ᠢᠯᠡ ᠵᠠᠰᠠᠭ   -   ᠲᠤᠭ᠎ᠠ ᠪᠦᠷᠢᠳᠬᠡᠯ

ᠮᠠᠨ᠎ᠤ ᠣᠷᠣᠨ ᠮᠠᠯ ᠠᠵᠤ ᠠᠬᠤᠢ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠣᠲᠠ ᠵᠢᠨ ᠠᠷᠠᠳ ᠪᠤᠯᠭ᠋ᠠᠬᠤ ᠱᠠᠩᠨᠠᠯ᠎ᠤᠨ ᠪᠡᠯᠡ ᠮᠥᠩᠭᠥ ᠵᠢ 4.83 ᠳ᠋ᠦᠩᠰᠢᠭᠤᠷ ᠲᠥᠭᠥᠷᠢᠭ ᠪᠠᠭᠤᠯᠭ᠋ᠠᠯ᠎ᠠ

ᠨᠡᠶ᠋ᠢᠲᠡᠯᠡᠭᠰᠡᠨ ᠴᠠᠭ᠄   2024-08-09

      ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠮᠠᠯ ᠠᠵᠤ ᠠᠬᠤᠢ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠤᠲᠠ ᠵᠢᠨ ᠠᠷᠠᠳ ᠪᠤᠯᠭ᠋ᠠᠬᠤ ᠱᠠᠩᠨᠠᠯ᠎ᠤᠨ ᠮᠥᠩᠭᠥ ᠵᠢ 4.83 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠮᠠᠯ ᠠᠵᠤ ᠠᠬᠤᠢ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠤᠲᠠ ᠵᠢᠨ ᠠᠷᠠᠳ ᠪᠤᠯᠭ᠋ᠠᠬᠤ ᠵᠢ ᠦᠨᠡᠨ ᠬᠦ᠌ ᠪᠠᠲᠤᠯᠠᠵᠤ᠂ ᠰᠢᠯᠵᠢᠭᠰᠡᠨ ᠬᠥᠮᠥᠨ ᠠᠮᠠ ᠵᠢᠨ ᠦᠷ᠎ᠡ ᠬᠡᠦᠬᠡᠳ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠵᠡᠷᠭᠡ ᠦᠨᠳᠦᠰᠦᠨ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠬᠡᠷᠡᠭᠴᠡᠭᠡ ᠵᠢ ᠬᠠᠩᠭ᠋ᠠᠵᠤ ᠪᠠᠢ᠌ᠨ᠎ᠠ᠃
      ᠮᠠᠯ ᠠᠵᠤ ᠠᠬᠤᠢ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠣᠲᠠ ᠵᠢᠨ ᠠᠷᠠᠳ ᠪᠤᠯᠭ᠋ᠠᠬᠤ ᠵᠢ ᠲᠦᠷᠭᠡᠳᠬᠡᠬᠦ ᠪᠣᠯ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢ ᠠᠬᠢᠭᠤᠯᠬᠤ ᠵᠢᠨ ᠲᠡᠷᠢᠭᠦᠨ ᠴᠢᠬᠤᠯᠠ ᠡᠭᠦᠷᠭᠡ ᠪᠤᠯᠬᠤ ᠪᠥᠭᠡᠳ ᠬᠣᠲᠠ ᠬᠥᠳᠡᠭᠡ ᠵᠢᠨ ᠬᠣᠶᠠᠷ ᠡᠰᠢᠲᠦ ᠪᠦᠲᠦᠴᠡ ᠵᠢ ᠰᠢᠢ᠍ᠳᠪᠦᠷᠢᠯᠡᠬᠦ ᠦᠨᠳᠦᠰᠦᠨ ᠠᠷᠭ᠎ᠠ ᠵᠠᠮ ᠮᠥᠨ᠂ ᠨᠠᠩ ᠴᠤ᠌ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂ ᠪᠦᠲᠦᠴᠡ ᠵᠢ ᠲᠣᠬᠢᠷᠠᠭᠤᠯᠬᠤ ᠴᠢᠬᠤᠯᠠ ᠭᠠᠷᠳᠠᠴᠠ ᠮᠥᠨ᠃ ᠮᠠᠯ ᠠᠵᠤ ᠠᠬᠤᠢ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢᠨ ᠬᠣᠲᠠ᠎ᠳᠤ ᠲᠦᠷᠭᠡᠨ ᠠᠭᠤᠰᠤᠯᠴᠠᠬᠤ ᠵᠢ ᠠᠬᠢᠭᠤᠯᠵᠤ᠂ ᠬᠠᠮᠢᠶ᠎ᠠ ᠪᠦᠬᠦᠢ ᠭᠠᠵᠠᠷ ᠣᠷᠣᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠣᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ ᠮᠠᠯ ᠠᠵᠤ ᠠᠬᠤᠢ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠣᠲᠠ ᠵᠢᠨ ᠠᠷᠠᠳ ᠪᠤᠯᠭ᠋ᠠᠬᠤ ᠱᠠᠩᠨᠠᠯ᠎ᠤᠨ ᠲᠣᠭᠲᠠᠴᠠ ᠵᠢ ᠪᠠᠢ᠌ᠭᠤᠯᠵᠤ᠂ ᠱᠠᠩᠨᠠᠯ᠎ᠤᠨ ᠪᠡᠯᠡ ᠮᠥᠩᠭᠥ ᠵᠢ ᠡᠯ᠎ᠡ ᠭᠠᠵᠠᠷ᠎ᠤᠨ ᠮᠠᠯ ᠠᠵᠤ ᠠᠬᠤᠢ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢᠨ ᠬᠣᠲᠠ᠎ᠳᠤ ᠪᠣᠳᠠᠲᠠᠢ ᠡᠷᠦᠭᠡ ᠠᠮᠠ ᠣᠷᠣᠭᠰᠠᠨ ᠬᠥᠮᠥᠨ᠎ᠤ ᠲᠣᠭ᠎ᠠ ᠪᠠ ᠣᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡᠨ᠎ᠤ ᠥᠪᠡᠷ᠎ᠤᠨ ᠥᠷᠲᠡᠭ ᠵᠡᠷᠭᠡ᠎ᠲᠠᠢ ᠬᠣᠯᠪᠣᠭᠳᠠᠭᠤᠯᠪᠠ᠃ ᠣᠯᠠᠨ ᠲᠠᠯ᠎ᠠ ᠵᠢᠨ ᠴᠢᠷᠮᠠᠢ᠌ᠯᠭ᠎ᠠ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤᠵᠢᠯᠲᠠ ᠵᠢᠨ ᠨᠣᠷᠮ᠎ᠠ 2020 ᠣᠨ᠎ᠳᠤ 67.48 % ᠪᠠᠢ᠌ᠭᠰᠠᠨ᠎ᠠᠴᠠ᠎ᠪᠠᠨ 2023 ᠣᠨ᠎ᠳᠤ 69.58 % ᠪᠣᠯᠣᠨ ᠳᠡᠭᠡᠭᠰᠢᠯᠡᠵᠦ᠂ ᠠᠳᠠᠯᠢ ᠬᠤᠭᠤᠴᠠᠭ᠋ᠠᠨ᠎ᠤ ᠪᠦᠭᠦ ᠤᠯᠤᠰ᠎ᠤᠨ ᠬᠣᠲᠠ ᠪᠠᠯᠭ᠋ᠠᠰᠤᠵᠢᠯᠲᠠ ᠵᠢᠨ ᠨᠣᠷᠮ᠎ᠠ᠎ᠠᠴᠠ ᠥᠨᠳᠥᠷ ᠪᠣᠯᠪᠠ᠃
      ᠲᠠᠷᠠᠭ᠋ᠠᠴᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠦᠷᠭᠦᠯᠵᠢᠯᠡᠨ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠳᠡᠭᠡᠳᠦ ᠱᠠᠲᠤᠨ᠎ᠤ ᠱᠠᠩᠨᠠᠯ᠎ᠤᠨ ᠪᠡᠯᠡ ᠮᠥᠩᠭᠥ ᠪᠠ ᠡᠳ᠋᠎ᠤᠨ ᠬᠦᠴᠦᠨ ᠵᠶ᠋ᠡᠨ ᠨᠢᠭᠡᠳᠦᠯᠲᠡᠢ ᠲᠥᠯᠥᠪᠵᠢᠭᠦᠯᠦᠨ᠂ ᠬᠠᠮᠢᠶ᠎ᠠ ᠪᠦᠬᠦᠢ ᠣᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡ ᠵᠢ ᠪᠠᠲᠤᠯᠠᠬᠤ ᠳᠡᠮᠵᠢᠯᠭᠡ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠳᠤᠲᠠᠭᠤᠳᠠᠯ ᠵᠶ᠋ᠠᠨ ᠬᠦᠴᠦᠯᠡᠨ ᠨᠥᠬᠥᠪᠦᠷᠢᠯᠡᠵᠦ᠂ ᠮᠠᠯ ᠠᠵᠤ ᠠᠬᠤᠢ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠣᠲᠠ ᠵᠢᠨ ᠠᠷᠠᠳ ᠪᠤᠯᠭ᠋ᠠᠬᠤ ᠠᠵᠢᠯ᠎ᠢ ᠲᠦᠷᠭᠡᠳᠬᠡᠨ ᠠᠬᠢᠭᠤᠯᠬᠤ ᠵᠢ ᠨᠠᠡᠭ ᠠᠬᠢᠭᠤᠯᠤᠨ᠎ᠠ᠃

 

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ