ᠢᠯᠡ ᠵᠠᠰᠠᠭ   -   ᠲᠤᠭ᠎ᠠ ᠪᠦᠷᠢᠳᠬᠡᠯ

ᠮᠠᠨ᠎ᠤ ᠬᠤᠲᠠ 332.27 ᠲᠦᠮᠡᠨ ᠮᠦ᠍ ᠠᠮᠢ ᠠᠬᠤᠢ ᠵᠢᠨ ᠵᠠᠰᠠᠯᠲᠠ ᠵᠢ ᠨᠢᠭᠡᠨᠲᠡ ᠪᠡᠶᠡᠯᠡᠭᠦᠯᠵᠡᠢ

ᠨᠡᠶ᠋ᠢᠲᠡᠯᠡᠭᠰᠡᠨ ᠴᠠᠭ᠄   2024-08-21

     ᠲᠦᠷᠦᠭᠦᠬᠡᠨ᠂ ᠬᠤᠲᠠ ᠵᠢᠨ ᠣᠶ ᠰᠢᠭᠤᠶ ᠡᠪᠡᠰᠦ ᠪᠡᠯᠴᠢᠭᠡᠷ᠎ᠤᠨ ᠲᠣᠪᠴᠢᠶ᠎ᠠ᠎ᠠᠴᠠ ᠣᠶ᠋ᠢᠯᠠᠭ᠋ᠠᠭᠰᠠᠨ᠎ᠨᠢ᠂ ᠮᠠᠨ᠎ᠤ ᠬᠤᠲᠠ ᠵᠢᠨ ᠬᠠᠲᠤᠨ ᠭᠤᠤᠯ᠎ᠤᠨ 《ᠲᠣᠬᠤᠢ》 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠯᠠᠪᠳᠠᠭᠤᠨ ᠪᠠᠲᠤᠲᠠᠶ ᠠᠭᠢᠵᠤ᠂ ᠣᠲᠣ ᠪᠣᠯᠲᠠᠯ᠎ᠠ ᠨᠢᠭᠡᠨᠲᠡ 332.27 ᠲᠦᠮᠡᠨ ᠮᠥ᠍ ᠠᠮᠢ ᠠᠬᠤᠶ ᠵᠢᠨ ᠵᠠᠰᠠᠯᠲᠠ ᠵᠢ ᠪᠡᠶᠡᠯᠡᠭᠦᠯᠦᠭᠰᠡᠨ ᠪᠠᠶ᠋ᠢᠨ᠎ᠠ᠃ ᠡᠭᠦᠨ᠎ᠳᠤ᠂ ᠪᠥᠬᠦ ᠤᠯᠤᠰ᠎ᠤᠨ ᠴᠢᠬᠤᠯᠠ ᠠᠮᠢ ᠠᠬᠤᠶ ᠵᠢ ᠬᠠᠮᠠᠭ᠋ᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ 263.81 ᠲᠦᠮᠡᠨ ᠮᠥ᠍᠂ 《ᠭᠤᠷᠪᠠᠨ ᠤᠮᠠᠷᠠᠲᠤ》 ᠵᠢᠨ ᠬᠠᠯᠬᠠᠪᠴᠢ ᠣᠶ ᠵᠢᠨ ᠢᠨᠵᠧᠨᠧᠷᠢᠩ 22.79 ᠲᠦᠮᠡᠨ ᠮᠥ᠍᠂ ᠲᠥᠪ᠎ᠤᠨ ᠡᠳ᠋᠎ᠤᠨ ᠵᠠᠰᠠᠭ᠎ᠤᠨ ᠲᠥᠷᠥᠯ ᠵᠦᠢ᠍ᠯ 33.37 ᠲᠦᠮᠡᠨ ᠮᠥ᠍᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ ᠬᠡᠷᠡᠯ ᠴᠡᠨᠡᠭ᠎ᠤᠨ ᠨᠢᠭᠡ ᠴᠣᠭᠴᠠᠵᠢᠭᠰᠠᠨ ᠢᠨᠵᠧᠨᠧᠷᠢᠩ 12.3 ᠲᠦᠮᠡᠨ ᠮᠥ᠍ ᠪᠠᠶ᠋ᠢᠨ᠎ᠠ᠃
     ᠠᠮᠢ ᠠᠬᠤᠢ ᠵᠢᠨ ᠵᠠᠰᠠᠯᠲᠠ ᠵᠢ ᠲᠦᠷᠭᠡᠨ ᠠᠬᠢᠭᠤᠯᠬᠤ ᠵᠢᠨ ᠬᠠᠮᠲᠤ᠂ ᠮᠠᠨ᠎ᠤ ᠬᠤᠲᠠ ᠣᠷᠣᠨ ᠪᠦᠰᠡ ᠵᠢᠨ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠵᠠᠰᠠᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠪᠡ᠃ ᠵᠠᠰᠠᠭ ᠵᠠᠬᠢᠷᠭ᠋ᠠᠨ᠎ᠤ ᠣᠷᠣᠨ ᠠᠯᠤᠰᠯᠠᠨ ᠬᠠᠲᠤᠨ ᠭᠤᠤᠯ᠎ᠤᠨ ᠤᠷᠤᠰᠬᠠᠯ ᠡᠯᠡᠰᠦ ᠵᠢ ᠵᠠᠰᠠᠬᠤ ᠠᠵᠢᠯ᠎ᠢ ᠥᠷᠨᠢᠭᠦᠯᠬᠦ ᠵᠢ ᠲᠦᠷᠦᠭᠦᠯᠡᠨ ᠰᠠᠨᠠᠭ᠋ᠠᠴᠢᠯᠠᠵᠤ᠂ ᠬᠥᠷᠰᠢ ᠵᠡᠷᠭᠡᠯᠡᠳᠡᠭᠡ ᠠᠯᠠᠱ᠌ᠠ ᠠᠶ᠋ᠢᠮᠠᠭ ᠵᠡᠷᠭᠡ ᠳᠥᠷᠪᠡᠨ ᠠᠶ᠋ᠢᠮᠠᠭ ᠬᠤᠲᠠ᠎ᠲᠠᠢ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠵᠠᠰᠠᠬᠤ ᠬᠡᠯᠡᠯᠴᠡᠭᠡᠷ ᠲᠣᠭᠲᠠᠵᠤ᠂ ᠨᠡᠭᠦᠳᠡᠯ ᠡᠯᠡᠰᠦ ᠵᠢ ᠭᠠᠷ ᠬᠤᠯᠪᠣᠨ ᠬᠤᠷᠢᠭᠯᠠᠵᠤ ᠪᠠᠶ᠋ᠢᠨ᠎ᠠ᠃ ᠡᠯᠡᠰᠦ ᠮᠠᠩᠬ᠎ᠠ ᠬᠢᠭᠡᠳ ᠬᠠᠲᠤᠨ ᠭᠤᠤᠯ᠎ᠤᠨ ᠭᠠᠷ ᠬᠤᠯᠪᠣᠯᠴᠠᠭᠰᠠᠨ ᠳ᠋ᠧᠩᠺᠸᠤ ᠰᠢᠶᠠᠨ᠎ᠤ ᠯᠢᠦ ᠭᠤᠸᠠᠢ ᠡᠯᠡᠰᠦᠨ ᠦᠵᠦᠭᠦᠷ᠎ᠢ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ 《ᠨᠢᠭᠡᠳᠦᠭᠡᠷ ᠥᠨᠳᠥᠷ ᠭᠠᠵᠠᠷ》 ᠪᠣᠯᠭ᠋ᠠᠵᠤ᠂ 10.35 ᠲᠦᠮᠡᠨ ᠮᠥ᠍ ᠭᠠᠵᠠᠷ᠎ᠢ ᠵᠠᠰᠠᠵᠤ᠂ 20 ᠮᠧᠳ᠋ᠷ ᠲᠤᠷᠤᠭ ᠮᠣᠳᠣᠨ᠎ᠤ ᠣᠶ ᠵᠢᠨ ᠡᠯᠡᠰᠦ ᠵᠢ ᠬᠠᠰᠢᠬᠤ ᠬᠡᠷᠡᠮ᠂ 100 ᠮᠧᠳ᠋ᠷ᠎ᠤᠨ ᠪᠤᠲᠠᠯᠢᠭ ᠮᠣᠳᠣᠨ᠎ᠤ ᠣᠶ ᠵᠢᠨ ᠡᠯᠡᠰᠦ ᠵᠢ ᠬᠤᠷᠢᠭᠯᠠᠬᠤ ᠪᠦᠰᠡ ᠵᠢ ᠪᠣᠶ ᠪᠣᠯᠭ᠋ᠠᠵᠤ᠂ 2000 ᠮᠧᠳ᠋ᠷ᠎ᠤᠨ ᠡᠪᠡᠰᠦ ᠳᠠᠷᠢᠵᠤ ᠡᠯᠡᠰᠦ ᠵᠢ ᠲᠣᠭᠲᠠᠪᠤᠷᠢᠵᠢᠭᠤᠯᠬᠤ ᠲᠣᠤᠷ᠎ᠢ ᠪᠣᠶ ᠪᠣᠯᠭ᠋ᠠᠵᠤ᠂ ᠨᠡᠭᠦᠳᠡᠯ ᠡᠯᠡᠰᠦᠨ᠎ᠤ ᠬᠠᠲᠤᠨ ᠭᠤᠤᠯ᠎ᠳᠤ ᠣᠷᠣᠬᠤ ᠵᠢ ᠪᠦᠲᠦᠮᠵᠢᠲᠡᠶ ᠬᠤᠷᠢᠭᠯᠠᠪᠠ᠃

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ