ᠡᠨᠡ ᠵᠢᠯ ᠮᠠᠨ᠎ᠤ ᠬᠤᠲᠠ 6 ᠶᠡᠷᠦᠩᠬᠡᠶ᠋ᠢᠯᠡᠭᠰᠡᠨ 《ᠲᠠᠷᠢᠶᠠᠨ ᠦᠷ᠎ᠡ ᠦᠵᠡᠬᠦ》 ᠲᠠᠪᠴᠠᠩ᠎ᠤᠨ ᠳᠡᠯᠭᠡᠨ ᠦᠵᠡᠭᠦᠯᠵᠦ ᠵᠢᠱ᠌ᠢᠶ᠎ᠡ ᠦᠵᠡᠭᠦᠯᠬᠦ 132 ᠲᠥᠷᠥᠯ ᠵᠦᠢ᠍ᠯ᠎ᠢ ᠡᠭᠦᠳᠪᠡ
ᠨᠡᠶ᠋ᠢᠲᠡᠯᠡᠭᠰᠡᠨ ᠴᠠᠭ᠄ 2024-08-21
ᠡᠨᠡ ᠵᠢᠯ᠂ ᠮᠠᠨ᠎ᠤ ᠬᠤᠲᠠ 《ᠲᠠᠷᠢᠶᠠᠨ ᠦᠷ᠎ᠡ ᠰᠣᠩᠭᠤᠬᠤ》 ᠲᠠᠪᠴᠠᠩ᠎ᠤᠨ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠨᠡᠶ᠋ᠢᠲᠡ 6 ᠶᠡᠷᠦᠩᠬᠡᠶ᠋ᠢᠯᠡᠭᠰᠡᠨ 《ᠲᠠᠷᠢᠶᠠᠨ ᠦᠷ᠎ᠡ ᠰᠣᠩᠭᠤᠬᠤ》 ᠲᠠᠪᠴᠠᠩ᠎ᠢ ᠪᠠᠶ᠋ᠢᠭᠤᠯᠵᠤ᠂ 132 ᠵᠢᠱ᠌ᠢᠶ᠎ᠡ ᠦᠵᠡᠭᠦᠯᠬᠦ ᠡᠭᠦᠯᠳᠡᠷ᠎ᠢ ᠳᠡᠯᠭᠡᠨ ᠦᠵᠡᠭᠦᠯᠵᠦ᠂ ᠲᠠᠷᠢᠶᠠᠴᠢᠳ᠎ᠢ 《ᠲᠠᠷᠢᠶᠠᠨ ᠦᠷ᠎ᠡ ᠰᠣᠩᠭᠤᠬᠤ》᠎ᠪᠠᠷ ᠳᠠᠮᠵᠢᠭᠤᠯᠤᠨ 《ᠲᠠᠷᠢᠶᠠᠨ ᠦᠷ᠎ᠡ ᠵᠢᠭ᠋ᠠᠬᠤ》 ᠵᠢ ᠪᠡᠶᠡᠯᠡᠭᠦᠯᠪᠡ᠃
ᠣᠶ᠋ᠢᠯᠠᠭ᠋ᠠᠭᠰᠠᠨ ᠵᠶ᠋ᠠᠷ᠂ 《ᠲᠠᠷᠢᠶᠠᠨ ᠦᠷ᠎ᠡ ᠰᠣᠩᠭᠤᠬᠤ》 ᠲᠠᠪᠴᠠᠩ ᠪᠣᠯ ᠰᠢᠯᠢᠳᠡᠭ ᠡᠭᠦᠯᠳᠡᠷ᠂ ᠲᠡᠷᠢᠭᠦᠨ᠎ᠤ ᠢᠵᠢ ᠪᠥᠷᠢᠳᠦᠭᠦᠯᠬᠦ ᠲᠠᠷᠢᠵᠤ ᠪᠤᠶ᠋ᠢᠵᠢᠭᠤᠯᠬᠤ ᠮᠡᠷᠭᠡᠵᠢᠯ᠎ᠢ ᠳᠡᠯᠭᠡᠨ ᠦᠵᠡᠭᠦᠯᠬᠦ᠎ᠪᠠᠷ ᠳᠠᠮᠵᠢᠭᠤᠯᠤᠨ᠂ ᠲᠠᠷᠢᠮᠠᠯ᠎ᠤᠨ ᠡᠭᠦᠯᠳᠡᠷ᠎ᠢ ᠰᠠᠶ᠋ᠢᠵᠢᠷᠠᠭᠤᠯᠬᠤ ᠬᠢᠷᠢ ᠲᠦᠪᠰᠢᠨ᠎ᠢ ᠲᠦᠷᠭᠡᠳᠬᠡᠨ ᠳᠡᠭᠡᠭᠰᠢᠯᠡᠭᠦᠯᠵᠦ᠂ ᠲᠠᠷᠢᠮᠠᠯ᠎ᠤᠨ ᠡᠭᠦᠯᠳᠡᠷ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ ᠲᠠᠷᠢᠶᠠᠴᠢᠳ᠎ᠲᠤ ᠠᠰᠢᠭ ᠬᠦᠷᠲᠡᠭᠡᠬᠦ ᠲᠠᠪᠴᠠᠩ ᠪᠣᠯᠤᠨ᠎ᠠ᠃ ᠡᠨᠡ ᠵᠢᠯ᠂ ᠮᠠᠨ᠎ᠤ ᠬᠤᠲᠠ ᠨᠡᠶ᠋ᠢᠲᠡ 6 ᠶᠡᠷᠦᠩᠬᠡᠶ᠋ᠢᠯᠡᠭᠰᠡᠨ 《ᠲᠠᠷᠢᠶᠠᠨ ᠭᠠᠵᠠᠷ᠎ᠢ ᠦᠵᠡᠬᠦ ᠦᠷ᠎ᠡ ᠰᠣᠩᠭᠤᠬᠤ》 ᠲᠠᠪᠴᠠᠩ᠎ᠢ ᠪᠠᠶ᠋ᠢᠭᠤᠯᠵᠤ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ 1᠂ ᠠᠶ᠋ᠢᠮᠠᠭ ᠬᠤᠲᠠ ᠵᠢᠨ ᠲᠠᠰ᠎ᠤᠨ ᠡᠷᠳᠡᠨᠢ ᠰᠢᠰᠢ᠂ ᠪᠤᠭᠤᠳᠠᠢ ᠪᠣᠯᠤᠨ ᠨᠡᠷᠡᠨ ᠬᠤᠸᠠᠷ ᠲᠣᠰ ᠪᠦᠷᠢ 1 ᠪᠠᠶ᠋ᠢᠵᠤ᠂ ᠪᠥᠲᠥᠭᠡᠨ ᠪᠠᠶ᠋ᠢᠭᠤᠯᠤᠯᠲᠠ ᠵᠢᠨ ᠲᠠᠯᠠᠪᠠᠶ 1090 ᠮᠥ᠍ ᠪᠠᠶ᠋ᠢᠵᠤ᠂ 132 ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠳᠡᠯᠭᠡᠨ ᠦᠵᠡᠭᠦᠯᠪᠡ᠃ ᠡᠯ᠎ᠡ ᠲᠠᠪᠴᠠᠩ᠎ᠨᠢ ᠪᠦᠷᠬᠦᠪᠴᠢ ᠵᠢᠨ ᠳᠣᠣᠷ᠎ᠠ ᠳᠤᠰᠤᠯᠭ᠋ᠠᠨ ᠤᠰᠤᠯᠠᠬᠤ᠂ ᠤᠰᠤ ᠪᠤᠷᠳᠤᠭᠤᠷ᠎ᠢ ᠨᠢᠭᠡ ᠴᠤᠭᠴᠠᠵᠢᠭᠤᠯᠬᠤ᠂ ᠪᠦᠷᠬᠦᠪᠴᠢ ᠦᠭᠡᠢ᠎ᠪᠠᠷ ᠭᠦᠶᠦᠭᠡᠨ ᠪᠤᠯᠠᠵᠤ ᠳᠤᠰᠤᠯᠭ᠋ᠠᠨ ᠤᠰᠤᠯᠠᠬᠤ᠂ ᠳᠣᠬᠢᠭᠤᠷ ᠲᠤᠯᠤᠭ᠋ᠠᠨ ᠣᠲᠣ ᠵᠠᠮᠴᠢᠯᠠᠭ᠎ᠠ ᠵᠢᠨ ᠨᠠᠷᠢᠯᠢᠭ ᠲᠠᠷᠢᠬᠤ ᠵᠡᠷᠭᠡ ᠮᠡᠷᠭᠡᠵᠢᠯ᠎ᠤᠨ ᠵᠠᠭᠪᠤᠷ᠎ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠲᠦᠷᠦᠯ ᠵᠦᠢ᠍ᠯ᠎ᠤᠨ ᠰᠢᠯᠢᠳᠡᠭ ᠣᠨᠴᠠᠯᠢᠭ ᠣᠨᠴᠠᠯᠢᠭ᠎ᠢ ᠢᠯᠡᠷᠡᠭᠦᠯᠬᠦ᠂ ᠭᠠᠷᠤᠯᠲᠠ ᠵᠢ ᠨᠡᠮᠡᠭᠳᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠳᠠᠯᠳᠠ ᠬᠦᠴᠦᠨ᠎ᠢ ᠪᠠᠳᠠᠷᠠᠭᠤᠯᠬᠤ ᠵᠢ ᠦᠨᠡᠨ ᠬᠦ᠌ ᠪᠠᠲᠤᠯᠠᠵᠤ᠂ ᠰᠠᠶ᠋ᠢᠨ ᠡᠭᠦᠯᠳᠡᠷ᠎ᠤᠨ ᠰᠠᠶ᠋ᠢᠨ ᠠᠷᠭ᠎ᠠ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠲᠠᠷᠢᠶᠠᠯᠠᠩ᠎ᠤᠨ ᠴᠢᠨᠠᠷ ᠰᠠᠶ᠋ᠢᠲᠠᠢ ᠥᠨᠳᠥᠷ ᠪᠦᠲᠦᠮᠵᠢᠲᠡᠢ 《ᠰᠠᠶ᠋ᠢᠨ ᠵᠣᠷ》᠎ᠢ ᠨᠡᠭᠡᠭᠡᠵᠦ ᠥᠭᠭᠦᠨ᠎ᠡ᠃ ᠣᠳᠣᠬᠠᠨ᠎ᠳᠤ᠂ ᠡᠯ᠎ᠡ ᠲᠠᠪᠴᠠᠩ ᠨᠢᠭᠡᠨᠲᠡ ᠦᠵᠡᠭᠦᠯᠦᠯᠭᠡ ᠵᠢᠨ ᠴᠤᠭᠯᠠᠭ᠋ᠠᠨ᠂ ᠪᠣᠯᠪᠠᠰᠤᠷᠠᠭᠤᠯᠤᠯ᠎ᠤᠨ ᠬᠤᠷᠠᠯ᠎ᠢ ᠨᠡᠶ᠋ᠢᠲᠡ 27 ᠤᠳᠠᠭ᠎ᠠ ᠵᠣᠬᠢᠶᠠᠨ ᠪᠠᠶ᠋ᠢᠭᠤᠯᠵᠤ᠂ ᠪᠣᠯᠪᠠᠰᠤᠷᠠᠭᠤᠯᠤᠯ᠎ᠤᠨ ᠠᠵᠢᠯᠲᠠᠨ᠎ᠢ 1240 ᠬᠥᠮᠦᠨ ᠤᠳᠠᠭ᠎ᠠ ᠪᠣᠯᠪᠠᠰᠤᠷᠠᠭᠤᠯᠪᠠ᠃ ᠣᠷᠣᠨ᠎ᠤ ᠳᠣᠲᠣᠷ᠎ᠠ ᠭᠠᠳᠠᠨᠠᠬᠢ ᠲᠤᠰᠬᠠᠶ ᠮᠡᠷᠭᠡᠵᠢᠯᠲᠡᠨ᠎ᠢ ᠤᠷᠢᠵᠤ ᠲᠤᠬᠠᠶ ᠵᠢᠨ ᠭᠠᠵᠠᠷ᠎ᠲᠤᠨᠢ ᠵᠢᠯᠣᠭᠤᠳᠣᠭᠤᠯᠵᠤ᠂ ᠲᠠᠷᠢᠶᠠᠨ ᠭᠠᠵᠠᠷ᠎ᠤᠨ ᠲᠠᠷᠢᠮᠠᠯ᠎ᠤᠨ ᠤᠷᠭᠤᠯᠲᠠ ᠵᠢᠨ ᠪᠠᠶ᠋ᠢᠳᠠᠯ᠎ᠢ ᠳᠡᠯᠭᠡᠨ ᠦᠵᠡᠭᠦᠯᠵᠦ᠂ ᠡᠭᠦᠯᠳᠡᠷ᠎ᠤᠨ ᠣᠨᠴᠠᠯᠢᠭ᠎ᠢ ᠵᠠᠳᠠᠯᠵᠤ᠂ ᠨᠢᠳᠦᠨ᠎ᠳᠤ ᠦᠵᠡᠭᠳᠡᠵᠦ ᠭᠠᠷ᠎ᠲᠤ ᠪᠠᠷᠢᠭᠳᠠᠮ᠎ᠠ ᠠᠷᠭ᠎ᠠ ᠮᠠᠶᠢᠭ ᠵᠶ᠋ᠠᠷ ᠲᠠᠷᠢᠶᠠᠴᠢᠳ᠎ᠲᠤ ᠲᠠᠨᠢᠯᠴᠠᠭᠤᠯᠵᠤ᠂ ᠲᠣᠬᠢᠷᠠᠮᠵᠢᠲᠠᠶ ᠰᠢᠯᠢᠳᠡᠭ ᠡᠭᠦᠯᠳᠡᠷ᠎ᠢ ᠤᠬᠠᠭᠤᠯᠵᠤ᠂ ᠲᠠᠷᠢᠶᠠᠴᠢᠨ ᠡᠷᠦᠬᠡ᠎ᠳᠤ ᠨᠠᠩ ᠰᠢᠨᠵᠢᠯᠡᠬᠦ ᠤᠬᠠᠭ᠋ᠠᠨᠴᠢ ᠲᠠᠷᠢᠮᠠᠯ᠎ᠤᠨ ᠰᠣᠩᠭᠤᠯᠲᠠ ᠬᠢᠬᠦ᠎ᠳᠤ ᠬᠦᠴᠦᠨ ᠨᠡᠮᠡᠷᠢᠯᠡᠵᠦ᠂ ᠮᠠᠯᠴᠢᠨ ᠲᠠᠷᠢᠶᠠᠴᠢᠨ ᠣᠯᠠᠨ ᠲᠦᠮᠡᠨ᠎ᠢ ᠬᠠᠪᠰᠤᠷᠤᠨ 《ᠲᠠᠷᠢᠶᠠᠨ ᠭᠠᠵᠠᠷ᠎ᠢ ᠦᠵᠡᠬᠦ ᠰᠤᠩᠭᠤᠯᠲᠠ》᠎ᠪᠠᠷ ᠳᠠᠮᠵᠢᠭᠤᠯᠤᠨ 《ᠲᠠᠷᠢᠶᠠᠨ ᠭᠠᠵᠠᠷ᠎ᠢ ᠵᠠᠬᠢᠶᠠᠯᠠᠬᠤ》 ᠵᠢ ᠪᠡᠶᠡᠯᠡᠭᠦᠯᠦᠨ᠎ᠡ᠃ ᠲᠤᠬᠠᠢ ᠵᠢᠨ ᠲᠠᠯᠠᠪᠤᠷ᠎ᠤᠨ ᠬᠤᠷᠠᠯ ᠵᠶ᠋ᠠᠷ ᠲᠠᠮᠵᠢᠨ᠂ ᠪᠠᠮᠠᠢ 13᠂ ᠶᠦᠩ ᠯᠢᠶᠠᠩ 4 ᠨᠤᠮᠧᠷᠲᠦ ᠵᠢᠴᠢ ᠨᠢᠩᠰᠢᠶᠠ 3015 ᠵᠡᠷᠭᠡ ᠪᠤᠭᠤᠳᠠᠢ ᠲᠠᠷᠢᠬᠤ ᠭᠡᠷ᠎ᠡ ᠲᠤᠭᠲᠠᠵᠦ᠂ ᠪᠠᠷᠤᠭ 300 ᠲᠦᠮᠡᠨ ᠵᠢᠩ ᠭᠠᠵᠠᠷ ᠰᠢᠷᠤᠢ ᠵᠢᠨ ᠲᠠᠷᠢᠬᠤ ᠱᠠᠭ᠋ᠠᠷᠳᠠᠯᠭ᠎ᠠ ᠵᠢ ᠬᠠᠩᠭ᠋ᠠᠵᠤ ᠲᠠᠶ᠋ᠢᠯᠤᠨ᠎ᠠ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ