ᠪᠦᠭᠦ ᠣᠷᠣᠨ᠎ᠤ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠲᠦᠷᠦᠯ ᠵᠦᠢ᠍ᠯ᠎ᠤᠨ ᠪᠠᠷᠢᠯᠭ᠎ᠠ᠎ᠪᠠᠨ ᠡᠬᠢᠯᠡᠭᠦᠯᠵᠦ ᠰᠡᠷᠭᠦᠭᠡᠭᠰᠡᠨ ᠨᠤᠷᠮ᠎ᠠ 99.8%᠎ᠳᠤ ᠬᠦᠷᠴᠡᠢ
ᠨᠡᠶ᠋ᠢᠲᠡᠯᠡᠭᠰᠡᠨ ᠴᠠᠭ᠄ 2024-08-06
ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠢᠡᠷ 6 ᠰᠠᠷ᠎ᠠ ᠵᠢᠨ ᠰᠡᠭᠦᠯᠴᠢ ᠪᠤᠯᠳᠠᠯ᠎ᠠ ᠪᠦᠭᠦ ᠣᠷᠣᠨ᠎ᠤ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠲᠦᠷᠦᠯ ᠵᠦᠢ᠍ᠯ᠎ᠤᠨ ᠶᠡᠷᠦᠩᠬᠡᠢ᠌ᠯᠡᠭᠰᠡᠨ ᠪᠠᠷᠢᠯᠭ᠎ᠠ᠎ᠪᠠᠨ ᠡᠬᠢᠯᠡᠭᠦᠯᠵᠦ ᠰᠡᠷᠭᠦᠭᠡᠭᠰᠡᠨ ᠨᠤᠷᠮ᠎ᠠ 99.8%᠎ᠳᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠵᠠᠭᠤᠨ᠎ᠤ ᠬᠠᠷᠢᠴᠠᠯ ᠵᠢᠡᠷ 0.8 ᠬᠤᠪᠢ ᠳᠡᠭᠡᠭᠰᠢᠯᠡᠪᠡ᠃
ᠡᠨᠡ ᠵᠢᠯ ᠮᠠᠨ᠎ᠤ ᠣᠷᠣᠨ ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠡᠯᠡ ᠤᠷᠤᠭᠤᠯᠤᠯᠳᠠ᠎ᠲᠠᠢ᠂ ᠶᠡᠷᠦᠩᠬᠡᠢ ᠪᠡᠯᠡ ᠤᠷᠤᠭᠤᠯᠤᠯᠳᠠ᠎ᠨᠢ 2.1 ᠲᠦᠮᠡᠨ ᠳ᠋ᠦᠩᠰᠢᠭᠤᠷ ᠲᠥᠭᠥᠷᠢᠭ᠎ᠲᠤ ᠬᠦᠷᠬᠦ 1240 ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠲᠦᠷᠦᠯ ᠵᠦᠢ᠍ᠯ᠎ᠢ ᠬᠡᠷᠡᠭᠵᠢᠭᠦᠯᠬᠦ᠎ᠪᠠᠷ ᠲᠥᠯᠥᠪᠯᠡᠵᠦ᠂ 6 ᠰᠠᠷ᠎ᠠ ᠵᠢᠨ ᠰᠡᠭᠦᠯᠴᠢ ᠪᠤᠯᠳᠠᠯ᠎ᠠ 1238 ᠲᠦᠷᠦᠯ ᠵᠦᠢ᠍ᠯ᠎ᠨᠢ ᠪᠠᠷᠢᠯᠭ᠎ᠠ᠎ᠪᠠᠨ ᠡᠬᠢᠯᠡᠭᠦᠯᠦᠭᠰᠡᠨ ᠪᠤᠶᠤ ᠰᠡᠷᠭᠦᠭᠡᠪᠡ᠃ ᠡᠭᠦᠨ᠎ᠳᠤ ᠰᠢᠨ᠎ᠡ᠎ᠪᠠᠷ ᠪᠦᠲᠦᠭᠡᠨ ᠪᠠᠢ᠌ᠭᠤᠯᠬᠤ 649 ᠲᠦᠷᠦᠯ ᠵᠦᠢ᠍ᠯ ᠪᠠᠷᠢᠯᠭ᠎ᠠ ᠡᠬᠢᠯᠡᠵᠦ᠂ ᠪᠠᠷᠢᠯᠭ᠎ᠠ ᠡᠬᠢᠯᠡᠭᠰᠡᠨ ᠨᠤᠷᠮ᠎ᠠ᠎ᠨᠢ 99.7%᠎ᠳᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠵᠠᠭᠤᠨ᠎ᠤ ᠬᠠᠷᠢᠴᠠᠯ ᠵᠢᠡᠷ 1.6 ᠬᠤᠪᠢ ᠳᠡᠭᠡᠭᠰᠢᠯᠡᠪᠡ; ᠦᠷᠭᠦᠯᠵᠢᠯᠡᠨ ᠪᠦᠲᠦᠭᠡᠨ ᠪᠠᠢ᠌ᠭᠤᠯᠬᠤ 589 ᠲᠦᠷᠦᠯ ᠵᠦᠢ᠍ᠯ ᠪᠠᠷᠢᠯᠭ᠎ᠠ᠎ᠪᠠᠨ ᠰᠡᠷᠭᠦᠭᠡᠵᠦ᠂ ᠪᠠᠷᠢᠯᠭ᠎ᠠ᠎ᠪᠠᠨ ᠰᠡᠷᠭᠦᠭᠡᠭᠰᠡᠨ ᠨᠤᠷᠮ᠎ᠠ᠎ᠨᠢ 100%᠎ᠳᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠲᠠᠢ ᠲᠡᠩᠴᠡᠪᠡ᠃
ᠣᠢ᠌ᠯᠠᠭ᠋ᠠᠭᠰᠠᠨ ᠵᠢᠡᠷ ᠵᠢᠯ᠎ᠤᠨ ᠡᠬᠢᠨ᠎ᠠᠴᠠ ᠨᠠᠭ᠋ᠠᠰᠢ ᠣᠷᠣᠨ ᠳᠠᠶᠠᠭ᠋ᠠᠷ ᠵᠢᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ ᠪᠣᠳᠠᠲᠤ ᠦᠷ᠎ᠡ ᠪᠦᠲᠦᠮᠵᠢ ᠣᠯᠬᠤ ᠵᠢ ᠱᠠᠯᠠᠪᠳᠠᠭᠤᠯᠤᠨ ᠠᠬᠢᠭᠤᠯᠤᠭᠰᠠᠨ ᠵᠢᠡᠷ ᠪᠦᠭᠦ ᠣᠷᠣᠨ᠎ᠤ ᠴᠢᠬᠤᠯᠠ ᠶᠡᠬᠡ ᠲᠦᠷᠦᠯ ᠵᠦᠢ᠍ᠯ᠎ᠤᠨ ᠪᠡᠯᠡ ᠤᠷᠤᠭᠤᠯᠤᠯᠳᠠ ᠲᠣᠭᠲᠠᠭᠤᠨ᠎ᠤ ᠳᠤᠮᠳᠠ ᠰᠢᠯᠢᠳᠡᠭᠵᠢᠬᠦ ᠪᠠᠢ᠌ᠳᠠᠯ ᠢᠯᠡᠷᠡᠵᠦ᠂ ᠳᠡᠭᠡᠷ᠎ᠡ ᠬᠠᠭ᠋ᠠᠰ ᠵᠢᠯ᠎ᠳᠤ ᠪᠦᠭᠦ ᠣᠷᠣᠨ᠎ᠤ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠡᠯᠡ ᠤᠷᠤᠭᠤᠯᠤᠯᠳᠠ᠎ᠲᠠᠢ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠤᠨ ᠪᠡᠶᠡᠯᠡᠭᠦᠯᠦᠭᠰᠡᠨ ᠪᠡᠯᠡ ᠤᠷᠤᠭᠤᠯᠤᠯᠳᠠ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 15.4%᠎ᠪᠠᠷ ᠨᠡᠮᠡᠭᠳᠡᠪᠡ᠃ ᠡᠭᠦᠨ᠎ᠳᠤ 6 ᠰᠠᠷ᠎ᠠ ᠵᠢᠨ ᠰᠡᠭᠦᠯᠴᠢ ᠪᠤᠯᠳᠠᠯ᠎ᠠ ᠪᠦᠭᠦ ᠣᠷᠣᠨ᠎ᠤ ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠡᠯᠡ ᠤᠷᠤᠭᠤᠯᠤᠯᠳᠠ᠎ᠲᠠᠢ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠲᠦᠷᠦᠯ ᠵᠦᠢ᠍ᠯ ᠤᠷᠢᠳ ᠬᠣᠵᠢᠳ ᠨᠡᠢ᠌ᠳᠡ 3259.3 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠤᠯᠳᠠ ᠵᠢ ᠪᠡᠶᠡᠯᠡᠭᠦᠯᠵᠦ᠂ ᠣᠨ᠎ᠤ ᠲᠥᠯᠥᠪᠯᠡᠭᠡ ᠵᠢᠨ ᠵᠢᠡᠨ 55.5% ᠵᠢ ᠪᠡᠶᠡᠯᠡᠭᠦᠯᠦᠭᠰᠡᠨ ᠪᠠᠢ᠌ᠨ᠎ᠠ᠃
ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ