ᠢᠯᠡ ᠵᠠᠰᠠᠭ   -   ᠲᠤᠭ᠎ᠠ ᠪᠦᠷᠢᠳᠬᠡᠯ

ᠥᠪᠥᠷ ᠮᠣᠩᠭᠣᠯ᠎ᠳᠤ ᠲᠡᠷᠭᠡ ᠲᠦᠷᠢᠶᠡᠰᠦᠯᠡᠨ ᠵᠢᠭᠤᠯᠴᠢᠯᠠᠬᠤ ᠵᠠᠬᠢᠶᠠᠯᠠᠭ᠎ᠠ ᠵᠢᠨ ᠬᠠᠭᠤᠳᠠᠰᠤ 94%᠎ᠪᠠᠷ ᠨᠡᠮᠡᠭᠳᠡᠵᠦ ᠪᠦᠭᠦ ᠤᠯᠤᠰ᠎ᠲᠤ ᠲᠦᠷᠦᠭᠦᠯᠡᠵᠡᠢ

ᠨᠡᠶ᠋ᠢᠲᠡᠯᠡᠭᠰᠡᠨ ᠴᠠᠭ᠄   2024-08-16

      ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠨᠡᠢ᠌ᠲᠡᠯᠡᠭᠰᠡᠨ ᠲᠣᠭ᠎ᠠ ᠪᠠᠷᠢᠮᠲᠠ ᠵᠢ ᠦᠨᠳᠦᠰᠦᠯᠡᠪᠡᠯ᠂ ᠡᠨᠡ ᠵᠣᠨ᠎ᠠᠴᠠ ᠨᠠᠭ᠋ᠠᠰᠢ ᠰᠦᠯᠵᠢᠶᠡᠨ ᠳᠡᠭᠡᠷ᠎ᠡ ᠥᠪᠥᠷ ᠮᠣᠩᠭᠣᠯ᠎ᠳᠤ ᠵᠢᠭᠤᠯᠴᠢᠯᠠᠯ᠎ᠤᠨ ᠵᠠᠬᠢᠶᠠᠯᠠᠭ᠎ᠠ ᠬᠢᠭᠰᠡᠨ ᠬᠥᠮᠥᠨ᠎ᠤ ᠲᠣᠭ᠎ᠠ ᠵᠢᠨ ᠨᠡᠮᠡᠭᠳᠡᠯ᠎ᠤᠨ ᠬᠤᠷᠳᠤᠴᠠ ᠪᠦᠭᠦ ᠤᠯᠤᠰ᠎ᠲᠤ ᠳᠡᠳ᠋ᠯᠡᠵᠦ᠂ ᠲᠡᠷᠭᠡ ᠲᠦᠷᠢᠶᠡᠰᠦᠯᠡᠨ ᠵᠢᠭᠤᠯᠴᠢᠯᠠᠬᠤ ᠵᠠᠬᠢᠶᠠᠯᠠᠭ᠎ᠠ ᠵᠢᠨ ᠬᠠᠭᠤᠳᠠᠰᠤ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 94%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠦᠭᠦ ᠤᠯᠤᠰ᠎ᠲᠤ ᠲᠦᠷᠦᠭᠦᠯᠡᠵᠦ᠂ ᠪᠦᠭᠦᠢ᠌ᠯᠡ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ ᠬᠥᠭᠵᠢᠶᠡᠨᠲᠡᠢ ᠦᠷᠭᠦᠯᠵᠢᠯᠡᠵᠦ ᠪᠠᠢ᠌ᠨ᠎ᠠ᠃

      ᠰᠢᠶᠧ ᠴᠧᠩ ᠰᠦᠯᠵᠢᠶᠡᠨ᠎ᠤ ᠲᠣᠭ᠎ᠠ ᠪᠠᠷᠢᠮᠲᠠ ᠵᠢ ᠦᠨᠳᠦᠰᠦᠯᠡᠪᠡᠯ᠂ ᠡᠨᠡ ᠵᠤᠨ ᠥᠪᠥᠷ ᠮᠣᠩᠭᠣᠯ᠎ᠳᠤ ᠲᠤᠰᠠᠭ᠋ᠠᠷ ᠵᠢᠭᠤᠯᠴᠢᠯᠠᠯ᠎ᠤᠨ ᠪᠦᠯᠭᠦᠮ ᠪᠣᠯᠣᠨ ᠵᠠᠬᠢᠶᠠᠯᠠᠭ᠎ᠠ ᠵᠢᠨ ᠵᠢᠭᠤᠯᠴᠢᠯᠠᠯ᠎ᠤᠨ ᠬᠡᠷᠡᠭᠯᠡᠭᠡ ᠬᠢᠭᠰᠡᠨ ᠬᠥᠮᠥᠨ᠎ᠤ ᠲᠣᠭ᠎ᠠ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 136%᠎ᠪᠠᠷ ᠨᠡᠮᠡᠭᠳᠡᠵᠦ᠂ ᠵᠢᠭᠤᠯᠴᠢᠯᠠᠯ᠎ᠤᠨ ᠦᠢ᠍ᠯᠡᠳᠬᠦᠨ᠎ᠤ ᠬᠠᠩᠭ᠋ᠠᠯᠭ᠎ᠠ ᠵᠢᠨ ᠶᠠᠰᠤ ᠴᠢᠨᠠᠷ ᠳᠡᠭᠡᠭᠰᠢᠯᠡᠵᠦ᠂ ᠣᠷᠣᠨ᠎ᠤ ᠭᠠᠳᠠᠨᠠᠬᠢ ᠵᠢᠭᠤᠯᠴᠢᠯᠠᠭᠴᠢᠳ᠎ᠢ ᠪᠦᠲᠦᠮᠵᠢᠲᠡᠶ ᠲᠠᠲᠠᠨ᠂ ᠤᠯᠠᠭ᠋ᠠᠨᠴᠠᠪ ᠬᠤᠳᠠ᠎ᠳᠤ ᠵᠢᠭᠤᠯᠴᠢᠯᠠᠭᠰᠠᠨ ᠣᠷᠣᠨ᠎ᠤ ᠭᠠᠳᠠᠨᠠᠬᠢ ᠵᠢᠭᠤᠯᠴᠢᠯᠠᠭᠴᠢ ᠵᠢᠨ ᠳᠣᠲᠣᠷ᠎ᠠ ᠪᠡᠭᠡᠵᠢᠩ ᠲᠢᠶᠠᠨᠵᠢᠨ ᠾᠧᠪᠧᠢ ᠵᠢᠨ ᠵᠢᠭᠤᠯᠴᠢᠯᠠᠭᠴᠢ ᠵᠢᠨ ᠡᠵᠡᠯᠡᠬᠦ ᠬᠠᠷᠢᠴᠠᠯ 39% ᠪᠣᠯᠣᠨ ᠳᠡᠭᠡᠭᠰᠢᠯᠡᠵᠦ᠂ 7 ᠰᠠᠷ᠎ᠠ ᠵᠢᠨ ᠳᠤᠮᠳᠠᠴᠢ᠎ᠳᠤ ᠰᠢᠯᠢ ᠵᠢᠨ ᠭᠣᠣᠯ ᠠᠢ᠌ᠮᠠᠭ᠎ᠲᠤ ᠢᠷᠡᠭᠰᠡᠨ ᠵᠢᠭᠤᠯᠴᠢᠯᠠᠭᠴᠢ ᠵᠢᠨ ᠳᠣᠲᠣᠷ᠎ᠠ ᠣᠷᠣᠨ᠎ᠤ ᠭᠠᠳᠠᠨᠠᠬᠢ ᠵᠢᠭᠤᠯᠴᠢᠯᠠᠭᠴᠢ ᠵᠢᠨ ᠡᠵᠡᠯᠡᠬᠦ ᠬᠠᠷᠢᠴᠠᠯ 55%᠎ᠳᠤ ᠬᠦᠷᠴᠡᠢ᠃ ᠡᠭᠦᠨ᠎ᠠᠴᠠ ᠭᠠᠳᠠᠨ᠎ᠠ᠂ ᠥᠪᠥᠷ ᠮᠣᠩᠭᠣᠯ᠎ᠤᠨ ᠬᠢᠯᠢ᠎ᠪᠠᠷ ᠣᠷᠣᠵᠤ ᠢᠷᠡᠭᠰᠡᠨ ᠵᠢᠭᠤᠯᠴᠢᠯᠠᠭᠴᠢ ᠪᠠᠰᠠ ᠲᠡᠦᠬᠡᠨ ᠲᠡᠮᠳᠡᠭᠯᠡᠯ᠎ᠢ ᠰᠢᠨᠡᠳᠬᠡᠵᠦ᠂ ᠤᠯᠠᠭ᠋ᠠᠨᠪᠠᠭ᠋ᠠᠲᠤᠷ᠎ᠤᠨ ᠵᠢᠭᠤᠯᠴᠢᠯᠠᠭᠴᠢ 31% ᠵᠢ ᠡᠵᠡᠯᠡᠨ᠂ ᠰᠢᠩᠭ᠋ᠠᠫᠤᠷ᠎ᠤᠨ ᠵᠢᠭᠤᠯᠴᠢᠯᠠᠭᠴᠢ 20% ᠵᠢ ᠡᠵᠡᠯᠡᠵᠦ᠂ ᠮᠸᠯᠪᠧᠨ᠎ᠤ ᠵᠢᠭᠤᠯᠴᠢᠯᠠᠭᠴᠢ ᠵᠣᠬᠢᠬᠤ ᠬᠡᠮᠵᠢᠶ᠎ᠡ᠎ᠪᠠᠷ ᠨᠡᠮᠡᠭᠳᠡᠪᠡ᠃

      ᠳᠡᠯᠭᠡᠷ ᠵᠣᠨ᠎ᠤ ᠤᠯᠠᠷᠢᠯ᠎ᠳᠤ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠨᠢᠷ ᠪᠠᠶᠠᠨ ᠶᠠᠪᠤᠭᠳᠠᠵᠤ᠂ ᠬᠥᠮᠥᠰ᠎ᠤᠨ ᠠᠩᠬᠠᠷᠤᠯ᠎ᠢ ᠬᠠᠮᠤᠭ᠎ᠠᠴᠠ ᠢᠯᠡᠭᠦᠦ ᠲᠠᠲᠠᠭᠰᠠᠨ᠎ᠨᠢ ᠲᠠᠯ᠎ᠠ ᠨᠤᠲᠤᠭ᠎ᠤᠨ ᠦᠪᠡᠳᠡᠭᠰᠢ ᠴᠤᠭᠯᠠᠭ᠋ᠠᠨ ᠪᠤᠯᠬᠤ ᠨᠠᠭ᠋ᠠᠳᠤᠮ᠎ᠤᠨ ᠬᠤᠷᠠᠯ ᠪᠣᠯᠣᠨ᠎ᠠ᠃ 《34 ᠳ᠋ᠦ᠍ᠭᠡᠷ ᠬᠤᠭᠤᠴᠠᠭ᠋ᠠᠨ᠎ᠤ ᠲᠠᠯ᠎ᠠ ᠨᠤᠲᠤᠭ᠎ᠤᠨ ᠨᠠᠭ᠋ᠠᠳᠤᠮ》᠂ 《ᠡᠳᠦᠷ ᠪᠣᠯᠭ᠋ᠠᠨ ᠨᠠᠭ᠋ᠠᠳᠤᠮ》 ᠵᠡᠷᠭᠡ ᠵᠠᠩᠭᠢᠯᠠᠭ᠎ᠠ ᠵᠢᠨ ᠦᠭᠡ ᠨᠢᠭᠡᠨᠲᠡ ᠰᠦᠯᠵᠢᠶᠡᠨ ᠬᠠᠯᠠᠮᠰᠢᠯ ᠦᠭᠡ ᠪᠣᠯᠵᠠᠢ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠢᠡᠷ᠂ ᠳᠡᠭᠡᠷ᠎ᠡ ᠬᠠᠭ᠋ᠠᠰ ᠵᠢᠯ᠎ᠳᠤ ᠥᠪᠥᠷ ᠮᠣᠩᠭᠣᠯ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠵᠦ᠂ ᠵᠢᠭᠤᠯᠴᠢᠯᠠᠯ᠎ᠤᠨ ᠦᠢ᠍ᠯᠡᠳᠬᠦᠨ᠎ᠤ ᠰᠢᠨ᠎ᠡ ᠵᠢ ᠡᠭᠦᠳᠬᠦ᠂ ᠨᠠᠷᠢᠯᠢᠭ ᠣᠨᠣᠴᠠᠲᠠᠢ ᠡᠵᠡᠩᠨᠡᠨ ᠪᠣᠷᠣᠯᠠᠭᠤᠯᠤᠯᠲᠠ ᠵᠢ ᠪᠤᠶ ᠪᠤᠯᠭ᠋ᠠᠬᠤ᠎ᠪᠠᠷ ᠳᠠᠮᠵᠢᠨ ᠵᠢᠭᠤᠯᠴᠢᠯᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠦᠨ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠵᠤ᠂ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ》᠎ᠤᠨ ᠲᠦᠷᠦᠯ ᠲᠡᠮᠳᠡᠭ᠎ᠢ ᠤᠯᠠᠮ ᠳᠠᠭᠤᠷᠢᠰᠤᠭᠤᠯᠵᠤ᠂ ᠠᠮᠢᠵᠢᠷᠠᠯ᠎ᠤᠨ ᠬᠦᠴᠦᠨ᠎ᠢ᠎ᠨᠢ ᠨᠡᠩ ᠶᠡᠬᠡ ᠴᠢᠩᠭ᠋ᠠᠷᠠᠭᠤᠯᠤᠭᠰᠠᠨ ᠪᠠᠢ᠌ᠨ᠎ᠠ᠃

 

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ