ᠢᠯᠡ ᠵᠠᠰᠠᠭ   -   ᠲᠤᠭ᠎ᠠ ᠪᠦᠷᠢᠳᠬᠡᠯ

ᠪᠦᠭᠦ ᠣᠷᠣᠨ᠎ᠤ ᠠᠵᠤ ᠦᠢ᠍ᠯᠡᠳᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠳᠠ 13.1%᠎ᠪᠠᠷ ᠨᠡᠮᠡᠭᠳᠡᠵᠡᠢ

ᠨᠡᠶ᠋ᠢᠲᠡᠯᠡᠭᠰᠡᠨ ᠴᠠᠭ᠄   2024-08-06

      ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠢᠡᠷ᠂ ᠳᠡᠭᠡᠷ᠎ᠡ ᠬᠠᠭ᠋ᠠᠰ ᠵᠢᠯ᠎ᠳᠤ ᠪᠦᠭᠦ ᠣᠷᠣᠨ᠎ᠤ ᠠᠵᠤ ᠦᠢ᠍ᠯᠡᠳᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠳᠠ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 13.1%᠎ᠪᠠᠷ ᠨᠡᠮᠡᠭᠳᠡᠵᠦ᠂ ᠪᠦᠭᠦ ᠤᠯᠤᠰ᠎ᠤᠨ ᠠᠵᠤ ᠦᠢ᠍ᠯᠡᠳᠪᠦᠷᠢ ᠵᠢᠨ ᠪᠡᠯᠡ ᠤᠷᠤᠭᠤᠯᠤᠯᠳᠠ ᠵᠢᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠢᠡᠷ 0.5 ᠬᠤᠪᠢ ᠳᠠᠪᠠᠵᠤ᠂ ᠪᠦᠭᠦ ᠤᠯᠤᠰ᠎ᠤᠨ 19 ᠳ᠋ᠦ᠍ᠭᠡᠷ᠎ᠲᠤ ᠵᠢᠭᠰᠠᠪᠠ᠃
      ᠠᠢ᠌ᠮᠠᠭ ᠬᠤᠳᠠ ᠵᠢᠨ ᠬᠤᠪᠢ᠎ᠳᠤ᠂ ᠳᠡᠭᠡᠷ᠎ᠡ ᠬᠠᠭ᠋ᠠᠰ ᠵᠢᠯ᠎ᠳᠤ ᠲᠦᠩᠯᠢᠶᠣᠣ ᠬᠤᠳᠠ᠂ ᠤᠯᠠᠭ᠋ᠠᠨᠬᠠᠳᠠ ᠬᠤᠳᠠ᠂ ᠪᠤᠭᠤᠲᠤ ᠬᠤᠳᠠ ᠪᠠ ᠣᠷᠳᠣᠰ ᠬᠤᠳᠠ ᠵᠢᠨ ᠠᠵᠤ ᠦᠢ᠍ᠯᠡᠳᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠳᠠ ᠲᠤᠰ ᠲᠤᠰ 53.7%᠂ 53%᠂ 26.1% ᠪᠠ 17.6%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠪᠠᠷ ᠪᠦᠭᠦ ᠣᠷᠣᠨ᠎ᠤ ᠳᠤᠮᠳᠠᠴᠢ ᠲᠦᠪᠰᠢᠨ᠎ᠠᠴᠠ ᠳᠠᠪᠠᠪᠠ᠃ ᠬᠢᠩᠭ᠋ᠠᠨ ᠠᠢ᠌ᠮᠠᠭ᠂ ᠦᠬᠠᠢ ᠬᠤᠳᠠ᠂ ᠭᠦᠭᠡᠬᠤᠳᠠ᠂ ᠬᠥᠯᠥᠨ ᠪᠤᠢ᠌ᠷ ᠬᠤᠳᠠ ᠪᠠ ᠤᠯᠠᠭ᠋ᠠᠨᠴᠠᠪ ᠬᠤᠳᠠ ᠵᠢᠨ ᠠᠵᠤ ᠦᠢ᠍ᠯᠡᠳᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠳᠠ ᠵᠢᠨ ᠨᠡᠮᠡᠭᠳᠡᠯ᠎ᠨᠢ ᠲᠤᠰ ᠲᠤᠰ - 23.5%᠂ -9%᠂ -5.9% ᠪᠠ -1.1% ᠪᠠᠢ᠌ᠵᠤ᠂ ᠰᠥᠭᠡᠷᠭᠦ ᠨᠡᠮᠡᠭᠳᠡᠯ᠎ᠲᠠᠢ ᠪᠣᠯᠵᠠᠢ᠃ ᠰᠢᠯᠢ ᠵᠢᠨ ᠭᠣᠣᠯ ᠠᠢ᠌ᠮᠠᠭ᠂ ᠪᠠᠶᠠᠨᠨᠠᠭᠤᠷ ᠬᠤᠳᠠ ᠪᠠ ᠠᠯᠠᠱ᠌ᠠ ᠠᠢ᠌ᠮᠠᠭ᠎ᠤᠨ ᠠᠵᠤ ᠦᠢ᠍ᠯᠡᠳᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠳᠠ ᠲᠤᠰ ᠲᠤᠰ 12.5%᠂ 7.4% ᠪᠠ 4.9%᠎ᠪᠠᠷ ᠨᠡᠮᠡᠭᠳᠡᠵᠦ᠂ ᠰᠥᠭᠡᠷᠭᠦ ᠨᠡᠮᠡᠭᠳᠡᠯ᠎ᠲᠠᠢ ᠪᠠᠢ᠌ᠭᠰᠠᠨ᠎ᠠᠴᠠ᠎ᠪᠠᠨ ᠡᠶᠡᠷᠭᠦ ᠨᠡᠮᠡᠭᠳᠡᠯ᠎ᠲᠠᠢ ᠪᠣᠯᠵᠤ᠂ ᠲᠤᠰ ᠲᠤᠰ ᠵᠠᠭᠤᠨ᠎ᠤ ᠬᠠᠷᠢᠴᠠᠯ ᠵᠢᠡᠷ 28 ᠬᠤᠪᠢ᠂ 14 ᠬᠤᠪᠢ ᠪᠠ 11.9 ᠬᠤᠪᠢ ᠨᠡᠮᠡᠭᠳᠡᠵᠡᠢ᠃
      ᠠᠵᠢᠯ ᠲᠦᠷᠦᠯ᠎ᠤᠨ ᠬᠤᠪᠢ᠎ᠳᠤ᠂ ᠳᠡᠭᠡᠷ᠎ᠡ ᠬᠠᠭ᠋ᠠᠰ ᠵᠢᠯ᠎ᠳᠤ ᠪᠦᠭᠦ ᠣᠷᠣᠨ᠎ᠤ ᠠᠭᠤᠷᠬᠠᠢ ᠮᠠᠯᠲᠠᠬᠤ ᠦᠢ᠍ᠯᠡᠰ᠎ᠤᠨ ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠳᠠ 22.3%᠎ᠪᠠᠷ ᠨᠡᠮᠡᠭᠳᠡᠵᠦ᠂ ᠲᠦᠷᠦᠭᠦᠦ 5 ᠰᠠᠷ᠎ᠠ ᠵᠢᠨ᠎ᠬᠢ᠎ᠠᠴᠠ ᠵᠠᠭᠤᠨ᠎ᠤ ᠬᠠᠷᠢᠴᠠᠯ ᠵᠢᠡᠷ 6 ᠬᠤᠪᠢ ᠨᠡᠮᠡᠭᠳᠡᠨ᠂ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠢᠡᠷ 5.3 ᠬᠤᠪᠢ ᠳᠠᠪᠠᠪᠠ᠃ ᠦᠢ᠍ᠯᠡᠳᠬᠦ ᠦᠢ᠍ᠯᠡᠰ᠎ᠤᠨ ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠳᠠ 10.9%᠎ᠪᠠᠷ ᠨᠡᠮᠡᠭᠳᠡᠵᠦ᠂ ᠲᠦᠷᠦᠭᠦᠦ 5 ᠰᠠᠷ᠎ᠠ ᠵᠢᠨ᠎ᠬᠢ᠎ᠠᠴᠠ ᠵᠠᠭᠤᠨ᠎ᠤ ᠬᠠᠷᠢᠴᠠᠯ ᠵᠢᠡᠷ 10.3 ᠬᠤᠪᠢ ᠪᠠᠭᠤᠷᠠᠨ᠂ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠢᠡᠷ 1.4 ᠬᠤᠪᠢ ᠳᠠᠪᠠᠵᠠᠢ᠃ ᠴᠠᠭᠢᠯᠭ᠋ᠠᠨ ᠬᠦᠴᠦ ᠢᠯᠴᠢ ᠵᠢᠨ ᠬᠦᠴᠦ ᠰᠢᠲᠠᠮᠠᠬᠠᠢ ᠬᠡᠢ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠳᠠ 14%᠎ᠪᠠᠷ ᠨᠡᠮᠡᠭᠳᠡᠵᠦ᠂ ᠲᠦᠷᠦᠭᠦᠦ 5 ᠰᠠᠷ᠎ᠠ ᠵᠢᠨ᠎ᠬᠢ᠎ᠠᠴᠠ ᠵᠠᠭᠤᠨ᠎ᠤ ᠬᠠᠷᠢᠴᠠᠯ ᠵᠢᠡᠷ 6.5 ᠬᠤᠪᠢ ᠳᠠᠪᠠᠵᠤ᠂ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠢᠡᠷ 10.2 ᠬᠤᠪᠢ ᠪᠠᠭ᠎ᠠ ᠪᠠᠢ᠌ᠯ᠎ᠠ᠃

 

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ