᠬᠡᠢ ᠪᠠᠭᠲᠠᠭ᠋ᠠᠮᠵᠢ 1.3 ᠳ᠋ᠦᠩᠰᠢᠭᠤᠷ ᠺᠢᠯᠣᠸᠠᠲ᠎ᠢ ᠳᠠᠪᠠᠭ᠍ᠤ ᠪᠣᠯᠣᠨ᠎ᠠ᠃
    7.5% ᠵᠢᠨ ᠬᠦᠨᠳᠦᠴᠡ ᠬᠡᠳᠦᠢ ᠶᠡᠭᠡ ᠪᠤᠢ? ᠡᠭᠦᠨ᠎ᠤ ᠬᠠᠷᠢᠭᠤᠯᠲᠠ᠎ᠨᠢ ᠥᠪᠥᠷ ᠮᠣᠩᠭᠤᠯ᠎ᠤᠨ ᠲᠡᠷᠢᠭᠦᠨ᠎ᠤ ᠦᠢ᠍ᠯᠡᠳᠬᠦ ᠦᠢ᠍ᠯᠡᠰ ᠵᠶ᠋ᠠᠷ ᠰᠢᠨ᠎ᠡ ᠭᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠳᠠᠶ᠋ᠢᠴᠢᠯᠠᠵᠤ᠂ ᠦᠢ᠍ᠯᠡᠳᠬᠦ ᠦᠢ᠍ᠯᠡᠰ᠎ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠬᠤ ᠲᠡᠮᠡᠴᠡᠯ᠎ᠤᠨ ᠦᠢ᠍ᠯᠡᠳᠦᠯᠭᠡ᠎ᠳᠤ ᠪᠤᠢ᠃
     ᠦᠢ᠍ᠯᠡᠳᠬᠦ ᠦᠢ᠍ᠯᠡᠰ ᠪᠣᠯ ᠠᠵᠤ ᠦᠢ᠍ᠯᠡᠳᠪᠦᠷᠢ ᠵᠢᠨ ᠭᠤᠣᠯ ᠲᠤᠯᠭ᠋ᠠᠭᠤᠷᠢ᠂ ᠠᠵᠤ ᠦᠢ᠍ᠯᠡᠳᠪᠦᠷᠢ ᠵᠢᠨ ᠪᠦᠲᠦᠴᠡ᠎ᠳᠤ ᠲᠣᠬᠢᠷᠠᠭᠤᠯᠤᠯᠲᠠ ᠬᠢᠵᠦ᠂ ᠭᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ 《ᠭᠤᠣᠯ ᠳᠠᠶ᠋ᠢᠯᠠᠯᠳᠤᠭ᠋ᠠᠨ᠎ᠤ ᠲᠠᠯᠠᠪᠤᠷ》 ᠮᠥᠨ᠃ ᠡᠨᠡ ᠵᠢᠯ᠎ᠠᠴᠠ ᠨᠠᠭ᠋ᠠᠰᠢ᠂ ᠣᠷᠣᠨ ᠳᠠᠶᠠᠭ᠋ᠠᠷ ᠵᠶ᠋ᠠᠨ ᠦᠢ᠍ᠯᠡᠳᠬᠦ ᠦᠢ᠍ᠯᠡᠰ᠎ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠬᠤ᠎ᠪᠠᠷ ᠭᠤᠣᠯ ᠰᠢᠪᠲᠤᠯᠤᠯᠲᠠ ᠵᠢᠨ ᠴᠢᠭᠯᠡᠯ ᠪᠣᠯᠭ᠋ᠠᠨ᠂ ᠦᠢ᠍ᠯᠡᠳᠬᠦ ᠦᠢ᠍ᠯᠡᠰ᠎ᠤᠨ ᠶᠡᠭᠡ ᠲᠦᠷᠦᠯ ᠵᠦᠢ᠍ᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ᠎ᠪᠠᠷ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠠᠵᠤ ᠦᠢ᠍ᠯᠡᠰ᠎ᠤᠨ ᠬᠡᠯᠬᠢᠶ᠎ᠡ ᠵᠢ ᠨᠥᠬᠦᠪᠦᠷᠢᠯᠡᠬᠦ ᠠᠵᠤ ᠦᠢ᠍ᠯᠡᠰ᠎ᠤᠨ ᠬᠡᠯᠬᠢᠶ᠎ᠡ ᠵᠢ ᠴᠢᠩᠭ᠋ᠠᠳᠬᠠᠬᠤ ᠵᠢ ᠳᠠᠶ᠋ᠢᠴᠢᠯᠠᠬᠤ᠎ᠪᠠᠷ ᠭᠤᠣᠯ ᠰᠢᠵᠢᠮ ᠪᠤᠯᠭ᠋ᠠᠵᠤ᠂ ᠠᠵᠤ ᠦᠢ᠍ᠯᠡᠰ᠎ᠤᠨ ᠬᠡᠯᠬᠢᠶ᠎ᠡ ᠵᠢ ᠡᠴᠦᠰ᠎ᠤᠨ ᠦᠢ᠍ᠯᠡᠳᠬᠦᠨ ᠲᠡᠶ᠋ᠢᠰᠢ ᠤᠷᠲᠤᠳᠬᠠᠬᠤ᠂ ᠦᠷᠳᠡᠭ᠎ᠤᠨ ᠬᠡᠯᠬᠢᠶ᠎ᠡ ᠵᠢ ᠳᠤᠮᠳᠠ ᠳᠡᠭᠡᠳᠦ ᠳᠡᠰ ᠲᠡᠶ᠋ᠢᠰᠢ ᠳᠡᠰ ᠳᠡᠪᠰᠢᠭᠦᠯᠬᠦ ᠵᠢ ᠪᠡᠶᠡᠯᠡᠭᠦᠯᠵᠦ᠂ ᠠᠵᠤ ᠦᠢ᠍ᠯᠡᠰ᠎ᠤᠨ ᠪᠦᠲᠦᠴᠡ᠎ᠳᠤ ᠲᠣᠬᠢᠷᠠᠭᠤᠯᠤᠯᠲᠠ ᠬᠢᠵᠦ ᠭᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠠᠬᠢᠴᠠ ᠵᠢ ᠲᠦᠷᠭᠡᠳᠬᠡᠵᠡᠢ᠃
     ᠳᠡᠭᠡᠷ᠎ᠡ ᠬᠠᠭ᠋ᠠᠰ ᠵᠢᠯ᠎ᠳᠤ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 11%᠎ᠪᠠᠷ ᠨᠡᠮᠡᠭᠳᠡᠵᠦ᠂ 2023 ᠣᠨ᠎ᠤ 4 ᠰᠠᠷ᠎ᠠ᠎ᠠᠴᠠ ᠨᠠᠭ᠋ᠠᠰᠢᠬᠢ ᠬᠤᠶᠠᠷ ᠣᠷᠣᠨᠲᠤ ᠲᠤᠭ᠎ᠠ᠎ᠪᠠᠷ ᠨᠡᠮᠡᠭᠳᠡᠬᠦ ᠬᠠᠨᠳᠤᠰᠢ ᠵᠢ ᠦᠷᠭᠦᠯᠵᠢᠯᠡᠨ ᠪᠠᠲᠤᠯᠠᠪᠠ᠃ ᠡᠭᠦᠨ᠎ᠳᠤ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ᠎ᠤᠨ ᠡᠷᠴᠢᠮ᠎ᠨᠢ ᠨᠡᠩ ᠴᠢᠩᠭ᠎ᠠ ᠪᠠᠶ᠋ᠢᠵᠤ᠂ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 41.3%᠎ᠪᠠᠷ ᠨᠡᠮᠡᠭᠳᠡᠨ᠂ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠶ᠋ᠠᠷ 33.8 ᠬᠤᠪᠢ ᠳᠠᠪᠠᠵᠠᠢ᠃ ᠳᠡᠭᠡᠳᠦ ᠳᠡᠰ᠎ᠤᠨ ᠲᠣᠨᠣᠭᠯᠠᠯ ᠦᠢ᠍ᠯᠡᠳᠬᠦ ᠦᠢ᠍ᠯᠡᠰ᠎ᠤᠨ ᠬᠥᠭᠵᠢᠯᠲᠡ ᠵᠢᠨ ᠡᠷᠴᠢᠮ ᠴᠤ᠌ ᠴᠢᠩᠭ᠋ᠠᠷᠠᠵᠤ᠂ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 32.4%᠎ᠪᠠᠷ ᠨᠡᠮᠡᠭᠳᠡᠨ᠂ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠶ᠋ᠠᠷ 24.9 ᠬᠤᠪᠢ ᠳᠠᠪᠠᠪᠠ᠃ ᠦᠢ᠍ᠯᠡᠳᠬᠦ ᠦᠢ᠍ᠯᠡᠰ ᠤᠳᠤ ᠶᠠᠭ ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠨᠡᠮᠡᠭᠳᠡᠯ᠎ᠢ ᠳᠠᠶ᠋ᠢᠴᠢᠯᠠᠬᠤ ᠴᠢᠬᠤᠯᠠ ᠬᠦᠴᠦᠨ ᠪᠣᠯᠵᠤ ᠪᠠᠶ᠋ᠢᠨ᠎ᠠ᠃
     ᠣᠳᠣᠬᠠᠨ᠎ᠳᠤ ᠥᠪᠥᠷ ᠮᠣᠩᠭᠤᠯ ᠶᠠᠭ ᠳᠡᠭᠡᠳᠦ ᠳᠡᠰ᠎ᠤᠨ ᠲᠣᠨᠣᠭᠯᠠᠯ᠂ ᠰᠢᠨ᠎ᠡ ᠮᠠᠲ᠋ᠧᠷᠢᠶᠠᠯ᠂ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠨᠠᠷᠢᠯᠢᠭ ᠬᠢᠮᠢ ᠵᠢᠨ ᠠᠵᠤ ᠦᠢ᠍ᠯᠡᠳᠪᠦᠷᠢ᠂ ᠨᠣᠣᠰᠣ ᠨᠣᠣᠯᠣᠭᠤᠷ᠎ᠤᠨ ᠨᠡᠬᠡᠮᠡᠯ᠂ ᠢᠳᠡᠭᠡᠨ ᠪᠤᠯᠪᠠᠰᠤᠷᠠᠭᠤᠯᠬᠤ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠥᠪᠡᠷᠮᠢᠴᠡ ᠣᠨᠴᠠᠯᠢᠭ᠎ᠲᠠᠢ ᠳᠠᠪᠠᠭᠤᠯᠢᠭᠲᠤ ᠠᠵᠤ ᠦᠢ᠍ᠯᠡᠰ᠎ᠤᠨ ᠲᠣᠭᠤᠷᠢᠨ᠎ᠳᠤ 《139》 ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠤᠨ ᠰᠢᠰᠲ᠋ᠧᠮ᠎ᠢ ᠱᠠᠯᠠᠪᠳᠠᠨ ᠪᠠᠶ᠋ᠢᠭᠤᠯᠵᠤ ᠪᠤᠢ᠃ ᠡᠨᠡ᠎ᠨᠢ ᠳᠠᠷᠤᠢ 1 ᠳᠡᠯᠡᠬᠡᠢ ᠵᠢᠨ ᠳᠡᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠂ 3 ᠤᠯᠤᠰ᠎ᠤᠨ ᠳᠡᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠂ 9 ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠪᠠᠶ᠋ᠢᠭᠤᠯᠵᠤ᠂ ᠳᠡᠯᠡᠬᠡᠢ ᠵᠢᠨ ᠳᠡᠰ᠎ᠤᠨ ᠪᠦᠯᠦᠭᠵᠢᠯ ᠵᠶ᠋ᠠᠷ ᠤᠳᠤᠷᠢᠳᠤᠮᠵᠢ ᠪᠤᠯᠭ᠋ᠠᠵᠤ᠂ ᠤᠯᠤᠰ᠎ᠤᠨ ᠳᠡᠰ᠎ᠤᠨ ᠪᠦᠯᠦᠭᠵᠢᠯ ᠵᠶ᠋ᠠᠷ ᠭᠤᠣᠯᠯᠠᠭᠴᠢ ᠪᠤᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠦᠯᠦᠭᠵᠢᠯ ᠵᠶ᠋ᠠᠷ ᠰᠠᠭᠤᠷᠢ ᠪᠤᠯᠭ᠋ᠠᠬᠰᠠᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠤᠨ ᠰᠢᠰᠲ᠋ᠧᠮ᠎ᠢ ᠠᠩᠬ᠎ᠠ ᠠᠯᠬᠤᠮ ᠪᠦᠷᠢᠯᠳᠦᠭᠦᠯᠦᠨ᠂ ᠦᠢ᠍ᠯᠡᠳᠬᠦ ᠦᠢ᠍ᠯᠡᠰ᠎ᠤᠨ ᠳᠡᠭᠡᠳᠦ ᠳᠡᠰᠵᠢᠵᠤ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠬᠤ ᠵᠢ ᠵᠢᠭ᠋ᠠᠵᠤ ᠪᠠᠶ᠋ᠢᠨ᠎ᠠ᠃
    7.5% ᠵᠢᠨ ᠨᠡᠮᠡᠭᠳᠡᠯ᠎ᠤᠨ ᠬᠤᠷᠳᠤᠴᠠ ᠪᠣᠯ ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ᠎ᠪᠠᠷ ᠰᠠᠶ᠋ᠢᠵᠢᠷᠠᠭᠰᠠᠨ᠎ᠤ ᠴᠢᠬᠤᠯᠠ ᠫᠠᠷᠠᠮᠧᠳ᠋ᠷ ᠪᠣᠯᠣᠨ᠎ᠠ᠃ ᠡᠨᠡ ᠬᠦ᠌ 《ᠬᠤᠭᠤᠴᠠᠭ᠋ᠠᠨ ᠳᠤᠮᠳᠠᠬᠢ ᠰᠢᠯᠭ᠋ᠠᠯᠲᠠ》 ᠵᠢ ᠨᠠᠷᠢᠨ ᠰᠢᠨᠵᠢᠯᠡᠪᠡᠯ᠂ ᠠᠵᠤ ᠦᠢ᠍ᠯᠡᠰ᠎ᠤᠨ ᠰᠢᠨ᠎ᠡ ᠲᠡᠶ᠋ᠢᠰᠢ᠂ ᠣᠶᠤᠨᠴᠢᠯᠠᠭᠰᠠᠨ ᠲᠡᠶ᠋ᠢᠰᠢ᠂ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠬᠠᠨᠳᠤᠰᠢ ᠨᠡᠩ ᠲᠣᠪᠣᠶ᠋ᠢᠮ᠎ᠠ ᠪᠣᠯᠵᠤ᠂ ᠬᠥᠳᠡᠯᠭᠡᠬᠦ ᠬᠦᠴᠦᠨ ᠵᠶ᠋ᠠᠷ ᠨᠡᠩ ᠴᠢᠩᠭ᠎ᠠ᠂ ᠪᠦᠲᠦᠴᠡ᠎ᠪᠠᠷ ᠨᠡᠩ ᠰᠢᠯᠢᠳᠡᠭ᠂ ᠦᠷ᠎ᠡ ᠠᠰᠢᠭ ᠵᠶ᠋ᠠᠷ ᠨᠡᠩ ᠥᠨᠳᠥᠷ ᠠᠵᠤ ᠠᠬᠤᠢ ᠵᠢᠨ ᠨᠡᠮᠡᠭᠳᠡᠯ ᠶᠠᠭ ᠪᠦᠭᠦ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠥᠭᠵᠢᠯᠲᠡ ᠵᠢᠨ ᠬᠦᠨᠳᠦᠴᠡ ᠵᠢ ᠲᠠᠰᠤᠷᠠᠯᠳᠠ ᠦᠭᠡᠢ ᠨᠡᠮᠡᠭᠳᠡᠭᠦᠯᠵᠦ ᠪᠤᠢ᠃
    《ᠬᠤᠭᠤᠴᠠᠭ᠋ᠠᠨ ᠳᠤᠮᠳᠠᠬᠢ ᠰᠢᠯᠭ᠋ᠠᠯᠲᠠ》 ᠪᠣᠯ 《ᠬᠢᠷᠢ ᠪᠦᠲᠦᠮᠵᠢ ᠵᠢᠨ ᠬᠠᠭᠤᠳᠠᠰᠤ》 ᠪᠤᠯᠬᠤ ᠪᠥᠭᠡᠳ 《ᠴᠢᠭᠯᠡᠯ᠎ᠤᠨ ᠵᠢᠷᠤᠭ》 ᠶᠤᠮᠰᠠᠨ᠃ ᠪᠦᠭᠦ ᠵᠢᠯ᠎ᠤᠨ ᠠᠵᠤ ᠠᠬᠤᠢ ᠵᠢᠨ ᠬᠠᠨᠳᠤᠰᠢ ᠵᠢ ᠲᠣᠭᠲᠠᠭ᠋ᠠᠬᠤ 《ᠳᠣᠣᠷ᠎ᠠ ᠬᠠᠭ᠋ᠠᠰ ᠲᠠᠯᠠᠪᠤᠷ》᠎ᠤᠨ ᠤᠷᠤᠯᠳᠤᠭ᠋ᠠᠨ᠎ᠤ ᠵᠠᠮ᠎ᠳᠤ ᠣᠷᠣᠬᠤᠶ᠎ᠠ᠂ ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠠᠵᠤ ᠠᠬᠤᠢ ᠢᠯᠠᠯᠲᠠ ᠵᠢᠨ ᠡᠷᠴᠢᠨ ᠳᠡᠭᠡᠷ᠎ᠡ᠎ᠪᠠᠨ ᠳᠠᠬᠢᠨᠲᠠ ᠰᠢᠨ᠎ᠡ ᠳᠡᠭᠲᠡᠷ᠎ᠲᠤ ᠭᠠᠷᠬᠤ᠎ᠪᠠᠷ ᠴᠢᠷᠮᠠᠶ᠋ᠢᠬᠤ ᠴᠢᠬᠤᠯᠠᠲᠠᠢ᠃
     ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠤᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠎ᠤ ᠢᠯᠡᠷᠬᠡᠶ᠋ᠢᠯᠡᠭᠰᠡᠨ ᠵᠶ᠋ᠠᠷ᠂ ᠳᠠᠷᠠᠭ᠋ᠠᠴᠢ᠎ᠪᠠᠷ ᠥᠪᠡᠷᠲᠡᠭᠡᠨ ᠵᠠᠰᠠᠬᠤ ᠣᠷᠣᠨ᠎ᠠᠴᠠ ᠰᠢᠨ᠎ᠡ ᠡᠨᠧᠷᠭᠢ᠎ᠪᠠᠷ ᠰᠢᠨ᠎ᠡ ᠠᠵᠤ ᠦᠢ᠍ᠯᠡᠳᠪᠦᠷᠢ ᠵᠢ ᠳᠠᠶ᠋ᠢᠴᠢᠯᠠᠬᠤ᠂ ᠲᠡᠷᠢᠭᠦᠨ᠎ᠤ ᠦᠢ᠍ᠯᠡᠳᠬᠦ ᠦᠢ᠍ᠯᠡᠰ ᠵᠶ᠋ᠠᠷ ᠰᠢᠨ᠎ᠡ ᠭᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠳᠠᠶ᠋ᠢᠴᠢᠯᠠᠬᠤ ᠵᠢ ᠦᠷᠭᠦᠯᠵᠢᠯᠡᠨ ᠪᠠᠷᠢᠮᠲᠠᠯᠠᠵᠤ᠂ ᠠᠵᠤ ᠦᠢ᠍ᠯᠡᠰ᠎ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠲᠡᠶ᠋ᠢᠰᠢ ᠬᠥᠭᠵᠢᠬᠦ ᠵᠢ ᠢᠳᠡᠪᠬᠢᠲᠡᠢ ᠠᠬᠢᠭᠤᠯᠤᠨ᠂ 《5 + 5 + 6》 ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠱᠠᠯᠠᠪᠳᠠᠨ ᠴᠣᠭᠴᠠᠯᠠᠬᠤ ᠪᠣᠯᠣᠨ᠎ᠠ᠃ 《5 + 5 + 6》᠎ᠨᠢ ᠳᠠᠷᠤᠢ ᠡᠨᠧᠷᠭᠢ᠂ ᠲᠡᠮᠦᠷᠯᠢᠭ ᠪᠤᠯᠪᠠᠰᠤᠷᠠᠭᠤᠯᠬᠤ᠂ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠢᠨ ᠮᠠᠲ᠋ᠧᠷᠢᠶᠠᠯ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠤᠯᠪᠠᠰᠤᠷᠠᠭᠤᠯᠬᠤ ᠵᠡᠷᠭᠡ 5 ᠤᠯᠠᠮᠵᠢᠯᠠᠯᠲᠤ ᠠᠵᠤ ᠦᠢ᠍ᠯᠡᠰ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠤᠳᠤ ᠦᠶ᠎ᠡ ᠵᠢᠨ ᠲᠣᠨᠣᠭᠯᠠᠯ ᠦᠢ᠍ᠯᠡᠳᠬᠦ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ 5 ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠂ ᠢᠷᠡᠭᠡᠳᠦᠢ ᠵᠢᠨ ᠡᠨᠧᠷᠭᠢ᠂ ᠢᠷᠡᠭᠡᠳᠦᠢ ᠵᠢᠨ ᠮᠠᠲ᠋ᠧᠷᠢᠶᠠᠯ᠂ ᠢᠷᠡᠭᠡᠳᠦᠢ ᠵᠢᠨ ᠦᠢ᠍ᠯᠡᠳᠬᠡᠯ᠂ ᠢᠷᠡᠭᠡᠳᠦᠢ ᠵᠢᠨ ᠮᠡᠳᠡᠭᠡ ᠵᠠᠩᠭᠢ᠂ ᠢᠷᠡᠭᠡᠳᠦᠢ ᠵᠢᠨ ᠡᠷᠡᠭᠦᠯ ᠮᠡᠨᠳᠤ᠂ ᠢᠷᠡᠭᠡᠳᠦᠢ ᠵᠢᠨ ᠣᠷᠣᠨ ᠵᠠᠢ ᠵᠡᠷᠭᠡ 6 ᠢᠷᠡᠭᠡᠳᠦᠢ ᠵᠢᠨ ᠠᠵᠤ ᠦᠢ᠍ᠯᠡᠰ᠎ᠢ ᠵᠢᠭ᠋ᠠᠵᠤ ᠪᠤᠢ᠃
    — ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠵᠦ ᠳᠡᠰ ᠳᠡᠪᠰᠢᠭᠦᠯᠦᠨ᠎ᠡ᠃ ᠶᠡᠭᠡ ᠬᠡᠪᠴᠢᠶᠡᠨ᠎ᠤ ᠮᠡᠷᠭᠡᠵᠢᠯ᠎ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠲᠥᠬᠦᠭᠡᠷᠦᠮᠵᠢ ᠵᠢ ᠰᠢᠨᠡᠴᠢᠯᠡᠬᠦ᠂ ᠤᠷ᠎ᠠ ᠮᠡᠷᠭᠡᠰᠢᠯ᠎ᠢ ᠳᠡᠰ ᠳᠡᠪᠰᠢᠭᠦᠯᠬᠦ᠂ ᠲᠣᠭ᠋ᠠᠴᠢᠯᠠᠭᠰᠠᠨ ᠮᠡᠷᠭᠡᠵᠢᠯ ᠵᠶ᠋ᠠᠷ ᠬᠥᠳᠡᠯᠭᠡᠬᠦ ᠬᠦᠴᠦᠨ ᠨᠡᠮᠡᠷᠢᠯᠡᠬᠦ᠂ ᠬᠠᠮᠢᠶᠠᠷᠤᠯᠲᠠ ᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠠᠵᠤ ᠦᠢ᠍ᠯᠡᠰ᠎ᠢ ᠨᠡᠶ᠋ᠢᠳᠬᠡᠵᠦ ᠳᠠᠭᠢᠨ ᠵᠣᠬᠢᠶᠠᠨ ᠪᠠᠶ᠋ᠢᠭᠤᠯᠬᠤ ᠪᠠ ᠬᠢᠵᠠᠭ᠋ᠠᠷᠯᠠᠬᠤ ᠲᠦᠷᠦᠯ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠰᠢᠭᠰᠢᠭᠳᠡᠭᠦᠯᠬᠦ ᠡᠷᠴᠢᠮ᠎ᠢ ᠴᠢᠩᠭ᠋ᠠᠷᠠᠭᠤᠯᠤᠨ᠂ ᠬᠥᠭᠵᠢᠭᠰᠡᠨ ᠭᠠᠵᠠᠷ ᠣᠷᠣᠨ᠎ᠤ ᠠᠵᠤ ᠦᠢ᠍ᠯᠡᠰ᠎ᠤᠨ ᠰᠢᠯᠵᠢᠯᠲᠡ ᠵᠢ ᠥᠨᠳᠥᠷ ᠪᠠᠷᠢᠮᠵᠢᠶ᠎ᠠ᠎ᠪᠠᠷ ᠭᠥᠯᠢᠶᠡᠨ ᠠᠪᠴᠤ᠂ ᠤᠯᠠᠮᠵᠢᠯᠠᠯᠲᠤ ᠠᠵᠤ ᠦᠢ᠍ᠯᠡᠰ᠎ᠤᠨ ᠰᠢᠨ᠎ᠡ ᠠᠮᠢᠵᠢᠷᠠᠯ᠎ᠤᠨ ᠬᠦᠴᠦᠨ᠎ᠲᠠᠢ ᠪᠤᠯᠬᠤ ᠵᠢ ᠠᠬᠢᠭᠤᠯᠤᠨ᠎ᠠ᠃
    — ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠬᠥᠭᠵᠢᠭᠦᠯᠦᠨ ᠪᠤᠵᠠᠭ᠋ᠠᠶ᠋ᠢᠷᠠᠭᠤᠯᠤᠨ᠎ᠠ᠃ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠳᠤᠲᠠᠭᠤᠳᠠᠯ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠨᠥᠬᠦᠪᠦᠷᠢᠯᠡᠬᠦ᠂ ᠳᠠᠪᠠᠭᠤᠯᠢᠭ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ᠂ ᠤᠯᠠᠮᠵᠢᠯᠠᠯᠲᠤ ᠠᠵᠤ ᠦᠢ᠍ᠯᠡᠰ᠎ᠤᠨ ᠬᠡᠯᠬᠢᠶ᠎ᠡ ᠵᠢ ᠳᠡᠰ ᠳᠡᠪᠰᠢᠭᠦᠯᠬᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠬᠡᠯᠬᠢᠶ᠎ᠡ ᠵᠢ ᠪᠠᠶ᠋ᠢᠭᠤᠯᠬᠤ ᠵᠢ ᠲᠦᠷᠭᠡᠳᠬᠡᠨ᠂ ᠠᠵᠤ ᠦᠢ᠍ᠯᠡᠰ᠎ᠤᠨ ᠬᠡᠯᠬᠢᠶ᠎ᠡ ᠪᠥᠭᠡᠮᠨᠡᠷᠡᠵᠦ ᠪᠦᠯᠦᠭᠵᠢᠯ ᠪᠤᠯᠬᠤ ᠪᠠ ᠠᠭᠤᠰᠤᠯᠴᠠᠨ ᠬᠥᠭᠵᠢᠬᠦ ᠵᠢ ᠠᠬᠢᠭᠤᠯᠤᠨ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠭᠤᠣᠯ ᠲᠤᠯᠭ᠋ᠠᠭᠤᠷᠢ ᠦᠢ᠍ᠯᠡᠳᠦᠯ ᠦᠵᠡᠭᠦᠯᠭᠦ ᠵᠢ ᠠᠬᠢᠭᠤᠯᠤᠨ᠎ᠠ᠃
    — ᠢᠷᠡᠭᠡᠳᠦᠢ ᠵᠢᠨ ᠠᠵᠤ ᠦᠢ᠍ᠯᠡᠰ᠎ᠢ ᠪᠠᠷᠠᠯᠠᠯᠳᠤ ᠴᠢᠨᠠᠷᠲᠠᠢ᠎ᠪᠠᠷ ᠪᠠᠶ᠋ᠢᠷᠢᠰᠢᠭᠤᠯᠤᠨ᠎ᠠ᠃ ᠦᠵᠦ ᠲᠥᠯᠥᠪᠯᠡᠭᠡ ᠬᠢᠬᠦ ᠪᠠ ᠲᠥᠯᠥᠪᠵᠢᠭᠦᠯᠦᠨ ᠪᠠᠶ᠋ᠢᠷᠢᠰᠢᠭᠤᠯᠬᠤ ᠵᠢ ᠴᠢᠩᠭ᠋ᠠᠳᠬᠠᠨ᠂ ᠢᠷᠡᠭᠡᠳᠦᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠰᠤᠳᠤᠯᠤᠨ ᠲᠣᠭᠲᠠᠭ᠋ᠠᠵᠤ᠂ ᠣᠷᠣᠨ ᠨᠤᠲᠤᠭ᠎ᠤᠨ ᠪᠣᠳᠠᠲᠤ ᠪᠠᠶ᠋ᠢᠳᠠᠯ᠎ᠳᠤᠨᠢ ᠵᠣᠬᠢᠴᠠᠭᠤᠯᠤᠨ ᠲᠦᠷᠦᠯ ᠬᠤᠪᠢᠶᠠᠨ ᠵᠢᠯᠤᠭᠤᠳᠬᠤ ᠵᠢ ᠪᠠᠷᠢᠮᠲᠠᠯᠠᠵᠤ ᠢᠷᠡᠭᠡᠳᠦᠢ ᠵᠢᠨ ᠠᠵᠤ ᠦᠢ᠍ᠯᠡᠰ᠎ᠢ ᠴᠣᠭᠴᠠᠯᠠᠨ᠂ 《ᠰᠠᠶ᠋ᠢᠨ ᠣᠷᠣᠨ ᠪᠠᠶ᠋ᠢᠷᠢ ᠵᠢ ᠡᠵᠡᠯᠡᠨ ᠬᠥᠭᠵᠢᠬᠦ᠂ ᠤᠯᠠᠨ ᠴᠡᠭ᠎ᠠᠴᠠ ᠰᠢᠪᠲᠤᠯᠤᠯᠲᠠ ᠬᠢᠬᠦ》 ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ᠃
     ᠰᠢᠨ᠎ᠡ ᠠᠶᠠᠨ᠎ᠳᠤ ᠪᠢᠳᠡᠨ᠎ᠤ ᠢᠷᠡᠭᠡᠳᠦᠢ ᠭᠡᠭᠡᠨ ᠰᠠᠷᠠᠭᠤᠯ ᠶᠤᠮᠰᠠᠨ᠃ ᠢᠷᠡᠭᠡᠳᠦᠢ ᠵᠢ ᠪᠠᠷᠠᠯᠠᠬᠤᠶ᠎ᠠ ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠥᠭᠵᠢᠯᠲᠡ ᠵᠢᠨ ᠡᠭᠦᠷᠭᠡ ᠬᠦᠨᠳᠦ ᠵᠠᠮ ᠬᠤᠯᠠ ᠪᠠᠶ᠋ᠢᠭᠰᠠᠭ᠋ᠠᠷ᠂ ᠡᠷᠬᠡᠪᠰᠢ ᠰᠢᠨᠲᠠᠷᠠᠰᠢ ᠦᠭᠡᠢ ᠴᠢᠷᠮᠠᠶ᠋ᠢᠬᠤ ᠲᠡᠰᠪᠦᠷᠢ ᠲᠡᠪᠴᠢᠶᠡᠷᠢ ᠪᠠ ᠠᠮᠵᠢᠯᠲᠠ᠎ᠳᠤ ᠳᠥᠬᠦᠬᠦ ᠳᠤᠳᠤᠮ ᠪᠣᠯᠭᠤᠮᠵᠢᠯᠠᠬᠤ ᠰᠡᠷᠭᠡᠭ ᠲᠠᠨᠢᠯᠲᠠ᠎ᠪᠠᠷ ᠦᠷᠭᠦᠯᠵᠢᠯᠡᠨ ᠳᠠᠪᠠᠭ᠎ᠠ ᠳᠠᠪᠠᠨ ᠪᠣᠭᠤᠮᠲᠠ ᠰᠢᠪᠲᠤᠯᠵᠤ᠂ ᠵᠣᠷᠢᠭᠲᠠᠢ᠎ᠪᠠᠷ ᠵᠢᠳᠬᠦᠨ ᠦᠨᠡᠨ ᠪᠣᠳᠠᠲᠠᠢ ᠠᠵᠢᠯᠯᠠᠵᠤ᠂ ᠰᠢᠨ᠎ᠡ ᠠᠭᠤᠤ ᠶᠡᠭᠡ ᠲᠡᠮᠡᠴᠡᠯ ᠵᠶ᠋ᠠᠷ ᠰᠢᠨ᠎ᠡ ᠠᠤᠭ᠎ᠠ ᠦᠢ᠍ᠯᠡᠰ᠎ᠢ ᠪᠦᠲᠦᠭᠡᠬᠦ ᠬᠡᠷᠡᠭᠲᠡᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ