ᠢᠯᠡ ᠵᠠᠰᠠᠭ   -   ᠲᠤᠭ᠎ᠠ ᠪᠦᠷᠢᠳᠬᠡᠯ

ᠳ᠋ᠧᠩᠺᠧᠦ ᠰᠢᠶᠠᠨ᠎ᠤ 2025 ᠣᠨ᠎ᠤ 1 - 3 ᠰᠠᠷ᠎ᠠ ᠵᠢᠨ ᠭᠤᠣᠯ ᠪᠣᠯᠬᠤ ᠠᠵᠤ ᠠᠬᠤᠶ ᠵᠢᠨ ᠭᠦᠢ᠍ᠴᠡᠳᠬᠡᠯ ᠲᠤᠭ᠎ᠠ ᠵᠢ ᠪᠡᠶᠡᠯᠡᠭᠦᠯᠦᠭᠰᠡᠨ ᠪᠠᠶ᠋ᠢᠳᠠᠯ

ᠨᠡᠶ᠋ᠢᠲᠡᠯᠡᠭᠰᠡᠨ ᠴᠠᠭ᠄   2025-05-29

ᠳ᠋ᠧᠩᠺᠧᠦ ᠰᠢᠶᠠᠨ 2025 ᠣᠨ᠎ᠤ ᠨᠢᠭᠡᠳᠦᠭᠡᠷ ᠤᠯᠠᠷᠢᠯ᠎ᠤᠨ ᠭᠤᠤᠯ ᠪᠣᠯᠬᠤ ᠠᠵᠤ ᠠᠬᠤᠶ ᠵᠢᠨ ᠭᠦᠢ᠍ᠴᠡᠳᠬᠡᠯ ᠲᠤᠭ᠎ᠠ ᠵᠢ ᠪᠡᠶᠡᠯᠡᠭᠦᠯᠦᠭᠰᠡᠨ ᠪᠠᠶ᠋ᠢᠳᠠᠯ

ᠭᠠᠵᠠᠷ ᠣᠷᠣᠨ᠎ᠤ ᠦᠢ᠍ᠯᠡᠳᠪᠦᠷᠢᠯᠡᠯ ᠦ᠋᠊ᠨ ᠶᠡᠷᠦᠩᠬᠡᠶ ᠥᠷᠲᠡᠭ

2025 ᠣᠨ᠎ᠤ ᠨᠢᠭᠡᠳᠦᠭᠡᠷ ᠤᠯᠠᠷᠢᠯ᠎ᠳᠤ᠂ ᠳ᠋ᠧᠩᠺᠸᠤ ᠰᠢᠶᠠᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ 15.38 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 1.7%᠎ᠪᠠᠷ ᠪᠠᠭᠤᠷᠠᠵᠤ᠂ ᠨᠡᠮᠡᠭᠳᠡᠯ᠎ᠤᠨ ᠬᠤᠷᠳᠤᠴᠠ᠎ᠨᠢ ᠪᠦᠬᠦ ᠬᠤᠳᠠ ᠵᠢᠨ ᠳᠣᠯᠣᠳᠤᠭ᠋ᠠᠷ᠎ᠲᠤ ᠣᠷᠣᠪᠠ᠃

ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ

2025 ᠣᠨ᠎ᠤ ᠨᠢᠭᠡᠳᠦᠭᠡᠷ ᠤᠯᠠᠷᠢᠯ᠎ᠳᠤ᠂ ᠳ᠋ᠧᠩᠺᠸᠤ ᠰᠢᠶᠠᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 9.9%᠎ᠪᠠᠷ ᠪᠠᠭᠤᠷᠠᠵᠤ᠂ ᠨᠡᠮᠡᠭᠳᠡᠯ᠎ᠤᠨ ᠬᠤᠷᠳᠤᠴᠠ᠎ᠨᠢ ᠪᠦᠬᠦ ᠬᠤᠳᠠ ᠵᠢᠨ ᠵᠢᠷᠭᠤᠳᠤᠭ᠋ᠠᠷ᠎ᠲᠤ ᠵᠢᠭᠰᠠᠭ᠋ᠠᠭᠳᠠᠪᠠ᠃

ᠲᠣᠭᠳᠠᠮᠠᠯ ᠬᠦᠷᠦᠩᠬᠡ ᠵᠢᠨ ᠪᠡᠯᠡ ᠣᠷᠣᠭᠤᠯᠣᠯᠳᠠ

2025 ᠣᠨ᠎ᠤ ᠨᠢᠭᠡᠳᠦᠭᠡᠷ ᠤᠯᠠᠷᠢᠯ᠎ᠳᠤ᠂ ᠳ᠋ᠧᠩᠺᠸᠤ ᠰᠢᠶᠠᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (500 ᠲᠦᠮᠡᠨ ᠲᠥᠭᠦᠷᠢᠭ᠎ᠠᠴᠠ ᠳᠡᠭᠡᠭᠰᠢ) ᠠᠳᠠᠯᠢ ᠬᠤᠭᠤᠴᠠᠭ᠋ᠠᠨ᠎ᠤ᠎ᠬᠢ᠎ᠠᠴᠠ 379.3%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠥᠬᠦ ᠬᠤᠲᠠ ᠵᠢᠨ ᠨᠢᠭᠡᠳᠦᠭᠡᠷ᠎ᠲᠤ ᠵᠢᠭᠰᠠᠭ᠋ᠠᠭᠳᠠᠪᠠ᠃

ᠡᠩ᠎ᠤᠨ ᠤᠯᠠᠨ ᠨᠡᠶ᠋ᠢᠲᠡ ᠵᠢᠨ ᠲᠦᠰᠦᠪ᠎ᠤᠨ ᠤᠷᠤᠯᠭ᠎ᠠ ᠵᠠᠷᠤᠯᠭ᠎ᠠ

2025 ᠣᠨ᠎ᠤ ᠨᠢᠭᠡᠳᠦᠭᠡᠷ ᠤᠯᠠᠷᠢᠯ᠎ᠳᠤ᠂ ᠳ᠋ᠧᠩᠺᠸᠤ ᠰᠢᠶᠠᠨ᠎ᠤ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ 2.7 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 123.4%᠎ᠪᠠᠷ ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ ᠪᠥᠬᠦ ᠬᠤᠲᠠ ᠵᠢᠨ ᠨᠢᠭᠡᠳᠦᠭᠡᠷ᠎ᠲᠤ ᠵᠢᠭᠰᠠᠭ᠋ᠠᠭᠳᠠᠪᠠ; ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ 4.6 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.9%᠎ᠪᠠᠷ ᠪᠠᠭᠤᠷᠠᠪᠠ᠃

ᠨᠡᠶ᠋ᠢᠭᠡᠮ᠎ᠤᠨ ᠬᠡᠷᠡᠭᠯᠡᠭᠡᠨ᠎ᠤ ᠡᠳ᠋᠎ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ

2025 ᠣᠨ᠎ᠤ ᠨᠢᠭᠡᠳᠦᠭᠡᠷ ᠤᠯᠠᠷᠢᠯ᠎ᠳᠤ᠂ ᠳ᠋ᠧᠩᠺᠸᠤ ᠰᠢᠶᠠᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 3.87 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠦᠬᠦ ᠬᠤᠳᠠ ᠵᠢᠨ ᠭᠤᠷᠪᠠᠳᠤᠭ᠋ᠠᠷ᠎ᠲᠤ ᠣᠷᠣᠪᠠ᠃

ᠬᠦᠮᠦᠨ ᠳᠤᠮᠳᠠᠴᠢ ᠵᠢᠨ ᠡᠵᠡᠮᠳᠡᠵᠦ ᠪᠤᠯᠬᠤ ᠤᠷᠤᠯᠭ᠎ᠠ

2025 ᠣᠨ᠎ᠤ ᠨᠢᠭᠡᠳᠦᠭᠡᠷ ᠤᠯᠠᠷᠢᠯ᠎ᠳᠤ᠂ ᠳ᠋ᠧᠩᠺᠸᠤ ᠰᠢᠶᠠᠨ᠎ᠤ ᠪᠦᠬᠦ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 9486 ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.7%᠎ᠪᠠᠷ ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ ᠪᠦᠬᠦ ᠬᠤᠳᠠ ᠵᠢᠨ ᠬᠤᠶᠠᠳᠤᠭ᠋ᠠᠷ᠎ᠲᠤ ᠵᠢᠭᠰᠠᠭ᠋ᠠᠭᠳᠠᠪᠠ᠃ ᠡᠭᠦᠨ᠎ᠳᠤ᠄ ᠬᠤᠲᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 10773 ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ ᠪᠥᠬᠦ ᠬᠤᠲᠠ ᠵᠢᠨ ᠬᠤᠶᠠᠳᠤᠭ᠋ᠠᠷ᠎ᠲᠤ ᠵᠢᠭᠰᠠᠭ᠋ᠠᠭᠳᠠᠪᠠ; ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 7482 ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.6%᠎ᠪᠠᠷ ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ ᠪᠥᠬᠦ ᠬᠤᠲᠠ ᠵᠢᠨ ᠭᠤᠷᠪᠠᠳᠤᠭ᠋ᠠᠷ᠎ᠲᠤ ᠣᠷᠣᠪᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ