ᠢᠯᠡ ᠵᠠᠰᠠᠭ   -   ᠲᠤᠭ᠎ᠠ ᠪᠦᠷᠢᠳᠬᠡᠯ

ᠮᠠᠨ᠎ᠤ ᠣᠷᠣᠨ ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠬᠦ᠎ᠳᠤ 13.89 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠠᠢ

ᠨᠡᠶ᠋ᠢᠲᠡᠯᠡᠭᠰᠡᠨ ᠴᠠᠭ᠄   2024-08-13

      ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠢᠡᠷ᠂ ᠡᠨᠡ ᠵᠢᠯ ᠮᠠᠨ᠎ᠤ ᠣᠷᠣᠨ ᠬᠣᠲᠠ ᠪᠠᠯᠭ᠋ᠠᠰᠤ ᠵᠢᠨ 1185 ᠬᠠᠭᠤᠴᠢᠨ ᠰᠠᠭᠤᠭ᠋ᠠᠯᠢ ᠲᠣᠭᠣᠷᠢᠭ᠂ 19.55 ᠲᠦᠮᠡᠨ ᠡᠷᠦᠭᠡ ᠵᠢᠨ ᠣᠷᠣᠨ ᠰᠠᠭᠤᠴᠠ ᠵᠢ ᠥᠭᠡᠷᠡᠴᠢᠯᠡᠨ ᠰᠢᠨᠡᠳᠬᠡᠬᠦ᠎ᠪᠠᠷ ᠲᠥᠯᠥᠪᠯᠡᠵᠦ᠂ 6 ᠰᠠᠷ᠎ᠠ ᠵᠢᠨ ᠰᠡᠭᠦᠯᠴᠢ ᠪᠤᠯᠲᠠᠯ᠎ᠠ 1099 ᠬᠠᠭᠤᠴᠢᠨ ᠰᠠᠭᠤᠭ᠋ᠠᠯᠢ ᠲᠣᠭᠣᠷᠢᠭ᠂ 17.35 ᠲᠦᠮᠡᠨ ᠡᠷᠦᠭᠡ ᠵᠢᠨ ᠪᠠᠷᠢᠯᠭ᠎ᠠ ᠵᠢ ᠡᠬᠢᠯᠡᠭᠦᠯᠵᠦ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ 92.74%᠎ᠳᠤ ᠬᠦᠷᠴᠦ᠂ 13.89 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠪᠡ᠃

      ᠡᠨᠡ ᠵᠢᠯ ᠮᠠᠨ᠎ᠤ ᠣᠷᠣᠨ ᠡᠯ᠎ᠡ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠵᠤ᠂ ᠡᠯ᠎ᠡ ᠭᠠᠵᠠᠷ᠎ᠤᠨ ᠰᠠᠭᠤᠭ᠋ᠠᠯᠢ ᠲᠣᠭᠣᠷᠢᠭ᠎ᠤᠨ ᠢᠵᠢ ᠪᠦᠷᠢᠳᠦᠭᠦᠯᠬᠦ ᠲᠥᠬᠦᠭᠡᠷᠦᠮᠵᠢ ᠵᠢᠨ ᠳᠤᠲᠠᠭᠤᠳᠠᠯ᠂ ᠬᠠᠭᠤᠴᠢᠨ ᠬᠣᠭᠣᠯᠠᠢ ᠲᠣᠣᠷ᠎ᠤᠨ ᠠᠮᠤᠷ ᠲᠦᠪᠰᠢᠨ᠎ᠤ ᠭᠡᠮ ᠰᠣᠭᠣᠭ᠎ᠢ ᠭᠦᠢ᠍ᠴᠡᠳ ᠣᠢ᠌ᠯᠠᠭ᠋ᠠᠨ᠂ ᠣᠯᠠᠨ ᠲᠦᠮᠡᠨ᠎ᠤ ᠰᠠᠨᠠᠯ᠎ᠢ ᠭᠦᠢ᠍ᠴᠡᠳ ᠬᠤᠷᠢᠶᠠᠵᠤ᠂ ᠠᠮᠤᠷ ᠲᠦᠪᠰᠢᠨ ᠴᠢᠨᠠᠷ ᠪᠠ ᠴᠢᠳᠠᠮᠵᠢᠲᠤ ᠴᠢᠨᠠᠷ᠎ᠢ ᠲᠣᠪᠤᠢ᠌ᠯᠭ᠋ᠠᠨ᠂ ᠰᠠᠭᠤᠭ᠋ᠠᠯᠢ ᠲᠣᠭᠣᠷᠢᠭ᠎ᠤᠨ ᠪᠣᠳᠠᠲᠤ ᠪᠠᠢ᠌ᠳᠠᠯ᠎ᠠᠴᠠ ᠭᠠᠷᠳᠠᠵᠤ ᠥᠭᠡᠷᠡᠴᠢᠯᠡᠨ ᠰᠢᠨᠡᠳᠬᠡᠬᠦ ᠠᠭᠤᠯᠭ᠎ᠠ ᠵᠢ ᠵᠦᠢ᠍ᠯ ᠳᠠᠷᠠᠭ᠋ᠠᠯᠠᠨ ᠲᠣᠭᠲᠠᠭ᠋ᠠᠪᠠ᠃ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠰᠠᠭ᠋ᠠᠳ ᠦᠭᠡᠢ ᠲᠥᠬᠦᠭᠡᠷᠦᠮᠵᠢ ᠤᠭᠰᠠᠷᠠᠬᠤ᠂ ᠰᠢᠨ᠎ᠡ ᠡᠨᠧᠷᠭᠢ ᠵᠢᠨ ᠴᠠᠭᠢᠯᠭ᠋ᠠᠨ ᠴᠡᠨᠡᠭᠯᠡᠬᠦ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂《ᠥᠲᠡᠭᠦᠰ ᠨᠢᠯᠬᠠᠰ》᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠥᠭᠡᠷᠡᠴᠢᠯᠡᠬᠦ ᠪᠠ ᠴᠠᠭᠢᠯᠭ᠋ᠠᠨ ᠱᠠᠲᠤ ᠨᠡᠮᠡᠵᠦ ᠤᠭᠰᠠᠷᠠᠬᠤ ᠠᠵᠢᠯ᠎ᠢ ᠵᠡᠷᠭᠡ᠎ᠳᠤᠨᠢ ᠠᠬᠢᠭᠤᠯᠪᠠ᠃

      ᠮᠠᠨ᠎ᠤ ᠣᠷᠣᠨ ᠲᠥᠪ᠎ᠤᠨ ᠨᠥᠬᠥᠪᠦᠷᠢ ᠮᠥᠩᠭᠥ ᠵᠢ ᠴᠢᠷᠮᠠᠢ᠌ᠨ ᠣᠯᠬᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠡᠯᠡ ᠮᠥᠩᠭᠥ ᠵᠢᠨ ᠲᠣᠬᠢᠷᠠᠭᠤᠯᠤᠯᠲᠠ᠂ ᠡᠯ᠎ᠡ ᠭᠠᠵᠠᠷ᠎ᠤᠨ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠭᠤᠶᠤᠴᠢᠯᠠᠬᠤ ᠵᠢ ᠬᠥᠲᠥᠯᠥᠨ ᠵᠢᠯᠤᠭᠣᠳᠬᠤ᠂ ᠲᠤᠰᠬᠠᠢ ᠡᠵᠡᠩᠨᠡᠯᠲᠡ ᠵᠢᠨ ᠠᠵᠤ ᠠᠬᠤᠢ᠌ᠯᠠᠯ᠎ᠤᠨ ᠪᠡᠯᠡ ᠮᠥᠩᠭᠥ ᠭᠠᠷᠭ᠋ᠠᠬᠤ ᠵᠢ ᠠᠬᠢᠭᠤᠯᠬᠤ᠂ ᠨᠡᠢ᠌ᠭᠡᠮ᠎ᠤᠨ ᠪᠡᠯᠡ ᠣᠷᠣᠭᠤᠯᠤᠯᠲᠠ ᠵᠢ ᠲᠡᠳᠡᠨ ᠠᠪᠴᠢᠷᠠᠬᠤ᠂ ᠰᠠᠭᠤᠭ᠋ᠠᠯᠢ ᠠᠷᠠᠳ ᠪᠡᠯᠡ ᠮᠥᠩᠭᠥ ᠭᠠᠷᠭ᠋ᠠᠬᠤ ᠵᠡᠷᠭᠡ ᠣᠯᠠᠨ ᠠᠷᠭ᠎ᠠ ᠵᠠᠮ ᠵᠢᠡᠷ ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠠᠢ᠌ᠵᠢᠷᠠᠭᠤᠯᠬᠤ ᠪᠡᠯᠡ ᠮᠥᠩᠭᠥ ᠴᠤᠭᠯᠠᠭᠤᠯᠬᠤ ᠵᠢ ᠬᠥᠲᠥᠯᠥᠨ ᠵᠢᠯᠤᠭᠣᠳᠴᠤ᠂ ᠥᠭᠡᠷᠡᠴᠢᠯᠡᠨ ᠰᠠᠢ᠌ᠵᠢᠷᠠᠭᠤᠯᠬᠤ ᠪᠡᠯᠡ ᠣᠷᠣᠭᠤᠯᠤᠯᠲᠠ ᠵᠢᠨ ᠵᠠᠢ᠌ᠯᠠᠰᠢ ᠦᠭᠡᠢ ᠬᠡᠷᠡᠭᠴᠡᠭᠡ ᠵᠢ ᠪᠠᠲᠤᠯᠠᠪᠠ᠃ ᠡᠨᠡ ᠵᠢᠯ ᠪᠦᠭᠦ ᠣᠷᠣᠨ᠎ᠤ ᠬᠣᠲᠠ ᠪᠠᠯᠭ᠋ᠠᠰᠤ ᠵᠢᠨ ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠬᠦ᠎ᠳᠤ ᠨᠡᠢ᠌ᠳᠡ 57.85 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠬᠤ᠎ᠪᠠᠷ ᠲᠥᠯᠥᠪᠯᠡᠵᠦ᠂ ᠨᠢᠭᠡᠨᠲᠡ 47.61 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠵᠢ ᠨᠠᠢ᠌ᠳᠠᠪᠤᠷᠢᠵᠢᠭᠤᠯᠪᠠ᠃

      ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠠᠴᠠ ᠡᠯ᠎ᠡ ᠭᠠᠵᠠᠷ᠎ᠤᠨ ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠬᠦ ᠡᠮᠦᠨᠡᠬᠢ ᠬᠤᠭᠤᠴᠠᠭ᠋ᠠᠨ᠎ᠤ ᠭᠠᠷᠳᠠᠮ ᠭᠦᠢ᠍ᠴᠡᠳᠬᠡᠬᠦ ᠠᠬᠢᠴᠠ᠎ᠪᠠᠨ ᠲᠦᠷᠭᠡᠳᠬᠡᠬᠦ ᠪᠠ ᠪᠠᠢ᠌ᠴᠠᠭ᠋ᠠᠨ ᠰᠤᠳᠤᠯᠵᠤ ᠱᠠᠯᠠᠪᠳᠠᠭᠤᠯᠤᠨ ᠵᠢᠯᠤᠭᠣᠳᠬᠤ ᠡᠷᠴᠢᠮ ᠵᠢᠡᠨ ᠴᠢᠩᠭ᠋ᠠᠷᠠᠭᠤᠯᠤᠨ᠂ ᠦᠨᠳᠦᠰᠦᠨ ᠱᠠᠲᠤᠨ᠎ᠤ ᠠᠵᠢᠯ᠎ᠢ ᠠᠬᠢᠭᠤᠯᠬᠤ ᠳᠤᠮᠳᠠ ᠣᠷᠣᠰᠢᠵᠤ ᠪᠠᠢ᠌ᠭ᠎ᠠ ᠬᠦᠴᠢᠷᠳᠡᠯ᠎ᠢ᠎ᠨᠢ ᠲᠤᠬᠠᠢ ᠵᠢᠨ ᠭᠠᠵᠠᠷ᠎ᠲᠤᠨᠢ ᠣᠢ᠌ᠯᠠᠭ᠋ᠠᠬᠤ ᠵᠢᠨ ᠬᠠᠮᠲᠤ ᠢᠳᠡᠪᠬᠢᠲᠡᠢ᠎ᠪᠠᠷ ᠰᠢᠢ᠍ᠳᠪᠦᠷᠢᠯᠡᠨ ᠥᠭᠴᠦ ᠪᠠᠢ᠌ᠨ᠎ᠠ᠃ ᠪᠠᠰᠠ ᠨᠡᠢ᠌ᠲᠡᠯᠢᠭ ᠵᠢᠱ᠌ᠢᠶ᠎ᠡ ᠵᠢ ᠴᠠᠭ ᠲᠤᠬᠠᠢ᠎ᠳᠤᠨᠢ ᠡᠮᠬᠢᠯᠡᠨ ᠳᠢᠭᠯᠡᠵᠦ᠂ ᠲᠤᠷᠰᠢᠯᠭ᠎ᠠ ᠪᠠ ᠠᠷᠭ᠎ᠠ ᠬᠢᠳᠡᠯ ᠵᠢᠡᠨ ᠳ᠋ᠦᠩᠨᠡᠨ᠂ ᠭᠦᠭᠡᠬᠣᠲᠠ ᠵᠢᠨ ᠪᠠᠶᠠᠨᠨᠠᠭᠤᠷ ᠬᠣᠢ᠌ᠲᠤ ᠵᠠᠮ᠎ᠤᠨ ᠨᠡᠢ᠌ᠭᠡᠮ ᠲᠣᠭᠣᠷᠢᠭ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠪᠦᠷᠢᠨ ᠪᠦᠲᠦᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠬᠣᠶᠠᠳᠤᠭ᠋ᠠᠷ ᠪᠦᠯᠦᠭ᠎ᠤᠨ ᠨᠡᠢ᠌ᠲᠡᠯᠢᠭ ᠵᠢᠱ᠌ᠢᠶ᠎ᠡ᠎ᠪᠠᠷ ᠰᠣᠩᠭᠣᠭᠳᠠᠪᠠ᠃

 

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ