ᠮᠠᠨ᠎ᠤ ᠣᠷᠣᠨ ᠡᠨᠧᠷᠭᠢ ᠵᠢᠨ ᠬᠦᠷᠢᠶᠡᠨ᠎ᠳᠠᠬᠢ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠵᠦ ᠪᠠᠢ᠌ᠨ᠎ᠠ
ᠨᠡᠶ᠋ᠢᠲᠡᠯᠡᠭᠰᠡᠨ ᠴᠠᠭ᠄ 2024-08-13
ᠡᠨᠡ ᠵᠢᠯ᠎ᠠᠴᠠ ᠨᠠᠭ᠋ᠠᠰᠢ᠂ ᠮᠠᠨ᠎ᠤ ᠣᠷᠣᠨ᠎ᠤ ᠡᠨᠧᠷᠭᠢ ᠵᠢᠨ ᠬᠦᠷᠢᠶᠡᠨ᠎ᠤ ᠬᠥᠭᠵᠢᠯᠲᠡ ᠲᠠᠰᠤᠷᠠᠯᠲᠠ ᠦᠭᠡᠢ 《ᠰᠢᠨ᠎ᠡ》 ᠲᠡᠢ᠌ᠰᠢ 《ᠶᠠᠰᠤ ᠴᠢᠨᠠᠷ》 ᠵᠢᠠᠨ ᠳᠡᠭᠡᠭᠰᠢᠯᠡᠭᠦᠯᠵᠦ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠨ ᠨᠡᠭᠦᠷᠡᠰᠦᠨ᠎ᠤ ᠬᠦᠷᠢᠶᠡᠨ᠎ᠳᠤ ᠪᠣᠳᠠᠲᠤ ᠦᠷ᠎ᠡ ᠪᠦᠲᠦᠮᠵᠢ ᠣᠯᠪᠠ᠃ ᠪᠦᠷᠢᠳᠬᠡᠯ᠎ᠢ ᠦᠨᠳᠦᠰᠦᠯᠡᠪᠡᠯ᠂ ᠳᠡᠭᠡᠷ᠎ᠡ ᠬᠠᠭ᠋ᠠᠰ ᠵᠢᠯ᠎ᠳᠤ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠲᠦᠭᠦᠬᠡᠢ ᠨᠡᠭᠦᠷᠡᠰᠦᠨ᠎ᠤ ᠭᠠᠷᠤᠯᠲᠠ 6.34 ᠳ᠋ᠦᠩᠰᠢᠭᠤᠷ ᠲᠣᠨ᠎ᠳᠤ ᠬᠦᠷᠴᠦ᠂ ᠪᠦᠭᠦ ᠤᠯᠤᠰ᠎ᠤᠨ ᠲᠡᠷᠢᠭᠦᠨ᠎ᠳᠤ ᠵᠢᠭᠰᠠᠵᠤ᠂ ᠪᠦᠭᠦ ᠤᠯᠤᠰ᠎ᠤᠨ ᠲᠦᠭᠦᠬᠡᠢ ᠨᠡᠭᠦᠷᠡᠰᠦᠨ᠎ᠤ ᠭᠠᠷᠤᠯᠲᠠ ᠵᠢᠨ 28% ᠵᠢ ᠡᠵᠡᠯᠡᠪᠡ; ᠣᠶᠤᠨᠴᠢᠯᠠᠭᠰᠠᠨ ᠨᠡᠭᠦᠷᠡᠰᠦᠨ ᠠᠭᠤᠷᠬᠠᠢ 174 ᠵᠢ ᠪᠠᠢ᠌ᠭᠤᠯᠵᠤ᠂ ᠠᠵᠢᠯᠯᠠᠵᠤ ᠪᠠᠢ᠌ᠭ᠎ᠠ ᠣᠶᠤᠨᠴᠢᠯᠠᠭᠰᠠᠨ ᠨᠡᠭᠡᠭᠡᠨ ᠮᠠᠯᠲᠠᠬᠤ ᠠᠵᠢᠯ᠎ᠤᠨ ᠭᠠᠵᠠᠷ 255 ᠪᠠᠢ᠌ᠵᠤ᠂ ᠣᠶᠤᠨᠴᠢᠯᠠᠭᠰᠠᠨ ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ᠎ᠤᠨ ᠴᠢᠳᠠᠪᠤᠷᠢ 10.24 ᠳ᠋ᠦᠩᠰᠢᠭᠤᠷ ᠲᠣᠨ᠎ᠳᠤ ᠬᠦᠷᠴᠦ᠂ ᠦᠢ᠍ᠯᠡᠳᠪᠦᠷᠢᠯᠡᠵᠦ ᠪᠠᠢ᠌ᠭ᠎ᠠ ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢᠨ 86 % ᠵᠢ ᠡᠵᠡᠯᠡᠪᠡ᠃
ᠴᠠᠭᠢᠯᠭ᠋ᠠᠨ ᠬᠦᠴᠦᠨ᠎ᠤ ᠬᠦᠷᠢᠶᠡᠨ᠎ᠳᠤ᠂ ᠳᠡᠭᠡᠷ᠎ᠡ ᠬᠠᠭ᠋ᠠᠰ ᠵᠢᠯ᠎ᠳᠤ ᠮᠠᠨ᠎ᠤ ᠣᠷᠣᠨ᠎ᠤ ᠴᠠᠭᠢᠯᠭ᠋ᠠᠨ ᠭᠠᠷᠭ᠋ᠠᠭᠰᠠᠨ ᠬᠡᠮᠵᠢᠶ᠎ᠡ 3981 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠪᠦᠭᠦ ᠤᠯᠤᠰ᠎ᠲᠤ ᠲᠡᠷᠢᠭᠦᠯᠡᠪᠡ᠃ ᠡᠭᠦᠨ᠎ᠳᠤ᠂ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠢᠯᠴᠢ ᠵᠢᠨ ᠴᠠᠭᠢᠯᠭ᠋ᠠᠨ᠎ᠤ ᠬᠡᠮᠵᠢᠶ᠎ᠡ 2933.6 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠪᠦᠭᠦ ᠤᠯᠤᠰ᠎ᠤᠨ ᠲᠡᠷᠢᠭᠦᠨ᠎ᠳᠤ ᠵᠢᠬᠰᠠᠪᠠ; ᠪᠦᠭᠦ ᠣᠷᠣᠨ᠎ᠤ ᠰᠢᠨ᠎ᠡ ᠡᠨᠧᠷᠭᠢ ᠵᠢᠨ ᠶᠡᠷᠦᠩᠬᠡᠢ ᠮᠠᠰᠢᠨ ᠴᠣᠭᠴᠠᠯᠠᠪᠤᠷᠢ ᠵᠢᠨ ᠬᠡᠪᠴᠢᠶ᠎ᠡ 1 ᠳ᠋ᠦᠩᠰᠢᠭᠤᠷ ᠺᠢᠯᠣᠸᠠᠲ᠎ᠢ ᠳᠠᠪᠠᠵᠤ᠂ ᠴᠠᠭᠢᠯᠭ᠋ᠠᠨ ᠬᠦᠴᠦᠨ᠎ᠤ ᠶᠡᠷᠦᠩᠬᠡᠢ ᠮᠠᠰᠢᠨ ᠴᠣᠭᠴᠠᠯᠠᠪᠤᠷᠢ᠎ᠳᠠᠬᠢ ᠡᠵᠡᠯᠡᠬᠦ ᠬᠠᠷᠢᠴᠠᠯ᠎ᠨᠢ 45.7%᠎ᠳᠤ ᠭᠦᠷᠪᠡ; ᠪᠦᠭᠦ ᠣᠷᠣᠨ᠎ᠤ ᠰᠢᠨ᠎ᠡ ᠡᠨᠧᠷᠭᠢ ᠵᠢᠨ ᠴᠠᠭᠢᠯᠭ᠋ᠠᠨ ᠭᠠᠷᠭ᠋ᠠᠯᠲᠠ ᠵᠢᠨ ᠬᠡᠮᠵᠢᠶ᠎ᠡ 1063 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠪᠠᠷᠢᠮᠵᠢᠶᠠᠲᠤ ᠨᠡᠭᠦᠷᠡᠰᠦᠨ᠎ᠤ ᠬᠡᠷᠡᠭᠯᠡᠭᠡ ᠵᠢ 3295.3 ᠲᠦᠮᠡᠨ ᠲᠣᠨ ᠪᠠᠭ᠋ᠠᠰᠬᠠᠵᠤ᠂ ᠡᠨᠡ᠎ᠨᠢ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 8759.12 ᠲᠦᠮᠡᠨ ᠲᠣᠨ ᠪᠠᠭ᠋ᠠᠰᠬᠠᠭᠰᠠᠨ᠎ᠲᠠᠢ ᠲᠡᠩᠴᠡᠨ᠎ᠡ᠃
ᠣᠯᠠᠨ ᠵᠢᠯ᠎ᠤᠨ ᠲᠤᠷᠰᠢ᠂ ᠮᠠᠨ᠎ᠤ ᠣᠷᠣᠨ ᠴᠠᠭᠢᠯᠭ᠋ᠠᠨ ᠡᠭᠦᠰᠬᠡᠭᠴᠢ ᠵᠢ ᠨᠡᠮᠡᠭᠳᠡᠭᠦᠯᠬᠦ᠂ ᠴᠠᠭᠢᠯᠭ᠋ᠠᠨ᠎ᠤ ᠲᠣᠣᠷ᠎ᠢ ᠰᠢᠯᠢᠳᠡᠭᠵᠢᠭᠦᠯᠬᠦ᠂ ᠪᠠᠭᠲᠠᠭ᠋ᠠᠨ ᠰᠢᠩᠭᠡᠭᠡᠬᠦ ᠵᠢ ᠥᠷᠭᠡᠳᠬᠡᠬᠦ᠂ ᠡᠨᠧᠷᠭᠢ ᠬᠠᠳᠠᠭ᠋ᠠᠯᠠᠬᠤ ᠵᠢ ᠴᠢᠩᠭ᠋ᠠᠳᠬᠠᠬᠤ ᠵᠢ ᠪᠠᠷᠢᠮᠲᠠᠯᠠᠵᠤ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ 《1 + 1〉 2》᠎ᠤᠨ ᠦᠷ᠎ᠡ ᠪᠦᠲᠦᠮᠵᠢ ᠵᠢ ᠪᠡᠶᠡᠯᠡᠭᠦᠯᠵᠦ᠂ ᠪᠣᠬᠢᠷᠳᠤᠯ ᠦᠭᠡᠢ ᠴᠠᠭᠢᠯᠭ᠋ᠠᠨ ᠭᠠᠷᠭ᠋ᠠᠬᠤ ᠬᠡᠮᠵᠢᠶ᠎ᠡ ᠵᠢ ᠨᠡᠮᠡᠭᠳᠡᠭᠦᠯᠦᠨ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠡᠯᠡ ᠮᠥᠩᠭᠥ ᠵᠢ ᠴᠤᠭᠯᠠᠭᠤᠯᠬᠤ ᠵᠢᠨ ᠬᠠᠮᠲᠤ ᠪᠠᠰᠠ ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠵᠦ᠂ ᠠᠵᠤ ᠠᠬᠤᠢ ᠵᠢᠨ ᠬᠥᠭᠵᠢᠯᠲᠡ ᠵᠢ ᠠᠬᠢᠭᠤᠯᠤᠨ᠂ ᠣᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠪᠡ᠃ ᠲᠥᠯᠦᠪᠵᠢᠭᠦᠯᠭᠡ ᠵᠢ ᠦᠨᠳᠦᠰᠦᠯᠡᠪᠡᠯ᠂ 2030 ᠣᠨ ᠪᠤᠯᠬᠤ᠎ᠳᠤ ᠮᠠᠨ᠎ᠤ ᠣᠷᠣᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠲᠥᠷᠥᠯ ᠵᠦᠢ᠍ᠯ᠎ᠤᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠮᠵᠢᠶ᠎ᠡ ᠵᠢ 1.19 ᠳ᠋ᠦᠩᠰᠢᠭᠤᠷ ᠺᠢᠯᠣᠸᠠᠲ᠎ᠲᠤ ᠬᠦᠷᠭᠡᠵᠦ᠂ 1151 ᠲᠦᠮᠡᠨ ᠮᠦ᠍ ᠡᠯᠡᠰᠦᠷᠬᠡᠭᠵᠢᠭᠰᠡᠨ ᠭᠠᠵᠠᠷ ᠰᠢᠷᠣᠢ ᠵᠢ ᠶᠡᠷᠦᠩᠬᠡᠢ᠌ᠯᠡᠨ ᠵᠠᠰᠠᠬᠤ ᠪᠣᠯᠣᠨ᠎ᠠ᠃ ᠡᠭᠦᠨ᠎ᠳᠤ᠂ ᠬᠠᠲᠤᠨ ᠭᠣᠣᠯ᠎ᠤᠨ ᠬᠡᠰᠡᠭ ᠭᠠᠵᠠᠷ᠎ᠲᠤ ᠭᠡᠷᠡᠯᠴᠢ ᠴᠡᠨᠡᠭ᠂ ᠰᠠᠯᠬᠢᠨ ᠬᠦᠴᠦᠨ᠎ᠤ ᠴᠠᠭᠢᠯᠭ᠋ᠠᠨ ᠵᠡᠷᠭᠡ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 8990 ᠲᠦᠮᠡᠨ ᠺᠢᠯᠣᠸᠠᠲ ᠲᠣᠬᠢᠷᠠᠭᠤᠯᠵᠤ᠂ ᠡᠯᠡᠰᠦᠷᠬᠡᠭᠵᠢᠭᠰᠡᠨ ᠭᠠᠵᠠᠷ ᠰᠢᠷᠣᠢ ᠵᠢ 748 ᠲᠦᠮᠡᠨ ᠮᠦ᠍ ᠶᠡᠷᠦᠩᠬᠡᠢ᠌ᠯᠡᠨ ᠵᠠᠰᠠᠬᠤ ᠪᠣᠯᠣᠨ᠎ᠠ᠃
ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠄《ᠮᠠᠨ᠎ᠤ ᠣᠷᠣᠨ 〈ᠨᠡᠭᠦᠷᠡᠰᠦ ᠴᠠᠭᠢᠯᠭ᠋ᠠᠨ ᠴᠢᠯᠠᠭᠤᠨ ᠲᠣᠰᠣ ᠰᠢᠲᠠᠮᠠᠬᠠᠢ ᠬᠡᠢ ᠰᠠᠯᠬᠢᠨ᠎ᠤ ᠡᠨ᠋ᠸᠷᠭᠢ ᠭᠡᠷᠡᠯᠴᠢ ᠴᠡᠨᠡᠭ〉᠎ᠢ ᠵᠡᠷᠭᠡ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠦᠷᠭᠦᠯᠵᠢᠯᠡᠨ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠴᠢᠨᠠᠷ ᠰᠠᠢ᠌ᠲᠠᠢ᠎ᠪᠠᠷ ᠡᠨᠧᠷᠭᠢ ᠵᠢᠨ ᠬᠦᠷᠢᠶᠡᠨ᠎ᠳᠠᠬᠢ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠵᠦ᠂ ᠡᠨᠧᠷᠭᠢ ᠵᠢᠨ ᠬᠠᠩᠭ᠋ᠠᠯᠭ᠎ᠠ ᠵᠢᠨ ᠪᠠᠲᠤᠯᠠᠭ᠎ᠠ ᠵᠢᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ》 ᠭᠡᠵᠦ ᠲᠠᠨᠢᠯᠴᠠᠭᠤᠯᠵᠠᠢ᠃
ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ