ᠮᠠᠨ᠎ᠤ ᠣᠷᠣᠨ᠎ᠤ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 11683 ᠳ᠋ᠦᠩᠰᠢᠭᠤᠷ ᠲᠥᠭᠥᠷᠢᠭ᠎ᠲᠤ ᠭᠦᠷᠪᠡ
ᠨᠡᠶ᠋ᠢᠲᠡᠯᠡᠭᠰᠡᠨ ᠴᠠᠭ᠄ 2024-08-06
ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ᠂ ᠮᠠᠨ᠎ᠤ ᠣᠷᠣᠨ᠎ᠤ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 11683 ᠳ᠋ᠦᠩᠰᠢᠭᠤᠷ ᠲᠥᠭᠥᠷᠢᠭ᠎ᠲᠤ ᠬᠦᠷᠴᠦ᠂ ᠥᠯᠥ ᠬᠤᠪᠢᠰᠬᠤ ᠦᠨ᠎ᠡ᠎ᠪᠠᠷ ᠪᠤᠳᠤᠪᠠᠯ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 6.2% ᠵᠢᠡᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠢᠡᠷ 1.2 ᠬᠤᠪᠢ ᠳᠠᠪᠠᠵᠠᠢ᠃ ᠡᠭᠦᠨ᠎ᠳᠤ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 387 ᠳ᠋ᠦᠩᠰᠢᠭᠤᠷ ᠲᠥᠭᠥᠷᠢᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 5.1%᠎ᠪᠠᠷ ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 5992 ᠳ᠋ᠦᠩᠰᠢᠭᠤᠷ ᠲᠥᠭᠥᠷᠢᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 8.2% ᠵᠢᠡᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 5304 ᠳ᠋ᠦᠩᠰᠢᠭᠤᠷ ᠲᠥᠭᠥᠷᠢᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 4.7%᠎ᠪᠠᠷ ᠨᠡᠮᠡᠭᠳᠡᠪᠡ᠃
ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠠᠢ᠌ᠳᠠᠯ ᠨᠡᠯᠢᠶᠡᠳ ᠰᠠᠢ᠌ᠨ ᠪᠠᠢ᠌ᠵᠤ᠂ ᠮᠠᠯ ᠠᠵᠤ ᠠᠬᠤᠢ ᠵᠢᠨ ᠬᠥᠭᠵᠢᠯᠲᠡ ᠶᠡᠷᠦᠩᠬᠡᠢ᠎ᠳᠡᠭᠡᠨ ᠲᠣᠭᠲᠠᠭᠤᠨ ᠪᠠᠢ᠌ᠨ᠎ᠠ᠃ ᠡᠨᠡ ᠵᠢᠯ᠎ᠠᠴᠠ ᠨᠠᠭ᠋ᠠᠰᠢ ᠮᠠᠨ᠎ᠤ ᠣᠷᠣᠨ ᠮᠠᠯ ᠠᠵᠤ ᠠᠬᠤᠢ ᠲᠠᠷᠢᠶᠠᠯᠠᠩ᠎ᠳᠠᠬᠢ ᠪᠡᠯᠡ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠳᠪᠦᠷᠢᠯᠡᠯ ᠡᠵᠡᠩᠨᠡᠯᠲᠡ ᠵᠢ ᠲᠠᠷᠠᠬᠠᠢ ᠪᠤᠲᠠᠷᠬᠠᠢ ᠭᠡᠯᠪᠡᠷᠢ᠎ᠠᠴᠠ ᠡᠷᠴᠢᠮᠵᠢᠭᠦᠯᠦᠨ ᠬᠤᠪᠢᠷᠠᠭᠤᠯᠬᠤ ᠵᠢ ᠠᠬᠢᠭᠤᠯᠵᠤ᠂ ᠨᠢᠭᠡᠳᠦᠭᠡᠷ ᠠᠵᠤ ᠦᠢ᠍ᠯᠡᠰ᠎ᠤᠨ ᠲᠣᠭᠲᠠᠭᠤᠨ ᠵᠢᠡᠷ ᠬᠥᠭᠵᠢᠬᠦ᠎ᠳᠤ ᠰᠠᠭᠤᠷᠢ ᠲᠠᠯᠪᠢᠵᠤ ᠥᠭᠪᠡ᠃ ᠳᠡᠭᠡᠷ᠎ᠡ ᠬᠠᠭ᠋ᠠᠰ ᠵᠢᠯ᠎ᠳᠤ ᠪᠦᠭᠦ ᠣᠷᠣᠨ᠎ᠤ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭ᠋ᠠᠰᠤᠨ ᠠᠵᠤ ᠠᠬᠤᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.2% ᠵᠢᠡᠷ ᠨᠡᠮᠡᠭᠳᠡᠵᠦ᠂ ᠭᠠᠬᠠᠢ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ᠂ ᠦᠨᠢᠶᠡᠨ ᠰᠦ ᠵᠢᠨ ᠭᠠᠷᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 4.3% ᠪᠠ 2.6%᠎ᠪᠠᠷ ᠨᠡᠮᠡᠭᠳᠡᠪᠡ᠃
ᠳᠡᠭᠡᠷ᠎ᠡ ᠬᠠᠭ᠋ᠠᠰ ᠵᠢᠯ᠎ᠳᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠨᠡᠯᠢᠶᠡᠳ ᠲᠦᠷᠭᠡᠨ ᠨᠡᠮᠡᠭᠳᠡᠵᠦ᠂ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 7.5%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ ᠪᠦᠭᠦ ᠤᠯᠤᠰ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ᠎ᠠᠴᠠ ᠵᠠᠭᠤᠨ᠎ᠤ ᠬᠠᠷᠢᠴᠠᠯ ᠵᠢᠡᠷ 1.5 ᠬᠤᠪᠢ ᠲᠠᠪᠠᠪᠠ;ᠦᠢᠯᠡᠴᠢᠯᠡᠭᠡᠨ᠎ᠤ ᠦᠢ᠍ᠯᠡᠰ ᠲᠦᠷᠭᠡᠨ ᠰᠡᠷᠭᠦᠵᠦ᠂ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠨᠡᠯᠢᠶᠡᠳ ᠲᠦᠷᠭᠡᠨ ᠬᠥᠭᠵᠢᠵᠦ᠂ ᠪᠦᠭᠦ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 4.7% ᠨᠡᠮᠡᠭᠳᠡᠪᠡ᠃ ᠲᠦᠷᠦᠭᠦᠦ 5 ᠰᠠᠷ᠎ᠠ᠎ᠳᠤ ᠪᠦᠭᠦ ᠣᠷᠣᠨ᠎ᠤ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠣᠨᠣᠭ ᠵᠢᠴᠢ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ ᠪᠣᠯᠣᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠢᠴᠢ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠴᠥᠮ 13%᠎ᠪᠠᠷ ᠨᠡᠮᠡᠭᠳᠡᠪᠡ;ᠲᠣᠬᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠵᠦ᠂ ᠪᠦᠭᠦ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ(ᠲᠠᠷᠢᠶᠠᠯᠠᠬᠤ ᠡᠷᠦᠭᠡ ᠵᠢ ᠪᠠᠭᠲᠠᠭ᠋ᠠᠬᠤ ᠦᠭᠡᠢ)ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 12.0%᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠢᠡᠷ 8.1 ᠬᠤᠪᠢ ᠳᠠᠪᠠᠵᠤ᠂ ᠪᠦᠭᠦ ᠤᠯᠤᠰ᠎ᠤᠨ ᠬᠣᠶᠠᠳᠤᠭ᠋ᠠᠷ᠎ᠲᠤ ᠵᠢᠬᠰᠠᠪᠠ; ᠬᠡᠷᠡᠭᠯᠡᠭᠡ ᠲᠣᠭᠲᠠᠭᠤᠨ ᠨᠡᠮᠡᠭᠳᠡᠯ ᠵᠶ᠋ᠡᠨ ᠪᠠᠲᠤᠯᠠᠵᠤ᠂ ᠪᠦᠭᠦ ᠣᠷᠣᠨ᠎ᠤ ᠨᠡᠢ᠌ᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠣᠭ᠎ᠠ 2533.3 ᠳ᠋ᠦᠩᠰᠢᠭᠤᠷ ᠲᠥᠭᠥᠷᠢᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 2.8%᠎ᠪᠠᠷ ᠨᠡᠮᠡᠭᠳᠡᠪᠡ; ᠰᠠᠭᠤᠭ᠋ᠠᠯᠢ ᠠᠷᠠᠳ᠎ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠪᠦᠭᠦ ᠣᠷᠣᠨ᠎ᠤ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠤᠯᠬᠤ ᠣᠷᠣᠯᠭ᠎ᠠ 19054 ᠲᠥᠭᠥᠷᠢᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 5.0%᠎ᠪᠠᠷ ᠨᠡᠮᠡᠭᠳᠡᠪᠡ᠃
ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ