ᠵᠢᠷᠭᠢᠶ᠎ᠡ᠎ᠪᠠᠷ ᠳᠠᠮᠵᠢᠨ ᠮᠠᠢ᠌ᠮᠠᠢ ᠬᠢᠬᠦ᠎ᠳᠡᠭᠡᠨ ᠪᠣᠯᠭᠣᠮᠵᠢᠲᠠᠢ ᠪᠠᠢ᠌ᠭ᠋ᠠᠷᠠᠢ!
ᠨᠡᠶ᠋ᠢᠲᠡᠯᠡᠭᠰᠡᠨ ᠴᠠᠭ᠄ 2024-08-26
ᠣᠢ᠌ᠷ᠎ᠠ᠎ᠳᠤ᠂ ᠭᠦᠭᠡᠬᠤᠳᠠ ᠵᠢᠨ ᠢᠦᠢ᠌ᠴᠢᠤᠸᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠯᠢᠦ ᠠᠪᠤᠭ᠋ᠠᠢ ᠵᠢᠨ 《ᠵᠢᠷᠭᠢᠶ᠎ᠡ ᠵᠢᠨ ᠲᠣᠭᠣᠷᠢᠭ᠎ᠤᠨ 〈ᠨᠠᠢ᠌ᠵᠠ〉ᠲᠠᠢ᠎ᠪᠠᠨ ᠬᠠᠷᠢᠯᠴᠠᠬᠤ᠎ᠪᠠᠷ ᠲᠠᠮᠵᠢᠨ᠂ ᠭᠠᠷ ᠳᠠᠮᠵᠢᠭᠰᠠᠨ 4 ᠮᠠᠰᠢᠨ ᠲᠡᠷᠭᠡ ᠬᠤᠳᠠᠯᠳᠤᠨ ᠠᠪᠬᠤ᠎ᠪᠠᠷ ᠪᠣᠯᠵᠣᠵᠤ᠂ ᠨᠦᠭᠦᠭᠡ ᠡᠲᠡᠭᠡᠳ᠎ᠲᠡᠭᠡᠨ 15.7 ᠲᠦᠮᠡᠨ ᠲᠥᠭᠥᠷᠢᠭ ᠥᠭᠭᠦᠭᠰᠡᠨ᠎ᠳᠤ ᠮᠠᠰᠢᠨ ᠲᠡᠷᠭᠡ᠎ᠪᠠᠨ ᠣᠯᠣᠭᠰᠠᠨ ᠦᠭᠡᠢ ᠪᠥᠭᠡᠳ ᠨᠦᠭᠦᠭᠡ ᠡᠲᠡᠭᠡᠳ᠎ᠨᠢ ᠠᠯᠠᠭ᠎ᠠ ᠪᠣᠯᠴᠢᠬᠠᠵᠠᠢ》 ᠭᠡᠰᠡᠨ ᠬᠡᠷᠡᠭ᠎ᠤᠨ ᠮᠡᠳᠡᠭᠦᠯᠦᠯᠲᠡ ᠵᠢ ᠲᠤᠰᠪᠠ᠃ ᠢᠦᠢ᠌ᠴᠢᠤᠸᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠴᠠᠭᠳᠠᠭ᠎ᠠ ᠨᠠᠷ ᠬᠡᠷᠡᠭ ᠶᠠᠪᠤᠳᠠᠯ᠎ᠤᠨ ᠥᠩᠭᠡᠷᠡᠯᠲᠡ ᠵᠢ ᠣᠢ᠌ᠯᠠᠭ᠋ᠠᠭᠰᠠᠨ᠎ᠤ ᠲᠠᠷᠠᠭ᠎ᠠ᠂ ᠯᠢᠦ ᠠᠪᠤᠭ᠋ᠠᠢ ᠪᠠᠷᠤᠭ ᠴᠠᠭᠢᠯᠭ᠋ᠠᠨ ᠬᠤᠯᠪᠤᠭ᠎ᠠ ᠰᠦᠯᠵᠢᠶᠡᠨ᠎ᠤ ᠮᠡᠬᠡᠯᠡᠯ᠎ᠳᠤ ᠬᠣᠯᠪᠣᠭᠳᠠᠵᠠᠢ ᠭᠡᠵᠦ ᠮᠠᠭ᠋ᠠᠳᠯᠠᠪᠠ᠃
ᠯᠢᠦ ᠠᠪᠤᠭ᠋ᠠᠢ ᠨᠦᠭᠦᠭᠡ ᠡᠲᠡᠭᠡᠳ᠎ᠲᠠᠢ᠎ᠪᠠᠨ ᠴᠥᠮ ᠵᠢᠷᠭᠢᠶ᠎ᠡ᠎ᠪᠠᠷ ᠬᠠᠷᠢᠯᠴᠠᠵᠤ ᠪᠠᠢ᠌ᠭᠰᠠᠨ ᠲᠤᠯᠠ ᠨᠦᠭᠦᠭᠡ ᠡᠲᠡᠭᠡᠳ᠎ᠤᠨ ᠵᠢᠡᠨ ᠦᠨᠡᠨ ᠨᠡᠷ᠎ᠡ ᠵᠢ ᠮᠡᠳᠡᠬᠦ ᠦᠭᠡᠢ ᠪᠠᠢ᠌ᠯ᠎ᠠ᠃ ᠴᠠᠭᠳᠠᠭ᠎ᠠ ᠨᠠᠷ ᠬᠣᠶᠠᠷ ᠵᠠᠮ ᠬᠤᠪᠢᠶᠠᠨ᠂ ᠨᠢᠭᠡ ᠵᠠᠮ᠎ᠨᠢ ᠱᠠᠨᠳᠦ᠋ᠩ᠎ᠳᠤ ᠬᠦᠷᠴᠦ ᠵᠣᠭᠣᠰ ᠬᠤᠷᠢᠶᠠᠭᠴᠢ ᠵᠢᠨ ᠮᠡᠳᠡᠭᠡ ᠵᠠᠩᠭᠢ ᠵᠢ ᠪᠠᠢ᠌ᠴᠠᠭ᠋ᠠᠨ᠂ ᠨᠦᠭᠦᠭᠡ ᠵᠠᠮ᠎ᠨᠢ ᠵᠢᠶᠠᠩᠰᠤ ᠵᠡᠷᠭᠡ ᠭᠠᠵᠠᠷ᠎ᠲᠤ ᠬᠦᠷᠴᠦ 4 ᠮᠠᠰᠢᠨ ᠲᠡᠷᠭᠡ ᠵᠢᠨ ᠪᠠᠢ᠌ᠳᠠᠯ᠎ᠢ ᠬᠠᠷᠭᠤᠭᠤᠯᠵᠤ᠂ ᠶᠡᠬᠡ ᠬᠡᠮᠵᠢᠶᠡᠨ᠎ᠤ ᠠᠵᠢᠯ ᠬᠢᠬᠦ᠎ᠪᠠᠷ ᠲᠠᠮᠵᠢᠨ᠂ ᠵᠣᠭᠣᠰ ᠬᠤᠷᠢᠶᠠᠭᠴᠢ ᠯᠠᠨ ᠣᠪᠣᠭᠲᠤ ᠵᠢᠨ ᠱᠠᠨᠳᠦ᠋ᠩ ᠮᠤᠵᠢ᠎ᠳᠤ ᠬᠥᠳᠡᠯᠭᠡᠭᠡᠨ ᠬᠢᠵᠦ ᠪᠠᠢ᠌ᠬᠤ ᠮᠥᠷ ᠰᠤᠷᠠᠭ᠎ᠢ ᠣᠯᠵᠤ ᠮᠡᠳᠡᠭᠡᠳ᠂ ᠯᠠᠨ ᠣᠪᠣᠭᠲᠤ᠎ᠲᠠᠢ ᠬᠠᠷᠢᠯᠴᠠᠪᠠ᠃
ᠯᠠᠨ ᠣᠪᠣᠭᠲᠤ᠎ᠠᠴᠠ ᠯᠢᠦ ᠣᠪᠣᠭᠲᠤ᠎ᠳᠤ ᠬᠠᠮᠵᠢᠨ ᠵᠣᠭᠣᠰ ᠬᠤᠷᠢᠶᠠᠭᠰᠠᠨ ᠪᠥᠭᠡᠳ ᠵᠣᠭᠣᠰ᠎ᠢ᠎ᠨᠢ ᠭᠠᠷᠭ᠋ᠠᠨ ᠠᠪᠴᠤ ᠥᠭᠴᠦ᠂ ᠭᠠᠷᠭ᠋ᠠᠨ ᠠᠪᠤᠭᠰᠠᠨ ᠮᠠᠰᠢᠨ ᠲᠡᠷᠭᠡ ᠬᠤᠳᠠᠯᠳᠤᠨ ᠠᠪᠬᠤ ᠵᠣᠭᠣᠰ᠎ᠢ ᠴᠥᠮ ᠯᠢᠦ ᠣᠪᠣᠭᠲᠤ᠎ᠳᠤ ᠲᠤᠰᠢᠶᠠᠨ ᠥᠭᠴᠡᠢ ᠭᠡᠪᠡ᠃ ᠴᠠᠭᠳᠠᠭ᠎ᠠ ᠨᠠᠷ ᠳᠡᠮᠡᠢ ᠤᠳᠠᠯ ᠦᠭᠡᠢ ᠯᠢᠦ ᠣᠪᠣᠭᠲᠤ ᠵᠢ ᠪᠠᠷᠢᠪᠴᠢᠯᠠᠪᠠ᠃ ᠯᠢᠦ ᠣᠪᠣᠭᠲᠤ ᠭᠠᠷ ᠲᠠᠲᠠᠭᠤ᠎ᠠᠴᠠ ᠪᠣᠯᠵᠤ ᠮᠠᠰᠢᠨ ᠲᠡᠷᠭᠡ ᠪᠠᠢ᠌ᠨ᠎ᠠ ᠭᠡᠵᠦ ᠬᠠᠭᠤᠷᠮᠠᠭᠯᠠᠨ ᠵᠣᠬᠢᠶᠠᠵᠤ ᠯᠢᠦ ᠠᠪᠤᠭ᠋ᠠᠢ ᠵᠢᠨ ᠵᠣᠭᠣᠰ᠎ᠢ ᠮᠡᠬᠡᠯᠡᠭᠰᠡᠨ ᠥᠩᠭᠡᠷᠡᠯᠲᠡ᠎ᠪᠠᠨ ᠬᠡᠯᠡᠪᠡ᠃ ᠤᠤᠯ᠎ᠨᠢ ᠶᠠᠯ᠎ᠠ ᠵᠢᠨ ᠰᠡᠵᠢᠭᠲᠡᠨ ᠯᠢᠦ ᠣᠪᠣᠭᠲᠤ ᠪᠤᠰᠤᠳ᠎ᠤᠨ ᠨᠠᠢ᠌ᠵᠠ ᠵᠢᠨ ᠲᠣᠭᠣᠷᠢᠭ᠎ᠲᠠᠭᠠᠨ ᠶᠠᠪᠤᠭᠤᠯᠤᠭᠰᠠᠨ ᠮᠠᠰᠢᠨ ᠲᠡᠷᠭᠡ ᠵᠢᠨ ᠵᠢᠷᠤᠭ ᠵᠡᠷᠭᠡ ᠵᠢ ᠬᠣᠣᠷᠯᠠᠭᠳᠠᠭᠴᠢ ᠯᠢᠦ ᠠᠪᠤᠭ᠋ᠠᠢ᠎ᠳᠤ ᠳᠠᠮᠵᠢᠭᠤᠯᠤᠨ ᠥᠭᠴᠦ᠂ ᠮᠠᠰᠢᠨ ᠲᠡᠷᠭᠡ ᠵᠢᠨ ᠦᠨ᠎ᠡ ᠵᠢ ᠪᠠᠭᠤᠷᠠᠭᠤᠯᠤᠨ ᠯᠢᠦ ᠠᠪᠤᠭ᠋ᠠᠢ ᠵᠢᠨ ᠢᠲᠡᠭᠡᠯ᠎ᠢ ᠣᠯᠣᠭᠰᠠᠨ᠎ᠤ ᠲᠠᠷᠠᠭ᠎ᠠ ᠵᠣᠭᠣᠰ ᠮᠥᠩᠭᠥ ᠵᠢ᠎ᠨᠢ ᠮᠡᠬᠡᠯᠡᠨ ᠠᠪᠴᠠᠢ᠃
ᠣᠳᠣᠬᠠᠨ᠎ᠳᠤ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠯᠢᠦ ᠣᠪᠣᠭᠲᠤ᠂ ᠯᠠᠨ ᠣᠪᠣᠭᠲᠤ᠎ᠳᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠠᠢ᠃ ᠶᠠᠯ᠎ᠠ ᠵᠢᠨ ᠰᠡᠵᠢᠭᠲᠡᠨ ᠯᠢᠦ ᠣᠪᠣᠭᠲᠤ ᠵᠣᠭᠣᠰ ᠮᠥᠩᠭᠥ ᠵᠢ ᠮᠡᠬᠡᠯᠡᠨ ᠠᠪᠤᠭᠰᠠᠨ᠎ᠤ ᠲᠠᠷᠠᠭ᠎ᠠ ᠶᠡᠬᠡᠩᠬᠢ ᠵᠣᠭᠣᠰ᠎ᠢ ᠵᠣᠭᠣᠰ ᠮᠥᠷᠥᠢ᠌ᠴᠡᠨ ᠱᠦᠭᠦᠭᠳᠡᠵᠦ᠂ ᠦᠯᠡᠳᠡᠭᠰᠡᠨ ᠭᠤᠷᠪᠠᠨ ᠲᠦᠮᠡᠨ ᠲᠥᠭᠥᠷᠢᠭ᠎ᠢ ᠯᠢᠦ ᠠᠪᠤᠭ᠋ᠠᠢ᠎ᠳᠤ ᠪᠤᠴᠠᠭ᠋ᠠᠪᠠ᠃
ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ