ᠢᠯᠡ ᠵᠠᠰᠠᠭ   -   ᠲᠤᠭ᠎ᠠ ᠪᠦᠷᠢᠳᠬᠡᠯ

ᠮᠠᠨ᠎ᠤ ᠣᠷᠣᠨ ᠵᠡᠮᠳᠡᠭᠴᠦᠳ᠎ᠤᠨ ᠠᠵᠢᠯ᠎ᠳᠤ 8 ᠲᠠᠯ᠎ᠠ᠎ᠪᠠᠷ ᠬᠦᠴᠦᠯᠡᠵᠦ ᠵᠡᠮᠳᠡᠭᠴᠦᠳ᠎ᠤᠨ ᠬᠦᠷᠲᠡᠮᠵᠢ ᠵᠢᠨ ᠲᠥᠷᠥᠭᠳᠡᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠲᠡᠭᠡᠭᠰᠢᠯᠡᠭᠦᠯᠵᠥ ᠪᠤᠢ

ᠨᠡᠶ᠋ᠢᠲᠡᠯᠡᠭᠰᠡᠨ ᠴᠠᠭ᠄   2024-08-09

      ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠤᠭ᠎ᠠ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠠᠬᠢ 《8000 ᠢᠯᠡᠭᠦᠦ ᠵᠡᠮᠳᠡᠭᠴᠦᠳ᠎ᠲᠤ ᠰᠢᠨ᠎ᠡ᠎ᠪᠠᠷ ᠠᠵᠢᠯ ᠣᠯᠭᠣᠬᠤ》 《6000 ᠡᠷᠦᠭᠡ ᠬᠦᠴᠢᠷᠳᠡᠯᠲᠡᠢ ᠬᠦᠨᠳᠦ ᠵᠡᠮᠳᠡᠭᠴᠦᠳ᠎ᠤᠨ ᠭᠡᠷ ᠪᠦᠯᠢ ᠵᠢ ᠰᠠᠭ᠋ᠠᠳ ᠦᠭᠡᠢ ᠪᠣᠯᠭ᠋ᠠᠨ ᠥᠭᠡᠷᠡᠴᠢᠯᠡᠨ ᠰᠢᠨᠡᠳᠬᠡᠵᠦ᠂ ᠣᠶᠤᠨ ᠤᠬᠠᠭ᠋ᠠᠨ᠂ ᠤᠶᠤᠨ ᠮᠡᠳᠡᠷᠡᠯ ᠵᠢᠴᠢ ᠦᠶ᠎ᠡ ᠮᠥᠴᠢ᠎ᠨᠢ ᠬᠦᠨᠳᠦ ᠳᠡᠰ᠎ᠤᠨ ᠵᠡᠮᠳᠡᠭ ᠪᠣᠯᠤᠭᠰᠠᠨ 6500 ᠠᠵᠢᠯᠯᠠᠬᠤ ᠨᠠᠰᠤᠨ᠎ᠤ ᠬᠥᠮᠥᠰ᠎ᠲᠤ ᠨᠠᠢ᠌ᠳᠠᠨ ᠠᠰᠠᠷᠠᠭᠤᠯᠬᠤ ᠦᠢ᠍ᠯᠡᠴᠢᠯᠡᠭᠡ ᠬᠠᠩᠭ᠋ᠠᠬᠤ》 ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠨᠠᠷᠢᠨ ᠲᠠᠩᠰᠠ᠎ᠳᠤ ᠰᠡᠳᠬᠢᠯ ᠲᠠᠯᠪᠢᠨ ᠬᠦᠴᠦ ᠣᠷᠣᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠢᠳᠡᠪᠬᠢᠲᠡᠢ ᠵᠣᠬᠢᠴᠠᠭᠤᠯᠵᠤ᠂ ᠪᠦᠭᠦ ᠣᠷᠣᠨ᠎ᠤ ᠵᠡᠮᠳᠡᠭᠴᠦᠳ᠎ᠤᠨ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠤᠢ᠃
      ᠵᠡᠮᠳᠡᠭᠴᠦᠳ᠎ᠤᠨ ᠠᠵᠢᠯ ᠣᠯᠭᠣᠯᠲᠠ᠎ᠳᠤ ᠠᠩᠬᠠᠷᠤᠯ ᠵᠶ᠋ᠡᠨ ᠲᠥᠪᠯᠡᠷᠡᠭᠦᠯᠵᠦ᠂ ᠬᠦᠴᠢᠷᠳᠡᠯᠲᠡᠢ ᠬᠦᠨᠳᠦ ᠵᠡᠮᠳᠡᠭᠴᠦᠳ᠎ᠤᠨ ᠭᠡᠷ ᠣᠷᠣᠨ᠎ᠢ ᠰᠠᠭ᠋ᠠᠳ ᠦᠭᠡᠢ ᠪᠣᠯᠭ᠋ᠠᠨ ᠥᠭᠡᠷᠡᠴᠢᠯᠡᠨ ᠰᠢᠨᠡᠳᠬᠡᠬᠦ ᠠᠵᠢᠯ᠎ᠢ ᠨᠠᠢ᠌ᠳᠠᠪᠤᠷᠢᠵᠢᠭᠤᠯᠪᠠ᠃ 6 ᠰᠠᠷ᠎ᠠ ᠵᠢᠨ ᠰᠡᠭᠦᠯᠴᠢ ᠪᠤᠯᠲᠠᠯ᠎ᠠ᠂ ᠪᠦᠭᠦ ᠣᠷᠣᠨ᠎ᠤ 6384 ᠵᠡᠮᠳᠡᠭᠴᠦᠳ᠎ᠲᠤ ᠰᠢᠨ᠎ᠡ᠎ᠪᠠᠷ ᠠᠵᠢᠯ ᠣᠯᠭᠣᠵᠤ᠂ ᠶᠡᠷᠦᠩᠬᠡᠢ ᠡᠭᠦᠷᠭᠡ ᠵᠢᠨ 79.8% ᠵᠢ ᠪᠡᠶᠡᠯᠡᠭᠦᠯᠪᠡ᠃ ᠵᠡᠮᠳᠡᠭᠴᠦᠳ᠎ᠲᠤ ᠠᠵᠢᠯ ᠣᠯᠭᠣᠬᠤ ᠭᠤᠷᠪᠠᠨ ᠵᠢᠯ᠎ᠤᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠢ ᠦᠷᠭᠦᠯᠵᠢᠯᠡᠨ ᠬᠡᠷᠡᠭᠵᠢᠭᠦᠯᠵᠦ᠂ ᠨᠠᠮ ᠵᠠᠰᠠᠭ᠎ᠤᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠪᠣᠯᠣᠨ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠲᠦᠷᠦᠭᠦᠯᠡᠨ ᠵᠡᠮᠳᠡᠭᠴᠦᠳ᠎ᠲᠤ ᠠᠵᠢᠯ ᠣᠯᠭᠣᠬᠤ ᠵᠢ ᠠᠬᠢᠭᠤᠯᠵᠤ᠂ ᠨᠡᠢ᠌ᠲᠡ 2381 ᠬᠥᠮᠥᠨ᠎ᠢ ᠲᠥᠪᠬᠢᠨᠡᠭᠦᠯᠪᠡ᠃ ᠡᠭᠦᠨ᠎ᠤ ᠬᠠᠮᠲᠤ ᠠᠵᠢᠯᠴᠢᠨ ᠬᠡᠷᠡᠭᠯᠡᠬᠦ ᠠᠵᠤ ᠠᠬᠤᠢ᠌ᠯᠠᠯ ᠪᠠ ᠨᠥᠬᠥᠴᠡᠯ᠎ᠳᠤ ᠨᠡᠢ᠌ᠴᠡᠬᠦ ᠵᠡᠮᠳᠡᠭᠴᠦᠳ᠎ᠢ ᠵᠣᠯᠭ᠋ᠠᠭᠤᠯᠵᠤ᠂ ᠳᠡᠭᠡᠷ᠎ᠡ ᠬᠠᠭ᠋ᠠᠰ ᠵᠢᠯ᠎ᠳᠤ ᠵᠡᠮᠳᠡᠭᠴᠦᠳ᠎ᠲᠤ ᠨᠡᠢ᠌ᠲᠡ 6890 ᠠᠵᠢᠯ᠎ᠤᠨ ᠪᠠᠢ᠌ᠷᠢ ᠬᠠᠩᠭ᠋ᠠᠪᠠ᠃ ᠵᠡᠮᠳᠡᠭᠴᠦᠳ᠎ᠲᠤ ᠬᠠᠨᠳᠤᠭᠤᠯᠤᠭᠰᠠᠨ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭ᠋ᠠᠨ᠂ ᠠᠵᠢᠯ᠎ᠤᠨ ᠪᠠᠢ᠌ᠷᠢ ᠵᠢᠨ ᠬᠠᠩᠭ᠋ᠠᠯᠭ᠎ᠠ ᠬᠡᠷᠡᠭᠴᠡᠭᠡ ᠵᠢᠨ ᠠᠭᠤᠯᠵᠠᠯᠲᠠ ᠵᠡᠷᠭᠡ ᠠᠵᠢᠯᠯᠠᠭ᠎ᠠ ᠵᠢ 89 ᠤᠳᠠᠭ᠎ᠠ ᠥᠷᠨᠢᠭᠦᠯᠵᠦ᠂ 449 ᠵᠡᠮᠳᠡᠭᠴᠦᠳ᠎ᠢ ᠬᠠᠪᠰᠤᠷᠤᠨ ᠠᠵᠢᠯ ᠣᠯᠭᠣᠪᠠ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ ᠵᠡᠮᠳᠡᠭ ᠣᠶᠤᠲᠠᠳ᠎ᠢ ᠬᠠᠪᠰᠤᠷᠤᠨ ᠲᠡᠳᠬᠦᠬᠦ ᠡᠷᠴᠢᠮ ᠵᠶ᠋ᠡᠨ ᠴᠢᠩᠭ᠋ᠠᠷᠠᠭᠤᠯᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ 752 ᠵᠡᠮᠳᠡᠭ ᠣᠶᠤᠲᠠᠳ᠎ᠲᠤ ᠵᠣᠷᠢᠭᠤᠯᠤᠨ 《ᠨᠢᠭᠡ ᠬᠥᠮᠥᠨ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠠᠵᠢᠯᠯᠠᠭ᠎ᠠ ᠵᠢ ᠥᠷᠨᠢᠭᠦᠯᠵᠦ᠂ ᠦᠢ᠍ᠯᠡᠴᠢᠯᠡᠭᠡᠨ᠎ᠤ ᠨᠣᠷᠮ᠎ᠠ᠎ᠨᠢ 100%᠎ᠳᠤ ᠬᠦᠷᠴᠦ᠂ 276 ᠬᠥᠮᠥᠨ᠎ᠳᠤ ᠠᠵᠢᠯ ᠣᠯᠭᠣᠵᠤ᠂ ᠠᠵᠢᠯ ᠣᠯᠭᠣᠯᠲᠠ ᠵᠢᠨ ᠨᠣᠷᠮ᠎ᠠ 36.68%᠎ᠳᠤ ᠭᠦᠷᠪᠡ; 6 ᠰᠠᠷ᠎ᠠ ᠵᠢᠨ ᠰᠡᠭᠦᠯᠴᠢ ᠪᠤᠯᠲᠠᠯ᠎ᠠ ᠪᠦᠭᠦ ᠣᠷᠣᠨ ᠬᠦᠴᠢᠷᠳᠡᠯᠲᠡᠢ ᠬᠦᠨᠳᠦ ᠵᠡᠮᠳᠡᠭᠴᠦᠳ᠎ᠤᠨ ᠭᠡᠷ ᠣᠷᠣᠨ᠎ᠢ ᠰᠠᠭ᠋ᠠᠳ ᠦᠭᠡᠢ ᠪᠣᠯᠭ᠋ᠠᠨ ᠥᠭᠡᠷᠡᠴᠢᠯᠡᠨ ᠰᠢᠨᠡᠳᠬᠡᠬᠦ ᠲᠠᠯ᠎ᠠ᠎ᠪᠠᠷ ᠨᠡᠢ᠌ᠲᠡ 1997 ᠡᠷᠦᠭᠡ ᠵᠢ ᠥᠭᠡᠷᠡᠴᠢᠯᠡᠨ ᠰᠢᠨᠡᠳᠬᠡᠵᠦ᠂ ᠶᠡᠷᠦᠩᠬᠡᠢ ᠡᠭᠦᠷᠭᠡ ᠵᠢᠨ 33.3% ᠵᠢ ᠪᠡᠶᠡᠯᠡᠭᠦᠯᠪᠡ; ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠰᠣᠯᠪᠢᠴᠠᠵᠤ ᠬᠠᠷᠢᠯᠴᠠᠨ ᠪᠠᠢ᠌ᠴᠠᠭ᠋ᠠᠬᠤ ᠠᠵᠢᠯᠯᠠᠭ᠎ᠠ ᠵᠢ ᠥᠷᠨᠢᠭᠦᠯᠵᠦ᠂ ᠡᠯ᠎ᠡ ᠠᠢ᠌ᠮᠠᠭ ᠬᠣᠲᠠ ᠵᠢᠨ ᠵᠡᠮᠳᠡᠭᠴᠦᠳ᠎ᠤᠨ ᠬᠣᠯᠪᠤᠭ᠎ᠠ ᠵᠢ ᠵᠣᠬᠢᠶᠠᠨ ᠪᠠᠢ᠌ᠭᠤᠯᠵᠤ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠰᠣᠯᠪᠢᠴᠠᠵᠤ ᠬᠠᠷᠢᠯᠴᠠᠨ ᠪᠠᠢ᠌ᠴᠠᠭ᠋ᠠᠬᠤ ᠠᠵᠢᠯᠯᠠᠭ᠎ᠠ ᠵᠢ ᠥᠷᠨᠢᠭᠦᠯᠵᠦ᠂ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠪᠠ ᠬᠦᠴᠢᠷᠳᠡᠯᠲᠡᠢ ᠬᠦᠨᠳᠦ ᠵᠡᠮᠳᠡᠭᠴᠦᠳ᠎ᠤᠨ ᠭᠡᠷ ᠣᠷᠣᠨ᠎ᠢ ᠰᠠᠭ᠋ᠠᠳ ᠦᠭᠡᠢ ᠪᠣᠯᠭ᠋ᠠᠨ ᠥᠭᠡᠷᠡᠴᠢᠯᠡᠨ ᠰᠢᠨᠡᠳᠬᠡᠬᠦ ᠠᠵᠢᠯ ᠳᠤᠮᠳᠠᠬᠢ ᠰᠠᠢ᠌ᠨ ᠲᠤᠷᠰᠢᠯᠭ᠎ᠠ ᠰᠠᠢ᠌ᠨ ᠠᠷᠭ᠎ᠠ ᠬᠢᠳᠡᠯ ᠵᠶ᠋ᠡᠨ ᠬᠠᠷᠢᠯᠴᠠᠨ ᠰᠤᠷᠤᠯᠴᠠᠬᠤ ᠵᠢᠨ ᠬᠠᠮᠲᠤ ᠬᠠᠷᠢᠯᠴᠠᠨ ᠪᠠᠢ᠌ᠴᠠᠭ᠋ᠠᠬᠤ ᠳᠤᠮᠳᠠ ᠣᠯᠵᠤ ᠮᠡᠳᠡᠭᠰᠡᠨ ᠠᠰᠠᠭᠤᠳᠠᠯ᠎ᠳᠤ ᠴᠢᠭᠯᠡᠭᠦᠯᠦᠨ᠂ ᠠᠰᠠᠭᠤᠳᠠᠯ᠎ᠤᠨ ᠨᠠᠷᠢᠨ ᠲᠠᠩᠰᠠ ᠪᠠᠢ᠌ᠭᠤᠯᠵᠤ᠂ ᠤᠳᠤ ᠨᠢᠭᠡᠨᠲᠡ ᠪᠦᠭᠦᠨ᠎ᠢ ᠴᠡᠭᠴᠡᠯᠡᠨ ᠰᠠᠢ᠌ᠵᠢᠷᠠᠭᠤᠯᠵᠤ ᠪᠣᠳᠠᠲᠠᠢ᠌ᠵᠢᠭᠤᠯᠪᠠ᠃
      ᠨᠥᠬᠥᠴᠡᠯ᠎ᠳᠤ ᠨᠡᠢ᠌ᠴᠡᠬᠦ ᠵᠡᠮᠳᠡᠭᠴᠦᠳ᠎ᠲᠤ ᠨᠠᠢ᠌ᠳᠠᠨ ᠠᠰᠠᠷᠠᠭᠤᠯᠬᠤ ᠦᠢ᠍ᠯᠡᠴᠢᠯᠡᠭᠡ ᠬᠠᠩᠭ᠋ᠠᠵᠤ᠂ ᠨᠥᠬᠥᠴᠡᠯ᠎ᠳᠤ ᠨᠡᠢ᠌ᠴᠡᠬᠦ ᠴᠠᠭ᠋ᠠᠨ ᠬᠠᠷᠠᠩ᠎ᠲᠠᠢ ᠡᠪᠡᠳᠴᠢᠲᠡᠨ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ ᠥᠭᠪᠡ᠃ ᠳᠡᠭᠡᠷ᠎ᠡ ᠬᠠᠭ᠋ᠠᠰ ᠵᠢᠯ᠎ᠳᠤ ᠪᠦᠭᠦ ᠣᠷᠣᠨ᠎ᠤ ᠨᠥᠬᠥᠴᠡᠯ᠎ᠳᠤ ᠨᠡᠢ᠌ᠴᠡᠬᠦ 4006 ᠣᠶᠤᠨ ᠤᠬᠠᠭ᠋ᠠᠨ᠂ ᠣᠶᠤᠨ ᠮᠡᠳᠡᠷᠡᠯ ᠵᠢᠴᠢ ᠦᠶ᠎ᠡ ᠮᠥᠴᠢ᠎ᠨᠢ ᠬᠦᠨᠳᠦ ᠳᠡᠰ᠎ᠤᠨ ᠵᠡᠮᠳᠡᠭ ᠬᠥᠮᠥᠰ᠎ᠲᠤ ᠨᠠᠢ᠌ᠳᠠᠨ ᠠᠰᠠᠷᠠᠭᠤᠯᠬᠤ ᠦᠢ᠍ᠯᠡᠴᠢᠯᠡᠭᠡ ᠥᠷᠨᠢᠭᠦᠯᠵᠦ᠂ ᠶᠡᠷᠦᠩᠬᠡᠢ ᠡᠭᠦᠷᠭᠡ ᠵᠢᠨ 61.6% ᠵᠢ ᠪᠡᠶᠡᠯᠡᠭᠦᠯᠪᠡ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠠᠢ ᠬᠠᠮᠵᠢᠯᠴᠠᠨ ᠬᠦᠨᠳᠦ ᠵᠡᠮᠳᠡᠭᠴᠦᠳ᠎ᠢ ᠨᠠᠢ᠌ᠳᠠᠨ ᠠᠰᠠᠷᠠᠭᠤᠯᠬᠤ ᠪᠠ ᠨᠠᠰᠤᠨ᠎ᠳᠤ ᠭᠦᠷᠦᠭᠰᠡᠨ ᠵᠡᠮᠳᠡᠭᠴᠦᠳ᠎ᠢ ᠬᠠᠷᠠᠭ᠋ᠠᠯᠵᠠᠨ ᠬᠠᠮᠠᠭ᠋ᠠᠯᠠᠬᠤ ᠵᠢ ᠮᠤᠵᠢ ᠠᠯᠤᠰᠯᠠᠨ ᠪᠠᠢ᠌ᠴᠠᠭ᠋ᠠᠬᠤ ᠠᠵᠢᠯ᠎ᠢ ᠥᠷᠨᠢᠭᠦᠯᠪᠡ᠃ ᠨᠠᠢ᠌ᠳᠠᠨ ᠠᠰᠠᠷᠠᠭᠤᠯᠬᠤ ᠦᠢ᠍ᠯᠡᠴᠢᠯᠡᠭᠡᠨ᠎ᠤ ᠨᠥᠬᠥᠪᠦᠷᠢ ᠵᠢᠨ ᠳᠦᠷᠢᠮ᠎ᠢ ᠬᠡᠷᠡᠭᠵᠢᠭᠦᠯᠵᠦ᠂ ᠵᠡᠮᠳᠡᠭᠴᠦᠳ᠎ᠤᠨ ᠨᠠᠢ᠌ᠳᠠᠨ ᠠᠰᠠᠷᠠᠭᠤᠯᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠵᠡᠷᠭᠡ ᠳᠡᠰ᠎ᠢ ᠦᠨᠡᠯᠡᠨ ᠲᠣᠭᠲᠠᠭ᠋ᠠᠬᠤ ᠠᠵᠢᠯ᠎ᠢ ᠤᠳᠤ ᠶᠠᠭ ᠰᠠᠶᠢᠬᠠᠨ ᠥᠷᠨᠢᠭᠦᠯᠵᠦ ᠪᠠᠢ᠌ᠨ᠎ᠠ᠃ ᠥᠪᠥᠷ ᠮᠣᠩᠭᠣᠯ᠎ᠤᠨ ᠬᠠᠷᠠᠭ᠎ᠠ ᠠᠯᠳᠠᠭᠰᠠᠳ᠎ᠤᠨ ᠢᠯᠢᠯᠭᠡ ᠵᠢᠨ ᠡᠮᠨᠡᠯᠭᠡ ᠵᠢᠨ ᠬᠣᠷᠢᠶ᠎ᠠ ᠵᠢᠨ ᠲᠥᠷᠥᠯ ᠵᠦᠢ᠍ᠯ ᠪᠠ ᠵᠡᠮᠳᠡᠭᠴᠦᠳ᠎ᠢ ᠨᠠᠢ᠌ᠳᠠᠨ ᠠᠰᠠᠷᠠᠭᠤᠯᠬᠤ ᠲᠥᠪ᠎ᠤᠨ ᠲᠥᠷᠥᠯ ᠵᠦᠢ᠍ᠯ᠎ᠢ ᠬᠢᠨᠠᠨ ᠵᠥᠪᠯᠡᠵᠦ ᠪᠠᠲᠤᠯᠠᠭ᠋ᠠᠳ᠂ ᠥᠪᠥᠷ ᠮᠣᠩᠭᠣᠯ᠎ᠤᠨ ᠨᠡᠢ᠌ᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠬᠠᠭᠤᠴᠢᠨ ᠪᠠᠭᠤᠷᠢ ᠵᠢ ᠥᠭᠡᠷᠡᠴᠢᠯᠡᠨ ᠪᠠᠢ᠌ᠭᠤᠯᠵᠤ᠂ ᠨᠠᠢ᠌ᠳᠠᠨ ᠠᠰᠠᠷᠠᠭᠤᠯᠬᠤ ᠲᠥᠪ᠎ᠤᠨ ᠲᠥᠷᠥᠯ ᠵᠦᠢ᠍ᠯ᠎ᠢ ᠥᠪᠥᠷ ᠮᠣᠩᠭᠣᠯ᠎ᠤᠨ ᠬᠠᠷᠠᠭ᠎ᠠ ᠠᠯᠳᠠᠭᠰᠠᠳ᠎ᠤᠨ ᠢᠯᠢᠯᠭᠡ ᠵᠢᠨ ᠡᠮᠨᠡᠯᠭᠡ ᠵᠢᠨ ᠬᠣᠷᠢᠶ᠎ᠠ ᠵᠢᠨ ᠲᠥᠷᠥᠯ ᠵᠦᠢ᠍ᠯ᠎ᠯᠦᠭᠡ ᠨᠢᠭᠡᠳᠦᠯᠲᠡᠢ ᠲᠥᠯᠥᠪᠯᠡᠨ ᠪᠠᠢ᠌ᠷᠢᠰᠢᠭᠤᠯᠵᠤ᠂ ᠨᠢᠭᠡ ᠴᠣᠭᠴᠠᠵᠢᠭᠤᠯᠤᠨ ᠪᠦᠲᠦᠭᠡᠨ ᠪᠠᠢ᠌ᠭᠤᠯᠵᠤ ᠪᠤᠢ; ᠴᠠᠭ᠋ᠠᠨ ᠬᠠᠷᠠᠩ᠎ᠲᠠᠢ ᠡᠪᠡᠳᠴᠢᠲᠡᠨ᠎ᠳᠤ ᠬᠠᠷᠠᠭ᠎ᠠ ᠣᠷᠣᠭᠤᠯᠬᠤ ᠮᠡᠰᠡ ᠵᠠᠰᠠᠯ ᠬᠢᠬᠦ ᠠᠵᠢᠯ᠎ᠤᠨ ᠬᠤᠪᠢ᠎ᠳᠤ᠂ 6 ᠰᠠᠷ᠎ᠠ ᠵᠢᠨ ᠰᠡᠭᠦᠯᠴᠢ ᠪᠤᠯᠲᠠᠯ᠎ᠠ᠂ ᠰᠡᠵᠢᠭᠯᠡᠯᠲᠡᠢ ᠡᠪᠡᠳᠴᠢᠲᠡᠨ᠎ᠢ 5860 ᠬᠥᠮᠥᠨ ᠤᠳᠠᠭ᠎ᠠ ᠰᠢᠭᠰᠢᠨ ᠪᠠᠢ᠌ᠴᠠᠭ᠋ᠠᠵᠤ᠂ 597 ᠴᠠᠭ᠋ᠠᠨ ᠬᠠᠷᠠᠩ᠎ᠲᠠᠢ ᠡᠪᠡᠳᠴᠢᠲᠡᠨ᠎ᠳᠤ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ᠂ ᠵᠢᠯ᠎ᠤᠨ ᠶᠡᠷᠦᠩᠬᠡᠢ ᠡᠭᠦᠷᠭᠡ ᠵᠢᠨ 29.9% ᠵᠢ ᠪᠡᠶᠡᠯᠡᠭᠦᠯᠪᠡ᠃ 《〈ᠶᠡᠬᠡ ᠬᠠᠢ᠌ᠷ᠎ᠠ ᠵᠢᠨ ᠤᠮᠠᠷᠠᠲᠤ ᠬᠢᠯᠢ·ᠡᠷᠡᠭᠦᠯᠵᠢᠬᠦ ᠬᠦᠰᠡᠯ ᠵᠶ᠋ᠡᠨ ᠲᠡᠷᠭᠡᠯᠰᠢᠭᠦᠯᠬᠦ〉 ᠬᠢᠯᠢ ᠬᠢᠵᠠᠭ᠋ᠠᠷ ᠣᠷᠣᠨ᠎ᠤ ᠴᠠᠭ᠋ᠠᠨ ᠬᠠᠷᠠᠩ᠎ᠲᠠᠢ ᠡᠪᠡᠳᠴᠢᠲᠡᠨ᠎ᠢ ᠠᠪᠤᠷᠠᠨ ᠲᠤᠰᠠᠯᠠᠬᠤ ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠥᠯ》᠎ᠢ ᠲᠣᠭᠲᠠᠭ᠋ᠠᠨ ᠲᠠᠷᠬᠠᠭ᠋ᠠᠵᠤ᠂ ᠦᠢ᠍ᠯᠡᠴᠢᠯᠡᠭᠡ ᠬᠤᠳᠠᠯᠳᠤᠨ ᠠᠪᠬᠤ᠎ᠪᠠᠷ ᠳᠠᠮᠵᠢᠭᠤᠯᠤᠨ ᠥᠪᠥᠷ ᠮᠣᠩᠭᠣᠯ᠎ᠤᠨ ᠴᠤᠤ ᠵᠢᠦᠢ ᠨᠢᠳᠦᠨ᠎ᠤ ᠰᠠᠯᠠᠭ᠋ᠠᠨ᠎ᠤ ᠡᠮᠨᠡᠯᠭᠡ ᠵᠢᠨ ᠬᠣᠷᠢᠶ᠎ᠠ᠎ᠳᠤ ᠨᠠᠢ᠌ᠳᠠᠵᠤ ᠣᠷᠣᠯᠭ᠎ᠠ ᠪᠠᠭ᠋ᠠᠲᠠᠢ ᠬᠦᠴᠢᠷᠳᠡᠯᠲᠡᠢ ᠭᠡᠷ ᠪᠦᠯᠢ ᠪᠠ ᠬᠢᠯᠢ ᠬᠢᠵᠠᠭ᠋ᠠᠷ᠎ᠤᠨ ᠬᠣᠰᠢᠭᠤ ᠬᠣᠲᠠ᠂ ᠴᠥᠭᠡᠨ ᠲᠣᠭ᠋ᠠᠲᠤ ᠦᠨᠳᠦᠰᠦᠲᠡᠨ᠎ᠤ ᠲᠥᠪᠯᠡᠷᠡᠨ ᠰᠠᠭᠤᠷᠢᠰᠢᠭᠰᠠᠨ ᠣᠷᠣᠨ᠎ᠤ ᠴᠠᠭ᠋ᠠᠨ ᠬᠠᠷᠠᠩ᠎ᠲᠠᠢ ᠡᠪᠡᠳᠴᠢᠲᠡᠨ᠎ᠳᠤ ᠬᠠᠷᠠᠭ᠎ᠠ ᠣᠷᠣᠭᠤᠯᠬᠤ ᠮᠡᠰᠡ ᠵᠠᠰᠠᠯ ᠬᠢᠯᠭᠡᠪᠡ᠃
      ᠵᠡᠮᠳᠡᠭᠴᠦᠳ᠎ᠤᠨ ᠨᠡᠢ᠌ᠭᠡᠮ᠎ᠤᠨ ᠪᠠᠲᠤᠯᠠᠭ᠎ᠠ ᠵᠢᠨ ᠳᠦᠷᠢᠮ᠂ ᠰᠤᠷᠭ᠋ᠠᠨ ᠬᠥᠮᠦᠵᠢᠯ᠂ ᠰᠣᠶᠣᠯ ᠪᠡᠶ᠎ᠡ ᠵᠢᠨ ᠲᠠᠮᠢᠷ᠂ ᠬᠠᠤᠯᠢᠵᠢᠯ᠎ᠤᠨ ᠪᠠᠢ᠌ᠭᠤᠯᠤᠯᠲᠠ ᠵᠡᠷᠭᠡ ᠲᠠᠯ᠎ᠠ᠎ᠪᠠᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠵᠡᠮᠳᠡᠭ ᠤᠯᠠᠨ ᠲᠦᠮᠡᠨ᠎ᠳᠤ ᠦᠨᠳᠦᠰᠦᠨ ᠪᠠᠲᠤᠯᠠᠭ᠎ᠠ ᠬᠠᠩᠭ᠋ᠠᠪᠠ᠃ 《ᠬᠣᠶᠠᠷ ᠵᠦᠢ᠍ᠯ᠎ᠤᠨ ᠨᠥᠬᠥᠪᠦᠷᠢ》 ᠵᠢ ᠬᠥᠮᠥᠨ ᠪᠦᠷᠢ ᠰᠠᠷ᠎ᠠ᠎ᠳᠤ 100 ᠲᠥᠭᠥᠷᠢᠭ ᠭᠦᠷᠳᠡᠭᠦ ᠪᠠᠢ᠌ᠭᠰᠠᠨ᠎ᠠᠴᠠ ᠬᠥᠮᠥᠨ ᠪᠦᠷᠢ ᠰᠠᠷ᠎ᠠ᠎ᠳᠤ 125 ᠲᠥᠭᠥᠷᠢᠭ ᠭᠦᠷᠲᠡᠭᠦ ᠪᠣᠯᠭ᠋ᠠᠨ ᠳᠡᠭᠡᠭᠰᠢᠯᠡᠭᠦᠯᠪᠡ; ᠵᠡᠮᠳᠡᠭᠴᠦᠳ᠎ᠢ ᠡᠷᠡᠭᠦᠯᠵᠢᠭᠦᠯᠬᠦ ᠦᠢ᠍ᠯᠡᠴᠢᠯᠡᠭᠡᠨ᠎ᠤ ᠬᠤᠪᠢ᠎ᠳᠤ᠂ ᠪᠦᠭᠦ ᠣᠷᠣᠨ᠎ᠤ 16209 ᠵᠡᠮᠳᠡᠭᠴᠦᠳ ᠦᠨᠳᠦᠰᠦᠨ ᠡᠷᠡᠭᠦᠯᠵᠢᠯ᠎ᠤᠨ ᠦᠢ᠍ᠯᠡᠴᠢᠯᠡᠭᠡ ᠬᠦᠷᠲᠡᠵᠦ᠂ ᠡᠭᠦᠨ᠎ᠳᠤ 8429 ᠵᠡᠮᠳᠡᠭᠴᠦᠳ ᠦᠨᠳᠦᠰᠦᠨ ᠭᠡᠯᠪᠡᠷᠢ ᠵᠢᠨ ᠲᠤᠰᠠᠯᠠᠬᠤ ᠪᠠᠭ᠋ᠠᠵᠢ ᠬᠡᠷᠡᠭᠰᠡᠯ ᠲᠣᠬᠢᠷᠠᠭᠤᠯᠬᠤ ᠦᠢ᠍ᠯᠡᠴᠢᠯᠡᠭᠡ ᠬᠦᠷᠲᠡᠵᠦ᠂ 3950 ᠵᠡᠮᠳᠡᠭ ᠬᠡᠦᠬᠡᠳ ᠡᠷᠡᠭᠦᠯᠵᠢᠯ᠎ᠤᠨ ᠠᠪᠤᠷᠠᠨ ᠲᠤᠰᠠᠯᠠᠯᠲᠠ ᠭᠦᠷᠳᠡᠪᠡ; ᠵᠡᠮᠳᠡᠭᠴᠦᠳ᠎ᠤᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡᠨ᠎ᠤ ᠰᠢᠰᠲᠸᠮ᠎ᠢ ᠪᠦᠷᠢᠨᠰᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠣᠨᠴᠠᠭ᠋ᠠᠶ ᠰᠤᠷᠭ᠋ᠠᠨ ᠬᠥᠮᠦᠵᠢᠯ᠎ᠢ ᠬᠥᠭᠵᠢᠭᠦᠯᠦᠨ ᠳᠡᠭᠡᠭᠰᠢᠯᠡᠭᠦᠯᠭᠦ ᠲᠥᠯᠥᠪᠯᠡᠭᠡ ᠵᠢᠨ ᠬᠡᠷᠡᠭᠵᠢᠭᠦᠯᠬᠦ ᠲᠥᠰᠥᠯ》᠎ᠢ ᠨᠠᠢ᠌ᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠲᠠᠢ ᠬᠠᠮᠵᠢᠯᠴᠠᠨ᠂ ᠵᠡᠮᠳᠡᠭ ᠪᠠᠭ᠋ᠠᠴᠤᠳ ᠬᠡᠦᠬᠡᠳ᠎ᠲᠤ ᠲᠣᠬᠢᠷᠠᠬᠤ ᠡᠯ᠎ᠡ ᠵᠦᠢ᠍ᠯ᠎ᠤᠨ ᠭᠡᠯᠪᠡᠷᠢ ᠵᠢᠨ ᠰᠤᠷᠭ᠋ᠠᠨ ᠬᠥᠮᠦᠵᠢᠯ᠎ᠢ ᠲᠣᠬᠢᠷᠠᠭᠤᠯᠵᠤ᠂ ᠵᠡᠮᠳᠡᠭ ᠪᠠᠭ᠋ᠠᠴᠤᠳ ᠬᠡᠦᠬᠡᠳ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠣᠷᠣᠬᠤ ᠨᠣᠷᠮ᠎ᠠ ᠵᠢ 97%᠎ᠳᠤ  ᠭᠦᠷᠦᠭᠦᠯᠪᠡ; ᠵᠡᠮᠳᠡᠭᠴᠦᠳ᠎ᠤᠨ ᠰᠣᠶᠣᠯ ᠪᠡᠶ᠎ᠡ ᠵᠢᠨ ᠲᠠᠮᠢᠷ᠎ᠤᠨ ᠠᠮᠢᠳᠤᠷᠠᠯ᠎ᠢ ᠪᠠᠶᠠᠯᠢᠭᠵᠢᠭᠤᠯᠵᠤ᠂ 10 ᠦᠨᠳᠦᠰᠦᠨ ᠱᠠᠲᠤᠨ᠎ᠤ ᠵᠡᠮᠳᠡᠭᠴᠦᠳ᠎ᠤᠨ ᠰᠣᠶᠣᠯ᠎ᠤᠨ ᠲᠥᠪ ᠪᠠ ᠡᠷᠡᠭᠦᠯᠵᠢᠭᠦᠯᠬᠦ ᠪᠡᠶ᠎ᠡ ᠴᠢᠭᠢᠷᠠᠭᠵᠢᠭᠤᠯᠬᠤ ᠵᠢᠱ᠌ᠢᠶ᠎ᠡ ᠦᠵᠡᠭᠦᠯᠭᠦ ᠴᠡᠭ᠎ᠤᠨ ᠪᠠᠢ᠌ᠭᠤᠯᠤᠯᠲᠠ ᠵᠢ ᠲᠡᠳᠬᠦᠵᠦ᠂ ᠵᠡᠮᠳᠡᠭᠴᠦᠳ᠎ᠤᠨ ᠰᠣᠶᠣᠯ᠎ᠤᠨ ᠭᠠᠷᠠᠭ᠎ᠤᠨ ᠠᠵᠢᠯᠯᠠᠭ᠎ᠠ ᠵᠢᠴᠢ 《ᠶᠡᠬᠡ ᠬᠠᠢ᠌ᠷ᠎ᠠ ᠵᠢᠨ ᠤᠮᠠᠷᠠᠲᠤ ᠬᠢᠯᠢ·ᠰᠡᠳᠬᠢᠯ᠎ᠤᠨ ᠰᠣᠨᠣᠰᠬᠠᠯ》 ᠲᠤᠰᠬᠠᠢ ᠲᠦᠷᠦᠯ᠎ᠤᠨ ᠪᠡᠶᠡᠴᠢᠯᠡᠨ ᠣᠢ᠌ᠯᠠᠭ᠋ᠠᠬᠤ ᠠᠵᠢᠯᠯᠠᠭ᠎ᠠ ᠥᠷᠨᠢᠭᠦᠯᠬᠦ ᠵᠢᠨ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠵᠡᠮᠳᠡᠭᠴᠦᠳ᠎ᠤᠨ ᠤᠷᠠᠯᠢᠭ᠎ᠤᠨ ᠨᠠᠢ᠌ᠷ᠎ᠤᠨ ᠰᠢᠷᠢᠰ ᠠᠵᠢᠯᠯᠠᠭ᠎ᠠ ᠡᠷᠭᠢᠯᠡᠪᠡ᠃ ᠰᠢᠯᠢᠳᠡᠭ ᠪᠡᠶ᠎ᠡ ᠵᠢᠨ ᠲᠠᠮᠢᠷ᠎ᠤᠨ ᠴᠢᠳᠠᠪᠤᠷᠢᠲᠠᠨ᠎ᠢ ᠬᠥᠮᠥᠵᠢᠭᠦᠯᠵᠦ ᠰᠢᠯᠢᠨ ᠳᠡᠪᠰᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠦᠨᠳᠦ ᠵᠢ ᠡᠷᠭᠦᠬᠦ ᠰᠠᠭᠤᠷᠢᠨ᠎ᠢ ᠪᠠᠢ᠌ᠭᠤᠯᠬᠤ᠎ᠪᠠᠷ ᠲᠥᠯᠥᠪᠯᠡᠵᠦ᠂ ᠥᠪᠥᠷ ᠮᠣᠩᠭᠣᠯ᠎ᠳᠤ ᠤᠯᠤᠰ᠎ᠤᠨ ᠲᠠᠰ᠎ᠤᠨ ᠵᠡᠮᠳᠡᠭᠴᠦᠳ᠎ᠤᠨ ᠮᠥᠰᠥ ᠴᠠᠰᠤᠨ᠎ᠤ ᠪᠣᠯᠪᠠᠰᠤᠷᠠᠯ᠎ᠤᠨ ᠰᠠᠭᠤᠷᠢᠨ᠎ᠢ ᠪᠠᠢ᠌ᠭᠤᠯᠬᠤ᠎ᠪᠠᠷ ᠲᠥᠯᠥᠪᠯᠡᠵᠦ ᠪᠤᠢ᠃

 

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ