ᠢᠯᠡ ᠵᠠᠰᠠᠭ   -   ᠲᠤᠭ᠎ᠠ ᠪᠦᠷᠢᠳᠬᠡᠯ

ᠳ᠋ᠧᠩᠺᠧᠦ ᠰᠢᠶᠠᠨ᠎ᠤ 2025 ᠣᠨ᠎ᠤ 1 - 10 ᠰᠠᠷ᠎ᠠ ᠵᠢᠨ ᠭᠤᠣᠯ ᠪᠣᠯᠬᠤ ᠠᠵᠤ ᠠᠬᠤᠶ ᠵᠢᠨ ᠭᠦᠢ᠍ᠴᠡᠳᠬᠡᠯ ᠲᠤᠭ᠎ᠠ ᠵᠢ ᠪᠡᠶᠡᠯᠡᠭᠦᠯᠦᠭᠰᠡᠨ ᠪᠠᠶ᠋ᠢᠳᠠᠯ

ᠨᠡᠶ᠋ᠢᠲᠡᠯᠡᠭᠰᠡᠨ ᠴᠠᠭ᠄   2025-12-01

ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ

1 - 10 ᠰᠠᠷ᠎ᠠ᠎ᠳᠤ᠂ ᠳ᠋ᠧᠩᠺᠸᠤ ᠰᠢᠶᠠᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 4.4%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠦᠬᠦ ᠬᠤᠳᠠ ᠵᠢᠨ ᠭᠤᠷᠪᠠᠳᠤᠭ᠋ᠠᠷ᠎ᠲᠤ ᠣᠷᠣᠪᠠ᠃

ᠲᠣᠭᠳᠠᠮᠠᠯ ᠬᠦᠷᠦᠩᠬᠡ ᠵᠢᠨ ᠪᠡᠯᠡ ᠣᠷᠣᠭᠤᠯᠣᠯᠳᠠ

1- 10 ᠰᠠᠷ᠎ᠠ᠎ᠳᠤ᠂ ᠳ᠋ᠧᠩᠺᠸᠤ ᠰᠢᠶᠠᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (500 ᠲᠦᠮᠡᠨ ᠲᠥᠭᠦᠷᠢᠭ᠎ᠠᠴᠠ ᠳᠡᠭᠡᠭᠰᠢ) ᠠᠳᠠᠯᠢ ᠬᠤᠭᠤᠴᠠᠭ᠋ᠠᠨ᠎ᠤ᠎ᠬᠢ᠎ᠠᠴᠠ 5.2% ᠵᠶ᠋ᠠᠷ ᠪᠠᠭᠤᠷᠠᠵᠤ᠂ ᠨᠡᠮᠡᠭᠳᠡᠯ᠎ᠤᠨ ᠬᠤᠷᠳᠤᠴᠠ᠎ᠨᠢ ᠪᠥᠬᠦ ᠬᠤᠲᠠ ᠵᠢᠨ ᠲᠠᠪᠤᠳᠤᠭ᠋ᠠᠷ᠎ᠲᠤ ᠵᠢᠭᠰᠠᠭ᠋ᠠᠭᠳᠠᠪᠠ᠃

ᠨᠡᠶ᠋ᠢᠭᠡᠮ᠎ᠤᠨ ᠬᠡᠷᠡᠭᠯᠡᠭᠡᠨ᠎ᠤ ᠡᠳ᠋᠎ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ

1 - 10 ᠰᠠᠷ᠎ᠠ᠎ᠳᠤ᠂ ᠳ᠋ᠧᠩᠺᠸᠤ ᠰᠢᠶᠠᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 12.8 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.6%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠦᠬᠦ ᠬᠤᠳᠠ ᠵᠢᠨ ᠵᠢᠷᠭᠤᠳᠤᠭ᠋ᠠᠷ᠎ᠲᠤ ᠵᠢᠭᠰᠠᠭ᠋ᠠᠭᠳᠠᠪᠠ᠃

ᠡᠩ᠎ᠤᠨ ᠤᠯᠠᠨ ᠨᠡᠶ᠋ᠢᠲᠡ ᠵᠢᠨ ᠲᠦᠰᠦᠪ᠎ᠤᠨ ᠤᠷᠤᠯᠭ᠎ᠠ ᠵᠠᠷᠤᠯᠭ᠎ᠠ

1 - 10 ᠰᠠᠷ᠎ᠠ᠎ᠳᠤ᠂ ᠳ᠋ᠧᠩᠺᠸᠤ ᠰᠢᠶᠠᠨ᠎ᠤ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ ᠨᠡᠶ᠋ᠢᠲᠡ 39528 ᠲᠦᠮᠡᠨ ᠲᠥᠭᠦᠷᠢᠭ᠎ᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.5% (ᠠᠳᠠᠯᠢ ᠰᠢᠰᠲ᠋ᠧᠮ᠎ᠤᠨ ᠨᠡᠮᠡᠭᠳᠡᠯ᠎ᠤᠨ ᠬᠤᠷᠳᠤᠴᠠ 11.6%) ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠥᠬᠦ ᠬᠤᠲᠠ ᠵᠢᠨ ᠭᠤᠷᠪᠠᠳᠤᠭ᠋ᠠᠷ᠎ᠲᠤ ᠵᠢᠭᠰᠠᠭ᠋ᠠᠭᠳᠠᠪᠠ; ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ 175777 ᠲᠦᠮᠡᠨ ᠲᠥᠭᠦᠷᠢᠭ᠎ᠢ ᠪᠡᠶᠡᠯᠡᠭᠦᠯᠵᠦ᠂ ᠨᠡᠮᠡᠭᠳᠡᠯ᠎ᠤᠨ ᠬᠡᠮᠵᠢᠶ᠎ᠡ᠎ᠨᠢ ᠳᠡᠭᠡᠷ᠎ᠡ ᠵᠢᠯ᠎ᠤᠨ ᠵᠠᠷᠤᠯᠭ᠎ᠠ᠎ᠲᠠᠢ ᠲᠡᠩᠴᠡᠪᠡ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ