ᠮᠠᠨ᠎ᠤ ᠣᠷᠣᠨ᠎ᠳᠤ 5 G ᠵᠢᠨ ᠰᠠᠭᠤᠷᠢ ᠦᠷᠳᠡᠭᠡ 7.67 ᠲᠦᠮᠡ ᠪᠣᠯᠪᠠ
ᠨᠡᠶ᠋ᠢᠲᠡᠯᠡᠭᠰᠡᠨ ᠴᠠᠭ᠄ 2024-08-07
ᠥᠪᠡᠷᠲᠡᠭᠡᠨ ᠵᠠᠰᠠᠬᠤ ᠣᠷᠣᠨ᠎ᠤ ᠴᠢᠮᠡᠭᠡ ᠨᠡᠪᠲᠡᠷᠡᠯᠭᠡ ᠵᠢᠨ ᠬᠠᠮᠢᠶᠠᠷᠤᠯᠲᠠ ᠵᠢᠨ ᠲᠣᠪᠴᠢᠶ᠎ᠠ᠎ᠠᠴᠠ ᠣᠢ᠌ᠯᠠᠭ᠋ᠠᠭᠰᠠᠨ ᠵᠢᠡᠷ᠂ 6 ᠰᠠᠷ᠎ᠠ ᠵᠢᠨ ᠰᠡᠭᠦᠯᠴᠢ ᠪᠤᠯᠳᠠᠯ᠎ᠠ ᠮᠠᠨ᠎ᠤ ᠣᠷᠣᠨ᠎ᠳᠤ ᠨᠡᠢ᠌ᠳᠡ 7.67 ᠲᠦᠮᠡᠨ 5G ᠵᠢᠨ ᠰᠠᠭᠤᠷᠢ ᠦᠷᠳᠡᠭᠡ᠎ᠲᠠᠢ ᠪᠣᠯᠵᠤ᠂ ᠲᠦᠮᠡᠨ ᠬᠥᠮᠥᠨ ᠪᠦᠷᠢ᠎ᠳᠤ 32.01 ᠰᠠᠭᠤᠷᠢ ᠦᠷᠳᠡᠭᠡ ᠨᠣᠭᠳᠠᠨ᠂ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠳᠠᠪᠠᠪᠠ᠃ ᠡᠭᠦᠨ᠎ᠳᠤ ᠪᠦᠭᠦ ᠣᠷᠣᠨ᠎ᠤ ᠵᠠᠰᠠᠭ ᠵᠠᠬᠢᠷᠭ᠋ᠠᠨ᠎ᠤ ᠲᠤᠰᠬᠤᠨ᠎ᠳᠤ 5G ᠵᠢᠨ ᠳᠣᠬᠢᠶ᠎ᠠ ᠵᠢ ᠪᠦᠷᠬᠦᠭᠦᠯᠦᠭᠰᠡᠨ ᠨᠤᠷᠮ᠎ᠠ 96.94%᠎ᠳᠤ ᠬᠦᠷᠴᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ 5G ᠵᠢᠨ ᠳᠣᠬᠢᠶ᠎ᠠ ᠵᠢ ᠪᠦᠷᠬᠦᠭᠦᠯᠦᠭᠰᠡᠨ ᠨᠤᠷᠮ᠎ᠠ 100%᠎ᠳᠤ ᠬᠦᠷᠴᠡᠢ᠃
ᠮᠡᠳᠡᠭᠡ ᠵᠠᠩᠭᠢ ᠴᠢᠮᠡᠭᠡ ᠨᠡᠪᠲᠡᠷᠡᠯᠭᠡ ᠵᠢᠨ ᠦᠢ᠍ᠯᠡᠰ ᠪᠣᠯ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠪᠤᠢ ᠪᠣᠯᠭ᠋ᠠᠨ᠂ ᠲᠣᠭ᠋ᠠᠴᠢᠯᠠᠭᠰᠠᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠴᠢᠬᠤᠯᠠ ᠬᠥᠳᠡᠯᠭᠡᠭᠴᠢ ᠬᠦᠴᠦᠨ ᠪᠤᠯᠬᠤ ᠶᠤᠮ᠃ ᠥᠪᠡᠷᠲᠡᠭᠡᠨ ᠵᠠᠰᠠᠬᠤ ᠣᠷᠣᠨ᠎ᠤ ᠴᠢᠮᠡᠭᠡ ᠨᠡᠪᠲᠡᠷᠡᠯᠭᠡ ᠵᠢᠨ ᠬᠠᠮᠢᠶᠠᠷᠤᠯᠲᠠ ᠵᠢᠨ ᠲᠣᠪᠴᠢᠶ᠎ᠠ 《ᠳᠣᠬᠢᠶ᠎ᠠ ᠵᠢ ᠰᠠᠢ᠌ᠵᠢᠷᠠᠭᠤᠯᠬᠤ》 ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠂ ᠮᠠᠨ᠎ᠤ ᠣᠷᠣᠨ᠎ᠤ ᠰᠢᠨ᠎ᠡ ᠭᠡᠯᠪᠡᠷᠢ ᠵᠢᠨ ᠮᠡᠳᠡᠭᠡ ᠵᠠᠩᠭᠢ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠪᠠ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠭᠦᠳᠡᠯ ᠰᠦᠯᠵᠢᠶ᠎ᠡ ᠵᠢ ᠭᠦᠨᠵᠡᠭᠡᠢ ᠪᠦᠷᠬᠦᠭᠦᠯᠬᠦ ᠵᠢ ᠲᠠᠰᠤᠷᠠᠯᠳᠠ ᠦᠭᠡᠢ ᠠᠬᠢᠭᠤᠯᠪᠠ᠃ ᠲᠤᠰ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ 11 ᠬᠣᠯᠪᠣᠭᠳᠠᠯ ᠪᠦᠬᠦᠢ ᠲᠢᠩᠬᠢᠮ ᠲᠣᠪᠴᠢᠶ᠎ᠠ᠎ᠲᠠᠢ ᠬᠠᠮᠲᠤᠷᠠᠨ 《〈ᠳᠣᠬᠢᠶ᠎ᠠ ᠵᠢ ᠰᠠᠢ᠌ᠵᠢᠷᠠᠭᠤᠯᠤᠨ ᠲᠦᠮᠡᠨ ᠮᠧᠭ᠎ᠠ ᠵᠢᠨ ᠬᠤᠷᠳᠤᠴᠠ᠎ᠪᠠᠷ ᠠᠶᠠᠯᠠᠵᠤ ᠤᠮᠠᠷᠠᠲᠤ ᠬᠢᠯᠢ᠎ᠳᠤ ᠰᠠᠭ᠋ᠠᠳ ᠦᠭᠡᠢ ᠬᠤᠯᠪᠤᠭ᠎ᠠ ᠨᠡᠪᠲᠡᠷᠡᠭᠦᠯᠬᠦ〉 ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠂ ᠰᠣᠶᠣᠯ ᠵᠢᠭᠤᠯᠴᠢᠯᠠᠯ᠂ ᠡᠮ ᠡᠮᠨᠡᠯᠭᠡ ᠵᠢᠨ ᠪᠠᠢ᠌ᠭᠤᠯᠤᠮᠵᠢ ᠵᠡᠷᠭᠡ 11 ᠭᠣᠣᠯᠳᠠᠯᠭ᠎ᠠ᠎ᠲᠠᠢ ᠲᠠᠯᠠᠪᠤᠷ᠎ᠲᠤ ᠠᠩᠬᠠᠷᠤᠯ ᠵᠢᠡᠨ ᠲᠥᠪᠯᠡᠷᠡᠭᠦᠯᠵᠦ᠂ ᠳᠣᠬᠢᠶ᠎ᠠ ᠵᠢ ᠰᠠᠢ᠌ᠵᠢᠷᠠᠭᠤᠯᠬᠤ᠂ ᠳᠣᠬᠢᠶ᠎ᠠ ᠵᠢ ᠮᠡᠳᠡᠷᠡᠭᠦᠯᠬᠦ᠂ ᠳᠣᠬᠢᠶ᠎ᠠ ᠵᠢ ᠪᠠᠲᠤᠯᠠᠬᠤ᠂ ᠴᠢᠳᠠᠮᠵᠢ ᠵᠢ ᠰᠠᠢ᠌ᠵᠢᠷᠠᠭᠤᠯᠬᠤ᠎ᠪᠠᠷ ᠳᠠᠮᠵᠢᠨ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠳᠠ ᠦᠭᠡᠢ ᠬᠠᠩᠭ᠋ᠠᠵᠤ᠂ ᠭᠣᠣᠯᠳᠠᠯᠭ᠎ᠠ᠎ᠲᠠᠢ ᠠᠵᠢᠯ ᠲᠦᠷᠦᠯ᠎ᠤᠨ ᠲᠣᠭ᠋ᠠᠴᠢᠯᠠᠭᠰᠠᠨ ᠲᠡᠢ᠌ᠰᠢ ᠭᠡᠯᠪᠡᠷᠢ᠎ᠪᠠᠨ ᠬᠤᠪᠢᠷᠠᠭᠤᠯᠬᠤ᠎ᠳᠤ ᠲᠤᠯᠭ᠋ᠠᠭᠤᠷᠢᠯᠠᠯ ᠬᠠᠩᠭ᠋ᠠᠵᠤ ᠪᠠᠢ᠌ᠨ᠎ᠠ᠃
ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ