ᠢᠯᠡ ᠵᠠᠰᠠᠭ   -   ᠲᠤᠭ᠎ᠠ ᠪᠦᠷᠢᠳᠬᠡᠯ

ᠮᠠᠨ᠎ᠤ ᠣᠷᠣᠨ 5000 ᠲᠦᠮᠡᠨ ᠲᠥᠭᠥᠷᠢᠭ᠎ᠤᠨ ᠪᠡᠯᠡ ᠣᠷᠣᠭᠤᠯᠵᠤ ᠣᠶ ᠰᠢᠭᠤᠢ ᠵᠢᠨ ᠠᠵᠤ ᠦᠢ᠍ᠯᠡᠰ᠎ᠢ ᠳᠡᠮᠵᠢᠵᠤ ᠪᠤᠶ

ᠨᠡᠶ᠋ᠢᠲᠡᠯᠡᠭᠰᠡᠨ ᠴᠠᠭ᠄   2024-08-13

      ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠣᠢ᠌ᠯᠠᠭ᠋ᠠᠭᠰᠠᠨ ᠵᠢᠡᠷ᠂ ᠣᠢ᠌ᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ 5000 ᠲᠦᠮᠡᠨ ᠲᠥᠭᠥᠷᠢᠭ᠎ᠤᠨ ᠣᠶ ᠰᠢᠭᠤᠢ ᠵᠢᠨ ᠠᠵᠤ ᠦᠢ᠍ᠯᠡᠰᠵᠢᠯᠲᠡ ᠵᠢᠨ ᠲᠤᠰᠬᠠᠢ ᠪᠡᠯᠡ ᠮᠥᠩᠭᠥ ᠪᠠᠭᠤᠯᠭ᠋ᠠᠵᠤ᠂ 38 ᠣᠶ ᠰᠢᠭᠤᠢ ᠵᠢᠨ ᠠᠵᠤ ᠦᠢ᠍ᠯᠡᠰᠵᠢᠯᠲᠡ ᠵᠢᠨ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠳᠡᠮᠵᠢᠪᠡ᠃

      ᠣᠶ ᠰᠢᠭᠤᠢ ᠵᠢᠨ ᠠᠵᠤ ᠦᠢ᠍ᠯᠡᠰᠵᠢᠯᠲᠡ ᠵᠢᠨ ᠪᠡᠯᠡ ᠮᠥᠩᠭᠥ ᠵᠢ ᠪᠠᠢ᠌ᠭᠤᠯᠤᠭᠰᠠᠨ᠎ᠠᠴᠠ ᠨᠠᠭ᠋ᠠᠰᠢ᠂ ᠨᠢᠭᠡᠨᠲᠡ 17 ᠳ᠋ᠦᠩᠰᠢᠭᠤᠷ ᠭᠠᠷᠤᠢ ᠲᠥᠭᠥᠷᠢᠭ᠎ᠤᠨ ᠨᠡᠢ᠌ᠭᠡᠮ᠎ᠤᠨ ᠬᠥᠷᠥᠩᠭᠡ ᠵᠢ ᠳᠠᠢ᠌ᠴᠢᠯᠠᠨ ᠣᠶ ᠰᠢᠭᠤᠢ ᠵᠢᠨ ᠠᠵᠤ ᠦᠢ᠍ᠯᠡᠰ᠎ᠢ ᠬᠥᠭᠵᠢᠭᠦᠯᠵᠦ᠂ ᠣᠶ ᠰᠢᠭᠤᠢ ᠵᠢᠨ ᠠᠵᠤ ᠦᠢ᠍ᠯᠡᠰ᠎ᠲᠤ ᠦᠷᠭᠦᠯᠵᠢᠯᠡᠨ ᠬᠥᠭᠵᠢᠬᠦ ᠬᠥᠳᠡᠯᠭᠡᠬᠦ ᠬᠦᠴᠦᠨ ᠣᠯᠭᠣᠪᠠ᠃ 2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ (2023 — 2030 ᠣᠨ)》᠎ᠪᠠᠷ ᠵᠢᠯᠣᠭᠣᠳᠤᠮᠵᠢ ᠪᠤᠯᠭ᠋ᠠᠵᠤ᠂ ᠣᠨᠴᠠᠯᠢᠭᠲᠤ ᠣᠶ ᠵᠢᠨ ᠵᠢᠮᠢᠰ᠂ ᠣᠶ ᠰᠢᠭᠤᠢ ᠵᠢᠨ ᠢᠳᠡᠭᠡᠨ᠂ ᠮᠣᠳᠣᠯᠢᠭ ᠤᠷᠭᠤᠮᠠᠯ᠎ᠤᠨ ᠠᠮᠤ ᠲᠣᠰᠣ᠂ ᠣᠶ ᠰᠢᠭᠤᠢ ᠵᠢᠨ ᠬᠢᠲᠠᠳ ᠡᠮ᠎ᠤᠨ ᠮᠠᠲ᠋ᠧᠷᠢᠶᠠᠯ ᠵᠡᠷᠭᠡ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠤᠨ ᠨᠥᠭᠡᠴᠡᠯᠡᠯᠲᠡ ᠵᠢ ᠲᠥᠯᠥᠪᠵᠢᠭᠦᠯᠬᠦ᠎ᠳᠤ ᠠᠩᠬᠠᠷᠤᠯ ᠵᠢᠡᠨ ᠲᠥᠪᠯᠡᠷᠡᠭᠦᠯᠦᠨ᠂ ᠭᠣᠣᠯᠳᠠᠯᠭ᠎ᠠ᠎ᠲᠠᠢ ᠣᠷᠣᠨ ᠪᠦᠰᠡ ᠵᠢ ᠳᠣᠪᠤᠢ᠌ᠯᠭ᠋ᠠᠵᠤ᠂ ᠣᠨᠴᠠᠯᠢᠭᠲᠤ ᠠᠵᠤ ᠦᠢ᠍ᠯᠡᠰ᠎ᠤᠨ ᠲᠥᠪᠯᠡᠷᠡᠨ ᠬᠥᠭᠵᠢᠬᠦ ᠵᠢ ᠴᠢᠩᠭ᠋ᠠᠳᠬᠠᠪᠠ᠃ ᠨᠢᠭᠡᠨᠲᠡ ᠪᠠᠭᠤᠯᠭ᠋ᠠᠭᠰᠠᠨ 38 ᠲᠥᠷᠥᠯ ᠵᠦᠢ᠍ᠯ᠎ᠤᠨ ᠳᠣᠲᠣᠷ᠎ᠠ᠂ ᠬᠢᠩᠭ᠋ᠠᠨ ᠠᠢ᠌ᠮᠠᠭ᠂ ᠭᠦᠭᠡᠬᠣᠲᠠ᠂ ᠣᠷᠳᠣᠰ ᠬᠣᠲᠠ ᠪᠣᠯᠣᠨ ᠪᠠᠶᠠᠨᠨᠠᠭᠤᠷ ᠬᠣᠲᠠ ᠣᠨᠴᠠᠯᠢᠭᠲᠤ ᠣᠶ ᠵᠢᠨ ᠵᠢᠮᠢᠰ᠎ᠤᠨ ᠠᠵᠤ ᠦᠢ᠍ᠯᠡᠰ ᠵᠢᠨᠷ ᠭᠤᠤᠯᠯᠠᠪᠠ; ᠣᠶ ᠵᠢᠨ ᠮᠥᠭᠦ᠂ ᠣᠶ ᠳᠣᠲᠣᠷᠠᠬᠢ ᠡᠮ᠎ᠤᠨ ᠮᠠᠲᠸᠷᠢᠶᠠᠯ ᠵᠡᠷᠭᠡ ᠣᠶ ᠵᠢᠨ ᠳᠣᠣᠷᠠᠬᠢ ᠲᠠᠷᠢᠮᠠᠯ ᠣᠶ ᠰᠢᠭᠤᠢ ᠵᠢᠨ ᠢᠳᠡᠭᠡᠨ ᠡᠳ᠋ᠰᠢᠭᠦᠯᠬᠦ ᠠᠵᠤ ᠦᠢ᠍ᠯᠡᠰ᠎ᠨᠢ ᠭᠣᠣᠯᠳᠠᠭᠤ ᠬᠥᠯᠥᠨ ᠪᠤᠢ᠌ᠷ ᠬᠣᠲᠠ᠂ ᠤᠯᠠᠭ᠋ᠠᠨᠬᠠᠳᠠ ᠬᠣᠲᠠ ᠪᠣᠯᠣᠨ ᠥᠪᠥᠷ ᠮᠣᠩᠭᠣᠯ᠎ᠤᠨ ᠣᠶ ᠰᠢᠭᠤᠢ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠳᠤ ᠲᠥᠪᠯᠡᠷᠡᠵᠦ ᠪᠤᠶ; ᠣᠶ ᠳᠣᠲᠣᠷᠠᠬᠢ ᠬᠢᠲᠠᠳ ᠡᠮ᠎ᠤᠨ ᠮᠠᠲ᠋ᠧᠷᠢᠶᠠᠯ᠎ᠤᠨ ᠠᠵᠤ ᠦᠢ᠍ᠯᠡᠰ ᠠᠯᠠᠱ᠌ᠠ ᠠᠢ᠌ᠮᠠᠭ ᠪᠣᠯᠣᠨ ᠭᠦᠭᠡᠬᠣᠲᠠ᠎ᠪᠠᠷ ᠲᠥᠪᠯᠡᠷᠡᠵᠦ ᠪᠤᠢ; ᠮᠣᠳᠣᠯᠢᠭ ᠤᠷᠭᠤᠮᠠᠯ᠎ᠤᠨ ᠠᠮᠤ ᠲᠣᠰᠣ ᠵᠢᠨ ᠲᠠᠷᠢᠮᠠᠯ᠎ᠤᠨ ᠠᠵᠤ ᠦᠢ᠍ᠯᠡᠰ ᠭᠣᠣᠯᠳᠠᠭᠤ ᠬᠢᠩᠭ᠋ᠠᠨ ᠠᠢ᠌ᠮᠠᠭ ᠪᠣᠯᠣᠨ ᠤᠯᠠᠭ᠋ᠠᠨᠬᠠᠳᠠ ᠬᠣᠲᠠ᠎ᠳᠤ ᠲᠥᠪᠯᠡᠷᠡᠵᠦ᠂ ᠪᠤᠳᠠ ᠮᠣᠳᠣᠨ᠎ᠤ ᠡᠬᠢ ᠪᠠᠶᠠᠯᠢᠭ᠎ᠢ ᠡᠳ᠋ᠰᠢᠭᠦᠯᠦᠨ ᠠᠰᠢᠭᠯᠠᠬᠤ ᠠᠵᠤ ᠦᠢ᠍ᠯᠡᠰ ᠤᠯᠠᠭ᠋ᠠᠨᠴᠠᠪ ᠬᠣᠲᠠ ᠵᠡᠷᠭᠡ ᠭᠠᠵᠠᠷ᠎ᠲᠤ ᠲᠥᠪᠯᠡᠷᠡᠵᠦ ᠪᠠᠢ᠌ᠨ᠎ᠠ᠃

      ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠪᠠᠷ ᠳᠡᠮᠵᠢᠨ᠂ ᠵᠢᠱ᠌ᠢᠯᠲᠡ᠎ᠪᠠᠷ ᠣᠶ ᠳᠣᠲᠣᠷᠠᠬᠢ ᠬᠢᠲᠠᠳ ᠡᠮ᠂ ᠣᠶ ᠵᠢᠨ ᠮᠥᠭᠦ ᠵᠡᠷᠭᠡ ᠣᠶ ᠵᠢᠨ ᠳᠣᠣᠷᠠᠬᠢ ᠲᠠᠷᠢᠮᠠᠯ᠂ ᠮᠣᠳᠣᠯᠢᠭ ᠤᠷᠭᠤᠮᠠᠯ᠎ᠤᠨ ᠠᠮᠤ ᠲᠣᠰᠣ᠂ ᠣᠨᠴᠠᠯᠢᠭᠲᠤ ᠣᠶ ᠵᠢᠨ ᠵᠢᠮᠢᠰ ᠵᠡᠷᠭᠡ ᠲᠠᠷᠢᠮᠠᠯ᠎ᠤᠨ ᠰᠠᠭᠤᠷᠢᠨ᠎ᠤ ᠬᠡᠪᠴᠢᠶ᠎ᠡ 4 ᠲᠦᠮᠡᠨ ᠮᠦ᠍ ᠨᠡᠮᠡᠭᠳᠡᠬᠦ ᠪᠤᠯᠤᠨ᠎ᠠ; ᠣᠢ ᠳᠣᠲᠣᠷᠠᠬᠢ ᠢᠳᠡᠭᠡᠨ᠎ᠤ ᠵᠦᠢ᠍ᠯ᠂ ᠣᠨᠴᠠᠯᠢᠭᠲᠤ ᠣᠢ ᠵᠢᠨ ᠵᠢᠮᠢᠰ᠂ ᠮᠣᠳᠣᠯᠢᠭ ᠤᠷᠭᠤᠮᠠᠯ᠎ᠤᠨ ᠠᠮᠤ ᠲᠣᠰᠣ᠂ ᠣᠢ ᠳᠣᠲᠣᠷᠠᠬᠢ ᠬᠢᠲᠠᠳ ᠡᠮ᠎ᠤᠨ ᠮᠠᠲ᠋ᠧᠷᠢᠶᠠᠯ᠂ ᠪᠤᠲᠠᠯᠢᠭ ᠡᠪᠡᠰᠦ ᠪᠣᠷᠳᠣᠭ᠎ᠠ ᠵᠡᠷᠭᠡ ᠣᠢ ᠰᠢᠭᠤᠢ ᠵᠢᠨ ᠪᠦᠲᠦᠭᠡᠭᠳᠡᠬᠦᠨ᠎ᠤ ᠣᠨ᠎ᠤ ᠭᠠᠷᠤᠯᠲᠠ ᠵᠢ 8 ᠲᠦᠮᠡᠨ ᠲᠣᠨ᠎ᠠᠴᠠ ᠳᠡᠭᠡᠭᠰᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ 8 ᠳᠠᠭ᠋ᠠᠭᠤᠯᠤᠭᠴᠢ ᠠᠵᠤ ᠠᠬᠤᠢ᠌ᠯᠠᠯ᠎ᠤᠨ ᠲᠠᠷᠢᠮᠠᠯ᠎ᠤᠨ ᠰᠠᠭᠤᠷᠢᠨ᠎ᠢ ᠪᠣᠢ᠌ᠵᠢᠭᠤᠯᠬᠤ ᠵᠢ ᠳᠡᠮᠵᠢᠵᠦ᠂ ᠰᠢᠨ᠎ᠡ ᠰᠣᠷᠭᠣᠭ ᠪᠠᠢ᠌ᠯᠭ᠋ᠠᠬᠤ ᠬᠥᠮᠥᠷᠭᠡ ᠵᠢ ᠪᠠᠢ᠌ᠭᠤᠯᠬᠤ ᠪᠠ ᠨᠠᠷᠢᠯᠢᠭ ᠡᠳ᠋ᠰᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠂ 1665 ᠲᠦᠮᠡᠨ ᠲᠥᠭᠥᠷᠢᠭ᠎ᠤᠨ ᠪᠡᠯᠡ ᠮᠥᠩᠭᠥ ᠣᠷᠣᠭᠤᠯᠵᠤ᠂ ᠳᠠᠭ᠋ᠠᠭᠤᠯᠤᠭᠴᠢ ᠠᠵᠤ ᠠᠬᠤᠢ᠌ᠯᠠᠯ᠎ᠤᠨ 6000 ᠲᠦᠮᠡᠨ ᠲᠥᠭᠥᠷᠢᠭ᠎ᠤᠨ ᠪᠡᠯᠡ ᠮᠥᠩᠭᠥ ᠵᠢ ᠳᠠᠢ᠌ᠴᠢᠯᠠᠨ᠂ ᠣᠶ ᠰᠢᠭᠤᠢ ᠵᠢᠨ ᠠᠵᠤ ᠦᠢ᠍ᠯᠡᠰᠵᠢᠭᠰᠡᠨ ᠭᠣᠣᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠢ᠌ᠯᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃

      ᠡᠳᠡᠭᠡᠷ 38 ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ 5 ᠳ᠋ᠦᠩᠰᠢᠭᠤᠷ ᠰᠢᠬᠠᠮ ᠲᠥᠭᠥᠷᠢᠭ᠎ᠤᠨ ᠨᠡᠢ᠌ᠭᠡᠮ᠎ᠤᠨ ᠬᠥᠷᠥᠩᠭᠡ ᠵᠢᠨ ᠣᠷᠣᠭᠤᠯᠤᠯᠲᠠ ᠵᠢ ᠳᠠᠢ᠌ᠴᠢᠯᠠᠵᠤ᠂ ᠵᠢᠱ᠌ᠢᠯᠲᠡ᠎ᠪᠠᠷ 1 ᠲᠦᠮᠡ ᠭᠠᠷᠤᠢ ᠮᠠᠯᠴᠢᠨ ᠲᠠᠷᠢᠶᠠᠴᠢᠨ᠎ᠢ ᠳᠠᠢ᠌ᠴᠢᠯᠠᠨ ᠠᠵᠢᠯ ᠣᠯᠭᠣᠵᠤ ᠣᠷᠣᠯᠭ᠎ᠠ ᠵᠢ᠎ᠨᠢ ᠨᠡᠮᠡᠭᠳᠡᠭᠦᠯᠬᠦ ᠪᠣᠯᠣᠨ᠎ᠠ᠃

 

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ