ᠪᠡᠶ᠎ᠡ ᠵᠢᠨ ᠦᠨᠡᠮᠯᠡᠯ ᠵᠶ᠋ᠡᠨ ᠵᠥᠪ ᠬᠡᠷᠡᠭᠯᠡᠬᠦ ᠵᠢ ᠬᠢᠴᠢᠶᠡᠭᠡᠷᠡᠢ
ᠨᠡᠶ᠋ᠢᠲᠡᠯᠡᠭᠰᠡᠨ ᠴᠠᠭ᠄ 2024-08-26
ᠪᠡᠶ᠎ᠡ ᠵᠢᠨ ᠦᠨᠡᠮᠯᠡᠯ ᠪᠣᠯ ᠠᠷᠠᠳ ᠢᠷᠭᠡᠳ᠎ᠤᠨ ᠪᠡᠶ᠎ᠡ ᠵᠢᠨ ᠭᠠᠷᠤᠯ᠎ᠢ ᠭᠡᠷᠡᠴᠢᠯᠡᠬᠦ ᠴᠢᠬᠤᠯᠠ ᠦᠨᠡᠮᠯᠡᠯ ᠪᠠᠢ᠌ᠵᠤ᠂ ᠪᠢᠳᠡᠨ᠎ᠤ ᠠᠮᠢᠳᠤᠷᠠᠯ᠎ᠲᠠᠢ ᠨᠢᠭᠲᠠ ᠬᠣᠯᠪᠤᠭ᠎ᠠ᠎ᠲᠠᠢ᠂ ᠪᠡᠶ᠎ᠡ ᠵᠢᠨ ᠦᠨᠡᠮᠯᠡᠯ᠎ᠢ ᠵᠥᠪ ᠬᠡᠷᠡᠭᠯᠡᠪᠡᠯ ᠠᠮᠢᠳᠤᠷᠠᠯ ᠳᠤᠮᠳᠠᠬᠢ ᠶᠠᠷᠰᠢᠭ ᠲᠦᠪᠡᠭ᠎ᠢ ᠶᠡᠬᠡ᠎ᠪᠠᠷ ᠪᠠᠭ᠋ᠠᠰᠬᠠᠳᠠᠭ᠃ ᠪᠡᠶ᠎ᠡ ᠵᠢᠨ ᠦᠨᠡᠮᠯᠡᠯ᠎ᠤᠨ ᠲᠤᠬᠠᠢ ᠳᠠᠷᠠᠭ᠋ᠠᠬᠢ ᠬᠠᠤᠯᠢ ᠴᠠᠭ᠋ᠠᠵᠠ ᠵᠢᠨ ᠮᠡᠳᠡᠯᠭᠡ ᠵᠢ ᠤᠯᠠᠨ ᠵᠶ᠋ᠠᠷ ᠵᠶ᠋ᠡᠨ ᠣᠢ᠌ᠯᠠᠭ᠋ᠠᠵᠤ ᠠᠪᠤᠶ᠎ᠠ᠃
《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠤᠨ ᠬᠠᠤᠯᠢ》
ᠠᠷᠪᠠᠨ ᠲᠠᠪᠤᠳᠤᠭ᠋ᠠᠷ ᠵᠦᠢ᠍ᠯ ᠠᠷᠠᠳ᠎ᠤᠨ ᠴᠠᠭᠳᠠᠭ᠎ᠠ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠎ᠳᠡᠭᠡᠨ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠳ ᠲᠣᠬᠢᠶᠠᠯᠳᠤᠪᠠᠯ᠂ ᠬᠠᠤᠯᠢ ᠬᠡᠷᠡᠭᠵᠢᠭᠦᠯᠬᠦ ᠦᠨᠡᠮᠯᠡᠯ ᠵᠶ᠋ᠡᠨ ᠭᠠᠷᠭ᠋ᠠᠵᠤ ᠦᠵᠡᠭᠦᠯᠦᠭᠡᠳ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠪᠠᠢ᠌ᠴᠠᠭ᠋ᠠᠨ ᠰᠢᠯᠭ᠋ᠠᠵᠤ ᠪᠣᠯᠣᠨ᠎ᠠ᠄
(ᠨᠢᠭᠡ) ᠬᠠᠤᠯᠢ ᠵᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠬᠥᠮᠥᠨ᠎ᠤ ᠪᠡᠶ᠎ᠡ ᠵᠢᠨ ᠬᠢᠷᠢ ᠭᠡᠮ᠎ᠢ᠎ᠨᠢ ᠪᠠᠢ᠌ᠴᠠᠭ᠋ᠠᠨ ᠲᠣᠳᠣᠯᠠᠬᠤ ᠴᠢᠬᠤᠯᠠᠲᠠᠢ ᠦᠶᠡᠰ;
(ᠬᠣᠶᠠᠷ) ᠬᠠᠤᠯᠢ ᠶᠣᠰᠣᠭ᠋ᠠᠷ ᠲᠤᠬᠠᠢ ᠵᠢᠨ ᠲᠠᠯᠠᠪᠤᠷ᠎ᠤᠨ ᠵᠠᠬᠢᠷᠤᠨ ᠬᠠᠮᠢᠶᠠᠷᠤᠯᠲᠠ ᠵᠢ ᠬᠡᠷᠡᠭᠵᠢᠭᠦᠯᠬᠦ᠎ᠳᠤ ᠬᠣᠯᠪᠣᠭᠳᠠᠯ ᠪᠦᠬᠦᠢ ᠬᠥᠮᠥᠰ᠎ᠤᠨ ᠪᠡᠶ᠎ᠡ ᠵᠢᠨ ᠬᠢᠷᠢ ᠭᠡᠮ᠎ᠢ ᠪᠠᠢ᠌ᠴᠠᠭ᠋ᠠᠨ ᠲᠣᠳᠣᠯᠠᠬᠤ ᠴᠢᠬᠤᠯᠠᠲᠠᠢ ᠦᠶᠡᠰ;
(ᠭᠤᠷᠪᠠ) ᠨᠡᠢ᠌ᠭᠡᠮ᠎ᠤᠨ ᠠᠮᠤᠷ ᠲᠦᠪᠰᠢᠨ᠎ᠳᠤ ᠬᠦᠨᠳᠦ ᠨᠣᠴᠢᠲᠠᠢ ᠬᠣᠣᠷ ᠬᠥᠨᠥᠭᠡᠯ ᠤᠴᠠᠷᠠᠭᠤᠯᠬᠤ ᠭᠡᠨᠡᠳᠲᠡ ᠵᠢᠨ ᠬᠡᠷᠡᠭ ᠭᠠᠷᠪᠠᠯ᠂ ᠲᠤᠬᠠᠢ ᠵᠢᠨ ᠲᠠᠯᠠᠪᠤᠷ᠎ᠤᠨ ᠬᠣᠯᠪᠣᠭᠳᠠᠯ ᠪᠦᠬᠦᠢ ᠬᠥᠮᠥᠰ᠎ᠤᠨ ᠪᠡᠶ᠎ᠡ ᠭᠡᠮ᠎ᠢ ᠪᠠᠢ᠌ᠴᠠᠭ᠋ᠠᠨ ᠲᠣᠳᠣᠷᠬᠠᠢ᠌ᠯᠠᠬᠤ ᠴᠢᠬᠤᠯᠠᠲᠠᠢ ᠦᠶᠡᠰ;
(ᠳᠥᠷᠪᠡ) ᠭᠠᠯᠲᠤ ᠲᠡᠷᠭᠡᠨ ᠤᠢ᠍ᠷᠳᠡᠭᠡ᠂ ᠮᠠᠰᠢᠨ ᠲᠡᠷᠭᠡᠨ ᠤᠢ᠍ᠷᠳᠡᠭᠡ᠂ ᠭᠠᠷᠠᠮ᠂ ᠣᠩᠭᠣᠴᠠᠨ᠎ᠤ ᠵᠣᠭᠰᠣᠭ᠋ᠠᠯ᠂ ᠨᠢᠰᠬᠡᠯ᠎ᠤᠨ ᠪᠠᠭᠤᠳᠠᠯ ᠪᠤᠶᠤ ᠴᠢᠬᠤᠯᠠ ᠶᠡᠬᠡ ᠠᠵᠢᠯᠯᠠᠭ᠎ᠠ ᠵᠢᠨ ᠬᠤᠭᠤᠴᠠᠭ᠋ᠠᠨ᠎ᠳᠤ ᠲᠣᠭᠣᠷᠢᠭ ᠬᠤᠪᠢᠶᠠᠨ ᠪᠠᠢ᠌ᠭᠤᠯᠤᠭᠰᠠᠨ ᠬᠤᠳᠠ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠲᠠᠯᠠᠪᠤᠷ᠎ᠲᠤ ᠬᠣᠯᠪᠣᠭᠳᠠᠯ ᠪᠦᠬᠦᠢ ᠬᠥᠮᠥᠰ᠎ᠤᠨ ᠪᠡᠶ᠎ᠡ ᠭᠡᠮ᠎ᠢ ᠪᠠᠢ᠌ᠴᠠᠭ᠋ᠠᠨ ᠲᠣᠳᠣᠯᠠᠬᠤ ᠴᠢᠬᠤᠯᠠᠲᠠᠢ ᠦᠶᠡᠰ;
(ᠲᠠᠪᠤ) ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠪᠡᠶ᠎ᠡ ᠵᠢᠨ ᠬᠢᠷᠢ ᠭᠡᠮ᠎ᠢ᠎ᠨᠢ ᠪᠠᠢ᠌ᠴᠠᠭ᠋ᠠᠨ ᠲᠣᠳᠣᠷᠬᠠᠢ᠌ᠯᠠᠬᠤ ᠴᠢᠬᠤᠯᠠᠲᠠᠢ ᠪᠤᠰᠤᠳ ᠪᠠᠢ᠌ᠳᠠᠯ᠎ᠳᠤ᠃
ᠡᠮᠦᠨᠡᠬᠢ ᠵᠢᠭᠰᠠᠭ᠋ᠠᠭᠰᠠᠨ ᠵᠤᠷᠪᠤᠰᠤᠳᠤᠨ ᠠᠯᠢ ᠨᠢᠭᠡ᠎ᠨᠢ ᠲᠣᠬᠢᠶᠠᠯᠳᠤᠵᠤ᠂ ᠠᠷᠠᠳ᠎ᠤᠨ ᠴᠠᠭᠳᠠᠭ᠎ᠠ ᠵᠢᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠪᠠᠢ᠌ᠴᠠᠭ᠋ᠠᠨ ᠲᠣᠳᠣᠯᠠᠬᠤ ᠵᠢ ᠲᠡᠪᠴᠢᠭᠰᠡᠨ ᠪᠠᠢ᠌ᠪᠠᠯ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠠᠳᠠᠯᠢ ᠪᠤᠰᠤ ᠪᠠᠢ᠌ᠳᠠᠯ᠎ᠢ ᠢᠯᠭ᠋ᠠᠨ ᠠᠷᠭ᠎ᠠ ᠬᠡᠮᠵᠢᠶ᠎ᠡ ᠠᠪᠴᠤ ᠰᠢᠢ᠍ᠳᠪᠦᠷᠢᠯᠡᠨ᠎ᠡ᠃
ᠶᠠᠮᠠᠷᠪᠠ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠥᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠳᠠᠷᠤᠵᠤ ᠠᠪᠴᠤ ᠪᠤᠯᠬᠤ ᠦᠭᠡᠢ᠃ ᠭᠡᠪᠡᠴᠦ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠵᠠᠷᠭᠤ ᠵᠢᠨ ᠬᠠᠤᠯᠢ》 ᠵᠢᠨ ᠶᠣᠰᠣᠭ᠋ᠠᠷ ᠰᠠᠭᠤᠭ᠎ᠠ ᠭᠠᠵᠠᠷ᠎ᠲᠤᠨᠢ ᠬᠢᠨᠠᠯᠲᠠ ᠲᠠᠯᠪᠢᠬᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠬᠤ ᠪᠠᠢ᠌ᠳᠠᠯ ᠡᠭᠦᠨ᠎ᠳᠤ ᠪᠠᠭᠲᠠᠬᠤ ᠦᠭᠡᠢ᠃
ᠠᠷᠪᠠᠨ ᠵᠢᠷᠭᠤᠳᠤᠭ᠋ᠠᠷ ᠵᠦᠢ᠍ᠯ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ᠎ᠨᠤᠭᠤᠳ᠎ᠤᠨ ᠨᠢᠭᠡ ᠵᠢ ᠬᠢᠭᠰᠡᠨ ᠪᠠᠢ᠌ᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠳᠣᠩᠭᠣᠳᠴᠤ᠂ ᠬᠣᠶᠠᠷ ᠵᠠᠭᠤᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠂ ᠬᠠᠤᠯᠢ ᠵᠢ ᠵᠥᠷᠢᠴᠡᠵᠦ ᠣᠯᠵᠠ ᠠᠰᠢᠭ ᠣᠯᠣᠭᠰᠠᠨ ᠪᠠᠢ᠌ᠪᠠᠯ᠂ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠢ᠎ᠨᠢ ᠬᠣᠷᠢᠶᠠᠨ ᠠᠪᠤᠨ᠎ᠠ᠄
(ᠨᠢᠭᠡ) ᠬᠠᠭᠤᠷᠮᠠᠭ ᠭᠡᠷᠡᠴᠢᠯᠡᠬᠦ ᠮᠠᠲ᠋ᠧᠷᠢᠶᠠᠯ ᠵᠶ᠋ᠠᠷ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠮᠡᠬᠡᠯᠡᠨ ᠠᠪᠤᠬᠰᠠᠨ;
(ᠬᠣᠶᠠᠷ) ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ ᠰᠢᠯᠵᠢᠭᠦᠯᠦᠨ ᠥᠭᠭᠦᠭᠰᠡᠨ;
(ᠭᠤᠷᠪᠠ) ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠬᠠᠤᠯᠢ ᠪᠤᠰᠤ᠎ᠪᠠᠷ ᠳᠠᠷᠤᠵᠤ ᠠᠪᠤᠭᠰᠠᠨ᠃
ᠠᠷᠪᠠᠨ ᠳᠣᠯᠣᠳᠤᠭ᠋ᠠᠷ ᠵᠦᠢ᠍ᠯ ᠳᠣᠣᠷ᠎ᠠ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠤᠨ ᠨᠢᠭᠡ ᠵᠢ ᠬᠢᠭᠰᠡᠨ ᠪᠠᠢ᠌ᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠬᠣᠶᠠᠷ ᠵᠠᠭᠤᠨ ᠲᠥᠭᠥᠷᠢᠭ᠎ᠠᠴᠠ ᠳᠡᠭᠡᠭᠰᠢ ᠮᠢᠩᠭ᠋ᠠᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠂ ᠡᠰᠡᠬᠦᠯ᠎ᠡ ᠠᠷᠪᠠᠨ ᠡᠳᠦᠷ᠎ᠠᠴᠠ ᠳᠣᠭᠣᠭᠰᠢ ᠲᠦᠷ ᠬᠣᠷᠢᠬᠤ᠎ᠪᠠᠷ ᠰᠢᠢ᠍ᠳᠬᠡᠨ᠎ᠡ᠂ ᠬᠠᠤᠯᠢ ᠵᠢ ᠵᠥᠷᠢᠴᠡᠵᠦ ᠣᠯᠵᠠ ᠠᠰᠢᠭ ᠣᠯᠣᠭᠰᠠᠨ ᠪᠠᠢ᠌ᠪᠠᠯ᠂ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠢ᠎ᠨᠢ ᠬᠣᠷᠢᠶᠠᠨ ᠠᠪᠤᠨ᠎ᠠ᠄
(ᠨᠢᠭᠡ) ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠬᠠᠭᠤᠷᠮᠠᠭᠯᠠᠨ ᠬᠡᠷᠡᠭᠯᠡᠭᠰᠡᠨ ᠪᠤᠶᠤ ᠮᠡᠬᠡᠯᠡᠨ ᠠᠪᠤᠭᠰᠠᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠭᠡᠷᠡᠭᠯᠡᠭᠰᠡᠨ;
(ᠬᠣᠶᠠᠷ) ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠬᠤᠳᠠᠯᠳᠤᠨ ᠠᠪᠤᠭᠰᠠᠨ᠂ ᠬᠤᠳᠠᠯᠳᠤᠭᠰᠠᠨ᠂ ᠬᠡᠷᠡᠭᠯᠡᠭᠰᠡᠨ᠃
ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠪᠠ ᠮᠡᠬᠡᠯᠡᠨ ᠠᠪᠤᠭᠰᠠᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠬᠣᠷᠢᠶᠠᠨ ᠠᠪᠤᠨ᠎ᠠ᠃
ᠠᠷᠪᠠᠨ ᠨᠠᠢ᠍ᠮᠠᠳᠤᠭ᠋ᠠᠷ ᠵᠦᠢ᠍ᠯ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠲᠤᠰ ᠬᠠᠤᠯᠢ ᠵᠢᠨ ᠠᠷᠪᠠᠨ ᠵᠢᠷᠭᠤᠳᠤᠭ᠋ᠠᠷ ᠵᠦᠢ᠍ᠯ᠂ ᠠᠷᠪᠠᠨ ᠳᠣᠯᠣᠳᠤᠭ᠋ᠠᠷ ᠵᠦᠢ᠍ᠯ᠎ᠳᠤ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠤᠨ ᠨᠢᠭᠡ ᠵᠢ ᠬᠢᠵᠦ᠂ ᠶᠠᠯᠠᠲᠤ ᠠᠵᠢᠯᠯᠠᠭ᠎ᠠ ᠬᠢᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠬᠠᠤᠯᠢ》
ᠬᠣᠶᠠᠷ ᠵᠠᠭᠤ ᠨᠠᠶᠠᠳᠤᠭ᠋ᠠᠷ ᠵᠦᠢ᠍ᠯ᠎ᠳᠤ᠂ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠂ ᠫᠠᠰᠫᠣᠷᠲ᠂ ᠨᠡᠢ᠌ᠭᠡᠮ᠎ᠤᠨ ᠪᠠᠲᠤᠯᠠᠭ᠎ᠠ ᠵᠢᠨ ᠺᠠᠷᠲ᠂ ᠵᠢᠯᠣᠭᠣᠴᠢ ᠵᠢᠨ ᠦᠨᠡᠮᠯᠡᠯ ᠵᠡᠷᠭᠡ ᠬᠠᠤᠯᠢ ᠶᠣᠰᠣᠭ᠋ᠠᠷ ᠪᠡᠶ᠎ᠡ ᠵᠢᠨ ᠬᠢᠷᠢ ᠭᠡᠮ᠎ᠢ ᠭᠡᠷᠡᠴᠢᠯᠡᠬᠦ᠎ᠳᠤ ᠬᠡᠷᠡᠭᠯᠡᠵᠦ ᠪᠤᠯᠬᠤ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ᠂ ᠬᠤᠳᠠᠯᠳᠤᠭ᠋ᠠᠯᠠᠭᠰᠠᠨ ᠪᠠᠢ᠌ᠪᠠᠯ᠂ ᠭᠤᠷᠪᠠᠨ ᠵᠢᠯ᠎ᠠᠴᠠ ᠳᠣᠭᠣᠭᠰᠢ ᠬᠤᠭᠤᠴᠠᠭ᠎ᠠ᠎ᠲᠠᠢ ᠬᠣᠷᠢᠬᠤ᠂ ᠬᠣᠷᠢᠵᠤ ᠬᠥᠳᠡᠯᠮᠦᠷᠢᠯᠡᠭᠦᠯᠬᠦ᠂ ᠵᠠᠬᠢᠷᠤᠨ ᠬᠠᠮᠢᠶᠠᠷᠬᠤ ᠪᠤᠶᠤ ᠤᠯᠤᠰ ᠲᠦᠷᠦ ᠵᠢᠨ ᠡᠷᠬᠡ ᠵᠢ᠎ᠨᠢ ᠬᠠᠰᠤᠬᠤ᠎ᠪᠠᠷ ᠰᠢᠢ᠍ᠳᠬᠡᠵᠦ᠂ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠭᠡᠨ᠎ᠡ;ᠤᠢ᠍ᠢ᠍ᠯᠠ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ᠂ ᠭᠤᠷᠪᠠᠨ ᠵᠢᠯ᠎ᠠᠴᠠ ᠳᠡᠭᠡᠭᠰᠢ ᠲᠤᠯᠦᠭ᠋ᠠᠠ ᠵᠢᠯ᠎ᠠᠴᠠ ᠳᠣᠭᠣᠭᠰᠢ ᠬᠤᠭᠤᠴᠠᠭ᠎ᠠ᠎ᠲᠠᠢ ᠬᠣᠷᠢᠬᠤ᠎ᠪᠠᠷ ᠰᠢᠢ᠍ᠳᠬᠡᠵᠦ᠂ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠃
ᠬᠣᠶᠠᠷ ᠵᠠᠭᠤ ᠨᠠᠶᠠᠳᠤᠭ᠋ᠠᠷ ᠵᠦᠢ᠍ᠯ᠎ᠤᠨ ᠨᠢᠭᠡ ᠪᠤᠯᠬᠤ 《ᠬᠠᠭᠤᠷᠮᠠᠭ ᠪᠡᠶ᠎ᠡ ᠵᠢᠨ ᠦᠨᠡᠮᠯᠡᠯ ᠬᠡᠷᠡᠭᠯᠡᠭᠰᠡᠨ᠂ ᠪᠡᠶ᠎ᠡ ᠵᠢᠨ ᠦᠨᠡᠮᠯᠡᠯ᠎ᠢ ᠬᠤᠯᠠᠭ᠋ᠠᠢ᠌ᠯᠠᠨ ᠬᠡᠷᠡᠭᠯᠡᠭᠰᠡᠨ ᠶᠠᠯ᠎ᠠ》ᠵᠢᠨ ᠲᠣᠭᠲᠠᠭ᠋ᠠᠯ᠎ᠳᠤ᠂ ᠤᠯᠤᠰ᠎ᠤᠨ ᠲᠣᠭᠲᠠᠭ᠋ᠠᠯ ᠶᠣᠰᠣᠭ᠋ᠠᠷ ᠪᠡᠶ᠎ᠡ ᠵᠢᠨ ᠬᠢᠷᠢ ᠭᠡᠮ᠎ᠤᠨ ᠭᠡᠷᠡᠴᠢ ᠬᠠᠩᠭ᠋ᠠᠬᠤ ᠶᠣᠰᠣᠲᠠᠢ ᠠᠵᠢᠯᠯᠠᠭ᠎ᠠ ᠵᠢᠨ ᠳᠤᠮᠳᠠ᠂ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠪᠤᠰᠤᠳ᠎ᠤᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠂ ᠫᠠᠰᠫᠣᠷᠲ᠂ ᠨᠡᠢ᠌ᠭᠡᠮ᠎ᠤᠨ ᠪᠠᠲᠤᠯᠠᠭ᠎ᠠ ᠵᠢᠨ ᠺᠠᠷᠲ᠂ ᠵᠢᠯᠣᠭᠣᠴᠢ ᠵᠢᠨ ᠦᠨᠡᠮᠯᠡᠯ ᠵᠡᠷᠭᠡ ᠬᠠᠤᠯᠢ ᠶᠣᠰᠣᠭ᠋ᠠᠷ ᠪᠡᠶ᠎ᠡ ᠵᠢᠨ ᠬᠢᠷᠢ ᠭᠡᠮ᠎ᠢ ᠭᠡᠷᠡᠴᠢᠯᠡᠬᠦ᠎ᠳᠤ ᠬᠡᠷᠡᠭᠯᠡᠵᠦ ᠪᠤᠯᠬᠤ ᠭᠡᠷᠡᠴᠢ ᠦᠨᠡᠮᠯᠡᠯ᠎ᠢ ᠬᠤᠯᠠᠭ᠋ᠠᠢ᠌ᠯᠠᠨ ᠬᠡᠷᠡᠭᠯᠡᠭᠡᠳ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ᠂ ᠬᠣᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ᠎ᠪᠠᠷ ᠰᠢᠢ᠍ᠳᠬᠡᠵᠦ᠂ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠬᠦ ᠪᠤᠶᠤ ᠲᠤᠰᠲᠤᠨᠢ ᠰᠢᠢ᠍ᠳᠬᠡᠨ᠎ᠡ᠃
ᠡᠮᠦᠨᠡᠬᠢ ᠲᠣᠭᠲᠠᠭ᠋ᠠᠭᠰᠠᠨ ᠵᠤᠷᠪᠤᠰ᠎ᠲᠠᠬᠢ ᠦᠢ᠍ᠯᠡ ᠠᠵᠢᠯᠯᠠᠭ᠎ᠠ ᠵᠢ ᠬᠢᠬᠦ ᠵᠢᠨ ᠬᠠᠮᠲᠤ ᠪᠤᠰᠤᠳ ᠶᠠᠯ᠎ᠠ ᠵᠢ ᠪᠦᠷᠢᠯᠳᠦᠭᠦᠯᠦᠭᠰᠡᠨ ᠪᠠᠢ᠌ᠪᠠᠯ᠂ ᠨᠡᠯᠢᠶᠡᠳ ᠬᠦᠨᠳᠦ᠎ᠪᠠᠷ ᠰᠢᠢ᠍ᠳᠬᠡᠬᠦ ᠲᠣᠭᠲᠠᠭ᠋ᠠᠯ ᠶᠣᠰᠣᠭ᠋ᠠᠷ ᠶᠠᠯ᠎ᠠ ᠲᠣᠭᠲᠠᠭ᠋ᠠᠵᠤ ᠰᠢᠢ᠍ᠳᠬᠡᠨ᠎ᠡ᠃
ᠰᠠᠨᠠᠭᠤᠯᠤᠮᠵᠢ
ᠪᠡᠶ᠎ᠡ ᠵᠢᠨ ᠦᠨᠡᠮᠯᠡᠯ ᠵᠶ᠋ᠡᠨ ᠰᠠᠢ᠌ᠲᠤᠷ ᠬᠠᠳᠠᠭ᠋ᠠᠯᠠᠶᠠ
1. ᠪᠡᠶ᠎ᠡ ᠵᠢᠨ ᠦᠨᠡᠮᠯᠡᠯ᠎ᠢ ᠳᠤᠷ᠎ᠠ᠎ᠪᠠᠷ ᠵᠶ᠋ᠠᠨ ᠲᠦᠷᠢᠶᠡᠰᠦᠯᠡᠭᠦᠯᠵᠦ᠂ ᠵᠢᠭᠡᠯᠡᠭᠦᠯᠵᠦ᠂ ᠰᠢᠯᠵᠢᠭᠦᠯᠦᠨ ᠥᠭᠴᠦ ᠪᠤᠯᠬᠤ ᠦᠭᠡᠢ
ᠣᠢ᠌ᠷ᠎ᠠ ᠵᠢᠨ ᠵᠢᠯ᠎ᠤᠳ᠎ᠲᠤ᠂ ᠪᠡᠶ᠎ᠡ ᠵᠢᠨ ᠦᠨᠡᠮᠯᠡᠯ ᠵᠶ᠋ᠡᠨ ᠵᠢᠭᠡᠯᠡᠭᠦᠯᠦᠭᠰᠡᠨ᠎ᠠᠴᠠ ᠪᠣᠯᠵᠤ ᠡᠭᠦᠰᠦᠭᠰᠡᠨ ᠢᠷᠭᠡᠨ᠎ᠤ ᠬᠡᠷᠡᠭ ᠪᠠ ᠡᠷᠡᠭᠦᠦ ᠵᠢᠨ ᠬᠡᠷᠡᠭ᠎ᠤᠨ ᠵᠢᠱ᠌ᠢᠶ᠎ᠡ ᠪᠠᠢ᠌ᠨ ᠳᠠᠭᠢᠨ ᠭᠠᠷᠴᠤ ᠪᠤᠢ᠂ ᠵᠠᠷᠢᠮ ᠬᠥᠮᠥᠨ ᠪᠡᠶ᠎ᠡ ᠵᠢᠨ ᠮᠡᠳᠡᠭᠡ ᠵᠠᠩᠭᠢ᠎ᠪᠠᠨ ᠬᠤᠯᠠᠭ᠋ᠠᠢ᠌ᠯᠠᠭᠳᠠᠭᠰᠠᠨ᠎ᠠᠴᠠ ᠪᠣᠯᠵᠤ ᠬᠤᠪᠢ ᠬᠥᠮᠥᠨ᠎ᠤ ᠢᠲᠡᠭᠡᠮᠵᠢ ᠵᠢ ᠨᠥᠯᠥᠭᠡᠯᠡᠵᠦ᠂ ᠵᠠᠷᠢᠮ᠎ᠨᠢ ᠴᠢᠨᠠᠭᠰᠢᠯᠠᠭ᠋ᠠᠳ ᠴᠠᠭᠢᠯᠭ᠋ᠠᠨ ᠬᠣᠯᠪᠤᠭ᠎ᠠ᠎ᠪᠠᠷ ᠮᠡᠬᠡᠯᠡᠭᠰᠡᠨ ᠰᠡᠵᠢᠭᠯᠡᠯᠲᠡᠢ ᠤᠴᠢᠷ᠎ᠠᠴᠠ ᠪᠣᠯᠵᠤ᠎ᠠᠴᠠ ᠡᠷᠡᠭᠦᠦ ᠵᠢᠨ ᠬᠡᠷᠡᠭ ᠵᠶ᠋ᠡᠷ ᠨᠡᠬᠡᠮᠵᠢᠯᠡᠭᠳᠡᠵᠡᠢ᠃
2. ᠶᠠᠮᠠᠷᠪᠠ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠥᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠢ ᠳᠠᠷᠤᠵᠤ ᠠᠪᠴᠤ ᠪᠤᠯᠬᠤ ᠦᠭᠡᠢ (ᠠᠷᠠᠳ᠎ᠤᠨ ᠴᠠᠭᠳᠠᠭ᠎ᠠ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠎ᠨᠢ ᠡᠭᠦᠨ᠎ᠳᠤ ᠪᠠᠭᠲᠠᠬᠤ ᠦᠭᠡᠢ)
ᠠᠮᠢᠳᠤᠷᠠᠯ ᠳᠤᠮᠳᠠ ᠪᠢᠳᠡ ᠶᠠᠷᠰᠢᠭ ᠲᠦᠪᠡᠭ᠎ᠲᠤ ᠤᠴᠠᠷᠠᠬᠤ ᠦᠶ᠎ᠡ᠎ᠳᠤ᠂ ᠪᠤᠰᠤᠳ᠎ᠤᠨ ᠪᠡᠶ᠎ᠡ ᠵᠢᠨ ᠦᠨᠡᠮᠯᠡᠯ᠎ᠢ ᠦᠯᠡᠳᠡᠭᠡᠨ ᠠᠪᠬᠤ᠎ᠪᠠᠷ ᠱᠠᠭ᠋ᠠᠷᠳᠠᠬᠤ ᠪᠠᠢ᠌ᠳᠠᠯ᠎ᠲᠠᠢ ᠬᠠᠶᠠ ᠲᠣᠬᠢᠶᠠᠯᠳᠤᠳᠠᠭ᠂ ᠡᠨᠡ ᠦᠶ᠎ᠡ᠎ᠳᠤ ᠪᠢᠳᠡ ᠪᠡᠶ᠎ᠡ ᠵᠢᠨ ᠦᠨᠡᠮᠯᠡᠯ᠎ᠢ ᠳᠤᠷ᠎ᠠ᠎ᠪᠠᠷ ᠵᠶ᠋ᠠᠨ ᠦᠯᠡᠳᠡᠭᠡᠨ ᠠᠪᠬᠤ ᠦᠢᠯᠡ ᠠᠵᠢᠯᠯᠠᠭ᠎ᠠ ᠵᠢ ᠵᠠᠪᠠᠯ ᠲᠡᠪᠴᠢᠬᠦ ᠬᠡᠷᠡᠭᠲᠡᠢ᠃
3. ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠵᠢᠴᠢ ᠪᠡᠶ᠎ᠡ ᠵᠢᠨ ᠭᠡᠷᠡᠴᠢᠯᠡᠯ᠎ᠢ ᠬᠤᠳᠠᠯᠳᠤᠨ ᠠᠪᠬᠤ᠂ ᠬᠤᠳᠠᠯᠳᠤᠭ᠋ᠠᠯᠠᠬᠤ ᠪᠤᠶᠤ ᠬᠡᠷᠡᠭᠯᠡᠵᠦ ᠪᠤᠯᠬᠤ ᠦᠭᠡᠢ
ᠪᠡᠶ᠎ᠡ ᠵᠢᠨ ᠦᠨᠡᠮᠯᠡᠯ ᠪᠣᠯ ᠬᠤᠪᠢ ᠬᠥᠮᠥᠨ᠎ᠤ ᠲᠤᠰᠬᠠᠢ ᠬᠡᠷᠡᠭᠯᠡᠬᠦ ᠦᠨᠡᠮᠯᠡᠯ᠎ᠳᠤ ᠲᠣᠭ᠋ᠠᠴᠢᠭᠳᠠᠨ᠎ᠠ᠂ ᠡᠷᠬᠡᠪᠰᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠦᠢ᠍ᠯᠡᠳᠴᠦ᠂ ᠣᠯᠭᠣᠬᠤ ᠬᠡᠷᠡᠭᠲᠡᠢ᠂ ᠳᠤᠷ᠎ᠠ᠎ᠪᠠᠷ ᠵᠶ᠋ᠠᠨ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠦᠢ᠍ᠯᠡ ᠠᠵᠢᠯᠯᠠᠭ᠎ᠠ ᠪᠣᠯ ᠴᠥᠮ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠲᠣᠭ᠋ᠠᠴᠢᠭᠳᠠᠨ᠎ᠠ᠃ ᠥᠴᠥᠬᠡᠨ ᠠᠰᠢᠭ᠎ᠲᠤ ᠰᠢᠨᠤᠵᠤ᠂ ᠥᠪᠡᠷ᠎ᠤᠨ ᠪᠡᠶ᠎ᠡ ᠵᠢᠨ ᠦᠨᠡᠮᠯᠡᠯ ᠵᠶ᠋ᠡᠨ ᠪᠤᠰᠤᠳ᠎ᠲᠤ ᠲᠦᠷᠢᠶᠡᠰᠦᠯᠡᠨ ᠥᠭᠬᠦ᠂ ᠵᠢᠭᠡᠯᠡᠭᠦᠯᠬᠦ᠂ ᠬᠤᠳᠠᠯᠳᠤᠨ ᠥᠭᠴᠦ ᠬᠡᠷᠡᠭᠯᠡᠭᠦᠯᠵᠦ ᠶᠠᠭ᠋ᠠᠬᠢᠭᠰᠠᠨ ᠴᠤ᠌ ᠪᠤᠯᠬᠤ ᠦᠭᠡᠢ᠃
(《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ》᠂《ᠬᠠᠤᠯᠢ᠎ᠪᠠᠷ ᠵᠠᠰᠠᠬᠤ ᠡᠳᠦᠷ᠎ᠤᠨ ᠰᠣᠨᠢᠨ》᠎ᠠᠴᠠ ᠦᠨᠳᠦᠰᠦᠯᠡᠵᠦ ᠣᠷᠴᠢᠭᠤᠯᠤᠨ ᠨᠠᠢ᠌ᠷᠠᠭᠤᠯᠪᠠ)
ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ